ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠠᠢ
2022-01-13 09:20:28
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ᠎ᠳᠤ ᠤᠬᠠᠭᠤᠯᠤᠨ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ ᠪᠦᠯᠬᠦᠮ ᠎ᠦᠨ ᠬᠢᠨ 《ᠪᠦᠬᠦ᠌ ᠲᠠᠯ᠎ᠠ ᠵᠢᠨ ᠪᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠶ᠎ᠡ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠬᠤᠨ ᠪᠠ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠣᠢᠯᠠᠭᠠᠶ᠎ᠠ》᠂ 《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ  ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ》 ᠵᠡᠷᠭᠡ ᠭᠤᠷᠪᠠᠨ ᠲᠠᠯ᠎ᠠ᠎ᠪᠠᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠤᠬᠠᠭᠤᠯᠤᠨ ᠲᠠᠢᠯᠪᠤᠷᠢᠯᠠᠪᠠ᠃

ᠦᠪᠡᠷᠲᠡᠭᠡᠨ ᠵᠠᠰᠠᠬᠤ ᠤᠷᠤᠨ᠎ᠤ ᠡᠪᠯᠡᠯ᠎ᠦᠨ ᠬᠣᠷᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ᠂ ᠤᠬᠠᠭᠤᠯᠤᠨ ᠲᠠᠢᠯᠪᠤᠷᠢᠯᠠᠯᠲᠠ᠎ᠨᠢ ᠭᠦᠨᠵᠡᠭᠡᠢ ᠪᠥᠭᠡᠳ ᠣᠢᠯᠠᠭᠠᠮᠵᠢᠲᠠᠢ᠂ ᠦᠵᠡᠯ ᠰᠠᠨᠠᠭᠠᠨ᠎ᠤ ᠦᠨᠳᠦᠷᠴᠡ᠂ ᠤᠨᠤᠯ᠎ᠤᠨ ᠭᠦᠨᠴᠡ᠎ᠲᠡᠶ ᠪᠥᠭᠡᠳ ᠪᠠᠰᠠ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠨᠥᠯᠥᠭᠡᠯᠡᠬᠦ᠌ ᠬᠦᠴᠦᠨ᠎ᠲᠡᠶ ᠪᠠᠢᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠠ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠪᠦᠬᠦ᠌ ᠲᠠᠯ᠎ᠠ᠎ᠪᠠᠷ ᠡᠵᠡᠮᠱᠢᠬᠦ᠌᠎ᠳᠦ ᠴᠢᠬᠤᠯᠠ ᠬᠠᠪᠰᠤᠷᠤᠨ ᠵᠢᠯᠣᠭᠣᠳᠭᠤ ᠦᠢᠯᠡᠳᠦᠯ᠎ᠲᠡᠶ᠃ ᠪᠦᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠦᠨ ᠺᠠᠳ᠋ᠷ᠂ ᠵᠠᠯᠠᠭᠤᠴᠤᠳ᠎ᠤᠨ᠎ᠯᠧᠺᠲ᠋ᠣᠷ᠎ᠤᠨ ᠪᠦᠯᠬᠦᠮ᠎ᠦᠨ ᠪᠦᠷᠢᠯᠳᠦᠬᠦᠨ᠂ ᠵᠠᠯᠠᠭᠤᠴᠤᠳ᠎ᠤᠨ ᠬᠣᠯᠪᠣᠭ᠎ᠠ᠎ᠶ᠋ᠢᠨ ᠭᠡᠱᠢᠭᠦᠨ᠂ ᠤᠯᠠᠭᠠᠨ ᠪᠥᠴᠡᠲᠡᠨ᠎ᠦ ᠲᠣᠭᠣᠷᠢᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠎ᠨᠡᠷ ᠡᠪᠯᠡᠯ᠎ᠦᠨ ᠭᠡᠱᠢᠭᠦᠨ ᠵᠠᠯᠠᠭᠤᠴᠤᠳ᠂ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠳ᠎ᠲᠦ ᠬᠠᠨᠳᠤᠭᠤᠯᠤᠨ᠂ ᠥᠷᠭᠡᠨ ᠳᠡᠯᠭᠡᠷᠡᠩᠭᠦᠶ ᠴᠢᠨᠠᠷᠲᠠᠶ᠂ ᠤᠯᠠᠨ ᠲᠦᠮᠡᠨᠴᠢᠯᠡᠭ᠌ᠰᠡᠨ᠂ ᠬᠠᠷᠢᠯᠴᠠᠨ ᠬᠥᠳᠡᠯᠦᠯᠴᠡᠬᠦ᠌ ᠮᠠᠶᠢᠭ᠎ᠤᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ᠎ᠶ᠋ᠢ  ᠠᠮᠢᠳᠤᠯᠢᠭ ᠵᠢᠡᠷ  ᠥᠷᠨᠢᠭᠦᠯᠵᠦ᠍᠂ ᠴᠢᠬᠤᠯᠠ ᠶᠡᠬᠡ ᠦᠵᠡᠯᠲᠡ᠎ᠶ᠋ᠢ ᠲᠣᠳᠣᠷᠬᠠᠶ ᠶᠠᠷᠢᠵᠤ᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠨ᠂ ᠬᠤᠷᠠᠯ᠎ᠤᠨ᠎ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠣᠨᠣᠪᠴᠢᠲᠠᠶ ᠪᠥᠭᠡᠳ ᠠᠮᠢᠳᠤᠯᠢᠭ᠎ᠢᠶᠠᠷ ᠰᠠᠢᠲᠤᠷ ᠬᠢᠬᠦ᠌ ᠬᠡᠷᠡᠭ᠌ᠲᠡᠶ᠃ ᠦᠷᠭᠡᠨ ᠤᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠨᠠᠮ᠎ᠢᠶᠠᠨ ᠳᠠᠭᠠᠵᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠵᠠᠮ᠎ᠢᠶᠠᠷ ᠵᠠᠮᠨᠠᠬᠤ ᠢᠲᠡᠭᠡᠯ ᠵᠣᠷᠢᠭ᠎ᠢᠶᠠᠨ ᠲᠠᠰᠤᠷᠠᠯᠲᠠ ᠦᠭᠡᠶ ᠪᠠᠲᠤᠳᠭᠠᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠡᠷᠡᠰ ᠪᠠᠲᠤ ᠬᠦᠷᠢᠶᠡᠯᠡᠭᠴᠢ ᠪᠠ ᠦᠨᠡᠨᠴᠢ ᠱᠢᠳᠤᠷᠭᠤ ᠦᠢᠯᠡᠳᠦᠯᠭᠡᠵᠢᠭᠦᠯᠦᠭ᠌ᠴᠢ ᠪᠣᠯᠬᠤ᠎ᠪᠠᠷ ᠴᠢᠷᠮᠠᠢᠵᠤ᠂ ᠡᠷᠡᠮᠡᠭᠡᠢᠯᠡᠨ ᠤᠷᠤᠭ᠍ᠰᠢᠯᠠᠬᠤ ᠲᠡᠦᠬᠡ᠎ᠶ᠋ᠢᠨ ᠰᠢᠨ᠎ᠡ ᠠᠶᠠᠨ᠎ᠳᠤ 《ᠨᠠᠮ ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢᠳᠡ ᠪᠠᠢᠨ᠎ᠠ》 ᠭᠡᠬᠦ᠌ ᠵᠠᠯᠠᠭᠤ ᠨᠠᠰᠤᠨ᠎ᠤ ᠬᠠᠭᠤᠳᠠᠰᠤ᠎ᠶ᠋ᠢ ᠪᠢᠴᠢᠭ᠌ᠯᠡᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠬᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号