ᠤᠢᠷ᠎ᠠ᠎ᠳᠦ
ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ ᠬᠢᠭᠡᠳ ᠬᠠᠭᠤᠴᠢ ᠰᠤᠳᠤᠯᠤᠯ᠎ᠤᠨ
ᠲᠥᠪ᠎ᠦᠨ ᠥᠪᠥᠷ ᠮᠣᠩᠭᠣᠯ᠎ᠤᠨ ᠬᠠᠨ᠎ᠠ ᠵᠢᠨ ᠵᠢᠷᠤᠭ᠎ᠤᠨ ᠬᠠᠮᠠᠭᠠᠯᠠᠯᠲᠠ᠎ᠶ᠋ᠢᠨ ᠲᠥᠪ ᠪᠠ ᠪᠡᠭᠡᠵᠢᠩ᠎ᠤᠨ ᠬᠠᠭᠠᠨ᠎ᠤ
ᠣᠷᠳᠣᠨ᠎ᠤ ᠮᠦᠽᠧᠶ᠎ᠶ᠋ᠢᠨ ᠲᠥᠪᠡᠳ ᠤᠯᠠᠮᠵᠢᠯᠠᠯᠲᠤ ᠪᠤᠳ᠋ᠳ᠋ᠾᠠ᠎ᠶ᠋ᠢᠨ ᠱᠠᠱᠢᠨ᠎ᠤ ᠲᠡᠦᠬᠡ᠎ᠶ᠋ᠢᠨ ᠳᠤᠷᠠᠰᠭᠠᠯᠲᠤ
ᠵᠦᠶ᠋ᠯᠡᠰ᠎ᠦᠨ ᠰᠤᠳᠤᠯᠭᠠᠨ᠎ᠤ ᠭᠠᠵᠠᠷ᠎ᠤᠨ ᠬᠠᠮᠲᠤᠷᠠᠵᠤ ᠪᠠᠢᠭᠤᠯᠤᠭ᠍ᠰᠠᠨ 《ᠥᠪᠥᠷ ᠮᠣᠩᠭᠣᠯ᠎ᠤᠨ ᠡᠷᠲᠡᠨ᠎ᠦ ᠬᠠᠨ᠎ᠠ ᠵᠢᠨ ᠵᠢᠷᠤᠭ᠎ᠤᠨ ᠰᠤᠳᠤᠯᠭᠠᠨ᠎ᠤ ᠰᠠᠭᠤᠷᠢᠨ》᠂ ᠪᠡᠭᠡᠵᠢᠩ᠎ᠦᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠱᠢᠨᠵᠢᠯᠡᠬᠦ᠌
ᠤᠬᠠᠭᠠᠨ ᠮᠡᠷᠭᠡᠵᠢᠯ᠎ᠦᠨ ᠲᠡᠦᠬᠡ ᠬᠢᠭᠡᠳ ᠰᠣᠶᠣᠯ᠎ᠤᠨ ᠥᠪ᠎ᠦᠨ ᠰᠤᠳᠤᠯᠭᠠᠨ᠎ᠤ ᠬᠦᠷᠢᠶᠡᠯᠡᠩ᠎ᠦᠨ ᠬᠠᠮᠲᠤᠷᠠᠵᠤ
ᠪᠠᠢᠭᠤᠯᠤᠭ᠍ᠰᠠᠨ 《ᠰᠣᠶᠣᠯ᠎ᠤᠨ ᠥᠪ᠎ᠢ ᠬᠠᠮᠠᠭᠠᠯᠠᠬᠤ ᠰᠤᠳᠤᠯᠭᠠᠨ᠎ᠤ ᠬᠠᠮᠲᠤᠷᠠᠭ᠍ᠰᠠᠨ ᠲᠤᠷᠱᠢᠯᠲᠠ᠎ᠶ᠋ᠢᠨ ᠲᠠᠪᠴᠠᠩ
ᠬᠢᠭᠡᠳ ᠦᠶ᠋ᠯᠡᠳᠦᠯᠭᠡ᠎ᠶ᠋ᠢᠨ ᠰᠠᠭᠤᠷᠢᠨ》᠂ ᠳᠤᠮᠳᠠᠳᠤ ᠤᠯᠤᠰ᠎ᠤᠨ ᠱᠢᠨᠵᠢᠯᠡᠬᠦ᠌
ᠤᠬᠠᠭᠠᠨ᠎ᠤ ᠬᠦᠷᠢᠶᠡᠯᠡᠩ᠎ᠦᠨ ᠱᠠᠩᠬᠠᠶ᠎ᠶ᠋ᠢᠨ ᠳᠡᠭᠡᠳᠦ ᠵᠡᠷᠭᠡ᠎ᠶ᠋ᠢᠨ ᠰᠤᠳᠤᠯᠭᠠᠨ᠎ᠤ ᠬᠦᠷᠢᠶᠡᠯᠡᠩ᠎ᠲᠡᠶ ᠬᠠᠮᠲᠤᠷᠠᠨ
ᠪᠠᠢᠭᠤᠯᠤᠭ᠍ᠰᠠᠨ《ᠥᠪᠥᠷ ᠮᠣᠩᠭᠣᠯ᠎ᠤᠨ ᠡᠷᠲᠡᠨ᠎ᠦ ᠬᠠᠨ᠎ᠠ ᠵᠢᠨ ᠵᠢᠷᠤᠭ᠎ᠤᠨ
ᠲᠣᠭᠠᠴᠢᠯᠠᠭ᠍ᠰᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠭᠤᠷᠢᠨ》
ᠤ᠋ ᠫᠠᠢᠰᠠ ᠰᠡᠬᠦᠬᠦ᠌ ᠶᠣᠰᠣᠯᠠᠯ ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ
ᠬᠠᠮᠠᠭᠠᠯᠠᠯᠲᠠ ᠬᠢᠭᠡᠳ ᠬᠠᠭᠤᠴᠢ ᠰᠤᠳᠤᠯᠤᠯ᠎ᠤᠨ ᠲᠥᠪ᠎ᠲᠦ ᠶᠠᠪᠤᠭ᠍ᠳᠠᠪᠠ᠃
ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ
ᠪᠠ ᠬᠠᠭᠤᠴᠢ ᠰᠤᠳᠤᠯᠤᠯ᠎ᠤᠨ ᠲᠥᠪ ᠨᠢ ᠪᠡᠭᠡᠵᠢᠩ᠎ᠤᠨ ᠬᠠᠭᠠᠨ᠎ᠤ ᠣᠷᠳᠣᠨ᠎ᠤ ᠮᠦᠽᠧᠶ᠎ᠳᠦ《ᠥᠪᠥᠷ ᠮᠣᠩᠭᠣᠯ᠎ᠤᠨ ᠡᠷᠲᠡᠨ᠎ᠦ ᠬᠠᠨ᠎ᠠ ᠵᠢᠨ ᠵᠢᠷᠤᠭ᠎ᠤᠨ ᠰᠤᠳᠤᠯᠭᠠᠨ᠎ᠤ ᠰᠠᠭᠤᠷᠢᠨ》
ᠢ᠋ ᠪᠠᠢᠭᠤᠯᠤᠭᠰᠠᠨ ᠨᠢ ᠬᠣᠶᠠᠷ ᠲᠠᠯ᠎ᠠ᠎ᠪᠠᠷ᠎ᠢᠶᠠᠨ
ᠥᠪᠥᠷ ᠮᠣᠩᠭᠣᠯ᠎ᠤᠨ ᠡᠷᠲᠡᠨ᠎ᠦ ᠬᠠᠨ᠎ᠠ ᠵᠢᠨ ᠵᠢᠷᠤᠭ᠎ᠤᠨ ᠰᠤᠳᠤᠯᠭᠠᠨ᠎ᠢ ᠬᠠᠮᠲᠤ᠎ᠪᠠᠷ ᠥᠷᠨᠢᠭᠦᠯᠤᠨ᠂ ᠡᠷᠲᠡᠨ᠎ᠦ
ᠬᠠᠨ᠎ᠠ ᠵᠢᠨ ᠵᠢᠷᠤᠭ᠎ᠤᠨ ᠲᠡᠦᠬᠡ᠎ᠶ᠋ᠢᠨ ᠦᠨ᠎ᠡ ᠥᠷᠲᠡᠭ᠂ ᠤᠷᠠᠯᠢᠭ᠎ᠤᠨ ᠦᠨ᠎ᠡ ᠥᠷᠲᠡᠭ ᠪᠠ ᠱᠢᠨᠵᠢᠯᠡᠬᠦ᠌ ᠤᠬᠠᠭᠠᠨ᠎ᠤ
ᠦᠨ᠎ᠡ ᠥᠷᠲᠡᠭ᠎ᠢ ᠱᠢᠨᠵᠢᠯᠡᠬᠦ᠌ ᠤᠬᠠᠭᠠᠨᠴᠢ᠎ᠪᠠᠷ ᠦᠨᠡᠯᠡᠨ ᠵᠢᠱ᠌ᠢᠵᠦ᠍᠂ ᠥᠪᠥᠷ ᠮᠣᠩᠭᠣᠯ᠎ᠤᠨ ᠡᠷᠲᠡᠨ᠎ᠦ ᠬᠠᠨ᠎ᠠ
ᠵᠢᠨ ᠵᠢᠷᠤᠭ᠎ᠢ ᠬᠠᠮᠠᠭᠠᠯᠠᠬᠤ ᠦᠵᠡᠭᠦᠯᠭᠡ ᠬᠢᠬᠦ ᠂ ᠤᠯᠠᠮ ᠴᠢᠨᠠᠭᠰᠢᠳᠠ ᠪᠠᠳᠠᠷᠠᠭᠤᠯᠤᠨ ᠠᠱᠢᠭ᠍ᠯᠠᠬᠤ ᠵᠢᠴᠢ
ᠥᠪᠥᠷ ᠮᠣᠩᠭᠣᠯ ᠣᠷᠣᠨ᠎ᠤ ᠡᠷᠲᠡᠨ᠎ᠦ ᠬᠠᠨ᠎ᠠ ᠵᠢᠨ ᠵᠢᠷᠤᠭ᠎ᠤᠨ ᠰᠤᠳᠤᠯᠭᠠᠨ᠎ᠤ ᠪᠦᠬᠦ ᠲᠠᠯ᠎ᠠ᠎ᠶ᠋ᠢᠨ ᠬᠢᠷᠢ ᠲᠦᠪᠱᠢᠨ᠎ᠢ
ᠳᠡᠭᠡᠭ᠌ᠰᠢᠯᠡᠭᠦᠯᠬᠦ᠌᠎ᠶ᠋ᠢ ᠵᠤᠷᠢᠭᠰᠠᠨ ᠪᠠᠢᠨ᠎ᠠ᠃
ᠥᠪᠥᠷ ᠮᠣᠩᠭᠣᠯ᠎ᠤᠨ ᠰᠣᠶᠣᠯ᠎ᠤᠨ ᠥᠪ ᠬᠥᠷᠥᠩᠭᠡ᠎ᠶ᠋ᠢᠨ ᠬᠠᠮᠠᠭᠠᠯᠠᠯᠲᠠ᠎ᠶ᠋ᠢᠨ
ᠪᠦᠬᠦ ᠲᠠᠯ᠎ᠠ᠎ᠶ᠋ᠢᠨ ᠬᠢᠷᠢ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ ᠬᠥᠬᠡᠬᠣᠲᠠ᠎ᠶ᠋ᠢᠨ
ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ ᠬᠢᠭᠡᠳ ᠬᠠᠭᠤᠴᠢ ᠰᠤᠳᠤᠯᠤᠯ᠎ᠤᠨ ᠲᠥᠪ ᠪᠠ ᠪᠡᠭᠡᠵᠢᠩ᠎ᠦᠨ
ᠱᠢᠨᠵᠢᠯᠡᠬᠦ᠌ ᠤᠬᠠᠭᠠᠨ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠦᠨ
ᠲᠡᠦᠬᠡ ᠬᠢᠭᠡᠳ ᠰᠣᠶᠣᠯ᠎ᠤᠨ ᠥᠪ ᠬᠥᠷᠥᠩᠭᠡ᠎ᠶ᠋ᠢᠨ ᠰᠤᠳᠤᠯᠤᠯ᠎ᠤᠨ ᠬᠦᠷᠢᠶᠡᠯᠡᠩ ᠨᠢ ᠰᠣᠶᠣᠯ᠎ᠤᠨ ᠥᠪ ᠬᠥᠷᠥᠩᠭᠡ᠎ᠶ᠋ᠢᠨ
ᠳᠡᠯᠭᠡᠨ ᠦᠵᠡᠭᠦᠯᠵᠦ᠍ ᠠᠱᠢᠭ᠍ᠯᠠᠬᠤ᠂ ᠰᠣᠶᠣᠯ᠎ᠤᠨ ᠥᠪ ᠬᠥᠷᠥᠩᠭᠡ᠎ᠶ᠋ᠢᠨ ᠰᠡᠷᠭᠡᠢᠯᠡᠬᠦ᠌ ᠴᠢᠨᠠᠷᠲᠠᠶ ᠬᠠᠮᠠᠭᠠᠯᠠᠯᠲᠠ
ᠬᠢᠭᠡᠳ ᠵᠠᠩᠭᠢᠯᠠᠭ᠎ᠠ᠎ᠶ᠋ᠢᠨ ᠮᠡᠷᠭᠡᠵᠢᠯ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠵᠠᠳᠠᠯᠤᠯᠲᠠ ᠬᠢᠵᠦ᠍
ᠪᠠᠢᠴᠠᠭᠠᠨ ᠬᠡᠮᠵᠢᠬᠦ᠌ ᠲᠠᠪᠴᠠᠩ᠂ ᠬᠠᠮᠲᠤᠷᠠᠵᠤ ᠤᠯᠤᠰ᠎ᠤᠨ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠰᠡᠳᠦᠪ(ᠰᠠᠭᠤᠷᠢ ᠮᠥᠩᠭᠥ᠎ᠶ᠋ᠢᠨ ᠲᠥᠷᠥᠯ ᠵᠦᠢᠯ)᠎ᠢ᠋ ᠭᠤᠶᠤᠴᠢᠯᠠᠨ ᠮᠡᠳᠡᠭᠦᠯᠬᠦ᠌᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ
ᠴᠢᠬᠤᠯᠠ ᠶᠡᠬᠡ ᠢᠨᠵᠧᠨᠧᠷᠢᠩ ᠵᠢᠴᠢ ᠴᠢᠳᠠᠪᠤᠷᠢᠲᠠᠨ ᠬᠥᠮᠦᠵᠢᠭᠦᠯᠬᠦ᠌ ᠵᠡᠷᠭᠡ ᠬᠦᠷᠢᠶᠡᠨ᠎ᠳᠦ ᠪᠦᠬᠦ᠌ ᠲᠠᠯ᠎ᠠ᠎ᠶ᠋ᠢᠨ ᠬᠣᠷᠱᠢᠯᠴᠠᠭᠠ ᠥᠷᠨᠢᠭᠦᠯᠬᠦ᠌᠎ᠶ᠋ᠢᠨ ᠬᠠᠮᠲᠤ 《ᠰᠣᠶᠣᠯ᠎ᠤᠨ ᠥᠪ ᠬᠥᠷᠥᠩᠭᠡ᠎ᠶ᠋ᠢᠨ ᠬᠠᠮᠠᠭᠠᠯᠠᠯᠲᠠ᠎ᠶ᠋ᠢᠨ ᠰᠤᠳᠤᠯᠭᠠᠨ᠎ᠦ ᠬᠠᠮᠲᠤᠷᠠᠭ᠍ᠰᠠᠨ
ᠲᠤᠷᠱᠢᠯᠲᠠ᠎ᠶ᠋ᠢᠨ ᠲᠠᠪᠴᠠᠩ ᠬᠢᠭᠡᠳ ᠦᠢᠯᠡᠳᠦᠯᠭᠡ᠎ᠶ᠋ᠢᠨ ᠰᠠᠭᠤᠷᠢᠨ 》 ᠢ᠋ ᠪᠠᠢᠭᠤᠯᠵᠠᠢ᠃
ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ
ᠬᠢᠭᠡᠳ ᠬᠠᠭᠤᠴᠢ ᠰᠤᠳᠤᠯᠤᠯ᠎ᠤᠨ ᠲᠥᠪ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠱᠠᠩᠬᠠᠶ᠎ᠶ᠋ᠢᠨ ᠳᠡᠭᠡᠳᠦ ᠵᠡᠷᠭᠡ᠎ᠶ᠋ᠢᠨ ᠰᠤᠳᠤᠯᠭᠠᠨ᠎ᠤ ᠬᠦᠷᠢᠶᠡᠯᠡᠩ ᠬᠠᠮᠲᠤᠷᠠᠨ
《ᠥᠪᠥᠷ ᠮᠣᠩᠭᠣᠯ᠎ᠤᠨ ᠡᠷᠲᠡᠨ᠎ᠦ ᠬᠠᠨ᠎ᠠ ᠵᠢᠨ ᠵᠢᠷᠤᠭ᠎ᠤᠨ ᠲᠣᠭᠠᠴᠢᠯᠬᠠᠰᠠᠨ ᠬᠠᠮᠠᠭᠠᠯᠠᠯᠲᠠ᠎ᠶ᠋ᠢᠨ
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠭᠤᠷᠢᠨ》᠎ᠢ᠋ ᠪᠠᠢᠭᠤᠯᠤᠭᠰᠠᠨ ᠨᠢ ᠥᠪᠥᠷ ᠮᠣᠩᠭᠣᠯ᠎ᠤᠨ ᠡᠷᠲᠡᠨ᠎ᠦ ᠬᠠᠨ᠎ᠠ ᠵᠢᠨ ᠵᠢᠷᠤᠭ᠎ᠤᠨ ᠲᠣᠭᠠᠴᠢᠯᠬᠠᠰᠠᠨ ᠬᠦᠷᠢᠶ᠎ᠡ ᠴᠠᠷᠠᠭ᠎ᠠ᠎ᠳᠠᠬᠢ ᠠᠯᠤᠰ ᠬᠡᠳᠤ ᠵᠢᠨ ᠴᠢᠨᠠᠷᠲᠠᠶ
ᠮᠡᠷᠭᠡᠵᠢᠯ᠎ᠦᠨ ᠰᠤᠳᠤᠯᠭᠠᠨ ᠪᠠ ᠬᠡᠷᠡᠭ᠌ᠯᠡᠭᠡᠨ᠎ᠦ ᠮᠡᠷᠭᠡᠵᠢᠯ᠎ᠦᠨ ᠰᠤᠳᠤᠯᠤᠨ ᠨᠡᠭᠡᠭᠡᠬᠦ᠌᠎ᠶ᠋ᠢ ᠬᠠᠮᠲᠤ ᠪᠠᠷ ᠠᠬᠢᠭᠤᠯᠵᠤ᠂
ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠎ᠪᠡᠷ ᠳᠠᠮᠵᠢᠭᠤᠯᠤᠨ᠂ ᠬᠠᠨ᠎ᠠ᠎ᠶ᠋ᠢᠨ ᠵᠢᠷᠤᠭ᠎ᠤᠨ ᠲᠣᠭᠠᠴᠢᠯᠬᠠᠰᠠᠨ
ᠴᠤᠭ᠍ᠯᠠᠭᠤᠯᠤᠯᠲᠠ᠂ ᠡᠳ᠋ᠱᠢᠭᠦᠯᠬᠦ᠌᠂ ᠵᠠᠳᠠᠯᠬᠤ ᠪᠠ ᠳᠡᠯᠭᠡᠨ ᠦᠵᠡᠭᠦᠯᠬᠦ᠌ ᠵᠡᠷᠭᠡ ᠮᠡᠷᠭᠡᠵᠢᠯ᠎ᠦᠨ ᠲᠦᠪᠡᠭ᠌ᠲᠡᠶ
ᠠᠰᠠᠭᠤᠳᠠᠯ᠎ᠢ ᠬᠠᠮᠲᠤ ᠪᠡᠷ ᠱᠢᠶ᠋ᠳᠪᠦᠷᠢᠯᠡᠵᠦ᠍᠂ ᠥᠪᠥᠷ ᠮᠣᠩᠭᠣᠯ᠎ᠤᠨ ᠡᠷᠲᠡᠨ᠎ᠦ ᠬᠠᠨ᠎ᠠ ᠵᠢᠨ ᠵᠢᠷᠤᠭ᠎ᠤᠨ ᠲᠣᠭᠠᠴᠢᠯᠬᠠᠰᠠᠨ
ᠬᠠᠮᠠᠭᠠᠯᠠᠯᠲᠠ ᠪᠠ ᠠᠱᠢᠭ᠍ᠯᠠᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ ᠪᠤᠯᠤᠨ᠎ᠠ᠃