ᠨᠠᠮ ᠤ᠋ᠨ ᠲᠡᠦᠬᠡ ᠢ᠋ᠢᠨ ᠰᠤᠷᠤᠯᠴᠠᠯᠭ᠎ᠠ ᠬᠦᠮᠦᠵᠢᠯ ᠤ᠋ᠨ ᠵᠢᠬᠰᠠᠭᠠᠯ ᠤ᠋ᠨ ᠭᠠᠵᠠᠷ
2022-01-10 11:59:58
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠭᠦᠨᠵᠡᠭᠡᠶ ᠲᠤᠭᠤᠱᠢᠯᠠᠭᠤᠯᠵᠦ᠂ ᠤᠨᠴᠠᠭᠠᠢᠯᠠᠨ ᠨᠠᠮ ᠤ᠋ᠨ ᠲᠡᠦᠬᠡ ᠢ᠋ᠢᠨ ᠰᠤᠷᠤᠯᠴᠠᠯᠭ᠎ᠠ ᠬᠦᠮᠦᠵᠢᠯ᠎ᠢ᠋ ᠦᠷᠨᠢᠭᠦᠯᠦᠭᠰᠡᠨ ᠡᠴᠡ ᠨᠠᠭᠠᠰᠢ᠂ ᠪᠦᠬᠦ ᠲᠣᠭᠣᠷᠢᠭ ᠤ᠋ᠨ ᠬᠡᠪᠴᠢᠶᠡᠨ ᠳ᠋ᠡᠬᠢ 120 ᠭᠠᠷᠤᠶ ᠨᠠᠮ ᠤ᠋ᠨ ᠬᠡᠰᠢᠭᠦᠨ ᠪᠠ ᠣᠯᠠᠨ ᠲᠦᠮᠡᠨ᠎ᠦ ᠠᠵᠢᠯᠯᠠᠭ᠎ᠠ᠎ᠶ᠋ᠢᠨ ᠦᠶ᠋ᠯᠡᠴᠢᠯᠡᠭᠡᠨ᠎ᠦ ᠲᠥᠪ ᠢ᠋ᠢᠡᠨ ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠬᠦᠨᠴᠡ ᠲᠠᠢ᠂ ᠨᠡᠢᠭᠡᠮ ᠤ᠋ᠨ ᠵᠠᠰᠠᠯᠲᠠ ᠡᠷᠴᠢᠮ ᠲᠠᠢ᠂ ᠤᠯᠠᠨ ᠲᠦᠮᠡᠨ ᠤ᠋ ᠦᠢᠯᠡᠴᠢᠯᠡᠭᠡ ᠲᠤᠲᠤᠨᠤᠰᠤᠭ ᠬᠠᠮᠲᠦ ᠪᠡᠷ ᠡᠳ᠋ᠯᠡᠬᠦ ᠤᠷᠤᠨ ᠵᠠᠢ ᠪᠠ ᠶᠡᠷᠦᠩᠬᠡᠢᠯᠡᠭᠰᠡᠨ ᠴᠢᠨᠠᠷᠲᠠᠢ ᠲᠠᠪᠴᠠᠩ ᠪᠤᠯᠭᠠᠨ ᠴᠤᠬᠴᠠᠯᠠᠨ᠂ ᠨᠠᠮ ᠤ᠋ᠨ ᠲᠡᠦᠬᠡ ᠢ᠋ᠢᠨ ᠰᠤᠷᠤᠯᠴᠠᠯᠭ᠎ᠠ ᠬᠦᠮᠦᠵᠢᠯ ᠤ᠋ᠨ ᠵᠢᠬᠰᠠᠭᠠᠯ ᠤ᠋ᠨ ᠭᠠᠵᠠᠷ ᠪᠤᠯᠭᠠᠵᠦ᠂ ᠠᠵᠢᠯ ᠢ᠋ᠢᠡᠨ ᠬᠠᠷᠢᠶ᠎ᠠ ᠣᠷᠣᠨ᠎ᠤ ᠪᠠᠨ 7000 ᠭᠠᠷᠤᠶ ᠨᠠᠮ᠎ᠤᠨ ᠭᠡᠱᠢᠭᠦᠨ᠎ᠦ ᠰᠡᠳᠭᠢᠯ᠎ᠳᠦ ᠬᠦᠷᠲᠡᠯ᠎ᠡ ᠬᠢᠵᠦ᠂ ᠪᠦᠬᠦ ᠢᠤᠢᠴᠢᠤᠸᠠᠨ ᠲᠤᠭᠤᠷᠢᠭ ᠤ᠋ᠨ ᠤᠯᠠᠨ ᠲᠦᠮᠡᠨ ᠤ᠋ ᠲᠡᠷᠭᠡᠲᠡ ᠬᠦᠷᠲᠡᠯ᠎ᠡ ᠦᠢᠯᠡᠴᠢᠯᠡᠪᠡ᠃

ᠢᠤᠢᠴᠢᠤᠸᠠᠨ ᠲᠤᠭᠤᠷᠢᠭ ᠡᠯ᠎ᠡ ᠲᠥᠷᠥᠯ᠎ᠦᠨ ᠡᠬᠢ ᠪᠠᠶᠠᠯᠢᠭ᠎ᠢ ᠨᠡᠢᠳᠬᠡᠨ᠂ ᠡᠯ᠎ᠡ ᠱᠠᠲᠤᠨ᠎ᠤ ᠨᠠᠮ ᠤ᠋ᠨ ᠬᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠲᠦ ᠲᠦᠱᠢᠭ᠌ᠯᠡᠨ ᠤᠬᠠᠭᠤᠯᠭ᠎ᠠ ᠬᠥᠮᠦᠵᠢᠯ᠂ ᠨᠡᠢᠭᠡᠮ᠎ᠦᠨ ᠦᠶ᠋ᠯᠡᠴᠢᠯᠡᠭᠡ᠂ ᠠᠵᠤ ᠠᠬᠤᠶ᠎ᠶ᠋ᠢᠨ ᠬᠥᠭ᠌ᠵᠢᠯᠲᠡ ᠵᠡᠷᠭᠡ 7 ᠲᠠᠯ᠎ᠠ᠎ᠶ᠋ᠢᠨ 86 ᠨᠠᠮ᠎ᠤᠨ ᠪᠠᠢᠭᠤᠯᠤᠯᠲᠠ᠎ᠶ᠋ᠢᠨ ᠬᠣᠯᠪᠣᠭᠠᠲᠤ ᠴᠣᠭ᠍ᠴᠠ ᠶ᠋ᠢ ᠪᠠᠢᠭᠤᠯᠵᠤ᠂ ᠵᠢᠬᠰᠠᠭᠠᠯ ᠤ᠋ᠨ ᠭᠠᠵᠠᠷ ᠤ᠋ᠨ ᠬᠤᠯᠪᠤᠭᠠᠰᠤ ᠢ᠋ᠢᠨ ᠦᠢᠯᠡᠲᠦᠯ ᠢ᠋ ᠭᠦᠶ᠋ᠴᠡᠳ ᠪᠠᠳᠠᠷᠠᠭᠤᠯᠪᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠂ ᠨᠠᠮ᠎ᠤᠨ ᠱᠤᠭᠤᠮ ᠴᠢᠭ᠌ᠯᠡᠯᠲᠡ ᠲᠥᠷᠥ᠎ᠶ᠋ᠢᠨ ᠪᠣᠳᠣᠯᠭ᠎ᠠ᠂ ᠨᠠᠮ᠎ᠤᠨ ᠲᠡᠦᠬᠡ ᠤᠯᠤᠰ᠎ᠤᠨ ᠲᠡᠦᠬᠡ᠂ ᠬᠠᠤᠯᠢ ᠰᠠᠬᠢᠯᠭ᠎ᠠ ᠬᠠᠤᠯᠢ ᠲᠣᠭ᠍ᠲᠠᠭᠠᠯ ᠵᠡᠷᠭᠡ ᠮᠡᠳᠡᠯᠭᠡ ᠢ᠋ᠢᠨ ᠰᠤᠷᠤᠯᠴᠠᠯᠭ᠎ᠠ ᠵᠢ ᠦᠨᠡᠨ ᠬᠦ᠌ ᠴᠢᠩᠭᠠᠳᠭᠠᠵᠦ ᠂ ᠬᠠᠷᠢᠶ᠎ᠠ ᠣᠷᠣᠨ᠎ᠤ ᠡᠯ᠎ᠡ ᠱᠠᠲᠤᠨ᠎ᠤ ᠨᠠᠮ ᠤ᠋ᠨ ᠬᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ ᠨᠢ ᠲᠤᠰᠭᠠᠶ ᠰᠡᠳᠦᠪᠲᠦ ᠨᠠᠮ᠎ᠤᠨ ᠬᠢᠴᠢᠶᠡᠯ ᠢ᠋ 1300 ᠭᠠᠷᠤᠶ ᠤᠳᠠᠭ᠎ᠠ᠂ ᠦᠵᠡᠯ ᠰᠠᠨᠠᠭ᠎ᠠ ᠤᠯᠤᠰ ᠲᠥᠷᠥ᠎ᠶ᠋ᠢᠨ ᠲᠠᠢᠯᠤᠮᠵᠢ ᠵᠢ 140 ᠭᠠᠷᠤᠶ ᠤᠳᠠᠭ᠎ᠠ ᠥᠷᠨᠢᠭᠦᠯᠵᠦ᠍᠂ ᠲᠤᠰᠭᠠᠶ ᠰᠡᠳᠦᠪᠲᠦ ᠲᠠᠢᠯᠤᠮᠵᠢ᠂ ᠲᠥᠪᠯᠡᠷᠡᠭᠦᠯᠦᠨ ᠰᠤᠷᠤᠯᠴᠠᠬᠤ᠂ ᠪᠣᠯᠪᠠᠰᠤᠷᠠᠯ ᠡᠷᠬᠢᠯᠡᠵᠦ ᠰᠤᠳᠤᠯᠤᠨ ᠶᠠᠷᠢᠯᠴᠠᠬᠤ᠂ ᠭᠤᠤᠯ ᠰᠡᠳᠦᠪᠲᠦ ᠦᠵᠡᠬᠦᠯᠭᠡ᠂ ᠭᠤᠤᠯ ᠰᠡᠳᠦᠪᠲᠦ ᠨᠠᠮ᠎ᠤᠨ ᠡᠳᠦᠷᠯᠢᠭ ᠵᠡᠷᠭᠡ ᠪᠤᠰᠤᠳ ᠡᠯ᠎ᠡ ᠲᠥᠷᠥᠯ᠎ᠦᠨ ᠰᠤᠷᠤᠯᠴᠠᠯᠭ᠎ᠠ᠎ᠶ᠋ᠢ 500 ᠭᠠᠷᠤᠶ ᠤᠳᠠᠭ᠎ᠠ ᠥᠷᠨᠢᠭᠦᠯᠦᠭ᠌ᠰᠡᠨ ᠪᠥᠭᠡᠳ ᠰᠦᠯᠵᠢᠶᠡᠨ ᠳᠡᠭᠡᠷ᠎ᠡ ᠰᠤᠷᠤᠯᠴᠠᠬᠤ ᠴᠢᠳᠠᠮᠵᠢ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠰᠤᠷᠤᠯᠴᠠᠯᠭ᠎ᠠ ᠬᠥᠮᠦᠵᠢᠯ᠎ᠢ ᠬᠠᠮᠲᠤ᠎ᠳᠤᠨᠢ ᠬᠠᠷᠠᠭᠠᠯᠵᠠᠪᠠ᠃ ᠡᠭᠦᠨ᠎ᠦ ᠬᠠᠮᠲᠤ᠂ ᠨᠠᠮ᠎ᠤᠨ ᠭᠡᠱᠢᠭᠦᠨ᠎ᠦ ᠡᠳᠦᠷ ᠲᠤᠳᠤᠮ᠎ᠤᠨ ᠰᠤᠷᠤᠯᠴᠠᠯᠭ᠎ᠠ ᠬᠥᠮᠦᠵᠢᠯ ᠬᠠᠮᠢᠶᠠᠷᠤᠯᠲᠠ᠎ᠶ᠋ᠢ ᠰᠠᠢᠲᠤᠷ ᠬᠢᠬᠦ᠌᠎ᠶ᠋ᠢᠨ ᠲᠥᠯᠥᠭᠡ᠂ ᠡᠯ᠎ᠡ ᠱᠠᠲᠤᠨ᠎ᠤ ᠨᠠᠮ ᠤ᠋ᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ 《ᠱᠦᠵᠢ᠎ᠶ᠋ᠢᠨ ᠴᠢᠭᠤᠯᠭᠠᠨ》᠂ 《ᠨᠠᠮ᠎ᠤᠨ ᠭᠡᠱᠢᠭᠦᠨ᠎ᠦ ᠭᠡᠷ ᠪᠦᠯᠢ᠎ᠶ᠋ᠢᠨ ᠡᠳᠦᠷ》 ᠵᠡᠷᠭᠡ ᠤᠨᠴᠠᠯᠢᠬ᠍ᠳᠤ ᠠᠵᠢᠯᠯᠠᠭ᠎ᠠ᠎ᠶ᠋ᠢ ᠥᠷᠨᠢᠭᠦᠯᠵᠦ᠍᠂ ᠨᠠᠮ᠎ᠤᠨ ᠭᠡᠱᠢᠭᠦᠨ᠎ᠳᠤ ᠭᠡᠷ᠎ᠦᠨ ᠡᠭᠦᠳᠡᠨ᠎ᠳᠤᠨᠢ ᠬᠤᠪᠢᠰᠭᠠᠯ᠎ᠤᠨ ᠬᠥᠮᠦᠵᠢᠯ ᠬᠦᠷᠲᠡᠭᠡᠵᠦ᠍᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠭᠠᠪᠠ᠃

ᠢᠤᠢᠴᠢᠤᠸᠠᠨ ᠲᠤᠭᠤᠷᠢᠭ ᠤ᠋ᠨ ᠡᠯ᠎ᠡ ᠱᠠᠲᠤᠨ᠎ᠤ ᠨᠠᠮ ᠤ᠋ᠨ ᠬᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ ᠬᠥᠮᠦᠨ᠎ᠢᠶᠡᠷ ᠦᠨᠳᠦᠰᠦ ᠪᠣᠯᠭᠠᠵᠦ᠂ ᠦᠶ᠋ᠯᠡᠴᠢᠯᠡᠭᠡ᠎ᠶ᠋ᠢ ᠳᠡᠭᠡᠳᠦᠯᠡᠬᠦ᠌ ᠣᠢᠯᠠᠭᠠᠭ᠍ᠳᠠᠬᠤᠨ ᠢ᠋ ᠪᠠᠷᠢᠮᠲᠠᠯᠠᠵᠦ᠂ 《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠤᠨ᠂ 《ᠭᠤᠷᠪᠠ᠎ᠶ᠋ᠢ ᠰᠤᠷᠪᠤᠯᠵᠢᠯᠠᠬᠤ》᠂ 《ᠭᠤᠷᠪᠠ᠎ᠶ᠋ᠢ ᠠᠰᠠᠭᠤᠬᠤ》 ᠠᠵᠢᠯᠯᠠᠭ᠎ᠠ᠂ 《12345》ᠤᠳᠠᠰᠤ ᠪᠡᠷ ᠵᠠᠷᠭᠤ ᠬᠦᠯᠢᠶᠡᠮᠡᠭᠴᠡ ᠲᠠᠷᠤᠢ ᠬᠦᠢᠴᠡᠳᠬᠡᠬᠦ ᠵᠡᠷᠭᠡ᠎ᠶ᠋ᠢ 《ᠠᠷᠠᠳ᠎ᠲᠤ ᠦᠶ᠋ᠯᠡᠴᠢᠯᠡᠬᠦ᠌ ᠭᠤᠷᠪᠠᠨ ᠵᠦᠶ᠋ᠯ᠎ᠦᠨ ᠨᠠᠷᠢᠨ ᠲᠠᠩᠰᠠ》 ᠎ᠲᠠᠢ ᠪᠦᠲᠦᠮᠵᠢᠲᠡᠶ ᠤᠶᠠᠯᠳᠤᠭᠤᠯᠵᠦ᠂ ᠨᠡᠢᠭᠡᠮ ᠲᠣᠭᠣᠷᠢᠭ᠎ᠤᠨ ᠨᠠᠮ ᠤ᠋ᠨ ᠬᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠲᠦ 《ᠨᠡᠷᠡᠨ ᠭᠡᠷᠡᠯᠲᠦ ᠬᠡᠷᠡᠭ ᠵᠥᠪᠯᠡᠬᠦ᠌ ᠲᠢᠩᠬᠢᠮ》᠂ 《ᠠᠷᠠᠳ᠎ᠤᠨ ᠲᠠᠭᠤᠨ᠎ᠤ ᠠᠵᠢᠯᠯᠠᠬᠤ ᠲᠠᠰᠤᠭ》᠂ 《ᠠᠷᠠᠳ᠎ᠤᠨ ᠪᠠᠢᠳᠠᠯ᠎ᠢ ᠲᠦᠷᠭᠡᠨ ᠳᠠᠮᠵᠢᠭᠤᠯᠬᠤ ᠥᠷᠲᠡᠭᠡ》 ᠶ᠋ᠢ ᠪᠠᠢᠭᠤᠯᠵᠦ᠂《ᠡᠭᠦᠳᠡ᠎ᠪᠡᠨ ᠨᠡᠭᠡᠭᠡᠵᠦ᠍ ᠰᠠᠨᠠᠯ ᠬᠤᠷᠢᠶᠠᠬᠤ》 ᠵᠡᠷᠭᠡ ᠬᠡᠯᠪᠡᠷᠢ ᠪᠡᠷ᠂ ᠬᠠᠷᠢᠶ᠎ᠠ ᠣᠷᠣᠨ᠎ᠤ ᠣᠯᠠᠨ ᠲᠦᠮᠡᠨ᠎ᠦ《ᠪᠠᠴᠢᠮᠲᠠᠵᠦ ᠬᠦᠴᠢᠷᠳᠡᠵᠦ ᠵᠣᠪᠠᠨᠢᠵᠦ ᠬᠦᠰᠡᠵᠦ》 ᠪᠠᠢᠭ᠎ᠠ ᠠᠰᠠᠭᠤᠳᠠᠯ᠎ᠢ ᠴᠠᠭ ᠲᠤᠬᠠᠶ᠎ᠳᠤᠨᠢ ᠣᠢᠯᠠᠭᠠᠨ ᠡᠵᠡᠮᠰᠢᠵᠦ᠂ ᠰᠠᠭᠤᠭᠠᠯᠢ ᠠᠷᠠᠳ᠎ᠤᠨ ᠬᠡᠷᠡᠭ᠌ᠴᠡᠭᠡ᠎ᠶ᠋ᠢ 826 ᠵᠤᠷᠪᠤᠰ ᠴᠤᠬᠯᠠᠭᠤᠯᠤᠨ᠂ ᠰᠠᠭᠤᠭᠠᠯᠢ ᠠᠷᠠᠳ᠎ᠤᠨ ᠲᠤᠰᠭᠠᠭ᠍ᠰᠠᠨ 576 ᠬᠤᠪᠢ ᠬᠠᠯᠠᠮᠱᠢᠯ ᠠᠰᠠᠭᠤᠲᠠᠯ᠂ ᠬᠦᠴᠢᠷ ᠠᠰᠠᠭᠤᠲᠠᠯ ᠢ᠋ ᠵᠤᠬᠢᠴᠠᠭᠤᠯᠤᠨ ᠰᠢᠢᠳᠪᠦᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号