ᠬᠢᠩᠭᠠᠨ ᠠᠢᠮᠠᠭ᠄ ᠠᠩᠬᠠᠨ᠎ᠤ ᠠᠯᠬᠤᠮ᠎ᠢ ᠰᠠᠢᠲᠤᠷ ᠡᠬᠢᠯᠡᠬᠦᠯᠵᠤ ᠡᠷᠡᠯᠬᠡᠭ᠌ᠯᠡᠨ ᠲᠡᠮᠡᠴᠡᠵᠦ᠍ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ
2022-01-11 10:08:49
ᠵᠣᠬᠢᠶᠠᠭ᠍ᠴᠢ᠄
ᠬᠤᠷᠴᠠ ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

ᠱᠢᠨ᠎ᠡ ᠴᠠᠭ ᠦᠶ᠎ᠡ᠎ᠳᠦ ᠡᠷᠡᠯᠬᠡᠭᠯᠡᠨ ᠤᠷᠤᠭ᠍ᠰᠢᠯᠠᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ᠃ ᠬᠡᠳᠦᠢᠪᠡᠷ ᠬᠠᠬᠢᠷ ᠬᠦᠢᠳᠡᠨ ᠡᠪᠦᠯ ᠪᠣᠯᠤᠭ᠍ᠰᠠᠨ ᠪᠣᠯᠪᠠᠴᠤ᠌ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ 《ᠳᠥᠷᠪᠡᠨ ᠤᠯᠠᠷᠢᠯ᠎ᠤᠨ ᠠᠵᠢᠯᠯᠠᠭ᠎ᠠ》 ᠵᠢᠨ ᠱᠢᠨ᠎ᠡ ᠨᠢᠭᠡᠨ ᠡᠭᠡᠯᠵᠢ᠎ᠶ᠋ᠢᠨ ᠬᠠᠯᠠᠭᠤᠨ ᠥᠷᠨᠢᠯᠲᠡ ᠨᠢ ᠬᠢᠩᠭᠠᠨ ᠠᠢᠮᠠᠭ᠎ᠤᠨ ᠡᠬᠡ ᠭᠠᠵᠠᠷ᠎ᠢ ᠠᠮᠢᠵᠢᠷᠠᠯ᠎ᠤᠨ ᠬᠦᠴᠦᠨ᠎ᠢᠶᠡᠷ ᠪᠢᠯᠬᠠᠭᠤᠯᠪᠠ᠃ ᠬᠥᠮᠦᠰ ᠲᠥᠷᠥᠯ ᠵᠦᠶ᠋ᠯ ᠢ᠋ ᠲᠦᠯᠦᠪᠵᠢᠭᠦᠯᠬᠦ᠂ ᠲᠥᠷᠥᠯ ᠵᠦᠶ᠋ᠯ ᠢ᠋ ᠪᠦᠲᠦᠭᠡᠨ ᠪᠠᠢᠭᠤᠯᠬᠤ ᠲᠠᠯ᠎ᠠ᠎ᠪᠠᠷ ᠨᠠᠩ ᠶᠡᠬᠡ ᠬᠦᠴᠦ᠍ ᠣᠷᠣᠭᠤᠯᠵᠤ᠂ ᠲᠥᠷᠥᠯ ᠵᠦᠶ᠋ᠯ ᠢ᠋ ᠳᠠᠩᠰᠠᠯᠠᠨ᠂ ᠲᠠᠩᠰᠠ ᠵᠢᠨ ᠬᠠᠷᠢᠭᠤᠴᠠᠯᠭ᠎ᠠ ᠵᠢ ᠪᠤᠳᠠᠳᠠᠢᠵᠢᠭᠤᠯᠵᠤ᠂ ᠠᠢᠮᠠᠭ ᠳᠠᠶᠠᠭᠠᠷ ᠵᠢᠡᠨ ᠲᠥᠷᠥᠯ ᠵᠦᠶ᠋ᠯ᠎ᠢ ᠶᠡᠬᠡ ᠪᠡᠷ ᠠᠳᠭᠤᠬᠤ᠂ ᠶᠡᠬᠡ ᠲᠥᠷᠥᠯ ᠵᠦᠶ᠋ᠯ᠎ᠢ ᠠᠳᠭᠤᠬᠤ ᠭᠦᠨ ᠵᠤᠵᠠᠭᠠᠨ ᠠᠭᠤᠷ ᠠᠮᠢᠰᠭᠤᠯ᠎ᠢ ᠢᠯᠡᠷᠡᠬᠦᠯᠪᠡ᠃

ᠭᠣᠣᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠶ᠋ᠢ ᠬᠥᠭ᠌ᠵᠢᠭᠦᠯᠬᠦ᠌ ᠲᠤᠬᠠᠶ ᠥᠪᠡᠷᠲᠡᠭᠡᠨ ᠵᠠᠰᠠᠬᠤ ᠣᠷᠣᠨ ᠎ᠤ ᠠᠵᠢᠯ᠎ᠤᠨ ᠪᠠᠢᠷᠢᠯᠠᠭᠤᠯᠤᠯᠲᠠ ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠢᠩᠭᠠᠨ ᠠᠢᠮᠠᠭ᠎ᠤᠨ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠬᠡᠯᠬᠢᠶ᠎ᠡ ᠵᠢ ᠬᠦᠴᠦᠷᠬᠡᠭᠵᠢᠭᠦᠯᠵᠤ᠂ ᠬᠡᠯᠬᠢᠶ᠎ᠠ ᠵᠢ ᠨᠦᠬᠦᠪᠦᠷᠢᠯᠡᠵᠤ᠂ ᠬᠡᠯᠬᠢᠶ᠎ᠠ ᠵᠢ ᠤᠷᠳᠤᠳᠬᠠᠨ ᠬᠦᠭᠵᠢᠭᠦᠯᠬᠦ ᠵᠢᠨ ᠲᠦᠯᠦᠭᠡ᠂ 2021 ᠣᠨ ᠎ᠳᠤ ᠬᠢᠩᠭᠠᠨ ᠠᠢᠮᠠᠭ ᠤ᠋ᠨ ᠬᠢᠨ ᠡᠷᠳᠡᠨᠢ ᠱᠢᠰᠢ᠂ ᠱᠢᠷ᠎ᠠ ᠪᠤᠷᠴᠠᠭ᠂ ᠤᠰᠤᠨ ᠲᠤᠲᠤᠷᠭ᠎ᠠ᠂ ᠮᠢᠬᠠᠨ ᠤ᠋ ᠦᠬᠡᠷ᠂ ᠰᠦ ᠵᠢᠨ ᠦᠶ᠋ᠯᠡᠰ ᠵᠡᠷᠭᠡ 20 ᠭᠤᠤᠯᠳᠠᠯᠭ᠎ᠠ᠎ᠲᠠᠶ ᠠᠵᠤ ᠦᠶ᠋ᠯᠡᠰ᠎ᠦᠨ《ᠬᠡᠯᠬᠢᠶ᠎ᠡ》ᠵᠢᠨ ᠲᠦᠷᠢᠮ ᠢ᠋ ᠬᠡᠷᠡᠭᠵᠢᠭᠦᠯᠵᠤ᠂ ᠡᠪᠦᠯ᠎ᠦᠨ ᠨᠥᠭᠡᠴᠡᠯᠡᠯᠲᠡ᠂ ᠬᠠᠪᠤᠷ᠎ᠤᠨ ᠲᠠᠷᠢᠶᠠᠯᠠᠭ᠎ᠠ᠂ ᠵᠤᠨ᠎ᠤ ᠠᠵᠢᠯ᠂ ᠨᠠᠮᠤᠷ᠎ᠤᠨ ᠬᠤᠷᠢᠶᠠᠯᠲᠠ᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ《ᠳᠥᠷᠪᠡᠨ ᠤᠯᠠᠷᠢᠯ᠎ᠤᠨ ᠠᠵᠢᠯᠯᠠᠭ᠎ᠠ》ᠵᠢ ᠦᠷᠨᠢᠭᠦᠯᠵᠤ᠂ ᠪᠦᠬᠦ᠌ ᠬᠦᠴᠦ᠍ᠨ ᠎ᠢᠶᠡᠷ᠎ᠢᠶᠡᠨ ᠲᠥᠷᠥᠯ ᠵᠦᠶ᠋ᠯ᠎ᠢ ᠠᠳᠭᠤᠵᠤ᠂ ᠲᠦᠷᠦᠯ ᠵᠦᠢᠯ ᠤ᠋ᠨ ᠳᠠᠭᠠᠭᠠᠴᠢᠯᠠᠯᠳᠠ ᠵᠠᠷᠯᠠᠵᠤ᠂ ᠲᠦᠷᠦᠯ ᠵᠦᠢᠯ ᠢ᠋ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠤ᠂ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ ᠤ᠋ᠨ ᠪᠤᠭᠤᠮᠳᠠ ᠰᠢᠪᠳᠤᠯᠵᠤ᠂ ᠲᠥᠷᠥᠯ ᠵᠦᠶ᠋ᠯ᠎ᠦᠨ ᠬᠤᠷᠳᠤᠴᠠ᠎ᠶ᠋ᠢ ᠲᠦᠷᠭᠡᠳᠭᠡᠨ ᠦᠷ᠎ᠡ ᠠᠱᠢᠭ᠎ᠢ ᠳᠡᠭᠡᠭ᠌ᠰᠢᠯᠡᠭᠦᠯᠵᠦ᠍ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠡᠷᠴᠢ ᠵᠣᠷᠢᠭ᠎ᠢᠶᠠᠨ ᠬᠥᠪᠴᠢᠯᠡᠨ ᠱᠢᠨ᠎ᠡ ᠱᠢᠯᠭᠠᠯᠲᠠ᠎ᠶ᠋ᠢᠨ ᠵᠠᠮ ᠳᠡᠭᠡᠷᠡᠬᠢ ᠱᠢᠨ᠎ᠡ ᠬᠠᠷᠢᠭᠤᠯᠲᠠ ᠵᠢᠨ ᠬᠠᠭᠤᠳᠠᠰᠤ᠎ᠶ᠋ᠢ ᠪᠢᠴᠢᠭ᠌ᠯᠡᠪᠡ᠃

2021 ᠤᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ ᠮᠦᠷᠳᠡᠬᠡᠨ《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠦᠯᠦᠪᠵᠢᠭᠦᠯᠭᠡ ᠵᠢᠨ ᠡᠬᠢᠯᠡᠯᠲᠡ᠎ᠶ᠋ᠢᠨ ᠵᠢᠯ ᠪᠠᠢᠵᠦ᠂ ᠨᠠᠮ ᠪᠣᠯᠤᠨ ᠤᠯᠤᠰ᠎ᠤᠨ ᠲᠡᠦᠬᠡᠨ ᠳᠡᠭᠡᠷ᠎ᠡ ᠬᠥᠱᠢᠢ᠎ᠡ ᠳᠡᠮᠳᠡᠭ᠎ᠤᠨ ᠠᠴᠢ ᠬᠣᠯᠪᠣᠭ᠍ᠳᠠᠯ᠎ᠲᠠᠶ ᠶᠤᠮ᠃ ᠡᠨᠡ ᠵᠢᠯ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠂ ᠠᠢᠮᠠᠭ᠎ᠤᠨ ᠵᠠᠬᠢᠷᠭ᠎ᠠ ᠪᠥᠬᠥ᠌ ᠠᠢᠮᠠᠭ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠪᠥᠬᠥ᠌ ᠠᠢᠮᠠᠭ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠤᠭᠠᠳ ᠱᠢᠨ᠎ᠡ ᠦᠷ᠎ᠡ ᠪᠦᠲᠦᠮᠵᠢ ᠣᠯᠵᠤ᠂ ᠱᠢᠨ᠎ᠡ ᠳᠦᠷᠰᠦ ᠪᠠᠢᠳᠠᠯ᠎ᠢ ᠢᠯᠡᠷᠡᠬᠦᠯᠵᠤ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃

ᠳᠤᠤᠷᠠᠬᠢ ᠲᠣᠭ᠎ᠠ ᠪᠠᠷᠢᠮᠲᠠ ᠬᠥᠮᠦᠰ᠎ᠢ ᠵᠣᠷᠢᠭ᠍ᠵᠢᠭᠤᠯᠤᠨ᠎ᠠ᠄

2021 ᠣᠨ᠎ᠤ 1 ᠰᠠᠷ᠎ᠠ᠎ᠡᠴᠡ 10 ᠰᠠᠷ᠎ᠠ ᠪᠣᠯᠲᠠᠯ᠎ᠠ᠂ ᠬᠢᠩᠭᠠᠨ ᠠᠢᠮᠠᠭ᠎ᠤᠨ ᠬᠡᠪᠴᠢᠶᠡᠵᠢᠯ ᠎ᠡᠴᠡ ᠳᠡᠭᠡᠭ᠌ᠰᠢᠬᠢ 105 ᠠᠵᠤ ᠠᠬᠤᠢᠯᠠᠯ ᠠᠵᠤ ᠦᠶ᠋ᠯᠡᠳᠪᠦᠷᠢ ᠎ᠶ᠋ᠢᠨ ᠦᠶ᠋ᠯᠡᠳᠬᠦᠨ᠎ᠦ ᠶᠡᠷᠦᠩᠬᠡᠶ ᠥᠷᠲᠡᠭ᠎ᠢ 236.5 ᠳ᠋ᠦᠩᠱᠢᠭᠤᠷ ᠲᠥᠭᠥᠷᠢᠭ ᠪᠡᠶᠡᠯᠡᠭᠦᠯᠵᠦ᠍᠂ 22.1% ᠎ᠪᠠᠷ ᠨᠡᠮᠡᠭ᠌ᠳᠡᠵᠦ᠍᠂ ᠠᠵᠤ ᠦᠶ᠋ᠯᠡᠳᠪᠦᠷᠢ᠎ᠶ᠋ᠢᠨ ᠭᠠᠢᠯᠢ᠎ᠶ᠋ᠢᠨ ᠣᠷᠣᠯᠭ᠎ᠠ᠎ᠶ᠋ᠢ 38.4 ᠳ᠋ᠦᠩᠱᠢᠭᠤᠷ ᠲᠥᠭᠥᠷᠢᠭ ᠪᠡᠶᠡᠯᠡᠭᠦᠯᠵᠦ᠍᠂ 15%᠎ᠪᠠᠷ ᠨᠡᠮᠡᠭ᠌ᠳᠡᠪᠡ;

ᠪᠦᠬᠦ᠌ ᠠᠢᠮᠠᠭ᠎ᠢᠶᠡᠷ᠎ᠵᠢᠡᠨ 943.2 ᠲᠦᠮᠡᠨ ᠵᠢᠭᠤᠯᠴᠢᠯᠠᠭᠰᠠᠳ (ᠤᠳᠠᠭ᠎ᠠ) ᠢ᠋ ᠬᠦᠯᠢᠶᠡᠨ ᠠᠪᠴᠤ᠂ ᠵᠢᠭᠤᠯᠴᠢᠯᠠᠯ᠎ᠤᠨ ᠣᠷᠣᠯᠭ᠎ᠠ᠎ᠶ᠋ᠢ 73.4 ᠳ᠋ᠦᠩᠱᠢᠭᠤᠷ ᠲᠥᠭᠥᠷᠢᠭ ᠪᠡᠶᠡᠯᠡᠭᠦᠯᠦᠨ᠂ ᠲᠤᠰ ᠲᠤᠰ 10.2% ᠪᠠ 4.1% ᠎ᠪᠡᠷ ᠨᠡᠮᠡᠭ᠌ᠳᠡᠪᠡ;

ᠪᠦᠬᠦ᠌ ᠠᠢᠮᠠᠭ᠎ᠤᠨ ᠠᠮᠤ ᠪᠤᠳᠠᠭᠠᠨ᠎ᠤ ᠶᠡᠷᠦᠩᠬᠡᠢ ᠤᠨᠠᠯᠲᠠ 130 ᠳ᠋ᠦᠩᠱᠢᠭᠤᠷ ᠵᠢᠩ᠎ᠳᠦ ᠬᠦᠷᠴᠦ᠍᠂ ᠠᠳᠠᠯᠢ ᠬᠤᠭᠤᠴᠠᠭᠠᠨ᠎ᠤ ᠬᠢ ᠡᠴᠡ 2.4% ᠎ᠪᠡᠷ ᠨᠡᠮᠡᠭ᠌ᠳᠡᠨ᠂ ᠠᠷᠪᠠᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ; ᠲᠡᠵᠢᠭᠡᠵᠦ᠍ ᠪᠠᠢᠭ᠎ᠠ ᠮᠠᠯ 1112.4 ᠲᠦᠮᠡ᠎ᠳᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 9.8% ᠪᠠᠷ ᠨᠡᠮᠡᠭ᠌ᠳᠡᠨ᠂ ᠴᠢᠨᠠᠷ ᠰᠠᠢᠲᠠᠶ ᠮᠢᠬᠠᠨ ᠤ᠋ ᠦᠬᠡᠷ᠂ ᠰᠠᠭᠠᠯᠢ᠎ᠶ᠋ᠢᠨ ᠦᠨᠢᠶ᠎ᠡ ᠵᠢᠨ ᠲᠤᠭ᠎ᠠ ᠬᠡᠮᠵᠢᠶ᠎ᠡ 100 ᠲᠦᠮᠡ᠂ 12 ᠲᠦᠮᠡ᠎ᠳᠦ ᠬᠦᠷᠴᠦ᠍᠂ ᠲᠣᠰ ᠲᠣᠰ 22% ᠪᠠ 92% ᠵᠢᠡᠷ ᠨᠡᠮᠡᠭ᠌ᠳᠡᠪᠡ;

ᠪᠥᠬᠥ᠌ ᠠᠢᠮᠠᠭ᠎ᠤᠨ ᠨᠡᠢᠲᠡ 255.37 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠥᠯᠥᠪᠯᠡᠭᠰᠡᠨ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ 184 ᠴᠢᠬᠤᠯᠠ ᠶᠡᠬᠡ ᠲᠥᠷᠥᠯ ᠵᠦᠶ᠋ᠯ ᠨᠢ 1 ᠡᠴᠡ10 ᠰᠠᠷ᠎ᠠ᠎ᠳᠤ ᠠᠵᠢᠯ ᠵᠢᠡᠨ ᠡᠬᠢᠯᠡᠭᠦᠯᠦᠨ ᠰᠡᠷᠭᠦᠭᠡᠭ᠌ᠰᠡᠨ᠎ᠨᠢ 176 ᠪᠠᠢᠵᠤ᠂ ᠠᠵᠢᠯ ᠡᠬᠢᠯᠡᠭᠦᠯᠦᠨ ᠰᠡᠷᠭᠦᠭᠡᠭ᠌ᠰᠡᠨ ᠨᠣᠷᠮ᠎ᠠ 96% ᠎ᠳ᠋ᠤ ᠬᠦᠷᠴᠦ᠍᠂181.24 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ;

ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭ᠎ᠠ ᠪᠣᠳᠠᠲᠤ ᠦᠷ᠎ᠡ ᠪᠦᠲᠦᠮᠵᠢ ᠣᠯᠵᠤ᠂ 11 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠥ᠌ ᠠᠢᠮᠠᠭ 199 ᠲᠥᠷᠥᠯ ᠵᠦᠶ᠋ᠯ᠎ᠢ ᠣᠷᠣᠭᠤᠯᠤᠨ ᠠᠪᠴᠢᠷᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ 993.4 ᠳ᠋ᠦᠩᠱᠢᠭᠤᠷ ᠲᠥᠭᠥᠷᠢᠭ᠎ᠲᠦ ᠬᠦᠷᠴᠦ᠍᠂ 230.61 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠨᠠᠢᠳᠠᠪᠦᠷᠢᠵᠢᠭᠤᠯᠤᠨ ᠬᠡᠷᠡᠭᠯᠡᠵᠦ᠂ ᠪᠥᠬᠥ᠌ ᠵᠢᠯ᠎ᠦᠨ ᠡᠭᠦᠷᠭᠡ᠎ᠶ᠋ᠢᠨ ᠭᠦᠶ᠋ᠴᠡᠳᠭᠡᠯ ᠲᠣᠭ᠎ᠠ᠎ᠶ᠋ᠢᠨ 106.8%᠎ᠶ᠋ᠢ ᠪᠡᠶᠡᠯᠡᠭᠦᠯᠪᠡ;

ᠨᠠᠷᠢᠨ ᠪᠣᠳᠠᠲᠠᠢ ᠲᠣᠭ᠎ᠠ ᠪᠠᠷᠢᠮᠲᠠ᠎ᠨᠤᠭᠤᠳ ᠨᠢ ᠵᠣᠷᠢᠭ᠍ᠲᠠᠢ ᠬᠢᠵᠦ᠍ ᠵᠣᠷᠢᠭ᠍ᠲᠠᠢ ᠲᠤᠷᠱᠢᠳᠠᠭ ᠬᠢᠩᠭᠠᠨ ᠠᠢᠮᠠᠭ᠎ᠤᠨ ᠤᠯᠠᠨ ᠲᠦᠮᠡᠨ᠎ᠤ ᠱᠢᠷᠭᠠᠭᠤ ᠬᠠᠲᠠᠭᠤᠵᠢᠯᠲᠠᠢ ᠠᠵᠢᠯᠯᠠᠬᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠬᠥᠭ᠌ᠵᠢᠯᠲᠡ᠎ᠶ᠋ᠢᠨ ᠮᠦᠷ᠎ᠢ ᠵᠢᠷᠤᠭ᠍ᠯᠠᠵᠤ᠂ ᠨᠡᠩ ᠴᠤ᠌ ᠬᠢᠩᠭᠠᠨ ᠠᠢᠮᠠᠭ᠎ᠤᠨ ᠬᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠬᠥᠭ᠌ᠵᠢᠯᠲᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠳᠤᠮᠳᠠ ᠵᠣᠯ ᠵᠢᠷᠭᠠᠯ᠎ᠤᠨ ᠵᠢᠭᠠᠯᠲᠠ ᠲᠣᠭ᠎ᠠ᠎ᠪᠠᠨ ᠳᠡᠭᠡᠭ᠌ᠰᠢᠯᠡᠭᠦᠯᠵᠦ᠍᠂ ᠪᠣᠬᠢᠷᠲᠤᠯ ᠦᠭᠡᠢ ᠲᠠᠢᠰᠢ ᠬᠡᠯᠪᠡᠷᠢ᠎ᠪᠡᠨ ᠬᠤᠪᠢᠷᠠᠭᠤᠯᠬᠤ ᠳᠤᠮᠳᠠ ᠦᠵᠡᠰᠭᠦᠯᠡᠩᠲᠦ ᠰᠠᠢᠬᠠᠨ ᠬᠢᠩᠭᠠᠨ ᠠᠢᠮᠠᠭ᠎ᠢᠶᠠᠨ ᠪᠦᠳᠦᠭᠡᠨ ᠪᠠᠢᠭᠤᠯᠬᠤ ᠭᠡᠰᠡᠨ ᠠᠮᠢᠳᠤᠯᠢᠭ ᠲᠠᠢᠯᠪᠤᠷᠢᠯᠠᠯᠳᠠ ᠪᠣᠯᠵᠠᠢ᠃

ᠲᠤᠰ ᠵᠢᠯ᠎ᠳᠦ᠂ ᠬᠢᠩᠭᠠᠨ ᠠᠢᠮᠠᠭ᠎ᠤᠨ ᠪᠦᠬᠦ᠌ ᠣᠷᠣᠨ ᠪᠦᠰᠡ᠎ᠪᠡᠷ᠎ᠢᠶᠡᠨ ᠪᠦᠬᠦ᠌ ᠤᠯᠤᠰ᠎ᠤᠨ ᠲᠠᠪᠤᠳᠤᠭᠠᠷ ᠪᠦᠯᠦᠭ᠂ ᠪᠦᠬᠦ᠌ ᠣᠷᠣᠨ᠎ᠤ ᠠᠩᠬᠠᠳᠠᠭ᠍ᠴᠢ ᠲᠤᠰᠭᠠᠢ ᠣᠷᠣᠨ ᠬᠤᠳᠠ᠎ᠶ᠋ᠢᠨ ᠲᠡᠰ᠎ᠤᠨ《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》ᠭᠡᠬᠦ᠌ ᠤᠨᠤᠯ᠎ᠤᠨ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ᠎ᠢ ᠡᠭᠦᠳᠦᠨ ᠪᠠᠢᠭᠤᠯᠪᠠ᠃ ᠪᠥᠬᠥ᠌ ᠵᠢᠯ᠎ᠳᠦ 32 ᠲᠦᠮᠡᠨ ᠮᠥ᠍ ᠣᠢᠵᠢᠭᠤᠯᠵᠤ᠂ 136 ᠲᠦᠮᠡᠨ ᠮᠥ᠍ ᠡᠪᠡᠰᠦ ᠳᠠᠷᠢᠵᠤ᠂ ᠠᠮᠢ ᠠᠬᠤᠶ᠎ᠶ᠋ᠢᠨ ᠱᠢᠰᠲ᠋ᠧᠮ᠎ᠦᠨ ᠶᠠᠰᠤ ᠴᠢᠨᠠᠷ ᠪᠠ ᠲᠣᠭ᠍ᠲᠠᠪᠤᠷᠢᠲᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠪᠡ᠃ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ 4 ᠬᠣᠲᠠ ᠪᠠᠯᠭᠠᠰᠤ᠎ᠠᠴᠠ ᠳᠡᠭᠡᠭ᠌ᠰᠢᠬᠢ ᠲᠥᠪᠯᠡᠷᠡᠩᠭᠦᠶ ᠬᠡᠯᠪᠡᠷᠢ᠎ᠶ᠋ᠢᠨ ᠤᠤᠭᠤᠬᠤ ᠤᠰᠤᠨ᠎ᠤ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭ᠌ᠰᠡᠨ ᠨᠣᠷᠮ᠎ᠠ᠎ᠶ᠋ᠢ 100% ᠎ᠳ᠋ᠤ ᠬᠦᠷᠦᠭᠦᠯᠵᠦ᠍᠂ ᠭᠤᠤᠯ ᠬᠣᠲᠠ ᠲᠣᠭᠣᠷᠢᠭ᠎ᠤᠨ ᠠᠭᠠᠷ᠎ᠤᠨ ᠶᠠᠰᠤ ᠴᠢᠨᠠᠷ ᠱᠢᠯᠢᠳᠡᠭ ᠰᠠᠢᠨ ᠪᠠᠢᠬᠤ ᠡᠳᠦᠷ᠎ᠦᠨ ᠲᠣᠭ᠎ᠠ᠎ᠶ᠋ᠢᠨ ᠬᠠᠷᠢᠴᠠᠯ᠎ᠢ 2% ᠎ᠵᠢᠡᠷ ᠳᠡᠭᠡᠭ᠌ᠰᠢᠯᠡᠭᠦᠯᠵᠦ᠍᠂ PM2.5 ᠎ᠶ᠋ᠢᠨ ᠳᠤᠮᠳᠠᠴᠢ ᠥᠳᠭᠡᠴᠡ᠎ᠶ᠋ᠢ 13% ᠪᠠᠷ ᠪᠠᠭᠤᠷᠠᠭᠤᠯᠵᠤ᠂ ᠬᠥᠷᠥᠰᠥ᠍ ᠱᠢᠷᠣᠶ᠎ᠶ᠋ᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠲᠩᠷᠢ᠎ᠨᠢ ᠨᠠᠩ ᠴᠡᠯᠮᠡᠭ᠂ ᠠᠭᠤᠯᠠ᠎ᠨᠢ ᠨᠠᠩ ᠬᠦᠬᠡᠮᠳᠦᠭ᠂ ᠤᠰᠤ᠎ᠨᠢ ᠨᠠᠩ ᠲᠤᠩᠭᠠᠯᠠᠭ᠂ ᠣᠷᠴᠢᠨ ᠲᠣᠭᠣᠷᠢᠨ᠎ᠨᠢ ᠨᠠᠩ ᠭᠣᠢᠳᠠ ᠰᠠᠢᠬᠠᠨ ᠪᠤᠯᠵᠤ᠂ ᠰᠠᠢᠨ ᠰᠠᠢᠬᠠᠨ ᠠᠮᠢ ᠠᠬᠤᠶ ᠣᠷᠴᠢᠨ ᠲᠣᠭᠣᠷᠢᠨ᠎ᠨᠢ ᠬᠠᠮᠤᠭ᠎ᠤᠨ ᠲᠦᠭᠡᠮᠡᠯ ᠬᠠᠷᠠᠭᠠᠯᠵᠠᠯᠲᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠪᠤᠯᠪᠠ᠃

ᠡᠨᠡ ᠵᠢᠯ᠂ ᠬᠢᠩᠭᠠᠨ ᠠᠢᠮᠠᠭ ᠦᠶ᠋ᠯᠡᠳᠪᠦᠷᠢᠯᠡᠯ᠎ᠦᠨ ᠭᠣᠭ᠍ᠴᠣᠭ᠎ᠠ᠎ᠳᠤ ᠬᠠᠩᠭᠠᠯᠭ᠎ᠠ ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠬᠤ᠎ᠶ᠋ᠢ ᠪᠠᠷᠢᠮᠲᠠᠯᠠᠵᠤ᠂ ᠡᠳ᠋ᠱᠢᠭᠦᠯᠬᠦ᠌ ᠭᠣᠭ᠍ᠴᠣᠭ᠎ᠠ᠎ᠳᠤ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠦᠶ᠋ᠯᠡᠴᠢᠯᠡᠭᠡᠨ᠎ᠦ ᠭᠣᠭ᠍ᠴᠣᠭ᠎ᠠ᠎ᠳᠤ ᠴᠢᠬᠤᠯᠠ ᠡᠯᠧᠮᠧᠨ᠋ᠲ᠎ᠦᠨ ᠬᠡᠯᠬᠢᠶ᠎ᠡ᠎ᠶ᠋ᠢ ᠪᠠᠲᠤᠯᠠᠵᠤ᠂ ᠭᠠᠳᠠᠭ᠍ᠰᠢ ᠭᠠᠷᠭᠠᠬᠤ ᠭᠣᠭ᠍ᠴᠣᠭ᠎ᠠ᠎ᠳᠤ ᠪᠣᠷᠣᠯᠠᠭᠤᠯᠭ᠎ᠠ ᠶ᠋ᠢᠨ ᠬᠡᠯᠬᠢᠶ᠎ᠡ᠎ᠶ᠋ᠢ ᠥᠷᠭᠡᠳᠭᠡᠵᠦ᠍᠂ 《ᠠᠮᠤ ᠨᠣᠭᠣᠭ᠎ᠠ ᠵᠢᠮᠢᠰ ᠲᠣᠰᠣ ᠱᠢᠬᠢᠷ᠂ ᠭᠠᠬᠠᠶ ᠵᠢᠭᠦᠷᠲᠡᠨ ᠠᠳᠤᠭᠤ ᠦᠬᠡᠷ ᠬᠣᠨᠢ》 ᠶ᠋ᠢᠨ ᠠᠵᠤ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠶ᠋ᠯᠡᠳᠪᠦᠷᠢᠯᠡᠵᠦ᠍ ᠡᠳ᠋ᠱᠢᠭᠦᠯᠦᠨ ᠭᠠᠳᠠᠭ᠍ᠰᠢ ᠭᠠᠷᠭᠠᠬᠤ ᠰᠠᠭᠤᠷᠢᠨ᠎ᠤ ᠪᠥᠲᠥᠭᠡᠨ ᠪᠠᠢᠭᠤᠯᠤᠯᠲᠠ ᠲᠤᠷᠪᠢᠯᠢᠭ ᠠᠯᠬᠤᠭ᠎ᠠ᠎ᠶ᠋ᠢ ᠠᠯᠬᠤᠵᠤ᠂ ᠲᠠᠷᠢᠶᠠᠯᠠᠩ ᠮᠠᠯ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠴᠣ ᠱᠢᠨ᠎ᠡ ᠣᠷᠣᠨ ᠵᠠᠶ᠎ᠶ᠋ᠢ ᠨᠡᠭᠡᠭᠡᠪᠡ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ᠂ ᠲᠦᠴᠢᠦᠸᠠᠨ ᠱᠢᠶᠠᠨ᠎ᠤ ᠮᠢᠬᠠᠨ᠎ᠤ ᠦᠬᠡᠷ᠎ᠦᠨ ᠠᠵᠤ ᠦᠶ᠋ᠯᠡᠰ᠎ᠢ ᠤᠯᠤᠰ᠎ᠤᠨ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠦᠨ ᠪᠦᠯᠦᠭ᠌ᠵᠢᠯ᠎ᠳᠦ ᠠᠮᠵᠢᠯᠲᠠ᠎ᠲᠠᠶ ᠣᠷᠣᠭᠤᠯᠵᠤ᠂ 《ᠬᠢᠩᠭᠠᠨ ᠠᠢᠮᠠᠭ᠎ᠤᠨ ᠲᠤᠲᠤᠷᠭ᠎ᠠ》 ᠪᠠ 《ᠲᠠᠢ ᠾᠧ ᠨᠠᠷᠢᠮᠤ》᠎ᠶ᠋ᠢ ᠤᠯᠤᠰ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠯ᠎ᠤᠨ ᠡᠷᠬᠡ᠎ᠶ᠋ᠢᠨ ᠲᠣᠪᠴᠢᠶ᠎ᠠ᠎ᠶ᠋ᠢᠨ ᠭᠠᠵᠠᠷ ᠵᠦᠶ᠎ᠶ᠋ᠢᠨ ᠢᠯᠡᠷᠬᠡᠢᠯᠡᠯᠳᠤ ᠭᠤᠤᠯᠳᠠᠯᠭ᠎ᠠ᠎ᠲᠠᠶ ᠬᠠᠷᠢᠯᠴᠠᠵᠤ ᠵᠢᠯᠣᠭᠣᠳᠭᠤ ᠢᠯᠡ ᠨᠡᠢᠲᠡᠯᠡᠬᠦ᠌ ᠭᠠᠷᠴᠠᠭ᠎ᠤᠨ ᠵᠢᠬᠰᠠᠯ᠎ᠳ᠋ᠤ ᠣᠷᠣᠭᠤᠯᠪᠠ᠃ ᠵᠠᠯᠠᠢᠳ ᠬᠣᠱᠢᠭᠤ ᠨᠢ ᠪᠥᠬᠥ᠌ ᠤᠯᠤᠰ᠎ᠤᠨ ᠲᠠᠷᠢᠶᠠᠴᠢᠳ᠎ᠤᠨ ᠬᠣᠷᠱᠢᠶ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠪᠥᠬᠥ᠌ ᠱᠢᠶᠠᠨ ᠎ᠢᠶᠠᠷ ᠎ᠠᠬᠢᠭᠤᠯᠬᠤ ᠲᠤᠷᠱᠢᠯᠲᠠ ᠎ᠶ᠋ᠢᠨ ᠴᠡᠭ ᠎ᠢᠶᠡᠷ ᠲᠣᠭ᠍ᠲᠠᠭᠠᠭ᠍ᠳᠠᠵᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠲᠦᠷᠦᠯᠵᠢ ᠪᠠᠯᠭᠠᠰᠤ ᠤᠯᠤᠰ᠎ᠤᠨ ᠲᠠᠰ᠎ᠤᠨ《2021 ᠣᠨ᠎ᠤ ᠲᠠᠷᠢᠶᠠᠯᠠᠩ᠎ᠤᠨ ᠠᠵᠤ ᠦᠶ᠋ᠯᠡᠰ᠎ᠦᠨ ᠬᠦᠴᠦᠷᠬᠡᠭ ᠪᠠᠯᠭᠠᠰᠤ》 ᠪᠠᠷ ᠦᠨᠡᠯᠡᠭ᠌ᠳᠡᠪᠡ᠃

ᠡᠨᠡ ᠨᠢᠬᠡ ᠵᠢᠯ᠎ᠳᠦ᠂ ᠬᠢᠩᠭᠠᠨ ᠠᠢᠮᠠᠭ᠎ᠤᠨ ᠤᠯᠠᠮᠵᠢᠯᠠᠯᠲᠤ ᠠᠵᠤ ᠦᠶ᠋ᠯᠡᠰ ᠱᠢᠨ᠎ᠡ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠱᠢᠨ᠎ᠡ ᠣᠷᠣᠨ ᠵᠠᠶ᠎ᠶ᠋ᠢ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠱᠢᠨ᠎ᠡ ᠪᠠᠢᠳᠠᠯ᠎ᠢ ᠡᠭᠦᠳᠴᠦ᠍᠂ ᠪᠥᠬᠥ᠌ ᠣᠷᠣᠨ ᠪᠦᠰᠡ᠎ᠶ᠋ᠢᠨ ᠵᠢᠭᠤᠯᠴᠢᠯᠠᠯ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠪᠠᠨ ᠲᠦᠷᠭᠡᠳᠭᠡᠵᠦ᠍᠂ ᠬᠢᠩᠭᠠᠨ ᠠᠢᠮᠠᠭ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ 《ᠬᠤᠷᠳᠤᠴᠠ᠎ᠪᠠᠨ ᠨᠡᠮᠡᠨ ᠤᠷᠤᠬᠰᠢᠯᠠᠪᠠ》᠃

ᠪᠦᠬᠦ᠌ ᠠᠢᠮᠠᠭ᠎ᠤᠨ ᠬᠡᠪᠴᠢᠶᠡᠵᠢᠯ᠎ᠡᠴᠡ ᠳᠡᠭᠡᠭ᠌ᠰᠢᠬᠢ 105 ᠠᠵᠤ ᠠᠬᠤᠢᠯᠠᠯ ᠨᠢ ᠠᠵᠤ ᠦᠶ᠋ᠯᠡᠳᠪᠦᠷᠢ᠎ᠶ᠋ᠢᠨ ᠦᠢᠯᠡᠳᠬᠦᠨ᠎ᠦ ᠶᠡᠷᠦᠩᠬᠡᠢ ᠥᠷᠲᠡᠭ᠎ᠢ 236.5 ᠳ᠋ᠦᠩᠱᠢᠭᠤᠷ ᠲᠥᠭᠥᠷᠢᠭ ᠪᠡᠶᠡᠯᠡᠭᠦᠯᠵᠦ᠍᠂ 22.1% ᠎ᠪᠡᠷ ᠨᠡᠮᠡᠭ᠌ᠳᠡᠨ᠂ ᠠᠵᠤ ᠦᠶ᠋ᠯᠡᠳᠪᠦᠷᠢ᠎ᠶ᠋ᠢᠨ ᠭᠠᠢᠯᠢ ᠶ᠋ᠢᠨ ᠣᠷᠣᠯᠭ᠎ᠠ 15% ᠎ᠪᠡᠷ ᠨᠡᠮᠡᠭ᠌ᠳᠡᠵᠦ᠍᠂ ᠪᠦᠬᠦ᠌ ᠠᠢᠮᠠᠭ᠎ᠤᠨ ᠶᠡᠷᠦᠩᠬᠡᠢ ᠭᠠᠢᠯᠢ᠎ᠶ᠋ᠢᠨ ᠣᠷᠣᠯᠭ᠎ᠠ᠎ᠶ᠋ᠢᠨ 61.6% ᠎ᠶ᠋ᠢ ᠡᠵᠡᠯᠡᠪᠡ᠃

ᠭᠤᠤᠯᠳᠠᠯᠭ᠎ᠠ᠎ᠲᠠᠶ ᠭᠤᠤᠯᠯᠠᠭ᠍ᠴᠢ ᠠᠵᠤ ᠠᠬᠤᠢᠯᠠᠯ᠎ᠨᠢ ᠱᠢᠨ᠎ᠡ ᠠᠮᠢᠵᠢᠷᠠᠯ᠎ᠤᠨ ᠬᠦᠴᠦᠨ ᠎ᠢᠶᠡᠨ ᠪᠠᠳᠠᠷᠠᠭᠤᠯᠵᠤ᠂ ᠤᠯᠠᠭᠠᠨᠴᠠᠪ᠎ᠤᠨ ᠪᠣᠯᠣᠳ ᠲᠡᠮᠦᠷ᠂ ᠲᠠᠮᠠᠬᠢᠨ᠎ᠤ ᠦᠶ᠋ᠯᠡᠳᠪᠦᠷᠢ᠂ ᠮᠧᠩ ᠨᠢᠤ ᠵᠡᠷᠭᠡ ᠵᠢᠯ᠎ᠦᠨ ᠦᠶ᠋ᠯᠡᠳᠪᠦᠷᠢᠯᠡᠯ᠎ᠦᠨ ᠥᠷᠲᠡᠭ᠎ᠨᠢ 10 ᠳ᠋ᠦᠩᠱᠢᠭᠤᠷ ᠲᠥᠭᠥᠷᠢᠭ᠎ᠢ ᠳᠠᠪᠠᠭ᠍ᠰᠠᠨ 7 ᠠᠵᠤ ᠠᠬᠤᠢᠯᠠᠯ 146.7 ᠳ᠋ᠦᠩᠱᠢᠭᠤᠷ ᠲᠥᠭᠥᠷᠢᠭ᠎ᠦᠨ ᠦᠶ᠋ᠯᠡᠳᠬᠦᠨ᠎ᠦ ᠥᠷᠲᠡᠭ᠎ᠢ ᠪᠡᠶᠡᠯᠡᠭᠦᠯᠵᠦ᠍᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠨᠡᠮᠡᠭ᠌ᠳᠡᠯ ᠥᠷᠲᠡᠭ ᠲᠣᠰ ᠲᠣᠰ 57.9% ᠪᠠ 27.3% ᠎ᠪᠠᠷ ᠨᠡᠮᠡᠭ᠌ᠳᠡᠵᠦ᠍᠂ ᠪᠥᠬᠥ᠌ ᠠᠢᠮᠠᠭ᠎ᠤᠨ ᠠᠩᠬᠠᠳᠠᠭ᠍ᠴᠢ ᠵᠠᠭᠤᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠲᠥᠷᠥᠯ ᠵᠦᠶ᠋ᠯ ᠪᠤᠯᠬᠤ ᠤᠯᠠᠭᠠᠨ ᠬᠢᠮᠢ᠎ᠶ᠋ᠢᠨ ᠪᠣᠷᠲᠣᠭᠣᠷ᠎ᠤᠨ ᠲᠤᠮᠤ ᠲᠥᠷᠥᠯ ᠵᠦᠶ᠋ᠯ᠎ᠨᠢ ᠲᠤᠷᠱᠢᠨ ᠦᠶ᠋ᠯᠡᠳᠪᠦᠷᠢᠯᠡᠬᠦ᠌᠎ᠶ᠋ᠢ ᠪᠡᠶᠡᠯᠡᠭᠦᠯᠪᠡ᠃

ᠡᠨᠡ ᠨᠢᠭᠡ ᠵᠢᠯ᠎ᠳᠦ᠂ ᠬᠢᠩᠭᠠᠨ ᠠᠢᠮᠠᠭ ᠠᠷᠠᠳ᠎ᠤᠨ ᠠᠮᠢᠳᠤᠷᠠᠯ᠎ᠤᠨ ᠵᠢᠷᠭᠠᠯᠲᠦ ᠲᠥᠷᠥᠭᠳᠡᠯ᠎ᠢ ᠴᠥᠬᠥᠷᠡᠰᠢ ᠦᠭᠡᠢ ᠨᠡᠮᠡᠭ᠌ᠳᠡᠭᠦᠯᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠵᠤ᠂ 75% ᠡᠴᠡ ᠳᠡᠭᠡᠭ᠌ᠰᠢᠬᠢ ᠡᠳ᠋᠎ᠦᠨ ᠵᠠᠰᠠᠭ᠎ᠤᠨ ᠵᠠᠷᠤᠯᠭ᠎ᠠ᠎ᠶ᠋ᠢ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠵᠠᠷᠤᠴᠠᠭᠤᠯᠪᠠ᠃ ᠦᠨᠡᠨ ᠪᠣᠳᠠᠲᠠᠢ ᠥᠭᠡᠷᠡᠴᠢᠯᠡᠯᠲᠡ᠎ᠶ᠋ᠢᠨ ᠠᠱᠢᠭ᠎ᠢ ᠣᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠬᠦᠯᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠨᠡᠩ ᠤᠯᠠᠨ ᠨᠡᠩ ᠭᠣᠣᠯᠴᠢ᠎ᠪᠠᠷ ᠪᠦᠬᠦ᠌ ᠠᠷᠠᠳ ᠲᠦᠮᠡᠨ᠎ᠳᠦ ᠬᠦᠷᠲᠡᠭᠡᠵᠦ᠍᠂ ᠬᠢᠩᠭᠠᠨ ᠠᠢᠮᠠᠭ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠎ᠢ ᠨᠡᠩ ᠭᠦᠢᠴᠡᠳ᠂ ᠵᠢᠷᠭᠠᠯᠲᠤ ᠲᠦᠷᠦᠭ᠌ᠳᠡᠯ᠎ᠢ ᠨᠡᠩ ᠦᠷᠭᠦᠯᠵᠢᠯᠡᠭᠦᠯᠦᠨ᠂ ᠠᠮᠤᠷ ᠲᠦᠪᠱᠢᠨ᠎ᠦ ᠲᠦᠷᠦᠭ᠌ᠳᠡᠯ᠎ᠢ ᠨᠡᠩ ᠪᠠᠲᠤᠯᠠᠭ᠎ᠠ᠎ᠲᠠᠶ ᠪᠣᠯᠭᠠᠪᠠ᠃ ᠪᠥᠬᠥ᠌ ᠣᠷᠣᠨ᠎ᠳᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠪᠠᠷᠢᠮᠵᠢᠶᠠᠵᠢᠭᠤᠯᠬᠤ᠎ᠶ᠋ᠢ ᠤᠷᠢᠳ᠎ᠢᠶᠡᠷ ᠬᠡᠷᠡᠭ᠌ᠵᠢᠭᠦᠯᠵᠦ᠍᠂ 《ᠨᠢᠭᠡ ᠰᠦᠯᠵᠢᠶ᠎ᠡ ᠪᠡᠷ ᠭᠦᠶ᠋ᠴᠡᠳᠭᠡᠬᠦ᠌᠂ ᠠᠯᠠᠭᠠᠨ ᠳᠡᠭᠡᠷ᠎ᠡ᠎ᠪᠡᠨ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌᠂ ᠲᠠᠨ᠎ᠳᠤ ᠬᠠᠪᠰᠤᠷᠤᠨ ᠭᠦᠶ᠋ᠴᠡᠳᠭᠡᠬᠦ᠌》ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠦᠨ᠂ 311 ᠵᠦᠶ᠋ᠯ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠲᠢᠩᠬᠢᠮ᠎ᠳᠦ ᠣᠷᠣᠭᠤᠯᠵᠤ᠂ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠲᠠᠪᠴᠠᠩ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠰᠦᠯᠵᠢᠶ᠎ᠡ᠎ᠪᠡᠷ ᠭᠦᠶ᠋ᠴᠡᠳᠭᠡᠬᠦ᠌ ᠨᠣᠷᠮ᠎ᠠ᠎ᠶ᠋ᠢ 96%᠎ᠳ᠋ᠤ ᠬᠦᠷᠬᠡᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠥᠷᠥᠯ᠎ᠦᠨ ᠠᠵᠢᠯᠲᠠᠨ ᠡᠯᠰᠡᠬᠦ᠌ ᠴᠤᠭ᠍ᠯᠠᠭᠠᠨ᠎ᠢ ᠨᠡᠢᠲᠡ 168 ᠤᠳᠠᠭ᠎ᠠ ᠡᠷᠭᠢᠯᠡᠵᠦ᠍᠂ 5.4 ᠲᠦᠮᠡᠨ ᠠᠵᠢᠯ᠎ᠤᠨ ᠪᠠᠢᠷᠢ ᠬᠠᠩᠭᠠᠵᠤ᠂ ᠬᠣᠲᠠ ᠪᠠᠯᠭᠠᠰᠤᠨ᠎ᠤ 8050 ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠣᠨ᠎ᠤ ᠡᠭᠦᠷᠭᠡ᠎ᠪᠡᠨ 106% ᠎ᠪᠠᠷ ᠪᠡᠶᠡᠯᠡᠭᠦᠯᠪᠡ᠃ ᠪᠥᠬᠥ᠌ ᠠᠢᠮᠠᠭ᠎ᠤᠨ ᠨᠠᠰᠤᠵᠢᠯ᠎ᠤᠨ ᠳᠠᠭᠠᠳᠭᠠᠯ ᠪᠠ ᠡᠮ ᠡᠮᠨᠡᠯᠭᠡ᠎ᠶ᠋ᠢᠨ ᠳᠠᠭᠠᠳᠭᠠᠯ᠎ᠤᠨ ᠳᠠᠭᠠᠳᠭᠠᠯ᠎ᠤᠨ ᠨᠣᠷᠮ᠎ᠠ ᠲᠣᠰ ᠲᠣᠰ 93.68% ᠪᠠ 98.09%᠎ᠳ᠋ᠤ ᠬᠦᠷᠴᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠤᠤᠷ᠎ᠢ ᠤᠯᠠᠮ ᠎ᠠᠴᠠ ᠤᠯᠠᠮ ᠨᠢᠭ᠍ᠲᠠ ᠰᠦᠯᠵᠢᠵᠦ᠍᠂ ᠠᠷᠠᠳ ᠣᠯᠠᠨ᠎ᠤ ᠱᠢᠨ᠎ᠡ ᠠᠮᠢᠳᠤᠷᠠᠯ᠎ᠢ ᠴᠤᠴᠠᠯᠠᠵᠤ ᠪᠤᠢ᠃

ᠡᠨᠡ ᠨᠢᠭᠡ ᠵᠢᠯ᠎ᠳᠦ᠂ ᠬᠢᠩᠭᠠᠨ ᠠᠢᠮᠠᠭ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢᠶᠡᠨ ᠲᠠᠰᠤᠷᠠᠯᠲᠠ ᠥᠬᠡᠶ ᠪᠡᠬᠢᠵᠢᠭᠦᠯᠵᠦ᠍᠂《ᠶᠠᠳᠠᠭᠤ᠎ᠠᠴᠠ ᠠᠩᠭᠢᠵᠢᠷᠠᠭᠰᠠᠨ᠎ᠴᠦ ᠬᠠᠷᠢᠭᠤᠴᠠᠯᠭ᠎ᠠ᠎ᠪᠠᠨ ᠬᠠᠶᠠᠬᠤ ᠥᠬᠡᠶ᠂ ᠶᠠᠳᠠᠭᠤ᠎ᠠᠴᠠ ᠠᠩᠭᠢᠵᠢᠷᠠᠭᠰᠠᠨ᠎ᠴᠦ ᠲᠥᠷᠥ᠎ᠶᠢᠨ ᠪᠤᠳᠤᠯᠭ᠎ᠠ᠎ᠪᠠᠨ ᠲᠠᠰᠤᠯᠳᠠᠭᠤᠯᠬᠤ ᠦᠭᠡᠢ᠂ ᠶᠠᠳᠠᠭᠤ᠎ᠠᠴᠠ ᠠᠩᠭᠢᠵᠢᠷᠠᠭᠰᠠᠨ ᠎ᠴᠦ ᠬᠠᠪᠰᠤᠷᠤᠨ ᠳᠡᠳᠬᠦᠬᠦ᠎ᠪᠠᠨ ᠪᠤᠯᠢᠬᠤ ᠦᠭᠡᠢ᠂ ᠶᠠᠳᠠᠭᠤ᠎ᠠᠴᠠ ᠠᠩᠭᠢᠵᠢᠷᠠᠭᠰᠠᠨ᠎ᠴᠦ ᠬᠢᠨᠠᠯᠲᠠ ᠬᠠᠮᠢᠶᠠᠷᠤᠯᠲᠠ᠎ᠪᠠᠨ ᠰᠤᠯᠠᠷᠠᠭᠤᠯᠬᠤ ᠦᠭᠡᠢ》ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ 《ᠶᠠᠳᠠᠭᠤ᠎ᠶ᠋ᠢ ᠰᠡᠷᠭᠡᠢᠯᠡᠬᠦ᠌ 10·17 ᠬᠢᠨᠠᠨ ᠬᠡᠮᠵᠢᠵᠦ᠍ ᠬᠠᠪᠰᠤᠷᠤᠨ ᠲᠡᠳᠬᠦᠬᠦ᠌ ᠱᠢᠰᠲ᠋ᠧᠮ》᠎ᠢ᠋ ᠪᠦᠷᠢᠨᠱᠢᠭᠦᠯᠵᠦ᠍᠂ ᠴᠢᠳᠠᠪᠤᠷᠢᠲᠠᠨ᠎ᠤ ᠨᠤᠲᠤᠭ᠎ᠲᠠᠭᠠᠨ ᠪᠤᠴᠠᠬᠤ᠂ ᠬᠣᠲᠠ᠎ᠶ᠋ᠢᠨ ᠠᠷᠠᠳ ᠬᠥᠳᠡᠭᠡ ᠪᠠᠭᠤᠬᠤ᠂ ᠺᠠᠳ᠋ᠷ ᠬᠥᠳᠡᠭᠡ ᠣᠴᠢᠬᠤ᠂ ᠠᠵᠤ ᠠᠬᠤᠢᠯᠠᠯ ᠬᠥᠳᠡᠭᠡ ᠲᠣᠰᠭᠣᠨ᠎ᠢ ᠮᠠᠨᠳᠤᠭᠤᠯᠬᠤ《ᠬᠥᠳᠡᠭᠡ᠎ᠲᠤᠰᠬᠤᠨ᠎ᠤ ᠳᠥᠷᠪᠡᠨ ᠢᠨᠵᠧᠨᠧᠷᠢᠩ》᠎ᠢ᠋ ᠬᠡᠷᠡᠭ᠌ᠵᠢᠭᠦᠯᠵᠦ᠍᠂ ᠠᠢᠮᠠᠭ᠎ᠤᠨ ᠲᠣᠰ ᠱᠠᠲᠤᠨ᠎ᠤ ᠡᠳ᠋᠎ᠦᠨ ᠵᠠᠰᠠᠭ᠎ᠤᠨ ᠲᠥᠰᠦᠪ᠎ᠲᠦ 4 ᠳ᠋ᠦᠩᠱᠢᠭᠤᠷ ᠲᠥᠭᠥᠷᠢᠭ᠎ᠦᠨ ᠵᠤᠯᠭᠠᠯᠴᠠᠭᠤᠯᠬᠤ ᠪᠠᠯᠠ ᠮᠥᠩᠭᠥ᠌ ᠵᠢ ᠲᠣᠬᠢᠷᠠᠭᠤᠯᠵᠤ᠂ ᠲᠣᠰᠭᠣᠨ ᠎ᠳᠤ ᠰᠠᠭᠤᠬᠤ 1668 ᠨᠡᠷᠡᠰ ᠠᠵᠢᠯᠲᠠᠨ᠎ᠢ ᠰᠣᠩᠭᠣᠨ ᠲᠣᠮᠢᠯᠠᠵᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ᠂ ᠵᠠᠯᠠᠢᠳ ᠬᠣᠱᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ᠎ᠶ᠋ᠢ ᠤᠯᠤᠰ᠎ᠤᠨ ᠲᠠᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠬᠣᠱᠢᠭᠤ ᠱᠢᠶᠠᠨ ᠪᠣᠯᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠬᠰᠠᠨ ᠦᠷ᠎ᠡ ᠪᠦᠲᠦᠭᠡᠯ᠎ᠢ ᠪᠠᠲᠤᠳᠬᠠᠵᠤ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠤᠯᠭᠠᠭᠤᠯᠵᠤ᠂ ᠰᠠᠢᠨ ᠰᠠᠢᠬᠠᠨ ᠡᠬᠢᠯᠡᠯᠲᠡ᠎ᠵᠢ ᠪᠡᠶᠡᠯᠡᠭᠦᠯᠪᠡ᠃

ᠡᠨᠡ ᠨᠢᠭᠡ ᠵᠢᠯ᠎ᠳᠦ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠢ ᠡᠬᠦᠳᠦᠨ ᠪᠠᠢᠭᠤᠯᠬᠤ ᠵᠢ ᠲᠡᠬᠢᠨ ᠰᠡᠷᠬᠦᠬᠡᠭᠰᠡᠨ ᠨᠢ ᠦᠨᠳᠦᠰᠦᠲᠡᠨ᠎ᠦ ᠪᠦᠯᠬᠦᠮᠳᠡᠯ᠎ᠢ ᠨᠠᠩ ᠪᠡᠬᠢᠵᠢᠭᠦᠯᠪᠡ᠃ ᠬᠢᠩᠭᠠᠨ ᠠᠢᠮᠠᠭ᠎ᠨᠢ ᠠᠢᠮᠠᠭ᠎ᠤᠨ ᠱᠠᠲᠤᠨ᠎ᠤ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠲᠥᠪ》 ᠪᠠ 835 ᠠᠢᠮᠠᠭ᠂ ᠬᠣᠱᠢᠭᠤ᠂ ᠱᠢᠶᠠᠩ᠂ ᠲᠣᠰᠭᠣᠨ ᠳᠥᠷᠪᠡᠨ ᠱᠠᠲᠤ᠎ᠶ᠋ᠢ ᠬᠠᠮᠤᠷᠤᠭ᠍ᠰᠠᠨ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠬᠤᠷᠠᠯ》᠎ᠢ᠋ ᠱᠢᠨ᠎ᠡ᠎ᠪᠡᠷ ᠪᠠᠢᠭᠤᠯᠵᠤ᠂ ᠬᠢᠩᠭᠠᠨ ᠠᠢᠮᠠᠭ᠎ᠤᠨ ᠦᠨᠳᠦᠰᠦᠲᠡᠨ᠎ᠨᠦᠭᠦᠳ᠎ᠦᠨ ᠪᠦᠯᠬᠦᠮᠳᠡᠨ ᠲᠡᠮᠡᠴᠡᠬᠦ᠌ ᠰᠦᠷ ᠳᠠᠯᠠᠢᠴᠠᠲᠠᠶ ᠬᠦᠴᠦᠨ᠎ᠢ ᠨᠢᠭ᠍ᠲᠠᠷᠠᠭᠤᠯᠵᠤ᠂ ᠪᠥᠬᠥ᠌ ᠠᠢᠮᠠᠭ᠎ᠤᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ ᠲᠣᠰ ᠲᠣᠰ 3 ᠲᠦᠮᠡᠨ ᠲᠥᠭᠥᠷᠢᠭ᠂ 1 ᠲᠦᠮᠡᠨ ᠲᠥᠭᠥᠷᠢᠭ᠎ᠢ ᠳᠠᠪᠠᠵᠤ᠂ ᠪᠥᠬᠥ᠌ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢᠨ ᠨᠡᠮᠡᠭ᠌ᠳᠡᠯ ᠎ᠦᠨ ᠬᠤᠷᠳᠤᠴᠠ᠎ᠨᠢ ᠪᠥᠬᠥ᠌ ᠣᠷᠣᠨ᠎ᠤ ᠨᠢᠭᠡᠳᠦᠭᠡᠷ᠎ᠲᠦ ᠵᠢᠭ᠍ᠰᠠᠭᠠᠭ᠍ᠳᠠᠵᠤ᠂ ᠦᠨᠳᠦᠰᠦᠲᠡᠨ ᠎ᠨᠦᠭᠦᠳ᠎ᠦᠨ ᠣᠯᠠᠨ ᠲᠦᠮᠡᠨ ᠵᠢᠷᠭᠠᠯᠲᠤ ᠲᠥᠷᠥᠭ᠌ᠳᠡᠯ᠂ ᠬᠦᠷᠲᠡᠮᠵᠢ᠎ᠶ᠋ᠢᠨ ᠲᠥᠷᠥᠭ᠌ᠳᠡᠯ᠂ ᠦᠩᠭᠡ ᠭᠢᠯᠠᠯᠵᠠᠮ᠎ᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠴᠡᠴᠡᠭ᠎ᠢ ᠬᠢᠩᠭᠠᠨ᠎ᠤ ᠡᠬᠡ ᠭᠠᠵᠠᠷ ᠎ᠲᠤ ᠳᠡᠯᠭᠡᠷᠡᠭᠦᠯᠪᠡ᠃ ᠣᠳᠣᠬᠠᠨ᠎ᠳᠤ ᠬᠢᠩᠭᠠᠨ ᠠᠢᠮᠠᠭ 9 ᠤᠯᠤᠰ᠎ᠤᠨ ᠲᠠᠰ᠎ᠤᠨ᠂ 37 ᠣᠷᠣᠨ᠎ᠤ ᠲᠠᠰ᠎ᠤᠨ ᠪᠠ 174 ᠠᠢᠮᠠᠭ᠎ᠤᠨ ᠲᠠᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ ᠠᠮᠵᠢᠯᠲᠠ᠎ᠲᠠᠶ ᠡᠭᠦᠳᠦᠨ ᠪᠠᠢᠭᠤᠯᠪᠠ᠃

ᠡᠨᠡ ᠨᠢᠭᠡ ᠵᠢᠯ᠎ᠳᠦ᠂《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠠᠢᠮᠠᠭ ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌᠎ᠪᠡᠷ ᠳᠡᠮᠵᠢᠨ᠂ ᠬᠢᠩᠭᠠᠨ ᠠᠢᠮᠠᠭ ᠠᠢᠮᠠᠭ᠎ᠤᠨ ᠲᠣᠰ ᠱᠠᠲᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠰᠭᠠᠶ ᠪᠠᠯᠠ ᠮᠥᠩᠭᠥ᠎ᠶ᠋ᠢ 4000 ᠲᠦᠮᠡᠨ ᠲᠥᠭᠥᠷᠢᠭ ᠲᠤᠬᠢᠷᠠᠭᠤᠯᠵᠤ᠂ ᠤᠰᠤᠨ ᠲᠤᠲᠤᠷᠭ᠎ᠠ᠎ᠶ᠋ᠢᠨ ᠱᠢᠨ᠎ᠡ ᠡᠭᠦᠯᠳᠡᠷ᠎ᠦᠨ ᠱᠢᠰᠲ᠋ᠧᠮ᠎ᠢ 13 ᠪᠣᠢᠵᠢᠭᠤᠯᠵᠤ᠂ ᠪᠡᠶ᠎ᠡ᠎ᠪᠡᠨ ᠳᠠᠭᠠᠭᠠᠭ᠍ᠰᠠᠨ ᠮᠡᠳᠡᠯᠭᠡ ᠶ᠋ᠢᠨ ᠥᠮᠴᠢᠯᠡᠯ᠎ᠤᠨ ᠡᠷᠬᠡ᠎ᠲᠡᠶ 3 ᠱᠢᠨ᠎ᠡ ᠡᠭᠦᠯᠳᠡᠷ᠎ᠢ ᠬᠢᠨᠠᠨ ᠲᠣᠭ᠍ᠲᠠᠭᠠᠵᠤ᠂ ᠬᠤᠵᠢᠷᠯᠢᠭ ᠬᠦᠷᠦᠰᠦᠨ ᠳ᠋ᠤ᠎ᠳᠠᠭᠠᠭᠠᠮᠠᠭᠠᠶ ᠤᠰᠤᠨ ᠲᠤᠲᠤᠷᠭ᠎ᠠ᠎ᠶ᠋ᠢᠨ ᠮᠥ᠍ ᠪᠦᠷᠢ᠎ᠶ᠋ᠢᠨ ᠤᠨᠠᠯᠲᠠ ᠭᠤᠷᠪᠠᠨ ᠵᠢᠯ ᠳᠠᠷᠠᠭᠠᠯᠠᠨ 500 ᠺᠢᠯᠣᠭ᠌ᠷᠠᠮ᠎ᠢ ᠳᠠᠪᠠᠪᠠ᠃ 2021 ᠣᠨ᠎ᠤ 6 ᠰᠠᠷ᠎ᠠ᠎ᠳᠤ᠂ ᠤᠯᠤᠰ ᠎ᠤᠨ ᠡᠷᠯᠢᠰᠡᠵᠢᠭᠦᠯᠦᠭ᠌ᠰᠡᠨ ᠤᠰᠤᠨ ᠲᠤᠲᠤᠷᠭ᠎ᠠ᠎ᠶ᠋ᠢᠨ ᠢᠨᠵᠧᠨᠧᠷᠢᠩ᠎ᠦᠨ ᠮᠡᠷᠭᠡᠵᠢᠯ᠎ᠦᠨ ᠰᠤᠳᠤᠯᠭᠠᠨ᠎ᠤ ᠲᠥᠪ᠎ᠦᠨ ᠬᠢᠩᠭᠠᠨ ᠠᠢᠮᠠᠭ᠎ᠤᠨ ᠬᠤᠪᠢᠶᠠᠷᠢ ᠲᠥᠪ᠂ ᠤᠯᠤᠰ᠎ᠤᠨ ᠬᠤᠵᠢᠷᠯᠢᠭ ᠬᠦᠷᠦᠰᠦᠨ ᠳ᠋ᠤ ᠳᠠᠭᠠᠭᠠᠮᠠᠭᠠᠶ ᠤᠰᠤᠨ ᠲᠤᠲᠤᠷᠭ᠎ᠠ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠬᠢᠩᠭᠠᠨ ᠠᠢᠮᠠᠭ᠎ᠤᠨ ᠲᠤᠷᠱᠢᠯᠲᠠ᠎ᠶ᠋ᠢᠨ ᠰᠠᠭᠤᠷᠢᠨ ᠫᠠᠢᠰᠠ ᠡᠯᠬᠦᠵᠤ ᠪᠠᠢᠭᠤᠯᠤᠭ᠍ᠳᠠᠪᠠ᠂ ᠡᠨᠡ᠎ᠨᠢ ᠬᠢᠩᠭᠠᠨ ᠠᠢᠮᠠᠭ᠎ᠲᠤ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ᠎ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 2 ᠲᠠᠪᠴᠠᠩ᠎ᠲᠠᠶ ᠪᠣᠯᠵᠣ᠂ ᠥᠪᠡᠷᠲᠡᠭᠡᠨ ᠵᠠᠰᠠᠬᠤ ᠣᠷᠣᠨ᠎ᠤ ᠬᠣᠭᠣᠰᠣᠨ᠎ᠢ ᠨᠥᠬᠥᠪᠥᠷᠢᠯᠡᠭ᠌ᠰᠡᠨ᠎ᠢ ᠬᠠᠷᠠᠭᠤᠯᠵᠤ ᠪᠠᠢᠨ᠎ᠠ᠃ ᠡᠭᠦᠨ᠎ᠦ ᠬᠠᠮᠲᠤ᠂ ᠬᠢᠩᠭᠠᠨ ᠠᠢᠮᠠᠭ᠎ᠨᠢ ᠵᠢᠶᠠᠩᠨᠠᠨ ᠶᠡᠬᠡ ᠰᠤᠷᠭᠠᠭᠤᠯᠢ᠂ ᠭᠢᠷᠢᠨ ᠶᠡᠬᠡ ᠰᠤᠷᠭᠠᠭᠤᠯᠢ ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠵᠢᠶᠠᠩᠨᠠᠨ ᠶᠡᠬᠡ ᠰᠤᠷᠭᠠᠭᠤᠯᠢ᠎ᠶ᠋ᠢᠨ ᠬᠢᠩᠭᠠᠨ ᠠᠢᠮᠠᠭ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠷᠧᠨ ᠴᠠᠩ ᠵᠥᠩ ᠭᠠᠳᠠᠭᠠᠳᠤ᠎ᠶ᠋ᠢᠨ ᠬᠠᠷᠢᠶᠠᠲᠤ ᠠᠺᠠᠳᠧᠮᠢᠴᠢ ᠲᠤᠰᠭᠠᠶ ᠮᠡᠷᠭᠡᠵᠢᠯᠲᠡᠨ᠎ᠦ ᠠᠵᠢᠯ᠎ᠤᠨ ᠥᠷᠲᠡᠭᠡ ᠪᠣᠯᠤᠨ ᠮᠦᠸᠸ ᠱᠢᠤᠸᠠᠨ ᠰᠢᠤᠸᠠᠢ ᠠᠺᠠᠳᠧᠮᠢᠴᠢ ᠲᠤᠰᠭᠠᠶ ᠮᠡᠷᠭᠡᠵᠢᠯᠲᠡᠨ᠎ᠦ ᠠᠵᠢᠯ᠎ᠤᠨ ᠥᠷᠲᠡᠭᠡ᠎ᠶ᠋ᠢ ᠫᠠᠢᠰᠠ ᠡᠯᠭᠦᠨ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠨᠢ ᠶᠠᠭ ᠬᠢᠩᠭᠠᠨ ᠠᠢᠮᠠᠭ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠴᠢᠬᠤᠯᠠ ᠲᠦᠯᠬᠢᠴᠡ ᠬᠦᠴᠦᠨ ᠪᠣᠯᠤᠭᠰᠠᠨ ᠪᠠᠢᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠨᠢᠭᠡᠨᠲᠡ ᠠᠶᠠᠯᠠᠯ᠎ᠢᠶᠠᠨ ᠡᠬᠢᠯᠡᠭᠦᠯᠵᠦ᠍᠂ ᠱᠢᠨ᠎ᠡ ᠴᠠᠭ ᠦᠶ᠎ᠡ᠎ᠶ᠋ᠢ ᠤᠭ᠍ᠲᠤᠨ᠂ ᠱᠢᠨ᠎ᠡ ᠠᠶᠠᠨ᠎ᠳᠠᠭᠠᠨ ᠮᠣᠷᠳᠠᠯ᠎ᠠ᠃ ᠬᠢᠩᠭᠠᠨ ᠠᠢᠮᠠᠭ ᠯᠠᠪᠲᠠᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠲᠣᠭ᠍ᠲᠠᠭ᠍ᠰᠠᠨ ᠲᠡᠮᠡᠴᠡᠬᠦ᠌ ᠬᠠᠷᠠᠯᠲᠠ᠎ᠪᠠᠨ ᠴᠢᠭᠯᠡᠨ᠂ ᠠᠵᠠ ᠲᠣᠬᠢᠶᠠᠯ᠎ᠢ ᠠᠮᠵᠢᠨ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠡᠭᠦᠷᠢᠳᠡ ᠥᠯᠥ᠍ ᠴᠠᠯᠠᠭᠠᠢᠷᠠᠬᠤ ᠣᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠴᠤᠴᠠᠯᠲᠠ ᠥᠬᠡᠶ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢᠶᠠᠷ ᠱᠢᠨ᠎ᠡ ᠴᠠᠭ ᠦᠶ᠎ᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号