ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ
2022-01-11 09:21:13
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ


ᠬᠢᠳᠠᠳ ᠨᠡᠷ᠎ᠡ᠄ 心脑血管疾病


ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ ᠪᠣᠯ ᠵᠢᠷᠦᠬᠡᠨ᠎ᠤ ᠴᠢᠰᠤᠨ ᠰᠤᠳᠠᠯ ᠪᠠ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ᠎ᠦ ᠶᠡᠷᠦᠩᠬᠡᠶ ᠨᠡᠷᠡᠢᠳᠦᠯ ᠪᠤᠯᠤᠨ᠎ᠠ᠃ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠤᠨ ᠳᠤᠮᠳᠠ 40%— 45% ᠨᠢ ᠴᠦᠮ ᠴᠢᠰᠤᠨ ᠳᠠᠷᠤᠯᠲᠠ ᠥᠨᠳᠥᠷ ᠴᠢᠰᠤᠨ ᠱᠢᠬᠢᠷ᠎ᠥᠨᠳᠥᠷ ᠪᠤᠶᠤ ᠴᠢᠰᠤᠨ ᠥᠭᠡᠬᠦ᠌ ᠥᠨᠳᠥᠷ ᠵᠡᠷᠭᠡ ᠡᠪᠡᠳᠴᠢᠨ ᠡᠮᠭᠡᠭ᠎ᠲᠡᠶ᠃ ᠡᠷᠡᠭᠦᠯ ᠬᠠᠮᠠᠭᠠᠯᠠᠯ᠎ᠤᠨ ᠶᠠᠮᠤᠨ᠎ᠤ 2007᠎ᠣᠨ᠎ᠤ ᠪᠦᠷᠢᠳᠭᠡᠯ ᠲᠣᠭ᠎ᠠ᠎ᠳᠦ ᠢᠯᠡᠷᠡᠬᠦᠯᠦᠭᠰᠡᠨ᠎ᠢᠶᠠᠷ᠂ ᠭᠠᠳᠠᠭᠠᠳᠤ᠎ᠶ᠋ᠢᠨ ᠮᠠᠲ᠋ᠧᠷᠢᠶᠠᠯ᠎ᠢ ᠦᠨᠳᠦᠰᠦᠯᠡᠪᠡᠯ᠂ 50% ᠣᠷᠴᠢᠮ᠎ᠤᠨ ᠱᠢᠬᠢᠷ ᠱᠢᠵᠢᠩ ᠡᠪᠡᠳᠴᠢᠲᠡᠨ ᠪᠦᠷ ᠴᠢᠰᠤᠨ ᠳᠠᠷᠤᠯᠲᠠ ᠥᠨᠳᠥᠷ᠂ ᠴᠢᠰᠤᠨ ᠥᠭᠡᠬᠦ᠌ ᠥᠨᠳᠥᠷ ᠵᠡᠷᠭᠡ ᠣᠯᠠᠨ ᠵᠦᠢᠯ ᠎ᠦᠨ ᠨᠠᠰᠤᠲᠠᠢᠴᠤᠳ᠎ᠤᠨ ᠡᠪᠡᠳᠴᠢᠨ ᠳᠠᠪᠬᠤᠴᠠᠭ᠍ᠰᠠᠨ ᠪᠠᠢᠨ᠎ᠠ᠃ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ ᠨᠢ 《ᠡᠪᠡᠳᠴᠢᠯᠡᠬᠦ᠌ ᠨᠤᠷᠮ᠎ᠠ ᠥᠨᠳᠥᠷ᠂ ᠵᠡᠮᠳᠡᠭ ᠪᠣᠯᠬᠤ ᠨᠤᠷᠮ᠎ᠠ ᠥᠨᠳᠥᠷ᠂ ᠦᠬᠦᠬᠦ᠌ ᠨᠤᠷᠮ᠎ᠠ ᠥᠨᠳᠥᠷ᠂ ᠳᠠᠬᠢᠬᠤ ᠨᠤᠷᠮ᠎ᠠ ᠥᠨᠳᠥᠷ᠂ ᠳᠠᠪᠬᠤᠴᠠᠬᠤ ᠡᠪᠡᠳᠴᠢᠨ ᠠᠷᠪᠢᠨ》 ᠵᠡᠷᠬᠡ ᠣᠨᠴᠠᠯᠢᠭ᠎ᠲᠠᠶ᠂ ᠣᠳᠣᠬᠠᠨ᠎ᠳᠤ ᠮᠠᠨ᠎ᠤ ᠤᠯᠤᠰ᠎ᠤᠨ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠲᠡᠨ ᠨᠢᠭᠡᠨᠲᠡ 2.7 ᠳ᠋ᠦᠩᠱᠢᠭᠤᠷ᠎ᠢ ᠳᠠᠪᠠᠵᠠᠢ! ᠮᠠᠨ᠎ᠤ ᠤᠯᠤᠰ ᠲᠦ᠍ ᠵᠢᠯ ᠪᠦᠷᠢ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ᠎ᠢᠶᠡᠷ 300 ᠲᠦᠮᠡ ᠱᠢᠬᠠᠮ ᠬᠥᠮᠦᠨ ᠥᠭᠦᠵᠦ᠍᠂ ᠮᠠᠨ᠎ᠤ ᠤᠯᠤᠰ᠎ᠤᠨ ᠵᠢᠯ ᠪᠦᠷᠢ᠎ᠶ᠋ᠢᠨ ᠶᠡᠷᠦᠩᠬᠡᠶ ᠥᠭᠦᠬᠦ᠌ ᠡᠪᠡᠳᠴᠢᠨ᠎ᠦ ᠱᠢᠯᠲᠠᠭᠠᠨ᠎ᠤ 51% ᠵᠢ ᠡᠵᠡᠯᠡᠵᠦ᠍ ᠪᠠᠢᠨ᠎ᠠ᠃

ᠡᠮᠴᠢᠯᠡᠭᠡᠨ᠎ᠦ ᠢᠯᠡᠷᠡᠯ

ᠵᠢᠷᠦᠬᠡᠨ᠎ᠤ ᠴᠢᠰᠤᠨ ᠰᠤᠳᠠᠯ᠎ᠤᠨ ᠡᠪᠡᠳᠴᠢᠨ  

ᠵᠢᠷᠦᠬᠡᠨ᠎ᠤ ᠴᠢᠰᠤᠨ ᠰᠤᠳᠠᠯ᠎ᠤᠨ ᠡᠪᠡᠳᠴᠢᠨ᠎ᠦ ᠦᠷᠭᠦᠯᠵᠢ ᠲᠣᠬᠢᠶᠠᠯᠳᠤᠳᠠᠭ ᠢᠯᠡᠷᠡᠯ ᠭᠡᠪᠡᠯ᠄ ᠵᠢᠷᠦᠬᠡ ᠲᠦᠭ᠌ᠰᠢᠬᠦ᠌᠂ ᠠᠮᠢᠰᠭᠤᠯ ᠴᠢᠬᠤᠯᠳᠠᠬᠤ᠂ ᠰᠥᠨᠢ ᠠᠯᠤᠰᠯᠠᠨ ᠬᠥᠳᠡᠯᠬᠦ᠌ ᠴᠢᠨᠠᠷᠲᠠᠢ ᠠᠮᠢᠰᠭᠤᠯ ᠬᠦᠴᠢᠷᠳᠡᠬᠦ᠌᠂ ᠴᠡᠭᠡᠵᠢᠨ ᠶᠠᠰᠤᠨ᠎ᠤ ᠠᠷᠤ᠎ᠳᠠᠬᠢ ᠳᠠᠷᠤᠯᠲᠠ᠎ᠶ᠋ᠢᠨ ᠴᠢᠨᠠᠷᠲᠠᠢ ᠪᠤᠶᠤ ᠠᠪᠴᠢᠯᠲᠠ᠎ᠶ᠋ᠢᠨ ᠴᠢᠨᠠᠷᠲᠠᠢ ᠡᠪᠡᠳᠬᠦ᠌᠂ ᠴᠡᠭᠡᠵᠢ ᠪᠢᠲᠡᠭᠦᠷᠡᠬᠦ᠌᠂ ᠬᠠᠪᠤᠩᠨᠠᠬᠤ᠂ ᠪᠣᠷᠣᠯᠠᠬᠤ᠂ ᠮᠠᠨᠠᠷᠠᠬᠤ᠂ ᠬᠠᠨᠢᠶᠠᠬᠤ᠂ ᠴᠢᠰᠤ᠎ᠪᠠᠷ ᠬᠠᠨᠢᠶᠠᠬᠤ᠂ ᠲᠠᠮᠢᠷᠳᠠᠬᠤ᠂ ᠬᠡᠬᠡᠷᠡᠬᠦ᠌᠂ ᠬᠡᠪᠡᠯᠢ᠎ᠶ᠋ᠢᠨ ᠳᠡᠭᠡᠳᠦ ᠬᠡᠰᠡᠭ᠎ᠢᠶᠡᠷ ᠡᠪᠡᠳᠬᠦ᠌᠂ ᠳᠤᠷ᠎ᠠ ᠪᠤᠯᠭᠢᠬᠤ᠂ ᠪᠥᠭᠡᠯᠵᠢᠬᠦ᠌᠂ ᠵᠡᠭᠦᠨ ᠠᠷᠤ ᠨᠢᠷᠤᠭᠤ ᠡᠪᠡᠳᠬᠦ᠌ ᠂ ᠵᠡᠭᠦᠨ ᠭᠠᠷ ᠡᠪᠡᠳᠬᠦ᠌ ᠵᠡᠷᠭᠡ ᠢᠯᠡᠷᠡᠯ ᠲᠠᠢ᠃

ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ

ᠲᠠᠯ᠎ᠠ ᠪᠡᠶ᠎ᠡ ᠲᠠᠮᠪᠠᠷᠠᠬᠤ᠂ ᠲᠠᠯ᠎ᠠ ᠪᠡᠶ᠎ᠡ᠎ᠶ᠋ᠢᠨ ᠰᠡᠷᠡᠯ ᠬᠠᠷᠱᠢᠯᠠᠭ᠍ᠳᠠᠬᠤ᠂ ᠲᠠᠯ᠎ᠠ ᠬᠠᠷᠠᠭ᠎ᠠ ᠠᠯᠳᠠᠬᠤ᠂ ᠶᠠᠪᠠᠷᠠᠬᠤ; ᠡᠰᠡᠬᠦᠯ᠎ᠡ ᠰᠣᠯᠪᠢᠴᠠᠯ᠎ᠤᠨ ᠴᠢᠨᠠᠷᠲᠠᠢ ᠲᠠᠮᠪᠠᠷᠠᠯ᠂ ᠰᠣᠯᠪᠢᠴᠠᠯ᠎ᠤᠨ ᠴᠢᠨᠠᠷᠲᠠᠢ ᠰᠡᠷᠡᠯ᠎ᠦᠨ ᠬᠠᠷᠰᠢ᠂ ᠭᠠᠳᠠᠷ ᠨᠢᠳᠦᠨ ᠪᠤᠯᠴᠢᠩ ᠮᠢᠨᠴᠦᠭᠦᠷᠡᠬᠦ᠌᠂ ᠨᠢᠳᠦᠨ ᠴᠡᠴᠡᠭᠡᠢ ᠴᠡᠴᠡᠷᠡᠬᠦ᠌᠂ ᠵᠠᠯᠭᠢᠬᠤ᠎ᠳᠤ ᠬᠦᠴᠢᠷᠳᠡᠬᠦ᠌᠂ ᠵᠣᠬᠢᠴᠠᠯ ᠠᠯᠳᠠᠭ᠍ᠳᠠᠬᠤ᠂ ᠲᠣᠯᠣᠭᠠᠢ ᠡᠷᠭᠢᠬᠦ᠌ ᠵᠡᠷᠭᠡ; ᠡᠰᠡᠬᠦᠯ᠎ᠡ ᠮᠥᠴᠢ ᠬᠦᠴᠦ᠍ ᠦᠭᠡᠢ᠂ ᠮᠢᠨᠴᠦᠭᠦᠷᠡᠬᠦ᠌᠂ ᠨᠢᠭᠤᠷ᠎ᠤᠨ ᠬᠡᠰᠡᠭ᠂ ᠳᠡᠭᠡᠷ᠎ᠡ ᠳᠣᠣᠷ᠎ᠠ ᠮᠥᠴᠢ᠎ᠶ᠋ᠢᠨ ᠰᠡᠷᠡᠯ ᠬᠠᠷᠱᠢᠯᠠᠭ᠍ᠳᠠᠬᠤ; ᠥᠷᠥᠭᠡᠰᠦᠨ ᠲᠠᠯ᠎ᠠ᠎ᠶ᠋ᠢᠨ ᠮᠥᠴᠢ᠎ᠶ᠋ᠢᠨ ᠬᠥᠳᠡᠯᠭᠡᠭᠡᠨ ᠠᠮᠢᠳᠤᠯᠢᠭ ᠪᠤᠰᠤ; ᠬᠡᠯᠡ ᠰᠠᠭᠠᠳ᠎ᠲᠠᠶ᠂ ᠴᠡᠭᠡᠵᠢᠯᠡᠬᠦ᠌ ᠴᠢᠳᠠᠪᠤᠷᠢ ᠪᠠᠭᠤᠷᠠᠬᠤ ; ᠡᠰᠡᠬᠦᠯ᠎ᠡ ᠨᠢᠳᠦᠨ ᠴᠡᠴᠡᠭᠡᠶ᠎ᠶ᠋ᠢᠨ ᠡᠷᠭᠢᠯᠲᠡ ᠠᠮᠢᠳᠤᠯᠢᠭ ᠪᠤᠰᠤ; ᠱᠢᠭᠡᠰᠦ ᠠᠯᠳᠠᠬᠤ; ᠲᠡᠩᠴᠡᠭᠦᠷᠢ᠎ᠶ᠋ᠢᠨ ᠴᠢᠳᠠᠪᠤᠷᠢ ᠲᠡᠩᠴᠡᠭᠦᠷᠢ ᠪᠡᠨ ᠠᠯᠳᠠᠵᠤ᠂ ᠲᠣᠭ᠍ᠲᠠᠭᠤᠨ ᠵᠣᠭ᠍ᠰᠣᠵᠤ ᠴᠢᠳᠠᠬᠤ ᠦᠭᠡᠢ ᠪᠤᠯᠬᠤ; ᠦᠵᠡᠯ ᠤᠬᠠᠮᠰᠠᠷ᠎ᠤᠨ ᠬᠠᠷᠰᠢ᠎ᠳᠦ ᠤᠴᠠᠷᠠᠬᠤ ; ᠲᠣᠯᠣᠭᠠᠶ ᠡᠪᠡᠳᠬᠦ᠌ ᠪᠤᠶᠤ ᠳᠤᠷ᠎ᠠ ᠪᠤᠯᠭᠢᠵᠤ ᠪᠥᠭᠡᠯᠵᠢᠬᠦ᠌; ᠲᠣᠯᠣᠭᠠᠶ ᠡᠷᠭᠢᠬᠦ᠌᠂ ᠴᠢᠬᠢ ᠱᠤᠤᠭᠢᠬᠤ ᠵᠡᠷᠭᠡ ᠢᠯᠡᠷᠡᠯ ᠲᠠᠢ᠃

ᠡᠪᠡᠳᠴᠢᠨ᠎ᠦ ᠪᠠᠢᠴᠠᠭᠠᠯᠲᠠ

ᠬᠠᠮᠢᠶ᠎ᠠ ᠪᠦᠬᠦᠢ ᠡᠪᠡᠳᠴᠢᠨ᠎ᠤ ᠪᠠᠢᠳᠠᠯ᠎ᠢ ᠦᠨᠳᠦᠰᠦᠯᠡᠨ ᠪᠠᠢᠴᠠᠭᠠᠯᠲᠠ ᠬᠢᠵᠦ᠍ ᠪᠣᠯᠤᠨ᠎ᠠ᠃ ᠡᠩ᠎ᠦᠨ ᠪᠠᠢᠴᠠᠭᠠᠯᠲᠠ᠎ᠶ᠋ᠢᠨ ᠵᠦᠢᠯ᠎ᠳᠦ ᠭᠣᠣᠯᠳᠠᠭᠤ ᠴᠢᠰᠤᠨ ᠳᠠᠷᠤᠯᠲᠠ᠂ ᠵᠢᠷᠦᠬᠡᠨ᠎ᠦ ᠯᠤᠭ᠍ᠰᠢᠯᠲᠠ᠎ᠶ᠋ᠢᠨ ᠵᠢᠷᠤᠭ᠂ ᠴᠢᠰᠤᠨ᠎ᠤ ᠵᠤᠷᠱᠢᠯ᠂ ᠱᠢᠭᠡᠰᠦᠨ᠎ᠦ ᠵᠤᠷᠱᠢᠯ᠂ ᠴᠢᠰᠤᠨ᠎ᠤ ᠥᠭᠡᠬᠦ᠌᠂ ᠴᠢᠰᠤᠨ ᠱᠢᠬᠢᠷ᠂ ᠴᠢᠰᠤᠨ᠎ᠤ ᠭᠦᠶᠦᠳᠡᠯ᠎ᠦᠨ ᠬᠤᠪᠢᠷᠠᠯᠲᠠ᠎ᠶ᠋ᠢ ᠬᠡᠮᠵᠢᠨ ᠲᠣᠭ᠍ᠲᠠᠭᠠᠬᠤ ᠵᠡᠷᠬᠡ ᠪᠠᠢᠴᠠᠭᠠᠯᠳᠡ ᠪᠠᠭᠳᠠᠨ᠎ᠠ᠃ ᠲᠣᠯᠣᠭᠠᠢ᠎ᠶ᠋ᠢᠨ CT ᠪᠠ MRI᠂ ᠲᠠᠷᠢᠬᠢᠨ᠎ᠤ ᠴᠢᠰᠤᠨ ᠰᠤᠳᠠᠯ᠎ᠤᠨ᠎ᠳᠦᠷᠰᠦ ᠪᠦᠲᠦᠭᠡᠬᠦ᠌᠎ᠳᠦ ᠭᠠᠪᠠᠯᠠ᠎ᠶ᠋ᠢᠨ ᠥᠩᠭᠡᠲᠦ ᠳ᠋ᠣᠫᠯᠧᠷ᠎ᠤᠨ ᠬᠡᠳᠦ ᠳᠠᠭᠤᠨ᠎ᠠᠴᠠ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ᠎ᠦ ᠬᠤᠪᠢᠷᠠᠯᠲᠠ᠎ᠶ᠋ᠢᠨ ᠣᠷᠣᠨ ᠪᠠᠢᠷᠢ ᠪᠠ ᠱᠢᠨᠵᠢ ᠴᠢᠨᠠᠷ᠎ᠢ ᠮᠡᠳᠡᠵᠦ᠍ ᠪᠣᠯᠤᠨ᠎ᠠ᠃ ᠬᠡᠳᠦ ᠳᠠᠭᠤᠨ᠎ᠤ ᠵᠢᠷᠦᠬᠡᠨ᠎ᠦ ᠬᠥᠳᠡᠯᠭᠡᠭᠡᠨ᠎ᠦ ᠵᠢᠷᠤᠭ᠂ ᠰᠠᠴᠤᠷᠠᠭ ᠴᠢᠨᠠᠷᠲᠠᠶ ᠴᠥᠮ᠎ᠡ᠎ᠶ᠋ᠢᠨ ᠡᠳ᠋᠎ᠦᠨ ᠪᠤᠯᠴᠢᠩ᠎ᠤᠨ ᠳᠦᠷᠰᠦ ᠢᠯᠡᠷᠡᠭᠦᠯᠬᠦ᠌᠂ ᠰᠣᠩᠭᠣᠯᠲᠠ᠎ᠶ᠋ᠢᠨ ᠴᠢᠨᠠᠷᠲᠠᠶ ᠲᠢᠲᠢᠮᠯᠢᠭ ᠯᠤᠭ᠍ᠰᠢᠭᠤᠨ ᠰᠤᠳᠠᠯ᠎ᠤᠨ ᠳᠦᠷᠰᠦ ᠪᠦᠲᠦᠭᠡᠬᠦ᠌ ᠪᠠ ᠲᠢᠲᠢᠮᠯᠢᠭ ᠯᠤᠭ᠍ᠰᠢᠭᠤᠨ ᠰᠤᠳᠠᠯ᠎ᠤᠨ ᠴᠢᠰᠤᠨ ᠰᠤᠳᠠᠯ᠎ᠤᠨ ᠲᠣᠯᠢ ᠵᠡᠷᠭᠡ ᠪᠠᠢᠴᠠᠭᠠᠯᠲᠠ ᠨᠢ ᠵᠢᠷᠦᠬᠡ ᠴᠢᠰᠤᠨ ᠰᠤᠳᠠᠯ᠎ᠤᠨ ᠡᠪᠡᠳᠴᠢᠨ᠎ᠦ ᠬᠤᠪᠢᠷᠠᠯᠲᠠ᠎ᠶ᠋ᠢᠨ ᠬᠡᠰᠡᠭ ᠪᠠ ᠬᠡᠮᠵᠢᠶ᠎ᠡ᠎ᠶ᠋ᠢ ᠮᠠᠭᠠᠳᠯᠠᠬᠤ᠎ᠳᠤ ᠠᠱᠢᠭ᠍ᠲᠠᠶ᠃

ᠡᠮᠨᠡᠨ ᠵᠠᠰᠠᠬᠤ ᠠᠷᠭ᠎ᠠ

ᠰᠡᠳᠭᠢᠴᠡ᠎ᠶ᠋ᠢᠨ ᠪᠠᠢᠳᠠᠯ᠎ᠤᠨ ᠲᠡᠩᠴᠡᠭᠦᠷᠢ᠎ᠶ᠋ᠢ ᠪᠠᠲᠤᠯᠠᠨ᠎ᠠ

ᠵᠢᠷᠦᠬᠡᠨ ᠲᠢᠲᠢᠮ᠎ᠦᠨ ᠡᠪᠡᠳᠴᠢᠳᠡᠨ᠂ ᠴᠢᠰᠤᠨ᠎ᠤ ᠥᠭᠡᠬᠦ᠌ ᠥᠨᠳᠥᠷ ᠡᠪᠡᠳᠴᠢᠲᠡᠨ ᠣᠨᠴᠠᠭᠠᠢᠯᠠᠨ ᠴᠡᠭᠡᠵᠢ᠎ᠪᠡᠨ ᠠᠭᠤᠵᠢᠭᠤ ᠲᠠᠯᠪᠢᠵᠤ᠂ ᠤᠷᠮ᠎ᠠ ᠰᠡᠳᠭᠢᠯᠭᠡ᠎ᠪᠡᠨ ᠬᠦᠭᠵᠢᠬᠡᠬᠦ ᠬᠡᠷᠡᠭᠳᠡᠢ᠃ 

ᠵᠣᠬᠢᠰᠲᠠᠢ ᠬᠥᠳᠡᠯᠭᠡᠭᠡᠨ ᠬᠢᠬᠦ

ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠲᠡᠨ ᠵᠣᠬᠢᠰᠲᠠᠢ ᠬᠥᠳᠡᠯᠭᠡᠭᠡᠨ ᠬᠢᠬᠦ᠌ ᠬᠡᠷᠡᠭ᠌ᠲᠡᠢ᠂ ᠬᠥᠳᠡᠯᠭᠡᠭᠡᠨ᠎ᠦ ᠬᠡᠮᠵᠢᠶ᠎ᠡ ᠪᠠᠭᠠᠰᠭᠤ ᠨᠢ ᠪᠠᠰᠠ ᠴᠢᠰᠤᠨ ᠤᠷᠤᠰᠭᠠᠯ᠎ᠢ ᠤᠳᠠᠭᠠᠱᠢᠷᠠᠭᠤᠯᠵᠤ᠂ ᠴᠢᠰᠤᠨ ᠥᠭᠡᠬᠦ᠌᠎ᠶ᠋ᠢ ᠥᠨᠳᠥᠷᠵᠢᠭᠦᠯᠦᠨ᠎ᠡ᠃ ᠬᠥᠳᠡᠯᠭᠡᠭᠡᠨ᠎ᠦ ᠴᠠᠭ᠎ᠢᠶᠠᠨ ᠵᠣᠬᠢᠰᠲᠠᠶ᠎ᠲᠣᠬᠢᠷᠠᠭᠤᠯᠬᠤ᠎ᠪᠠ᠎ᠬᠥᠳᠡᠯᠭᠡᠭᠡᠨ᠎ᠦ ᠎ᠬᠡᠮᠵᠢᠶ᠎ᠡ ᠎ᠪᠡᠨ ᠰᠠᠢᠲᠤᠷ ᠡᠵᠡᠮᠳᠡᠬᠦ᠌ ᠬᠡᠷᠡᠭ᠌ᠲᠡᠶ᠃ ᠡᠪᠦᠯ᠎ᠦᠨ ᠤᠯᠠᠷᠢᠯ᠎ᠳᠤ ᠨᠠᠷᠠ ᠮᠠᠨᠳᠤᠭ᠍ᠰᠠᠨ᠎ᠤ ᠳᠠᠷᠠᠭ᠎ᠠ ᠪᠡᠶ᠎ᠠ ᠪᠣᠯᠪᠠᠰᠤᠷᠠᠪᠠᠯ ᠵᠤᠬᠢᠨ᠎ᠠ᠂ ᠡᠨᠡ ᠦᠶ᠎ᠡ᠎ᠳᠦ ᠳᠤᠯᠠᠭᠠᠨ᠎ᠤ ᠬᠡᠮᠵᠢᠶ᠎ᠡ ᠳᠡᠭᠡᠭ᠌ᠰᠢᠯᠡᠵᠦ᠍᠂ ᠪᠡᠶ᠎ᠡ ᠮᠠᠬᠠᠪᠣᠳ ᠭᠡᠨᠡᠳᠲᠡ ᠬᠦᠢᠲᠡᠨ ᠰᠡᠳᠠᠯᠲᠡ᠎ᠡᠴᠡ ᠪᠣᠯᠵᠤ ᠡᠪᠡᠳᠴᠢᠯᠡᠬᠦ᠌᠎ᠡᠴᠡ ᠵᠠᠢᠯᠠᠰᠭᠢᠨ᠎ᠡ᠃  

ᠠᠶᠤᠯᠲᠠᠢ ᠬᠦᠴᠦᠨ ᠵᠦᠢᠯ᠎ᠢ ᠬᠢᠵᠠᠭᠠᠷᠯᠠᠨ᠎ᠠ  

ᠴᠢᠰᠤᠨ᠎ᠳᠠᠷᠤᠯᠲᠠ᠎ᠶ᠋ᠢ ᠎ᠵᠣᠬᠢᠰᠲᠠᠢ ᠎ᠬᠡᠮᠵᠢᠶᠡᠨ᠎ᠳᠦ ᠎ᠬᠦᠷᠲᠡᠯ᠎ᠡ ᠴᠢᠩᠭ᠎ᠠ ᠬᠢᠵᠠᠭᠠᠷᠯᠠᠵᠤ᠂ ᠥᠭᠡᠬᠦ᠌᠎ᠶ᠋ᠢ ᠲᠣᠬᠢᠷᠠᠭᠤᠯᠬᠤ ᠪᠦᠲᠦᠮᠵᠢᠲᠡᠢ ᠡᠮ ᠤᠤᠭᠤᠵᠤ᠂ ᠱᠢᠬᠢᠷ ᠱᠢᠵᠢᠩ ᠡᠪᠡᠳᠴᠢᠨ᠎ᠢ ᠬᠢᠵᠠᠭᠠᠷᠯᠠᠨ᠂᠎ᠨᠤᠢᠷ ᠎ᠤᠨ᠎ᠠᠷᠠᠯ᠎ᠤᠨ᠎ᠡᠳ᠋᠎ᠤᠨ᠎ᠡᠰᠡᠷᠭᠦᠴᠡᠯ᠎ᠪᠠ ᠬᠡᠪ᠎ᠦᠨ ᠪᠤᠰᠤ ᠰᠣᠯᠢᠯᠴᠠᠭᠠᠨ᠎ᠤ ᠪᠠᠢᠳᠠᠯ᠎ᠢ ᠰᠠᠢᠵᠢᠷᠠᠭᠤᠯᠵᠤ᠂ ᠲᠠᠮᠠᠬᠢ ᠲᠠᠲᠠᠬᠤ᠎ᠶ᠋ᠢ ᠵᠣᠭ᠍ᠰᠣᠭᠠᠨ᠎ᠠ᠃

ᠡᠮᠲᠦ ᠪᠣᠳᠠᠰ᠎ᠢᠶᠠᠷ ᠡᠮᠨᠡᠨ ᠵᠠᠰᠠᠬᠤ

ᠠᠳᠠᠯᠢ ᠪᠤᠰᠤ ᠵᠢᠷᠦᠬᠡ ᠲᠠᠷᠢᠬᠢᠨ᠎ᠤ ᠴᠢᠰᠤᠨ᠎ᠰᠤᠳᠠᠯ᠎ᠤᠨ ᠡᠪᠡᠳᠴᠢᠨ᠎ᠢ ᠦᠨᠳᠦᠰᠦᠯᠡᠨ ᠬᠠᠨᠳᠤᠯᠭᠠᠲᠤ ᠴᠢᠨᠠᠷᠲᠠᠢ ᠡᠮᠨᠡᠨ ᠵᠠᠰᠠᠬᠤ ᠡᠮ ᠤᠤᠭᠤᠵᠦ᠂ ᠡᠪᠡᠳᠴᠢᠨ᠎ᠦ ᠢᠯᠡᠷᠡᠯ᠎ᠢ ᠨᠠᠮᠳᠠᠭᠤᠯᠤᠨ᠂᠎ᠲᠠᠪᠢᠯᠠᠩ᠎ᠢ ᠰᠠᠢᠵᠢᠷᠠᠭᠤᠯᠵᠤ᠂ ᠳᠠᠪᠬᠤᠴᠠᠭ᠍ᠰᠠᠨ ᠡᠪᠡᠳᠴᠢᠨ᠎ᠢ ᠤᠷᠢᠳᠴᠢᠯᠠᠨ ᠰᠡᠷᠭᠡᠢᠯᠡᠨ᠎ᠡ᠃

ᠭᠠᠳᠠᠷ ᠰᠠᠯᠠᠭᠠᠨ᠎ᠤ ᠡᠮᠴᠢᠯᠡᠭᠡ

ᠭᠠᠳᠠᠷ ᠰᠠᠯᠠᠭᠠᠨ᠎ᠤ ᠮᠡᠰᠡ ᠵᠠᠰᠠᠯ ᠪᠤᠶᠤ ᠡᠮᠴᠢᠯᠡᠭᠡ᠎ᠪᠡᠷ ᠳᠠᠮᠵᠢᠨ᠂ ᠴᠢᠰᠤ ᠭᠠᠷᠤᠭ᠍ᠰᠠᠨ ᠬᠡᠰᠡᠭ᠎ᠲᠦ ᠴᠢᠰᠤ ᠵᠣᠭ᠍ᠰᠣᠭᠠᠬᠤ᠂ ᠴᠢᠰᠤᠨ ᠬᠠᠪᠤᠳᠠᠷ᠎ᠢ ᠠᠷᠢᠯᠭᠠᠬᠤ ᠪᠤᠶᠤ ᠴᠢᠰᠤ ᠳᠤᠲᠠᠬᠤ ᠬᠡᠰᠡᠭ᠎ᠦᠨ ᠴᠢᠰᠤᠨ᠎ᠤ ᠬᠠᠩᠭᠠᠯᠲᠠ᠎ᠶ᠋ᠢ ᠰᠠᠢᠵᠢᠷᠠᠭᠤᠯᠤᠨ᠎ᠠ᠃ 

ᠡᠷᠡᠭᠦᠯᠵᠢᠭᠦᠯᠬᠦ᠌ ᠡᠮᠴᠢᠯᠡᠭᠡ

ᠡᠪᠡᠳᠴᠢᠲᠡᠨ᠎ᠦ ᠡᠪᠡᠳᠴᠢᠨ᠎ᠦ ᠪᠠᠢᠳᠠᠯ ᠲᠣᠭ᠍ᠲᠠᠭᠤᠨ ᠪᠣᠯᠤᠭ᠍ᠰᠠᠨ᠎ᠤ ᠳᠠᠷᠠᠭ᠎ᠠ᠂ ᠳᠥᠭᠥᠮ ᠢᠳᠡᠪᠬᠢ ᠪᠤᠰᠤ ᠬᠥᠳᠡᠯᠭᠡᠭᠡᠨ᠎ᠡᠴᠡ ᠡᠬᠢᠯᠡᠵᠦ᠍᠂ ᠠᠭᠠᠵᠢᠮ᠎ᠢᠶᠠᠷ ᠢᠳᠡᠪᠬᠢ ᠬᠥᠳᠡᠯᠭᠡᠭᠡᠨ ᠎ᠬᠢᠵᠦ᠍᠂᠎ᠡᠴᠦᠰ ᠲᠡᠬᠡᠨ ᠎ᠠᠮᠢᠳᠤᠷᠠᠯ ᠎ᠢᠶᠠᠨ ᠎ᠥᠪᠡᠷ ᠎ᠢᠶᠡᠨ᠎ᠠᠷᠭᠠᠴᠠᠬᠤ ᠵᠣᠷᠢᠯᠭ᠎ᠠ᠎ᠳᠤ ᠬᠦᠷᠦᠬᠦᠯᠦᠨ᠎ᠠ᠃ ᠠᠩᠬᠠᠨ᠎ᠤ ᠦᠶ᠎ᠠ᠎ᠶᠢᠨ ᠡᠷᠡᠭᠦᠯᠵᠢᠬᠦ᠌ ᠪᠣᠯᠪᠠᠰᠤᠷᠠᠯ ᠨᠢ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠲᠡᠨ᠎ᠦ ᠴᠢᠳᠠᠮᠵᠢ ᠰᠡᠷᠭᠦᠬᠦ᠌᠎ᠳᠦ ᠮᠠᠰᠢ ᠴᠢᠬᠤᠯᠠ᠃

ᠢᠷᠡᠯᠳᠡ᠄ ᠪᠠᠢ ᠳᠦ ᠪᠠᠢ ᠺᠸ ᠰᠦᠯᠵᠢᠶ᠎ᠠ 

ᠡᠮᠬᠢᠡᠯᠭᠴᠢ᠄ ᠯᠢᠤ ᠯᠠᠨ ᠯᠠᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号