ᠵᠠᠭᠤᠴᠢᠯᠠᠭᠤᠷ᠎ᠤᠨ ᠠᠭᠤᠰᠤᠯᠴᠠᠯ (媒体融合)
ᠬᠢᠲᠠᠳ ᠨᠡᠷ᠎ᠡ᠄ 媒体融合
ᠮᠤᠡᠭᠭᠤᠯ ᠨᠡᠷ᠎ᠡ᠄ ᠵᠠᠭᠤᠴᠢᠯᠠᠭᠤᠷ᠎ᠤᠨ ᠠᠭᠤᠰᠤᠯᠴᠠᠯ
ᠠᠩᠭᠯᠢ ᠨᠡᠷ᠎ᠡ᠄ media convergence
ᠲᠤᠷᠡᠲᠤᠭᠴᠢ᠄ ᠨᠢᠺᠤᠯᠠᠰ ᠨᠧᠭᠷᠤᠫᠤᠨᠲ Nicholas Negroponte
ᠢᠨᠲ᠋ᠧᠷ ᠰᠦᠯᠵᠢᠶ᠎ᠡ᠎ᠶ᠋ᠢᠨ ᠮᠡᠷᠭᠡᠵᠢᠯ ᠨᠢ ᠮᠡᠳᠡᠭᠡ ᠵᠠᠩᠬᠢ ᠳᠠᠮᠵᠢᠭᠤᠯᠭᠠᠶ᠋ᠢᠨᠥᠪᠡᠷᠦᠨ ᠥᠷᠲᠡᠭ᠎ᠢ ᠶᠡᠬᠡ ᠪᠡᠷ ᠪᠠᠭᠤᠷᠠᠭᠤᠯᠤᠭ᠍ᠰᠠᠨ ᠡᠴᠡ ᠪᠤᠯᠵᠦ᠂ ᠤᠲᠤ ᠦᠶ᠎ᠡ᠎ᠶ᠋ᠢᠨ ᠲᠤᠭ᠎ᠠ ᠪᠠᠷᠢᠮᠲᠠ ᠶᠢ ᠠᠪᠴᠢᠭᠤᠯᠬᠤ ᠮᠡᠷᠭᠡᠵᠢᠯᠨᠢᠢᠨᠲ᠋ᠧᠷᠰᠦᠯᠵᠢᠶᠡᠶᠢᠨ ᠳᠠᠮᠵᠢᠭᠤᠯᠭ᠎ᠠ᠎ᠶ᠋ᠢᠨ ᠱᠢᠰᠲ᠋ᠧᠮ᠎ᠳᠤ ᠦᠰᠦᠭ ᠪᠢᠴᠢᠭ᠂ ᠭᠡᠷᠡᠯ ᠵᠢᠷᠤᠭ᠂ ᠳᠠᠭᠤ ᠳᠦᠷᠰᠦ ᠵᠡᠷᠭᠡ ᠤᠯᠠᠮᠵᠢᠯᠠᠯᠲᠤ ᠵᠠᠭᠤᠴᠢᠯᠠᠭᠤᠷ᠎ᠦᠨ ᠳᠠᠮᠵᠢᠭᠤᠯᠭ᠎ᠠ᠎ᠶ᠋ᠢᠨ ᠠᠷᠭ᠎ᠠ ᠪᠠᠷᠢᠯ ᠬᠠᠪᠰᠤᠷᠭᠠᠬᠰᠠᠨ ᠪᠠ ᠬᠦᠴᠦᠷᠬᠡᠭ ᠶᠡᠬᠡ ᠠᠴᠢᠶᠠᠯᠠᠬᠤ ᠴᠢᠳᠠᠪᠤᠷᠢ᠎ᠶᠢ ᠪᠦᠷᠢᠯᠲᠦᠬᠦᠯᠵᠦ ᠦᠭᠪᠠ᠃ ᠡᠢᠮᠦ ᠪᠠᠢᠲᠠᠯ ᠲᠤᠤᠷ᠎ᠠ ᠤᠯᠠᠮᠵᠢᠯᠠᠯᠳᠤ ᠵᠠᠭᠤᠴᠢᠯᠠᠭᠤᠷ ᠨᠢ ᠲᠠᠪᠠᠭᠤᠯᠢᠭᠶ᠋ᠢᠡᠨ ᠤᠯᠠᠮ ᠵᠢᠡᠷ ᠠᠯᠲᠠᠭᠰᠠᠨ ᠪᠠᠢᠨ᠎ᠠ᠃
ᠶᠠᠭ ᠡᠢᠮᠦ᠍ ᠤᠴᠢᠷ᠎ᠠᠴᠠ᠂ ᠬᠥᠭ᠌ᠵᠢᠯᠲᠡ᠎ᠶ᠋ᠢᠨ ᠱᠢᠨ᠎ᠡ ᠰᠡᠳᠭᠢᠴᠡ᠎ᠶ᠋ᠢ ᠵᠠᠪᠠᠯ ᠠᠯᠢ ᠲᠦᠷᠭᠡᠨ ᠵᠢᠡᠷ ᠡᠷᠢᠵᠦ᠍᠂ ᠤᠯᠠᠮᠵᠢᠯᠠᠯᠳᠤ ᠵᠠᠭᠤᠴᠢᠯᠠᠭᠤᠷ᠎ᠢ ᠢᠨᠲᠧᠷ ᠰᠦᠯᠵᠢᠶ᠎ᠡ᠎ᠲᠡᠶ ᠵᠣᠯᠭᠠᠯᠳᠤᠭᠤᠯᠬᠤ ᠬᠡᠷᠡᠭ᠌ᠲᠡᠶ᠂ ᠷᠠᠳᠢᠣ᠋ ᠲᠧᠯᠸᠢᠰ ᠵᠠᠭᠤᠴᠢᠯᠠᠭᠤᠷ ᠪᠣᠯᠤᠨ ᠢᠨᠲ᠋ᠸᠷ ᠰᠦᠯᠵᠢᠶ᠎ᠡ᠎ᠶᠢᠨ ᠬᠠᠷᠢᠯᠴᠠᠨ ᠠᠭᠤᠰᠤᠯᠴᠠᠬᠰᠠᠨ ᠨᠢ ᠮᠦᠨ ᠡᠢᠮᠦ ᠰᠢᠯᠲᠠᠭᠠᠨ ᠡᠴᠡ ᠪᠤᠯᠤᠬᠰᠠᠨ ᠶᠤᠮ᠃ ᠲᠡᠭᠦᠨ᠎ᠢ ᠵᠠᠭᠤᠴᠢ ᠠᠯᠤᠰᠯᠠᠭ᠍ᠰᠠᠨ ᠥᠷᠭᠡᠳᠭᠡᠯ ᠭᠡᠵᠦ᠍ ᠬᠡᠯᠡᠬᠦ᠌᠎ᠡᠴᠡ ᠬᠠᠷᠢᠨ ᠠᠵᠢᠯ ᠲᠥᠷᠥᠯ ᠬᠤᠯᠪᠤᠭᠠᠯᠠᠭᠰᠠᠨ ᠲᠤᠷᠱᠢᠴᠠ ᠭᠡᠵᠦ᠍ ᠬᠡᠯᠡᠪᠡᠯ ᠵᠤᠬᠢᠮᠵᠢᠲᠠᠢ᠃
ᠵᠠᠭᠤᠴᠢᠯᠠᠭᠤᠷ᠎ᠤᠨ ᠠᠭᠤᠰᠤᠯᠴᠠᠯ ᠨᠢ ᠮᠡᠳᠡᠭᠡ ᠵᠠᠩᠭᠢ ᠴᠤᠭ᠍ᠯᠠᠭᠤᠯᠬᠤ ᠠᠷᠭ᠎ᠠ ᠵᠠᠮ ᠪᠠ ᠳᠠᠮᠵᠢᠭᠤᠯᠬᠤ ᠠᠷᠭ᠎ᠠ ᠵᠠᠮ᠎ᠤᠨ ᠣᠯᠠᠨ ᠡᠱᠢᠵᠢᠯᠲᠡ ᠪᠣᠯᠬᠤ᠎ᠪᠠᠷ ᠪᠠᠷᠠᠬᠤ ᠥᠬᠡᠶ᠂ ᠬᠠᠮᠤᠭ᠎ᠤᠨ ᠴᠢᠬᠤᠯᠠ ᠨᠢ᠂ ᠵᠠᠭᠤᠴᠢᠯᠠᠭᠤᠷ᠎ᠤᠨ ᠠᠵᠢᠯᠲᠠᠳ ᠣᠯᠠᠨ ᠵᠠᠭᠤᠴᠢᠯᠠᠭᠤᠷ᠎ᠤᠨ ᠪᠣᠷᠣ ᠮᠠᠲ᠋ᠧᠷᠢᠶᠠᠯ᠎ᠢ ᠦᠨᠳᠦᠰᠦᠯᠡᠨ᠂ ᠠᠳᠠᠯᠢ ᠪᠤᠰᠤ ᠵᠠᠭᠤᠴᠢᠯᠠᠭᠤᠷ᠎ᠤᠨ ᠳᠠᠮᠵᠢᠭᠤᠯᠬᠤ ᠣᠨᠴᠠᠯᠢᠭ᠎ᠢ ᠡᠮᠬᠢᠯᠡᠨ ᠰᠢᠷᠭᠠᠭᠠᠵᠦ ᠨᠡᠢᠳᠭᠡᠨ ᠪᠤᠯᠪᠠᠰᠤᠷᠠᠭᠤᠯᠵᠦ᠂ ᠠᠳᠠᠯᠢ ᠪᠤᠰᠤ ᠵᠠᠭᠤᠴᠢ᠎ᠪᠠᠷ ᠳᠠᠮᠵᠢᠭᠤᠯᠵᠤ᠂ ᠮᠡᠳᠡᠭᠡ ᠵᠠᠩᠭᠢ᠎ᠶ᠋ᠢ ᠦᠳᠲᠡᠷ ᠲᠦᠷᠭᠡᠨ ᠲᠠᠮᠵᠢᠭᠤᠯᠵᠦ᠂ ᠰᠤᠨᠢᠨ ᠮᠡᠳᠡᠭᠡᠨ᠎ᠤ ᠭᠡᠷᠡᠭ ᠶᠠᠪᠤᠳᠠᠯ᠎ᠤᠨ ᠠᠷᠤ᠎ᠳᠠᠬᠢ ᠦᠨᠡᠨ ᠪᠣᠳᠠᠲᠠᠶ ᠠᠬᠤᠢ ᠪᠠᠢᠲᠠᠯ ᠪᠠ ᠰᠣᠨᠢᠨ ᠮᠡᠳᠡᠭᠡᠨ᠎ᠦ ᠪᠥᠬᠥ᠌ ᠪᠠᠢᠳᠠᠯ᠎ᠢ ᠢᠯᠡᠷᠡᠭᠦᠯᠵᠦ᠍ ᠪᠣᠯᠤᠨ᠎ᠠ᠃ ᠡᠭᠦᠨ᠎ᠦ ᠤᠯᠠᠮᠶ᠋ᠢᠡᠷ ᠰᠣᠨᠢᠨ ᠮᠡᠳᠡᠭᠡᠨ᠎ᠦ ᠴᠢᠨᠠᠷ ᠴᠢᠨᠰᠠᠭ᠎ᠠ ᠰᠢᠯᠢᠳᠡᠭᠵᠢᠵᠦ᠂ ᠨᠡᠩ ᠭᠦᠨᠴᠡ ᠲᠠᠢ ᠪᠤᠯᠵᠦ ᠲᠡᠢᠯᠦᠨ᠎ᠡ᠃
《ᠵᠠᠭᠤᠴᠢᠯᠠᠭᠤᠷ ᠤᠨ ᠠᠭᠤᠰᠤᠯᠴᠠᠯ》 (media convergence) ᠭᠡᠳᠡᠭ ᠦᠬᠡ᠎ᠶᠢ ᠬᠠᠮᠤᠭ᠎ᠤᠨ ᠠᠨᠭᠬ᠎ᠠ ᠠᠮᠧᠷᠢᠺᠠ ᠶ᠋ᠢᠨ ᠮᠠᠰᠰᠠᠴᠦ᠋ᠰᠸᠼ ᠶ᠋ᠢᠨ ᠪᠠᠢᠭᠠᠯᠢ ᠲᠧᠭ᠌ᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶ᠋ᠢᠨ ᠫᠷᠤᠹᠸᠰᠰᠤᠷ ᠫᠦᠷ 《ᠴᠢᠯᠥᠭᠡᠲᠦ ᠮᠡᠷᠭᠡᠵᠢᠯ》 ᠭᠡᠳᠡᠭ ᠵᠣᠬᠢᠶᠠᠯ᠎ᠳᠠᠭᠠᠨ ᠳᠤᠷᠠᠳᠤᠭ᠍ᠰᠠᠨ ᠶᠤᠮ᠃ ᠲᠡᠷᠡ ᠲᠤᠰ ᠵᠤᠬᠢᠶᠠᠯ᠎ᠳᠠᠭᠠᠨ ᠵᠠᠭᠤᠴᠢᠯᠠᠭᠤᠷ᠎ᠤᠨ ᠠᠭᠤᠰᠤᠯᠴᠠᠯ ᠭᠡᠳᠡᠭ ᠨᠢ ᠡᠯ᠎ᠡ ᠵᠦᠶ᠋ᠯ᠎ᠦᠨ ᠵᠠᠭᠤᠴᠢ᠎ᠶ᠋ᠢᠨ ᠣᠯᠠᠨ ᠴᠢᠳᠠᠮᠵᠢ᠎ᠶ᠋ᠢ ᠨᠢᠭᠡ ᠴᠣᠭ᠍ᠴᠠᠵᠢᠭᠤᠯᠬᠤ ᠬᠠᠨᠳᠤᠰᠢ᠎ᠶ᠋ᠢ ᠵᠢᠭᠠᠵᠤ ᠪᠠᠢᠨ᠎ᠠ ᠭᠡᠪᠡ᠃
ᠲᠡᠭᠦᠨ᠎ᠦ ᠤᠬᠠᠭ᠍ᠳᠠᠬᠤᠨ᠎ᠳᠤ ᠢᠪᠴᠦᠦ ᠤᠳᠭ᠎ᠠ ᠪᠠ ᠳᠡᠯᠭᠡᠷᠡᠩᠭᠦᠶ ᠤᠳᠭ᠎ᠠ ᠬᠣᠶᠠᠷ ᠵᠦᠶ᠋ᠯ ᠪᠠᠭ᠍ᠲᠠᠵᠦ ᠪᠠᠢᠨ᠎ᠠ᠂ ᠢᠪᠴᠦᠦ ᠤᠳᠭ᠎ᠠ᠎ᠶ᠋ᠢᠨ ᠤᠬᠠᠭ᠍ᠳᠠᠬᠤᠨ ᠨᠢ ᠠᠳᠠᠯᠢ ᠪᠤᠰᠤ ᠵᠠᠭᠤᠴᠢ᠎ᠶ᠋ᠢᠨ ᠬᠡᠯᠪᠡᠷᠢ᠎ᠶ᠋ᠢ 《ᠠᠭᠤᠰᠤᠯᠴᠠᠭᠤᠯᠵᠦ》᠂ 《ᠴᠢᠨᠠᠷ᠎ᠤᠨ ᠬᠤᠪᠢᠷᠠᠯᠲᠠ》 ᠡᠭᠦᠰᠭᠡᠨ ᠪᠦᠷᠢᠯᠲᠦᠬᠦᠯᠦᠭᠰᠡᠨ ᠨᠢᠭᠡ ᠵᠦᠶ᠋ᠯ᠎ᠦᠨ ᠱᠢᠨ᠎ᠡ ᠵᠠᠭᠤᠴᠢ᠎ᠶ᠋ᠢᠨ ᠬᠡᠯᠪᠡᠷᠢ᠎ᠶ᠋ᠢ ᠵᠢᠭᠠᠵᠦ ᠪᠠᠢᠨ᠎ᠠ᠂ ᠵᠢᠱ᠌ᠢᠶᠡᠯᠡᠪᠡᠯ ᠡᠯᠧᠺᠲ᠋ᠷᠣᠨ ᠰᠡᠳᠬᠦᠯ᠂ ᠪᠢᠴᠢᠯ ᠪᠦᠷᠭᠡ ᠶ᠋ᠢᠨ ᠰᠣᠨᠢᠨ ᠮᠡᠳᠡᠭᠡ ᠵᠡᠷᠭᠡ᠃ ᠬᠠᠷᠢᠨ ᠳᠡᠯᠭᠡᠷᠡᠩᠭᠦᠢ ᠤᠳᠭ᠎ᠠ᠎ᠶ᠋ᠢᠨ 《ᠵᠠᠭᠤᠴᠢᠯᠠᠭᠤᠷ᠎ᠤᠨ ᠠᠭᠤᠰᠤᠯᠴᠠᠯ》᠎ᠤᠨ ᠬᠦᠷᠢᠶ᠎ᠡ ᠬᠡᠪᠴᠢᠶ᠎ᠡ ᠨᠢ ᠨᠡᠩ ᠥᠷᠭᠡᠨ ᠳᠡᠯᠭᠡᠷ ᠪᠠᠢᠵᠤ᠂ ᠠᠯᠢᠪᠠ ᠵᠠᠭᠤᠴᠢ ᠵᠢᠴᠢ ᠬᠣᠯᠪᠣᠭ᠍ᠳᠠᠯ ᠪᠦᠬᠦᠢ ᠡᠯᠧᠮᠧᠨ᠋ᠲ᠎ᠦᠨ ᠤᠶᠠᠯᠳᠤᠯ᠂ ᠴᠤᠭ᠍ᠯᠠᠷᠠᠯ ᠴᠠᠭᠠᠰᠢᠯᠠᠪᠠᠯ ᠠᠭᠤᠰᠤᠯᠴᠠᠯ ᠪᠠᠢᠵᠦ᠂ ᠵᠠᠭᠤᠴᠢ᠎ᠶ᠋ᠢᠨ ᠬᠡᠯᠪᠡᠷᠢ᠎ᠶ᠋ᠢᠨ ᠠᠭᠤᠰᠤᠯᠴᠠᠯ᠎ᠢ ᠪᠠᠭ᠍ᠲᠠᠭᠠᠬᠤ᠎ᠪᠠᠷ ᠪᠠᠷᠠᠬᠤ ᠦᠭᠡᠢ ᠪᠠᠰᠠ ᠵᠠᠭᠤᠴᠢ᠎ᠶ᠋ᠢᠨ ᠴᠢᠳᠠᠮᠵᠢ᠂ ᠲᠠᠮᠵᠢᠭᠤᠯᠭ᠎ᠠ᠎ᠶᠢᠨ ᠠᠷᠭ᠎ᠠ ᠪᠠᠷᠢᠯ᠂ ᠥᠮᠴᠢᠯᠡᠬᠦ᠌ ᠡᠷᠬᠡ᠂ ᠵᠣᠬᠢᠶᠠᠨ ᠪᠠᠢᠭᠤᠯᠤᠯᠲᠠ᠎ᠶ᠋ᠢᠨ ᠪᠦᠲᠦᠴᠡ ᠵᠡᠷᠭᠡ ᠡᠯᠧᠮᠧᠨ᠋ᠲ᠎ᠦᠨ ᠠᠭᠤᠰᠤᠯᠴᠠᠯ᠎ᠢ ᠪᠠᠭ᠍ᠲᠠᠭᠠᠳᠠᠭ᠃ ᠥᠭᠡᠷ᠎ᠡ᠎ᠪᠡᠷ ᠬᠡᠯᠡᠪᠡᠯ᠂ 《ᠵᠠᠭᠤᠴᠢᠯᠠᠭᠤᠷ᠎ᠤᠨ ᠠᠭᠤᠰᠤᠯᠴᠠᠯ》 ᠪᠣᠯ ᠮᠡᠳᠡᠭᠡ ᠵᠠᠩᠭᠢ ᠳᠠᠮᠵᠢᠭᠤᠯᠬᠤ ᠵᠠᠮ᠎ᠢ ᠣᠯᠠᠨ ᠡᠱᠢᠵᠢᠭᠦᠯᠦᠭ᠌ᠰᠡᠨ ᠱᠢᠨ᠎ᠡ ᠠᠵᠢᠯᠯᠠᠬᠤ ᠵᠠᠭ᠍ᠪᠤᠷ ᠮᠥᠨ᠂ ᠲᠡᠷᠡ ᠨᠢ ᠰᠣᠨᠢᠨ ᠰᠡᠳᠭᠦᠯ᠂ ᠲᠧᠯᠸᠢᠰ ᠬᠣᠷᠢᠶ᠎ᠠ᠂ ᠷᠠᠳᠢᠣ᠋ ᠬᠣᠷᠢᠶ᠎ᠠ ᠵᠡᠷᠭᠡ ᠤᠯᠠᠮᠵᠢᠯᠠᠯᠲᠤ ᠵᠠᠭᠤᠴᠢᠯᠠᠭᠤᠷ᠎ᠢ ᠢᠨᠲ᠋ᠸᠷ ᠰᠦᠯᠵᠢᠶ᠎ᠡ᠂ ᠭᠠᠷ ᠤᠲᠠᠰᠤ᠂ ᠭᠠᠷ᠎ᠲᠡᠬᠢ ᠤᠶᠤᠨᠲᠤ ᠦᠵᠦᠭᠦᠷᠯᠢᠭ ᠵᠡᠷᠭᠡ ᠱᠢᠨ᠎ᠡ ᠵᠠᠭᠤᠴᠢᠯᠠᠭᠤᠷ᠎ᠤᠨ ᠳᠠᠮᠵᠢᠭᠤᠯᠬᠤ ᠵᠠᠮ᠎ᠲᠠᠶ ᠪᠦᠲᠦᠮᠵᠢᠲᠡᠶ ᠤᠶᠠᠯᠳᠤᠭᠤᠯᠵᠤ᠂ ᠡᠬᠢ ᠪᠠᠶᠠᠯᠢᠭ᠎ᠢ ᠬᠠᠮᠲᠤ᠎ᠪᠠᠷ ᠠᠰᠢᠬᠯᠠᠵᠦ᠂ ᠲᠥᠪᠯᠡᠷᠡᠭᠦᠯᠦᠨ ᠱᠢᠶ᠋ᠳᠪᠦᠷᠢᠯᠡᠵᠦ᠍᠂ ᠠᠳᠠᠯᠢ ᠪᠤᠰᠤ ᠬᠡᠯᠪᠡᠷᠢ ᠶ᠋ᠢᠨ ᠮᠡᠳᠡᠭᠡ ᠵᠠᠩᠭᠢ᠎ᠶ᠋ᠢᠨ ᠦᠶ᠋ᠯᠡᠳᠬᠦᠨ᠎ᠢ ᠦᠢᠯᠡᠳᠪᠦᠷᠢᠯᠡᠭᠰᠡᠨᠤ ᠳᠠᠷᠠᠭ᠎ᠠ ᠠᠳᠠᠯᠢ ᠪᠤᠰᠤ ᠲᠠᠪᠴᠠᠩ᠎ᠢᠶᠠᠷ ᠳᠠᠮᠵᠢᠭᠤᠯᠤᠨ ᠭᠥᠯᠢᠶᠡᠨ ᠠᠪᠤᠭ᠍ᠴᠢᠳ᠎ᠲᠤ ᠲᠠᠮᠵᠢᠭᠤᠯᠲᠠᠭ᠃
ᠵᠠᠭᠤᠴᠢᠯᠠᠭᠤᠷ᠎ᠤᠨ ᠠᠭᠤᠰᠤᠯᠴᠠᠯ ᠪᠣᠯ ᠮᠡᠳᠡᠭᠡ ᠵᠠᠩᠭᠢ᠎ᠶ᠋ᠢᠨ ᠴᠠᠭ ᠦᠶ᠎ᠡ᠎ᠳᠡᠬᠢ ᠨᠢᠭᠡ ᠵᠦᠶ᠋ᠯ᠎ᠦᠨ ᠵᠠᠭᠤᠴᠢᠯᠠᠭᠤᠷ᠎ᠤᠨ ᠬᠥᠭ᠌ᠵᠢᠯᠲᠡ ᠶ᠋ᠢᠨ ᠣᠢᠯᠠᠭᠠᠭ᠍ᠳᠠᠬᠤᠨ ᠮᠥᠨ᠂ ᠢᠨᠲ᠋ᠸᠷ ᠰᠦᠯᠵᠢᠶᠡᠨ᠎ᠦ ᠲᠦᠷᠭᠡᠨ ᠬᠥᠭ᠌ᠵᠢᠯᠲᠡ᠎ᠶ᠋ᠢᠨ ᠰᠠᠭᠤᠷᠢᠨ᠎ᠳᠡᠬᠢ ᠤᠯᠠᠮᠵᠢᠯᠠᠯᠲᠤ ᠵᠠᠭᠤᠴᠢᠯᠠᠭᠤᠷ᠎ᠤᠨ ᠣᠷᠭᠠᠨᠢᠭ ᠠᠭᠤᠰᠤᠯᠴᠠᠯ ᠮᠥᠨ᠂ ᠡᠨᠡ ᠬᠦ᠌ ᠠᠭᠤᠰᠤᠯᠴᠠᠯ ᠨᠢ ᠮᠡᠷᠭᠡᠵᠢᠯ᠎ᠦᠨ ᠠᠭᠤᠰᠤᠯᠴᠠᠯ ᠪᠠ ᠡᠵᠡᠩᠨᠡᠯᠲᠡ᠎ᠶ᠋ᠢᠨ ᠠᠷᠭ᠎ᠠ ᠮᠠᠶᠢᠭ᠎ᠤᠨ ᠠᠭᠤᠰᠤᠯᠴᠠᠯ ᠭᠡᠬᠦ᠌ ᠬᠣᠶᠠᠷ ᠲᠠᠯ᠎ᠠ᠎ᠳᠤ ᠢᠯᠡᠷᠡᠵᠦ᠍ ᠪᠠᠢᠨ᠎ᠠ᠃
ᠡᠮᠬᠢᠯᠡᠭᠴᠢ᠄ ᠰᠢᠶᠠᠡᠭ ᠲᠤᠤ
ᠢᠷᠡᠯᠳᠡ᠄ ᠪᠠᠢᠳ᠋ᠦ᠋ ᠪᠠᠢ ᠺᠧ ᠰᠦᠯᠵᠢᠶ᠎ᠠ