ᠨᠢᠭᠡ ᠭᠠᠷᠠᠬ᠎ᠤᠨ ᠲᠤᠳᠤᠷ᠎ᠠ ᠲᠢᠶᠠᠨᠵᠢᠨ ᠡᠴᠡ ᠭᠠᠷᠴᠤ ᠢᠷᠡᠭᠰᠡᠨ ᠬᠦᠮᠦᠰ ᠬᠠᠮᠢᠭᠠᠰᠢ ᠪᠡᠨ ᠤᠴᠢᠬᠰᠠᠨ ᠪᠤᠢ ?
2022-01-11 16:33:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠢᠶᠠᠨᠵᠢᠨ᠎ᠤ ᠬᠢᠵᠢᠭ᠎ᠤᠨ ᠪᠠᠢᠳᠠᠯ ᠭᠡᠨᠡᠳᠲᠡ ᠬᠡᠴᠡᠭᠦᠳᠡᠵᠦ᠂ 10᠎ᠤ ᠡᠳᠦᠷ᠎ᠦᠨ 18 ᠴᠠᠭ ᠪᠣᠯᠲᠠᠯ᠎ᠠ᠂ ᠲᠢᠶᠠᠨᠵᠢᠨ᠎ᠤ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠳᠤ ᠨᠢᠭᠡᠨᠲᠡ 41 ᠠᠷᠭ᠎ᠠ᠎ᠴᠢᠨᠠᠷᠲᠠᠶ ᠡᠪᠡᠳᠴᠢᠨ᠎ᠦ ᠵᠢᠱ᠌ᠢᠶ᠎ᠡ ᠢᠯᠡᠷᠡᠵᠡᠢ᠃ ᠡᠭᠦᠨ᠎ᠡᠴᠡ ᠡᠮᠦᠨ᠎ᠡ ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠨᠤᠲᠠᠯᠠᠭ᠍ᠰᠠᠨ᠎ᠢᠶᠠᠷ᠂ ᠲᠢᠶᠠᠨᠵᠢᠨ᠎ᠤ ᠬᠠᠮᠤᠭ᠎ᠤᠨ ᠠᠩᠬᠠᠨ᠎ᠤ ᠲᠤᠬᠠᠶ᠎ᠶ᠋ᠢᠨ ᠭᠠᠵᠠᠷ ᠎ᠤᠨ 2 ᠡᠪᠡᠳᠴᠢᠨ᠎ᠦ ᠵᠢᠱ᠌ᠢᠶ᠎ᠡ᠎ᠶ᠋ᠢᠨ ᠱᠢᠨ᠎ᠡ ᠲᠢᠲᠢᠮᠯᠢᠭ ᠸᠢᠷᠦ᠋ᠰ᠎ᠨᠢ ᠴᠥᠮ ᠤᠮᠢᠺᠷᠤᠨ ᠤᠨᠳᠤᠤᠰᠢᠬᠰᠠᠨ ᠸᠢᠷᠦ᠋ᠰ ᠲᠤ᠌ ᠬᠠᠷᠢᠶᠠᠯᠠᠭ᠍ᠳᠠᠨ᠎ᠠ᠃

微信图片_20220111163804.jpg


ᠨᠢᠭᠡ ᠭᠠᠷᠠᠭ᠎ᠤᠨ ᠳᠣᠲᠣᠷ᠎ᠠ ᠲᠢᠶᠠᠨᠵᠢᠨ᠎ᠠᠴᠠ ᠭᠠᠷᠴᠤ᠌ ᠢᠷᠡᠭ᠌ᠰᠡᠨ ᠬᠥᠮᠦᠰ ᠬᠠᠮᠢᠭᠠᠰᠢ ᠪᠡᠨ ᠣᠴᠢᠭ᠍ᠰᠠᠨ ᠪᠤᠢ? ᠪᠠᠶ ᠳ᠋ᠦ᠋ ᠨᠡᠭᠦᠳᠡᠯ᠎ᠦᠨ ᠭᠠᠵᠠᠷ᠎ᠤᠨ ᠵᠢᠷᠤᠭ᠎ᠠᠴᠠ ᠦᠵᠡᠪᠡᠯ᠂ 1 ᠰᠠᠷ᠎ᠠ᠎ᠶ᠋ᠢᠨ 1 ᠎ᠡᠴᠡ 7 ᠎ᠤ ᠡᠳᠦᠷ ᠪᠤᠯᠲᠠᠯᠠᠬᠢ 7 ᠡᠳᠦᠷ᠎ᠦᠨ ᠳᠣᠲᠣᠷ᠎ᠠ᠂ ᠲᠢᠶᠠᠨᠵᠢᠨ ᠡᠴᠠ ᠭᠠᠷᠴᠤ ᠶᠠᠪᠤᠬᠰᠠᠨ ᠬᠦᠮᠦᠰ ᠭᠤᠤᠯᠳᠠᠭᠤ ᠪᠡᠭᠡᠵᠢᠩ ᠬᠣᠲᠠ᠂ ᠾᠸᠪᠸᠢ ᠮᠤᠵᠢ᠎ᠶ᠋ᠢᠨ ᠯᠠᠩᠹᠠᠩ ᠬᠣᠲᠠ᠂ ᠲᠠᠩᠱᠠᠨ ᠬᠣᠲᠠ ᠵᠡᠷᠭᠡ ᠭᠠᠵᠠᠷ᠎ᠲᠤ ᠲᠥᠪᠯᠡᠷᠡᠪᠡ᠃


微信图片_20220111163809.jpg


ᠣᠳᠣᠬᠠᠨ᠎ᠳᠤ ᠣᠯᠠᠨ ᠭᠠᠵᠠᠷ ᠎ᠤᠨ ᠬᠢᠨ ᠲᠢᠶᠠᠨᠵᠢᠨ ᠡᠴᠡ ᠢᠷᠡᠭ᠌ᠰᠡᠨ ᠬᠥᠮᠦᠰ᠎ᠤᠨ ᠲᠤᠬᠠᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠪᠡᠨ ᠨᠡᠢᠲᠡᠯᠡᠵᠡᠶ᠃ 10 ᠎ᠤ ᠡᠳᠦᠷ᠂ ᠬᠥᠬᠡᠬᠣᠲᠠ ᠎ᠶ᠋ᠢᠨ ᠱᠢᠨ᠎ᠡ ᠲᠢᠲᠢᠮᠯᠢᠭ ᠠᠭᠤᠰᠭᠢᠨ  ᠦᠷᠪᠢᠰᠦᠯ ᠎ᠢ ᠠᠷᠭᠠᠴᠠᠭᠠᠬᠤ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠠᠯᠪᠠᠨ ᠵᠠᠷᠯᠠᠯ ᠨᠡᠢᠲᠡᠯᠡᠪᠡ᠄

ᠨᠢᠭᠡ ᠂ ᠲᠢᠶᠠᠨᠵᠢᠨ ᠬᠤᠳᠠ᠎ᠶ᠋ᠢᠨ ᠵᠢᠨᠨᠠᠨ ᠲᠣᠭᠣᠷᠢᠭ᠂ ᠨᠠᠨᠺᠠᠢ ᠲᠣᠭᠣᠷᠢᠭ᠎ᠤᠨ ᠵᠦ᠍ ᠬᠤᠸᠠ ᠯᠢ᠎ᠶ᠋ᠢᠨ ᠬᠥᠮᠦᠰ ᠬᠥᠬᠡᠬᠣᠲᠠ᠎ᠳᠤ ᠢᠷᠡᠬᠦ᠌ ( ᠪᠤᠴᠠᠬᠤ ) ᠵᠢ ᠴᠢᠩᠭ᠎ᠠ ᠬᠢᠵᠠᠭᠠᠷᠯᠠᠵᠤ᠂ 2021 ᠣᠨ᠎ᠤ 12 ᠰᠠᠷ᠎ᠠ᠎ᠶ᠋ᠢᠨ 23 ᠎ᠤ ᠡᠳᠦᠷ ( 23᠎ᠤ ᠡᠳᠦᠷ᠎ᠢ ᠪᠠᠭ᠍ᠲᠠᠭᠠᠨ᠎ᠠ ) ᠡᠴᠡ ᠨᠠᠭᠠᠰᠢ ᠲᠢᠶᠠᠨᠵᠢᠨ ᠬᠤᠳᠠ᠎ᠶ᠋ᠢᠨ ᠵᠢᠨᠨᠠᠨ ᠲᠣᠭᠣᠷᠢᠭ᠂ ᠨᠠᠨᠺᠠᠢ ᠲᠣᠭᠣᠷᠢᠭ᠎ᠤᠨ ᠵᠦ᠍ ᠬᠤᠸᠠ ᠯᠢ᠎ᠪᠡᠷ ᠦᠩᠭᠡᠷᠡᠨ ᠬᠥᠬᠡᠬᠣᠲᠠ᠎ᠳᠤ ᠢᠷᠡᠭᠰᠡᠨ ᠬᠥᠮᠦᠰ᠎ᠢ ᠭᠢᠵᠢᠭ᠎ᠤᠨ ᠳᠤᠮᠳᠠ ᠲᠦᠭᠰᠢᠭᠦᠷᠢᠲᠡᠢ ᠭᠠᠵᠠᠷ ᠤᠷᠤᠨ ᠡᠴᠡ ᠬᠦᠬᠡᠬᠤᠲᠠ ᠳ᠋ᠤ ᠢᠷᠡᠭᠰᠡᠨ ᠬᠦᠮᠦᠰ ᠵᠢᠨᠷ ᠯᠠᠪᠯᠠᠯᠲᠠ ᠪᠣᠯᠭᠠᠨ ᠬᠠᠮᠢᠶᠠᠷᠤᠨ ᠡᠵᠡᠮᠳᠡᠵᠦ᠂ ᠪᠦᠬᠦᠨ᠎ᠢ 14 ᠡᠳᠦᠷ ᠬᠡᠷ᠎ᠲᠤᠨᠢ ᠲᠤᠰᠠᠭᠠᠷᠯᠠᠵᠤ᠂ 5 ᠤᠳᠠᠭ᠎ᠠ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠵᠦ᠍᠂ ᠬᠡᠷ᠎ᠲᠡᠬᠡᠨ ᠲᠤᠰᠠᠭᠠᠷᠯᠠᠬᠤ ᠨᠥᠬᠥᠴᠡᠯ ᠎ᠳᠦ ᠨᠡᠢᠴᠡᠬᠦ᠌ ᠦᠬᠡᠢ ᠵᠢ ᠨᠢ ᠲᠥᠪᠯᠡᠷᠡᠭᠦᠯᠦᠨ ᠲᠤᠰᠠᠭᠠᠷᠯᠠᠨ᠎ᠠ᠃ ᠲᠢᠶᠠᠨᠵᠢᠨ ᠬᠣᠲᠠ᠎ᠶ᠋ᠢᠨ ᠪᠤᠰᠤᠳ ᠲᠣᠭᠣᠷᠢᠭ ( ᠱᠢᠶᠠᠨ ) ᠎ᠤᠨ ᠬᠥᠮᠦᠰ ᠴᠥᠮ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ᠎ᠶ᠋ᠢ ᠠᠪᠴᠤ᠌ ᠬᠥᠬᠡᠬᠣᠲᠠ᠎ᠳᠤ ᠢᠷᠡᠬᠦ᠌ ᠬᠡᠷᠡᠭ᠌ᠲᠡᠶ᠃

ᠬᠣᠶᠠᠷ᠂ ᠾᠧᠨᠠᠨ ᠮᠤᠵᠢ᠎ᠶ᠋ᠢᠨ ᠵᠸᠩᠵᠸᠦ ᠬᠣᠲᠠ᠎ᠶ᠋ᠢᠨ ᠡᠯ ᠴᠢ ᠲᠣᠭᠣᠷᠢᠭ᠂ ᠵᠦᠩᠶᠤᠸᠠᠨ ᠲᠣᠭᠣᠷᠢᠭ᠂ ᠯᠦᠸᠧᠶᠠᠩ ᠬᠣᠲᠠ᠎ᠶ᠋ᠢᠨ ᠱᠢᠨ ᠠᠨ ᠱᠢᠶᠠᠨ᠂ ᠠᠨᠶᠠᠩ ᠬᠣᠲᠠ᠎ᠶ᠋ᠢᠨ ᠸᠧᠨ ᠹᠧᠩ ᠲᠣᠭᠣᠷᠢᠭ᠂ ᠬᠤᠸᠠ ᠱᠢᠶᠠᠨ ᠪᠣᠯᠤᠨ ᠱᠢᠤᠢ᠍ᠢᠴᠠᠩ ᠬᠣᠲᠠ ᠢᠦᠢᠵᠧᠸ᠋ ᠬᠣᠲᠠ᠎ᠶ᠋ᠢᠨ ᠬᠥᠮᠦᠰ ᠬᠥᠬᠡᠬᠣᠲᠠ᠎ᠳᠤ ᠢᠷᠡᠬᠦ᠌᠎ᠶ᠋ᠢ ᠴᠢᠩᠭ᠎ᠠ ᠬᠢᠵᠠᠭᠠᠷᠯᠠᠨ᠎ᠠ᠃ 2021 ᠣᠨ᠎ᠤ 12 ᠰᠠᠷ᠎ᠠ᠎ᠶ᠋ᠢᠨ 20᠎ᠤ ᠡᠳᠦᠷ᠎ᠡᠴᠡ ᠨᠠᠭᠠᠰᠢ ᠳᠡᠭᠡᠷ᠎ᠡ ᠳᠤᠷᠠᠳᠤᠭ᠍ᠰᠠᠨ ᠬᠢᠵᠢᠭ᠎ᠦᠨ ᠦᠨᠳᠦᠷ ᠲᠦᠭᠰᠢᠭᠦᠷᠢᠲᠡᠢ ᠭᠠᠵᠠᠷ ᠤᠷᠤᠨ ᠡᠴᠠ ᠬᠥᠬᠡᠬᠣᠲᠠ᠎ᠳᠤ ᠢᠷᠡᠭ᠌ᠰᠡᠨ ᠬᠥᠮᠦᠰ᠎ᠢ ᠴᠥᠮ 14 ᠡᠳᠦᠷ ᠬᠡᠷ᠎ᠲᠦᠨᠢ ᠲᠤᠰᠠᠭᠠᠷᠯᠠᠵᠤ᠂ 5 ᠤᠳᠠᠭ᠎ᠠ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠵᠦ᠍᠂ ᠬᠡᠷ ᠎ᠲᠡᠬᠡᠨ ᠲᠤᠰᠠᠭᠠᠷᠯᠠᠬᠤ ᠨᠥᠬᠥᠴᠡᠯ ᠎ᠳᠦ ᠨᠡᠢᠴᠡᠬᠦ᠌ ᠥᠬᠡᠶ ᠎ᠶ᠋ᠢ ᠎ᠨᠢ ᠲᠥᠪᠯᠡᠷᠡᠭᠦᠯᠦᠨ ᠲᠤᠰᠠᠭᠠᠷᠯᠠᠨ᠎ᠠ ᠭᠡᠪᠡ᠃


微信图片_20220111163812.jpg


ᠵᠢᠯ᠎ᠦᠨ ᠰᠡᠭᠦᠯᠴᠢ ᠪᠣᠯᠵᠤ᠂ ᠲᠢᠶᠠᠨᠵᠢᠨ᠎ᠤ ᠬᠢᠵᠢᠭ᠎ᠦᠨ ᠪᠠᠢᠳᠠᠯ ᠪᠤᠰᠤᠳ ᠮᠤᠵᠢ ᠣᠷᠣᠨ᠎ᠳᠤ ᠲᠠᠷᠬᠠᠵᠦ ᠳᠡᠯᠭᠡᠷᠡᠬᠦ᠌ ᠡᠰᠡᠬᠦ᠌ ᠨᠢ ᠮᠠᠰᠢ ᠤᠯᠠᠨ ᠬᠥᠮᠦᠰ᠎ᠦᠨ ᠰᠠᠨᠠᠭᠠᠱᠢᠷᠠᠵᠤ ᠪᠠᠢᠭ᠎ᠠ ᠶᠠᠪᠤᠳᠠᠯ ᠪᠣᠯᠪᠠ᠃ 1 ᠰᠠᠷ᠎ᠠ᠎ᠶ᠋ᠢᠨ 10 ᠎ᠤ ᠡᠳᠦᠷ᠂ ᠾᠧᠨᠠᠨ ᠮᠤᠵᠢ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠬᠠᠮᠤᠭ᠎ᠤᠨ ᠱᠢᠨ᠎ᠡ ᠮᠡᠳᠡᠭᠡ᠎ᠶ᠋ᠢ ᠦᠨᠳᠦᠰᠦᠯᠡᠪᠡᠯ᠂ ᠡᠭᠦᠨ᠎ᠡᠴᠡ ᠡᠮᠦᠨ᠎ᠡ ᠠᠨᠶᠠᠩ ᠬᠣᠲᠠ᠎ᠶ᠋ᠢᠨ᠎ᠬᠢᠨ ᠰᠠᠨᠠᠭᠠᠴᠢᠯᠠᠭ᠎ᠠ᠎ᠠᠴᠠ᠎ᠪᠠᠨ ᠪᠠᠢᠴᠠᠭᠠᠨ ᠱᠢᠯᠭᠠᠭ᠍ᠰᠠᠨ ᠬᠥᠮᠦᠰ᠎ᠦᠨ ᠳᠣᠲᠣᠷ᠎ᠠ ᠡᠴᠠ ᠱᠢᠭ᠌ᠰᠢᠨ ᠪᠠᠢᠴᠠᠭᠠᠵᠤ ᠢᠯᠡᠷᠡᠭᠦᠯᠦᠭ᠌ᠰᠡᠨ ᠲᠤᠬᠠᠢ ᠵᠢᠨ ᠭᠠᠵᠠᠷ᠎ᠤᠨ 2 ᠡᠪᠡᠳᠴᠢᠨ᠎ᠦ ᠵᠢᠱ᠌ᠢᠶ᠎ᠡ᠎ᠶ᠋ᠢᠨ ᠸᠢᠷᠦ᠋ᠰ᠎ᠨᠢ ᠴᠥᠮ ᠤᠮᠢᠺᠷᠦᠨ ᠤᠨᠳᠤᠤᠱᠢᠭ᠍ᠰᠠᠨ ᠸᠢᠷᠦ᠋ᠰ ᠪᠠᠢᠵᠤ᠂ ᠵᠠᠳᠠᠯᠤᠨ ᠬᠠᠷᠢᠴᠠᠭᠤᠯᠵᠤ ᠦᠵᠡᠪᠡᠯ ᠲᠢᠶᠠᠨᠵᠢᠨ ᠬᠣᠲᠠ᠎ᠶ᠋ᠢᠨ ᠵᠢᠨᠨᠠᠨ ᠲᠣᠭᠣᠷᠢᠭ ᠎ᠤᠨ ᠬᠢᠵᠢᠭ ᠎ᠦᠨ ᠪᠠᠢᠳᠠᠯ ᠎ᠲᠠᠶ ᠠᠳᠠᠯᠢ ᠬᠠᠯᠳᠠᠪᠤᠷᠢᠯᠠᠬᠤ ᠬᠡᠯᠬᠢᠶ᠎ᠡ ᠎ᠳᠦ ᠬᠠᠷᠢᠶᠠᠯᠠᠭ᠍ᠳᠠᠨ᠎ᠠ᠃

ᠸᠢᠷᠦ᠋ᠰ ᠬᠥᠮᠦᠨ ᠬᠠᠷ᠎ᠠ᠎ᠶ᠋ᠢᠨ ᠱᠢᠯᠵᠢᠬᠦ᠌᠎ᠶ᠋ᠢ ᠳᠠᠭᠠᠯᠳᠤᠨ ᠳᠠᠷᠬᠠᠵᠦ ᠳᠡᠯᠭᠡᠷᠡᠵᠦ᠍᠂ ᠤᠮᠢᠺᠷᠦᠨ ᠸᠢᠷᠦ᠋ᠰ ᠲᠢᠶᠠᠨᠵᠢᠨ᠎ᠤ ᠡᠷᠬᠢᠨ ᠲᠣᠭᠣᠷᠢᠨ᠎ᠤ ᠬᠣᠲᠠ᠎ᠳᠤ ᠳᠠᠷᠬᠠᠵᠦ ᠳᠡᠯᠭᠡᠷᠡᠬᠦ᠌ ᠪᠣᠯᠤᠯᠴᠠᠭ᠎ᠠ ᠪᠦᠷᠢᠮᠦᠰᠦᠨ ᠣᠷᠣᠱᠢᠵᠤ ᠪᠠᠢᠨ᠎ᠠ᠃ 《ᠵᠠᠩᠭᠢᠯᠠᠭ᠎ᠠ ᠨᠢ ᠨᠡᠢᠭᠡᠮ ᠲᠣᠭᠣᠷᠢᠭ᠎ᠲᠤ ᠲᠠᠷᠬᠠᠵᠦ ᠳᠡᠯᠭᠡᠷᠡᠵᠦ᠍ ᠪᠠᠢᠬᠤ ᠡᠰᠡᠬᠦ᠌᠎ᠳᠦ ᠪᠠᠢᠨ᠎ᠠ᠂ ᠬᠡᠷᠪᠡ ᠨᠡᠢᠭᠡᠮ ᠲᠣᠭᠣᠷᠢᠭ᠎ᠲᠤ ᠲᠠᠷᠬᠠᠵᠦ ᠳᠡᠯᠭᠡᠷᠡᠭᠰᠡᠨ ᠪᠠᠢᠪᠠᠯ ᠡᠪᠡᠳᠴᠢᠨ᠎ᠦ ᠵᠢᠱ᠌ᠢᠢ᠎ᠡ ᠨᠡᠮᠡᠭ᠌ᠳᠡᠵᠦ᠍᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠤᠯᠠᠨ ᠎ᠤ ᠠᠵᠤ  ᠠᠮᠢᠳᠤᠷᠠᠯ ᠎ᠢ ᠨᠥᠯᠥᠭᠡᠯᠡᠵᠦ᠍ ᠮᠡᠳᠡᠨ᠎ᠠ᠂ ᠡᠢᠮᠦ᠍᠎ᠡᠴᠡ ᠣᠳᠣᠬᠠᠨ᠎ᠳᠤ ᠮᠠᠭᠠᠳᠯᠠᠬᠤ᠎ᠳᠤ ᠪᠡᠷᠬᠡ ᠶᠤᠮ》 ᠭᠡᠵᠦ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢᠯᠡᠷᠬᠡᠢᠯᠡᠪᠡ᠃

 ᠢᠷᠡᠯᠲᠡ ᠄ ᠳᠤᠮᠳᠠᠳᠤ ᠤᠯᠤᠰ᠎ᠤᠨ ᠰᠤᠨᠢᠨ ᠮᠡᠳᠡᠭᠡ ᠵᠢᠨ ᠬᠤᠷᠢᠶ᠎ᠠ ᠵᠢᠨ ᠵᠦᠩ ᠰᠢᠨ ᠵᠢᠩ ᠸᠸᠢ ᠰᠢᠯᠵᠢᠶ᠎ᠡ (jwview)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号