ᠲᠦᠩᠯᠢᠶᠣᠤ ᠬᠣᠲᠠ ᠪᠤᠳᠠᠳᠠᠢ ᠵᠢᠱ᠌ᠢᠶ᠎ᠡ ᠪᠠᠷ ᠰᠡᠷᠡᠮᠵᠢᠯᠡᠭᠦᠯᠬᠦ᠌ ᠬᠥᠮᠦᠵᠢᠯ ᠢ᠋ ᠰᠠᠢᠳᠤᠷ ᠬᠢᠵᠤ ᠪᠤᠢ
2022-01-11 10:42:40
ᠵᠣᠬᠢᠶᠠᠭ᠍ᠴᠢ᠄
ᠬᠦᠸᠧ ᠬᠤᠩ ᠱᠸᠨ ᠵᠸᠦ ᠮᠢᠩ ᠶᠤᠸᠠᠢ ᠭᠤᠸᠠᠨ ᠵᠢᠩ
ᠣᠩᠱᠢᠭ᠍ᠰᠠᠨ ᠣᠳᠠᠭ᠎ᠠ᠄
★★★☆☆

《ᠪᠢ ᠶᠠᠯ᠎ᠠ ᠪᠠᠨ ᠮᠡᠳᠡᠷᠠᠵᠤ ᠪᠠᠢᠨ᠎ᠠ! ᠱᠢᠭᠦᠬᠦ᠌ ᠲᠢᠩᠬᠢᠮ ᠡᠴᠡ ᠨᠠᠮ᠎ᠠ ᠵᠢ ᠠᠭᠤᠴᠢᠯᠠᠨ ᠱᠢᠢᠳᠭᠡᠵᠦ᠍᠂ ᠠᠯᠳᠠᠭ᠎ᠠ ᠪᠠᠨ ᠵᠠᠯᠠᠷᠠᠭᠤᠯᠬᠤ ᠵᠠᠪᠱᠢᠶᠠᠨ ᠣᠯᠭᠣᠬᠤ ᠵᠢ ᠬᠦᠰᠡᠵᠤ ᠪᠠᠢᠨ᠎ᠠ ᠁》

ᠲᠦᠷᠦᠭᠦᠬᠡᠨ᠂  ᠥᠪᠥᠷ ᠮᠣᠩᠭᠣᠯ᠎ᠤᠨ ᠡᠨᠧᠷᠭᠢ ᠵᠢᠨ ᠪᠥᠲᠥᠭᠡᠨ ᠪᠠᠢᠭᠤᠯᠤᠯᠲᠠ ᠵᠢᠨ ᠪᠠᠯᠠ ᠣᠷᠣᠭᠤᠯᠤᠯᠲᠠ᠎ᠶ᠋ᠢᠨ(ᠪᠦᠯᠦᠭ᠌ᠯᠡᠯ) ᠺᠣᠮᠫᠠᠨᠢ ᠵᠢᠨ ᠤᠤᠯ᠎ᠤᠨ ᠭᠠᠳᠠᠭᠠᠳᠤ ᠶᠠᠪᠤᠳᠠᠯ᠎ᠤᠨ ᠬᠡᠷᠡᠭ ᠮᠡᠳᠡᠭ᠌ᠴᠢ ᠵᠠᠩ ᠣᠪᠣᠭ᠍ᠲᠤ ᠵᠢᠨ ᠲᠤᠱᠢᠶᠠᠯ ᠵᠢᠠᠨ ᠠᠱᠢᠭ᠍ᠯᠠᠨ ᠶᠠᠯ᠎ᠠ ᠬᠢᠭ᠌ᠰᠡᠨ ᠬᠡᠷᠡᠭ᠎ᠢ ᠲᠦᠩᠯᠢᠶᠣᠤ ᠬᠣᠲᠠ ᠵᠢᠨ ᠠᠷᠠᠳ᠎ᠤᠨ ᠳᠤᠮᠳᠠ ᠵᠡᠷᠭᠡ ᠵᠢᠨ ᠱᠢᠭᠦᠬᠦ᠌ ᠬᠣᠷᠢᠶ᠎ᠠ᠎ᠳᠤ ᠬᠠᠤᠯᠢ ᠶᠣᠰᠣᠭᠠᠷ ᠢᠯᠡ᠎ᠪᠡᠷ ᠱᠢᠭᠦᠵᠦ᠍᠂ ᠬᠣᠲᠠ ᠵᠢᠨ ᠱᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ ᠵᠢᠨ 60 ᠭᠠᠷᠤᠶ ᠤᠳᠤᠷᠢᠳᠭᠤ ᠺᠠᠳ᠋ᠷ ᠲᠢᠩᠬᠢᠮ ᠤ᠋ᠨ ᠱᠢᠭᠦᠯᠲᠡ ᠵᠢ ᠰᠤᠯᠠ ᠰᠣᠨᠣᠰᠪᠠ ᠃

ᠱᠢᠭᠦᠬᠦ᠌ ᠲᠢᠩᠬᠢᠮ ᠤ᠋ᠨ ᠠᠬᠤᠶ ᠲᠠᠯᠠᠪᠠᠶ᠎ᠳᠤ᠂ ᠱᠢᠭᠦᠬᠦ᠌ ᠲᠢᠩᠬᠢᠮ ᠤ᠋ᠨ ᠪᠠᠢᠴᠠᠭᠠᠯᠲᠠ᠂ ᠱᠢᠭᠦᠬᠦ᠌ ᠲᠢᠩᠬᠢᠮ ᠤ᠋ᠨ ᠮᠠᠷᠭᠤᠯᠳᠤᠭᠠᠨ᠎ᠠᠴᠠ ᠵᠠᠩ ᠣᠪᠣᠭ᠍ᠲᠤ ᠶᠠᠯ᠎ᠠ ᠬᠢᠭᠰᠡᠨ ᠦᠵᠡᠯ ᠰᠠᠨᠠᠭᠠᠨ ᠤ᠋ ᠦᠨᠳᠦᠰᠦ ᠰᠤᠷᠪᠤᠯᠵᠢ ᠪᠠᠨ ᠡᠷᠭᠢᠴᠡᠭᠦᠯᠦᠨ᠂ ᠭᠡᠮᠱᠢᠯ᠎ᠬᠠᠷᠠᠮᠰᠠᠯ ᠵᠢᠠᠨ ᠲᠤᠭᠠᠴᠢᠬᠤ ᠬᠦᠷᠳᠡᠯ᠎ᠠ᠂ ᠠᠬᠤᠢ ᠲᠠᠯᠠᠪᠠᠢ᠎ᠳᠤ ᠰᠤᠯᠠ ᠰᠣᠨᠣᠰᠬᠤ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ ᠬᠠᠤᠯᠢ ᠲᠤᠭᠳᠠᠭᠠᠯ ᠰᠠᠬᠢᠯᠭ᠎ᠠ ᠪᠠᠲᠤ ᠡᠴᠡ ᠵᠥᠷᠢᠴᠡᠭ᠌ᠰᠡᠨ ᠺᠠᠳ᠋ᠷ᠎ᠤᠨ ᠶᠠᠯ᠎ᠠ ᠬᠢᠭ᠌ᠰᠡᠨ ᠦᠨᠡᠨ ᠪᠣᠳᠠᠲᠤ ᠬᠡᠷᠡᠭ ᠢ᠋ ᠤᠢᠯᠠᠭᠠᠵᠤ᠂ ᠨᠢᠭᠡ ᠤᠳᠠᠭᠠᠨ ᠤ᠋ ᠬᠦᠨ ᠰᠡᠭᠤᠭᠳᠠᠯ ᠲᠠᠢ ᠰᠡᠷᠡᠮᠵᠢᠯᠡᠭᠦᠯᠬᠦ᠌ ᠬᠥᠮᠦᠵᠢᠯ ᠤ᠋ᠨ ᠬᠢᠴᠢᠶᠡᠯ ᠤᠷᠤᠵᠤ᠂ ᠣᠶᠤᠨ ᠰᠠᠨᠠᠭᠠᠨ ᠤ᠋ ᠬᠥᠮᠦᠵᠢᠯ ᠭᠥᠷᠳᠡᠭᠰᠡᠨ ᠪᠠᠢᠨ᠎ᠠ᠃

《ᠡᠨᠡ ᠬᠦ᠌ ᠬᠥᠮᠦᠵᠢᠯ ᠨᠢ ᠴᠠᠭ᠎ᠲᠠᠭᠠᠨ ᠳᠣᠭᠢᠷᠠᠵᠠᠢ᠃ ᠠᠯᠪᠠᠨ ᠲᠤᠱᠢᠶᠠᠯᠲᠠᠨ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ ᠵᠢᠨ ᠭᠦᠨ ᠬᠥᠪ᠎ᠲᠦ ᠤᠨᠠᠭᠠᠳ〈ᠬᠣᠷᠢᠭ᠍ᠳᠠᠯ〉 ᠪᠣᠯᠵᠠᠢ᠃ ᠶᠠᠯᠠᠳᠤ ᠠᠵᠢᠯᠯᠠᠭ᠎ᠠ ᠬᠢᠬᠦ ᠡᠴᠡ ᠡᠮᠦᠨ᠎ᠡ ᠬᠤᠢᠨᠠᠬᠢ ᠵᠥᠷᠢᠶ᠎ᠡ ᠶᠡᠬᠡ ᠪᠠᠢᠵᠤ᠂  ᠨᠠᠮ ᠎ᠤᠨ ᠰᠠᠬᠢᠯᠭ᠎ᠠ ᠤᠯᠤᠰ᠎ᠤᠨ ᠬᠠᠤᠯᠢ᠎ᠵᠢᠨ ᠰᠦᠷ ᠬᠦᠴᠦᠨ ᠢ᠋ ᠮᠡᠳᠡᠷᠡᠬᠦ᠌ ᠵᠢᠨ ᠬᠠᠮᠲᠤ ᠨᠠᠩ ᠴᠦ᠍ ᠡᠭᠦᠨ᠎ᠢᠶᠡᠷ ᠴᠡᠭᠡᠷᠯᠡᠯ ᠪᠣᠯᠭᠠᠵᠤ᠂ ᠥᠪᠡᠷ᠎ᠢ᠎ᠪᠡᠨ ᠲᠤᠡᠭᠭᠠᠬᠤ ᠴᠢᠬᠤᠯᠠᠳᠠᠢ》 ᠭᠡᠵᠤ ᠲᠢᠩᠬᠢᠮ ᠤ᠋ᠨ ᠱᠢᠭᠦᠯᠲᠡ ᠳᠠᠭᠤᠰᠤᠭ᠍ᠰᠠᠨ ᠤ᠋ ᠳᠠᠷᠠᠭ᠎ᠠ ᠨᠢᠭᠡᠨ ᠺᠠᠳ᠋ᠷ ᠭᠦᠨ ᠲᠥᠷᠥᠭ᠌ᠳᠡᠯ ᠲᠠᠢ ᠭᠡᠯᠡᠯ᠎ᠠ᠃

ᠲᠢᠩᠬᠢᠮ ᠤ᠋ᠨ ᠱᠢᠭᠦᠯᠲᠡ ᠵᠢ ᠰᠤᠯᠠ ᠰᠣᠨᠣᠰᠤᠭᠤᠯᠵᠤ᠂ ᠬᠦᠮᠦᠰ᠎ᠤᠨ ᠰᠡᠳᠬᠢᠯ ᠵᠢᠷᠤᠭᠡ᠎ᠵᠢ ᠲᠤᠩᠰᠤᠯᠭᠠᠬᠤ ᠨᠢ ᠵᠥᠪᠬᠡᠨ ᠲᠦᠩᠯᠢᠶᠣᠤ ᠬᠤᠳᠠ ᠵᠢᠨ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠦᠭ᠌ᠰᠡᠨ᠎ᠦ ᠬᠤᠷᠢᠶᠠᠩᠭᠤᠢ ᠳᠦᠷᠰᠦ ᠲᠡᠳᠦᠢ ᠶᠤᠮ᠃ ᠲᠣᠰ ᠬᠣᠲᠠ ᠵᠢᠨ ᠬᠢᠨ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠬᠦ᠌ ᠵᠢ 《ᠭᠤᠷᠪᠠᠨ ᠥᠬᠡᠶ》 (ᠢᠯᠵᠠᠷᠠᠬᠤ ᠡᠴᠡ ᠵᠢᠷᠤᠭᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠵᠢ ᠪᠤᠳᠤᠬᠤ ᠥᠬᠡᠶ) ᠪᠠᠢᠭᠤᠯᠤᠮᠵᠢ ᠲᠣᠭ᠍ᠲᠠᠴᠠ ᠵᠢ ᠨᠢᠭᠡ ᠴᠣᠭ᠍ᠴᠠᠵᠢᠭᠤᠯᠤᠨ ᠠᠬᠢᠭᠤᠯᠬᠤ ᠵᠢᠨ ᠴᠢᠬᠤᠯᠠ ᠭᠣᠭ᠍ᠴᠣᠭ᠎ᠠ ᠪᠣᠯᠭᠠᠵᠤ᠂ ᠪᠥᠬᠥ᠌ ᠬᠣᠲᠠ ᠪᠡᠷ᠎ᠵᠢᠡᠨ ᠥᠷᠨᠢᠭᠦᠯᠦᠭ᠌ᠰᠡᠨ ᠬᠡᠷᠡᠭ᠎ᠢᠶᠡᠷ ᠥᠭᠡᠷᠡᠴᠢᠯᠡᠯᠲᠡ ᠵᠢ ᠠᠬᠢᠭᠤᠯᠤᠨ ᠤᠯᠤᠰ ᠲᠥᠷᠥ ᠵᠢᠨ ᠠᠮᠢ ᠠᠬᠤᠶ ᠵᠢ ᠪᠥᠬᠥ᠌ ᠲᠠᠯ᠎ᠠ᠎ᠪᠠᠷ ᠵᠠᠰᠠᠨ ᠴᠡᠪᠡᠷᠱᠢᠭᠦᠯᠬᠦ᠌ ᠲᠥᠪᠯᠡᠷᠡᠩᠭᠦᠶ ᠲᠤᠰᠭᠠᠶ ᠠᠵᠢᠯᠯᠠᠭ᠎ᠠ᠎ᠲᠠᠶ ᠤᠶᠠᠯᠳᠤᠭᠤᠯᠵᠤ᠂  ᠪᠥᠬᠥ᠌ ᠬᠣᠲᠠ ᠵᠢᠨ ᠡᠯ᠎ᠡ ᠱᠠᠲᠤᠨ ᠤ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠨᠡᠢᠲᠡᠯᠢᠭ ᠬᠡᠷᠡᠭ ᠤ᠋ᠨ ᠵᠢᠱ᠌ᠢᠶ᠎ᠡ ᠵᠢᠨ 《ᠠᠮᠢᠳᠤᠯᠢᠭ ᠵᠢᠭᠠᠬᠤ ᠮᠠᠲ᠋ᠧᠷᠢᠶᠠᠯ》 ᠢ᠋ ᠰᠠᠢᠲᠤᠷ ᠬᠡᠷᠡᠭ᠌ᠯᠡᠵᠦ᠍᠂  ᠰᠡᠷᠡᠮᠵᠢᠯᠡᠭᠦᠯᠬᠦ᠌ ᠬᠥᠮᠦᠵᠢᠯ ᠤ᠋ᠨ 《ᠬᠠᠮ ᠨᠢᠳᠤᠷᠭ᠎ᠠ》ᠵᠢ ᠱᠠᠲᠤ ᠬᠤᠪᠢᠶᠠᠨ ᠲᠥᠷᠥᠯ ᠬᠤᠪᠢᠶᠠᠨ ᠰᠠᠢᠲᠤᠷ ᠬᠢᠵᠦ᠍᠂ ᠰᠦᠷᠳᠡᠭᠦᠯᠬᠦ᠌᠎ᠦᠢᠯᠡᠳᠦᠯ ᠢ᠋ ᠨᠠᠩ ᠱᠢᠭᠤᠳ ᠪᠠᠳᠠᠷᠠᠭᠤᠯᠵᠤ᠂ ᠰᠡᠷᠡᠮᠵᠢᠯᠡᠭᠦᠯᠬᠦ᠌ ᠵᠢ ᠨᠠᠩ ᠭᠦᠨᠵᠡᠭᠡᠶ ᠪᠣᠯᠭᠠᠪᠠ ᠃

《ᠵᠠᠩᠭᠢᠯᠠᠭ᠎ᠠ ᠵᠢᠨ ᠴᠥᠭᠡᠨ ᠲᠣᠭᠠᠲᠠᠨ》ᠢᠯᠠᠩᠭᠤᠶ᠎ᠠ ᠨᠢᠭᠡᠳᠦᠭᠡᠷ ᠭᠠᠷ᠎ᠤᠨ ᠭᠤᠤᠯᠳᠠᠯᠭ᠎ᠠ᠎ᠲᠠᠶ ᠬᠥᠮᠦᠵᠢᠯ ᠢ᠋ ᠳᠣᠪᠣᠢᠮ᠎ᠠ ᠪᠠᠢᠷᠢᠨ ᠳ᠋ᠦ ᠳᠠᠯᠪᠢᠪᠠ᠃  ᠲᠦᠩᠯᠢᠶᠣᠤ ᠬᠣᠲᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠦᠪᠯᠡᠯ ᠣᠢᠷ᠎ᠠ ᠵᠢᠨ ᠬᠤᠭᠤᠴᠠᠭᠠᠨ᠎ᠳᠤ ᠪᠠᠢᠴᠠᠭᠠᠨ ᠱᠢᠶ᠋ᠳᠪᠦᠷᠢᠯᠡᠭ᠌ᠰᠡᠨ ᠲᠤᠬᠠᠢ᠎ᠵᠢᠨ ᠭᠠᠵᠠᠷ ᠣᠷᠣᠨ ᠤ᠋ ᠪᠠᠨ ᠨᠠᠮ ᠎ᠤᠨ ᠭᠡᠱᠢᠭᠦᠨ ᠤᠳᠤᠷᠢᠳᠭᠤ ᠺᠠᠳ᠋ᠷ᠎ᠤᠨ ᠰᠠᠬᠢᠯᠭ᠎ᠠ ᠪᠠᠲᠤ ᠬᠠᠤᠯᠢ ᠲᠤᠭᠳᠠᠭᠠᠯ ᠡᠴᠡ ᠵᠥᠷᠢᠴᠡᠭ᠌ᠰᠡᠨ 9 ᠬᠡᠷᠡᠭ ᠢ᠋ ᠰᠢᠯᠢᠨ ᠰᠤᠡᠭᠭᠤᠵᠤ᠂ ᠰᠡᠷᠡᠮᠵᠢᠯᠡᠭᠦᠯᠬᠦ᠌ ᠬᠥᠮᠦᠵᠢᠯ ᠤ᠋ᠨ ᠹᠢᠯᠢᠮ 《ᠰᠡᠷᠡᠮᠵᠢ ᠵᠢᠨ ᠬᠣᠩᠬᠣ》 ᠵᠢ ᠦᠢᠯᠡᠳᠴᠤ᠂ ᠬᠣᠲᠠ ᠵᠢᠨ ᠱᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ ᠵᠢᠨ ᠭᠠᠵᠠᠷ᠎ᠤᠨ ᠲᠠᠰ᠎ᠠᠴᠠ ᠳᠡᠭᠡᠭ᠌ᠰᠢᠬᠢ ᠺᠠᠳ᠋ᠷ᠂ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠤᠨ ᠰᠠᠯᠠᠭᠠᠨ ᠲᠠᠰ᠎ᠠᠴᠠ ᠳᠡᠭᠡᠭ᠌ᠰᠢᠬᠢ ᠺᠠᠳ᠋ᠷ ᠢ᠋ ᠵᠣᠬᠢᠶᠠᠨ ᠪᠠᠢᠭᠤᠯᠵᠤ ᠲᠥᠪᠯᠡᠷᠡᠩᠬᠦᠢ ᠦᠵᠡᠭᠦᠯᠵᠦ᠍᠂ ᠨᠢᠭᠡᠳᠦᠭᠡᠷ ᠭᠠᠷ ᠪᠠ ᠤᠳᠤᠷᠢᠳᠭᠤ ᠪᠠᠭ᠎ᠤᠨ ᠪᠦᠷᠢᠯᠳᠦᠬᠦᠨ ᠪᠤᠯᠬᠤ 《ᠵᠠᠩᠭᠢᠯᠠᠭ᠎ᠠ ᠵᠢᠨ ᠴᠥᠭᠡᠨ ᠲᠣᠭᠠᠲᠠᠨ》 ᠎ᠳ᠋ᠤ ᠭᠤᠤᠯᠳᠠᠯᠭ᠎ᠠ᠎ᠲᠠᠶ ᠬᠥᠮᠦᠵᠢᠯ ᠬᠢᠪᠠ᠃ ᠡᠭᠦᠨ᠎ᠦ ᠬᠠᠮᠲᠤ᠂ ᠬᠣᠲᠠ ᠵᠢᠨ ᠱᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ᠂ ᠬᠣᠱᠢᠭᠤ ᠱᠢᠶᠠᠨ ᠬᠣᠲᠠ ᠲᠣᠭᠣᠷᠢᠭ᠂  ᠱᠢᠶᠠᠩ ᠪᠠᠯᠭᠠᠰᠤ ᠰᠤᠮᠤ ᠭᠤᠷᠪᠠᠨ ᠱᠠᠲᠤᠨ ᠤ᠋ ᠲᠤᠰ ᠭᠠᠵᠠᠷ ᠣᠷᠣᠨ᠂ ᠲᠤᠰ ᠱᠢᠰᠲ᠋ᠧᠮ᠎ᠳᠦ ᠡᠬᠦᠰᠦᠭᠰᠡᠨ ᠰᠠᠬᠢᠯᠭ᠎ᠠ ᠪᠠᠲᠤ ᠬᠠᠤᠯᠢ ᠲᠤᠭᠳᠠᠭᠠᠯ ᠡᠴᠡ ᠵᠥᠷᠢᠴᠡᠭ᠌ᠰᠡᠨ ᠬᠡᠷᠡᠭ ᠤ᠋ᠨ ᠵᠢᠱ᠌ᠢᠶ᠎ᠡ ᠵᠢ ᠱᠢᠯᠢᠨ ᠰᠣᠩᠭᠣᠬᠤ ᠵᠢ ᠱᠠᠯᠠᠪᠳᠠᠭᠤᠯᠤᠨ ᠠᠬᠢᠭᠤᠯᠵᠤ᠂ ᠡᠯ᠎ᠡ ᠲᠥᠷᠥᠯ ᠤ᠋ᠨ ᠰᠡᠷᠡᠮᠵᠢᠯᠡᠭᠦᠯᠬᠦ᠌ ᠬᠥᠮᠦᠵᠢᠯ ᠢ᠋ ᠱᠠᠲᠤ ᠱᠠᠲᠤ᠎ᠪᠠᠷ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠲᠤ ᠰᠡᠷᠡᠮᠵᠢ ᠵᠢᠨ ᠳᠣᠬᠢᠶ᠎ᠠ ᠥᠭ᠌ᠴᠦ᠂ ᠬᠣᠷᠢᠭ᠎ᠠ ᠱᠤᠭᠤᠮ ᠢ᠋ ᠲᠣᠳᠣᠷᠠᠭᠤᠯᠵᠠᠢ᠃

ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ᠂ ᠵᠠᠩᠭᠢᠯᠠᠭ᠎ᠠ ᠵᠢᠨ ᠭᠣᠭ᠍ᠴᠣᠭ᠎ᠠ ᠵᠢᠴᠢ ᠢᠯᠵᠠᠷᠠᠯ ᠠᠮᠠᠷᠬᠠᠨ ᠡᠭᠦᠰᠭᠦ ᠣᠯᠠᠨ ᠡᠭᠦᠰᠭᠦ ᠰᠠᠯᠠᠭ᠎ᠠ ᠮᠥᠴᠢᠷ᠎ᠲᠦ ᠱᠢᠰᠲ᠋ᠧᠮ᠎ᠤᠨ ᠴᠢᠨᠠᠷᠲᠠᠶ ᠬᠥᠮᠦᠵᠢᠯ ᠬᠢᠬᠦ᠌ ᠵᠢ ᠴᠢᠬᠤᠯᠠᠴᠢᠯᠠᠪᠠ᠃ ᠲᠣᠰ ᠬᠣᠲᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠦᠪᠯᠡᠯ᠎ᠤᠨ ᠬᠢᠨ ᠵᠣᠬᠢᠶᠠᠨ ᠪᠠᠢᠭᠤᠯᠬᠤ ᠬᠡᠯᠲᠡᠰ᠂ ᠤᠯᠤᠰ ᠲᠥᠷᠥ᠍ ᠬᠠᠤᠯᠢ ᠴᠠᠭᠠᠵᠠ ᠵᠢᠨ ᠬᠤᠷᠢᠶ᠎ᠠ ᠲᠠᠢ ᠬᠠᠮᠲᠤᠷᠠᠨ᠂ ᠲᠣᠰ ᠬᠣᠲᠠ ᠵᠢᠨ ᠪᠠᠢᠴᠠᠭᠠᠵᠤ ᠱᠢᠶ᠋ᠳᠪᠦᠷᠢᠯᠡᠭ᠌ᠰᠡᠨ 《ᠨᠢᠭᠡᠳᠦᠭᠡᠷ ᠭᠠᠷ》 ᠤ᠋ᠨ ᠢᠯᠵᠠᠷᠠᠬᠰᠠᠨ᠂ ᠬᠥᠭ᠌ᠵᠢᠯᠲᠡ ᠵᠢᠨ ᠣᠷᠴᠢᠨ ᠨᠥᠬᠥᠴᠡᠯ ᠢ᠋ ᠡᠪᠳᠡᠭᠰᠡᠨ᠂  ᠲᠣᠭ᠍ᠲᠠᠭᠠᠯ᠎ᠠᠴᠠ ᠵᠥᠷᠢᠴᠡᠨ ᠬᠥᠮᠦᠨ ᠰᠤᠡᠭᠭᠤᠵᠤ ᠬᠡᠷᠡᠭ᠌ᠯᠡᠭᠰᠡᠨ᠂ ᠤᠯᠤᠰ ᠲᠥᠷᠥ᠍ ᠬᠠᠤᠯᠢ ᠴᠠᠭᠠᠵᠠ ᠵᠢᠨ ᠡᠩᠨᠡᠭᠡ᠎ᠵᠢᠨ ᠢᠯᠵᠠᠷᠠᠭᠰᠠᠨ᠂  ᠣᠯᠠᠨ ᠲᠦᠮᠡᠨ᠎ᠦ ᠠᠱᠢᠭ ᠲᠤᠰᠠ᠎ᠳᠤ ᠬᠠᠯᠳᠠᠭ᠍ᠰᠠᠨ ᠵᠡᠷᠭᠡ ᠲᠠᠪᠤᠨ ᠲᠠᠯ᠎ᠠ ᠵᠢᠨ ᠰᠠᠬᠢᠯᠭ᠎ᠠ ᠪᠠᠲᠤ ᠬᠠᠤᠯᠢ ᠲᠤᠭᠳᠠᠭᠠᠯ ᠡᠴᠡ ᠬᠦᠨᠳᠦ ᠨᠣᠴᠢᠲᠠᠶ ᠵᠥᠷᠢᠴᠡᠭ᠌ᠰᠡᠨ 21 ᠨᠡᠢᠲᠡᠯᠢᠭ ᠬᠡᠷᠡᠭ ᠤ᠋ᠨ ᠵᠢᠱ᠌ᠢᠶ᠎ᠡ ᠲᠠᠢ ᠤᠶᠠᠯᠳᠤᠭᠤᠯᠤᠨ᠂ 《ᠬᠡᠷᠡᠭ ᠤ᠋ᠨ ᠪᠠᠢᠳᠠᠯ + ᠵᠠᠳᠠᠯᠤᠨ ᠱᠢᠨᠵᠢᠯᠡᠬᠦ᠌》 ᠪᠦᠲᠦᠴᠡ ᠪᠡᠷ ᠰᠡᠷᠡᠮᠵᠢᠯᠡᠭᠦᠯᠬᠦ᠌ ᠬᠥᠮᠦᠵᠢᠯ ᠤ᠋ᠨ 《ᠨᠠᠮ᠎ᠤᠨ ᠭᠡᠱᠢᠭᠦᠨ ᠺᠠᠳ᠋ᠷ᠎ᠤᠨ ᠰᠠᠬᠢᠯᠭ᠎ᠠ ᠪᠠᠲᠤ ᠬᠠᠤᠯᠢ ᠲᠤᠭᠳᠠᠭᠠᠯ ᠡᠴᠡ ᠵᠥᠷᠢᠴᠡᠭ᠌ᠰᠡᠨ ᠬᠡᠷᠡᠭ ᠤ᠋ᠨ ᠵᠢᠱ᠌ᠢᠶ᠎ᠡ ᠵᠢᠨ ᠰᠡᠷᠡᠮᠵᠢ ᠵᠢᠨ ᠲᠡᠮᠳᠡᠭ᠌ᠯᠡᠯ》 ᠢ᠋ ᠨᠠᠢᠷᠠᠭᠤᠯᠤᠨ ᠪᠢᠴᠢᠵᠦ᠍᠂ ᠪᠥᠬᠥ᠌ ᠬᠣᠲᠠ ᠵᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠳᠦ ᠲᠠᠷᠬᠠᠭᠠᠨ ᠰᠤᠷᠤᠯᠴᠠᠭᠤᠯᠪᠠ᠃ ᠬᠣᠲᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠦᠪᠯᠡᠯ᠎ᠤᠨ ᠭᠤᠤᠯ ᠤᠳᠤᠷᠢᠳᠤᠯᠭ᠎ᠠ ᠵᠢᠴᠢ ᠤᠳᠤᠷᠢᠳᠭᠤ ᠪᠠᠭ᠎ᠤᠨ ᠪᠦᠷᠢᠯᠳᠦᠬᠦᠨ ᠴᠢᠬᠡᠴᠢ ᠵᠠᠰᠠᠭ᠎ᠤᠨ ᠮᠡᠳᠡᠭᠦᠯᠦᠯᠲᠡ ᠬᠢᠬᠦ᠌᠂ ᠴᠢᠬᠡᠴᠢ ᠵᠠᠰᠠᠭ᠎ᠤᠨ ᠨᠠᠮ᠎ᠤᠨ ᠬᠢᠴᠢᠶᠡᠯ ᠵᠢᠭᠠᠬᠤ ᠬᠡᠯᠪᠡᠷᠢ᠎ᠪᠡᠷ ᠳᠠᠮᠵᠢᠭᠤᠯᠤᠨ᠂ ᠬᠣᠲᠠ ᠵᠢᠨ ᠱᠢᠭᠤᠳ ᠬᠠᠷᠢᠶ᠎ᠠ ᠪᠠᠢᠭᠤᠯᠭ᠎ᠠ ᠵᠢᠨ ᠨᠠᠮ᠎ᠤᠨ ᠠᠵᠢᠯ᠎ᠤᠨ ᠬᠤᠷᠢᠶ᠎ᠠ᠂ ᠤᠬᠠᠭᠤᠯᠬᠤ᠂ ᠤᠯᠤᠰ ᠲᠥᠷᠥ᠍ ᠬᠠᠤᠯᠢ ᠴᠠᠭᠠᠵᠠ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ᠂  ᠡᠷᠡᠭᠦᠯ ᠬᠠᠮᠠᠭᠠᠯᠠᠯ ᠵᠡᠷᠭᠡ ᠱᠢᠰᠲ᠋ᠧᠮ ᠤ᠋ᠨ ᠨᠠᠮ᠎ᠤᠨ ᠭᠡᠱᠢᠭᠦᠨ ᠺᠠᠳ᠋ᠷ᠎ᠲᠤ ᠴᠢᠬᠡᠴᠢ ᠵᠠᠰᠠᠭ᠎ᠤᠨ ᠬᠥᠮᠦᠵᠢᠯ ᠥᠷᠨᠢᠭᠦᠯᠵᠦ᠍᠂ ᠬᠣᠯᠪᠣᠭ᠍ᠳᠠᠯ ᠪᠥᠬᠥᠶ ᠬᠡᠯᠲᠡᠰ ᠲᠠᠰᠤᠭ᠎ᠤᠨ ᠭᠤᠤᠯ ᠬᠠᠷᠢᠭᠤᠴᠠᠯᠭᠠᠲᠠᠨ ᠨᠠᠮ᠎ᠤᠨ ᠰᠠᠬᠢᠯᠭ᠎ᠠ ᠪᠠᠲᠤ ᠨᠠᠮ᠎ᠤᠨ ᠲᠣᠭ᠍ᠲᠠᠭᠠᠯ ᠢ᠋ ᠬᠡᠷᠡᠭ᠌ᠵᠢᠭᠦᠯᠬᠦ᠌᠂ ᠰᠠᠬᠢᠯᠭ᠎ᠠ ᠪᠠᠲᠤ ᠶᠣᠰᠣ ᠲᠦᠷᠢᠮ ᠢ᠋ ᠴᠢᠩᠭ᠎ᠠ ᠰᠠᠬᠢᠬᠤ ᠵᠡᠷᠭᠡ ᠵᠢᠨ ᠲᠣᠭᠣᠷᠢᠨ᠎ᠳᠤ ᠬᠣᠯᠪᠣᠭ᠍ᠳᠠᠯ ᠪᠥᠬᠥᠶ ᠨᠢᠭᠡᠴᠢ᠎ᠪᠡᠷ ᠭᠦᠨᠵᠡᠭᠡᠢᠷᠡᠨ ᠴᠢᠬᠡᠴᠢ ᠵᠠᠰᠠᠭ᠎ᠤᠨ ᠤᠬᠠᠭᠤᠯᠤᠨ ᠲᠠᠢᠯᠪᠤᠷᠢᠯᠠᠯᠳᠠ ᠬᠢᠪᠠ᠃

ᠲᠦᠩᠯᠢᠶᠣᠤ ᠬᠣᠲᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠦᠪᠯᠠᠯ ᠪᠠᠰᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ ᠬᠢᠨ᠎ᠢ ᠱᠠᠯᠠᠪᠳᠠᠭᠤᠯᠤᠨ ᠬᠡᠷᠡᠭ᠎ᠢᠶᠡᠷ ᠥᠭᠡᠷᠡᠴᠢᠯᠡᠯᠲᠡ ᠵᠢ ᠠᠬᠢᠭᠤᠯᠬᠤ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠬᠦ᠂ ᠲᠤᠱᠢᠶᠠᠯ ᠵᠢᠠᠨ ᠠᠱᠢᠭ᠍ᠯᠠᠨ ᠶᠠᠯ᠎ᠠ ᠬᠢᠭᠰᠡᠨ ᠭᠡᠷᠡᠭ᠎ᠤᠨ ᠲᠢᠩᠬᠢᠮ ᠤ᠋ᠨ ᠱᠢᠭᠦᠯᠲᠡ ᠵᠢ ᠰᠤᠯᠠ ᠰᠣᠨᠣᠰᠤᠭᠤᠯᠬᠤ᠂  ᠬᠠᠷᠢᠭᠤ ᠰᠤᠷᠪᠤᠯᠵᠢᠯᠠᠬᠤ ᠬᠥᠮᠦᠵᠢᠯ ᠢ᠋ ᠪᠣᠳᠠᠲᠠᠢᠵᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠤᠨ ᠬᠡᠷᠡᠭ ᠡᠴᠡ ᠰᠤᠷᠭᠠᠮᠵᠢ ᠠᠪᠬᠤ ᠎ᠵᠢ ᠠᠬᠢᠭᠤᠯᠵᠤ᠂ ᠬᠡᠷᠡᠭ᠎ᠢᠶᠡᠷ ᠲᠣᠯᠢ ᠪᠣᠯᠭᠠᠨ᠂ ᠰᠡᠷᠡᠮᠵᠢ ᠵᠢᠨ ᠬᠣᠩᠬᠣ ᠵᠢ ᠪᠠᠢᠩᠭᠤ ᠳᠤᠤᠭᠠᠷᠭᠠᠬᠤ ᠵᠢ ᠦᠨᠡᠨ ᠬᠦ᠌ ᠪᠡᠶᠡᠯᠡᠭᠦᠯᠪᠡ ᠃ ᠡᠨᠡ ᠵᠢᠯ᠂  ᠪᠥᠬᠥ᠌ ᠬᠣᠲᠠ ᠵᠢᠨ ᠡᠯ᠎ᠡ ᠱᠠᠲᠤᠨ ᠤ᠋ (ᠨᠠᠮ᠎ᠤᠨ ᠬᠣᠷᠢᠶ᠎ᠠ) ᠨᠠᠮ᠎ᠤᠨ ᠤᠳᠤᠷᠢᠳᠭᠤ ᠳᠤᠭᠤᠢᠯᠠᠩ ᠲᠤᠰ ᠪᠦᠷᠢ ᠬᠡᠷᠡᠭ᠎ᠢᠶᠡᠷ ᠥᠭᠡᠷᠡᠴᠢᠯᠡᠯᠲᠡ ᠵᠢ ᠠᠬᠢᠭᠤᠯᠬᠤ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠵᠤ᠂ ᠨᠡᠢᠲᠡᠯᠢᠭ ᠬᠡᠷᠡᠭ᠎ᠤᠨ ᠡᠬᠢ ᠡᠬᠦᠰᠤᠯ᠎ᠢ ᠣᠨᠣᠪᠴᠢᠲᠠᠶ ᠡᠷᠢᠵᠦ᠍᠂ ᠠᠰᠠᠭᠤᠳᠠᠯ ᠢ᠋ ᠭᠦᠨᠵᠡᠭᠡᠶ ᠴᠡᠭ᠌ᠴᠡᠯᠡᠨ ᠰᠠᠢᠵᠢᠷᠠᠭᠤᠯᠵᠤ᠂ ᠲᠦᠷᠢᠮ ᠢ᠋ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠰᠡᠷᠡᠮᠵᠢᠯᠡᠭᠦᠯᠬᠦ᠌ ᠬᠥᠮᠦᠵᠢᠯ ᠤ᠋ᠨ ᠦᠷ᠎ᠡ ᠪᠦᠲᠦᠭᠡᠯ ᠢ᠋ ᠭᠦᠨᠵᠡᠭᠡᠢᠷᠡᠭᠦᠯᠵᠦ᠍᠂ ᠪᠥᠬᠥ᠌ ᠬᠣᠲᠠ᠎ᠳᠤ ᠣᠯᠠᠨ ᠲᠠᠯᠠᠲᠤ᠂  ᠪᠣᠰᠣᠭ᠎ᠠ ᠴᠣᠭ᠍ᠴᠠᠲᠤ᠂ ᠪᠦᠬᠦᠨ ᠢ᠋ ᠬᠠᠮᠤᠷᠤᠭ᠍ᠰᠠᠨ ᠰᠡᠷᠡᠮᠵᠢᠯᠡᠭᠦᠯᠬᠦ᠌ ᠬᠥᠮᠦᠵᠢᠯ ᠤ᠋ᠨ ᠠᠵᠢᠯ᠎ᠤᠨ ᠪᠠᠢᠷᠢᠱᠢᠯ ᠢ᠋ ᠪᠣᠶ ᠪᠣᠯᠭᠠᠬᠰᠠᠨ ᠪᠠᠢᠨ᠎ᠠ᠃

ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠦᠪᠯᠠᠯ ᠬᠡᠷᠡᠭ ᠤ᠋ᠨ ᠵᠢᠱ᠌ᠢᠶ᠎ᠡ ᠵᠢᠨ ᠬᠡᠷᠡᠭ᠌ᠯᠡᠯᠲᠡ ᠵᠢ ᠴᠢᠩᠭᠠᠳᠭᠠᠵᠤ᠂ ᠬᠥᠮᠦᠵᠢᠯ ᠤ᠋ᠨ ᠬᠡᠯᠪᠡᠷᠢ ᠪᠠᠨ ᠰᠢᠨᠠᠴᠢᠯᠠᠪᠠ᠃  ᠬᠤᠤᠯᠢᠨ ᠭᠤᠤᠯ ᠬᠣᠲᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠦᠪᠯᠠᠯ᠎ᠤᠨ ᠬᠢᠨ ᠲᠤᠰ ᠬᠣᠲᠠ ᠵᠢᠨ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠠᠷᠢᠬᠢ ᠤᠤᠭᠤᠭ᠍ᠰᠠᠨ ᠤ᠋ ᠳᠠᠷᠠᠭ᠎ᠠ ᠮᠠᠱᠢᠨ ᠲᠡᠷᠭᠡ ᠵᠢᠯᠣᠭᠣᠳᠤᠭ᠍ᠰᠠᠨ ᠨᠡᠢᠲᠡᠯᠢᠭ ᠬᠡᠷᠡᠭ ᠤ᠋ᠨ ᠵᠢᠱ᠌ᠢᠶ᠎ᠡ ᠵᠢ ᠰᠣᠩᠭᠣᠵᠤ᠂ 《ᠨᠠᠮ᠎ᠤᠨ ᠭᠡᠱᠢᠭᠦᠨ ᠺᠠᠳ᠋ᠷ᠎ᠤᠨ ᠠᠯᠪᠠᠨ ᠲᠤᠱᠢᠶᠠᠯᠲᠠᠨ ᠠᠷᠢᠬᠢ ᠤᠤᠭᠤᠭ᠍ᠰᠠᠨ ᠤ᠋ ᠳᠠᠷᠠᠭ᠎ᠠ ᠮᠠᠱᠢᠨ ᠲᠡᠷᠭᠡ ᠵᠢᠯᠣᠭᠣᠳᠤᠭ᠍ᠰᠠᠨ ᠰᠠᠬᠢᠯᠭ᠎ᠠ ᠪᠠᠲᠤ ᠬᠠᠤᠯᠢ ᠲᠤᠭᠳᠠᠭᠠᠯ ᠡᠴᠡ ᠵᠥᠷᠢᠴᠡᠭ᠌ᠰᠡᠨ ᠠᠵᠢᠯᠯᠠᠭ᠎ᠠ ᠵᠢ ᠰᠡᠷᠡᠮᠵᠢᠯᠡᠭᠦᠯᠬᠦ᠌ ᠬᠥᠮᠦᠵᠢᠯ ᠤ᠋ᠨ ᠭᠠᠷ ᠠᠪᠤᠯᠭ᠎ᠠ》᠎ᠵᠢ ᠨᠠᠢᠷᠠᠭᠤᠯᠤᠨ ᠳᠠᠷᠤᠮᠠᠯᠯᠠᠵᠤ᠂ ᠨᠠᠮ᠎ᠤᠨ ᠭᠡᠱᠢᠭᠦᠨ ᠺᠠᠳ᠋ᠷ ᠢ᠋ ᠬᠥᠲᠥᠯᠥᠨ ᠵᠢᠯᠣᠭᠣᠳᠴᠤ᠌ ᠪᠠᠢᠭᠠᠳ ᠪᠢᠱᠢᠷᠡᠨ ᠵᠢᠷᠦᠬᠡᠱᠢᠶᠡᠬᠦ᠌ ᠤᠬᠠᠮᠰᠠᠷ᠂ ᠪᠡᠶ᠎ᠡ᠎ᠪᠡᠨ ᠪᠠᠷᠢᠬᠤ ᠤᠬᠠᠮᠰᠠᠷ ᠢ᠋ ᠨᠢ ᠦᠨᠡᠨ ᠬᠦ᠌ ᠴᠢᠩᠭᠠᠳᠭᠠᠵᠤ᠂ ᠲᠦᠷᠦᠭᠦᠯᠡᠨ ᠰᠠᠬᠢᠯᠭ᠎ᠠ ᠪᠠᠲᠤ ᠬᠠᠤᠯᠢ ᠲᠤᠭᠳᠠᠭᠠᠯ᠎ᠢ ᠵᠢᠷᠤᠮᠯᠠᠭᠤᠯᠵᠠᠢ; ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠰᠡᠷᠡᠮᠵᠢᠯᠡᠭᠦᠯᠬᠦ᠌ ᠬᠥᠮᠦᠵᠢᠯ ᠤ᠋ᠨ ᠰᠠᠭᠤᠷᠢᠨ᠎ᠤ ᠬᠢᠨ ᠬᠣᠱᠢᠭᠤᠨ ᠎ᠤ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ ᠵᠢᠨ ᠰᠤᠷᠭᠠᠨ ᠬᠥᠮᠦᠵᠢᠯ ᠤ᠋ᠨ ᠡᠬᠢ ᠪᠠᠶᠠᠯᠢᠭ᠎ᠲᠤ ᠲᠦᠱᠢᠭ᠌ᠯᠡᠨ᠂ ᠰᠡᠷᠡᠮᠵᠢᠯᠡᠭᠦᠯᠬᠦ᠌ ᠬᠥᠮᠦᠵᠢᠯ ᠤ᠋ᠨ ᠰᠠᠭᠤᠷᠢᠨ ᠢ᠋ 《ᠰᠡᠷᠡᠮᠵᠢᠯᠡᠭᠦᠯᠬᠦ᠌ ᠬᠢᠴᠢᠶᠡᠯ ᠤ᠋ᠨ ᠲᠢᠩᠬᠢᠮ》 ᠪᠣᠯᠭᠠᠨ ᠬᠤᠪᠢᠷᠠᠭᠤᠯᠵᠤ᠂ ᠨᠠᠮ᠎ᠤᠨ ᠭᠡᠱᠢᠭᠦᠨ ᠺᠠᠳ᠋ᠷ᠎ᠲᠤ ᠠᠵᠢᠯᠴᠢ ᠬᠢᠴᠢᠶᠡᠩᠭᠦᠶ ᠠᠷᠢᠭᠤᠨ ᠴᠢᠬᠡᠴᠢ᠎ᠪᠡᠷ ᠵᠠᠰᠠᠭ ᠪᠠᠷᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠵᠢ ᠰᠡᠷᠡᠮᠵᠢᠯᠡᠭᠦᠯᠪᠡ᠃

᠁᠁

ᠬᠥᠮᠦᠵᠢᠬᠦᠯᠬᠦ ᠪᠣᠯ ᠠᠷᠭ᠎ᠠ ᠪᠠᠷᠢᠯ ᠮᠥᠨ᠂ ᠨᠢᠭᠡ ᠡᠴᠡ ᠵᠦᠶ᠋ᠴᠢᠯᠡᠵᠦ᠍ ᠨᠥᠭᠥᠭᠡ ᠵᠢ ᠮᠡᠳᠡᠬᠦ᠌ ᠵᠢ ᠠᠬᠢᠭᠤᠯᠵᠤ᠂ ᠴᠡᠭ᠌ᠴᠡᠯᠡᠨ ᠰᠠᠢᠵᠢᠷᠠᠭᠤᠯᠬᠤ ᠵᠢ ᠪᠣᠳᠠᠲᠠᠢᠵᠢᠭᠤᠯᠬᠤ ᠪᠣᠯ ᠰᠠᠶᠢ ᠡᠴᠦᠰ ᠤ᠋ᠨ ᠵᠣᠷᠢᠯᠭ᠎ᠠ ᠮᠥᠨ᠃ ᠲᠦᠩᠯᠢᠶᠣᠤ ᠬᠣᠲᠠ ᠵᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠨᠢᠭᠡᠴᠢ᠎ᠵᠢᠨ ᠬᠢᠨ ᠰᠡᠷᠡᠮᠵᠢᠯᠡᠭᠦᠯᠬᠦ᠌ ᠬᠥᠮᠦᠵᠢᠯ ᠢ᠋ ᠰᠠᠢᠲᠤᠷ ᠬᠢᠬᠦ᠌ ᠵᠢᠨ ᠬᠠᠮᠲᠤ᠂ ᠨᠠᠷᠢᠨ ᠬᠢᠨᠠᠮᠠᠭᠠᠶ ᠪᠠᠢᠴᠠᠭᠠᠨ ᠵᠠᠳᠠᠯᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠨ᠂ ᠲᠦᠷᠢᠮ ᠲᠣᠭ᠍ᠲᠠᠭᠠᠯ ᠲᠣᠭ᠍ᠲᠠᠭᠠᠬᠤ ᠠᠵᠢᠯ ᠢ᠋ ᠰᠠᠢᠲᠤᠷ ᠬᠢᠵᠦ᠍᠂ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ ᠵᠢ ᠠᠬᠢᠭᠤᠯᠬᠤ᠂  ᠬᠡᠷᠡᠭ᠎ᠢᠶᠡᠷ ᠪᠠᠢᠭᠤᠯᠬᠤ ᠵᠢ ᠠᠬᠢᠭᠤᠯᠬᠤ᠂  ᠬᠡᠷᠡᠭ᠎ᠢᠶᠡᠷ ᠵᠠᠰᠠᠯᠲᠠ ᠵᠢ ᠠᠬᠢᠭᠤᠯᠬᠤ ᠵᠢ ᠦᠨᠡᠨ ᠬᠦ᠌ ᠠᠬᠢᠭᠤᠯᠪᠠ᠃ 2021 ᠤᠨ ᠡᠴᠡ  ᠨᠠᠭᠠᠰᠢ᠂ ᠲᠣᠰ ᠬᠣᠲᠠ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠵᠢ ᠨᠡᠢᠲᠡ 4200 ᠭᠠᠷᠤᠶ ᠤᠳᠠᠭ᠎ᠠ ᠥᠷᠨᠢᠭᠦᠯᠵᠦ᠍᠂ ᠡᠯ᠎ᠡ ᠱᠠᠲᠤᠨ ᠤ᠋ ᠨᠠᠮ᠎ᠤᠨ ᠵᠣᠬᠢᠶᠠᠨ ᠪᠠᠢᠭᠤᠯᠤᠯᠲᠠ ᠨᠡᠢᠲᠡ 8849 ᠠᠰᠠᠭᠤᠳᠠᠯ ᠢ᠋ ᠪᠠᠢᠴᠠᠭᠠᠨ ᠭᠠᠷᠭᠠᠵᠤ᠂ 10431 ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠲᠣᠭ᠍ᠲᠠᠭᠠᠵᠠᠶ ; 2720 ᠳᠦᠷᠢᠮ ᠲᠣᠭ᠍ᠲᠠᠭᠠᠯ᠎ᠳᠤ ᠵᠠᠰᠠᠪᠤᠷᠢ ᠣᠷᠣᠭᠤᠯᠵᠤ᠂ 2830 ᠳᠦᠷᠢᠮ ᠲᠣᠭ᠍ᠲᠠᠭᠠᠯ ᠢ᠋ ᠱᠢᠨ᠎ᠡ᠎ᠪᠡᠷ ᠪᠠᠢᠭᠤᠯᠪᠠ᠃

《ᠰᠡᠷᠡᠮᠵᠢᠯᠡᠭᠦᠯᠬᠦ᠌ ᠬᠥᠮᠦᠵᠢᠯ ᠢ᠋ ᠥᠷᠨᠢᠭᠦᠯᠬᠦ᠌᠎ᠨᠢ ᠨᠢᠭᠡ ᠯᠡ ᠴᠠᠭ᠎ᠤᠨ ᠰᠠᠯᠬᠢ ᠪᠢᠰᠢ᠂ ᠨᠢᠭᠡ ᠬᠡᠷᠡᠭ ᠢ᠋ ᠪᠠᠢᠴᠠᠭᠠᠨ ᠱᠢᠶ᠋ᠳᠪᠦᠷᠢᠯᠡᠬᠦ᠌ ᠪᠡᠷ ᠳᠠᠮᠵᠢᠭᠤᠯᠤᠨ ᠨᠢᠭᠡ ᠪᠦᠯᠦᠭ ᠢ᠋ ᠰᠡᠷᠡᠮᠵᠢᠯᠡᠭᠦᠯᠵᠦ᠍᠂ ᠨᠢᠭᠡ ᠪᠦᠯᠦᠭ ᠢ᠋ ᠬᠥᠮᠦᠵᠢᠭᠦᠯᠦᠨ᠂ ᠨᠢᠭᠡ ᠭᠠᠵᠠᠷ᠎ᠢ ᠵᠢᠷᠤᠮᠵᠢᠭᠤᠯᠬᠤ ᠵᠣᠷᠢᠯᠭ᠎ᠠ᠎ᠳᠤ ᠬᠥᠷᠬᠥ ᠳ᠋ᠦ ᠡᠷᠬᠡᠪᠰᠢ ᠣᠷᠳᠣ ᠬᠤᠭᠤᠴᠠᠭ᠎ᠠ᠎ᠪᠠᠷ ᠪᠠᠷᠢᠮᠳᠠᠯᠠᠨ ᠦᠷᠨᠢᠭᠦᠯᠬᠦ ᠬᠡᠷᠡᠭ᠌ᠲᠡᠶ》 ᠭᠡᠵᠤ ᠲᠦᠩᠯᠢᠶᠣᠤ ᠬᠣᠲᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠦᠪᠯᠠᠯ᠎ᠤᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠭᠡᠯᠡᠨ᠎ᠠ᠃  ᠲᠡᠷᠡ ᠪᠠᠰᠠ ᠤᠯᠤᠰ ᠲᠥᠷᠥ ᠵᠢᠨ ᠪᠠᠢᠭᠤᠯᠭ᠎ᠠ ᠵᠢᠨ ᠪᠠᠢᠷᠢ ᠲᠣᠭ᠍ᠲᠠᠭᠠᠯᠲᠠ ᠵᠢ ᠪᠠᠲᠤ ᠡᠵᠡᠮᠳᠡᠵᠦ᠍᠂ ᠬᠡᠷᠡᠭ ᠤ᠋ᠨ ᠵᠢᠱ᠌ᠢᠶ᠎ᠡ ᠵᠢᠨ ᠡᠬᠢ ᠪᠠᠶᠠᠯᠢᠭ ᠢ᠋ ᠰᠠᠢᠲᠤᠷ ᠬᠡᠷᠡᠭ᠌ᠯᠡᠵᠦ᠍ ᠠᠮᠢᠳᠤᠯᠢᠭ ᠬᠡᠷᠡᠭ᠌ᠯᠡᠨ᠂ ᠰᠡᠷᠡᠮᠵᠢᠯᠡᠭᠦᠯᠬᠦ᠌ ᠬᠥᠮᠦᠵᠢᠯ ᠢ᠋ ᠭᠦᠨᠵᠡᠭᠡᠢᠷᠡᠭᠦᠯᠦᠨ ᠲᠤᠭᠤᠰᠢᠳᠠᠢ ᠬᠢᠵᠦ᠍᠂ ᠬᠡᠷᠡᠭ᠎ᠢᠶᠡᠷ ᠥᠭᠡᠷᠡᠴᠢᠯᠡᠯᠲᠡ ᠵᠢ ᠠᠬᠢᠭᠤᠯᠬᠤ ᠠᠵᠢᠯ ᠢ᠋ ᠨᠠᠷᠢᠯᠢᠭ ᠪᠣᠳᠠᠲᠠᠶ ᠬᠢᠵᠦ᠍᠂ ᠴᠡᠭ᠌ᠴᠡᠯᠡᠨ ᠰᠠᠢᠵᠢᠷᠠᠭᠤᠯᠬᠤ ᠡᠭᠦᠷᠭᠡ ᠵᠢ ᠲᠡᠷᠡ ᠶᠣᠰᠣᠭᠠᠷ ᠨᠢ ᠪᠣᠳᠠᠲᠠᠶ ᠨᠠᠢᠳᠠᠪᠤᠷᠢᠵᠢᠭᠤᠯᠵᠤ᠂ ᠪᠥᠬᠥ᠌ ᠬᠣᠲᠠ ᠵᠢᠨ ᠤᠯᠤᠰ ᠲᠥᠷᠥ ᠵᠢᠨ ᠠᠮᠢ ᠠᠬᠤᠶ ᠵᠢ ᠦᠷᠭᠦᠯᠵᠢᠯᠡᠨ ᠵᠠᠰᠠᠨ ᠴᠡᠪᠡᠷᠱᠢᠭᠦᠯᠦᠨ᠎ᠡ ᠭᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号