ᠬᠥᠯᠥᠨ ᠪᠤᠢ᠌ᠷ᠎ᠲᠤ 8 ᠲᠦᠮᠡ ᠭᠠᠷᠤᠢ ᠲᠡᠭ᠌ᠰᠢ ᠳᠥᠷᠪᠡᠯᠵᠢᠨ ᠺᠢᠯᠤᠮᠸᠲᠷ ᠲᠠᠯᠠᠪᠠᠢ ᠪᠦᠬᠦᠢ ᠳᠡᠯᠡᠬᠡᠢ᠎ᠶ᠋ᠢᠨ ᠬᠠᠮᠤᠭ᠎ᠤᠨ ᠭᠤᠶᠤ ᠲᠠᠯ᠎ᠠ ᠨᠤᠲᠤᠭ ᠲᠠᠢ᠂ 2.99 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠲᠠᠯᠪᠠᠢ ᠪᠦᠬᠦᠢ ᠠᠽᠢᠶ᠎ᠠ ᠲᠢᠪ᠎ᠦᠨ ᠠᠯᠳᠠᠷᠲᠤ ᠨᠤᠭᠤ ᠭᠠᠵᠠᠷ ᠪᠠ 12 ᠲᠦᠮᠡ ᠭᠠᠷᠤᠢ ᠲᠡᠭ᠌ᠰᠢ ᠳᠥᠷᠪᠡᠯᠵᠢᠨ ᠺᠢᠯᠤᠮᠸᠲᠷ ᠲᠠᠯᠠᠪᠠᠢ ᠪᠦᠬᠦᠢ ᠨᠡᠯᠦᠭᠡᠷ ᠶᠡᠬᠡ ᠤᠢ ᠱᠢᠭᠤᠢ᠎ᠲᠠᠶ ᠪᠠᠢᠳᠠᠭ᠃ ᠶᠡᠬᠡ ᠬᠢᠩᠭᠠᠨ ᠳᠠᠪᠠᠭ᠎ᠠ᠎ᠶ᠋ᠢᠨ ᠤᠢ ᠱᠢᠭᠤᠢ᠂ ᠬᠥᠯᠥᠨ ᠪᠤᠢ᠌ᠷ᠎ᠤᠨ ᠲᠠᠯ᠎ᠠ ᠨᠤᠲᠤᠭ ᠪᠣᠯᠤᠨ ᠮᠠᠰᠢ ᠤᠯᠠᠨ ᠨᠤᠭᠤ ᠭᠠᠵᠠᠷ᠂ ᠨᠠᠭᠤᠷ ᠪᠦᠷᠢᠳᠦ ᠨᠢ ᠡᠬᠡ ᠤᠯᠤᠰ᠎ᠤᠨ ᠤᠮᠠᠷᠠᠲᠤ᠎ᠶ᠋ᠢᠨ ᠲᠤᠢᠯ᠎ᠤᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠷᠢᠯᠳᠦᠭᠦᠯᠦᠭ᠌ᠰᠡᠨ ᠪᠠᠢᠨ᠎ᠠ᠃
ᠣᠢᠷ᠎ᠠ᠎ᠶ᠋ᠢᠨ ᠵᠢᠯ ᠳ᠋ᠦ᠂ ᠬᠥᠯᠥᠨ ᠪᠣᠢᠷ ᠬᠣᠲᠠ《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ᠌ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠢᠳᠡᠪᠬᠢᠲᠡᠶ ᠦᠶ᠋ᠯᠡᠳᠦᠯᠭᠡᠵᠢᠭᠦᠯᠵᠦ᠍᠂ ᠠᠮᠢ ᠠᠬᠤᠶ ᠣᠷᠴᠢᠨ ᠲᠣᠭᠣᠷᠢᠨ᠎ᠢ ᠰᠠᠢᠲᠤᠷ ᠬᠠᠮᠠᠭᠠᠯᠠᠭ᠍ᠰᠠᠨ ᠤᠷᠢᠲᠠᠯ ᠳᠤᠤᠷ᠎ᠠ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠰᠠᠢᠲᠤᠷ ᠵᠠᠮᠨᠠᠵᠤ᠂ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠪᠠᠲᠤ ᠰᠠᠬᠢᠵᠤ᠂ ᠠᠵᠤ ᠦᠶ᠋ᠯᠡᠰ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠵᠦ᠍᠂ ᠠᠮᠢ ᠠᠬᠤᠶ᠎ᠶ᠋ᠢᠨ ᠠᠵᠤ ᠦᠢᠯᠡᠰᠵᠢᠯᠲᠡ᠂ ᠠᠵᠤ ᠦᠶ᠋ᠯᠡᠰ᠎ᠦᠨ ᠠᠮᠢ ᠠᠬᠤᠢᠵᠢᠯᠲᠠ᠂ ᠠᠮᠢ ᠠᠬᠤᠶ ᠬᠢᠭᠡᠳ ᠠᠵᠤ ᠦᠶ᠋ᠯᠡᠰ᠎ᠦᠨ ᠠᠭᠤᠰᠤᠯᠴᠠᠯ᠎ᠢ ᠨᠢᠭᠡ ᠴᠣᠭ᠍ᠴᠠᠵᠢᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠬᠥᠯᠥᠨ ᠪᠣᠢᠷ᠎ᠤᠨ ᠠᠵᠤ ᠠᠬᠤᠶ ᠨᠡᠢᠭᠡᠮ᠎ᠦᠨ ᠥᠨᠢᠳᠡ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠰᠠᠭᠤᠷᠢ᠎ᠶ᠋ᠢ ᠴᠢᠷᠮᠠᠢᠨ ᠪᠡᠬᠢᠵᠢᠭᠦᠯᠵᠦ᠍᠂ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠦᠨᠡᠨ ᠬᠦ᠌ ᠠᠯᠲᠠ ᠮᠥᠩᠭᠥᠨ ᠠᠭᠤᠯᠠ ᠪᠣᠯᠭᠠᠪᠠ᠃
ᠠᠮᠢ ᠠᠬᠤᠶ᠎ᠶ᠋ᠢᠨ ᠠᠵᠤ ᠦᠢᠯᠡᠰᠵᠢᠯᠲᠡ᠎ᠵᠢ ᠠᠰᠢᠬ ᠬᠦᠷᠳᠡᠬᠦ ᠠᠯᠳᠠᠨ ᠵᠤᠷ ᠪᠤᠯᠭᠠᠨ᠎ᠠ
ᠨᠤᠮᠢᠨ ᠨᠤᠭᠤᠭᠠᠨ ᠪᠣᠯ ᠬᠥᠯᠥᠨ ᠪᠤᠢ᠌ᠷ᠎ᠤᠨ ᠰᠠᠭᠤᠷᠢ ᠦᠩᠭᠡ ᠪᠠ ᠤᠤᠷ ᠴᠢᠨᠠᠷ ᠪᠣᠯᠤᠨ᠎ᠠ᠂ ᠬᠥᠯᠥᠨ ᠪᠤᠢ᠌ᠷ᠎ᠤᠨ ᠬᠠᠮᠤᠭ᠎ᠤᠨ ᠶᠡᠬᠡ ᠦᠷᠳᠡᠭ ᠨᠢ ᠠᠮᠢ ᠠᠬᠤᠢ᠎ᠳᠤ ᠪᠤᠢ᠂ ᠬᠠᠮᠤᠭ᠎ᠤᠨ ᠶᠡᠬᠡ ᠬᠠᠷᠢᠭᠤᠴᠠᠯᠭ᠎ᠠ ᠨᠢ ᠠᠮᠢ ᠠᠬᠤᠢ᠎ᠳᠤ ᠪᠤᠢ᠂ ᠬᠠᠮᠤᠭ᠎ᠤᠨ ᠶᠡᠬᠡ ᠲᠠᠯᠳᠠ ᠬᠦᠴᠦᠨ ᠨᠢ ᠠᠮᠢ ᠠᠬᠤᠢ᠎ᠳᠤ ᠪᠤᠢ᠃
ᠬᠥᠯᠥᠨ ᠪᠤᠢ᠌ᠷ ᠬᠤᠳᠠ᠎ᠳᠤ 3000 ᠲᠦᠮᠡᠨ ᠮᠦ᠍ ᠲᠠᠷᠢᠶᠠᠨ ᠭᠠᠵᠠᠷ ᠲᠠᠢ᠂ 1000 ᠭᠠᠷᠤᠢ ᠲᠦᠮᠡᠨ ᠮᠠᠯᠤᠨᠤᠭᠠ ᠲᠠᠶ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠴᠤᠯ ᠪᠠᠢᠭᠠᠯᠢ᠎ᠶ᠋ᠢᠨ᠂ ᠪᠣᠬᠢᠷᠲᠤᠯ ᠦᠭᠡᠢ᠂ ᠣᠷᠭᠠᠨᠢᠭ ᠶᠠᠰᠤ ᠴᠢᠨᠠᠷᠲᠠᠶ᠂ ᠡᠨᠡ ᠪᠣᠯ ᠬᠥᠯᠥᠨ ᠪᠤᠢ᠌ᠷ᠎ᠤᠨ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ ᠵᠠᠮ᠎ᠢᠶᠠᠷ ᠵᠠᠮᠨᠠᠬᠤ᠎ᠶ᠋ᠢᠨ ᠰᠠᠭᠤᠷᠢ ᠪᠠ ᠳᠠᠪᠠᠭᠤᠯᠢᠭ ᠪᠣᠯᠤᠨ᠎ᠠ᠃ ᠬᠥᠯᠥᠨ ᠪᠤᠢ᠌ᠷ ᠬᠤᠳᠠ ᠠᠮᠢ ᠠᠬᠤᠢ᠌ᠵᠢᠭᠤᠯᠬᠤ ᠪᠡᠷ ᠴᠢᠭ᠌ᠯᠡᠯ ᠪᠣᠯᠭᠠᠵᠤ᠂ ᠰᠦ ᠮᠢᠬ᠎ᠠ ᠠᠮᠤ ᠪᠤᠳᠠᠭ᠎ᠠ ᠲᠤᠰᠤ ᠡᠪᠡᠰᠦ ᠲᠥᠮᠥᠰᠥ᠍ ᠵᠡᠷᠭᠡ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠢ ᠪᠤᠵᠠᠭᠠᠢᠷᠠᠭᠤᠯᠵᠤ᠂ ᠪᠣᠬᠢᠷᠲᠤᠯ ᠦᠬᠡᠢ᠂ ᠣᠷᠭᠠᠨᠢᠭ᠂ ᠬᠤᠤᠷᠳᠠᠯ ᠦᠭᠡᠢ ᠭᠡᠬᠦ ᠭᠤᠷᠪᠠᠨ《ᠱᠤᠰᠢᠭ᠎ᠠ》ᠵᠢ ᠴᠤᠬᠴᠠᠯᠠᠨ᠂ ᠪᠣᠬᠢᠷᠲᠤᠯ ᠦᠬᠡᠢ ᠡᠬᠢ ᠪᠠᠶᠠᠯᠢᠭ᠎ᠢ 《ᠬᠠᠯᠠᠮᠰᠢᠯ》 ᠪᠤᠯᠭᠠᠵᠤ᠂ ᠬᠥᠯᠥᠨ ᠪᠤᠢ᠌ᠷᠢ ᠤᠯᠤᠰ᠎ᠤᠨ ᠪᠣᠬᠢᠷᠲᠤᠯ ᠦᠬᠡᠢ ᠣᠷᠭᠠᠨᠢᠭ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠤᠢ ᠱᠢᠭᠤᠢ᠎ᠶ᠋ᠢᠨ ᠪᠦᠲᠦᠭᠡᠭ᠌ᠳᠡᠬᠦᠨ᠎ᠢ ᠡᠳ᠋ᠱᠢᠭᠦᠯᠦᠨ ᠪᠣᠯᠪᠠᠰᠤᠷᠠᠭᠤᠯᠵᠤ ᠭᠠᠳᠠᠭ᠍ᠰᠢ ᠭᠠᠷᠭᠠᠬᠤ ᠰᠠᠭᠤᠷᠢᠨ ᠪᠣᠯᠭᠠᠨ ᠪᠦᠳᠦᠬᠡᠨ ᠪᠠᠢᠭᠤᠯᠵᠤ ᠪᠤᠢ᠃
— ᠬᠠᠷ᠎ᠠ ᠬᠥᠷᠥᠰᠥ ᠳᠠᠢ ᠭᠠᠵᠠᠷ᠎ᠢ ᠠᠱᠢᠭ᠍ᠯᠠᠬᠤ ᠠᠵᠢᠯ᠎ᠢ ᠰᠠᠢᠲᠤᠷ ᠬᠢᠨ᠎ᠠ᠃ ᠬᠥᠯᠥᠨ ᠪᠣᠢᠷ ᠪᠣᠯ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ ᠮᠥᠨ᠂ ᠠᠯᠢ ᠡᠷᠲᠡ 2010 ᠣᠨ᠎ᠳᠤ ᠪᠥᠬᠥ᠌ ᠤᠯᠤᠰ᠎ᠤᠨ ᠠᠮᠤ ᠪᠤᠳᠠᠭᠠᠨ᠎ᠤ ᠭᠠᠷᠤᠯᠲᠠ᠎ᠶ᠋ᠢᠨ 20 ᠲᠣᠮᠣ ᠬᠣᠲᠠ᠎ᠶ᠋ᠢᠨ ᠡᠩᠨᠡᠭᠡᠨ᠎ᠳᠦ ᠣᠷᠣᠪᠠ᠃ ᠣᠢᠷ᠎ᠠ᠎ᠶ᠋ᠢᠨ ᠵᠢᠯ᠎ᠦᠨ ᠲᠤᠷᠰᠢ᠂ ᠬᠥᠯᠥᠨ ᠪᠣᠢᠷ 《ᠠᠮᠤ ᠪᠤᠳᠠᠭ᠎ᠠ ᠠᠵᠤ ᠠᠬᠤᠶ᠎ᠶ᠋ᠢᠨ ᠲᠠᠷᠢᠮᠠᠯ ᠪᠣᠷᠳᠣᠭ᠎ᠠ》 ᠶ᠋ᠢᠨ ᠪᠦᠲᠦᠴᠡ᠎ᠳᠦ ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠍᠂ ᠱᠢᠨᠳᠠᠰᠤ ᠰᠠᠢᠲᠠᠶ ᠪᠣᠭᠣᠳᠠᠶ᠂ ᠲᠥᠮᠥᠰᠥᠨ᠎ᠦ ᠦᠷ᠎ᠡ ᠲᠥᠮᠥᠰᠥ᠂ ᠤᠭᠤᠷᠠᠭ ᠶᠡᠬᠡᠲᠡᠶ ᠱᠢᠷ᠎ᠠ ᠪᠤᠷᠴᠠᠭ᠂ ᠬᠤᠤᠰ ᠳᠤᠤᠷ᠎ᠠ ᠱᠢᠯᠢᠮᠳᠡᠭ ᠵᠡᠷᠭᠡ ᠱᠢᠯᠢᠳᠡᠭ ᠡᠭᠦᠯᠳᠡᠷ᠎ᠢ ᠪᠣᠢᠵᠢᠭᠤᠯᠬᠤ ᠪᠠ ᠳᠡᠯᠭᠡᠷᠡᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠠᠮᠤ ᠪᠤᠳᠠᠭᠠᠨ᠎ᠤ ᠲᠣᠭ᠍ᠲᠠᠭᠤᠨ ᠤᠨᠠᠯᠲᠠ ᠥᠨᠳᠥᠷ ᠤᠨᠠᠯᠲᠠ᠎ᠶ᠋ᠢ ᠠᠬᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠳᠦ ᠬᠥᠯᠥᠨ ᠪᠣᠢᠷ᠎ᠤᠨ ᠬᠤᠪᠢ ᠨᠡᠮᠡᠷᠢ ᠵᠢ ᠦᠵᠡᠭᠦᠯᠪᠡ᠃
— ᠨᠤᠲᠤᠭ ᠪᠡᠯᠴᠢᠭᠡᠷ᠎ᠢ ᠠᠱᠢᠭ᠍ᠯᠠᠬᠤ ᠠᠵᠢᠯ᠎ᠢ ᠰᠠᠢᠲᠤᠷ ᠬᠢᠨ᠎ᠡ᠃ ᠬᠥᠯᠥᠨ ᠪᠤᠢ᠌ᠷ᠎ᠤᠨ ᠲᠠᠯ᠎ᠠ ᠨᠤᠲᠤᠭ ᠪᠣᠯ ᠳᠤᠮᠳᠠᠳᠤ ᠤᠯᠤᠰ᠎ᠤᠨ ᠣᠳᠣᠬᠠᠨ᠎ᠳᠤ ᠬᠠᠳᠠᠭᠠᠯᠠᠭ᠍ᠳᠠᠵᠤ ᠪᠠᠢᠭ᠎ᠠ ᠬᠠᠮᠤᠭ᠎ᠤᠨ ᠪᠦᠷᠢᠨ ᠪᠦᠲᠦᠨ ᠲᠠᠯ᠎ᠠ ᠨᠤᠲᠤᠭ᠎ᠤᠨ ᠨᠢᠭᠡ ᠪᠣᠯᠤᠨ᠎ᠠ᠂ 《ᠲᠡᠵᠢᠭᠡᠯ ᠡᠪᠡᠰᠦ ᠵᠢᠨ ᠸᠠᠩᠲᠤ ᠤᠯᠤᠰ》 ᠬᠡᠮᠡᠭ᠌ᠳᠡᠵᠦ᠍᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ 6 ᠵᠢᠯ ᠳᠠᠷᠠᠭᠠᠯᠠᠨ 70% ᠡᠴᠡ ᠳᠡᠭᠡᠭ᠌ᠰᠢ᠎ᠳᠦ ᠲᠣᠭ᠍ᠲᠠᠪᠤᠷᠢᠵᠢᠵᠤ᠂ ᠪᠦᠬᠦ᠌ ᠣᠷᠣᠨ᠎ᠳᠤ ᠲᠦᠷᠦᠬᠦᠯᠡᠪᠡ᠃ ᠣᠳᠣᠬᠠᠨ᠎ᠳᠤ᠂ ᠬᠥᠯᠥᠨ ᠪᠣᠢᠷ ᠨᠢᠭᠡᠨᠲᠡ 30 ᠲᠦᠮᠡᠨ ᠠᠯᠠᠱᠢᠨ ᠦᠬᠡᠷ᠂ 500 ᠲᠦᠮᠡᠨ ᠠᠯᠠᠱᠢᠨ ᠬᠣᠨᠢᠨ᠎ᠤ ᠪᠠᠷᠢᠮᠵᠢᠶᠠᠵᠢᠭᠤᠯᠤᠭ᠍ᠰᠠᠨ ᠰᠠᠭᠤᠷᠢᠨ᠎ᠢ ᠪᠠᠢᠭᠤᠯᠵᠤ᠂ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯ ᠬᠥᠯᠥᠨ ᠪᠣᠢᠷ᠎ᠲᠤ ᠨᠢᠭᠡᠨᠲᠡ ᠠᠭᠠᠵᠢᠮ᠎ᠢᠶᠠᠷ ᠡᠬᠢᠯᠡᠪᠡ᠃
ᠬᠥᠯᠥᠨ ᠪᠣᠢᠷ᠎ᠤᠨ ᠲᠠᠯ᠎ᠠ ᠨᠤᠲᠤᠭ᠎ᠤᠨ ᠥᠷᠥᠴᠡᠨ᠎ᠳᠦ ᠪᠠᠢᠷᠢᠯᠠᠵᠤ ᠪᠠᠢᠭ᠎ᠠ ᠬᠠᠭᠤᠴᠢᠨ ᠪᠠᠷᠭᠤ ᠬᠣᠱᠢᠭᠤ᠎ᠨᠢ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠲᠦᠷᠭᠡᠨ ᠠᠬᠢᠭᠤᠯᠬᠤ᠎ᠪᠠᠷ ᠳᠠᠮᠵᠢᠭᠤᠯᠤᠨ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ 《ᠪᠣᠬᠢᠷᠲᠤᠯ ᠥᠬᠡᠶ ᠬᠥᠳᠡᠯᠭᠡᠭᠦᠷ》᠎ᠢ᠋ ᠳᠠᠢᠴᠢᠯᠠᠪᠠ᠃ 2017 ᠣᠨ᠎ᠳᠤ᠂ ᠬᠠᠭᠤᠴᠢᠨ ᠪᠠᠷᠭᠤ ᠬᠣᠱᠢᠭᠤᠨ᠎ᠤ ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠠᠵᠤ ᠦᠢᠯᠡᠰ ᠲᠥᠪᠯᠡᠷᠡᠭ᠌ᠰᠡᠨ ᠣᠷᠣᠨ(PPP)᠎ᠤ᠋ ᠲᠦᠷᠦᠯ ᠵᠦᠢᠯ ᠡᠬᠢᠯᠡᠪᠡ᠃ ᠤᠯᠤᠰ᠎ᠤᠨ ᠪᠡᠯᠴᠢᠭᠡᠷ᠎ᠦᠨ ᠮᠠᠯ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠬᠤ ᠲᠦᠷᠦᠭᠦᠯᠡᠨ ᠡᠬᠢᠯᠡᠭᠦᠯᠬᠦ᠌ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠬᠠᠬᠢᠷ ᠬᠦᠶ᠋ᠲᠡᠨ ᠭᠠᠵᠠᠷ ᠣᠷᠣᠨ᠎ᠤ ᠲᠤᠷᠱᠢᠯᠲᠠ᠎ᠶ᠋ᠢᠨ ᠲᠠᠰᠤᠭ᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠣᠷᠳᠣᠨ᠂ ᠠᠵᠤ ᠦᠶ᠋ᠯᠡᠰ᠎ᠦᠨ ᠨᠡᠪᠴᠢᠭᠦᠯᠬᠦ᠌ ᠲᠥᠪ᠂ ᠵᠢᠭᠤᠯᠴᠢᠯᠠᠭᠰᠠᠳ᠎ᠤᠨ ᠲᠥᠪ᠂ ᠨᠤᠲᠤᠭ ᠪᠡᠯᠴᠢᠭᠡᠷ᠎ᠦᠨ ᠠᠵᠤ ᠦᠶ᠋ᠯᠡᠰ᠎ᠦᠨ ᠮᠡᠳᠡᠭᠡ ᠵᠠᠩᠭᠢ᠎ᠶ᠋ᠢᠨ ᠲᠣᠮᠣ ᠳ᠋ᠠᠢᠲ᠋ᠠ᠎ᠶ᠋ᠢᠨ ᠲᠠᠪᠴᠠᠩ ᠵᠡᠷᠭᠡ ᠪᠥᠲᠥᠭᠡᠨ ᠪᠠᠢᠭᠤᠯᠤᠯᠲᠠ᠎ᠶ᠋ᠢᠨ ᠠᠭᠤᠯᠭ᠎ᠠ ᠪᠠᠭ᠍ᠲᠠᠨ᠎ᠠ᠃
ᠡᠨᠡ ᠬᠦ᠌ ᠲᠦᠷᠦᠯ ᠵᠦᠢᠯ ᠨᠢ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠲᠠᠯ᠎ᠠ ᠨᠤᠲᠤᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠢᠰᠲᠸᠮ ᠲᠠᠢ ᠭᠦᠨᠵᠡᠭᠡᠢ ᠠᠭᠤᠰᠤᠯᠴᠠᠵᠤ᠂ ᠱᠢᠨ᠎ᠡ᠎ᠶ᠋ᠢ ᠡᠭᠦᠳᠬᠦ᠌ ᠮᠡᠷᠭᠡᠵᠢᠯ᠎ᠢ ᠳᠡᠯᠭᠡᠷᠡᠭᠦᠯᠦᠨ ᠬᠡᠷᠡᠭ᠌ᠯᠡᠬᠦ᠌ ᠪᠠ ᠡᠪᠡᠰᠦ ᠪᠡᠯᠴᠢᠭᠡᠷ᠎ᠦᠨ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠪᠣᠯᠪᠠᠰᠤᠷᠠᠯ ᠪᠣᠯᠤᠨ ᠲᠤᠰᠭᠠᠢᠵᠢᠭ᠍ᠰᠠᠨ᠂ ᠪᠦᠯᠦᠭ᠌ᠵᠢᠭ᠌ᠰᠡᠨ ᠠᠷᠠᠯᠵᠢᠶᠠᠴᠢᠨ ᠤᠷᠢᠬᠤ᠎ᠪᠠᠷ ᠳᠠᠮᠵᠢᠨ᠂ ᠲᠠᠯ᠎ᠠ ᠨᠤᠲᠤᠭ᠎ᠤᠨ ᠠᠵᠤ ᠦᠢᠯᠡᠰ᠎ᠢ ᠱᠢᠨ᠎ᠡ ᠬᠡᠯᠪᠡᠷᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠠᠵᠤ ᠦᠢᠯᠡᠰ ᠪᠣᠯᠭᠠᠨ ᠪᠣᠢᠵᠢᠭᠤᠯᠬᠤ᠎ᠪᠠᠷ ᠴᠢᠷᠮᠠᠢᠵᠤ᠂ ᠳᠤᠮᠳᠠᠳᠤ ᠤᠯᠤᠰ᠎ᠤᠨ ᠤᠳᠤ ᠦᠶ᠎ᠡ᠎ᠶ᠋ᠢᠨ ᠡᠪᠡᠰᠦ ᠪᠡᠯᠴᠢᠭᠡᠷ᠎ᠦᠨ ᠮᠠᠯ ᠠᠵᠤ ᠠᠬᠤᠢ᠎ᠶ᠋ᠢᠨ ᠵᠢᠱ᠌ᠢᠢ᠎ᠡ ᠦᠵᠡᠭᠦᠯᠬᠦ᠌ ᠣᠷᠣᠨ᠎ᠢ ᠪᠠᠢᠭᠤᠯᠬᠤ ᠪᠣᠯᠤᠨ᠎ᠠ᠃
— ᠣᠢ ᠱᠢᠭᠤᠶ᠎ᠶ᠋ᠢ ᠠᠱᠢᠭ᠍ᠯᠠᠬᠤ ᠠᠵᠢᠯ᠎ᠢ ᠰᠠᠢᠲᠤᠷ ᠬᠢᠨ᠎ᠡ᠃ ᠬᠥᠯᠥᠨ ᠪᠣᠢᠷ ᠬᠣᠲᠠ ᠣᠶ ᠱᠢᠭᠤᠶ᠎ᠶ᠋ᠢᠨ ᠬᠠᠳᠠᠭᠠᠯᠠᠭ᠍ᠳᠠᠴᠠ ᠪᠠ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ ᠲᠠᠰᠤᠷᠠᠯᠲᠠ ᠥᠬᠡᠶ ᠨᠡᠮᠡᠭ᠌ᠳᠡᠭᠦᠯᠦᠭ᠌ᠰᠡᠨ ᠰᠠᠭᠤᠷᠢᠨ ᠳᠡᠭᠡᠷ᠎ᠡ᠂ ᠱᠢᠭᠤᠢᠲᠤ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠬᠢᠲᠠᠳ ᠡᠪᠡᠰᠦᠨ ᠡᠮ᠂ ᠬᠠᠷ᠎ᠠ ᠳᠠᠯᠳᠠᠸ᠋᠂ ᠨᠠᠷᠰᠤ᠂ ᠱᠢᠳ᠂ ᠠᠭᠠᠯᠢᠭ ᠠᠯᠢᠮ᠎ᠠ ᠵᠡᠷᠭᠡ ᠣᠨᠴᠠᠯᠢᠭ᠍ᠲᠤ ᠣᠶ᠎ᠶ᠋ᠢᠨ ᠳᠤᠳᠤᠷᠠᠬᠢ ᠪᠦᠳᠦᠭᠡᠭᠳᠡᠬᠦᠨ᠎ᠢ ᠨᠡᠭᠡᠭᠡᠨ ᠬᠥᠭ᠌ᠵᠢᠭᠦᠯᠪᠡ᠃ ᠣᠳᠣᠬᠠᠨ᠎ᠳᠤ ᠤᠢ ᠵᠢᠨ ᠳᠤᠳᠤᠷᠠᠬᠢ ᠪᠦᠳᠦᠭᠡᠭᠳᠡᠬᠦᠨ᠎ᠤ ᠲᠠᠷᠢᠮᠠᠯ᠎ᠤᠨ ᠲᠠᠯᠠᠪᠠᠢ 140 ᠭᠠᠷᠤᠢ ᠲᠦᠮᠡᠨ ᠮᠦ᠍᠎ᠳᠦ ᠬᠦᠷᠴᠡᠢ᠃
ᠲᠥᠷᠥᠯ ᠲᠡᠮᠳᠡᠭ᠎ᠦᠨ ᠦᠶ᠋ᠯᠡᠳᠦᠯ᠎ᠢ ᠥᠷᠭᠡᠳᠭᠡᠬᠦ᠌᠎ᠶ᠋ᠢᠨ ᠲᠥᠯᠥᠭᠡ᠂ ᠬᠥᠯᠥᠨ ᠪᠣᠢᠷ ᠬᠣᠲᠠ ᠪᠡᠭᠡᠵᠢᠩ᠎ᠦᠨ ᠳ᠋ᠢᠶᠤᠤ ᠢᠦᠶ᠎ᠲᠡᠶ ᠲᠣᠮᠣ ᠪᠠᠭᠤᠳᠠᠯ᠎ᠳᠤ ᠬᠥᠯᠥᠨ ᠪᠣᠢᠷ᠎ᠤᠨ ᠠᠮᠲᠠᠲᠤ ᠢᠳᠡᠭᠡᠨ᠎ᠦ ᠨᠠᠢᠷ ᠡᠷᠭᠢᠯᠡᠵᠦ᠍᠂ ᠬᠥᠯᠥᠨ ᠪᠣᠢᠷ᠎ᠤᠨ ᠦᠬᠡᠷ ᠬᠣᠨᠢᠨ ᠮᠢᠬ᠎ᠠ᠂ ᠴᠠᠭᠠᠨ ᠢᠳᠡᠭᠡᠨ᠂ ᠡᠯᠳᠡᠪ ᠠᠮᠤ᠂ ᠭᠠᠢᠮᠤ᠎ᠶ᠋ᠢᠨ ᠲᠣᠰᠣ ᠵᠡᠷᠭᠡ ᠲᠠᠷᠢᠶᠠᠯᠠᠩ ᠮᠠᠯ ᠠᠵᠤ ᠠᠬᠤᠶ ᠣᠶ ᠱᠢᠭᠤᠶ᠎ᠶ᠋ᠢᠨ ᠪᠦᠲᠦᠭᠡᠭ᠌ᠳᠡᠬᠦᠨ᠎ᠢ ᠪᠡᠭᠡᠵᠢᠩ᠎ᠦᠨ ᠵᠠᠬ᠎ᠠ ᠳᠡᠯᠭᠡᠭᠦᠷ᠎ᠲᠦ ᠣᠷᠣᠭᠤᠯᠤᠭ᠍ᠰᠠᠨ ᠪᠠᠢᠨ᠎ᠠ᠃ ᠡᠭᠦᠨ᠎ᠳᠦ᠂ ᠬᠥᠯᠥᠨ ᠪᠣᠢᠷ᠎ᠤᠨ ᠲᠠᠯ᠎ᠠ ᠨᠤᠲᠤᠭ᠎ᠤᠨ ᠴᠠᠭᠠᠨ ᠮᠥᠭᠥ᠎ᠶ᠋ᠢᠨ ᠱᠥᠯᠥ᠍᠂ ᠪᠤᠷᠢᠶᠠᠳ ᠪᠤᠤᠰᠠ᠂ ᠬᠠᠷ᠎ᠠ ᠤᠰᠤᠨ᠎ᠳᠤ ᠴᠢᠨᠠᠭ᠍ᠰᠠᠨ ᠬᠣᠨᠢᠨ ᠮᠢᠬ᠎ᠠ ᠵᠡᠷᠭᠡ 3 ᠵᠦᠶ᠋ᠯ᠎ᠦᠨ ᠨᠣᠭᠣᠭ᠎ᠠ᠎ᠨᠢ ᠳ᠋ᠢᠶᠣᠣ ᠢᠦᠶ᠎ᠲᠡᠶ ᠲᠣᠮᠣ ᠪᠠᠭᠤᠳᠠᠯ᠎ᠤᠨ ᠨᠣᠭᠣᠭ᠎ᠠ᠎ᠶ᠋ᠢᠨ ᠵᠦᠶ᠋ᠯ᠎ᠦᠨ ᠵᠢᠭ᠍ᠰᠠᠭᠠᠯᠲᠠ᠎ᠳᠤ ᠣᠷᠣᠵᠤ᠂ ᠬᠥᠯᠥᠨ ᠪᠣᠢᠷ᠎ᠤᠨ ᠪᠣᠬᠢᠷᠲᠤᠯ ᠥᠬᠡᠶ ᠣᠷᠭᠠᠨᠢᠭ ᠲᠠᠷᠢᠶᠠᠯᠠᠩ ᠮᠠᠯ ᠠᠵᠤ ᠠᠬᠤᠶ ᠣᠶ ᠱᠢᠭᠤᠶ᠎ᠶ᠋ᠢᠨ ᠪᠦᠲᠦᠭᠡᠭ᠌ᠳᠡᠬᠦᠨ᠎ᠦ ᠨᠥᠯᠥᠭᠡᠯᠡᠬᠦ᠌ ᠬᠦᠴᠦᠨ ᠪᠠ ᠨᠡᠮᠡᠯᠲᠡ ᠥᠷᠲᠡᠭ᠎ᠢ ᠳᠡᠭᠡᠭ᠌ᠰᠢᠯᠡᠭᠦᠯᠪᠡ᠃
《ᠤᠯᠠᠭᠠᠨ ᠬᠠᠪᠤᠷ ᠨᠣᠭᠣᠭᠠᠨ ᠵᠤᠨ ᠠᠯᠳᠠᠨ ᠨᠠᠮᠤᠷ ᠮᠥᠩᠭᠥᠨ ᠡᠪᠦᠯ》 ᠨᠢ ᠬᠥᠮᠦᠰ᠎ᠢ ᠪᠠᠬᠠᠷᠤᠭᠤᠯᠤᠨ ᠬᠣᠷᠭᠣᠳᠠᠭᠤᠯᠤᠨᠠ᠃ ᠬᠥᠯᠥᠨ ᠪᠣᠢᠷ ᠬᠣᠲᠠ ᠵᠢᠭᠤᠯᠴᠢᠯᠠᠯ᠎ᠤᠨ ᠦᠶ᠋ᠯᠡᠰ᠎ᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠤᠯᠭᠠᠭᠤᠷᠢ ᠠᠵᠤ ᠦᠶ᠋ᠯᠡᠰ ᠪᠠ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢᠨ ᠭᠤᠤᠯ ᠱᠢᠪᠲᠤᠯᠬᠤ ᠴᠢᠭ᠌ᠯᠡᠯ ᠪᠣᠯᠭᠠᠪᠠ᠂ ᠳᠡᠯᠡᠬᠡᠢᠵᠢᠭ᠌ᠰᠡᠨ ᠳᠡᠭᠡᠳᠦ ᠲᠠᠰ᠎ᠤᠨ ᠵᠢᠭᠤᠯᠴᠢᠯᠠᠯ᠎ᠤᠨ ᠬᠠᠷᠠᠯᠳᠠᠳᠦ ᠭᠠᠵᠠᠷ᠎ᠢ ᠪᠦᠲᠦᠭᠡᠨ ᠪᠠᠢᠭᠤᠯᠬᠤ᠎ᠪᠠᠷ ᠬᠠᠷᠠᠯᠲᠠ ᠪᠣᠯᠭᠠᠵᠦ᠂ ᠵᠢᠭᠤᠯᠴᠢᠯᠠᠯ᠎ᠤᠨ ᠦᠢᠯᠡᠰ᠎ᠢ ᠤᠷᠢᠳ ᠵᠢᠡᠷ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠶᠡᠬᠡ ᠪᠡᠷ ᠬᠡᠷᠡᠭ᠌ᠵᠢᠭᠦᠯᠵᠦ᠂ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠡᠬᠢ ᠪᠠᠶᠠᠯᠢᠭ᠎ᠢ ᠪᠦᠬᠦ᠌ ᠲᠠᠯ᠎ᠠ᠎ᠪᠠᠷ ᠠᠮᠢᠳᠤᠯᠢᠭ ᠪᠣᠯᠭᠠᠠ᠂ ᠡᠪᠦᠯ᠎ᠦᠨ ᠤᠯᠠᠷᠢᠯ᠎ᠤᠨ ᠵᠢᠭᠤᠯᠴᠢᠯᠠᠯ᠎ᠢ ᠪᠠᠢᠩᠭᠤᠵᠢᠭᠤᠯᠬᠤ ᠵᠢ ᠠᠬᠢᠭᠤᠯᠤᠨ᠂ ᠵᠣᠨ᠎ᠤ ᠤᠯᠠᠷᠢᠯ᠎ᠤᠨ ᠵᠢᠭᠤᠯᠴᠢᠯᠠᠯ᠎ᠢ ᠰᠣᠳᠣᠨᠵᠢᠭᠤᠯᠬᠤ ᠵᠢᠨ ᠲᠦᠯᠦᠭᠡ ᠬᠥᠯᠥᠨ ᠪᠣᠢᠷ ᠬᠣᠲᠠ ᠠᠮᠢ ᠠᠬᠤᠢᠵᠢᠭᠤᠯᠤᠯᠲᠠᠪᠠᠷ ᠴᠢᠭ᠌ᠯᠡᠯ ᠪᠣᠯᠭᠠᠵᠤ ᠤᠯᠠᠮᠵᠢᠯᠠᠯᠲᠤ ᠵᠢᠭᠤᠯᠴᠢᠯᠠᠯ᠎ᠤᠨ ᠦᠶ᠋ᠯᠡᠰ᠎ᠢ ᠳᠡᠭᠡᠭ᠌ᠰᠢᠯᠡᠭᠦᠯᠵᠦ᠂ 《ᠪᠠᠭ᠎ᠠ᠂ ᠳᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ》 ᠵᠢᠭᠤᠯᠴᠢᠯᠠᠯ᠎ᠤᠨ ᠱᠤᠭᠤᠮ ᠪᠠ ᠵᠢᠭᠤᠯᠴᠢᠯᠠᠯ᠎ᠤᠨ ᠦᠵᠡᠮᠵᠢ᠎ᠶ᠋ᠢᠨ ᠭᠠᠵᠠᠷ᠂ ᠵᠢᠭᠤᠯᠴᠢᠯᠠᠯ᠎ᠤᠨ ᠠᠵᠢᠯ ᠲᠥᠷᠥᠯ᠎ᠦᠨ ᠬᠠᠮᠢᠶᠠᠷᠤᠯᠲᠠ᠎ᠶ᠋ᠢ ᠴᠢᠩᠭᠠᠳᠭᠠᠨ ᠵᠢᠷᠤᠮᠵᠢᠭᠤᠯᠵᠦ᠂ ᠦᠷᠢᠰᠥᠯᠳᠦᠬᠦ᠌ ᠬᠦᠴᠦᠨ ᠪᠠ ᠲᠠᠲᠠᠬᠤ ᠬᠦᠴᠦᠨ᠎ᠢ ᠨᠡᠮᠡᠭ᠌ᠳᠡᠭᠦᠯᠵᠦ᠂ ᠵᠢᠭᠤᠯᠴᠢᠯᠠᠯ᠎ᠤᠨ ᠦᠢᠯᠡᠰ᠎ᠢ ᠳᠡᠭᠡᠳᠦ ᠳᠡᠰ᠂ ᠨᠠᠷᠢᠯᠢᠭ᠂ ᠳᠡᠯᠡᠬᠡᠢᠵᠢᠭᠦ ᠲᠡᠢᠰᠢ ᠬᠦᠭᠵᠢᠬᠦᠯᠦᠨ᠎ᠠ᠃
ᠰᠠᠢᠨ ᠰᠠᠢᠬᠠᠨ ᠠᠮᠢ ᠠᠬᠤᠶ ᠣᠷᠴᠢᠨ ᠲᠣᠭᠣᠷᠢᠨ᠎ᠳᠤ ᠲᠦᠱᠢᠭ᠌ᠯᠡᠨ᠂ ᠠᠮᠢ ᠠᠬᠤᠶ᠎ᠶ᠋ᠢᠨ ᠡᠬᠢ ᠪᠠᠶᠠᠯᠢᠭ᠎ᠢ ᠠᠵᠤ ᠦᠶ᠋ᠯᠡᠰ᠎ᠦᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠮᠢ ᠠᠬᠤᠢ ᠡᠴᠡ ᠦᠷ᠎ᠠ ᠠᠰᠢᠬ ᠬᠦᠷᠳᠡᠬᠦ᠎ᠶ᠋ᠢ ᠪᠡᠶᠡᠯᠡᠭᠦᠯᠦᠨ᠂ ᠬᠥᠯᠥᠨ ᠪᠣᠢᠷ ᠬᠣᠲᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃
ᠬᠦᠢᠲᠡᠨ᠎ᠤ ᠡᠬᠢ ᠪᠠᠶᠠᠯᠢᠭᠵᠢᠨᠨ《 ᠬᠠᠯᠠᠮᠰᠢᠯ 》 ᠠᠵᠤ ᠦᠢᠯᠡᠰ ᠪᠣᠯᠭᠠᠨ᠎ᠠ
ᠬᠥᠯᠥᠨ ᠪᠤᠢ᠌ᠷ᠎ᠤᠨ ᠮᠥᠰᠥ᠍ ᠴᠠᠰᠤᠨ᠎ᠤ ᠡᠬᠢ ᠪᠠᠶᠠᠯᠢᠭ ᠣᠨᠴᠠ ᠰᠠᠢ᠌ᠨ᠂ 7 ᠰᠠᠷ᠎ᠠ᠎ᠶ᠋ᠢᠨ ᠬᠤᠭᠤᠴᠠᠭ᠎ᠠ ᠲᠠᠢ ᠡᠪᠦᠯ᠎ᠦᠨ ᠤᠯᠠᠷᠢᠯ ᠨᠢ ᠬᠥᠯᠥᠨ ᠪᠤᠢ᠌ᠷ᠎ᠤᠨ ᠥᠷᠭᠡᠨ ᠠᠭᠤᠳᠠᠮ ᠂ ᠥᠷᠭᠡᠨ ᠬᠠᠷᠠᠭᠠᠰᠤ᠎ᠲᠦ ᠮᠦᠩᠬᠦᠨ ᠡᠪᠤᠯ᠎ᠤᠨ ᠰᠦᠷᠯᠢᠭ ᠰᠠᠢᠬᠠᠨ ᠦᠵᠡᠮᠵᠢ ᠵᠢ ᠵᠢᠷᠤᠭᠯᠠᠵᠠᠢ᠃
ᠬᠥᠯᠥᠨ ᠪᠣᠢᠷ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠳᠤᠲᠠᠭᠤᠳᠠᠯ᠎ᠢ ᠲᠠᠰᠤᠷᠠᠯᠲᠠ ᠥᠬᠡᠶ ᠨᠥᠬᠥᠪᠥᠷᠢᠯᠡᠵᠦ᠍᠂ 《ᠮᠥᠰᠥ᠍ ᠴᠠᠰᠤ +》 ᠶ᠋ᠢ ᠨᠡᠢᠳᠭᠡᠨ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠬᠦᠶ᠋ᠲᠡᠨ᠎ᠦ ᠡᠬᠢ ᠪᠠᠶᠠᠯᠢᠭ᠎ᠢ 《ᠬᠠᠯᠠᠮᠱᠢᠯ》 ᠠᠵᠤ ᠦᠶ᠋ᠯᠡᠰ ᠪᠣᠯᠭᠠᠨ ᠬᠤᠪᠢᠷᠠᠭᠤᠯᠵᠤ᠂ ᠮᠥᠰᠥ᠍ ᠴᠠᠰᠤ ᠪᠣᠯᠤᠨ ᠤᠨᠴᠠᠯᠢᠬ᠍ᠳᠤ ᠵᠢᠭᠤᠯᠴᠢᠯᠠᠯ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠪᠣᠯᠤᠨ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠪᠠ᠃
ᠴᠠᠰᠤ ᠯᠠᠪᠰᠠᠯᠠᠠ ᠪᠠᠭᠤᠵᠤ ᠢᠷᠡᠬᠦ᠌᠎ᠶ᠋ᠢ ᠳᠠᠭᠠᠯᠳᠤᠨ᠂ ᠬᠥᠯᠥᠨ ᠪᠣᠢᠷ᠎ᠤᠨ ᠥᠩᠭᠡᠷᠡᠭ᠌ᠰᠡᠨ᠎ᠦ ᠥᠩᠭᠡ ᠢᠯᠭᠠᠷᠠᠭ᠍ᠰᠠᠨ ᠡᠬᠡ ᠭᠠᠵᠠᠷ ᠮᠥᠩᠭᠥᠨ ᠴᠠᠭᠠᠨ ᠥᠩᠭᠡ᠎ᠪᠡᠷ ᠬᠤᠴᠢᠭ᠍ᠳᠠᠵᠤ ᠪᠠᠢᠯ᠎ᠠ᠃ ᠢᠩᠭᠢᠭᠡᠳ ᠯᠡ ᠬᠥᠯᠥᠨ ᠪᠤᠢ᠌ᠷ ᠡᠪᠦᠯ᠎ᠦᠨ ᠤᠯᠠᠷᠢᠯ᠎ᠳᠤ ᠣᠷᠣᠵᠤ᠂ 25.3 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠲᠠᠯᠠᠪᠠᠢ ᠲᠠᠢ ᠥᠷᠭᠡᠨ ᠠᠭᠤᠳᠠᠮ ᠨᠤᠲᠤᠭ ᠳᠡᠪᠢᠰᠭᠡᠷ᠎ᠢ ᠨᠡᠯᠦᠢᠮᠡ ᠴᠡᠯᠡᠭᠡᠷ᠂ ᠮᠥᠩᠭᠥᠨ ᠴᠠᠭᠠᠨ ᠴᠠᠰᠤᠲᠤ ᠤᠢ᠎ᠶ᠋ᠢᠨ ᠴᠠᠰᠤᠲᠤ ᠲᠠᠯ᠎ᠠ ᠪᠣᠯᠭᠠᠨ ᠵᠢᠷᠤᠭ᠍ᠯᠠᠵᠠᠢ᠃
ᠮᠥᠰᠥ᠍ ᠴᠠᠰᠤᠨ᠎ᠤ ᠡᠬᠢ ᠪᠠᠶᠠᠯᠢᠭ᠎ᠲᠤ ᠲᠦᠱᠢᠭ᠌ᠯᠡᠨ᠂ ᠬᠥᠯᠥᠨ ᠪᠤᠢ᠌ᠷ ᠠᠯᠢ ᠤᠯᠠᠨ ᠪᠡᠶᠡᠴᠢᠯᠡᠨ ᠣᠢᠯᠠᠭᠠᠬᠤ ᠠᠵᠢᠯᠯᠠᠭ᠎ᠠ ᠥᠷᠨᠢᠭᠦᠯᠵᠦ᠍᠂ ᠵᠢᠭᠤᠯᠴᠢᠯᠠᠬᠰᠠᠳ᠎ᠢ ᠡᠪᠦᠯ᠎ᠦᠨ ᠤᠯᠠᠷᠢᠯ᠎ᠳᠤ ᠬᠥᠯᠥᠨ ᠪᠤᠢ᠌ᠷ᠎ᠲᠤ ᠢᠷᠡᠵᠦ᠍ ᠴᠠᠰᠤ ᠰᠣᠨᠢᠷᠬᠠᠭᠤᠯᠵᠤ᠂ ᠡᠪᠦᠯ᠎ᠦᠨ ᠤᠯᠠᠷᠢᠯ᠎ᠤᠨ ᠤᠢ ᠱᠢᠭᠤᠢ ᠴᠠᠰᠤᠲᠤ ᠲᠠᠯ᠎ᠠ᠎ᠶ᠋ᠢᠨ ᠠᠮᠢᠳᠤᠷᠠᠯ᠎ᠢ ᠪᠡᠶᠡᠴᠢᠯᠡᠨ ᠤᠢ᠍ᠢᠯᠠᠭᠠᠭᠤᠯᠵᠤ᠂ ᠡᠪᠦᠯ᠎ᠦᠨ ᠤᠯᠠᠷᠢᠯ᠎ᠤᠨ ᠨᠠᠭᠠᠳᠤᠮ᠎ᠤᠨ ᠠᠪᠴᠢᠷᠠᠭ᠍ᠰᠠᠨ ᠮᠥᠰᠥ᠍ ᠴᠠᠰᠤᠨ᠎ᠤ ᠰᠣᠶᠣᠯ᠎ᠤᠨ ᠦᠪᠡᠳᠡᠭ᠌ᠰᠢ ᠳᠠᠢᠯᠠᠯᠭ᠎ᠠ᠎ᠶ᠋ᠢ ᠡᠳ᠋ᠯᠡᠭᠦᠯᠪᠡ᠃
ᠣᠢᠷ᠎ᠠ᠎ᠶ᠋ᠢᠨ ᠬᠡᠳᠦᠨ ᠵᠢᠯ᠎ᠳᠦ᠂ ᠬᠥᠯᠥᠨ ᠪᠣᠢᠷ ᠥᠪᠡᠷᠲᠡᠭᠡᠨ ᠵᠠᠰᠠᠬᠤ ᠣᠷᠣᠨ᠎ᠤ ᠡᠪᠦᠯ᠎ᠦᠨ ᠤᠯᠠᠷᠢᠯ᠎ᠤᠨ ᠨᠠᠭᠠᠳᠤᠮ᠎ᠢ ᠵᠠᠯᠭᠠᠭ᠎ᠠ᠎ᠪᠠᠷ ᠳᠠᠭᠠᠭᠠᠴᠢᠯᠠᠨ ᠡᠷᠭᠢᠯᠡᠵᠦ᠍᠂ ᠳᠤᠮᠳᠠᠳᠤ ᠤᠯᠤᠰ᠎ᠤᠨ ᠮᠠᠱᠢᠨ ᠲᠡᠷᠭᠡᠨ᠎ᠦ ᠬᠡᠭᠡᠷᠡᠯᠡᠬᠦ᠌ ᠲᠣᠭᠣᠷᠢᠨ ᠴᠠᠭ᠍ᠳᠠᠬᠤ ᠤᠷᠤᠯᠳᠤᠭᠠᠨ᠎ᠤ ᠣᠨ᠎ᠤ ᠱᠢᠶ᠋ᠳᠪᠦᠷᠢᠲᠦ ᠤᠷᠤᠯᠳᠤᠭᠠᠨ᠂ ᠪᠥᠬᠥ᠌ ᠤᠯᠤᠰ᠎ᠤᠨ ᠴᠠᠰᠤᠨ ᠳᠡᠭᠡᠷᠡᠬᠢ ᠮᠣᠲ᠋ᠣᠷ ᠲᠡᠷᠭᠡ ᠪᠠ ᠣᠯᠠᠨ ᠲᠦᠮᠡᠨ᠎ᠦ ᠬᠡᠭᠡᠷᠡᠯᠡᠬᠦ᠌ ᠴᠡᠨᠡᠯᠡᠯᠳᠡ᠎ᠶ᠋ᠢᠨ ᠤᠷᠤᠯᠳᠤᠭᠠᠨ᠂ ᠣᠯᠠᠨ ᠤᠯᠤᠰ᠎ᠤᠨ ᠮᠠᠱᠢᠨ ᠲᠡᠷᠭᠡᠨ᠎ᠦ ᠬᠣᠯᠪᠣᠭ᠎ᠠ ᠵᠢᠨ F4 ᠮᠥᠰᠥ᠍ ᠴᠠᠰᠤᠨ᠎ᠤ ᠲᠡᠭ᠌ᠰᠢᠳᠭᠡᠯᠦᠨ ᠴᠤᠭ᠍ᠯᠠᠷᠠᠯ᠎ᠤᠨ ᠤᠷᠤᠯᠳᠤᠭᠠᠨ᠂ ᠬᠦᠶ᠋ᠲᠡᠨ ᠲᠤᠢᠯ᠎ᠤᠨ ᠣᠯᠠᠨ ᠤᠯᠤᠰ᠎ᠤᠨ ᠮᠥᠰᠥ᠍ ᠴᠠᠰᠤᠨ᠎ᠤ ᠮᠠᠷᠠᠽᠤᠨ ᠵᠡᠷᠭᠡ ᠤᠷᠤᠯᠳᠤᠭᠠᠨ᠎ᠢ ᠪᠠᠭ᠍ᠲᠠᠭᠠᠭ᠍ᠰᠠᠨ ᠡᠪᠦᠯ᠎ᠦᠨ ᠤᠯᠠᠷᠢᠯ᠎ᠤᠨ ᠪᠠᠭᠠᠲᠤᠷᠴᠤᠳ᠎ᠤᠨ ᠴᠤᠭ᠍ᠯᠠᠭᠠᠨ᠎ᠢ ᠡᠷᠭᠢᠯᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠶᠡᠬᠡ ᠬᠡᠮᠵᠢᠶᠡᠨ᠎ᠦ ᠵᠢᠭᠤᠯᠴᠢᠯᠠᠭ᠍ᠰᠠᠳ᠎ᠢ ᠲᠠᠲᠠᠠ ᠠᠪᠴᠢᠷᠠᠪᠠ᠃ ᠬᠥᠯᠥᠨ ᠪᠤᠢ᠌ᠷ ᠶᠠᠭ ᠠᠯᠬᠤᠮ ᠠᠯᠬᠤᠮ᠎ᠢᠶᠠᠷ ᠤᠯᠤᠰ ᠪᠣᠯᠤᠨ ᠤᠯᠠᠨ ᠤᠯᠤᠰ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠣᠷᠣᠭᠤᠯᠤᠨ ᠠᠪᠴᠢᠷᠠᠵᠤ᠂ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠰᠠᠭᠤᠷᠢᠨ᠎ᠢ ᠪᠠᠢᠭᠤᠯᠵᠤ᠂ ᠥᠪᠡᠷᠮᠢᠴᠡ ᠣᠨᠴᠠᠯᠢᠭ᠎ᠲᠠᠶ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠢ ᠬᠥᠭ᠌ᠵᠢᠭᠦᠯᠦᠭᠡᠳ᠂ ᠬᠥᠯᠥᠨ ᠪᠤᠢ᠌ᠷᠢ ᠨᠡᠩ ᠬᠥᠭ᠌ᠵᠢᠶᠡᠨᠲᠡᠢ ᠪᠣᠯᠭᠠᠵᠤ ᠪᠠᠢᠨ᠎ᠠ᠃
ᠡᠪᠦᠯ᠎ᠦᠨ ᠤᠯᠠᠷᠢᠯ ᠣᠷᠳᠣ᠂ ᠨᠤᠲᠤᠭ ᠲᠡᠪᠢᠰᠭᠡᠷ ᠨᠢ ᠥᠷᠭᠡᠨ ᠠᠭᠤᠳᠠᠮ᠂ ᠬᠠᠬᠢᠷ ᠬᠦᠶ᠋ᠲᠡᠨ ᠠᠭᠤᠷ ᠠᠮᠢᠰᠭᠤᠯ ᠣᠷᠴᠢᠨ ᠲᠣᠭᠣᠷᠢᠨ ᠪᠠ ᠡᠯᠪᠡᠭ ᠪᠠᠶᠠᠯᠢᠭ ᠮᠥᠰᠥ᠍ ᠴᠠᠰᠤᠨ᠎ᠤ ᠡᠬᠢ ᠪᠠᠶᠠᠯᠢᠭ᠎ᠤᠨ ᠳᠠᠪᠠᠭᠤᠯᠢᠭ᠎ᠨᠢ ᠬᠥᠯᠥᠨ ᠪᠣᠢᠷ᠎ᠤᠨ ᠬᠥᠭ᠌ᠵᠢᠯᠲᠡ᠎ᠶ᠋ᠢᠨ ᠲᠣᠮᠣ ᠳ᠋ᠠᠢᠲ᠋ᠠ᠂ ᠮᠠᠱᠢᠨ ᠲᠡᠷᠭᠡ ᠬᠢᠭᠡᠳ ᠠᠭᠠᠷ᠎ᠤᠨ ᠨᠢᠰᠦᠭᠦᠷ ᠵᠡᠷᠭᠡ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠬᠦᠶ᠋ᠲᠡᠨ᠎ᠳᠦ ᠳᠠᠭᠠᠭᠠᠮᠠᠭᠠᠶ ᠴᠢᠨᠠᠷ᠎ᠤᠨ ᠱᠢᠯᠭᠠᠯᠲᠠ᠎ᠳᠤ ᠮᠠᠰᠢ ᠰᠠᠢᠨ ᠨᠥᠬᠥᠴᠡᠯ ᠬᠠᠩᠭᠠᠪᠠ᠃ ᠣᠢᠷ᠎ᠠ᠎ᠶ᠋ᠢᠨ ᠬᠡᠳᠦᠨ ᠵᠢᠯ᠎ᠳᠦ᠂ ᠬᠥᠯᠥᠨ ᠪᠣᠢᠷ ᠬᠤᠸᠠ ᠸᠧᠶ᠎ᠶ᠋ᠢᠨ ᠲᠣᠮᠣ ᠳ᠋ᠠᠢᠲ᠋ᠠ᠎ᠶ᠋ᠢᠨ ᠲᠥᠪ᠎ᠦᠨ ᠲᠥᠷᠥᠯ ᠵᠦᠶ᠋ᠯ᠎ᠢ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠱᠢᠨ ᠲᠡᠷᠭᠡᠨ᠎ᠦ ᠬᠠᠬᠢᠷ ᠬᠦᠶ᠋ᠲᠡᠨ᠎ᠢ ᠱᠢᠯᠭᠠᠨ ᠬᠡᠮᠵᠢᠬᠦ᠌ ᠲᠥᠪ᠎ᠦᠨ ᠲᠥᠷᠥᠯ ᠵᠦᠶ᠋ᠯ᠂ ᠶᠠᠭ᠍ᠰᠢ᠎ᠶ᠋ᠢᠨ ᠮᠥᠰᠥ᠍ ᠴᠠᠰᠤᠨ᠎ᠤ ᠣᠷᠴᠢᠨ ᠲᠣᠭᠣᠷᠢᠨ᠎ᠤ ᠮᠠᠱᠢᠨ ᠲᠡᠷᠭᠡᠨ᠎ᠦ ᠴᠢᠳᠠᠪᠬᠢ᠎ᠶ᠋ᠢ ᠱᠢᠯᠭᠠᠨ ᠬᠡᠮᠵᠢᠬᠦ᠌ ᠲᠣᠭ᠎ᠠ ᠪᠠᠷᠢᠮᠲᠠ ᠴᠤᠭ᠍ᠯᠠᠭᠤᠯᠬᠤ ᠰᠠᠭᠤᠷᠢᠨ ᠭᠠᠵᠠᠷ᠎ᠤᠨ ᠲᠥᠷᠥᠯ ᠵᠦᠶ᠋ᠯ᠎ᠢ ᠤᠷᠤᠭᠤᠯᠤᠨ ᠠᠪᠴᠢᠷᠠᠵᠠᠶ᠃
ᠶᠠᠭ᠍ᠰᠢ ᠬᠤᠲᠠ᠎ᠶ᠋ᠢᠨ ᠴᠠᠰᠤ ᠲᠠᠢ ᠡᠲᠦᠷ᠎ᠤᠨ ᠲᠤᠭ᠎ᠠ ᠪᠦᠬᠦ᠌ ᠵᠢᠯ᠎ᠦᠨ ᠭᠤᠷᠪᠠᠨ᠎ᠤ ᠨᠢᠭᠡ ᠬᠤᠪᠢ᠎ᠶ᠋ᠢ ᠡᠵᠡᠯᠡᠵᠦ᠍᠂ ᠡᠪᠦᠯ᠎ᠦᠨ ᠤᠯᠠᠷᠢᠯ᠎ᠤᠨ ᠮᠠᠱᠢᠨ ᠲᠡᠷᠭᠡᠨ᠎ᠦ ᠲᠤᠷᠱᠢᠯᠲᠠ᠎ᠶ᠋ᠢᠨ ᠰᠠᠭᠤᠷᠢᠨ᠎ᠤ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠱᠢᠵᠢᠷ ᠠᠯᠲᠠᠨ ᠨᠥᠬᠥᠴᠡᠯ᠎ᠢ ᠪᠦᠷᠢᠯᠳᠦᠭᠦᠯᠵᠡᠢ᠃ ᠣᠳᠣᠬᠠᠨ᠎ᠳᠤ᠂ ᠶᠠᠭ᠍ᠰᠢ ᠬᠤᠳᠠ᠎ᠶ᠋ᠢᠨ ᠪᠠᠢᠭᠤᠯᠤᠭᠰᠠᠠ 132 ᠲᠡᠭ᠌ᠰᠢ ᠳᠥᠷᠪᠡᠯᠵᠢᠨ ᠺᠢᠯᠤᠮᠸᠲᠷ ᠲᠠᠯᠠᠪᠠᠢ᠎ᠲᠠᠶ ᠠᠽᠢᠶ᠎ᠠ ᠲᠢᠪ ᠨᠣᠮᠣᠬᠠᠨ ᠲᠠᠯᠠᠢ᠎ᠶ᠋ᠢᠨ ᠣᠷᠣᠨ᠎ᠤ ᠬᠠᠮᠤᠭ᠎ᠤᠨ ᠶᠡᠬᠡ ᠪᠢᠲᠡᠭᠦᠮᠵᠢᠯᠡᠭ᠌ᠰᠡᠨ ᠮᠠᠶᠢᠭ᠎ᠤᠨ ᠹᠸᠩ ᠬᠤᠸᠠᠩ ᠱᠠᠨ ᠠᠭᠤᠯᠠᠨ᠎ᠤ ᠦᠵᠡᠮᠵᠢ᠎ᠶ᠋ᠢᠨ ᠣᠷᠣᠨ ᠳ᠋ᠤ᠂ 5 ᠵᠣᠬᠢᠶᠠᠮᠠᠯ ᠨᠠᠭᠤᠷ᠎ᠲᠠᠶ᠂ ᠮᠠᠱᠢᠨ ᠲᠡᠷᠭᠡᠨ᠎ᠦ ᠴᠢᠳᠠᠪᠬᠢ᠎ᠶ᠋ᠢ ᠱᠢᠯᠭᠠᠬᠤ ᠰᠠᠢ᠌ᠨ ᠭᠠᠵᠠᠷ ᠪᠣᠯᠤᠨ᠎ᠠ᠃ ᠬᠤᠪᠢ᠎ᠶ᠋ᠢᠨ ᠨᠢᠭᠤᠴᠠ᠎ᠶ᠋ᠢ ᠪᠢᠲᠡᠭᠦᠮᠵᠢᠯᠡᠯ ᠲᠠᠢ ᠣᠷᠴᠢᠨ ᠲᠣᠭᠣᠷᠢᠨ᠂ ᠲᠡᠭ᠌ᠰᠢᠭᠡᠡ ᠵᠤᠵᠠᠭᠠᠨ ᠮᠥᠰᠥᠨ ᠭᠠᠳᠠᠷᠭᠤ ᠨᠢ ᠶᠠᠭ᠍ᠰᠢ᠎ᠶ᠋ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠎ᠤ ᠨᠡᠷᠡᠢᠳᠦᠭ᠌ᠰᠡᠨ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠮᠠᠱᠢᠨ ᠲᠡᠷᠭᠡ᠎ᠶ᠋ᠢ ᠱᠢᠯᠭᠠᠨ ᠲᠤᠷᠱᠢᠬᠤ ᠠᠵᠤ ᠦᠶ᠋ᠯᠡᠰ᠎ᠦᠨ ᠰᠠᠭᠤᠷᠢᠨ ᠪᠣᠯᠭᠠᠪᠠ᠃ ᠬᠠᠭᠤᠴᠢᠨ ᠪᠠᠷᠭᠤ ᠬᠣᠱᠢᠭᠤᠨ᠎ᠤ ᠬᠢᠯᠢ ᠳᠣᠲᠣᠷᠠᠬᠢ ᠮᠠᠱᠢᠨ ᠲᠡᠷᠭᠡᠨ᠎ᠦ ᠡᠪᠦᠯ᠎ᠦᠨ ᠤᠯᠠᠷᠢᠯ᠎ᠤᠨ ᠲᠤᠷᠱᠢᠯᠲᠠ᠎ᠶ᠋ᠢᠨ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ ᠵᠢᠴᠢ ᠮᠠᠱᠢᠨ ᠲᠡᠷᠭᠡᠨ᠎ᠦ ᠬᠥᠳᠡᠯᠭᠡᠭᠡᠨ᠎ᠦ ᠵᠢᠵᠢᠭ ᠪᠠᠯᠭᠠᠰᠤᠨ᠎ᠤ ᠲᠥᠷᠥᠯ ᠵᠦᠶ᠋ᠯ ᠨᠢ ᠲᠣᠰ ᠬᠣᠱᠢᠭᠤᠨ᠎ᠤ ᠡᠪᠦᠯ᠎ᠦᠨ ᠤᠯᠠᠷᠢᠯ᠎ᠤᠨ ᠠᠵᠤ ᠦᠶ᠋ᠯᠡᠰ᠎ᠦᠨ ᠬᠥᠭ᠌ᠵᠢᠯᠲᠡ ᠪᠠ ᠵᠢᠭᠤᠯᠴᠢᠯᠠᠯ᠎ᠤᠨ ᠣᠷᠣᠯᠭ᠎ᠠ᠎ᠶ᠋ᠢᠨ ᠨᠡᠮᠡᠭ᠌ᠳᠡᠯ᠎ᠦᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠎ᠢ ᠠᠬᠢᠭᠤᠯᠪᠠ᠃
2021 ᠣᠨ᠎ᠤ 1 ᠰᠠᠷ᠎ᠠ᠎ᠳᠤ᠂ C919 ᠲᠣᠮᠣ ᠬᠡᠯᠪᠡᠷᠢ᠎ᠶ᠋ᠢᠨ ᠠᠶᠠᠨᠴᠢᠳ᠎ᠤᠨ ᠨᠢᠰᠭᠡᠯ ᠬᠥᠯᠥᠨ ᠪᠣᠢᠷ᠎ᠲᠦ ᠬᠠᠬᠢᠷ ᠬᠦᠶ᠋ᠲᠡᠨ᠎ᠦ ᠲᠤᠷᠱᠢᠯᠲᠠ ᠬᠢᠵᠦ᠍ ᠲᠡᠭᠦᠰ ᠠᠮᠵᠢᠯᠲᠠ ᠤᠯᠬᠤ᠎ᠶ᠋ᠢ ᠳᠠᠭᠠᠯᠳᠤᠨ᠂ ᠲᠤᠬᠠᠶ᠎ᠶ᠋ᠢᠨ ᠭᠠᠵᠠᠷ᠎ᠤᠨ 《ᠬᠦᠶ᠋ᠲᠡᠨ》ᠡᠬᠢ ᠪᠠᠶᠠᠯᠢᠭ᠎ᠢ ᠠᠱᠢᠭ᠍ᠯᠠᠬᠤ ᠬᠦᠷᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠪᠡ᠃ ᠡᠭᠦᠨ᠎ᠢᠶᠡᠷ ᠠᠵᠠ ᠲᠣᠬᠢᠶᠠᠯ ᠪᠣᠯᠭᠠᠵᠤ᠂ ᠬᠥᠯᠥᠨ ᠪᠣᠢᠷ ᠬᠣᠲᠠ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠡᠵᠡᠩᠨᠡᠯᠲᠡ᠎ᠶ᠋ᠢᠨ ᠦᠶ᠋ᠯᠡᠴᠢᠯᠡᠭᠡ᠂ ᠠᠭᠠᠷ᠎ᠤᠨ ᠠᠶᠠᠯᠠᠯ᠎ᠤᠨ ᠰᠡᠯᠪᠢᠨ ᠵᠠᠰᠠᠵᠤ ᠦᠶ᠋ᠯᠡᠳᠬᠦ᠌᠂ ᠬᠦᠶ᠋ᠲᠡᠨ᠎ᠳᠦ ᠲᠡᠰᠪᠦᠷᠢᠲᠡᠶ ᠪᠠᠢᠬᠤ ᠱᠢᠯᠭᠠᠯᠲᠠ᠂ ᠠᠭᠠᠷ᠎ᠤᠨ ᠠᠶᠠᠯᠠᠯ ᠵᠢᠨᠷ ᠵᠢᠭᠤᠯᠴᠢᠯᠠᠬᠤ᠂ ᠠᠭᠠᠷ᠎ᠤᠨ ᠠᠶᠠᠯᠠᠯ ᠵᠢᠨᠷ ᠪᠠᠷᠠᠭ᠎ᠠ ᠵᠦᠭᠡᠭᠡᠪᠦᠷᠢᠯᠡᠬᠦ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠨᠡᠢᠳᠡᠮ᠎ᠦᠨ ᠬᠡᠷᠡᠭ᠌ᠯᠡᠭᠡᠨ᠎ᠦ ᠠᠭᠠᠷ᠎ᠤᠨ ᠠᠶᠠᠯᠠᠯ᠎ᠤᠨ ᠠᠵᠤ ᠦᠶ᠋ᠯᠡᠰ᠎ᠦᠨ ᠰᠠᠭᠤᠷᠢᠨ᠎ᠢ ᠪᠠᠢᠭᠤᠯᠵᠤ᠂ 《ᠬᠦᠶ᠋ᠲᠡᠨ》 ᠡᠬᠢ ᠪᠠᠶᠠᠯᠢᠭ 《 ᠬᠠᠯᠠᠮᠱᠢᠯ》 ᠦᠢᠯᠡᠳᠦᠯ ᠵᠢᠡᠨ ᠪᠠᠳᠠᠷᠠᠭᠤᠯᠬᠤ᠎ᠶ᠋ᠢ ᠨᠠᠩ ᠰᠠᠢᠲᠤᠷ ᠠᠬᠢᠭᠤᠯᠪᠠ᠃
《ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭ᠌ᠵᠢᠭᠦᠯᠵᠦ᠍᠂ ᠦᠵᠡᠰᠭᠦᠯᠡᠩᠲᠦ ᠰᠠᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠢ ᠠᠮᠤᠷ ᠠᠮᠤᠭᠤᠯᠠᠩ ᠬᠥᠯᠥᠨ ᠪᠤᠢ᠌ᠷᠢ ᠪᠦᠳᠦᠭᠡᠨ ᠪᠠᠢᠭᠤᠯᠬᠤ》 ᠪᠣᠯ ᠬᠥᠯᠥᠨ ᠪᠤᠢ᠌ᠷ ᠬᠢᠭᠡᠳ ᠬᠥᠬᠡᠮᠳᠦᠭ ᠨᠣᠭᠣᠭᠠᠨ ᠠᠭᠤᠯᠠ ᠤᠰᠤᠨ᠎ᠤ ᠦᠵᠡᠰᠭᠦᠯᠡᠩᠲᠦ ᠰᠠᠢᠬᠠᠨ ᠪᠣᠯᠵᠣᠭ᠎ᠠ ᠪᠣᠯᠤᠨ᠎ᠠ᠃ ᠬᠥᠯᠥᠨ ᠪᠤᠢ᠌ᠷ ᠶᠠᠭ ᠴᠥᠬᠥᠷᠡᠰᠢ ᠦᠭᠡᠢ ᠪᠣᠬᠢᠷᠲᠤᠯ ᠦᠭᠡᠢ ᠬᠥᠭᠡᠭᠡᠴᠡᠯᠳᠦᠯᠢᠶᠡᠷᠢᠶᠡᠨ ᠴᠢᠨᠠᠷ ᠰᠠᠢᠲᠠᠢ ᠬᠥᠭ᠌ᠵᠢᠯᠲᠡ᠎ᠶ᠋ᠢᠨ ᠪᠣᠬᠢᠷᠲᠤᠯ ᠦᠭᠡᠢ ᠱᠢᠯᠭᠠᠯᠲᠠ᠎ᠶ᠋ᠢᠨ ᠬᠠᠭᠤᠳᠠᠰᠤ᠎ᠶ᠋ᠢ ᠲᠤᠱᠢᠶᠠᠵᠤ ᠪᠠᠢᠨ᠎ᠠ᠃