ᠣᠷᠳᠣᠰ᠄ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠵᠦ᠍ ᠬᠦᠴᠢᠷ ᠠᠰᠠᠭᠤᠳᠠᠯ᠎ᠢ ᠰᠢᠢᠳᠪᠦᠷᠢᠯᠡᠨ ᠰᠢᠨ᠎ᠠ ᠠᠶᠠᠨ ᠳ᠋ᠠᠭᠠᠨ ᠤᠮᠤᠬ ᠵᠢᠪᠬᠤᠯᠠᠩ ᠤᠷᠤᠬᠰᠢᠯᠠᠨ᠎ᠠ
2022-01-13 09:46:18
ᠵᠣᠬᠢᠶᠠᠭ᠍ᠴᠢ᠄
ᠸᠠᠩ ᠢᠦᠶ ᠵᠦᠸᠸ ᠵᠠᠩ ᠱᠢᠶᠤᠤ ᠶᠠᠨ
ᠣᠩᠱᠢᠭ᠍ᠰᠠᠨ ᠣᠳᠠᠭ᠎ᠠ᠄
★★★☆☆

ᠰᠢᠨ᠎ᠡ ᠤᠨ᠎ᠤ ᠭᠠᠷᠤᠭᠠᠨ ᠳ᠋ᠦ᠂ ᠰᠤᠷᠪᠤᠯᠵᠢᠯᠠᠭ᠍ᠴᠢ ᠵᠡᠭᠦᠨᠭᠠᠷ ᠬᠣᠱᠢᠭᠤᠨ᠎ᠤ ᠵᠡᠭᠦᠨᠭᠠᠷ᠎ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠲᠤ ᠬᠦᠷᠬᠦ ᠳ᠋ᠦ᠂ ᠥᠪᠥᠷ ᠮᠣᠩᠭᠣᠯ᠎ᠤᠨ ᠲᠢᠶᠧ ᠴᠧᠨ ᠤᠶᠤᠨᠲᠤ ᠲᠣᠨᠣᠭ᠍ᠯᠠᠯ᠎ᠤᠨ ᠬᠢᠵᠠᠭᠠᠷᠲᠤ ᠺᠣᠮᠫᠠᠨᠢ᠎ᠶ᠋ᠢᠨ 5G ᠵᠢᠯᠣᠭᠣᠴᠢ ᠥᠬᠡᠶ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠬᠤᠶ ᠲᠠᠯᠠᠪᠠᠶ᠎ᠳᠤ᠂ ᠴᠣ ᠱᠢᠨ᠎ᠡ ᠣᠶᠤᠨᠴᠢᠯᠠᠭ᠍ᠰᠠᠨ ᠦᠶ᠋ᠯᠡᠳᠪᠦᠷᠢᠯᠡᠯ᠎ᠦᠨ ᠱᠤᠭᠤᠮ ᠨᠢᠭᠡᠨᠲᠡ ᠠᠱᠢᠭ᠍ᠯᠠᠯᠲᠠ᠎ᠳᠤ ᠣᠷᠣᠵᠤ᠂ 2 ᠴᠣ ᠱᠢᠨ᠎ᠡ ᠴᠠᠬᠢᠯᠭᠠᠨ ᠬᠥᠳᠡᠯᠭᠡᠭᠦᠷᠲᠦ ᠵᠢᠯᠣᠭᠣᠴᠢ ᠥᠬᠡᠶ ᠠᠭᠤᠷᠬᠠᠶ᠎ᠳ᠋ᠤ ᠬᠡᠷᠡᠭ᠌ᠯᠡᠭᠦ ᠲᠡᠷᠭᠡ  ᠶᠠᠭᠠᠷᠠᠯᠳᠠᠢ ᠠᠵᠢᠯᠯᠠᠵᠤ ᠪᠠᠢᠬᠤ ᠵᠢ ᠤᠯᠵᠥ ᠬᠠᠷᠠᠪᠠ᠃

《5G ᠵᠢᠯᠣᠭᠣᠴᠢ ᠥᠬᠡᠶ ᠱᠢᠨ᠎ᠡ ᠡᠨᠧᠷᠭᠢ᠎ᠶ᠋ᠢᠨ ᠠᠭᠤᠷᠬᠠᠶ᠎ᠳᠤ ᠬᠡᠷᠡᠭ᠌ᠯᠡᠬᠦ᠌ ᠲᠡᠷᠭᠡ᠎ᠶ᠋ᠢᠨ ᠲᠥᠷᠥᠯ ᠵᠦᠶ᠋ᠯ᠎ᠳᠦ ᠨᠡᠢᠲᠡ 10 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠲᠥᠷᠥᠯ ᠵᠦᠶ᠋ᠯ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠡᠨᠧᠷᠭᠢ ᠠᠷᠪᠢᠯᠠᠵᠤ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠳᠠ᠎ᠶ᠋ᠢ ᠪᠠᠭᠠᠰᠭᠠᠬᠤ ᠬᠤᠷᠤᠬᠳᠠᠯ᠎ᠢ ᠪᠠᠭᠠᠰᠬᠠᠬᠤ᠎ᠶ᠋ᠢ ᠪᠦᠲᠦᠮᠵᠢᠲᠡᠶ ᠪᠡᠶᠡᠯᠡᠭᠦᠯᠬᠦ᠌᠎ᠶ᠋ᠢᠨ ᠬᠠᠮᠲᠤ ᠵᠠᠳᠠᠭᠠᠶ ᠨᠡᠭᠦᠷᠡᠰᠦᠨ ᠠᠭᠤᠷᠬᠠᠶ᠎ᠶ᠋ᠢᠨ ᠠᠵᠢᠯᠴᠢᠨ ᠡᠯᠰᠡᠬᠦ᠌᠎ᠳᠦ ᠬᠦᠴᠢᠷᠲᠡᠶ᠂ ᠠᠵᠢᠯᠴᠢᠨ ᠬᠡᠷᠡᠭ᠌ᠯᠡᠬᠦ᠌᠎ᠳᠦ ᠬᠦᠴᠢᠷᠲᠡᠶ ᠪᠠ ᠠᠮᠤᠷ ᠲᠦᠪᠱᠢᠨ᠎ᠦ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠥ ᠴᠢᠳᠠᠨ᠎ᠠ᠃ ᠪᠢᠳᠡᠨ᠎ᠦ 5G ᠵᠢᠯᠣᠭᠣᠴᠢ ᠦᠭᠡᠢ ᠱᠢᠨ᠎ᠡ ᠡᠨᠧᠷᠭᠢ᠎ᠶ᠋ᠢᠨ ᠮᠡᠷᠭᠡᠵᠢᠯ ᠨᠢᠭᠡᠨᠲᠡ ᠮᠠᠰᠢ ᠪᠣᠯᠪᠠᠰᠤᠷᠠᠩᠭᠤᠶ ᠪᠣᠯᠵᠤ᠂ ᠵᠠᠬ᠎ᠠ ᠳᠡᠯᠭᠡᠭᠦᠷ᠎ᠦᠨ ᠢᠷᠡᠭᠡᠳᠦᠶ ᠮᠠᠰᠢ ᠥᠷᠭᠡᠨ ᠠᠭᠤᠳᠠᠮ ᠪᠠᠢᠨ᠎ᠠ》 ᠬᠡᠵᠥ 1 ᠰᠠᠷ᠎ᠠ᠎ᠶ᠋ᠢᠨ 11 ᠎ᠤ᠋ ᠡᠳᠦᠷ᠂ ᠥᠪᠥᠷ ᠮᠣᠩᠭᠣᠯ᠎ᠤᠨ ᠲᠢᠶᠧ ᠴᠧᠨ ᠤᠶᠤᠨᠲᠤ ᠲᠣᠨᠣᠭ᠍ᠯᠠᠯ᠎ᠤᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠼᠦᠢ ᠸᠧᠨ ᠢᠦᠢ ᠲᠠᠨᠢᠯᠴᠠᠭᠤᠯᠤᠨ᠎ᠠ᠃

ᠡᠨᠡ ᠪᠣᠯ ᠤᠷᠳᠤᠰ ᠬᠤᠳᠠ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠵᠥ  ᠬᠦᠴᠢᠷ ᠠᠰᠠᠭᠤᠳᠠᠯ᠎ᠢ ᠱᠢᠢᠳᠪᠦᠷᠢᠯᠡᠨ ᠡᠷᠴᠢᠮᠳᠠᠢ ᠠᠵᠢᠯᠯᠠᠵᠤ ᠪᠠᠢᠭ᠎ᠠ ᠪᠣᠳᠠᠲᠠᠢ ᠦᠢᠯᠡᠳᠦᠯᠭᠡ ᠪᠣᠯᠤᠨ᠎ᠠ᠃

2021 ᠣᠨ᠎ᠤ 9 ᠰᠠᠷ᠎ᠠ᠎ᠶ᠋ᠢᠨ 24 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠷᠳᠣᠰ ᠬᠣᠲᠠ᠎ᠶ᠋ᠢᠨ ᠲᠠᠪᠤᠳᠤᠭᠠᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠵᠤ᠂ ᠠᠮᠢ ᠠᠬᠤᠶ᠎ᠶ᠋ᠢ ᠠᠱᠢᠭ᠍ᠯᠠᠬᠤ ᠬᠡᠯᠪᠡᠷᠢ᠎ᠶ᠋ᠢᠨ᠂ ᠡᠷᠬᠢᠯᠳᠡᠳᠦ ᠥᠨᠳᠥᠷ ᠪᠦᠲᠦᠮᠵᠢᠲᠡᠶ ᠬᠡᠯᠪᠡᠷᠢ᠎ᠶ᠋ᠢᠨ᠂ ᠪᠠᠭ᠎ᠠ ᠨᠡᠭᠦᠷᠡᠰᠦᠲᠥ᠋ᠷᠥᠭ᠌ᠴᠢᠲᠦ ᠴᠡᠪᠡᠷ ᠡᠨ᠋ᠸᠷᠬᠢ ᠵᠢᠨ ᠬᠡᠯᠪᠡᠷᠢ᠎ᠶ᠋ᠢᠨ ᠪᠠ ᠣᠷᠴᠢᠨ ᠲᠣᠭᠣᠷᠢᠨ᠎ᠢ ᠵᠠᠰᠠᠬᠤ ᠬᠡᠯᠪᠡᠷᠢ᠎ᠶ᠋ᠢᠨ ᠵᠡᠷᠭᠡ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂《ᠬᠤᠤᠰ ᠨᠡᠭᠦᠷᠡᠰᠦᠲᠥ᠋ᠷᠥᠭ᠌ᠴᠢ》 ᠲᠠᠢ ᠬᠣᠯᠪᠣᠭ᠍ᠳᠠᠬᠤ ᠠᠵᠤ ᠦᠶ᠋ᠯᠡᠰ᠎ᠦᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠵᠤ᠂ ᠤᠯᠤᠰ᠎ᠤᠨ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠪᠣᠯᠤᠨ ᠪᠣᠬᠢᠷᠲᠤᠯ ᠥᠬᠡᠶ ᠮᠡᠷᠭᠡᠵᠢᠯ᠎ᠦᠨ ᠴᠢᠬᠤᠯᠠ ᠭᠤᠯᠤᠮᠳᠠ᠎ᠶ᠋ᠢ ᠢᠳᠡᠪᠬᠢᠲᠡᠶ ᠪᠥᠲᠥᠭᠡᠨ ᠪᠠᠢᠭᠤᠯᠤᠨ᠎ᠠ ᠭᠡᠵᠦ᠍ ᠳᠤᠷᠠᠳᠪᠠ᠃

2021 ᠣᠨ᠎ᠤ 9 ᠰᠠᠷ᠎ᠠ᠎ᠶ᠋ᠢᠨ 28᠎ᠡᠴᠡ 29 ᠤ᠋ ᠡᠳᠦᠷ ᠪᠣᠯᠲᠠᠯ᠎ᠠ᠂ 《ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠪᠡᠷ ᠬᠥᠮᠦᠨ ᠬᠢᠭᠡᠳ ᠪᠠᠢᠭᠠᠯᠢ᠎ᠶ᠋ᠢᠨ ᠠᠮᠢ ᠨᠠᠰᠤᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠤᠶ᠎ᠠ》ᠭᠡᠬᠦ᠌᠎ᠪᠡᠷ ᠭᠣᠣᠯ ᠰᠡᠳᠦᠪ ᠪᠣᠯᠭᠠᠭ᠍ᠰᠠᠨ ᠨᠠᠢ᠍ᠮᠠᠳᠤᠭᠠᠷ ᠬᠤᠭᠤᠴᠠᠭᠠᠨ᠎ᠤ ᠬᠥᠪᠴᠢ᠎ᠶ᠋ᠢᠨ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠬᠤᠷᠠᠯᠳᠤᠪᠠ᠃ ᠶᠠᠷᠢᠶᠠᠨ᠎ᠤ ᠲᠠᠪᠴᠠᠩ ᠳ᠋ᠦ 20 ᠭᠠᠷᠤᠢ ᠤᠯᠤᠰ ᠪᠣᠯᠤᠨ ᠭᠠᠵᠠᠷ ᠣᠷᠣᠨ᠎ᠤ 400 ᠭᠠᠷᠤᠢ ᠵᠣᠴᠢᠳ ᠢᠷᠡᠵᠤ᠂ ᠨᠢᠭᠡ ᠪᠦᠯᠦᠭ ᠪᠣᠳᠠᠲᠠᠢ᠎ᠶ᠋ᠢ ᠡᠷᠬᠢᠮᠯᠡᠭ᠌ᠰᠡᠨ ᠪᠦᠲᠦᠮᠵᠢᠲᠡᠢ ᠡᠷᠳᠡᠮ ᠱᠢᠨᠵᠢᠯᠡᠭᠡᠨ᠎ᠦ ᠦᠷ᠎ᠡ ᠪᠦᠲᠦᠭᠡᠯ ᠪᠣᠯᠤᠨ ᠲᠤᠩᠬᠠᠭ᠎ᠤᠨ ᠰᠠᠨᠠᠭᠠᠴᠢᠯᠠᠭ᠎ᠠ᠎ᠶ᠋ᠢ ᠪᠦᠷᠢᠯᠳᠦᠭᠦᠯᠵᠦ᠍᠂ 5 ᠵᠦᠢᠯ᠎ᠦᠨ ᠴᠢᠬᠤᠯᠠ ᠬᠠᠮᠲᠤ᠎ᠶ᠋ᠢᠨ ᠲᠠᠨᠢᠯᠲᠠ᠎ᠲᠠᠶ ᠪᠣᠯᠵᠠᠢ᠃

2021 ᠣᠨ᠎ᠤ 10 ᠰᠠᠷ᠎ᠠ᠎ᠶ᠋ᠢᠨ 12 ᠤ᠋ᠨ ᠡᠳᠦᠷ᠂ 《2021 ᠣᠷᠳᠣᠰ᠎ᠤᠨ ᠨᠡᠭᠦᠷᠡᠰᠦᠲᠥ᠋ᠷᠥᠭ᠌ᠴᠢ ᠦᠯᠦ ᠭᠠᠳᠠᠬᠰᠢᠯᠠᠭᠤᠯᠬᠤ ᠠᠵᠤ ᠦᠶ᠋ᠯᠡᠰ᠎ᠦᠨ ᠲᠦᠷᠦᠭᠦᠴᠦᠳ᠎ᠦᠨ ᠬᠤᠷᠠᠯ》ᠳᠡᠭᠡᠷ᠎ᠡ᠂ ᠪᠥᠬᠥ᠌ ᠳᠡᠯᠡᠬᠡᠶ᠎ᠶ᠋ᠢᠨ ᠠᠩᠬᠠᠳᠠᠭ᠍ᠴᠢ ᠨᠡᠭᠦᠷᠡᠰᠦᠲᠥ᠋ᠷᠥᠭ᠌ᠴᠢ ᠦᠯᠦ ᠭᠠᠳᠠᠬᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ — ᠶᠤᠸᠠᠨ ᠵᠢᠩ ᠨᠡᠭᠦᠷᠡᠰᠦᠲᠥ᠋ᠷᠥᠭ᠌ᠴᠢ ᠦᠯᠦ ᠭᠠᠳᠠᠬᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ ᠥᠪᠥᠷ ᠮᠣᠩᠭᠣᠯ ᠵᠢᠶᠠᠩᠰᠦ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠵᠢᠶᠠᠩᠰᠦ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠳᠦ ᠪᠠᠢᠭᠤᠯᠤᠭ᠍ᠳᠠᠪᠠ ᠁

ᠱᠢᠨ᠎ᠡ᠎ᠶ᠋ᠢ ᠡᠭᠦᠳᠴᠦ᠍ ᠬᠡᠯᠪᠡᠷᠢ᠎ᠪᠡᠨ ᠬᠤᠪᠢᠷᠠᠭᠤᠯᠤᠨ ᠪᠣᠬᠢᠷᠲᠤᠯ ᠦᠭᠡᠢ ᠬᠥᠭ᠌ᠵᠢᠭᠦᠯᠵᠦ᠍᠂ ᠤᠷᠢᠨ ᠬᠠᠪᠤᠷ᠎ᠤᠨ ᠢᠷᠠᠭᠤ ᠬᠠᠭᠤᠳᠠᠰᠤ᠎ᠶ᠋ᠢ ᠪᠢᠴᠢᠭ᠌ᠯᠡᠨ᠂ ᠡᠷᠡᠮᠡᠬᠡᠢᠯᠡᠨ ᠤᠷᠤᠭ᠍ᠰᠢᠯᠠᠬᠤ ᠪᠦᠷᠢᠶ᠎ᠠ ᠬᠠᠩᠭᠢᠨᠠᠭᠤᠯᠤᠨ᠎ᠠ᠃ ᠡᠨᠡ ᠪᠣᠯ ᠤᠷᠳᠤᠰ᠎ᠤᠨ ᠪᠦᠬᠦ᠌ ᠠᠵᠤ ᠦᠢᠯᠡᠰ᠎ᠦᠨ《ᠪᠣᠬᠢᠷᠲᠤᠯ ᠦᠭᠡᠢ ᠬᠡᠯᠬᠢᠶ᠎ᠡ》 ᠵᠢ ᠪᠠᠢᠭᠤᠯᠬᠤ᠎ᠶ᠋ᠢ ᠠᠬᠢᠭᠤᠯᠬᠤ ᠪᠣᠳᠠᠲᠠᠢ ᠲᠡᠮᠳᠡᠭ᠌ᠯᠡᠯ ᠪᠣᠯᠬᠤ ᠪᠥᠭᠡᠳ ᠪᠦᠬᠦ᠌ ᠬᠦᠴᠦᠨ᠎ᠢᠶᠡᠷ᠎ᠢᠶᠡᠨ《ᠪᠣᠬᠢᠷᠲᠤᠯ ᠦᠭᠡᠢ》ᠳᠡᠢᠰᠢ ᠤᠷᠤᠬᠰᠢᠯᠠᠬᠤ ᠢᠳᠡᠷᠡᠭᠦᠨ ᠠᠯᠬᠤᠭ᠎ᠠ ᠪᠣᠯᠤᠨ᠎ᠠ᠃

ᠣᠷᠳᠣᠰ ᠬᠤᠳᠠ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠠᠪᠴᠢᠷᠠᠭ᠍ᠰᠠᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠴᠢᠩᠭ᠎ᠠ ᠠᠳᠭᠤᠵᠤ᠂ ᠡᠨᠧᠷᠭᠢ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ᠎ᠪᠠᠷ ᠠᠵᠤ ᠦᠢᠯᠡᠰ᠎ᠦᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢᠨ ᠠᠯᠬᠤᠭ᠎ᠠ᠎ᠶ᠋ᠢ ᠳᠠᠢᠴᠢᠯᠠᠵᠤ᠂ ᠮᠢᠩᠭᠠᠨ ᠳ᠋ᠦᠩᠱᠢᠭᠤᠷ᠎ᠤᠨ ᠠᠵᠤ ᠦᠶ᠋ᠯᠡᠰ᠎ᠦᠨ ᠪᠦᠯᠦᠭ᠌ᠵᠢᠯ᠎ᠢ ᠪᠠᠢᠭᠤᠯᠵᠤ᠂ ᠮᠢᠩᠭᠠᠨ ᠳ᠋ᠦᠩᠱᠢᠭᠤᠷ᠎ᠤᠨ ᠪᠦᠲᠦᠮᠵᠢᠲᠡᠢ ᠪᠡᠯᠡ ᠣᠷᠣᠭᠤᠯᠤᠯᠲᠠ᠂ ᠮᠢᠩᠭᠠᠨ ᠳ᠋ᠦᠩᠱᠢᠭᠤᠷ ᠪᠣᠳᠠᠲᠤ ᠬᠦᠴᠦᠨ᠎ᠲᠡᠶ ᠬᠣᠱᠢᠭᠤ ᠲᠣᠭᠣᠷᠢᠭ᠂ ᠮᠢᠩᠭᠠᠨ ᠳ᠋ᠦᠩᠱᠢᠭᠤᠷ᠎ᠤᠨ ᠦᠶ᠋ᠯᠡᠳᠬᠦᠨ᠎ᠦ ᠥᠷᠲᠡᠭ᠎ᠦᠨ ᠬᠦᠷᠢᠶᠡᠯᠡᠩ ᠲᠣᠭᠣᠷᠢᠭ᠎ᠢᠶᠠᠷ ᠲᠤᠯᠭᠠᠭᠤᠷᠢ ᠪᠣᠯᠭᠠᠵᠤ᠂ ᠣᠯᠠᠨ ᠴᠡᠭ ᠣᠯᠠᠨ ᠲᠤᠢᠯ ᠬᠠᠮᠵᠢᠯᠴᠠᠨ ᠬᠦᠴᠦᠯᠡᠵᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ《ᠰᠠᠯᠬᠢ ᠭᠡᠷᠡᠯ ᠤᠰᠤᠲᠥ᠋ᠷᠥᠭ᠌ᠴᠢ ᠡᠨ᠋ᠸᠷᠬᠢ ᠨᠦᠭᠡᠴᠡᠯᠡᠬᠦ ᠲᠡᠷᠭᠡ》 ᠶ᠋ᠢᠨ ᠪᠦᠬᠦ᠌ ᠬᠡᠯᠬᠢᠶᠡᠨ᠎ᠦ ᠬᠥᠭ᠌ᠵᠢᠯᠲᠡ᠎ᠶ᠋ᠢ ᠠᠬᠢᠭᠤᠯᠵᠤ᠂ ᠶᠤᠸᠠᠨ ᠵᠢᠩ᠂ ᠰᠢᠶᠸ ᠰᠢᠨ᠂ ᠭᠦᠸᠧ ᠬᠣᠩ ᠤᠰᠤᠲᠥ᠋ᠷᠥᠭ᠌ᠴᠢ ᠡᠨᠧᠷᠭᠢ᠂ ᠱᠠᠩᠬᠠᠶ᠎ᠶ᠋ᠢᠨ ᠮᠠᠱᠢᠨ ᠲᠡᠷᠭᠡᠨ᠎ᠦ ᠬᠣᠩ ᠶᠠᠨ ᠵᠡᠷᠭᠡ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠵᠤ ᠠᠬᠤᠢᠯᠠᠯ᠎ᠤᠨ ᠲᠥᠷᠥᠯ ᠵᠦᠶ᠋ᠯ᠎ᠢ ᠨᠠᠢᠳᠠᠪᠤᠷᠢᠵᠢᠭᠤᠯᠵᠤ ᠠᠵᠢᠯ ᠡᠬᠢᠯᠡᠭᠦᠯᠵᠤ᠂ ᠨᠡᠭᠦᠷᠡᠰᠦᠨ᠎ᠦ ᠪᠤᠰᠤ ᠦᠶ᠋ᠯᠡᠰ᠎ᠦᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 9.5% ᠎ᠪᠠᠷ ᠨᠡᠮᠡᠭ᠌ᠳᠡᠵᠤ᠂ ᠡᠬᠢ ᠪᠠᠶᠠᠯᠢᠭ᠎ᠤᠨ ᠬᠡᠯᠪᠡᠷᠢ᠎ᠶ᠋ᠢᠨ ᠬᠣᠲᠠ᠎ᠶ᠋ᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠬᠡᠯᠪᠡᠷᠢ᠎ᠶ᠋ᠢ ᠬᠤᠪᠢᠷᠠᠭᠤᠯᠬᠤ ᠱᠢᠨ᠎ᠡ ᠠᠷᠭ᠎ᠠ ᠵᠠᠮ᠎ᠢ ᠪᠦᠷᠢᠯᠳᠦᠭᠦᠯᠪᠠ᠃

ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠲᠠᠢᠰᠢ ᠬᠦᠭᠵᠢᠬᠦ᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠡᠷᠢᠬᠦᠨ ᠪᠠᠢᠷᠢᠨ᠎ᠳᠤ ᠲᠠᠯᠪᠢᠬᠤ ᠭᠡᠷᠡᠭᠳᠠᠢ᠃ ᠣᠷᠳᠣᠰ ᠬᠣᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠪᠤᠯᠭᠠᠨ ᠬᠤᠪᠢᠷᠠᠭᠤᠯᠬᠤ᠎ᠳᠤ ᠬᠦᠴᠦ ᠨᠡᠮᠡᠷᠢᠯᠡᠵᠦ᠍ ᠪᠠᠢᠨ᠎ᠠ᠃ 2021 ᠣᠨ᠎ᠳᠤ᠂ ᠱᠢᠨ᠎ᠡ᠎ᠪᠡᠷ ᠨᠡᠮᠡᠭ᠌ᠳᠡᠭ᠌ᠰᠡᠨ ᠳᠡᠭᠡᠳᠦ ᠱᠢᠨ᠎ᠡ ᠮᠡᠷᠭᠡᠵᠢᠯ᠎ᠦᠨ 36 ᠠᠵᠤ ᠠᠬᠤᠢᠯᠠᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ 59 ᠳᠤᠮᠳᠠ ᠪᠠᠭ᠎ᠠ ᠠᠵᠤ ᠠᠬᠤᠢᠯᠠᠯ᠂ 《ᠬᠤᠶᠠᠷ᠎ᠢ ᠪᠡᠶᠡᠯᠡᠬᠦᠯᠵᠤ ᠨᠢᠭᠡ ᠵᠢ ᠠᠷᠢᠯᠭᠠᠬᠤ》ᠬᠡᠪᠴᠢᠶᠡᠵᠢᠯ᠎ᠡᠴᠡ ᠳᠡᠭᠡᠭ᠌ᠰᠢᠬᠢ 40 ᠠᠵᠤ ᠠᠬᠤᠢᠯᠠᠯ ᠪᠠᠢᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠦᠷᠭᠦᠯᠵᠢᠯᠡᠨ ᠪᠠᠳᠠᠷᠠᠪᠠ᠃

ᠤᠷᠳᠤᠰ᠎ᠲᠤ᠂ 《ᠬᠣᠣᠰ ᠨᠡᠭᠦᠷᠡᠰᠦᠲᠥ᠋ᠷᠥᠭ᠌ᠴᠢ》ᠵᠢᠨ ᠠᠷᠤ᠎ᠳᠠᠬᠢ ᠪᠣᠬᠢᠷᠲᠤᠯ ᠦᠭᠡᠢ ᠬᠥᠭ᠌ᠵᠢᠯᠲᠡ ᠨᠢ ᠬᠡᠢᠰᠪᠦᠷᠢ ᠤᠬᠠᠭ᠍ᠳᠠᠬᠤᠨ ᠪᠢᠰᠢ᠂ ᠬᠠᠷᠢᠨ ᠡᠨᠧᠷᠭᠢ᠎ᠶ᠋ᠢᠨ ᠪᠦᠲᠦᠴᠡ᠎ᠶ᠋ᠢᠨ ᠤᠯᠠᠨ ᠬᠡᠮᠵᠢᠯᠳᠦ ᠳᠡᠭᠡᠭ᠌ᠰᠢᠯᠡᠯᠲᠡ᠂ ᠡᠨᠧᠷᠭᠢ᠎ᠶ᠋ᠢᠨ ᠠᠵᠤ ᠦᠢᠯᠡᠰ᠎ᠦᠨ ᠲᠡᠰ ᠲᠡᠪᠱᠢᠯᠳᠠ᠎ᠶ᠋ᠢᠨ ᠬᠤᠪᠢᠷᠠᠯᠲᠠ ᠪᠣᠯᠤᠨ᠎ᠠ᠃

2021 ᠣᠨ᠎ᠤ 10 ᠰᠠᠷ᠎ᠠ᠎ᠶ᠋ᠢᠨ 10 ᠎ᠤ᠋ ᠡᠳᠦᠷ᠂ ᠣᠷᠳᠣᠰ ᠬᠣᠲᠠ᠎ᠳᠤ ᠶᠠᠪᠤᠭ᠍ᠳᠠᠭ᠍ᠰᠠᠨ ᠤᠯᠤᠰ᠎ᠤᠨ ᠨᠡᠭᠦᠷᠡᠰᠦᠨ᠎ᠦ ᠭᠠᠷᠤᠯᠲᠠ᠎ᠶ᠋ᠢ ᠨᠡᠮᠡᠭ᠌ᠳᠡᠭᠦᠯᠵᠦ᠍ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ ᠨᠠᠢᠳᠠᠪᠤᠷᠢᠵᠢᠭᠤᠯᠬᠤ ᠳᠤᠮᠳᠠ ᠣᠷᠳᠣ ᠬᠤᠭᠤᠴᠠᠭᠠᠨ᠎ᠤ ᠭᠡᠷ᠎ᠡ ᠲᠣᠭ᠍ᠲᠠᠬᠤ ᠶᠣᠰᠣᠯᠠᠯ ᠳᠡᠭᠡᠷ᠎ᠡ᠂ ᠣᠷᠳᠣᠰ ᠬᠣᠲᠠ᠎ᠶ᠋ᠢᠨ 40 ᠨᠡᠭᠦᠷᠡᠰᠦᠨ᠎ᠦ ᠠᠵᠤ ᠠᠬᠤᠢᠯᠠᠯ ᠬᠢᠭᠡᠳ ᠠᠵᠢᠯ ᠲᠦᠷᠦᠯ ᠵᠢᠡᠷ ᠵᠢᠡᠨ ᠬᠠᠩᠭᠠᠯᠭ᠎ᠠ᠎ᠶ᠋ᠢ ᠪᠠᠲᠤᠯᠠᠬᠤ ᠬᠠᠷᠠᠮᠥ᠋ᠷᠡᠨ ᠮᠤᠵᠢ᠂ ᠭᠢᠷᠢᠨ ᠮᠤᠵᠢ᠂ ᠯᠢᠶᠣᠤᠨᠢᠩ ᠮᠤᠵᠢ᠂ ᠲᠢᠶᠠᠨᠵᠢᠨ ᠬᠣᠲᠠ ᠵᠡᠷᠭᠡ 18 ᠮᠤᠵᠢ ᠣᠷᠣᠨ ᠬᠣᠲᠠ᠂ 63 ᠨᠡᠭᠦᠷᠡᠰᠦᠨ᠎ᠦ ᠠᠵᠤ ᠠᠬᠤᠢᠯᠠᠯ ᠬᠢᠭᠡᠳ ᠬᠥᠬᠡᠬᠣᠲᠠ᠂ ᠪᠤᠭᠤᠲᠤ ᠬᠣᠲᠠ ᠵᠡᠷᠭᠡ 6 ᠣᠷᠣᠨ᠎ᠤ ᠳᠣᠲᠣᠷᠠᠬᠢ ᠠᠢᠮᠠᠭ ᠬᠣᠲᠠ ᠲᠣᠰ ᠲᠣᠰ ᠳᠥᠷᠪᠡᠳᠦᠭᠡᠷ ᠤᠯᠠᠷᠢᠯ᠎ᠤᠨ ᠨᠡᠭᠦᠷᠡᠰᠦᠨ᠎ᠦ ᠳᠤᠮᠳᠠ ᠣᠷᠳᠣ ᠬᠤᠭᠤᠴᠠᠭᠠᠨ᠎ᠤ ᠬᠠᠩᠭᠠᠯᠭ᠎ᠠ᠎ᠶ᠋ᠢ ᠪᠠᠲᠤᠯᠠᠬᠤ ᠭᠡᠷ᠎ᠡ ᠲᠣᠭ᠍ᠲᠠᠵᠤ᠂ 15 ᠨᠡᠭᠦᠷᠡᠰᠦᠨ᠎ᠦ ᠠᠵᠤ ᠠᠬᠤᠢᠯᠠᠯ ᠬᠢᠭᠡᠳ ᠣᠷᠳᠣᠰ ᠬᠣᠲᠠ᠎ᠶ᠋ᠢᠨ 5 ᠬᠣᠱᠢᠭᠤ ᠲᠣᠭᠣᠷᠢᠭ ᠲᠣᠰ ᠲᠣᠰ ᠡᠪᠦᠯ᠎ᠦᠨ ᠤᠯᠠᠷᠢᠯ᠎ᠤᠨ ᠳᠤᠯᠠᠭᠠᠯᠠᠯᠭ᠎ᠠ᠎ᠳᠤ ᠬᠡᠷᠡᠭ᠌ᠯᠡᠬᠦ᠌ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠵᠥᠪᠯᠡᠯᠴᠡᠭᠡᠷ ᠲᠣᠭ᠍ᠲᠠᠪᠠ᠃

ᠠᠯᠢ ᠤᠯᠠᠨ ᠵᠥᠪᠯᠡᠯᠴᠡᠭᠡᠷ᠎ᠦᠨ ᠠᠷᠤ᠎ᠳᠤ᠂ ᠤᠷᠳᠤᠰ ᠬᠤᠳᠠ ᠪᠦᠬᠦ᠌ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠤᠯᠤᠰ ᠲᠦᠷᠦ᠍᠎ᠶ᠋ᠢᠨ ᠡᠭᠦᠷᠭᠡᠯᠡᠯ᠎ᠢ ᠦᠨᠡᠨ ᠬᠦ᠌ ᠡᠭᠦᠷᠭᠡᠯᠡᠵᠦ᠍ ᠪᠠᠢᠨ᠎ᠠ;ᠬᠠᠩᠭᠠᠯᠭ᠎ᠠ᠎ᠶ᠋ᠢ ᠪᠠᠲᠤᠯᠠᠬᠤ ᠵᠥᠭᠡᠭᠡᠪᠦᠷᠢ᠎ᠶ᠋ᠢᠨ ᠮᠠᠱᠢᠨ ᠲᠡᠷᠭᠡ᠎ᠤᠳ ᠪᠦᠬᠦ᠌ ᠤᠯᠤᠰ ᠲᠡᠢᠰᠢ ᠠᠶᠠᠯᠠᠵᠤ᠂ ᠤᠷᠳᠤᠰ᠎ᠤᠨ ᠬᠢᠨ ᠠᠮᠤᠷ ᠲᠦᠪᠱᠢᠨ᠎ᠢ ᠪᠠᠲᠤᠯᠠᠭ᠍ᠰᠠᠨ ᠤᠷᠢᠲᠠᠯ ᠳᠣᠣᠷ᠎ᠠ ᠲᠠᠯᠳᠠ ᠬᠦᠴᠦᠨ᠎ᠢ ᠠᠭᠤᠳᠠᠯᠤᠨ ᠦᠢᠯᠡᠳᠪᠦᠷᠢᠯᠡᠯ᠎ᠢᠶᠡᠨ ᠨᠡᠮᠡᠭ᠌ᠳᠡᠭᠦᠯᠵᠦ᠍᠂ ᠪᠦᠬᠦ᠌ ᠬᠦᠴᠦᠨ ᠎ᠢᠶᠡᠷ᠎ᠢᠶᠡᠨ ᠦᠢᠯᠡᠳᠪᠦᠷᠢᠯᠡᠯ᠎ᠢ ᠠᠬᠢᠭᠤᠯᠵᠤ᠂ ᠡᠷᠬᠢᠯᠳᠠ᠎ᠵᠢ ᠲᠣᠭ᠍ᠲᠠᠪᠤᠷᠢᠵᠢᠭᠤᠯᠵᠤ᠂ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠠᠮᠤᠷ ᠲᠦᠪᠱᠢᠨ᠎ᠢ ᠪᠠᠲᠤᠯᠠᠵᠤ᠂ ᠨᠡᠭᠦᠷᠡᠰᠦᠨ᠎ᠦ ᠦᠢᠯᠡᠳᠪᠦᠷᠢᠯᠡᠯ᠎ᠦᠨ ᠴᠢᠳᠠᠪᠤᠷᠢ᠎ᠶ᠋ᠢ ᠪᠠᠳᠠᠷᠠᠭᠤᠯᠬᠤ᠎ᠶ᠋ᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠤᠨ᠎ᠠ; ᠦᠨ᠎ᠡ ᠬᠠᠩᠰᠢ᠎ᠶ᠋ᠢ ᠤᠳᠠᠭ᠎ᠠ ᠳᠠᠷᠠᠭᠠᠯᠠᠨ ᠰᠠᠨᠠᠭᠠᠴᠢᠯᠠᠭ᠎ᠠ᠎ᠡᠴᠡ᠎ᠪᠠᠨ ᠪᠠᠭᠤᠷᠠᠭᠤᠯᠬᠤ ᠪᠣᠯ ᠣᠷᠳᠣᠰ᠎ᠤᠨ ᠪᠥᠬᠥ᠌ ᠤᠯᠤᠰ᠎ᠤᠨ ᠨᠡᠭᠦᠷᠡᠰᠦᠨ᠎ᠦ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ᠎ᠢ ᠨᠠᠮᠳᠠᠭᠤᠯᠵᠤ᠂ ᠨᠡᠭᠦᠷᠡᠰᠦᠨ᠎ᠦ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠵᠤ᠂ ᠨᠡᠭᠦᠷᠡᠰᠦᠨ᠎ᠦ ᠠᠵᠢᠯ ᠲᠥᠷᠥᠯ᠎ᠦᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠵᠤ᠂ ᠠᠷᠠᠳ ᠣᠯᠠᠨ᠎ᠤ ᠠᠮᠤᠷ ᠲᠦᠪᠱᠢᠨ ᠳᠤᠯᠠᠭᠠᠬᠠᠨ ᠡᠪᠦᠯᠵᠢᠬᠦ᠌᠎ᠶ᠋ᠢ ᠪᠠᠲᠤᠯᠠᠬᠤ《ᠤᠯᠤᠰ᠎ᠤᠨ ᠶᠡᠬᠡ ᠶᠠᠪᠤᠳᠠᠯ》ᠢ᠋ ᠭᠡᠬᠦᠳᠡᠭ ᠴᠡᠭᠡᠵᠢᠨ᠎ᠠ ᠪᠤᠳᠤᠬᠰᠠᠨ ᠰᠡᠳᠭᠢᠯᠭᠡ ᠪᠣᠯᠤᠨ᠎ᠠ᠃

ᠣᠷᠳᠣᠰ ᠬᠣᠲᠠ ᠨᠢᠭᠡ ᠬᠤᠳᠠ ᠵᠢᠨ ᠬᠦᠴᠦᠨ᠎ᠢᠶᠡᠷ ᠵᠢᠡᠨ ᠪᠥᠬᠥ᠌ ᠤᠯᠤᠰ᠎ᠤᠨ 18 ᠮᠤᠵᠢ ᠬᠣᠲᠠ᠎ᠶ᠋ᠢᠨ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠵᠤ᠂ ᠨᠡᠭᠦᠷᠡᠰᠦᠨ᠎ᠦ ᠪᠣᠷᠣᠯᠠᠭᠤᠯᠭ᠎ᠠ᠎ᠶ᠋ᠢᠨ ᠬᠡᠮᠵᠢᠶ᠎ᠡ 7.2 ᠳ᠋ᠦᠩᠱᠢᠭᠤᠷ ᠲᠣᠨ᠎ᠳᠤ ᠬᠦᠷᠴᠦ᠍᠂ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠪᠡ᠃

ᠡᠨᠡ ᠬᠦ᠌ ᠬᠢᠷᠢ ᠪᠦᠲᠦᠮᠵᠢ᠎ᠶ᠋ᠢᠨ ᠬᠠᠭᠤᠳᠠᠰᠤ ᠪᠣᠯ ᠣᠷᠳᠣᠰ᠎ᠤᠨ 5G ᠮᠡᠷᠭᠡᠵᠢᠯ᠎ᠢ ᠠᠭᠤᠷᠬᠠᠶ᠎ᠳᠤ ᠣᠷᠣᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠣᠶᠤᠨᠴᠢ ᠠᠭᠤᠷᠬᠠᠶ᠂ ᠪᠣᠬᠢᠷᠲᠤᠯ ᠥᠬᠡᠶ ᠠᠭᠤᠷᠬᠠᠶ᠎ᠶ᠋ᠢ ᠴᠣᠭ᠍ᠴᠠᠯᠠᠬᠤ᠎ᠶ᠋ᠢᠨ《 ᠢᠯᠡ ᠭᠡᠷᠡᠴᠢ 》 ᠪᠣᠯᠤᠨ᠎ᠠ᠃ 2021 ᠣᠨ᠎ᠳᠤ᠂ ᠪᠥᠬᠥ᠌ ᠬᠣᠲᠠ ᠳ᠋ᠤ 62 ᠪᠣᠬᠢᠷᠲᠤᠯ ᠥᠬᠡᠶ ᠠᠭᠤᠷᠬᠠᠶ᠎ᠶ᠋ᠢ ᠱᠢᠨ᠎ᠡ᠎ᠪᠡᠷ ᠪᠠᠢᠭᠤᠯᠪᠠ᠃ ᠣᠳᠣᠬᠠᠨ ᠪᠣᠯᠲᠠᠯ᠎ᠠ᠂ ᠪᠥᠬᠥ᠌ ᠬᠣᠲᠠ᠎ᠳᠤ ᠨᠢᠭᠡᠨᠲᠡ 171 ᠪᠣᠬᠢᠷᠲᠤᠯ ᠥᠬᠡᠶ ᠠᠭᠤᠷᠬᠠᠶ᠎ᠶ᠋ᠢ ᠪᠠᠢᠭᠤᠯᠵᠤ ᠳᠠᠭᠤᠰᠭᠠᠪᠠ᠃ ᠡᠭᠦᠨ᠎ᠳᠦ᠂ 21 ᠨᠢ ᠪᠥᠬᠥ᠌ ᠤᠯᠤᠰ᠎ᠤᠨ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠦᠨ ᠵᠢᠭ᠍ᠰᠠᠭᠠᠯᠲᠠ᠎ᠳᠤ ᠣᠷᠣᠭᠤᠯᠵᠤ᠂ 150 ᠎ᠨᠢ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠦᠨ ᠵᠢᠭ᠍ᠰᠠᠭᠠᠯᠲᠠ᠎ᠳᠤ ᠣᠷᠣᠭᠤᠯᠵᠤ᠂ ᠪᠥᠬᠥ᠌ ᠣᠷᠣᠨ᠎ᠤ ᠨᠢᠭᠡᠨᠲᠡ ᠪᠠᠢᠭᠤᠯᠤᠭ᠍ᠰᠠᠨ 35% ᠎ᠶ᠋ᠢ ᠡᠵᠡᠯᠡᠨ᠂ ᠪᠥᠬᠥ᠌ ᠣᠷᠣᠨ᠎ᠤ ᠲᠡᠷᠢᠭᠦᠨ᠎ᠳᠦ ᠣᠷᠣᠪᠠ᠃

2021 ᠣᠨ᠎ᠳᠤ᠂ ᠪᠥᠬᠥ᠌ ᠬᠣᠲᠠ᠎ᠶ᠋ᠢᠨ ᠠᠵᠤ ᠠᠬᠤᠶ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠡᠪᠱᠢᠵᠦ᠍᠂ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠪᠠᠨ ᠪᠠᠲᠤᠯᠠᠵᠤ᠂ ᠮᠢᠩᠭᠠᠨ ᠳ᠋ᠦᠩᠱᠢᠭᠤᠷ᠎ᠤᠨ ᠪᠣᠳᠠᠲᠤ ᠬᠦᠴᠦᠨ᠎ᠲᠡᠶ ᠬᠣᠱᠢᠭᠤ ᠲᠣᠭᠣᠷᠢᠭ ᠪᠠ ᠮᠢᠩᠭᠠᠨ ᠳ᠋ᠦᠩᠱᠢᠭᠤᠷ᠎ᠤᠨ ᠦᠶ᠋ᠯᠡᠳᠬᠦᠨ᠎ᠦ ᠥᠷᠲᠡᠭ ᠲᠠᠢ ᠬᠦᠷᠢᠶᠡᠯᠡᠩ ᠲᠣᠭᠣᠷᠢᠭ᠎ᠤᠨ ᠬᠥᠭ᠌ᠵᠢᠯᠲᠡ᠎ᠨᠢ ᠥᠷᠢᠰᠥᠯᠳᠦᠨ ᠳᠠᠪᠱᠢᠭ᠍ᠰᠠᠨ ᠠᠮᠢᠳᠤᠯᠢᠭ ᠪᠠᠢᠳᠠᠯ᠎ᠢ ᠪᠣᠶ ᠪᠣᠯᠭᠠᠵᠤ᠂ ᠵᠡᠭᠦᠨᠭᠠᠷ ᠬᠣᠱᠢᠭᠤᠨ᠎ᠤ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠂ ᠣᠲᠣᠭ ᠬᠣᠱᠢᠭᠤᠨ᠎ᠤ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠦᠶ᠋ᠯᠡᠳᠬᠦᠨ᠎ᠦ ᠥᠷᠲᠡᠭ᠎ᠨᠢ ᠮᠢᠩᠭᠠᠨ ᠳ᠋ᠦᠩᠱᠢᠭᠤᠷ᠎ᠢ ᠲᠦᠷᠦᠭᠦᠯᠡᠨ ᠳᠠᠪᠠᠪᠠ᠃ ᠤᠷᠳᠤᠰ ᠪᠦᠬᠦ᠌ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠰᠠᠢ᠌ᠨ《ᠬᠤᠰᠢᠭᠤᠴᠢ》᠂ 《ᠲᠠᠭᠠᠭᠤᠯᠤᠭ᠍ᠴᠢ》 ᠪᠤᠯᠵᠤ᠂ ᠬᠥᠳᠡᠯᠭᠡᠬᠦ᠌ ᠬᠦᠴᠦᠨ ᠨᠡᠩ ᠬᠦᠴᠦᠷᠬᠡᠭ᠂ ᠨᠥᠭᠡᠴᠡ ᠬᠦᠴᠦᠨ ᠨᠡᠩ ᠭᠦᠢᠴᠡᠳ ᠪᠠᠢᠨ᠎ᠠ᠃

ᠣᠷᠳᠣᠰ ᠬᠣᠲᠠ ᠪᠠᠰᠠ《ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠨᠡᠭᠦᠷᠡᠰᠦᠳᠦ᠋ᠷᠦᠭᠴᠢ ᠵᠢ ᠰᠠᠭᠠᠷᠮᠠᠭᠵᠢᠭᠤᠯᠬᠤ》 ᠎ᠶ᠋ᠢᠨ ᠲᠠᠯ᠎ᠠ᠎ᠪᠠᠷ ᠨᠠᠷᠢᠨ ᠨᠢᠮᠪᠠᠶ ᠠᠵᠢᠯᠯᠠᠵᠤ᠂ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠂ ᠭᠠᠵᠠᠷ ᠱᠢᠷᠣᠶ᠎ᠶ᠋ᠢᠨ ᠳᠠᠪᠠᠭᠤᠯᠢᠭ᠂ ᠵᠠᠮ ᠱᠤᠭᠤᠮ᠎ᠤᠨ ᠳᠠᠪᠠᠭᠤᠯᠢᠭ᠂ ᠱᠢᠩᠭᠡᠭᠡᠨ ᠠᠪᠬᠤ ᠳᠠᠪᠠᠭᠤᠯᠢᠭ ᠪᠠ ᠬᠦᠯᠢᠶᠡᠨ ᠠᠪᠤᠭᠴᠢ ᠵᠠᠬ᠎ᠠ ᠳᠡᠯᠭᠡᠭᠦᠷ᠎ᠡᠴᠡ ᠣᠢᠷ᠎ᠠ ᠪᠠᠢᠬᠤ ᠳᠠᠪᠠᠭᠤᠯᠢᠭ᠎ᠢ ᠵᠠᠪᠳᠤᠨ ᠠᠳᠭᠤᠵᠤ᠂ ᠠᠵᠤ ᠠᠬᠤᠶ᠎ᠶ᠋ᠢᠨ ᠪᠦᠲᠦᠴᠡ᠂ ᠠᠵᠤ ᠦᠶ᠋ᠯᠡᠰ᠎ᠦᠨ ᠪᠦᠲᠦᠴᠡ᠂ ᠡᠨᠧᠷᠭᠢ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠠᠵᠤ ᠦᠶ᠋ᠯᠡᠰ᠎ᠦᠨ ᠲᠥᠷᠥᠯ ᠵᠦᠶ᠋ᠯ᠎ᠢᠶᠡᠷ ᠬᠡᠯᠬᠢᠶ᠎ᠡ᠎ᠶ᠋ᠢ ᠪᠠᠢᠭᠤᠯᠤᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠤᠷᠲᠤᠳᠭᠠᠬᠤ᠎ᠶ᠋ᠢ ᠠᠬᠢᠭᠤᠯᠵᠤ᠂ ᠳᠤᠷᠤᠬᠰᠢᠯᠠᠬᠤ ᠳᠤᠳᠤᠮ ᠵᠢᠡᠨ ᠨᠠᠷᠢᠨ ᠬᠤᠪᠢᠶᠠᠷᠢᠯᠠᠬᠤ ᠵᠢᠨ ᠡᠵᠡᠯᠡᠬᠦ᠌ ᠬᠠᠷᠢᠴᠠᠯ ᠨᠢ ᠤᠯᠠᠮ ᠥᠨᠳᠥᠷ ᠪᠣᠯᠬᠤ ᠠᠵᠤ ᠦᠶ᠋ᠯᠡᠰ᠎ᠦᠨ ᠲᠥᠷᠥᠯ ᠵᠦᠶ᠋ᠯ᠎ᠦᠨ ᠪᠦᠲᠦᠴᠡ᠎ᠶ᠋ᠢ ᠪᠣᠶ ᠪᠣᠯᠭᠠᠬᠤ᠎ᠶ᠋ᠢ ᠠᠬᠢᠭᠤᠯᠤᠨ᠂ ᠲᠣᠮᠣ ᠠᠵᠤ ᠠᠬᠤᠢᠯᠠᠯ᠎ᠤᠨ ᠰᠡᠬᠦᠢᠨ ᠰᠦᠨᠳᠡᠷᠯᠡᠬᠦ᠌᠂ ᠳᠤᠮᠳᠠ ᠪᠠᠭ᠎ᠠ ᠠᠵᠤ ᠠᠬᠤᠢᠯᠠᠯ᠎ᠤᠨ ᠲᠩᠷᠢ ᠭᠠᠵᠠᠷ᠎ᠢ ᠪᠦᠷᠬᠦᠮ᠎ᠡ ᠬᠥᠭ᠌ᠵᠢᠯᠲᠡ᠎ᠶ᠋ᠢᠨ ᠪᠠᠢᠳᠠᠯ᠎ᠢ ᠲᠦᠷᠭᠡᠳᠭᠡᠨ ᠪᠠᠢᠭᠤᠯᠵᠤ ᠪᠠᠢᠨ᠎ᠠ ; ᠥᠪᠡᠷᠲᠡᠭᠡᠨ ᠵᠠᠰᠠᠬᠤ ᠣᠷᠣᠨ᠎ᠤ《ᠬᠣᠶᠠᠷ᠎ᠢ ᠲᠦᠷᠦᠭᠦᠯᠡᠨ ᠬᠢᠵᠦ᠍᠂ ᠬᠣᠶᠠᠷ᠎ᠢ ᠳᠠᠪᠠᠭᠤᠯᠬᠤ》ᠬᠠᠷᠠᠯᠲᠠ᠎ᠶ᠋ᠢᠨ ᠱᠠᠭᠠᠷᠳᠠᠯᠭ᠎ᠠ ᠶᠣᠰᠣᠭᠠᠷ᠂ 《ᠰᠠᠯᠬᠢᠨ ᠬᠡᠷᠡᠯ ᠤᠰᠤᠲᠥ᠋ᠷᠥᠭ᠌ᠴᠢ ᠡᠨ᠋ᠸᠷᠬᠢ ᠵᠢ ᠬᠠᠳᠠᠭᠠᠯᠠᠬᠤ ᠲᠡᠷᠭᠡ》ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ; 《ᠲᠤᠰᠭᠠᠶ ᠨᠠᠷᠢᠯᠢᠭ ᠣᠨᠴᠠᠭᠠᠶ ᠱᠢᠨ᠎ᠡ》 ᠠᠵᠤ ᠠᠬᠤᠢᠯᠠᠯ᠎ᠢ ᠬᠥᠭ᠌ᠵᠢᠭᠦᠯᠵᠦ᠍᠂ ᠡᠬᠢᠨ ᠤ᠋ ᠪᠠ ᠡᠴᠦᠰ ᠤ᠋ᠨ ᠪᠦᠷᠢᠨ ᠬᠡᠯᠬᠢᠶ᠎ᠡ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠱᠢᠨ᠎ᠡ ᠪᠠᠢᠷᠢᠱᠢᠯ᠎ᠢ ᠪᠠᠢᠭᠤᠯᠵᠤ᠂ ᠠᠵᠤ ᠦᠶ᠋ᠯᠡᠰ᠎ᠦᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ ᠁

ᠡᠷᠴᠢ ᠵᠣᠷᠢᠭ᠎ᠢᠶᠠᠨ ᠬᠥᠪᠴᠢᠯᠡᠨ ᠡᠷᠡᠮᠡᠬᠡᠢᠯᠡᠨ ᠤᠷᠤᠭᠰᠢᠯᠠᠬᠤ᠂ ᠢᠳᠡᠭᠡᠯ ᠪᠠᠳᠤ ᠬᠠᠯᠠᠰᠢᠷᠠᠯ ᠦᠭᠡᠢ ᠪᠡᠷ ᠲᠦᠷᠦᠭᠦᠯᠡᠬᠦ ᠪᠡᠷ ᠴᠢᠷᠮᠠᠢᠨ᠎ᠠ᠃ 《 ᠪᠣᠬᠢᠷᠲᠤᠯ ᠦᠬᠡᠢ》 ᠪᠡᠷ ᠴᠢᠭ᠌ᠯᠡᠯ ᠪᠣᠯᠭᠠᠵᠤ᠂ 《ᠪᠣᠬᠢᠷᠲᠤᠯ ᠦᠬᠡᠢ》 ᠲᠡᠢᠰᠢ ᠡᠷᠡᠮᠡᠬᠡᠢᠯᠡᠨ ᠤᠷᠤᠭ᠍ᠰᠢᠯᠠᠵᠤ᠂ 《ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠬᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢ ᠰᠦᠪᠡᠭ᠌ᠴᠢᠯᠡᠬᠦ᠌》 ᠬᠣᠱᠢᠭᠤᠴᠢ ᠣᠷᠣᠨ᠎ᠢ ᠲᠦᠷᠭᠡᠳᠭᠡᠨ ᠪᠦᠳᠦᠬᠡᠨ ᠪᠠᠢᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠬᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠪᠠᠷ ᠤᠷᠳᠤᠰ ᠬᠤᠶᠠᠭ ᠲᠤᠭᠤᠯᠭ᠎ᠠ᠎ᠪᠡᠨ ᠲᠠᠢᠯᠤᠯ ᠦᠭᠡᠢ ᠪᠠᠢᠯᠳᠤᠨ ᠲᠡᠮᠡᠴᠡᠵᠦ᠍ ᠪᠠᠢᠨᠠᠮ !

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号