ᠲᠦᠩᠯᠢᠶᠣᠤ ᠬᠤᠳᠠ᠄ ᠱᠢᠨ᠎ᠡ ᠠᠶᠠᠨ᠎ᠳᠠᠭᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ
2022-01-10 10:08:42
ᠵᠣᠬᠢᠶᠠᠭ᠍ᠴᠢ᠄
​ ᠭᠦᠸᠧ ᠬᠣᠩ ᠱᠸᠨ
ᠣᠩᠱᠢᠭ᠍ᠰᠠᠨ ᠣᠳᠠᠭ᠎ᠠ᠄
★★★☆☆

ᠠᠷᠠᠳ᠎ᠤᠨ ᠠᠮᠢᠳᠤᠷᠠᠯ᠎ᠤᠨ  ᠪᠤᠳᠠᠳᠠᠢ  ᠠᠰᠠᠭᠤᠳᠠᠯ᠎ᠢ ᠨᠡᠢᠲᠡ 1.9 ᠲᠦᠮᠡᠨ ᠬᠤᠪᠢ ᠤᠳᠠᠭ᠎ᠠ ᠱᠢᠶ᠋ᠳᠪᠦᠷᠢᠯᠡᠵᠦ᠍᠂ 54 ᠲᠦᠮᠡ ᠭᠠᠷᠤᠶ ᠣᠯᠠᠨ ᠲᠦᠮᠡᠨ᠎ᠳᠦ ᠠᠱᠢᠭ ᠬᠦᠷᠲᠡᠭᠡᠪᠡ; 93 ᠪᠣᠬᠢᠷᠲᠤᠯ ᠦᠭᠡᠢ ᠠᠭᠤᠷᠬᠠᠢ᠎ᠶ᠋ᠢ ᠪᠠᠢᠭᠤᠯᠪᠠ; ᠠᠮᠤ ᠪᠤᠳᠠᠭᠠᠨ᠎ᠤ ᠶᠡᠷᠦᠩᠬᠡᠢ ᠤᠨᠠᠯᠲᠠ 227 ᠳ᠋ᠦᠩᠱᠢᠭᠤᠷ ᠵᠢᠩ᠎ᠳᠦ ᠬᠦᠷᠴᠦ᠍᠂ ᠮᠠᠯ᠎ᠤᠨ ᠲᠣᠭ᠎ᠠ ᠲᠣᠯᠣᠭᠠᠢ 1160 ᠲᠦᠮᠡ᠎ᠳᠦ ᠬᠦᠷᠪᠠ; ᠱᠢᠨ᠎ᠡ᠎ᠪᠡᠷ ᠭᠡᠷ᠎ᠡ ᠲᠣᠭ᠍ᠲᠠᠭ᠍ᠰᠠᠨ ᠮᠢᠩᠭᠠᠨ ᠲᠦᠮᠡᠨ ᠲᠥᠭᠥᠷᠢᠭ᠎ᠡᠴᠡ ᠳᠡᠭᠡᠭ᠌ᠰᠢᠬᠢ ᠠᠷᠠᠯᠵᠢᠶᠠᠴᠢᠨ ᠤᠷᠢᠬᠤ ᠲᠥᠷᠥᠯ ᠵᠦᠢᠯ 180 ᠪᠠᠢᠵᠤ᠂ ᠶᠡᠷᠦᠩᠬᠡᠢ ᠭᠡᠷ᠎ᠡ ᠲᠣᠭ᠍ᠲᠠᠭ᠍ᠰᠠᠨ ᠬᠡᠮᠵᠢᠶ᠎ᠡ 1339 ᠳ᠋ᠦᠩᠱᠢᠭᠤᠷ ᠲᠥᠭᠥᠷᠢᠭ᠎ᠲᠦ ᠬᠦᠷᠪᠡ;13.4 ᠳ᠋ᠦᠩᠱᠢᠭᠤᠷ ᠲᠥᠭᠥᠷᠢᠭ᠎ᠦᠨ ᠪᠡᠯᠡ ᠮᠥᠩᠭᠥ᠌ ᠣᠷᠣᠭᠤᠯᠵᠤ ᠶᠠᠳᠠᠭᠤ᠎ᠡᠴᠡ ᠠᠩᠭᠢᠵᠢᠷᠠᠬᠰᠡᠨ ᠭᠠᠵᠠᠷ ᠣᠷᠣᠨ᠎ᠤ ᠣᠨᠴᠠᠯᠢᠭ᠍ᠲᠤ ᠠᠵᠤ ᠦᠢᠯᠡᠰ᠎ᠦᠨ ᠬᠥᠭ᠌ᠵᠢᠯᠲᠡ᠎ᠶ᠋ᠢ ᠭᠣᠣᠯᠳᠠᠯᠭ᠎ᠠ᠎ᠲᠠᠶ ᠳᠡᠮᠵᠢᠪᠡ ᠁

《ᠠᠷᠪᠠᠨ ᠳᠥᠷᠪᠡᠳᠦᠭᠡᠷ ᠲᠠᠪᠤᠨ ᠵᠢᠯ》ᠤ᠋ᠨ ᠡᠬᠢᠯᠡᠯᠲᠡ᠎ᠶ᠋ᠢᠨ ᠵᠢᠯ᠎ᠢ ᠡᠷᠭᠢᠴᠡᠭᠦᠯᠬᠦᠶ᠎ᠡ᠂ ᠡᠨᠡ ᠬᠦ᠌ ᠲᠣᠭ᠎ᠠ᠎ᠨᠤᠭᠤᠳ ᠨᠢ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠨ᠂ ᠤᠷᠮᠠᠱᠢᠭᠤᠯᠵᠤ  ᠵᠣᠷᠢᠭ᠍ᠵᠢᠭᠤᠯᠤᠨ᠎ᠠ᠃ 2021 ᠣᠨ᠎ᠳᠤ᠂ ᠲᠦᠩᠯᠢᠶᠣᠤ ᠬᠣᠲᠠ ᠡᠷᠡᠰ ᠪᠠᠳᠤ ᠤᠬᠠᠮᠰᠠᠷ᠎ᠡᠴᠡ᠎ᠪᠠᠨ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠲᠣᠭ᠍ᠲᠠᠭᠠᠭ᠍ᠰᠠᠨ ᠶᠡᠷᠦᠩᠬᠡᠶ ᠴᠢᠭ᠌ᠯᠡᠯ᠂ ᠶᠡᠬᠡ ᠵᠠᠬᠪᠤᠷ᠎ᠤᠨ ᠳᠤᠤᠷ᠎ᠠ ᠲᠦᠩᠯᠢᠶᠣᠤ᠎ᠶ᠋ᠢᠨ ᠬᠥᠭ᠌ᠵᠢᠯᠲᠡ᠎ᠶ᠋ᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ᠎ᠪᠡᠷ ᠬᠡᠯᠪᠡᠷᠢ᠎ᠵᠢ ᠬᠤᠪᠢᠷᠠᠭᠤᠯᠬᠤ᠎ᠶ᠋ᠢ ᠪᠠᠷᠢᠮᠲᠠᠯᠠᠵᠤ᠂ ᠨᠡᠭᠡᠭᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯ ᠪᠣᠯᠭᠠᠵᠤ᠂ ᠳᠠᠪᠠᠭᠤᠯᠢᠭ᠎ᠢᠶᠠᠨ ᠪᠠᠳᠠᠷᠠᠭᠤᠯᠤᠨ ᠲᠤᠳᠠᠭᠤᠳᠠᠯ ᠵᠢᠡᠨ ᠨᠦᠬᠦᠪᠤᠷᠢᠯᠡᠵᠤ᠂ ᠱᠢᠯᠢᠳᠡᠭ᠎ᠢ ᠪᠤᠢᠵᠢᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠴᠢᠬᠤᠯᠠ ᠶᠡᠬᠡ ᠵᠠᠷᠴᠢᠮ ᠪᠣᠯᠭᠠᠵᠤ᠂ ᠭᠤᠤᠯᠯᠠᠬᠤ ᠠᠵᠤ ᠦᠶ᠋ᠯᠡᠰ᠎ᠢ ᠲᠦᠪᠯᠡᠷᠡᠬᠦᠯᠤᠨ ᠬᠥᠭ᠌ᠵᠢᠭᠦᠯᠵᠤ᠂ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠭᠠᠵᠤ᠂ ᠠᠷᠠᠳ ᠲᠦᠮᠡᠨ᠎ᠢ ᠳᠡᠭᠡᠳᠦᠯᠡᠬᠦ᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠎ᠪᠠᠷ ᠭᠤᠤᠯ ᠬᠠᠷᠠᠯᠲᠠ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠦᠨᠳᠦᠰᠦᠨ ᠤᠷᠢᠲᠠᠯ ᠪᠣᠯᠭᠠᠵᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠵᠤ᠂ ᠺᠠᠳ᠋ᠷ᠎ᠤᠨ ᠤᠪᠤᠷ ᠪᠠᠢᠳᠠᠯ᠎ᠢ ᠬᠥᠭ᠌ᠵᠢᠭᠡᠬᠦ᠌᠎ᠪᠡᠷ ᠰᠠᠭᠤᠷᠢ ᠪᠠᠲᠤᠯᠠᠭ᠎ᠠ ᠪᠣᠯᠭᠠᠵᠤ᠂ ᠡᠯ᠎ᠡ ᠵᠦᠶ᠋ᠯ᠎ᠦᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠡᠷᠡᠰ ᠬᠦᠴᠦᠲᠡᠶ ᠠᠬᠢᠭᠤᠯᠵᠤ᠂ ᠠᠨᠭᠬᠠᠨ᠎ᠤ ᠠᠯᠬᠤᠮ᠎ᠢᠶᠠᠨ ᠰᠠᠢᠨ ᠠᠯᠬᠤᠵᠤ᠂ ᠱᠢᠨ᠎ᠡ ᠪᠠᠢᠳᠠᠯ᠎ᠢ ᠪᠤᠢ ᠪᠣᠯᠭᠠᠵᠤ᠂ ᠱᠢᠨ᠎ᠡ ᠦᠷ᠎ᠡ ᠪᠦᠲᠦᠮᠵᠢ ᠣᠯᠪᠠ᠃

ᠡᠨᠡ ᠨᠢᠭᠡ ᠵᠢᠯ᠎ᠳᠦ᠂ ᠲᠦᠩᠯᠢᠶᠣᠤ ᠬᠣᠲᠠ ᠬᠦᠮᠦᠵᠢᠬᠦᠯᠤᠨ ᠬᠥᠲᠥᠯᠥᠨ ᠵᠢᠯᠣᠭᠣᠳᠭᠤ᠎ᠪᠠᠨ ᠴᠢᠩᠭᠠᠳᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠶᠡᠷᠦᠩᠬᠡᠶ ᠱᠦᠵᠢ᠎ᠶ᠋ᠢᠨ ᠪᠥᠬᠥ᠌ ᠤᠯᠤᠰ᠎ᠤᠨ《ᠬᠣᠶᠠᠷ ᠬᠤᠷᠠᠯ》 ᠤ᠋ᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ᠂ ᠶᠡᠷᠦᠩᠬᠡᠶ ᠱᠦᠵᠢ᠎ᠶ᠋ᠢᠨ《7·1》 ᠤ᠋ ᠴᠢᠬᠤᠯᠠ ᠶᠠᠷᠢᠶ᠎ᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠡᠷᠭᠡ ᠭᠤᠤᠯᠳᠠᠯᠭ᠎ᠠ᠎ᠲᠠᠶ ᠠᠭᠤᠯᠭ᠎ᠠ ᠵᠢᠨ ᠲᠤᠭᠤᠷᠢᠨ᠎ᠳᠤ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠦᠮᠦᠵᠢᠬᠦᠯᠤᠨ ᠬᠥᠲᠥᠯᠥᠨ ᠵᠢᠯᠣᠭᠣᠳᠴᠤ᠌ ᠪᠠᠢᠭᠠᠳ《ᠨᠠᠮ᠎ᠤᠨ ᠦᠭᠡ᠎ᠶ᠋ᠢ ᠰᠣᠨᠣᠰᠭᠤ᠂ ᠨᠠᠮ᠎ᠤᠨ ᠠᠴᠢ ᠵᠢ ᠬᠠᠷᠢᠭᠤᠯᠬᠤ᠂ ᠨᠠᠮ᠎ᠢᠶᠠᠨ ᠳᠠᠭᠠᠬᠤ》ᠵᠢ ᠪᠡᠶᠡᠯᠡᠬᠦᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠠᠰᠠᠭᠤᠳᠠᠯ᠎ᠢ ᠨᠡᠢᠲᠡ 1.9 ᠲᠦᠮᠡᠨ ᠬᠤᠪᠢ ᠤᠳᠠᠭ᠎ᠠ ᠱᠢᠶ᠋ᠳᠪᠦᠷᠢᠯᠡᠵᠦ᠍᠂ 54 ᠲᠦᠮᠡ ᠭᠠᠷᠤᠶ ᠬᠥᠮᠦᠨ ᠠᠱᠢᠭ ᠭᠥᠷᠳᠡᠵᠦ᠍᠂ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠦᠨᠳᠤᠰᠤᠨ ᠱᠠᠳᠤᠨ᠎ᠳᠤ ᠬᠦᠨᠵᠡᠭᠡᠢᠷᠠᠬᠦᠯᠵᠤ᠂ ᠬᠦᠮᠦᠰ᠎ᠤᠨ ᠰᠡᠳᠬᠢᠯ᠎ᠳᠤ ᠬᠠᠳᠠᠨᠭᠰᠢᠭᠤᠯᠬᠤ ᠵᠢ ᠦᠨᠡᠨ ᠬᠦ᠌ ᠠᠬᠢᠭᠤᠯᠪᠠ᠃

ᠡᠨᠡ ᠨᠢᠭᠡ ᠵᠢᠯ᠎ᠳᠦ᠂ ᠲᠦᠩᠯᠢᠶᠣᠤ ᠬᠣᠲᠠ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠣᠲᠠ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠂ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠦᠶ᠋ᠯᠡᠰ᠎ᠦᠨ ᠰᠠᠭᠤᠷᠢᠨ᠂ ᠬᠥᠩᠭᠡᠨ ᠴᠠᠭᠠᠨ ᠨᠢᠺᠸᠯ ᠴᠠᠬᠢᠭᠤᠷ᠎ᠤᠨ ᠪᠣᠬᠢᠷᠲᠤᠯ ᠥᠬᠡᠶ ᠱᠢᠨ᠎ᠡ ᠮᠠᠲ᠋ᠧᠷᠢᠶᠠᠯ᠎ᠤᠨ ᠰᠠᠭᠤᠷᠢᠨ᠂ ᠤᠯᠤᠰ᠎ᠤᠨ ᠠᠵᠤ ᠦᠶ᠋ᠯᠡᠰ᠎ᠦᠨ ᠱᠢᠯᠵᠢᠯᠲᠡ᠎ᠶ᠋ᠢ ᠭᠥᠯᠢᠶᠡᠨ ᠠᠪᠬᠤ ᠵᠢᠱ᠌ᠢᠶ᠎ᠡ ᠦᠵᠡᠭᠦᠯᠬᠦ᠌ ᠣᠷᠣᠨ᠂ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠬᠦᠶ᠋ᠰᠦ ᠪᠤᠯᠬᠤ ᠳᠠᠭᠠᠭᠠᠴᠢᠯᠠᠬᠤ ᠬᠣᠲᠠ᠂ ᠤᠯᠤᠰ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢᠨ ᠪᠦᠳᠦᠭᠡᠨ ᠪᠠᠢᠭᠤᠯᠤᠯᠳᠠ ᠵᠢᠨ ᠲᠤᠯᠤᠭᠠᠨ ᠶᠡᠬᠡ ᠭᠤᠤᠯᠳᠠᠯᠭ᠎ᠠ᠎ᠲᠠᠶ ᠬᠠᠷᠠᠯᠲᠠ ᠡᠭᠦᠷᠭᠡ᠎ᠶ᠋ᠢ ᠲᠣᠳᠣᠷᠬᠠᠢᠯᠠᠪᠠ᠃

ᠡᠨᠡ ᠨᠢᠭᠡ ᠵᠢᠯ᠎ᠳᠦ᠂ ᠲᠦᠩᠯᠢᠶᠣᠤ ᠬᠣᠲᠠ《ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ》᠂ 《ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ》ᠶ᠋ᠢᠨ ᠴᠢᠬᠤᠯᠠ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠭᠤᠤᠯ ᠴᠣᠭ᠍ᠴᠠ᠎ᠶ᠋ᠢᠨ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠴᠢᠩᠭ᠎ᠠ ᠵᠢᠷᠤᠮᠯᠠᠨ᠂ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠰᠠᠨᠠᠭᠠᠴᠢᠯᠠᠭ᠎ᠠ᠎ᠡᠴᠡ᠎ᠪᠠᠨ ᠳᠠᠭᠠᠵᠤ ᠦᠶ᠋ᠯᠡᠴᠢᠯᠡᠪᠡ᠃ ᠬᠣᠷᠴᠢᠨ᠎ᠤ ᠲᠠᠯ᠎ᠠ ᠨᠤᠲᠤᠭ᠎ᠤᠨ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠤ ᠮᠠᠨᠭᠬ᠎ᠠ ᠵᠢ ᠨᠢᠭᠡ ᠴᠣᠭ᠍ᠴᠠᠵᠢᠭᠤᠯᠤᠨ ᠬᠠᠮᠠᠭᠠᠯᠠᠵᠤ ᠰᠡᠷᠭᠦᠭᠡᠬᠦ᠌᠎ᠶ᠋ᠢ ᠬᠦᠴᠦᠲᠡᠢ ᠠᠬᠢᠭᠤᠯᠵᠤ᠂ ᠧᠦ᠋ᠷᠣᠫᠠ ᠲᠢᠪ᠎ᠤᠨ ᠪᠡᠯᠡ ᠤᠷᠤᠭᠤᠯᠤᠯᠳᠠ ᠵᠢᠨ ᠪᠠᠡᠭᠭᠢ ᠬᠣᠷᠴᠢᠨ᠎ᠤ ᠡᠯᠡᠰᠦᠷᠬᠡᠭ ᠭᠠᠵᠠᠷ᠎ᠢ ᠵᠠᠰᠠᠬᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠠᠢᠭᠠᠯᠢ᠎ᠶ᠋ᠢᠨ ᠨᠤᠲᠤᠭ ᠪᠡᠯᠴᠢᠭᠡᠷ᠎ᠢ ᠰᠡᠷᠭᠦᠭᠡᠬᠦ᠌ ᠪᠠ ᠵᠠᠰᠠᠨ ᠰᠡᠷᠭᠦᠭᠡᠬᠦ᠌᠂ ᠬᠣᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠡᠭᠦᠷᠭᠡ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ 93 ᠪᠣᠬᠢᠷᠲᠤᠯ ᠦᠭᠡᠢ ᠠᠭᠤᠷᠬᠠᠢ᠎ᠶ᠋ᠢ ᠪᠠᠢᠭᠤᠯᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠍᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢ ᠭᠦᠨᠵᠡᠭᠡᠢᠷᠡᠭᠦᠯᠵᠦ᠍᠂ ᠭᠣᠣᠯ ᠮᠥᠷᠡᠨ᠎ᠦ ᠳᠠᠷᠤᠭ᠎ᠠ᠎ᠶ᠋ᠢᠨ ᠳᠦᠷᠢᠮ᠂ ᠨᠠᠭᠤᠷ ᠪᠦᠷᠢᠳᠦ ᠵᠢᠨ ᠳᠠᠷᠤᠭ᠎ᠠ᠎ᠶ᠋ᠢᠨ ᠳᠦᠷᠢᠮ᠎ᠢ ᠴᠢᠨᠭᠭ᠎ᠠ ᠨᠠᠢᠳᠠᠪᠤᠷᠢᠵᠢᠭᠤᠯᠵᠤ᠂ ᠴᠠᠬᠢᠯᠭᠠᠨ ᠵᠠᠳᠠᠯᠤᠯ᠎ᠤᠨ ᠬᠦᠩᠭᠡᠨ ᠴᠠᠭᠠᠨ᠎ᠤ ᠤᠲᠤᠭ᠎ᠠ ᠬᠡᠢ᠎ᠶ᠋ᠢᠨ ᠬᠡᠳᠦ ᠳᠣᠣᠷ᠎ᠠ ᠭᠠᠳᠠᠭ᠍ᠰᠢᠯᠠᠭᠤᠯᠤᠯᠲᠠ᠎ᠶ᠋ᠢᠨ ᠱᠢᠰᠲ᠋ᠧᠮ᠎ᠢ ᠪᠦᠬᠦ᠌ ᠠᠵᠢᠯ ᠲᠦᠷᠦᠯ᠎ᠳᠦ ᠪᠦᠷᠬᠦᠬᠦᠯᠵᠥ᠍᠂ ᠲᠠᠷᠢᠶᠠᠯᠠᠩ᠎ᠤᠨ《ᠲᠦᠷᠪᠡ᠎ᠶ᠋ᠢ ᠡᠵᠡᠮᠳᠡᠬᠦ᠌》 ᠵᠡᠷᠭᠡ ᠬᠥᠷᠥᠰᠥ᠍ ᠱᠢᠷᠣᠢ᠎ᠶ᠋ᠢᠨ ᠪᠣᠬᠢᠷᠲᠤᠯ᠎ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠡᠨᠧᠷᠭᠢ᠎ᠶ᠋ᠢᠨ ᠬᠣᠷᠣᠭ᠍ᠳᠠᠯ᠎ᠤᠨ《ᠬᠣᠶᠠᠷ᠎ᠢ ᠬᠢᠵᠠᠭᠠᠷᠯᠠᠬᠤ》ᠭᠤᠷᠪᠠᠨ ᠵᠢᠯ᠎ᠦᠨ ᠠᠵᠢᠯᠯᠠᠭ᠎ᠠ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠪᠦᠬᠦ᠌ ᠨᠡᠢᠭᠡᠮ᠎ᠦᠨ ᠡᠨᠧᠷᠭᠢ ᠠᠷᠪᠢᠯᠠᠬᠤ ᠣᠨᠣᠱᠢᠯᠠᠯᠲᠠ᠎ᠶ᠋ᠢ ᠥᠷᠨᠢᠭᠦᠯᠦᠨ᠂ ᠡᠨᠧᠷᠭᠢ ᠬᠡᠷᠡᠭ᠌ᠯᠡᠬᠦ᠌ ᠲᠥᠰᠦᠪ᠎ᠦᠨ ᠬᠠᠮᠢᠶᠠᠷᠤᠯᠲᠠ᠎ᠶ᠋ᠢ ᠪᠦᠬᠦ᠌ ᠲᠠᠯ᠎ᠠ᠎ᠪᠠᠷ ᠶᠠᠪᠤᠭᠤᠯᠵᠤ᠂ ᠡᠨᠧᠷᠭᠢ᠎ᠶ᠋ᠢᠨ ᠬᠣᠷᠣᠭ᠍ᠳᠠᠯ ᠶᠡᠬᠡᠲᠡᠶ ᠲᠥᠷᠥᠯ ᠵᠦᠢᠯ᠎ᠢ ᠰᠣᠬᠣᠷ ᠪᠠᠯᠠᠶ᠎ᠪᠠᠷ ᠬᠥᠭ᠌ᠵᠢᠭᠦᠯᠬᠦ᠌᠎ᠶ᠋ᠢ ᠡᠷᠡᠰ ᠬᠣᠷᠢᠭ᠍ᠯᠠᠨ ᠵᠣᠭ᠍ᠰᠣᠭᠠᠵᠤ᠂ ᠦᠷ᠎ᠡ ᠪᠦᠲᠦᠮᠵᠢ᠎ᠲᠤᠤᠷ᠎ᠠ ᠦᠢᠯᠡᠳᠪᠦᠷᠢᠯᠡᠬᠦ᠌ ᠴᠢᠳᠠᠪᠤᠷᠢ᠎ᠶ᠋ᠢ ᠠᠯᠬᠤᠮ ᠬᠤᠪᠢᠶᠠᠨ ᠱᠢᠭ᠌ᠰᠢᠭ᠌ᠳᠡᠭᠦᠯᠵᠦ᠍᠂ ᠡᠨᠧᠷᠭᠢ᠎ᠶ᠋ᠢᠨ ᠬᠣᠷᠣᠭ᠍ᠳᠠᠯ᠎ᠤᠨ ᠬᠣᠶᠠᠷ᠎ᠢ ᠬᠢᠵᠠᠭᠠᠷᠯᠠᠵᠤ 《ᠬᠣᠶᠠᠷ᠎ᠢ ᠨᠣᠭᠣᠭᠠᠷᠠᠭᠤᠯᠬᠤ》 ᠶ᠋ᠢ ᠪᠡᠶᠡᠯᠡᠭᠦᠯᠪᠠ᠃

ᠡᠨᠡ ᠨᠢᠭᠡ ᠵᠢᠯ᠎ᠳᠦ᠂ ᠲᠦᠩᠯᠢᠶᠣᠤ ᠬᠣᠲᠠ《ᠬᠣᠶᠠᠷ ᠰᠠᠭᠤᠷᠢᠨ》 ᠤ᠋ ᠪᠥᠲᠥᠭᠡᠨ ᠪᠠᠢᠭᠤᠯᠤᠯᠲᠠ᠎ᠳᠤ ᠦᠶ᠋ᠯᠡᠴᠢᠯᠡᠬᠦ᠌ ᠭᠠᠷᠳᠠᠴᠠ᠎ᠪᠠᠨ ᠣᠨᠣᠪᠴᠢᠲᠠᠶ ᠣᠯᠵᠤ᠂ ᠲᠣᠰ ᠭᠠᠵᠠᠷ᠎ᠤᠨ ᠣᠨᠴᠠᠯᠢᠭᠳᠤ ᠳᠠᠪᠠᠭᠤᠯᠢᠭ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠪᠣᠢᠵᠢᠭᠤᠯᠪᠠ᠃ ᠣᠳᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠢ᠎ᠶ᠋ᠢ ᠶᠡᠬᠡ ᠪᠡᠷ ᠬᠥᠭ᠌ᠵᠢᠭᠦᠯᠵᠦ᠍᠂ ᠡᠬᠦᠯᠳᠡᠷ᠎ᠢ ᠱᠢᠯᠢᠳᠡᠭ᠌ᠵᠢᠭᠦᠯᠦᠨ ᠪᠣᠢᠵᠢᠭᠤᠯᠬᠤ᠂ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠲᠥᠷᠦᠯ ᠲᠡᠮᠳᠡᠭ᠎ᠢ ᠡᠭᠦᠳᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠠᠷᠢᠶᠠᠯᠠᠩ ᠮᠠᠯ ᠠᠵᠤ ᠠᠬᠤᠢ᠎ᠶ᠋ᠢᠨ ᠦᠷ᠎ᠡ᠎ᠶ᠋ᠢᠨ ᠢᠨᠵᠧᠨᠧᠷᠢᠩ᠎ᠢ ᠳᠣᠪᠣᠢᠮ᠎ᠠ ᠰᠠᠢᠲᠤᠷ ᠠᠳᠭᠤᠵᠤ᠂ 《ᠤᠰᠤ ᠠᠷᠪᠢᠯᠠᠵᠤ ᠠᠮᠤ ᠪᠤᠳᠠᠭᠠᠨ᠎ᠤ ᠤᠨᠠᠯᠳᠠ ᠵᠢ ᠨᠡᠮᠡᠭ᠌ᠳᠡᠭᠦᠯᠬᠦ᠌》 ᠠᠵᠢᠯᠯᠠᠭᠠᠨ᠎ᠢ ᠦᠷᠭᠦᠯᠵᠢᠯᠡᠨ ᠬᠡᠷᠡᠭ᠌ᠵᠢᠭᠦᠯᠵᠦ᠍᠂ ᠥᠨᠳᠥᠷ ᠦᠷ᠎ᠡ ᠠᠱᠢᠭ᠍ᠲᠤ ᠤᠰᠤ ᠠᠷᠪᠢᠯᠠᠬᠤ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠪᠦᠲᠦᠭᠡᠨ ᠪᠠᠢᠭᠤᠯᠵᠤ᠂ ᠪᠠᠷᠢᠮᠵᠢᠶᠠᠵᠢᠭ᠍ᠰᠠᠨ ᠪᠤᠷᠳᠤᠬᠤ ᠪᠠ ᠬᠡᠪᠴᠢᠶᠡᠵᠢᠭᠦᠯᠦᠨ ᠡᠳ᠋ᠱᠢᠭᠦᠯᠬᠦ᠌ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠤᠯᠤᠰ᠎ᠤᠨ ᠴᠢᠨᠠᠷ ᠰᠠᠢᠲᠠᠢ ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠵᠤ᠂ ᠪᠦᠬᠦ᠌ ᠬᠣᠲᠠ᠎ᠶ᠋ᠢᠨ ᠠᠮᠤ ᠪᠤᠳᠠᠭᠠᠨ᠎ᠤ ᠶᠡᠷᠦᠩᠬᠡᠢ ᠤᠨᠠᠯᠲᠠ 227 ᠳ᠋ᠦᠩᠱᠢᠭᠤᠷ ᠵᠢᠩ᠂ ᠮᠠᠯ᠎ᠤᠨ ᠲᠣᠭ᠎ᠠ ᠲᠣᠯᠣᠭᠠᠢ 1160 ᠲᠦᠮᠡ᠎ᠳᠦ ᠬᠦᠷᠪᠠ᠃ ᠱᠢᠨ᠎ᠡ ᠡᠨᠧᠷᠭᠢ᠎ᠶ᠋ᠢᠨ ᠪᠦᠬᠦ᠌ ᠠᠵᠤ ᠦᠢᠯᠡᠰ᠎ᠦᠨ ᠬᠡᠯᠬᠢᠶ᠎ᠡ ᠵᠢᠨ ᠬᠥᠭ᠌ᠵᠢᠯᠲᠡ᠎ᠶ᠋ᠢ ᠠᠬᠢᠭᠤᠯᠵᠤ᠂ ᠨᠡᠮᠡᠭ᠌ᠳᠡᠯ᠎ᠲᠡᠶ ᠴᠠᠬᠢᠯᠭᠠᠨ ᠲᠦᠭᠡᠭᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《ᠴᠠᠬᠢᠯᠭᠠᠨ ᠡᠭᠦᠰᠭᠡᠭ᠌ᠴᠢ ᠴᠠᠬᠢᠯᠭᠠᠨ ᠲᠣᠣᠷ ᠴᠠᠬᠢᠯᠭᠠᠨ᠎ᠤ ᠳᠠᠭᠠᠭᠠᠴᠠ ᠴᠠᠬᠢᠯᠭᠠᠨ᠎ᠤ ᠨᠥᠭᠡᠴᠡ》᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ ᠪᠠ ᠬᠡᠷᠡᠭ᠌ᠯᠡᠭᠡ᠎ᠶ᠋ᠢᠨ ᠡᠵᠡᠯᠡᠬᠦ᠌ ᠬᠠᠷᠢᠴᠠᠯ᠎ᠢ ᠳᠡᠭᠡᠭ᠌ᠰᠢᠯᠡᠭᠦᠯᠵᠦ᠍᠂ ᠯᠦᠩ ᠮᠠ ᠬᠦᠨᠳᠦ ᠠᠵᠤ ᠦᠢᠯᠡᠳᠪᠦᠷᠢ᠂᠎ᠶ᠋ᠢᠨ ᠹᠧᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠳ᠋ᠦᠩ ᠹᠠᠩ ᠴᠠᠬᠢᠯᠭᠠᠨ ᠭᠡᠢ ᠵᠡᠷᠭᠡ ᠰᠠᠯᠬᠢᠨ ᠬᠦᠴᠦᠨ᠎ᠦ ᠲᠣᠨᠣᠭ ᠲᠥᠬᠥᠭᠡᠷᠦᠮᠵᠢ ᠦᠢᠯᠡᠳᠬᠦ᠌ ᠲᠥᠷᠥᠯ ᠵᠦᠢᠯ᠎ᠢ ᠬᠡᠷᠡᠭ᠌ᠵᠢᠭᠦᠯᠵᠦ᠍᠂ ᠤᠯᠤᠰ᠎ᠤᠨ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠪᠦᠲᠦᠭᠡᠨ ᠪᠠᠢᠭᠤᠯᠵᠤ᠂ ᠪᠦᠬᠦ᠌ ᠵᠢᠯ᠎ᠳᠦ ᠡᠨᠧᠷᠭᠢ᠎ᠶ᠋ᠢᠨ ᠲᠥᠷᠥᠯ ᠵᠦᠢᠯ᠎ᠦᠨ ᠪᠡᠯᠡ ᠣᠷᠣᠭᠤᠯᠤᠯᠲᠠ᠎ᠶ᠋ᠢ 60 ᠳ᠋ᠦᠩᠱᠢᠭᠤᠷ ᠲᠥᠭᠥᠷᠢᠭ ᠪᠡᠶᠡᠯᠡᠭᠦᠯᠵᠦ᠍᠂ ᠱᠢᠨ᠎ᠡ ᠡᠨᠧᠷᠭᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠡᠪᠴᠢᠶ᠎ᠡ᠎ᠶ᠋ᠢ 174.7 ᠲᠦᠮᠡᠨ ᠺᠢᠯᠦᠸᠠᠲ ᠪᠣᠯᠭᠠᠬᠤ᠎ᠪᠠᠷ ᠴᠢᠷᠮᠠᠢᠪᠠ᠃ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠵᠢ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠵᠤ᠂ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠰ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠠᠵᠤ ᠠᠬᠤᠢᠯᠠᠯ᠎ᠢ 20 ᠪᠠᠢᠭᠤᠯᠤᠨ ᠠᠱᠢᠭ᠍ᠯᠠᠯᠲᠠ᠎ᠳᠤ ᠣᠷᠣᠭᠤᠯᠵᠤ᠂ ᠰᠷᠧᠤ᠋ ᠰᠢᠪᠳᠤᠷᠳᠤ ᠬᠦᠴᠢᠯ᠂ ᠱᠢᠷᠣᠶ᠎ᠶ᠋ᠢᠨ ᠬᠥᠭᠡᠴᠦ᠍ᠰᠤ ᠵᠡᠷᠭᠡ ᠦᠢᠯᠡᠳᠬᠦᠨ ᠪᠦᠬᠦ᠌ ᠤᠯᠤᠰ᠎ᠤᠨ ᠵᠠᠬ᠎ᠠ ᠳᠡᠯᠭᠡᠭᠦᠷ᠎ᠦᠨ 1 / 3 ᠎ᠡᠴᠡ ᠳᠡᠭᠡᠭ᠌ᠰᠢᠬᠢ᠎ᠨᠤᠷᠮ᠎ᠠ ᠵᠢ ᠡᠵᠡᠯᠡᠪᠠ; ᠬᠥᠩᠭᠡᠨ ᠴᠠᠭᠠᠨ ᠨᠢᠺᠧᠯ ᠴᠠᠬᠢᠭᠤᠷ᠎ᠤᠨ ᠱᠢᠨ᠎ᠡ ᠮᠠᠲ᠋ᠧᠷᠢᠶᠠᠯ᠎ᠤᠨ ᠰᠠᠭᠤᠷᠢᠨ᠎ᠤ ᠳᠡᠰ ᠳᠡᠪᠱᠢᠬᠦ᠌᠎ᠶ᠋ᠢ ᠠᠬᠢᠭᠤᠯᠵᠤ᠂ ᠬᠥᠩᠭᠡᠨ ᠴᠠᠭᠠᠨ ᠴᠠᠭᠠᠰᠤ᠂ ᠳᠡᠭᠡᠳᠤ ᠲᠡᠰ᠎ᠤᠨ ᠬᠥᠩᠭᠡᠨ ᠴᠠᠭᠠᠨ᠎ᠤ ᠰᠠᠭᠤᠷᠢ ᠮᠠᠲ᠋ᠧᠷᠢᠶᠠᠯ ᠵᠡᠷᠭᠡ ᠨᠠᠷᠢᠯᠢᠭ ᠡᠳ᠋ᠱᠢᠭᠦᠯᠤᠨ ᠪᠤᠯᠪᠠᠰᠤᠷᠠᠭᠤᠯᠬᠤ ᠦᠢᠯᠡᠳᠬᠦᠨ᠎ᠢ ᠬᠥᠭ᠌ᠵᠢᠭᠦᠯᠵᠦ᠍᠂ ᠳᠤᠮᠳᠠ ᠳᠡᠭᠡᠳᠤ ᠲᠡᠰ᠎ᠤᠨ ᠦᠢᠯᠡᠳᠬᠦᠨ᠎ᠦ ᠬᠤᠪᠢ᠎ᠶ᠋ᠢᠨ ᠵᠢᠩ᠎ᠢ ᠦᠷᠭᠦᠯᠵᠢᠯᠡᠨ ᠳᠡᠭᠡᠭ᠌ᠰᠢᠯᠡᠭᠦᠯᠪᠠ᠃ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠲᠡᠳᠬᠦᠨ ᠱᠠᠩᠨᠠᠬᠤ ᠠᠷᠭ᠎ᠠ᠎ᠶ᠋ᠢ ᠨᠡᠢᠲᠡᠯᠡᠵᠦ᠍᠂ 5A ᠲᠡᠰ᠎ᠤᠨ ᠦᠵᠡᠮᠵᠢ᠎ᠶ᠋ᠢᠨ ᠣᠷᠣᠨ᠎ᠢ ᠢᠳᠡᠪᠬᠢᠲᠡᠢ ᠡᠭᠦᠳᠦᠨ ᠪᠠᠢᠭᠤᠯᠵᠤ᠂ ᠬᠣᠷᠴᠢᠨ᠎ᠤ 500 ᠺᠢᠯᠣᠮᠧᠲᠷ᠎ᠤᠨ ᠦᠵᠡᠮᠵᠢ᠎ᠶ᠋ᠢᠨ ᠣᠷᠣᠨ᠎ᠤ ᠴᠢᠨᠠᠷ ᠴᠢᠨᠰᠠᠭ᠎ᠠ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠪᠡ ; ᠭᠣᠣᠯ ᠬᠣᠲᠠ ᠲᠣᠭᠣᠷᠢᠭ᠎ᠤᠨ ᠲᠠᠪᠤᠨ ᠶᠡᠬᠡ ᠪᠠᠷᠠᠭᠠᠨ᠎ᠤ ᠭᠦᠢᠯᠭᠡᠭᠡᠨ᠎ᠦ ᠲᠠᠪᠴᠠᠩ ᠢ᠋ ᠲᠡᠭᠦᠯᠳᠡᠷᠵᠢᠭᠦᠯᠵᠦ᠍᠂ ᠵᠢᠨᠵᠧᠦ ᠭᠠᠷᠠᠮ᠎ᠤᠨ ᠲᠦᠩᠯᠢᠶᠣᠤ᠎ᠳᠤ ᠰᠠᠭᠤᠭ᠎ᠠ ᠬᠡᠷᠡᠭ ᠡᠷᠬᠢᠯᠡᠬᠦ᠌ ᠭᠠᠵᠠᠷ᠎ᠢ ᠪᠠᠢᠭᠤᠯᠵᠤ᠂ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠬᠦᠢᠰᠦ ᠪᠤᠯᠬᠤ ᠳᠠᠭᠠᠭᠠᠴᠢᠯᠠᠬᠤ ᠬᠣᠲᠠ ᠪᠠ ᠬᠦᠷᠦᠭᠡᠨ ᠵᠦᠭᠡᠭᠡᠪᠤᠷᠢᠯᠡᠬᠦ ᠪᠠᠷᠠᠭᠠᠨ᠎ᠤ ᠭᠦᠢᠯᠭᠡᠭᠡᠨ᠎ᠦ ᠭᠣᠣᠯᠯᠠᠭ᠍ᠴᠢ ᠰᠠᠭᠤᠷᠢᠨ᠎ᠤ ᠪᠦᠲᠦᠭᠡᠨ ᠪᠠᠢᠭᠤᠯᠤᠯᠲᠠ ᠵᠢ ᠲᠣᠭ᠍ᠲᠠᠭᠤᠨ᠎ᠢᠶᠠᠷ ᠠᠬᠢᠭᠤᠯᠪᠠ ; ᠰᠠᠭᠤᠷᠢ ᠲᠦᠬᠦᠭᠡᠷᠤᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ ᠲᠦᠩᠯᠢᠶᠣᠤ᠎ᠡᠴᠡ ᠴᠢᠴᠢᠬᠠᠷ ᠬᠦᠷᠬᠦ᠌᠂ ᠤᠯᠠᠭᠠᠨᠬᠠᠳᠠ᠎ᠡᠴᠡ ᠲᠦᠩᠯᠢᠶᠣᠤ᠂ ᠴᠠᠩᠴᠦ᠋ᠨ ᠬᠦᠷᠬᠦ᠌ ᠵᠡᠷᠭᠡ ᠲᠦᠷᠭᠡᠨ᠎ᠤ ᠲᠡᠮᠦᠷ ᠵᠠᠮ᠎ᠤᠨ ᠲᠥᠷᠥᠯ ᠵᠦᠢᠯ᠎ᠢ ᠭᠦᠨᠵᠡᠭᠡᠶ ᠠᠬᠢᠭᠤᠯᠵᠤ᠂ ᠲᠦᠩᠯᠢᠶᠣᠤ᠎ᠶ᠋ᠢᠨ ᠨᠢᠰᠭᠡᠯ᠎ᠦᠨ ᠪᠠᠭᠤᠳᠠᠯ᠎ᠤᠨ ᠨᠢᠰᠦᠯᠲᠡ᠎ᠶ᠋ᠢᠨ ᠣᠷᠣᠨ᠎ᠤ ᠥᠭᠡᠷᠡᠴᠢᠯᠡᠵᠦ᠍ ᠥᠷᠭᠡᠳᠭᠡᠨ ᠪᠠᠢᠭᠤᠯᠬᠤ ᠲᠥᠷᠥᠯ ᠵᠦᠢᠯ᠎ᠢ ᠠᠱᠢᠭ᠍ᠯᠠᠯᠲᠠ᠎ᠳᠤ ᠣᠷᠣᠭᠤᠯᠤᠨ᠂ ᠴᠤᠤᠯ ᠭᠣᠣᠯ᠎ᠤᠨ ᠤᠰᠤ ᠵᠢ ᠲᠠᠲᠠᠵᠤ ᠯᠢᠶᠣᠤᠾᠧ ᠭᠣᠣᠯ᠎ᠳᠤ ᠤᠷᠤᠭᠤᠯᠬᠤ ᠢᠨᠵᠧᠨᠧᠷᠢᠩ᠎ᠢ ᠤᠷᠤᠭ᠍ᠰᠢᠲᠠᠶ ᠬᠡᠷᠡᠭ᠌ᠵᠢᠭᠦᠯᠵᠦ᠍᠂ ᠯᠢᠶᠣᠤᠾᠸ ᠭᠤᠤᠯ᠎ᠤᠨ ᠪᠠᠷᠠᠭᠤᠨ ᠬᠣᠢᠲᠤ ᠬᠡᠰᠡᠭ᠎ᠦᠨ ᠰᠠᠯᠪᠤᠷᠢ ᠱᠤᠭᠤᠮ᠂ ᠤᠯᠠᠭᠠᠨᠬᠠᠳᠠ᠂ ᠨᠤᠨ ᠮᠥᠷᠡᠨ᠎ᠦ ᠤᠰᠤ᠎ᠶ᠋ᠢ ᠲᠠᠲᠠᠵᠤ ᠬᠣᠣᠯᠢᠨ ᠭᠣᠣᠯ᠎ᠳᠤ ᠤᠷᠤᠭᠤᠯᠬᠤ ᠵᠡᠷᠭᠡ ᠴᠢᠬᠤᠯᠠ ᠶᠡᠬᠡ ᠤᠰᠤ ᠲᠠᠲᠠᠵᠤ ᠤᠰᠤ ᠬᠠᠳᠠᠭᠠᠯᠠᠬᠤ ᠢᠨᠵᠧᠨᠧᠷᠢᠩ᠎ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠪᠠᠷᠢᠮᠵᠢᠶᠠᠵᠢᠭᠤᠯᠤᠭ᠍ᠰᠠᠨ ᠦᠢᠯᠡᠳᠪᠦᠷᠢ᠎ᠶ᠋ᠢᠨ ᠪᠠᠢᠱᠢᠩ᠂ ᠤᠶᠤᠨᠲᠤ ᠬᠦᠷᠢᠶᠡᠯᠡᠩ ᠲᠣᠭᠣᠷᠢᠭ ᠵᠡᠷᠭᠡ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ 58 ᠬᠡᠷᠡᠭ᠌ᠵᠢᠭᠦᠯᠵᠦ᠍᠂ 5G ᠰᠠᠭᠤᠷᠢ ᠥᠷᠲᠡᠭᠡ ᠵᠡᠷᠭᠡ《ᠱᠢᠨ᠎ᠡ ᠰᠠᠭᠤᠷᠢ ᠪᠦᠲᠦᠭᠡᠨ ᠪᠠᠢᠭᠤᠯᠤᠯᠲᠠ》 ᠶ᠋ᠢᠨ ᠲᠥᠷᠥᠯ ᠵᠦᠢᠯ ᠱᠢᠨ᠎ᠡ ᠠᠬᠢᠴᠠ᠎ᠲᠠᠶ ᠪᠣᠯᠪᠠ᠃

ᠡᠨᠡ ᠨᠢᠭᠡ ᠵᠢᠯ᠎ᠳᠦ᠂ ᠲᠦᠩᠯᠢᠶᠣᠤ ᠬᠣᠲᠠ ᠥᠭᠡᠷᠡᠴᠢᠯᠡᠯᠲᠡ ᠨᠡᠭᠡᠭᠡᠯᠲᠡ᠎ᠶ᠋ᠢ ᠢᠮᠠᠭ᠍ᠲᠠ ᠲᠤᠭᠤᠱᠢᠯᠠᠭᠤᠯᠵᠤ᠂ ᠣᠶᠤᠨ ᠤᠬᠠᠭᠠᠨ ᠬᠦᠴᠦᠨ ᠴᠢᠳᠠᠯ᠎ᠢᠶᠠᠨ ᠨᠢᠭ᠍ᠲᠠᠷᠠᠭᠤᠯᠤᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠴᠢᠩᠭ᠎ᠠ ᠠᠳᠭᠤᠭ᠍ᠰᠠᠭᠠᠷ ᠢᠷᠡᠵᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠦᠨ᠂ 144 ᠵᠦᠢᠯ᠎ᠦᠨ ᠭᠣᠣᠯᠳᠠᠯᠭ᠎ᠠ᠎ᠲᠠᠶ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ 127 ᠵᠦᠢᠯ᠎ᠢ ᠪᠡᠶᠡᠯᠡᠭᠦᠯᠦᠭ᠌ᠰᠡᠨ ᠪᠤᠶᠤ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 3 ᠵᠢᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠦᠨ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ ᠎ᠤᠨ ᠶᠠᠪᠤᠳᠠᠯ᠎ᠤᠨ ᠦᠢᠯᠡᠴᠢᠯᠡᠭᠡᠨ᠎ᠦ ᠲᠣᠪᠴᠢᠶ᠎ᠠ᠎ᠶ᠋ᠢ ᠫᠠᠢᠰᠠ ᠡᠯᠭᠦᠨ ᠪᠠᠢᠭᠤᠯᠤᠨ᠂ ᠬᠣᠲᠠ᠎ᠶ᠋ᠢᠨ 30 ᠱᠢᠭᠤᠳ ᠬᠠᠷᠢᠶ᠎ᠠ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠢᠯᠡ ᠠᠮᠠᠯᠠᠯᠲᠠ ᠬᠢᠯᠭᠡᠭᠰᠡᠨ ᠪᠠ 《24 ᠴᠠᠭ ᠡᠭᠦᠳᠡ᠎ᠪᠡᠨ ᠬᠠᠭᠠᠬᠤ ᠥᠬᠡᠶ》ᠥᠪᠡᠰᠦᠪᠡᠨ ᠦᠶ᠋ᠯᠡᠴᠢᠯᠡᠬᠦ᠌ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠠᠭ᠍ᠪᠤᠷ ᠪᠠ《ᠵᠠᠰᠠᠭ᠎ᠤᠨ ᠶᠠᠪᠤᠳᠠᠯ᠎ᠤᠨ ᠵᠣᠴᠢᠯᠠᠬᠤ ᠲᠢᠩᠬᠢᠮ》 ᠵᠡᠷᠭᠡ ᠠᠴᠢᠶᠠᠯᠠᠪᠤᠷᠢ᠎ᠶ᠋ᠢ ᠬᠡᠷᠡᠭ᠌ᠵᠢᠭᠦᠯᠵᠦ᠂ 16 ᠭᠤᠤᠯᠳᠠᠯᠭ᠎ᠠ᠎ᠲᠠᠶ ᠬᠦᠷᠢᠶᠡᠨ᠎ᠦ 245 ᠵᠦᠶ᠋ᠯ᠎ᠦᠨ ᠥᠨᠳᠥᠷ ᠳᠠᠪᠲᠠᠮᠵᠢᠲᠤ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠲᠦ 《 ᠭᠠᠷ ᠤᠳᠠᠰᠤ ᠪᠡᠷ ᠬᠦᠢᠴᠡᠳᠭᠡᠬᠦ》ᠵᠢ ᠪᠡᠶᠡᠯᠡᠭᠦᠯᠪᠡ᠂ ᠪᠥᠬᠥ᠌ ᠣᠷᠣᠨ᠎ᠳᠤ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠱᠠᠲᠤ ᠠᠯᠤᠰᠯᠠᠨ ᠬᠢᠨᠠᠨ ᠵᠥᠪᠱᠢᠶᠡᠷᠡᠬᠦ᠌᠎ᠶ᠋ᠢ ᠤᠷᠢᠳ ᠵᠢᠨᠷ ᠪᠡᠶᠡᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 《ᠲᠠᠪᠤᠨ ᠲᠤᠰᠭᠠᠶ ᠠᠵᠢᠯᠯᠠᠭ᠎ᠠ》 ᠢᠯᠡᠳᠲᠡ ᠦᠷ᠎ᠡ ᠪᠦᠲᠦᠮᠵᠢ ᠤᠯᠵᠠᠢ᠃

ᠡᠨᠡ ᠨᠢᠭᠡ ᠵᠢᠯ᠎ᠳᠦ᠂ ᠲᠦᠩᠯᠢᠶᠣᠤ ᠬᠣᠲᠠ ᠨᠡᠭᠡᠭᠡᠯᠲᠡ ᠬᠢᠵᠦ᠍ ᠠᠷᠠᠯᠵᠢᠶᠠᠴᠢᠨ ᠤᠷᠢᠬᠤ᠎ᠪᠠᠨ ᠪᠥᠬᠥ᠌ ᠲᠠᠯ᠎ᠠ᠎ᠪᠠᠷ ᠴᠢᠩᠭᠠᠳᠭᠠᠵᠤ᠂ ᠵᠡᠭᠦᠨ ᠬᠣᠢᠲᠤ ᠣᠷᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠭᠦᠨᠵᠡᠭᠡᠶ ᠠᠭᠤᠰᠤᠯᠴᠠᠵᠤ᠂ ᠮᠦᠭ᠌ᠳᠡᠨ᠂ ᠴᠠᠩᠴᠦ᠋ᠨ ᠵᠡᠷᠭᠡ ᠬᠣᠲᠠ ᠯᠤᠭ᠎ᠠ᠎ᠶ᠋ᠢᠨ ᠵᠣᠯᠭᠠᠯᠴᠠᠭ᠎ᠠ ᠬᠠᠮᠲᠤᠷᠠᠯᠴᠠᠭ᠎ᠠ᠎ᠪᠠᠨ ᠰᠠᠨᠠᠭᠠᠴᠢᠯᠠᠭ᠎ᠠ᠎ᠠᠴᠠ᠎ᠪᠠᠨ ᠴᠢᠩᠭᠠᠳᠭᠠᠵᠤ᠂ ᠵᠡᠭᠦᠨ ᠬᠣᠢᠲᠤ᠎ᠤᠷᠤᠨ᠎ᠤ ᠬᠠᠭᠤᠷᠠᠶ ᠲᠡᠯᠡᠶ᠎ᠶ᠋ᠢᠨ ᠱᠢᠨ᠎ᠡ ᠵᠠᠮ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠲᠥᠷᠥᠯ ᠵᠦᠶ᠋ᠯ᠎ᠦᠨ ᠵᠣᠯᠭᠠᠯᠴᠠᠭ᠎ᠠ᠎ᠶ᠋ᠢ ᠴᠢᠩᠭᠠᠳᠭᠠᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠵᠡᠷᠭᠡ ᠬᠥᠭ᠌ᠵᠢᠭ᠌ᠰᠡᠨ ᠭᠠᠵᠠᠷ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠪᠠ;ᠠᠷᠠᠯᠵᠢᠶᠠᠴᠢᠨ ᠤᠷᠢᠵᠤ ᠪᠡᠯᠡ ᠮᠦᠩᠭᠦ ᠲᠠᠲᠠᠠ ᠤᠷᠤᠭᠤᠯᠬᠤ ᠠᠷᠭ᠎ᠠ ᠬᠡᠯᠪᠡᠷᠢ᠎ᠪᠡᠨ ᠱᠢᠨᠡᠴᠢᠯᠡᠵᠦ᠍᠂ ᠪᠦᠬᠦᠢᠯᠡ ᠠᠵᠢᠯᠲᠠᠨ ᠠᠷᠠᠯᠵᠢᠶᠠᠴᠢᠨ ᠤᠷᠢᠬᠤ᠂ ᠵᠢᠯ ᠲᠤᠷᠰᠢ ᠠᠷᠠᠯᠵᠢᠶᠠᠴᠢᠨ ᠤᠷᠢᠬᠤ᠎ᠶ᠋ᠢ ᠬᠡᠷᠡᠭ᠌ᠵᠢᠭᠦᠯᠵᠦ᠍᠂ ᠠᠷᠠᠯᠵᠢᠶᠠᠴᠢᠨ ᠤᠷᠢᠵᠤ ᠪᠡᠯᠡ ᠮᠦᠩᠭᠦ ᠲᠠᠲᠠᠠ ᠠᠪᠴᠢᠷᠠᠬᠤ ᠎ᠶ᠋ᠢ ᠬᠢᠨᠠᠨ ᠱᠢᠯᠭᠠᠬᠤ ᠠᠷᠭ᠎ᠠ ᠪᠠ 《ᠣᠷᠣᠨ ᠠᠯᠤᠰᠯᠠᠭ᠍ᠰᠠᠨ ᠠᠵᠤ ᠠᠬᠤᠢ》᠎ᠶ᠋ᠢ ᠬᠡᠷᠡᠭ᠌ᠵᠢᠭᠦᠯᠬᠦ᠌ ᠲᠥᠰᠦᠯ ᠵᠡᠷᠭᠡ ᠲᠥᠷᠦ᠍᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠲᠣᠭ᠍ᠲᠠᠭᠠᠵᠤ᠂ ᠲᠥᠷᠦᠯ ᠵᠦᠢᠯ᠎ᠦᠨ ᠨᠠᠢᠳᠠᠪᠤᠷᠢᠵᠢᠭᠤᠯᠤᠯᠲᠠ᠎ᠶ᠋ᠢᠨ ᠦᠢᠯᠡᠴᠢᠯᠡᠭᠡ᠎ᠶ᠋ᠢ ᠴᠢᠩᠭᠠᠳᠭᠠᠵᠤ᠂ 《ᠲᠥᠷᠦᠯ ᠵᠦᠢᠯ᠎ᠦᠨ ᠬᠠᠮᠢᠶᠠᠷᠤᠭ᠍ᠴᠢ》 ᠦᠢᠯᠡᠴᠢᠯᠡᠭᠡᠨ᠎ᠦ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ 11 ᠰᠠᠷ᠎ᠠ᠎ᠶ᠋ᠢᠨ ᠰᠡᠭᠦᠯᠴᠢ ᠪᠣᠯᠲᠠᠯ᠎ᠠ ᠪᠦᠬᠦ᠌ ᠬᠣᠲᠠ᠎ᠶ᠋ᠢᠨ ᠮᠢᠩᠭᠠᠨ ᠲᠦᠮᠡᠨ ᠲᠥᠭᠥᠷᠢᠭ᠎ᠡᠴᠡ ᠳᠡᠭᠡᠭ᠌ᠰᠢᠬᠢ ᠠᠷᠠᠯᠵᠢᠶᠠᠴᠢᠨ ᠤᠷᠢᠬᠤ ᠲᠥᠷᠦᠯ ᠵᠦᠢᠯ 180 ᠵᠢ ᠰᠢᠨ᠎ᠡ ᠪᠡᠷ ᠲᠤᠭᠳᠠᠵᠤ᠂ ᠶᠡᠷᠦᠩᠬᠡᠢ ᠭᠡᠷ᠎ᠡ ᠲᠣᠭ᠍ᠲᠠᠭ᠍ᠰᠠᠨ ᠬᠡᠮᠵᠢᠶ᠎ᠡ ᠨᠢ1339 ᠳ᠋ᠦᠩᠱᠢᠭᠤᠷ ᠲᠥᠭᠥᠷᠢᠭ᠎ᠲᠦ ᠬᠦᠷᠴᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠲᠦᠷᠭᠡᠳᠭᠡᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ 》 ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠲᠣᠭ᠍ᠲᠠᠭᠠᠨ ᠬᠡᠷᠡᠭ᠌ᠵᠢᠭᠦᠯᠵᠦ᠍᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ 《ᠬᠤᠤᠰ ᠳᠠᠬᠢᠨ᠎ᠢᠶᠠᠷ ᠨᠡᠮᠡᠭ᠌ᠳᠡᠭᠦᠯᠬᠦ᠌》 ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠰᠤᠳᠤᠯᠤᠨ ᠨᠡᠭᠡᠭᠡᠬᠦ᠌ ᠪᠠᠢᠭᠤᠯᠤᠮᠵᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠪᠴᠠᠩ᠎ᠤᠨ 《ᠬᠤᠤᠰ ᠵᠠᠭᠤᠨ》᠎ᠢ᠋ ᠪᠤᠢᠵᠢᠭᠤᠯᠬᠤ ᠲᠥᠯᠥᠪᠯᠡᠭᠡ᠎ᠶ᠋ᠢ ᠠᠬᠢᠭᠤᠯᠵᠤ᠂ ᠳᠡᠭᠡᠳᠦ ᠱᠢᠨ᠎ᠡ ᠮᠡᠷᠭᠡᠵᠢᠯ᠎ᠦᠨ 23 ᠠᠵᠤ ᠠᠬᠤᠢᠯᠠᠯ᠂ ᠥᠪᠡᠷᠲᠡᠭᠡᠨ ᠵᠠᠰᠠᠬᠤ ᠣᠷᠣᠨ᠎ᠤ 9 ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠢ ᠭᠤᠤᠯᠳᠠᠯᠭ᠎ᠠ᠎ᠲᠠᠶ ᠲᠡᠳᠬᠦᠨ ᠪᠣᠢᠵᠢᠭᠤᠯᠬᠤ᠎ᠶ᠋ᠢᠨ ᠬᠠᠮᠲᠤ ᠭᠤᠶᠤᠴᠢᠯᠠᠨ ᠮᠡᠳᠡᠭᠦᠯᠵᠦ᠍᠂ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠯᠡᠩ ᠲᠣᠭᠣᠷᠢᠭ ᠂ ᠤᠯᠤᠰ᠎ᠤᠨ ᠣᠲᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠶ᠋ᠯᠡᠰ᠎ᠦᠨ ᠬᠦᠷᠢᠶᠡᠯᠡᠩ᠎ᠢ ᠱᠢᠯᠭᠠᠨ ᠠᠪᠬᠤ᠎ᠳ᠋ᠤ ᠬᠢᠷᠢ ᠲᠡᠩᠴᠡᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭ᠌ᠰᠢᠬᠢ ᠰᠤᠳᠤᠯᠤᠨ ᠨᠡᠭᠡᠭᠡᠬᠦ᠌ ᠲᠠᠪᠴᠠᠩ 201 ᠪᠤᠯᠪᠠ᠃

ᠡᠨᠡ ᠨᠢᠭᠡ ᠵᠢᠯ᠎ᠳᠦ᠂ ᠲᠦᠩᠯᠢᠶᠣᠤ ᠬᠣᠲᠠ ᠥᠪᠡᠷᠲᠡᠭᠡᠨ ᠵᠠᠰᠠᠬᠤ ᠣᠷᠣᠨ᠎ᠤ ᠥᠪᠥᠷ ᠮᠣᠩᠭᠣᠯ᠎ᠤᠨ ᠵᠡᠭᠦᠨ ᠪᠡᠶ᠎ᠡ᠎ᠶ᠋ᠢᠨ 《ᠬᠤᠤᠰ ᠣᠳᠣᠨ ᠣᠷᠣᠨ》᠎ᠤ᠋ ᠣᠷᠣᠨ ᠪᠦᠰᠡ᠎ᠶ᠋ᠢᠨ ᠲᠥᠪ ᠬᠣᠲᠠ᠎ᠶ᠋ᠢ ᠪᠥᠲᠥᠭᠡᠨ ᠪᠠᠢᠭᠤᠯᠬᠤ ᠠᠵᠢᠯ᠎ᠤᠨ ᠱᠠᠭᠠᠷᠳᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠲᠦᠩᠯᠢᠶᠣᠤ᠂ ᠤᠯᠠᠭᠠᠨᠬᠠᠳᠠ᠎ᠶ᠋ᠢᠨ ᠬᠠᠮᠵᠢᠯᠴᠠᠨ ᠬᠥᠭ᠌ᠵᠢᠬᠦ᠌ ᠰᠠᠨᠠᠭᠤᠯᠤᠮᠵᠢ᠎ᠶ᠋ᠢᠨ ᠪᠢᠴᠢᠭ᠎ᠲᠦ ᠭᠠᠷ᠎ᠤᠨ ᠥᠰᠥᠭ ᠵᠢᠷᠤᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠤᠷᠰᠢᠯᠴᠠᠨ ᠬᠠᠮᠲᠤ᠎ᠪᠠᠷ ᠵᠠᠰᠠᠬᠤ᠂ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠬᠠᠷᠢᠯᠴᠠᠨ ᠠᠬᠢᠭᠤᠯᠵᠤ ᠬᠠᠮᠲᠤ᠎ᠪᠠᠷ ᠲᠠᠪᠰᠢᠬᠤ᠂ ᠰᠠᠭᠤᠷᠢ ᠲᠦᠬᠦᠭᠡᠷᠤᠮᠵᠢ ᠪᠠᠷ ᠬᠠᠷᠢᠯᠴᠠᠨ ᠬᠣᠯᠪᠣᠭᠠᠯᠠᠵᠤ ᠬᠠᠮᠲᠤ᠎ᠪᠠᠷ ᠪᠠᠢᠭᠤᠯᠬᠤ᠂ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠬᠠᠷᠢᠯᠴᠠᠨ ᠨᠡᠪᠲᠡᠷᠡᠭᠦᠯᠵᠦ᠍ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠪᠠ᠃ ᠬᠣᠲᠠ᠎ᠶ᠋ᠢᠨ ᠴᠢᠳᠠᠮᠵᠢ᠎ᠶ᠋ᠢᠨ ᠴᠢᠨᠠᠷ ᠴᠢᠨᠰᠠᠭ᠎ᠠ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠥᠷᠢᠰᠦᠯᠳᠦᠬᠦ᠌ ᠬᠦᠴᠦᠨ᠂ ᠬᠣᠲᠠ᠎ᠶ᠋ᠢᠨ ᠶᠠᠪᠤᠳᠠᠯ᠎ᠤᠨ ᠰᠠᠭᠤᠷᠢ ᠲᠤᠯᠭᠠᠭᠤᠷᠢᠯᠠᠬᠤ ᠬᠦᠴᠦᠨ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠬᠠᠩᠭᠠᠯᠭ᠎ᠠ᠎ᠶ᠋ᠢᠨ ᠬᠦᠴᠦᠨ᠎ᠢ ᠬᠦᠴᠦᠯᠡᠨ ᠳᠡᠭᠡᠭ᠌ᠰᠢᠯᠡᠭᠦᠯᠦᠠ᠂ ᠬᠣᠲᠠ᠎ᠶ᠋ᠢᠨ ᠬᠥᠭ᠌ᠵᠢᠯᠲᠡ᠎ᠶ᠋ᠢᠨ ᠪᠦᠯᠦᠭ᠌ᠯᠡᠯ᠎ᠢ ᠪᠠᠢᠭᠤᠯᠵᠦ᠂ ᠬᠣᠲᠠ᠎ᠶ᠋ᠢᠨ ᠱᠢᠨᠡᠴᠢᠯᠡᠯᠲᠡ᠎ᠶ᠋ᠢ ᠢᠳᠡᠪᠬᠢᠲᠡᠢ ᠠᠬᠢᠭᠤᠯᠤᠨ᠂ ᠬᠣᠲᠠ᠎ᠶ᠋ᠢᠨ ᠪᠡᠶ᠎ᠡ᠎ᠶ᠋ᠢᠨ ᠪᠠᠢᠴᠠᠭᠠᠯᠲᠠ᠎ᠶ᠋ᠢᠨ ᠲᠤᠷᠱᠢᠯᠲᠠ᠎ᠶ᠋ᠢᠨ ᠠᠵᠢᠯ᠎ᠢ ᠥᠷᠨᠢᠭᠦᠯᠵᠦ᠂ 1086 ᠢᠵᠢ ᠳᠥᠭᠥᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠤᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠤᠨ᠂ 181 ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠪᠠᠢᠭᠤᠯᠵᠦ᠂ ᠬᠣᠲᠠ᠎ᠶ᠋ᠢᠨ ᠡᠮᠨᠡᠯᠭᠡ᠎ᠶ᠋ᠢᠨ ᠬᠣᠷᠢᠶᠠᠨ᠎ᠤ ᠱᠢᠨ᠎ᠡ ᠬᠦᠷᠢᠶ᠎ᠡ᠂ ᠨᠣᠮ᠎ᠤᠨ ᠰᠠᠩ᠂ ᠱᠢᠨᠵᠢᠯᠡᠬᠦ ᠤᠬᠠᠭᠠᠠ ᠲᠧᠭ᠌ᠨᠢᠭ ᠮᠡᠷᠭᠡᠵᠢᠯ᠎ᠦᠨ ᠣᠷᠳᠣᠨ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠱᠢᠨ᠎ᠡ ᠰᠤᠷᠭᠠᠭᠤᠯᠢ᠎ᠶ᠋ᠢᠨ ᠲᠣᠭᠣᠷᠢᠭ ᠪᠠ ᠨᠢᠭᠡ ᠪᠦᠯᠦᠭ ᠰᠤᠷᠭᠠᠭᠤᠯᠢ᠂ ᠬᠡᠦᠬᠡᠳ᠎ᠦᠨ ᠴᠡᠴᠡᠷᠯᠢᠭ ᠵᠡᠷᠭᠡ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠥᠬᠥᠭᠡᠷᠦᠮᠵᠢ᠎ᠶ᠋ᠢ ᠲᠦᠷᠭᠡᠠ ᠪᠠᠢᠭᠤᠯᠵᠤ᠂ ᠳᠡᠭᠡᠲᠦ ᠲᠡᠰ᠎ᠤᠨ ᠲᠣᠨᠣᠭ᠍ᠯᠠᠯ ᠦᠢᠯᠡᠳᠬᠦ᠌ ᠠᠵᠤ ᠦᠢᠯᠡᠰ᠎ᠦᠨ ᠬᠦᠷᠢᠶᠡᠯᠡᠩ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠬᠦᠷᠢᠶᠡᠯᠡᠩ ᠪᠠ ᠪᠠᠷᠠᠭᠠᠨ᠎ᠤ ᠭᠦᠶ᠋ᠯᠭᠡᠭᠡᠨ᠎ᠦ ᠬᠦᠷᠢᠶᠡᠯᠡᠩ ᠲᠣᠭᠣᠷᠢᠭ᠂ ᠵᠢᠷᠭᠤᠭᠠᠨ ᠶᠡᠬᠡ ᠬᠤᠳᠠᠯᠳᠤᠭᠠᠨ᠎ᠤ ᠲᠣᠭᠣᠷᠢᠭ᠎ᠤᠨ ᠪᠦᠲᠦᠭᠡᠨ ᠪᠠᠢᠭᠤᠯᠤᠯᠲᠠ ᠵᠢ ᠠᠬᠢᠭᠤᠯᠵᠦ᠂ ᠪᠦᠬᠦ᠌ ᠤᠯᠤᠰ᠎ᠤᠨ ᠪᠣᠯᠪᠠᠰᠤᠨ ᠬᠣᠲᠠ᠂ ᠤᠯᠤᠰ᠎ᠤᠨ ᠡᠷᠡᠭᠦᠯ ᠬᠠᠮᠠᠭᠠᠯᠠᠯ᠎ᠤᠨ ᠬᠣᠲᠠ᠎ᠶ᠋ᠢᠨ ᠫᠠᠢᠰᠠ᠎ᠶ᠋ᠢ ᠠᠮᠵᠢᠯᠲᠠ᠎ᠲᠠᠶ ᠰᠡᠷᠭᠦᠭᠡᠪᠡ᠃

ᠡᠨᠡ ᠨᠢᠭᠡ ᠵᠢᠯ᠎ᠳᠦ ᠂ ᠲᠦᠩᠯᠢᠶᠣᠤ ᠬᠣᠲᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠬᠦᠴᠦᠨ᠎ᠢᠶᠡᠷ ᠵᠢᠨᠨ ᠠᠬᠢᠭᠤᠯᠵᠤ᠂ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠲᠤᠰᠭᠠᠶ ᠠᠵᠢᠯᠯᠠᠭ᠎ᠠ᠎ᠶ᠋ᠢᠨ ᠲᠥᠰᠦᠯ᠎ᠢ ᠰᠤᠳᠤᠯᠤᠨ ᠨᠡᠢᠲᠡᠯᠡᠵᠦ᠍᠂ 10 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠭᠦᠨᠵᠡᠭᠡᠶ ᠠᠬᠢᠭᠤᠯᠵᠤ ᠂ ᠮᠠᠯᠵᠢᠬᠤ ᠲᠠᠷᠢᠶᠠᠯᠠᠬᠤ ᠣᠷᠣᠨ᠎ᠤ 1735 ᠡᠷᠦᠬᠡ᠎ᠶ᠋ᠢᠨ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠵᠠᠰᠠᠵᠤ᠂ ᠬᠥᠳᠡᠭᠡ ᠲᠣᠰᠭᠣᠨ᠎ᠢ ᠨᠣᠭᠣᠭᠠᠷᠠᠭᠤᠯᠵᠤ ᠭᠤᠶᠤᠵᠢᠭᠤᠯᠬᠤ ᠵᠢᠱ᠌ᠢᠶ᠎ᠡ ᠦᠵᠡᠭᠦᠯᠬᠦ᠌ 100 ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠦᠬᠦᠨ᠎ᠢ ᠪᠡᠶᠡᠯᠡᠭᠦᠯᠪᠡ᠃ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠵᠢ ᠪᠦᠲᠦᠮᠵᠢᠲᠡᠶ ᠵᠣᠯᠭᠠᠭᠤᠯᠵᠤ᠂ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠢᠨᠠᠨ ᠭᠡᠮᠵᠢᠯᠳᠠ  ᠪᠠ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ 13.4 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠨ ᠶᠠᠳᠠᠭᠤ᠎ᠠᠴᠠ ᠠᠩᠭᠢᠵᠢᠷᠠᠬᠰᠠᠨ ᠭᠠᠵᠠᠷ ᠣᠷᠣᠨ᠎ᠤ ᠣᠨᠴᠠᠯᠢᠭ᠍ᠲᠤ ᠠᠵᠤ ᠦᠶ᠋ᠯᠡᠰ᠎ᠦᠨ ᠬᠥᠭ᠌ᠵᠢᠯᠲᠡ᠎ᠶ᠋ᠢ ᠭᠤᠤᠯᠳᠠᠯᠭ᠎ᠠ᠎ᠲᠠᠶ ᠳᠡᠮᠵᠢᠵᠦ᠍᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠪᠠ ᠠᠵᠢᠯ ᠲᠥᠷᠥᠯ᠎ᠢᠶᠡᠷ᠎ᠢᠶᠡᠨ ᠬᠠᠪᠰᠤᠷᠤᠨ ᠲᠡᠳᠬᠦᠬᠦ᠌᠎ᠶ᠋ᠢ ᠭᠦᠨᠵᠡᠭᠡᠢᠷᠡᠭᠦᠯᠵᠦ᠂ ᠪᠥᠬᠥ᠌ ᠬᠣᠲᠠ᠎ᠳᠤ  ᠲᠣᠰᠭᠣᠨ᠎ᠳᠤ ᠰᠠᠭᠤᠬᠤ 840 ᠠᠵᠢᠯᠯᠠᠬᠤ ᠠᠩᠭᠢ᠂ 1816 ᠺᠠᠳ᠋ᠷ᠎ᠢ ᠰᠣᠩᠭᠣᠨ ᠲᠣᠮᠢᠯᠠᠵᠤ ᠲᠣᠰᠭᠣᠨ᠎ᠳᠤ ᠰᠠᠭᠤᠯᠭᠠᠨ ᠬᠠᠪᠰᠤᠷᠤᠨ ᠲᠡᠳᠬᠦᠭᠦᠯᠵᠠᠢ᠃

ᠡᠨᠡ ᠨᠢᠭᠡ ᠵᠢᠯ᠎ᠳᠦ᠂ ᠲᠦᠩᠯᠢᠶᠣᠤ ᠬᠣᠲᠠ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠦᠨᠡᠨ ᠬᠦ᠌ ᠴᠢᠩᠭᠠᠷᠠᠭᠤᠯᠵᠤ ᠠᠷᠠᠳ ᠲᠦᠮᠡᠨ᠎ᠢ ᠳᠡᠭᠡᠳᠦᠯᠡᠬᠦ᠌ ᠣᠢᠯᠠᠭᠠᠭ᠍ᠳᠠᠬᠤᠨ᠎ᠢ ᠢᠮᠠᠭ᠍ᠲᠠ ᠪᠠᠷᠢᠮᠲᠠᠯᠠᠵᠤ᠂ ᠠᠷᠠᠳ ᠤ᠋ᠨ ᠠᠮᠢᠳᠤᠷᠠᠯ ᠤ᠋ᠨ ᠦᠢᠯᠡᠰ ᠢ᠋ ᠰᠡᠳᠬᠢᠯ ᠲᠠᠯᠪᠢᠨ ᠬᠦᠴᠦ ᠤᠷᠤᠭᠤᠯᠤᠨ ᠰᠠᠢᠳᠤᠷ ᠬᠢᠵᠦ᠂ ᠠᠷᠠᠳ ᠲᠦᠮᠡᠨ ᠤ᠋ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠪᠠ᠃ ᠨᠢᠳᠤᠨᠤᠨ᠎ᠤ 11 ᠳ᠋ᠤᠭᠡᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠬᠣᠲᠠ ᠪᠠᠯᠭᠠᠰᠤᠨ᠎ᠤ 10721 ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠣᠨ᠎ᠤ ᠡᠭᠦᠷᠭᠡ᠎ᠶ᠋ᠢᠨ᠎ᠢᠶᠡᠨ 97.5% ᠎ᠶ᠋ᠢ ᠪᠡᠶᠡᠯᠡᠭᠦᠯᠵᠦ᠍᠂ ᠬᠣᠲᠠ ᠪᠠᠯᠭᠠᠰᠤᠨ᠎ᠤ ᠳᠠᠩᠰᠠᠯᠠᠭᠤᠯᠤᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ ᠨᠢ ᠬᠢᠵᠠᠭᠠᠷᠯᠠᠬᠤ ᠬᠠᠷᠠᠯᠲᠠ᠎ᠡᠴᠡ ᠵᠠᠭᠤᠨ᠎ᠤ ᠬᠤᠪᠢ ᠪᠡᠷ 0.36 ᠬᠤᠪᠢ ᠳᠤᠤᠷ᠎ᠠ ᠪᠠᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠨ 1.4 ᠲᠦᠮᠡᠨ ᠬᠥᠮᠦᠨ᠎ᠳᠦ ᠠᠵᠢᠯ ᠣᠯᠭᠣᠵᠤ᠂ ᠣᠨ᠎ᠤ ᠡᠭᠦᠷᠭᠡ᠎ᠶ᠋ᠢᠨ᠎ᠢᠶᠡᠨ 95%᠎ᠶ᠋ᠢ ᠪᠡᠶᠡᠯᠡᠭᠦᠯᠵᠦ᠍᠂ 34 ᠲᠦᠮᠡᠨ ᠮᠠᠯᠴᠢᠨ ᠲᠠᠷᠢᠶᠠᠴᠢᠨ᠎ᠢ ᠲᠣᠭ᠍ᠲᠠᠭᠤᠨ᠎ᠢᠶᠠᠷ ᠱᠢᠯᠵᠢᠭᠦᠯᠦᠨ ᠠᠵᠢᠯ ᠣᠯᠭᠣᠵᠤ᠂ ᠣᠨ᠎ᠤ ᠡᠭᠦᠷᠭᠡ᠎ᠶ᠋ᠢᠨ᠎ᠢᠶᠡᠨ 86% ᠎ᠶ᠋ᠢ ᠪᠡᠶᠡᠯᠡᠭᠦᠯᠪᠡ᠃ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠪᠦᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶ᠋ᠢ ᠬᠡᠷᠡᠭ᠌ᠵᠢᠭᠦᠯᠦᠨ᠂ ᠲᠦᠷ ᠴᠠᠭ᠎ᠤᠨ ᠠᠪᠤᠷᠠᠨ ᠲᠤᠰᠠᠯᠠᠬᠤ ᠬᠠᠮᠤᠭ ᠥᠨᠳᠥᠷ ᠪᠠᠷᠢᠮᠵᠢᠶ᠎ᠠ᠎ᠶ᠋ᠢ 2 ᠲᠦᠮᠡᠨ ᠲᠥᠭᠥᠷᠢᠭ ᠪᠠᠢᠭ᠍ᠰᠠᠨ᠎ᠡᠴᠡ 5 ᠲᠦᠮᠡᠨ ᠲᠥᠭᠥᠷᠢᠭ ᠪᠣᠯᠭᠠᠨ ᠳᠡᠭᠡᠭ᠌ᠰᠢᠯᠡᠭᠦᠯᠵᠦ᠍᠂ 30 ᠰᠠᠭᠤᠷᠢ ᠭᠡᠷ᠎ᠲᠡᠬᠡᠨ ᠪᠠ ᠨᠡᠢᠭᠡᠮ ᠲᠤᠭᠤᠷᠢᠭ ᠤ᠋ᠨ ᠨᠠᠰᠤᠲᠠᠢᠴᠤᠳ᠎ᠢ ᠠᠰᠠᠷᠠᠬᠤ ᠦᠢᠯᠡᠴᠢᠯᠡᠭᠡᠨ᠎ᠦ ᠪᠠᠢᠭᠤᠯᠤᠮᠵᠢ᠎ᠶ᠋ᠢ ᠥᠨᠳᠥᠷ ᠪᠠᠷᠢᠮᠵᠢᠶ᠎ᠠ᠎ᠪᠠᠷ ᠪᠠᠢᠭᠤᠯᠵᠤ᠂ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠢ ᠬᠣᠲᠠ ᠬᠥᠳᠡᠭᠡ᠎ᠶ᠋ᠢᠨ ᠬᠥᠮᠦᠨ ᠠᠮᠠ ᠪᠦᠬᠦᠨ᠎ᠳᠦ ᠪᠦᠷᠬᠦᠭᠦᠯᠪᠡ᠃ ᠠᠷᠠᠳ ᠲᠦᠮᠡᠨ᠎ᠦ ᠰᠡᠳᠭᠢᠯ ᠬᠠᠨᠤᠮᠵᠢᠲᠠᠶ ᠰᠤᠷᠭᠠᠨ ᠬᠥᠮᠦᠵᠢᠯ᠎ᠢ ᠰᠠᠢᠲᠤᠷ ᠡᠷᠭᠢᠯᠡᠵᠦ᠍᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ《ᠬᠤᠶᠠᠷ ᠢ᠋ ᠬᠦᠩᠭᠡᠷᠡᠭᠦᠯᠬᠦ》 ᠲᠥᠷᠥ᠎ᠶ᠋ᠢᠨ ᠪᠣᠳᠣᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠤᠨ᠂ 304 ᠰᠤᠷᠭᠠᠭᠤᠯᠢ᠎ᠶ᠋ᠢᠨ ᠭᠠᠳᠠᠨᠠᠬᠢ ᠪᠤᠯᠪᠠᠰᠤᠷᠠᠯ᠎ᠤᠨ ᠪᠠᠢᠭᠤᠯᠤᠮᠵᠢ᠎ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠪᠡ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠭᠤᠷᠠᠢ ᠭᠣᠭ᠍ᠴᠣᠭ᠎ᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠠᠯᠪᠠᠨ᠎ᠡᠴᠡ ᠡᠷᠬᠢᠯᠡᠭ᠌ᠰᠡᠨ 13 ᠬᠡᠦᠬᠡᠳ᠎ᠦᠨ ᠴᠡᠴᠡᠷᠯᠢᠭ ᠢ᠋ ᠱᠢᠨ᠎ᠡ᠎ᠪᠡᠷ ᠪᠠᠢᠭᠤᠯᠬᠤ ᠪᠤᠶᠤ ᠦᠷᠭᠦᠯᠵᠢᠯᠡᠨ ᠪᠠᠢᠭᠤᠯᠵᠤ᠂ ᠪᠦᠬᠦ᠌ ᠬᠣᠲᠠ᠎ᠶ᠋ᠢᠨ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠬᠡᠦᠬᠡᠳ᠎ᠦᠨ ᠴᠡᠴᠡᠷᠯᠢᠭ᠎ᠤᠨ ᠪᠦᠷᠬᠦᠯᠲᠡ᠎ᠶ᠋ᠢᠨ ᠨᠣᠷᠮ᠎ᠠ 82.66 % ᠳ᠋ᠤ ᠬᠦᠷᠴᠦ᠍᠂ ᠪᠦᠬᠦ᠌ ᠬᠣᠲᠠ᠎ᠶ᠋ᠢᠨ ᠬᠡᠪᠴᠢᠶᠡᠨ᠎ᠳᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤ ᠦᠶ᠎ᠡ᠎ᠶ᠋ᠢᠨ 《ᠢᠯᠡ᠎ᠪᠡᠷ ᠰᠤᠷᠤᠭ᠍ᠴᠢ ᠡᠯᠰᠡᠬᠦ᠌》᠂ 《ᠲᠡᠩᠴᠡᠭᠦᠷᠢᠲᠡᠢ᠎ᠪᠡᠷ ᠠᠩᠭᠢ ᠬᠤᠪᠢᠶᠠᠬᠤ》 ᠎ᠶ᠋ᠢ ᠬᠡᠷᠡᠭ᠌ᠵᠢᠭᠦᠯᠪᠡ᠃ ᠡᠷᠡᠭᠦᠯ ᠡᠩᠬᠡ ᠲᠦᠩᠯᠢᠶᠣᠤ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂《ᠭᠤᠷᠪᠠᠨ ᠡᠮᠴᠢᠯᠡᠭᠡ》᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠬᠣᠲᠠ᠎ᠶ᠋ᠢᠨ 3 ᠡᠮᠴᠢᠯᠡᠭᠡᠨ᠎ᠦ ᠪᠦᠯᠦᠭ᠌ᠯᠡᠯ᠂ ᠱᠢᠶᠠᠨ᠎ᠤ ᠬᠡᠪᠴᠢᠶᠡᠨ᠎ᠦ 21 ᠡᠮᠴᠢᠯᠡᠭᠡᠨ᠎ᠦ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠵᠤ᠂ 37 ᠲᠦᠷᠭᠡᠨ ᠠᠪᠤᠷᠠᠯᠳᠠ᠎ᠶ᠋ᠢᠨ ᠬᠤᠪᠢᠶᠠᠷᠢ ᠥᠷᠲᠡᠭᠡ᠎ᠶ᠋ᠢ ᠪᠠᠢᠭᠤᠯᠵᠤ᠂ ᠬᠣᠲᠠ ᠪᠠᠯᠭᠠᠰᠤ᠎ᠶ᠋ᠢᠨ《20 ᠮᠢᠨᠦ᠋ᠲ᠎ᠦᠨ ᠲᠦᠷᠭᠡᠨ ᠠᠪᠤᠷᠠᠯᠳᠠ᠎ᠶ᠋ᠢᠨ ᠲᠣᠭᠣᠷᠢᠭ》 ᠪᠠ ᠬᠥᠳᠡᠭᠡ ᠲᠣᠰᠭᠣᠨ᠎ᠤ《30 ᠮᠢᠨᠦ᠋ᠲ᠎ᠦᠨ ᠲᠦᠷᠭᠡᠨ ᠠᠪᠤᠷᠠᠯᠳᠠ᠎ᠶ᠋ᠢᠨ ᠲᠣᠭᠣᠷᠢᠭ》᠎ᠢ᠋ ᠦᠨᠳᠦᠰᠦᠨ᠎ᠳᠡᠭᠡᠨ ᠪᠠᠢᠭᠤᠯᠵᠤ᠂ ᠦᠨᠳᠦᠰᠦᠨ ᠡᠮ ᠡᠮᠨᠡᠯᠬᠡᠨ᠎ᠦ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ᠎ᠶ᠋ᠢ 95% ᠎ᠡᠴᠡ ᠳᠡᠭᠡᠭ᠌ᠰᠢ᠎ᠳᠦ ᠬᠦᠷᠭᠡᠪᠡ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ᠎ᠶ᠋ᠢ ᠰᠠᠢᠲᠤᠷ ᠠᠳᠭᠤᠵᠤ᠂ ᠠᠵᠢᠯ᠎ᠤᠨ ᠬᠠᠷᠢᠭᠤᠴᠠᠯᠭ᠎ᠠ ᠪᠠ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠮᠠᠨᠵᠤᠤᠷ᠎ᠤᠨ ᠬᠤᠯᠪᠤᠭᠳᠠᠯ ᠬᠠᠮᠢᠶ᠎ᠠ ᠪᠥᠬᠥᠶ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠬᠢᠵᠢᠭ᠎ᠦᠨ ᠪᠠᠢᠳᠠᠯ ᠳᠠᠷᠬᠠᠨ ᠳᠡᠯᠭᠡᠷᠡᠬᠦ᠌᠎ᠶ᠋ᠢ ᠴᠠᠭ ᠲᠤᠬᠠᠶ᠎ᠳᠤᠨᠢ ᠪᠦᠲᠦᠮᠵᠢᠲᠡᠶ ᠬᠢᠵᠠᠭᠠᠷᠯᠠᠵᠤ᠂ ᠪᠥᠬᠥ᠌ ᠬᠣᠲᠠ᠎ᠶ᠋ᠢᠨ ᠪᠥᠭᠡᠮ ᠬᠦᠴᠢᠯ᠎ᠦᠨ ᠪᠠᠢᠴᠠᠭᠠᠯᠳᠠ ᠵᠢᠨ ᠪᠠᠢᠭᠤᠯᠤᠮᠵᠢ᠎ᠶ᠋ᠢ 39 ᠪᠣᠯᠭᠠᠨ ᠨᠡᠮᠡᠭ᠌ᠳᠡᠭᠦᠯᠵᠦ᠍᠂ ᠱᠢᠨ᠎ᠡ ᠲᠢᠲᠢᠮᠯᠢᠭ᠎ᠦᠨ ᠸᠠᠺᠼᠢᠨ᠎ᠢ ᠨᠡᠢᠲᠡ 500 ᠲᠦᠮᠡᠨ ᠤᠳᠠᠭ᠎ᠠ ᠳᠠᠷᠢᠪᠠ᠃

ᠡᠨᠡ ᠨᠢᠭᠡ ᠵᠢᠯ᠎ᠳᠦ᠂ ᠲᠦᠩᠯᠢᠶᠣᠤ ᠬᠣᠲᠠ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠪᠥᠬᠥ᠌ ᠲᠠᠯ᠎ᠠ᠎ᠪᠠᠷ ᠰᠡᠷᠭᠦᠭᠡᠨ ᠴᠡᠪᠡᠷᠱᠢᠭᠦᠯᠵᠦ᠍᠂ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠣᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠶ᠋ᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠪᠠ᠃ ᠬᠡᠷᠡᠭ᠎ᠢᠶᠡᠷ ᠰᠠᠢᠵᠢᠷᠠᠭᠤᠯᠤᠯᠳᠠ᠎ᠶ᠋ᠢ ᠠᠬᠢᠭᠤᠯᠵᠤ ᠤᠯᠤᠰ ᠲᠥᠷᠥ᠎ᠶ᠋ᠢᠨ ᠠᠮᠢ ᠠᠬᠤᠶ᠎ᠶ᠋ᠢ ᠪᠥᠬᠥ᠌ ᠲᠠᠯ᠎ᠠ᠎ᠪᠠᠷ ᠰᠡᠷᠭᠦᠭᠡᠨ ᠴᠡᠪᠡᠷᠱᠢᠭᠦᠯᠬᠦ᠌ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠪᠡ᠃ ᠡᠷᠡᠰ ᠭᠤᠢᠪᠢᠰᠢ ᠥᠬᠡᠶ᠎ᠪᠡᠷ ᠬᠡᠷᠡᠭ᠎ᠢᠶᠡᠷ ᠰᠠᠢᠵᠢᠷᠠᠭᠤᠯᠤᠯᠳᠠ᠎ᠶ᠋ᠢ ᠠᠬᠢᠭᠤᠯᠵᠤ᠂ ᠬᠡᠷᠡᠭ᠎ᠢᠶᠡᠷ ᠪᠠᠢᠭᠤᠯᠤᠯᠲᠠ᠎ᠶ᠋ᠢ ᠠᠬᠢᠭᠤᠯᠵᠤ᠂ ᠬᠡᠷᠡᠭ᠎ᠢᠶᠡᠷ ᠵᠠᠰᠠᠯᠲᠠ᠎ᠶ᠋ᠢ ᠠᠬᠢᠭᠤᠯᠵᠤ᠂ ᠲᠤᠰᠭᠠᠶ ᠠᠵᠢᠯᠯᠠᠭ᠎ᠠ᠎ᠶ᠋ᠢᠨ ᠳᠠᠢᠴᠢᠯᠠᠯᠲᠠ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ᠂ ᠲᠤᠰᠭᠠᠶ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠰᠠᠨᠠᠯ ᠪᠠ 6 ᠲᠤᠰᠭᠠᠶ ᠲᠥᠰᠦᠯ᠎ᠢ ᠲᠣᠭ᠍ᠲᠠᠭᠠᠵᠤ᠂ ᠠᠵᠢᠯ᠎ᠤᠨ ᠲᠤᠰᠭᠠᠶ ᠠᠩᠭᠢ ᠭᠠᠷᠭᠠᠵᠤ ᠲᠤᠰᠭᠠᠶ ᠬᠠᠷᠢᠭᠤᠴᠠᠭᠤᠯᠤᠨ ᠠᠬᠢᠭᠤᠯᠵᠤ᠂ ᠲᠠᠪᠤᠨ ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ ᠪᠠ ᠮᠥᠩᠭᠥᠨ ᠭᠦᠶ᠋ᠯᠭᠡᠭᠡᠨ᠎ᠦ ᠬᠦᠷᠢᠶᠡᠨ᠎ᠳᠡᠬᠢ ᠲᠤᠰᠭᠠᠶ ᠴᠡᠭ᠌ᠴᠡᠯᠡᠨ ᠵᠠᠰᠠᠯᠲᠠ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠥᠩᠭᠡᠨ ᠲᠠᠯ᠎ᠠ ᠪᠠ ᠦᠨᠳᠦᠰᠦ ᠡᠴᠡ ᠵᠠᠰᠠᠵᠤ ᠪᠠᠢᠭᠠᠳ ᠤᠯᠤᠰ ᠲᠥᠷᠥ᠎ᠶ᠋ᠢᠨ ᠠᠮᠢ ᠠᠬᠤᠶ᠎ᠶ᠋ᠢ ᠳᠠᠬᠢᠨ ᠱᠤᠭᠤᠵᠤ᠂ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠪᠡ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ 《ᠲᠠᠪᠤ᠎ᠶ᠋ᠢ ᠬᠠᠮᠵᠢᠯᠴᠠᠭᠤᠯᠬᠤ᠂ ᠦᠨᠳᠦᠰᠦᠨ ᠱᠠᠲᠤ᠎ᠶ᠋ᠢ ᠶᠡᠬᠡ ᠪᠡᠷ ᠠᠳᠭᠤᠬᠤ》᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠡᠯ᠎ᠡ ᠬᠦᠷᠢᠶᠡᠨ᠎ᠦ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠴᠢᠩᠭᠠᠳᠭᠠᠵᠤ᠂《ᠲᠠᠪᠤᠨ ᠤᠯᠠᠭᠠᠨ ᠲᠤᠭ》 ᠪᠠ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠎ᠢ᠋ ᠡᠭᠦᠳᠦᠨ ᠪᠠᠢᠭᠤᠯᠬᠤ ᠠᠵᠢᠯ᠎ᠢ ᠠᠬᠢᠭᠤᠯᠵᠤ᠂ ᠳᠤᠷᠤᠢ ᠪᠠᠭᠤᠷᠠᠢ ᠰᠤᠯᠠ ᠵᠠᠳᠠᠭᠠᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠴᠡᠭ᠌ᠴᠡᠯᠡᠵᠦ᠍᠂ ᠥᠨᠳᠥᠷ ᠬᠡᠪ ᠪᠣᠯᠪᠠᠰᠤᠷᠠᠯ᠎ᠲᠠᠶ ᠺᠠᠳ᠋ᠷ ᠪᠠ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠵᠤ᠂ ᠬᠣᠲᠠ ᠬᠣᠱᠢᠭᠤ ᠪᠠᠯᠭᠠᠰᠤᠨ᠎ᠤ ᠨᠠᠮ᠎ᠤᠨ ᠬᠣᠷᠢᠶ᠎ᠠ ᠪᠠ ᠭᠠᠴᠠᠭ᠎ᠠ ᠲᠣᠰᠭᠣᠨ᠂ ᠨᠡᠢᠭᠡᠮ ᠲᠣᠭᠣᠷᠢᠭ᠎ᠤᠨ 《ᠬᠣᠶᠠᠷ ᠵᠥᠪᠯᠡᠯ》 ᠎ᠤ᠋ᠨ ᠬᠤᠭᠤᠴᠠᠭ᠎ᠠ ᠰᠣᠯᠢᠬᠤ ᠠᠵᠢᠯ᠎ᠢ ᠤᠷᠤᠭ᠍ᠰᠢᠲᠠᠢ ᠪᠡᠶᠡᠯᠡᠭᠦᠯᠪᠡ᠃ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠌᠎ᠶ᠋ᠢ ᠱᠢᠨᠲᠠᠷᠠᠰᠢ ᠦᠭᠡᠢ ᠪᠠᠷᠢᠮᠲᠠᠯᠠᠨ᠂ ᠢᠯᠵᠠᠷᠠᠯ᠎ᠢ ᠡᠰᠡᠷᠭᠦᠴᠡᠬᠦ᠌ ᠰᠦᠷ ᠬᠦᠴᠦᠳᠦ ᠪᠠᠢᠳᠠᠯ᠎ᠢ ᠪᠠᠲᠤᠯᠠᠵᠤ᠂《ᠳᠥᠷᠪᠡᠨ ᠰᠤᠷᠲᠠᠯ》᠎ᠢ᠋ ᠡᠷᠡᠰ ᠵᠠᠯᠠᠷᠠᠭᠤᠯᠤᠨ᠂ ᠣᠳᠣ ᠪᠣᠯᠲᠠᠯ᠎ᠠ ᠪᠦᠬᠦ᠌ ᠬᠣᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ 3458 ᠠᠰᠠᠭᠤᠳᠠᠯ᠎ᠤᠨ ᠰᠦᠪᠡᠭ᠌ᠴᠢ᠎ᠶ᠋ᠢ ᠱᠢᠢᠳᠪᠦᠷᠢᠯᠡᠵᠦ᠍᠂ 976 ᠬᠡᠷᠡᠭ᠎ᠢ ᠬᠡᠷᠡᠭ ᠪᠣᠯᠭᠠᠨ ᠳᠠᠩᠰᠠᠯᠠᠵᠤ᠂ ᠲᠤᠱᠢᠶᠠᠯ᠎ᠤᠨ ᠶᠠᠯᠠᠲᠤ ᠬᠡᠷᠡᠭ᠎ᠲᠦ ᠬᠣᠯᠪᠣᠭ᠍ᠳᠠᠭ᠍ᠰᠠᠨ 99 ᠬᠡᠷᠡᠭ᠎ᠢ ᠪᠠᠢᠴᠠᠭᠠᠨ ᠱᠢᠢᠳᠪᠦᠷᠢᠯᠡᠵᠦ᠍᠂ 53 ᠬᠥᠮᠦᠨ᠎ᠢ ᠪᠠᠢᠴᠠᠭᠠᠬᠤ ᠪᠠᠢᠭᠤᠯᠭ᠎ᠠ᠎ᠳᠤ ᠬᠢᠨᠠᠨ ᠪᠠᠢᠴᠠᠭᠠᠯᠭᠠᠵᠤ ᠵᠠᠭᠠᠯᠳᠤᠭᠤᠯᠬᠤ᠎ᠪᠠᠷ ᠱᠢᠯᠵᠢᠭᠦᠯᠦᠨ ᠬᠦᠷᠭᠡᠵᠡᠢ᠃

ᠲᠦᠩᠯᠢᠶᠣᠤ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ 《ᠳᠥᠷᠪᠡᠨ ᠤᠬᠠᠮᠰᠠᠷ》ᠵᠢᠡᠨ ᠦᠨᠡᠨ ᠬᠦ᠌ ᠴᠢᠩᠭᠠᠳᠭᠠᠵᠤ᠂ 《ᠳᠥᠷᠪᠡᠨ ᠢᠲᠡᠭᠡᠯ》 ᠵᠢᠡᠨ  ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠪᠥᠬᠥ᠌ ᠬᠣᠲᠠ᠎ᠶ᠋ᠢᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠣᠲᠠ᠎ᠶ᠋ᠢ ᠲᠦᠷᠭᠡᠳᠭᠡᠨ ᠪᠥᠲᠥᠭᠡᠨ ᠪᠠᠢᠭᠤᠯᠵᠤ᠂ ᠱᠢᠨ᠎ᠡ ᠠᠶᠠᠨ ᠵᠠᠮ᠎ᠳᠤ ᠲᠦᠩᠯᠢᠶᠣᠤ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠤ ᠪᠠᠢᠨᠠᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号