ᠤᠯᠠᠨ ᠲᠦᠮᠡᠨ᠎ᠤ ᠠᠵᠢᠯ᠎ᠢ ᠰᠠᠢᠲᠤᠷ ᠬᠢᠵᠦ᠂ ᠤᠯᠠᠨ ᠲᠦᠮᠡᠨ ᠲᠠᠢ ᠬᠠᠷᠢᠯᠴᠠᠵᠦ
ᠶᠠᠪᠤᠯᠴᠠᠬᠤ ᠳ᠋ᠠᠭᠠᠨ ᠴᠢᠳᠠᠮᠠᠭᠠᠢ ᠪᠠᠢᠬᠤ ᠨᠢ ᠨᠠᠮ ᠤᠨ ᠬᠡᠰᠢᠬᠦᠨ ᠺᠠᠳ᠋ᠷᠴᠤᠳ᠎ᠤᠨ ᠪᠦᠷᠢᠯᠳᠦᠬᠦᠯᠪᠡᠰᠦ
ᠵᠤᠬᠢᠬᠤ ᠦᠨᠳᠦᠰᠦᠨ ᠬᠡᠪ ᠴᠢᠨᠠᠷ ᠶᠤᠮ᠃
《ᠲᠤᠮᠲᠠᠲᠤ ᠤᠯᠤᠰ ᠤ᠋ᠨ ᠡᠪ ᠬᠠᠮᠲᠦ ᠨᠠᠮ ᠤ᠋ᠨ ᠰᠠᠭᠤᠷᠢ ᠨᠢ ᠠᠷᠠᠳ ᠲᠦᠮᠡᠨ᠎ᠳ᠋ᠤ ᠪᠤᠢ᠂ ᠠᠮᠢᠨ
ᠰᠤᠲᠠᠰᠤ ᠨᠢ ᠠᠷᠠᠳ ᠲᠦᠮᠡᠨ ᠳ᠋ᠤ ᠪᠤᠢ᠂ ᠬᠦᠴᠦᠨ ᠴᠢᠲᠠᠯ ᠨᠢ ᠠᠷᠠᠳ ᠲᠦᠮᠡᠨ ᠳ᠋ᠤ ᠪᠤᠢ》᠂ 《ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠥᠬᠡ ᠪᠤᠯ ᠳᠠᠷᠤᠢ ᠠᠷᠠᠳ ᠲᠦᠮᠡᠨ
ᠳᠤ ᠵᠤᠯ ᠵᠢᠷᠭᠠᠯ ᠡᠳ᠋ᠯᠡᠬᠦᠯᠬᠦ ᠪᠡᠷ ᠴᠢᠷᠮᠠᠢᠬᠰᠠᠨ ᠲᠡᠥᠬᠡ ᠮᠦᠨ》 ᠬᠡᠵᠦ ᠶᠠᠷᠦᠩᠬᠡᠢ ᠱᠦᠵᠢ ᠰᠢ ᠵᠢᠨ ᠫᠢᠩ ᠶᠠᠷᠢᠬᠰᠠᠨ ᠶᠤᠮ᠃ ᠡᠨᠡ ᠨᠢ ᠨᠠᠮ᠎ᠤᠨ ᠬᠡᠰᠢᠬᠦᠨ ᠺᠠᠳ᠋ᠷᠴᠤᠳ᠎ᠤᠨ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠮᠠᠬᠲᠠ ᠪᠠᠷᠢᠮᠲᠠᠯᠠᠵᠦ᠂
ᠤᠯᠠᠨ ᠲᠦᠮᠡᠨ ᠤ᠋ ᠲᠤᠮᠲᠠ ᠬᠦᠨᠵᠡᠭᠡᠢᠷᠡᠨ᠂ ᠤᠯᠠᠨ ᠲᠦᠮᠡᠨ ᠲᠠᠢ ᠨᠢᠬᠲᠠ ᠬᠠᠷᠢᠯᠴᠠᠵᠦ᠂ ᠤᠯᠠᠨ ᠲᠦᠮᠡᠨ ᠡᠴᠡ
ᠰᠠᠯᠤᠩᠬᠢᠷᠠᠬᠤ ᠦᠭᠡᠢ ᠪᠠᠢᠬᠤ ᠶᠢ ᠱᠠᠭᠠᠷᠳᠠᠵᠦ ᠪᠠᠢᠨ᠎ᠠ᠃
ᠤᠯᠠᠨ ᠲᠦᠮᠡᠨ ᠲᠠᠢ ᠨᠢᠬᠲᠠ ᠬᠠᠷᠢᠯᠴᠠᠬᠤ ᠪᠤᠯ ᠮᠠᠨ ᠤ᠋ ᠨᠠᠮ ᠤ᠋ᠨ
ᠢᠮᠠᠬᠲᠠ ᠪᠠᠷᠢᠮᠳᠠᠯᠠᠬᠰᠠᠭᠠᠷ ᠢᠷᠡᠭᠰᠡᠨ ᠰᠢᠯᠢᠲᠡᠭ ᠤᠯᠠᠮᠵᠢᠯᠠᠯ ᠪᠠ ᠰᠤᠷᠲᠠᠯ ᠪᠤᠯᠤᠨ᠎ᠠ᠃ ᠨᠠᠮ ᠤ᠋ᠨ ᠬᠡᠰᠢᠭᠦᠨ ᠺᠠᠳ᠋ᠷᠴᠤᠳ ᠡᠷᠬᠡᠪᠰᠢ ᠰᠠᠨᠠᠭᠠᠴᠢᠯᠠᠭ᠎ᠠ
ᠡᠴᠡ ᠪᠠᠨ ᠤᠯᠠᠨ ᠲᠦᠮᠡᠨ ᠤ᠋ ᠲᠤᠮᠲᠠ ᠬᠦᠨᠵᠡᠭᠡᠢᠷᠡᠨ᠂ ᠤᠯᠠᠨ ᠲᠦᠮᠡᠨ ᠲᠠᠢ ᠬᠠᠷᠢᠯᠴᠠᠵᠦ᠂ ᠤᠯᠠᠨ ᠲᠦᠮᠡᠨ᠎ᠢ
ᠬᠠᠯᠠᠮᠵᠢᠯᠠᠵᠦ᠂ ᠤᠯᠠᠨ ᠲᠦᠮᠡᠨ ᠳ᠋ᠤ ᠠᠰᠢᠭ ᠬᠦᠷᠲᠡᠭᠡᠬᠦ ᠬᠡᠷᠡᠭᠲᠡᠢ᠃ ᠤᠯᠠᠨ ᠲᠦᠮᠡᠨ ᠤ᠋ ᠲᠤᠰᠬᠠᠬᠰᠠᠨ ᠠᠰᠠᠭᠤᠲᠠᠯ᠂
ᠲᠤᠷᠠᠳᠤᠬᠰᠠᠨ ᠰᠠᠨᠠᠯ ᠳᠤ ᠵᠦᠪ ᠤᠪᠤᠷ ᠢ᠋ᠢᠡᠷ᠂ ᠨᠠᠷᠢᠨ ᠬᠢᠨᠠᠮᠠᠭᠠᠢ ᠬᠠᠨᠳᠤᠵᠦ᠂ ᠤᠯᠠᠨ ᠲᠦᠮᠡᠨ᠎ᠦ ᠢᠯᠡᠷᠡᠭᠦᠯᠦᠭᠰᠡᠨ
ᠠᠰᠠᠭᠤᠳᠠᠯ᠎ᠢ ᠲᠠᠷᠤᠤ ᠬᠢᠴᠢᠶᠡᠩᠬᠦᠢ ᠬᠦᠯᠢᠶᠡᠨ ᠠᠪᠴᠤ᠂ ᠵᠣᠷᠢᠭ᠍ᠲᠠᠢ᠎ᠪᠠᠷ ᠥᠪᠡᠷ ᠤ᠋ᠨ ᠪᠡᠶ᠎ᠡ᠎ᠳᠡᠭᠡᠨ ᠬᠤᠪᠢᠰᠭᠠᠯ
ᠬᠢᠵᠦ᠍᠂ ᠥᠪᠡᠷ᠎ᠢ᠎ᠪᠡᠨ ᠵᠠᠳᠠᠯᠤᠨ ᠱᠢᠨᠵᠢᠯᠡᠵᠦ᠍᠂ ᠶᠠᠮᠠᠷ ᠠᠰᠠᠭᠤᠳᠠᠯ ᠪᠠᠢᠪᠠᠯ ᠲᠡᠷᠡ᠎ᠬᠦ ᠠᠰᠠᠭᠤᠳᠠᠯ᠎ᠢᠶᠡᠨ
ᠦᠨᠡᠨᠴᠢ᠎ᠪᠡᠷ ᠳᠡᠯᠭᠡᠵᠦ᠂ ᠤᠯᠠᠨ ᠲᠦᠮᠡᠨ᠎ᠤ ᠲᠤᠷᠠᠳᠤᠬᠰᠠᠨ ᠵᠠᠯᠠᠷᠠᠭᠤᠯᠬᠤ ᠶᠣᠰᠣᠲᠠᠢ ᠵᠦᠢᠯ ᠢ᠋ ᠦᠨᠡᠨᠬᠦ ᠵᠠᠯᠠᠷᠠᠭᠤᠯᠵᠤ᠂ ᠵᠠᠯᠬᠠᠭᠠᠨ ᠴᠡᠭᠡᠷᠯᠡᠭᠦᠯᠬᠦ᠌
ᠶᠣᠰᠣᠲᠠᠢᠵᠦᠢᠯ ᠢ᠋ ᠪᠦᠬᠦᠨ ᠢ᠋ ᠵᠠᠯᠬᠠᠭᠠᠨ ᠴᠡᠭᠡᠷᠯᠡᠭᠦᠯᠬᠦ᠌ ᠬᠡᠷᠡᠭ᠌ᠲᠡᠢ; ᠤᠯᠠᠨ ᠲᠦᠮᠡᠨ
ᠲᠠᠢ ᠬᠠᠷᠢᠯᠴᠠᠬᠤ ᠳᠠᠭᠠᠨ ᠮᠦᠨ ᠤᠯᠠᠨ ᠲᠦᠮᠡᠨ ᠤ᠋ ᠤᠢᠯᠠᠭᠠᠬᠤ ᠳ᠋ᠤ ᠲᠦᠭᠦᠮ ᠬᠡᠯᠡ ᠬᠡᠯᠡᠯᠭᠡ᠂ ᠠᠷᠭ᠎ᠠ ᠬᠡᠯᠪᠡᠷᠢ
ᠪᠡᠷ᠂ ᠤᠯᠠᠨ ᠲᠦᠮᠡᠨ ᠤ᠋ ᠲᠤᠮᠲᠠ ᠠᠭᠤᠰᠤᠯᠴᠠᠵᠦ᠂ ᠨᠠᠮ᠎ᠤ᠋ᠨ ᠲᠦᠷᠦ ᠢ᠋ᠢᠨ ᠪᠤᠳᠤᠯᠭ᠎ᠠ᠂ ᠤᠨᠤᠯ ᠢ᠋ ᠤᠯᠠᠨ ᠲᠦᠮᠡᠨ
ᠳ᠋ᠤ ᠤᠢᠯᠠᠭᠠᠮᠵᠢᠲᠠᠢ ᠤᠬᠠᠭᠤᠯᠤᠨ ᠲᠠᠢᠯᠪᠤᠷᠢᠯᠠᠬᠤ ᠬᠡᠷᠡᠭᠲᠡᠢ; ᠤᠯᠠᠨ ᠲᠦᠮᠡᠨ
ᠤ᠋ ᠠᠰᠢᠬ ᠲᠤᠰᠠ ᠡᠴᠡ ᠡᠭᠦᠰᠴᠤ᠂ ᠦᠨᠡᠨᠴᠢ ᠰᠡᠳᠬᠢᠯ ᠢ᠋ᠢᠡᠷ᠂ ᠬᠦᠯᠢᠴᠡᠩᠬᠦᠢ ᠤᠪᠤᠷ ᠢ᠋ᠢᠡᠷ ᠤᠯᠠᠨ ᠲᠦᠮᠡᠨ ᠤ᠋ 《ᠪᠠᠴᠢᠮᠲᠠᠵᠦ
ᠬᠦᠴᠢᠷᠲᠡᠵᠦ ᠵᠤᠪᠠᠨᠢᠵᠦ ᠬᠦᠰᠡᠵᠦ》ᠪᠠᠢᠭ᠎ᠠ ᠶᠡᠬᠡ
ᠤᠴᠢᠷ ᠪᠠᠭ᠎ᠠ ᠶᠠᠪᠤᠲᠠᠯ ᠢ᠋ ᠰᠢᠢᠳᠪᠦᠷᠢᠯᠡᠨ ᠦᠭᠴᠤ᠂ ᠤᠯᠠᠨ ᠲᠦᠮᠡᠨ ᠳ᠋ᠤ ᠪᠤᠲᠠᠲᠤ ᠶᠠᠪᠤᠲᠠᠯ ᠬᠢᠵᠦ ᠦᠭᠬᠦ
ᠬᠡᠷᠡᠭᠲᠡᠢ᠃ ᠢᠩᠬᠢᠪᠡᠯ ᠤᠯᠠᠨ ᠲᠦᠮᠡᠨ ᠲᠠᠢ ᠨᠡᠩ ᠢᠯᠡᠭᠦᠦ ᠨᠢᠬᠲᠠ ᠬᠠᠷᠢᠯᠴᠠᠵᠦ᠂ ᠤᠯᠠᠨ ᠲᠦᠮᠡᠨ ᠳ᠋ᠤ ᠨᠡᠩ ᠰᠠᠢᠲᠦᠷ ᠦᠢᠯᠡᠴᠢᠯᠡᠵᠦ ᠴᠢᠲᠠᠨ᠎ᠠ᠃
《ᠲᠦᠷᠦ᠍ ᠵᠠᠰᠠᠭ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ᠍ ᠵᠠᠰᠠᠭ
ᠮᠥᠨ》᠂ ᠨᠠᠮ ᠤ᠋ᠨ ᠬᠡᠰᠢᠭᠦᠨ ᠺᠠᠳ᠋ᠷᠴᠤᠳ ᠢᠮᠠᠬᠲᠠ
ᠤᠯᠠᠨ ᠲᠦᠮᠡᠨ ᠤ᠋ ᠲᠤᠮᠲᠠ ᠬᠦᠨᠵᠡᠭᠡᠢᠷᠡᠨ᠂ ᠤᠯᠠᠨ ᠲᠦᠮᠡᠨ ᠲᠠᠢ ᠨᠢᠬᠲᠠ ᠬᠠᠷᠢᠯᠴᠠᠵᠦ᠂ ᠳᠠᠷᠤᠤ ᠬᠢᠴᠢᠶᠡᠩᠭᠦᠶ᠎ᠪᠡᠷ
ᠠᠷᠠᠳ ᠲᠦᠮᠡᠨ᠎ᠡᠴᠡ ᠰᠤᠷᠤᠯᠴᠠᠬᠤ᠂ ᠠᠷᠠᠳ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠰᠣᠨᠣᠰᠭᠤ᠂ ᠬᠠᠮᠤᠭ᠎ᠤᠨ ᠥᠷᠭᠡᠨ
ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠰᠠᠢᠲᠤᠷ ᠬᠥᠭ᠌ᠵᠢᠭᠦᠯᠬᠦ᠌᠎ᠶᠢ ᠠᠯᠢᠪᠠ ᠠᠵᠢᠯ᠎ᠤᠨ᠎ᠢᠶᠠᠨ
ᠵᠤᠷᠢᠯᠲᠠ ᠪᠠ ᠲᠤᠰᠤᠯᠲᠠ ᠪᠣᠯᠭᠠᠬᠤ᠎ᠶᠢ ᠪᠠᠷᠢᠮᠳᠠᠯᠠᠳᠠᠭ ᠯᠡ ᠶᠤᠮ ᠪᠤᠯ᠂ ᠠᠷᠠᠳ ᠣᠯᠠᠨ ᠤ ᠬᠦᠷᠲᠡᠮᠵᠢ ᠶ᠋ᠢᠨ
ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠦ ᠲᠥᠷᠥᠭ᠌ᠳᠡᠯ ᠢ ᠲᠠᠰᠤᠷᠠᠯᠲᠠ ᠦᠭᠡᠢ ᠨᠡᠮᠡᠭᠳᠡᠬᠦᠯᠬᠦ
ᠨᠢ ᠯᠠᠪᠲᠠᠢ᠃
《ᠨᠠᠮ᠎ᠤᠨ ᠱᠢᠨᠵᠢ ᠴᠢᠨᠠᠷ》 —
ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠵᠢᠯᠴᠢᠨ
ᠠᠡᠭ᠌ᠬᠢ᠎ᠶ᠋ᠢᠨ ᠬᠣᠱᠢᠭᠤᠴᠢ ᠠᠡᠭ᠌ᠬᠢ ᠮᠥᠨ᠂ ᠮᠥᠨ ᠴᠦ᠍ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ
ᠦᠨᠳᠦᠰᠦᠲᠡᠨ᠎ᠦ ᠬᠣᠱᠢᠭᠤᠴᠢ ᠠᠡᠭ᠌ᠬᠢ ᠮᠥᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠢᠯᠡᠰ᠎ᠢ
ᠤᠳᠤᠷᠢᠳᠭᠤ ᠭᠣᠣᠯᠯᠠᠭ᠍ᠴᠢ ᠮᠥᠨ᠂ ᠳᠤᠮᠳᠠᠳᠤ ᠤᠯᠤᠰ᠎ᠤᠨ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ
ᠱᠠᠭᠠᠷᠳᠠᠯᠭ᠎ᠠ᠎ᠶ᠋ᠢ ᠲᠥᠯᠥᠭᠡᠯᠡᠵᠦ᠍᠂ ᠳᠤᠮᠳᠠᠳᠤ ᠤᠯᠤᠰ᠎ᠤᠨ ᠲᠡᠷᠢᠭᠦᠨ᠎ᠦ ᠰᠣᠶᠣᠯ᠎ᠤᠨ ᠤᠷᠤᠭ᠍ᠰᠢᠯᠠᠯᠲᠠ᠎ᠶ᠋ᠢᠨ
ᠴᠢᠭ᠌ᠯᠡᠯ᠎ᠢ ᠲᠥᠯᠥᠭᠡᠯᠡᠵᠦ᠍᠂ ᠳᠤᠮᠳᠠᠳᠤ ᠤᠯᠤᠰ᠎ᠤᠨ ᠬᠠᠮᠤᠭ᠎ᠤᠨ ᠥᠷᠭᠡᠨ ᠤᠯᠡᠠ ᠠᠷᠠᠳ ᠲᠦᠮᠡᠨ᠎ᠦ ᠦᠨᠳᠦᠰᠦᠨ
ᠠᠱᠢᠭ ᠲᠤᠰᠠ᠎ᠶ᠋ᠢ ᠲᠥᠯᠥᠭᠡᠯᠡᠵᠦ᠍ ᠪᠠᠢᠳᠠᠭ᠃
《ᠨᠠᠮ᠎ᠤᠨ ᠠᠵᠢᠯᠯᠠᠭᠠᠨ᠎ᠤ ᠵᠦᠭ᠌ᠯᠡᠭᠦᠷ》 —
ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ ᠯᠧᠨᠢᠨ᠎ᠦ ᠦᠵᠡᠯ᠂ ᠮᠠᠤ
ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠦᠨ ᠤᠨᠤᠯ᠂ 《ᠭᠤᠷᠪᠠ᠎ᠶ᠋ᠢ
ᠲᠥᠯᠥᠭᠡᠯᠡᠬᠦ᠌》ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠂ ᠰᠢ᠎ᠶ᠋ᠢᠨ
ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ
ᠠᠵᠢᠯᠯᠠᠭᠠᠨ ᠤ᠋ ᠵᠦᠭᠯᠡᠭᠦᠷ ᠪᠤᠯᠭᠠᠳᠠᠬ᠃
《ᠨᠠᠮ᠎ᠤᠨ ᠬᠠᠮᠤᠭ᠎ᠤᠨ ᠳᠡᠭᠡᠳᠦ ᠬᠦᠰᠡᠯᠡᠩ ᠪᠠ ᠡᠴᠦᠰ᠎ᠦᠨ ᠬᠠᠷᠠᠯᠲᠠ》 —
ᠨᠠᠮ᠎ᠤᠨ ᠬᠠᠮᠤᠭ᠎ᠤᠨ ᠳᠡᠭᠡᠳᠦ ᠬᠦᠰᠡᠯᠡᠩ ᠪᠠ ᠡᠴᠦᠰ᠎ᠦᠨ ᠬᠠᠷᠠᠯᠲᠠ
ᠪᠣᠯ ᠡᠪ ᠬᠠᠮᠲᠤ ᠶᠣᠰᠣ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃
《ᠨᠠᠮ᠎ᠤᠨ ᠦᠨᠳᠦᠰᠦᠨ ᠵᠣᠷᠢᠯᠲᠠ》 —
ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠨ᠎ᠡ᠃