— ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠱᠢᠤᠢ ᠬᠣᠩ ᡁᠢ᠎ᠶ᠋ᠢ ᠰᠤᠷᠪᠤᠯᠵᠢᠯᠠᠭ᠍ᠰᠠᠨ ᠨᠢ
ᠪᠥᠬᠥ᠌ ᠣᠷᠣᠨ᠎ᠤ ᠠᠷᠠᠳ ᠲᠦᠮᠡᠨ᠎ᠦ ᠡᠷᠡᠭᠦᠯ ᠮᠡᠨᠳᠦ᠍᠎ᠶ᠋ᠢ ᠲᠠᠰᠤᠷᠠᠯᠲᠠ ᠥᠬᠡᠶ ᠬᠠᠮᠠᠭᠠᠯᠠᠬᠤ ᠡᠭᠦᠷᠭᠡ᠎ᠶ᠋ᠢᠨ ᠡᠮᠦᠨ᠎ᠡ᠂ ᠪᠥᠬᠥ᠌ ᠣᠷᠣᠨ᠎ᠤ ᠡᠮᠴᠢᠯᠡᠭᠡᠨ᠎ᠦ ᠦᠶ᠋ᠯᠡᠴᠢᠯᠡᠭᠡᠨ᠎ᠦ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠠᠷᠢᠭᠤᠴᠠᠯᠭ᠎ᠠ᠎ᠶ᠋ᠢᠨ ᠡᠮᠦᠨ᠎ᠡ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠥᠷᠢᠰᠥᠯᠳᠦᠭᠡᠨ᠎ᠦ ᠡᠮᠦᠨ᠎ᠡ ᠁ ᠬᠣᠢᠱᠢᠳᠠ᠎ᠶ᠋ᠢᠨ ᠲᠠᠪᠤᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠱᠢᠰᠲ᠋ᠧᠮ᠎ᠦᠨ᠎ᠬᠢᠨ ᠬᠡᠷᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠶ ᠡᠭᠦᠷᠭᠡᠯᠡᠵᠦ᠍᠂ ᠬᠡᠷᠬᠢᠨ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ ᠵᠢ ᠪᠠᠲᠤ ᠰᠠᠬᠢᠵᠤ᠂ ᠱᠢᠨ᠎ᠡ ᠠᠶᠠᠨ᠎ᠳᠤ ᠡᠷᠡᠭᠦᠯ ᠡᠩᠬᠡ ᠥᠪᠥᠷ ᠮᠣᠩᠭᠣᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠱᠢᠨ᠎ᠡ ᠵᠢᠳᠬᠦᠯ ᠴᠢᠷᠮᠠᠢᠯᠭ᠎ᠠ᠎ᠪᠠᠨ ᠢᠯᠡᠷᠡᠭᠦᠯᠬᠦ᠌ ᠲᠤᠬᠠᠶ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠱᠢᠤᠢ ᠬᠣᠩ ᡁᠢ ᠰᠤᠷᠪᠤᠯᠵᠢᠯᠠᠭ᠍ᠴᠢ᠎ᠶ᠋ᠢᠨ ᠲᠤᠰᠭᠠᠶ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠬᠠᠷᠢᠭᠤᠯᠲᠠ ᠥᠭ᠌ᠪᠡ᠃
ᠱᠢᠤᠢ ᠬᠣᠩ ᡁᠢ ᠭᠡᠯᠡᠬᠦ ᠳ᠋ᠡᠭᠡᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠨᠢᠬᠡ ᠤᠳᠠᠭ᠎ᠠ ᠵᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠰᠦᠪ᠎ᠢ ᠵᠢᠷᠤᠭ᠍ᠯᠠᠭ᠍ᠰᠠᠨ ᠶᠡᠬᠡ ᠬᠤᠷᠠᠯ ᠮᠦᠷᠳᠡᠭᠡᠨ ᠨᠢᠬᠡ ᠤᠳᠠᠭ᠎ᠠ ᠵᠢᠨ ᠬᠦᠴᠦᠨ᠎ᠢᠶᠡᠨ ᠨᠢᠭ᠍ᠲᠠᠷᠠᠭᠤᠯᠵᠤ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠨᠡᠭᠡᠭᠡᠭ᠌ᠰᠡᠨ ᠶᠡᠬᠡ ᠬᠤᠷᠠᠯ ᠮᠥᠨ᠂ ᠪᠠᠰᠠᠴᠦ᠂ ᠨᠢᠬᠡ ᠤᠳᠠᠭ᠎ᠠ ᠵᠢᠨ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍ ᠬᠥᠭ᠌ᠵᠢᠯᠲᠡ᠎ᠶ᠋ᠢᠨ ᠱᠢᠨ᠎ᠡ ᠳᠦᠷᠰᠦ ᠪᠠᠢᠳᠠᠯ᠎ᠢ ᠡᠭᠦᠳᠦᠭ᠌ᠰᠡᠨ ᠶᠡᠬᠡ ᠬᠤᠷᠠᠯ ᠮᠥᠨ᠃ ᠶᠡᠬᠡ ᠬᠤᠷᠠᠯ ᠡᠴᠡ ᠥᠪᠥᠷ ᠮᠣᠩᠭᠣᠯ᠎ᠤᠨ ᠱᠢᠨ᠎ᠡ ᠠᠶᠠᠨ᠎ᠳᠤ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠥᠪᠥᠷ ᠮᠣᠩᠭᠣᠯ᠎ᠤᠨ ᠬᠤᠢᠰᠢᠳᠠ ᠵᠢᠨ ᠲᠠᠪᠤᠨ ᠵᠢᠯ᠎ᠳᠦ ᠪᠠᠷᠢᠮᠲᠠᠯᠠᠬᠤ ᠬᠥᠭ᠌ᠵᠢᠯᠲᠡ᠎ᠶ᠋ᠢᠨ ᠴᠢᠭ᠌ᠯᠡᠯ ᠪᠣᠯᠤᠨ ᠠᠵᠢᠯ᠎ᠤᠨ ᠶᠡᠷᠦᠩᠬᠡᠢ ᠬᠥᠲᠥᠯᠪᠦᠷᠢ᠎ᠶ᠋ᠢ ᠣᠨᠣᠪᠴᠢᠲᠠᠢ ᠵᠢᠭᠠᠨ ᠦᠭᠴᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠭᠠᠷᠭᠠᠭ᠍ᠰᠠᠨ ᠠᠯᠢ ᠣᠯᠠᠨ ᠴᠢᠬᠤᠯᠠ ᠶᠡᠬᠡ ᠪᠠᠢᠷᠢᠯᠠᠭᠤᠯᠤᠯᠲᠠ᠎ᠨᠢ ᠪᠥᠬᠥ᠌ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠱᠢᠰᠲ᠋ᠧᠮᠦᠨᠬᠢᠨᠦ ᠱᠢᠨ᠎ᠡ ᠱᠢᠯᠭᠠᠯᠲᠠ᠎ᠵᠢᠨ ᠠᠶᠠᠨ ᠳ᠋ᠤ ᠳᠠᠬᠢᠨ ᠮᠣᠷᠳᠠᠵᠤ᠂ ᠠᠷᠠᠳ ᠣᠯᠠᠨ᠎ᠤ ᠡᠷᠡᠭᠦᠯ ᠮᠡᠨᠳᠦ᠍᠎ᠶ᠋ᠢ ᠡᠷᠡᠰ ᠭᠤᠢᠪᠢᠰᠢ ᠥᠬᠡᠶ ᠬᠠᠮᠠᠭᠠᠯᠠᠬᠤ᠎ᠳᠤ ᠵᠠᠮ ᠱᠤᠭᠤᠮ ᠪᠠ ᠠᠷᠭ᠎ᠠ ᠠᠪᠴᠠᠯ᠎ᠢ ᠲᠣᠳᠣᠷᠬᠠᠶ ᠲᠣᠭ᠍ᠲᠠᠭᠠᠵᠥ ᠦᠭᠪᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠪᠣᠯ ᠦᠨᠳᠦᠰᠦᠨ ᠠᠷᠠᠳ᠎ᠤᠨ ᠠᠮᠢᠳᠤᠷᠠᠯ ᠮᠥᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳ᠋ᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ 《ᠬᠣᠶᠠᠷ᠎ᠢ ᠲᠣᠭ᠍ᠲᠠᠭᠠᠬᠤ》᠎ᠶ᠋ᠢ ᠡᠷᠡᠰ ᠬᠦᠷᠢᠶᠡᠯᠡᠵᠥ᠂ 《ᠬᠣᠶᠠᠷ᠎ᠢ ᠬᠠᠮᠠᠭᠠᠯᠠᠬᠤ》 ᠵᠢ ᠤᠬᠠᠮᠰᠠᠷ ᠡᠴᠡ᠎ᠪᠠᠨ ᠪᠡᠶᠡᠯᠡᠭᠦᠯᠵᠥ᠂ ᠶᠡᠷᠦᠩᠬᠡᠶ ᠱᠦᠵᠢ ᠰᠢ ᠵᠢᠨ ᠫᠢᠩ᠎ᠦᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠠᠵᠢᠯ᠎ᠤᠨ ᠲᠤᠬᠠᠶ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠰᠢᠯᠠᠭᠤᠯᠵᠥ᠂ ᠢᠮᠠᠭ᠍ᠲᠠ ᠠᠷᠠᠳ ᠲᠦᠮᠡᠨ᠎ᠢ ᠳᠡᠭᠡᠳᠦᠯᠡᠬᠦ᠂ ᠡᠷᠡᠭᠦᠯ ᠮᠡᠨᠳᠤ ᠵᠢ ᠲᠡᠷᠢᠭᠦᠨ᠎ᠳᠦ ᠲᠠᠯᠪᠢᠬᠤ ᠶ᠋ᠢ ᠪᠠᠷᠢᠮᠲᠠᠯᠠᠵᠥ᠂ ᠠᠷᠠᠳ ᠣᠯᠠᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠦᠶ᠋ᠯᠡᠰ᠎ᠦᠨ ᠬᠥᠭ᠌ᠵᠢᠯᠲᠡ᠎ᠶ᠋ᠢᠨ ᠳᠤᠬᠠᠢ ᠱᠢᠨ᠎ᠡ ᠬᠦᠰᠡᠯ ᠱᠢᠨ᠎ᠡ ᠱᠠᠭᠠᠷᠳᠠᠯᠭ᠎ᠠ᠎ᠳᠤ ᠢᠳᠡᠪᠬᠢᠲᠡᠶ ᠬᠠᠷᠢᠭᠤᠯᠲᠠ ᠥᠭ᠌ᠴᠤ᠂ ᠲᠡᠦᠬᠡ᠎ᠪᠡᠷ ᠲᠣᠯᠢ ᠪᠣᠯᠭᠠᠨ ᠢᠷᠡᠭᠡᠳᠦᠶ᠎ᠶ᠋ᠢ ᠨᠡᠭᠡᠭᠡᠵᠥ᠂ ᠨᠠᠩ ᠴᠤᠭ ᠪᠠᠳᠠᠷᠠᠩᠭᠤᠶ ᠲᠡᠮᠡᠴᠡᠯ᠎ᠦᠨ ᠵᠣᠷᠢᠭ᠂ ᠱᠢᠨᠵᠢᠯᠡᠬᠦ᠌ ᠤᠬᠠᠭᠠᠨᠴᠢ ᠲᠥᠰᠦᠪᠯᠡᠯ᠂ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠡᠷ ᠤᠭ ᠰᠠᠨᠠᠭ᠎ᠠ᠎ᠪᠠᠨ ᠦᠶ᠋ᠯᠡᠳᠦᠯᠭᠡᠵᠢᠭᠦᠯᠵᠦ᠍ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃
ᠬᠣᠢᠱᠢᠳᠠ᠎ᠶ᠋ᠢᠨ ᠲᠠᠪᠤᠨ ᠵᠢᠯ ᠳ᠋ᠦ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠱᠢᠰᠲ᠋ᠧᠮ᠎ᠦᠨ ᠭᠤᠤᠯ ᠬᠠᠷᠢᠭᠤᠴᠠᠯᠭ᠎ᠠ ᠪᠠ ᠭᠤᠤᠯ ᠱᠢᠵᠢᠮ ᠮᠦᠨ᠂ ᠱᠢᠨ᠎ᠡ ᠴᠠᠭ ᠦᠶ᠎ᠡ᠎ᠶ᠋ᠢᠨ ᠨᠠᠮ᠎ᠤᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ᠍᠎ᠶ᠋ᠢᠨ ᠠᠵᠢᠯ᠎ᠤᠨ ᠴᠢᠭ᠌ᠯᠡᠯᠲᠡ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠵᠥ᠂ 《ᠶᠡᠬᠡ ᠡᠷᠡᠭᠦᠯ ᠬᠠᠮᠠᠭᠠᠯᠠᠯ᠂ ᠶᠡᠬᠡ ᠡᠷᠡᠭᠦᠯ ᠮᠡᠨᠳᠦ》᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠨ᠂ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠡᠪᠡᠳᠴᠢᠨ ᠵᠠᠰᠠᠬᠤ᠎ᠪᠠᠷ ᠭᠣᠣᠯ ᠪᠣᠯᠭᠠᠵᠤ ᠪᠠᠢᠭ᠍ᠰᠠᠨ ᠡᠴᠡ ᠠᠷᠠᠳ ᠲᠦᠮᠡᠨ᠎ᠦ ᠡᠷᠡᠭᠦᠯ ᠮᠡᠨᠳᠦ᠍᠎ᠪᠡᠷ ᠭᠣᠣᠯ ᠪᠣᠯᠭᠠᠬᠤ ᠲᠡᠢᠰᠢ ᠬᠤᠪᠢᠷᠠᠭᠤᠯᠬᠤ᠎ᠶ᠋ᠢ ᠠᠬᠢᠭᠤᠯᠵᠥ᠂ ᠦᠢᠯᠡᠴᠢᠯᠡᠭᠡᠨ᠎ᠦ ᠱᠢᠰᠲ᠋ᠧᠮ᠎ᠢ ᠲᠣᠭ᠎ᠠ ᠬᠡᠮᠵᠢᠶ᠎ᠡ ᠬᠡᠪᠴᠢᠶ᠎ᠡ ᠥᠷᠭᠡᠵᠢᠬᠦ᠌ ᠬᠡᠯᠪᠡᠷᠢ᠎ᠡᠴᠡ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠌ ᠬᠡᠯᠪᠡᠷᠢ ᠲᠡᠢᠰᠢ ᠬᠤᠪᠢᠷᠠᠭᠤᠯᠵᠥ᠂ ᠠᠷᠠᠳ ᠣᠯᠠᠨ ᠡᠷᠡᠭᠦᠯ ᠮᠡᠨᠳᠦ᠍᠎ᠶ᠋ᠢᠨ ᠠᠰᠠᠭᠤᠳᠠᠯ᠎ᠢ ᠰᠠᠨᠠᠭᠠᠴᠢᠯᠠᠭ᠎ᠠ ᠦᠭᠡᠢ ᠠᠷᠭᠠᠴᠠᠭᠠᠵᠤ ᠪᠠᠢᠭ᠍ᠰᠠᠨ ᠡᠴᠡ᠎ᠪᠠᠨ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭᠠᠴᠢᠯᠠᠭ᠎ᠠ ᠡᠴᠡ᠎ᠪᠠᠨ ᠦᠢᠯᠡᠳᠦᠯᠭᠡᠵᠢᠭᠦᠯᠬᠦ᠌ ᠲᠡᠢᠰᠢ ᠬᠤᠪᠢᠷᠠᠭᠤᠯᠵᠥ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠠᠰᠠᠯᠲᠠ᠎ᠶ᠋ᠢᠨ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠬᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠡᠷᠡᠭᠦᠯ ᠡᠩᠬᠡ ᠥᠪᠥᠷ ᠮᠣᠩᠭᠣᠯ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠲᠦᠷᠭᠡᠳᠭᠡᠨ ᠪᠡᠶᠡᠯᠡᠭᠦᠯᠦᠨ᠎ᠡ᠃
ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠠᠯᠢᠪᠠ ᠪᠦᠬᠦᠨ᠎ᠳᠦ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠲᠥᠯᠥᠭᠡ ᠪᠠᠢᠬᠤ ᠬᠥᠭ᠌ᠵᠢᠯᠲᠡ᠎ᠶ᠋ᠢᠨ ᠴᠢᠭ᠌ᠯᠡᠯ᠎ᠢ ᠪᠠᠲᠤᠳᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠠᠵᠢᠯ᠎ᠢ ᠤᠬᠠᠮᠰᠠᠷ ᠡᠴᠡ᠎ᠪᠠᠨ ᠪᠦᠬᠦ᠌ ᠣᠷᠣᠨ᠎ᠤ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠳᠤ ᠲᠠᠯᠪᠢᠵᠤ ᠨᠢᠭᠡᠳᠦᠯᠲᠡᠢ ᠲᠥᠯᠥᠪᠵᠢᠭᠦᠯᠵᠥ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠱᠢᠨᠵᠢ ᠴᠢᠨᠠᠷ᠎ᠢ ᠢᠮᠠᠭ᠍ᠲᠠ ᠬᠠᠮᠠᠭᠠᠯᠠᠵᠤ᠂ ᠬᠥᠭ᠌ᠵᠢᠯᠲᠡ᠎ᠶ᠋ᠢᠨ ᠳᠤᠮᠳᠠ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠡᠷᠡᠰ ᠭᠤᠢᠪᠢᠰᠢ ᠦᠭᠡᠢ ᠬᠠᠩᠭᠠᠬᠤ ᠬᠡᠷᠡᠭ᠌ᠲᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠡᠮᠴᠢ᠎ᠶ᠋ᠢᠨ ᠮᠣᠷᠠᠯ ᠰᠤᠷᠲᠠᠯ ᠠᠵᠢᠯ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠪᠠ ᠠᠷᠠᠳ ᠣᠯᠠᠨ᠎ᠤ ᠲᠤᠰᠭᠠᠯ ᠲᠣᠪᠣᠢᠮ᠎ᠠ ᠠᠵᠢᠯ᠎ᠦᠨ ᠰᠤᠷᠲᠠᠯ᠎ᠤᠨ ᠠᠰᠠᠭᠤᠳᠠᠯ᠎ᠢ ᠭᠣᠣᠯᠳᠠᠯᠭ᠎ᠠ᠎ᠲᠠᠶ ᠵᠠᠯᠬᠠᠭᠠᠨ ᠱᠢᠢᠳᠭᠡᠵᠦ᠍᠂ ᠰᠤᠷᠲᠠᠯ ᠴᠢᠬᠡᠴᠢ ᠣᠪᠣᠷ ᠲᠥᠪ ᠠᠵᠢᠯ ᠲᠥᠷᠥᠯ᠎ᠦᠨ ᠣᠷᠴᠢᠨ ᠨᠥᠬᠥᠴᠡᠯ᠎ᠢ ᠪᠣᠢ ᠪᠣᠯᠭᠠᠨ᠎ᠠ᠃
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌《ᠭᠠᠳᠠᠨ᠎ᠠ ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠭᠠᠳᠤ᠎ᠳᠠᠭᠠᠨ ᠳᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌》 ᠶᠡᠷᠦᠩᠬᠡᠶ ᠠᠷᠭ᠎ᠠ ᠪᠣᠳᠣᠯᠭ᠎ᠠ᠎ᠶ᠋ᠢ ᠡᠷᠡᠰ ᠭᠤᠢᠪᠢᠰᠢ ᠥᠬᠡᠶ ᠪᠠᠷᠢᠮᠲᠠᠯᠠᠵᠤ᠂ 《ᠬᠥᠳᠡᠯᠦᠩᠭᠦᠶ ᠪᠡᠷ ᠡᠪᠡᠳᠴᠢᠨ᠎ᠤ ᠵᠢᠱ᠌ᠢᠶ᠎ᠡ ᠵᠢ ᠠᠷᠢᠯᠭᠠᠬᠤ》ᠰᠡᠷᠭᠡᠢᠯᠡᠨ ᠡᠵᠡᠮᠳᠡᠬᠦ᠌ ᠬᠠᠷᠠᠯᠲᠠ᠎ᠶ᠋ᠢ ᠲᠣᠭ᠍ᠲᠠᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠠᠷᠭ᠎ᠠ ᠬᠡᠮᠵᠢᠶ᠎ᠡ᠎ᠶ᠋ᠢ ᠴᠥᠬᠥᠷᠡᠰᠢ ᠥᠬᠡᠶ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠣᠨᠣᠴᠠᠲᠠᠶ ᠱᠢᠶ᠋ᠳᠪᠦᠷᠢᠯᠡᠬᠦ᠌ ᠴᠢᠳᠠᠪᠤᠷᠢ ᠪᠠ ᠲᠦᠪᠱᠢᠨ᠎ᠢᠶᠡᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠢᠯᠠᠩᠭᠤᠶ᠎ᠡ ᠬᠢᠯᠢ ᠵᠢᠨ ᠪᠣᠭᠣᠮᠲᠠ᠎ᠶ᠋ᠢᠨ ᠪᠠᠢᠭ᠎ᠠ ᠭᠠᠵᠠᠷ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ ᠠᠷᠭ᠎ᠠ ᠬᠡᠮᠵᠢᠶ᠎ᠡ ᠪᠠ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠵᠢ ᠴᠢᠩᠭᠠᠳᠭᠠᠵᠤ᠂ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠲᠠᠷᠢᠯᠭ᠎ᠠ᠎ᠶ᠋ᠢᠨ ᠠᠵᠢᠯ᠎ᠢ ᠯᠠᠪᠳᠠᠭᠤᠨ ᠡᠮᠬᠢ ᠵᠢᠷᠤᠮ᠎ᠲᠠᠶ ᠰᠠᠢᠲᠤᠷ ᠬᠢᠵᠦ᠍᠂ ᠬᠢᠯᠪᠠᠷ ᠪᠤᠰᠤ᠎ᠪᠠᠷ ᠣᠯᠤᠭ᠍ᠰᠠᠨ ᠰᠡᠷᠭᠡᠢᠯᠡᠨ ᠡᠵᠡᠮᠳᠡᠭ᠌ᠰᠡᠨ ᠦᠷ᠎ᠡ ᠪᠦᠲᠦᠭᠡᠯ᠎ᠢᠶᠡᠨ ᠡᠷᠡᠰ ᠪᠡᠬᠢᠵᠢᠭᠦᠯᠬᠦ᠌ ᠬᠡᠷᠡᠭ᠌ᠲᠡᠶ᠃
ᠣᠯᠠᠨ ᠲᠦᠮᠡᠨ᠎ᠦ ᠠᠵᠢᠯ ᠪᠣᠯᠤᠨ ᠡᠷᠡᠭᠦᠯ ᠬᠠᠮᠠᠭᠠᠯᠠᠯ᠎ᠤᠨ ᠠᠵᠢᠯ᠎ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠪᠥᠬᠥ᠌ ᠦᠶᠡᠯᠡᠯ᠎ᠦᠨ ᠬᠤᠭᠤᠴᠠᠭ᠎ᠠ ᠪᠥᠬᠥ᠌ ᠬᠥᠮᠦᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠡᠷᠡᠭᠦᠯ ᠡᠩᠬᠡ ᠥᠪᠥᠷ ᠮᠣᠩᠭᠣᠯ᠎ᠤᠨ ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ 17 ᠲᠤᠰᠭᠠᠶ ᠠᠵᠢᠯᠯᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠲᠣᠭᠣᠷᠢᠨ᠎ᠳᠤ᠂ᠤᠷᠢᠳᠴᠢᠯᠠᠨ ᠰᠡᠷᠭᠡᠢᠯᠡᠬᠦ᠌᠎ᠪᠡᠷ ᠭᠤᠤᠯ ᠪᠣᠯᠭᠠᠭ᠍ᠰᠠᠨ ᠲᠦᠷᠢᠮ᠎ᠦᠨ ᠱᠢᠰᠲ᠋ᠧᠮ᠎ᠢ ᠲᠦᠷᠭᠡᠳᠭᠡᠨ ᠪᠦᠷᠢᠨᠱᠢᠬᠦᠯᠵᠥ᠍᠂ ᠡᠷᠡᠭᠦᠯ ᠮᠡᠨᠳᠦ᠍᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠷᠡᠭᠦᠯ ᠮᠡᠨᠳᠦ᠍᠎ᠳᠦ ᠠᠱᠢᠭ᠍ᠲᠠᠶ ᠠᠮᠢᠳᠤᠷᠠᠯ᠎ᠤᠨ ᠠᠷᠭ᠎ᠠ ᠬᠡᠯᠪᠡᠷᠢ᠂ ᠠᠮᠢ ᠠᠬᠤᠶ ᠣᠷᠴᠢᠨ ᠲᠣᠭᠣᠷᠢᠨ ᠪᠣᠯᠤᠨ ᠨᠡᠢᠭᠡᠮ᠎ᠦᠨ ᠣᠷᠴᠢᠨ ᠲᠣᠭᠣᠷᠢᠨ᠎ᠢ ᠪᠦᠷᠢᠯᠳᠦᠭᠦᠯᠬᠦ᠌ ᠬᠡᠷᠡᠭ᠌ᠲᠡᠶ᠃
ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠴᠥᠬᠥᠷᠡᠰᠢ ᠦᠭᠡᠢ ᠥᠷᠭᠡᠵᠢᠭᠦᠯᠦᠨ ᠭᠦᠨᠵᠡᠭᠡᠢᠷᠡᠭᠦᠯᠵᠦ᠍᠂ ᠲᠠᠪᠤᠨ ᠵᠦᠢᠯᠦᠨᠦᠨᠳᠦᠰᠦᠨᠲᠦᠷᠢᠮᠦᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠢᠨᠠᠷ ᠰᠠᠢᠲᠠᠢ ᠥᠨᠳᠥᠷ ᠪᠦᠲᠦᠮᠵᠢᠲᠡᠢ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠢ ᠲᠡᠩᠴᠡᠭᠦᠷᠢᠲᠡᠶ ᠪᠠᠢᠷᠢᠱᠢᠭᠤᠯᠬᠤ᠎ᠶ᠋ᠢ ᠠᠬᠢᠭᠤᠯᠵᠤ᠂ ᠭᠠᠵᠠᠷ ᠣᠷᠣᠨ᠎ᠤ ᠬᠣᠭᠣᠷᠣᠨᠳᠣᠬᠢ ᠦᠨᠳᠦᠰᠦᠨ ᠡᠮ ᠡᠮᠨᠡᠯᠬᠡ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡ᠎ᠶ᠋ᠢ ᠲᠡᠩᠴᠡᠭᠦᠷᠢᠰᠢᠬᠦᠯᠬᠦ᠎ᠶ᠋ᠢ ᠲᠠᠰᠤᠷᠠᠯᠲᠠ ᠥᠬᠡᠶ ᠴᠢᠩᠭᠠᠷᠠᠭᠤᠯᠬᠤ ᠭᠡᠷᠡᠭᠲᠡᠢ᠃ ᠡᠪᠡᠳᠴᠢᠨ ᠡᠮᠭᠡᠭ᠎ᠢ ᠡᠵᠡᠮᠳᠡᠬᠦ ᠱᠢᠰᠲ᠋ᠧᠮ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠯᠠᠪᠳᠠᠭᠤᠨ᠎ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠦᠨᠳᠦ ᠶᠡᠬᠡ ᠬᠢᠵᠢᠭᠡᠪᠡᠳᠴᠢᠨᠢ ᠠᠪᠤᠷᠠᠨ ᠵᠠᠰᠠᠬᠤ ᠰᠠᠭᠤᠷᠢᠨ ᠪᠣᠯᠤᠨ ᠠᠢᠮᠠᠭ ᠬᠣᠲᠠ᠎ᠶ᠋ᠢᠨ ᠬᠠᠯᠳᠠᠪᠤᠷᠢᠲᠤ ᠡᠪᠡᠳᠴᠢᠨ᠎ᠦ ᠡᠮᠨᠡᠯᠭᠡ᠎ᠶ᠋ᠢᠨ ᠬᠣᠷᠢᠶᠠᠨ᠎ᠤ ᠬᠠᠮᠢᠶᠠᠷᠤᠯᠲᠠ᠎ᠶ᠋ᠢᠨ ᠪᠠᠢᠭᠤᠯᠤᠮᠵᠢ ᠪᠠ ᠵᠠᠰᠠᠯᠳᠠ ᠵᠢᠨ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠬᠤ ᠭᠡᠷᠡᠭᠲᠡᠢ᠃ ᠠᠯᠪᠠᠨ ᠡᠴᠡ ᠪᠠᠢᠭᠤᠯᠤᠭ᠍ᠰᠠᠨ ᠡᠮᠨᠡᠯᠭᠡ᠎ᠶ᠋ᠢᠨ ᠬᠣᠷᠢᠶ᠎ᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠥᠳᠡᠯᠭᠡᠬᠦ᠌ ᠬᠦᠴᠦᠨ᠂ ᠠᠵᠢᠯᠯᠠᠭᠠᠨ᠂ ᠰᠢᠨ᠎ᠡ ᠵᠢ ᠡᠬᠦᠳᠬᠦ ᠳᠤᠬᠳᠠᠴᠠ ᠪᠤᠯᠤᠨ ᠬᠠᠩᠭᠠᠯᠭ᠎ᠠ᠂ ᠰᠣᠶᠣᠯ᠎ᠤᠨ ᠱᠢᠰᠲ᠋ᠧᠮᠤᠨᠢ ᠳᠦᠷᠬᠡᠳᠬᠡᠨ ᠪᠠᠢᠭᠤᠯᠬᠤ ᠬᠡᠷᠡᠭ᠌ᠲᠡᠶ᠃
ᠥᠨᠳᠥᠷ ᠲᠦᠪᠱᠢᠨ᠎ᠲᠡᠶ ᠡᠮᠨᠡᠯᠭᠡ᠎ᠶ᠋ᠢᠨ ᠬᠣᠷᠢᠶ᠎ᠠ᠎ᠶᠢᠨ《ᠳᠡᠰ ᠳᠡᠪᠰᠢᠬᠦ ᠲᠥᠯᠥᠪᠯᠡᠭᠡ》᠎ᠶ᠋ᠢᠨ ᠠᠵᠢᠯᠯᠠᠭ᠎ᠠ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠦᠨ ᠲᠤᠷᠱᠢᠯᠲᠠ᠎ᠶ᠋ᠢᠨ ᠴᠡᠭ᠎ᠦᠨ ᠲᠥᠷᠥᠯ ᠵᠦᠶ᠋ᠯ᠎ᠢ ᠡᠬᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠢ ᠲᠦᠷᠭᠡᠳᠭᠡᠨ ᠪᠠᠢᠭᠤᠯᠵᠤ᠂ ᠪᠥᠬᠥ᠌ ᠣᠷᠣᠨ᠎ᠤ ᠬᠦᠴᠢᠷ ᠲᠦᠪᠡᠭ᠌ᠲᠡᠶ ᠬᠦᠨᠳᠦ ᠡᠪᠡᠳᠴᠢᠨ᠎ᠢ ᠣᠨᠣᠱᠢᠯᠠᠨ ᠡᠮᠨᠡᠬᠦ᠌ ᠴᠢᠳᠠᠪᠤᠷᠢ ᠪᠣᠯᠤᠨ ᠬᠦᠨᠳᠦ ᠶᠡᠬᠡ ᠬᠢᠵᠢᠭ ᠡᠪᠡᠳᠴᠢᠨ᠎ᠢ ᠶᠡᠷᠦᠩᠬᠡᠢᠯᠡᠨ ᠠᠪᠤᠷᠠᠨ ᠵᠠᠰᠠᠬᠤ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠥᠨᠳᠥᠷ ᠲᠦᠪᠱᠢᠨ ᠪᠦᠬᠦᠢ ᠡᠮᠴᠢᠯᠡᠭᠡᠨ᠎ᠦ ᠥᠨᠳᠥᠷᠯᠢᠭ᠎ᠢ ᠪᠥᠬᠥ᠌ ᠲᠠᠯ᠎ᠠ᠎ᠪᠠᠷ ᠴᠣᠭ᠍ᠴᠠᠯᠠᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠣᠯᠠᠨ ᠲᠦᠮᠡᠨ᠎ᠦ ᠥᠪᠡᠷᠲᠡᠭᠡᠨ ᠵᠠᠰᠠᠬᠤ ᠣᠷᠣᠨ ᠡᠴᠡ ᠭᠠᠷᠴᠤ᠌ ᠡᠪᠡᠳᠴᠢᠨ ᠦᠵᠡᠭᠦᠯᠬᠦ᠌ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠬᠦ᠌ ᠬᠡᠷᠡᠭ᠌ᠲᠡᠶ᠃
ᠱᠢᠶᠠᠨ᠎ᠤ ᠬᠡᠪᠴᠢᠶᠡᠨ᠎ᠦ ᠡᠮᠴᠢᠯᠡᠭᠡᠨ᠎ᠦ ᠪᠠᠢᠭᠤᠯᠤᠮᠵᠢ ᠢᠯᠠᠩᠭᠤᠶ᠎ᠠ ᠬᠢᠯᠢ ᠵᠢᠨ ᠪᠣᠭᠣᠮᠲᠠ ᠶ᠋ᠢᠨ ᠪᠠᠢᠭ᠎ᠠ ᠭᠠᠵᠠᠷ᠎ᠤᠨ ᠡᠮᠨᠡᠯᠭᠡ᠎ᠶ᠋ᠢᠨ ᠬᠣᠷᠢᠶ᠎ᠠ᠎ᠶ᠋ᠢᠨ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠴᠢᠳᠠᠪᠤᠷᠢ᠎ᠶ᠋ᠢ ᠶᠡᠬᠡ ᠪᠡᠷ ᠳᠡᠭᠡᠭ᠌ᠰᠢᠯᠡᠭᠦᠯᠵᠦ᠍᠂ ᠲᠦᠷᠭᠡᠨ ᠡᠮᠨᠡᠯᠬᠡ᠂ ᠬᠡᠦᠬᠡᠳ᠎ᠦᠨ ᠰᠠᠯᠠᠭ᠎ᠠ ᠵᠡᠷᠭᠡ ᠪᠠᠭᠤᠷᠠᠶ ᠲᠤᠰᠭᠠᠶ ᠰᠠᠯᠠᠭᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠳᠣᠲᠣᠭᠠᠳᠤ ᠳᠤᠷᠠᠨ ᠵᠡᠷᠭᠡ ᠪᠠᠭ᠎ᠠ ᠮᠠᠰᠠ ᠵᠠᠰᠠᠯ᠎ᠤᠨ ᠮᠡᠷᠭᠡᠵᠢᠯ᠎ᠦᠨ ᠡᠮᠴᠢᠯᠡᠭᠡᠨ᠎ᠳᠦ ᠬᠡᠷᠡᠭ᠌ᠯᠡᠬᠦ᠌ ᠬᠠᠷᠢᠴᠠᠯ᠎ᠢ ᠳᠡᠭᠡᠭ᠌ᠰᠢᠯᠡᠭᠦᠯᠵᠦ᠍᠂ ᠵᠢᠷᠦᠬᠡ ᠲᠠᠷᠢᠬᠢᠨ᠎ᠤ ᠰᠤᠳᠠᠯ᠂ ᠠᠮᠢᠰᠭᠤᠯ᠂ ᠬᠠᠪᠤᠳᠠᠷ᠂ ᠬᠠᠯᠳᠠᠪᠤᠷᠢᠯᠠᠬᠤ ᠴᠢᠨᠠᠷᠲᠠᠶ ᠡᠪᠡᠳᠴᠢᠨ ᠵᠡᠷᠭᠡ᠎ᠶ᠋ᠢ ᠣᠨᠣᠱᠢᠯᠠᠨ ᠡᠮᠨᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠱᠠᠲᠤ ᠬᠤᠪᠢᠶᠠᠨ ᠣᠨᠣᠱᠢᠯᠠᠨ ᠡᠮᠨᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠬᠣᠱᠢᠭᠤ ᠱᠢᠶᠠᠨ᠎ᠤ ᠬᠡᠪᠴᠢᠶᠡᠨ᠎ᠳᠦ ᠡᠪᠡᠳᠴᠢᠨ ᠦᠵᠡᠭᠦᠯᠬᠦ᠌ ᠨᠣᠷᠮ᠎ᠠ᠎ᠶ᠋ᠢ ᠴᠢᠷᠮᠠᠢᠨ ᠳᠡᠭᠡᠭ᠌ᠰᠢᠯᠡᠭᠦᠯᠬᠦ ᠭᠡᠷᠡᠭᠲᠡᠢ᠃ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠣᠷᠢᠶ᠎ᠠ᠎ᠶ᠋ᠢᠨ ᠠᠵᠢᠯ ᠲᠥᠷᠥᠯ᠎ᠢᠶᠡᠷ᠎ᠢᠶᠡᠨ ᠬᠣᠱᠢᠭᠤ ᠱᠢᠶᠠᠨ᠎ᠤ ᠡᠮᠨᠡᠯᠭᠡ᠎ᠶ᠋ᠢᠨ ᠬᠣᠷᠢᠶ᠎ᠠ᠎ᠶ᠋ᠢ ᠬᠠᠪᠰᠤᠷᠤᠨ ᠲᠡᠳᠬᠦᠬᠦ᠌᠎ᠶ᠋ᠢ ᠱᠢᠨ᠎ᠡ᠎ᠪᠡᠷ ᠲᠥᠯᠥᠪᠵᠢᠭᠦᠯᠵᠦ᠍᠂《ᠨᠢᠭᠡ ᠡᠮᠨᠡᠯᠭᠡ᠎ᠶ᠋ᠢᠨ ᠬᠣᠷᠢᠶ᠎ᠠ᠎ᠳᠤ ᠨᠢᠭᠡ ᠠᠷᠭ᠎ᠠ ᠪᠣᠳᠣᠯᠭ᠎ᠠ ᠠᠪᠬᠤ》ᠰᠡᠳᠭᠢᠴᠡ ᠶᠣᠰᠣᠭᠠᠷ ᠬᠣᠱᠢᠭᠤ ᠱᠢᠶᠠᠨ᠎ᠤ ᠡᠮᠨᠡᠯᠭᠡ᠎ᠶ᠋ᠢᠨ ᠬᠣᠷᠢᠶ᠎ᠠ᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ ᠭᠡᠷᠡᠭᠲᠡᠢ᠃
ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠮᠡᠳᠡᠭᠡ ᠵᠠᠩᠭᠢᠵᠢᠯᠲᠠ᠎ᠶ᠋ᠢᠨ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠡᠷᠡᠭᠦᠯ ᠮᠡᠨᠳᠦ ᠡᠮᠴᠢᠯᠡᠭᠡᠨ᠎ᠦ ᠲᠣᠮᠣ ᠳ᠋ᠠᠢᠲ᠋ᠠ᠎ᠶ᠋ᠢᠨ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠪᠥᠬᠥ᠌ ᠠᠷᠠᠳ᠎ᠤᠨ ᠡᠷᠡᠭᠦᠯ ᠮᠡᠨᠳᠦ᠍᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠢ ᠲᠠᠰ ᠳᠡᠪᠱᠢᠭᠦᠯᠦᠨ ᠲᠡᠭᠦᠯᠳᠡᠷᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠢᠶᠠᠷᠤᠯᠲᠠ᠎ᠶ᠋ᠢᠨ ᠲᠠᠪᠴᠠᠩ᠎ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠢᠲᠤᠷ ᠬᠡᠷᠡᠭ᠌ᠯᠡᠨ᠂ ᠣᠯᠠᠨ ᠴᠡᠭ᠎ᠡᠴᠡ ᠡᠭᠦᠰᠬᠦ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠱᠢᠰᠲ᠋ᠧᠮ᠎ᠢ ᠪᠠᠢᠭᠤᠯᠤᠨ ᠪᠡᠶᠡᠯᠡᠭᠦᠯᠵᠦ᠍᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠠᠵᠢᠯ ᠲᠦᠷᠦᠯ᠎ᠤᠨ ᠬᠠᠮᠵᠢᠯᠴᠠᠭ᠎ᠠ ᠪᠠ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠦᠨ ᠬᠥᠭ᠌ᠵᠢᠭᠦᠯᠵᠦ᠍᠂ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠠᠱᠢᠭ᠍ᠯᠠᠨ ᠬᠠᠮᠢᠶᠠᠷᠬᠤ᠂ ᠦᠶ᠋ᠯᠡᠴᠢᠯᠡᠭᠡ ᠬᠠᠩᠭᠠᠬᠤ ᠪᠠ ᠠᠷᠠᠳ᠎ᠲᠤ ᠠᠱᠢᠭ ᠬᠦᠷᠲᠡᠭᠡᠵᠦ᠍ ᠠᠷᠠᠳ᠎ᠲᠤ ᠲᠥᠬᠥᠮ ᠦᠵᠡᠭᠦᠯᠬᠦ᠌ ᠲᠠᠯ᠎ᠠ᠎ᠪᠠᠷ ᠴᠢᠬᠤᠯᠠ ᠶᠡᠬᠡ ᠳᠠᠪᠱᠢᠯᠲᠠ᠎ᠲᠠᠶ ᠪᠣᠯᠭᠠᠬᠤ ᠭᠡᠷᠡᠭᠲᠡᠢ᠃
《ᠨᠢᠭᠡ ᠨᠠᠰᠤᠲᠠᠨ ᠨᠢᠭᠡ ᠨᠢᠯᠬ᠎ᠠ》᠎ᠶ᠋ᠢᠨ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠦᠳᠡᠬᠦᠰ᠎ᠤᠨ ᠠᠵᠢᠯ᠎ᠢ ᠴᠢᠩᠭᠠᠳᠭᠠᠬᠤ ᠠᠷᠭ᠎ᠠ ᠬᠡᠮᠵᠢᠶ᠎ᠡ᠎ᠨᠦᠭᠦᠳ᠎ᠢ ᠲᠡᠭᠦᠯᠳᠡᠷᠵᠢᠭᠦᠯᠦᠨ ᠂ 《ᠤᠷᠢᠳᠴᠢᠯᠠᠨ ᠰᠡᠷᠭᠡᠢᠯᠡᠬᠦ᠌᠂ ᠡᠮᠨᠡᠨ ᠵᠠᠰᠠᠬᠤ᠂ ᠬᠠᠷᠠᠭᠠᠯᠵᠠᠨ ᠠᠰᠠᠷᠠᠬᠤ》 ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ ᠨᠠᠰᠤᠲᠠᠢᠴᠤᠳ᠎ᠤᠨ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡᠨ᠎ᠦ ᠵᠠᠭ᠍ᠪᠤᠷ᠎ᠢ ᠪᠠᠢᠭᠤᠯᠵᠤ᠂ ᠨᠠᠰᠤᠲᠠᠢᠴᠤᠳ᠎ᠤᠨ ᠡᠷᠡᠭᠦᠯ ᠮᠡᠨᠳᠦ᠍᠎ᠶ᠋ᠢᠨ ᠲᠤᠯᠭᠠᠭᠤᠷᠢᠯᠠᠬᠤ ᠱᠢᠰᠲ᠋ᠧᠮ᠎ᠢ ᠤᠯᠠᠮ ᠴᠢᠨᠠᠬᠰᠢᠳᠠ ᠱᠢᠯᠢᠳᠡᠭ᠌ᠵᠢᠭᠦᠯᠦᠨ᠂ 《 ᠨᠢᠭᠡ ᠨᠠᠰᠤᠲᠠᠨ ᠨᠢᠭᠡ ᠨᠢᠯᠬ᠎ᠠ》᠎ᠶ᠋ᠢᠨ ᠨᠥᠬᠥᠷᠰᠡᠭ ᠣᠷᠴᠢᠨ ᠲᠣᠭᠣᠷᠢᠨ᠎ᠤ ᠪᠠᠢᠭᠤᠯᠤᠯᠲᠠ᠎ᠶ᠋ᠢ ᠴᠢᠩᠭᠠᠷᠠᠭᠤᠯᠤᠨ᠎ᠠ᠃ ᠨᠠᠢᠳᠠᠵᠤ ᠰᠠᠭᠠᠲᠠᠭᠤᠯᠤᠨ ᠬᠥᠮᠦᠵᠢᠭᠦᠯᠬᠦ᠌ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠨᠱᠢᠭᠦᠯᠵᠦ᠍᠂ ᠨᠠᠢᠳᠠᠵᠤ ᠰᠠᠭᠠᠲᠠᠭᠤᠯᠤᠨ ᠬᠥᠮᠦᠵᠢᠭᠦᠯᠬᠦ᠌ ᠦᠶ᠋ᠯᠡᠴᠢᠯᠡᠭᠡᠨ᠎ᠦ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠂ ᠪᠠᠷᠢᠮᠵᠢᠶ᠎ᠠ᠎ᠶ᠋ᠢᠨ ᠵᠢᠷᠤᠮᠵᠢᠯ ᠵᠢᠴᠢ ᠢᠵᠢ ᠲᠥᠬᠥᠷᠵᠢᠬᠦᠯᠦᠭᠰᠡᠨ ᠳᠦᠬᠦᠬᠡᠷᠤᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠲᠡᠭᠦᠯᠳᠡᠷᠵᠢᠭᠦᠯᠬᠦ ᠭᠡᠷᠡᠭᠲᠡᠢ᠃ ᠭᠤᠷᠪᠠᠨ ᠬᠡᠦᠬᠡᠳ ᠠᠪᠴᠤ᠌ ᠪᠣᠯᠬᠤ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠭᠡᠷᠡᠭᠲᠡᠢ᠃
ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ)᠎ᠶ᠋ᠢ ᠮᠠᠨᠳᠤᠭᠤᠯᠤᠨ ᠬᠥᠭ᠌ᠵᠢᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠬᠢᠲᠠᠳ ᠡᠮ ᠡᠮᠨᠡᠯᠭᠡ(ᠮᠣᠩᠭᠣᠯ ᠡᠮ ᠡᠮᠨᠡᠯᠭᠡ) ᠶ᠋ᠢᠨ ᠣᠨᠴᠠᠯᠢᠭ᠍ᠲᠤ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠡᠢᠲᠡᠯᠡᠨ᠂ ᠵᠠᠰᠠᠭ᠎ᠤᠨ ᠣᠷᠳᠣᠨ᠎ᠤ ᠣᠷᠣᠭᠤᠯᠤᠯᠲᠠ᠂ ᠡᠮ ᠡᠮᠨᠡᠯᠭᠡ ᠵᠢᠨ ᠳᠠᠭᠠᠳᠭᠠᠯ᠎ᠤᠨ ᠳᠡᠮᠵᠢᠯᠭᠡ᠂ ᠴᠢᠳᠠᠪᠤᠷᠢᠲᠠᠨ᠎ᠢ ᠬᠥᠮᠦᠵᠢᠭᠦᠯᠬᠦ᠌᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌᠂ ᠰᠣᠶᠣᠯ᠎ᠢ ᠤᠯᠠᠮᠵᠢᠯᠠᠨ ᠳᠡᠯᠭᠡᠷᠡᠭᠦᠯᠬᠦ᠌ ᠵᠡᠷᠭᠡ ᠲᠠᠯ᠎ᠠ᠎ᠪᠠᠷ ᠬᠦᠴᠦᠯᠡᠵᠦ᠍᠂ ᠬᠢᠲᠠᠳ ᠡᠮ ᠡᠮᠨᠡᠯᠭᠡ(ᠮᠣᠩᠭᠣᠯ ᠡᠮ ᠡᠮᠨᠡᠯᠭᠡ) ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ ᠭᠡᠷᠡᠭᠲᠡᠢ᠃ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌ ᠲᠥᠪ᠂ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠂ ᠬᠢᠲᠠᠳ ᠡᠮᠨᠡᠯᠭᠡ(ᠮᠣᠩᠭᠣᠯ ᠡᠮᠨᠡᠯᠭᠡ ) ᠶ᠋ᠢᠨ ᠣᠨᠴᠠᠯᠢᠭ᠍ᠲᠤ ᠭᠤᠤᠯᠳᠠᠯᠭ᠎ᠠ᠎ᠲᠠᠶ ᠡᠮᠨᠡᠯᠭᠡ᠎ᠶ᠋ᠢᠨ ᠬᠣᠷᠢᠶ᠎ᠠ᠂ ᠬᠢᠲᠠᠳ(ᠮᠣᠩᠭᠣᠯ)ᠧᠦ᠋ᠷᠣᠫᠠ ᠡᠮᠨᠡᠯᠭᠡ᠎ᠶ᠋ᠢ ᠬᠠᠮᠵᠢᠯᠴᠠᠭᠤᠯᠬᠤ ᠬᠣᠱᠢᠭᠤᠴᠢ ᠡᠮᠨᠡᠯᠭᠡ᠎ᠶ᠋ᠢᠨ ᠬᠣᠷᠢᠶ᠎ᠠ᠎ᠶ᠋ᠢ ᠪᠠᠢᠷᠢᠯᠠᠭᠤᠯᠤᠨ ᠪᠠᠢᠭᠤᠯᠵᠤ᠂ ᠬᠢᠲᠠᠳ ᠡᠮᠨᠡᠯᠭᠡ(ᠮᠣᠩᠭᠣᠯ ᠡᠮᠨᠡᠯᠭᠡ) ᠶ᠋ᠢᠨ ᠡᠮᠨᠡᠯᠭᠡ᠎ᠶ᠋ᠢᠨ ᠬᠣᠷᠢᠶ᠎ᠠ᠎ᠪᠠᠷ ᠲᠦᠷᠦᠭᠦᠯᠡᠭᠦᠯᠦᠭ᠌ᠰᠡᠨ ᠨᠢᠭ᠍ᠲᠠᠷᠬᠠᠰᠠᠨ ᠬᠡᠯᠪᠡᠷᠢ᠎ᠶ᠋ᠢᠨ ᠡᠮᠴᠢᠯᠡᠭᠡᠨ᠎ᠦ ᠬᠣᠯᠪᠣᠭᠠᠲᠤ ᠴᠣᠭ᠍ᠴᠠ᠎ᠶ᠋ᠢ ᠬᠥᠭ᠌ᠵᠢᠭᠦᠯᠦᠨ᠂ ᠬᠢᠲᠠᠳ ᠡᠮᠨᠡᠯᠭᠡ(ᠮᠣᠩᠭᠣᠯ ᠡᠮᠨᠡᠯᠭᠡ)᠎ᠶ᠋ᠢᠨ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠱᠢᠰᠲ᠋ᠧᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠬᠢᠲᠠᠳ ᠡᠮ ᠡᠮᠨᠡᠯᠭᠡ(ᠮᠣᠩᠭᠣᠯ ᠡᠮ ᠡᠮᠨᠡᠯᠭᠡ)᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ ᠭᠡᠷᠡᠭᠲᠡᠢ᠃
ᠤᠷᠢᠳ ᠡᠮᠦᠨ᠎ᠡ ᠪᠠᠢᠭ᠎ᠠ ᠦᠭᠡᠢ ᠲᠠᠨᠢᠯᠲᠠ᠎ᠶ᠋ᠢᠨ ᠦᠨᠳᠦᠷᠴᠡ ᠡᠴᠡ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠬᠦᠷᠢᠶᠡᠨ᠎ᠳᠡᠬᠢ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠪᠠ ᠬᠠᠮᠢᠶᠠᠷᠤᠯᠲᠠ᠎ᠶ᠋ᠢᠨ ᠪᠠᠷᠢᠮᠵᠢᠶᠠᠵᠢᠭᠤᠯᠤᠯᠲᠠ᠎ᠶ᠋ᠢ ᠠᠬᠢᠭᠤᠯᠬᠤ ᠭᠡᠷᠡᠭᠲᠡᠢ᠃ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠶᠡᠷᠦᠩᠬᠡᠢᠯᠡᠭ᠌ᠰᠡᠨ ᠬᠢᠨᠠᠨ ᠬᠠᠮᠢᠶᠠᠷᠬᠤ ᠡᠭᠦᠷᠭᠡ ᠴᠢᠳᠠᠪᠬᠢ᠎ᠶ᠋ᠢ ᠴᠢᠩᠭᠠᠷᠠᠭᠤᠯᠵᠤ᠂ ᠬᠠᠤᠯᠢ ᠬᠡᠷᠡᠭ᠌ᠵᠢᠭᠦᠯᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠭᠡᠷᠡᠭᠲᠡᠢ᠃