— ᠦᠪᠡᠷᠳᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠳᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ᠎ᠢ ᠰᠤᠷᠪᠤᠯᠵᠢᠯᠠᠭᠰᠠᠨ ᠨᠢ
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠠᠷᠠᠳ ᠲᠦᠮᠡᠨ᠎ᠢ ᠳᠡᠭᠡᠳᠦᠯᠡᠬᠦ᠌᠂ ᠠᠷᠠᠳ ᠲᠦᠮᠡᠨ᠎ᠳᠦ ᠨᠢᠭ᠍ᠲᠠ ᠲᠦᠱᠢᠭ᠌ᠯᠡᠬᠦ᠌᠂ ᠠᠷᠠᠳ ᠲᠦᠮᠡᠨ᠎ᠳᠦ ᠲᠠᠰᠤᠷᠠᠯᠳᠡ ᠦᠭᠡᠢ ᠪᠤᠶᠠᠨ ᠦᠢᠯᠡᠳᠬᠦ᠌᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠬᠦ᠌ ᠶ᠋ᠢ ᠪᠠᠷᠢᠮᠲᠠᠯᠠᠵᠤ᠂ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ᠎ᠳᠦ ᠵᠣᠬᠢᠴᠠᠭᠤᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠣᠨᠣᠴᠠᠲᠤ ᠴᠢᠨᠠᠷ᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠡᠩᠴᠡᠭᠦᠷᠢᠱᠢᠯ᠂ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠡ ᠦᠭᠡᠢ ᠨᠡᠮᠡᠭ᠌ᠳᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠠᠷᠠᠳ᠎ᠤᠨ ᠠᠮᠢᠳᠤᠷᠠᠯ ᠤᠨ ᠴᠢᠬᠤᠯᠠ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠡᠷᠬᠢᠨ ᠤᠯᠠᠮ ᠴᠢᠨᠠᠭᠰᠢᠳᠠ ᠯᠠᠪᠳᠠᠭᠤᠨ ᠪᠠᠲᠤᠲᠠᠶ ᠠᠬᠢᠭᠤᠯᠵᠤ᠂ ᠠᠷᠠᠳ᠎ᠤᠨ ᠠᠮᠢᠳᠤᠷᠠᠯ᠎ᠢ ᠨᠠᠩ ᠰᠠᠢᠲᠤᠷ ᠪᠠᠲᠤᠯᠠᠨ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠶ ᠶᠢᠩ ᠵᠢᠶᠦ᠋ᠨ᠎ᠢ ᠰᠤᠷᠪᠤᠯᠵᠢᠯᠠᠪᠠ᠃
ᠵᠠᠢ ᠶᠢᠩ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠬᠤᠢᠰᠢᠳᠠ ᠶ᠋ᠢᠨ ᠲᠠᠪᠤᠨ ᠵᠢᠯ ᠳ᠋ᠦ᠂ ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠶ᠋ᠯᠡᠳᠦᠯᠭᠡᠵᠢᠭᠦᠯᠵᠦ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠵᠠᠮ ᠵᠢᠡᠷ ᠭᠤᠢᠪᠢᠰᠢ ᠦᠭᠡᠢ ᠵᠠᠮᠨᠠᠨ᠎ᠠ᠃ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠬᠦ᠌ ᠬᠦᠴᠦᠨ ᠪᠣᠯᠭᠠᠵᠤ᠂ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠬᠦ᠌᠎ᠪᠡᠷ ᠭᠠᠷᠳᠠᠴᠠ ᠪᠣᠯᠭᠠᠨ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠬᠠᠷᠠᠯᠲᠠ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠭᠠᠷᠭᠠᠭ᠍ᠰᠠᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠂ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠲᠣᠭ᠍ᠲᠠᠭᠠᠭ᠍ᠰᠠᠨ ᠬᠠᠷᠠᠯᠲᠠ ᠡᠭᠦᠷᠭᠡ ᠳᠡᠭᠡᠷ᠎ᠡ ᠨᠢᠭ᠍ᠲᠠᠷᠠᠭᠤᠯᠤᠨ᠎ᠠ᠃ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠦᠨᠳᠦᠰᠦᠨ ᠶᠡᠬᠡ ᠪᠣᠳᠣᠯᠭ᠎ᠠ ᠪᠠ ᠤᠷᠲᠤ ᠬᠤᠭᠤᠴᠠᠭᠠᠨ᠎ᠤ ᠠᠷᠭ᠎ᠠ ᠪᠣᠳᠣᠯᠭ᠎ᠠ ᠶ᠋ᠢ ᠤᠳᠠᠭᠠᠨ ᠳᠠᠭᠠᠭᠠᠮᠠᠭᠠᠶ ᠰᠠᠢᠲᠤᠷ ᠠᠳᠬᠤᠵᠤ᠂ 《ᠨᠢᠭᠡ ᠵᠢ ᠪᠠᠳᠤᠯᠠᠬᠤ᠂ ᠬᠤᠶᠠᠷ ᠬᠤᠷᠢᠭ᠎ᠠ ᠱᠤᠭᠤᠮ᠎ᠢ ᠪᠠᠳᠤ ᠰᠠᠬᠢᠬᠤ᠂ ᠭᠤᠷᠪᠠ ᠵᠢ ᠴᠢᠩᠭ᠎ᠠ ᠠᠳᠬᠤᠬᠤ᠂ ᠵᠢᠷᠭᠤᠭᠠᠨ ᠨᠡᠩᠢ᠋ ᠪᠡᠶᠡᠯᠡᠬᠦᠯᠬᠦ》ᠲᠤᠭᠤᠷᠢᠨ ᠳ᠋ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ ᠬᠡᠯᠡᠪᠡ᠃ ᠲᠠᠷᠤᠢ᠂ ᠲᠣᠭ᠍ᠲᠠᠭᠤᠨ ᠪᠠᠢᠯᠭᠠᠬᠤ ᠵᠢ ᠪᠠᠲᠤᠯᠠᠵᠤ᠂ ᠠᠵᠢᠯ ᠣᠯᠭᠣᠯᠲᠠ᠎ᠶ᠋ᠢᠨ ᠪᠠᠢᠳᠠᠯ᠎ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠨ᠎ᠠ; ᠨᠡᠢᠭᠡᠮ᠎ᠦᠨ ᠳᠠᠭᠠᠳᠭᠠᠯ᠎ᠤᠨ ᠰᠠᠭᠤᠷᠢ ᠮᠥᠩᠭᠥᠨ᠎ᠦ ᠠᠮᠤᠷ ᠲᠦᠪᠱᠢᠨ᠂ ᠬᠦᠯᠦᠰᠦ ᠣᠯᠭᠣᠮᠵᠢ᠎ᠶ᠋ᠢ ᠴᠠᠭ ᠲᠤᠬᠠᠶ᠎ᠳᠤᠨᠢ ᠲᠣᠭ᠎ᠠ ᠶᠣᠰᠣᠭᠠᠷ ᠭᠦᠶ᠋ᠴᠡᠳ ᠣᠯᠭᠣᠬᠤ ᠪᠠ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ᠎ᠤ ᠴᠠᠯᠢᠩ᠎ᠢ ᠴᠠᠭ ᠲᠤᠬᠠᠶ᠎ᠳᠤᠨᠢ ᠲᠣᠭ᠎ᠠ ᠶᠣᠰᠣᠭᠠᠷ ᠭᠦᠶ᠋ᠴᠡᠳ ᠣᠯᠭᠣᠬᠤ ᠬᠤᠷᠢᠭ᠎ᠠ ᠱᠤᠭᠤᠮ᠎ᠢ ᠪᠠᠳᠤ ᠰᠠᠬᠢᠵᠤ᠂ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠡᠶ᠎ᠡ ᠵᠣᠬᠢᠴᠠᠩᠭᠤᠢ ᠲᠣᠭ᠍ᠲᠠᠭᠤᠨ ᠪᠠᠢᠯᠭᠠᠨ᠎ᠠ; ᠤᠨᠤᠴᠠᠳᠠᠢ ᠪᠡᠷ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠴᠢᠳᠠᠪᠤᠷᠢᠲᠠᠨ᠎ᠢ ᠬᠥᠮᠦᠵᠢᠭᠦᠯᠵᠦ᠂ ᠥᠨᠳᠥᠷ ᠬᠢᠷᠢ ᠲᠦᠪᠱᠢᠨ ᠪᠦᠬᠦᠢ ᠮᠡᠷᠭᠡᠵᠢᠯ ᠤᠷ᠎ᠠ ᠮᠡᠷᠭᠡᠰᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠬᠤ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠲᠦᠷᠭᠡᠳᠭᠡᠬᠦ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠬᠦ ᠭᠤᠷᠪᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠴᠢᠩᠭ᠎ᠠ ᠠᠳᠬᠤᠵᠤ᠂ ᠱᠢᠰᠲ᠋ᠧᠮ᠎ᠲᠡᠶ ᠪᠡᠷ ᠠᠵᠢᠯ ᠵᠢᠡᠨ ᠲᠥᠯᠥᠪᠯᠡᠵᠦ᠂ ᠰᠡᠳᠭᠢᠬᠦᠶ ᠣᠢᠯᠠᠭᠠᠭ᠍ᠳᠠᠬᠤᠨ ᠢᠶᠠᠨ ᠬᠤᠪᠢᠷᠠᠭᠤᠯᠵᠤ᠂ ᠰᠡᠳᠭᠢᠴᠡ ᠠᠷᠭ᠎ᠠ ᠪᠠᠷᠢᠯ᠎ᠤᠨ ᠱᠢᠨ᠎ᠡ᠎ᠶ᠋ᠢ ᠡᠭᠦᠳᠦᠨ᠂ ᠰᠤᠷᠲᠠᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠂ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠱᠢᠨ᠎ᠡ ᠪᠠᠢᠳᠠᠯ᠎ᠢ ᠡᠭᠦᠳᠦᠨ᠎ᠡ; ᠠᠵᠢᠯ ᠣᠯᠭᠣᠯᠲᠠ ᠨᠡᠩ ᠭᠦᠢᠴᠡᠳ ᠨᠡᠩ ᠴᠢᠨᠠᠷ ᠰᠠᠢᠲᠠᠢ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠨᠡᠩ ᠪᠦᠷᠢᠨ ᠲᠡᠬᠦᠯᠳᠡᠷ ᠨᠡᠩ ᠦᠷᠭᠦᠯᠵᠢᠯᠡᠬᠦᠢᠴᠡ᠂ ᠡᠯ᠎ᠡ ᠲᠥᠷᠥᠯ᠎ᠦᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠴᠦ᠍ ᠦᠶ᠋ᠯᠡᠰ ᠪᠣᠰᠭᠠᠬᠤ ᠠᠵᠢᠯ ᠨᠠᠩ ᠠᠮᠢᠵᠢᠷᠠᠯ᠎ᠤᠨ ᠬᠦᠴᠦᠨ᠎ᠲᠡᠶ᠂ ᠴᠠᠯᠢᠩ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠣᠭ᠍ᠲᠠᠴᠠ ᠨᠡᠩ ᠪᠦᠷᠢᠨ ᠲᠡᠭᠦᠯᠳᠡᠷ᠂ ᠬᠥᠳᠡᠯᠮᠦᠷᠢ᠎ᠶ᠋ᠢᠨ ᠬᠠᠷᠢᠴᠠᠭ᠎ᠠ ᠨᠠᠩ ᠡᠶ᠎ᠡ ᠵᠤᠬᠢᠴᠠᠩᠭᠤᠢ ᠲᠣᠭ᠍ᠲᠠᠭᠤᠨ ᠪᠠᠢᠬᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡ ᠨᠠᠩ ᠥᠨᠳᠥᠷ ᠪᠦᠲᠦᠮᠵᠢᠲᠡᠶ ᠨᠡᠩ ᠳᠥᠭᠥᠮ ᠳᠥᠲᠡ ᠪᠠᠢᠬᠤ ᠵᠢ ᠪᠡᠶᠡᠯᠡᠬᠦᠯᠵᠦ᠂ ᠱᠢᠯᠢᠳᠡᠭ ᠬᠢᠷᠢ ᠪᠦᠲᠦᠮᠵᠢ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ᠃
ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠲᠣᠭ᠍ᠲᠠᠭᠠᠭ᠍ᠰᠠᠨ ᠭᠣᠣᠯᠳᠠᠯᠭ᠎ᠠ᠎ᠲᠠᠶ ᠬᠠᠷᠠᠯᠲᠠ ᠡᠭᠦᠷᠭᠡ᠎ᠶ᠋ᠢᠨ ᠳᠣᠲᠣᠷ᠎ᠠ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ ᠮᠠᠰᠢ ᠴᠢᠬᠤᠯᠠ ᠪᠠᠢᠵᠤ᠂ ᠪᠢᠳᠡᠨ᠎ᠦ ᠨᠡᠩ ᠭᠦᠢᠴᠡᠳ ᠨᠡᠩ ᠴᠢᠨᠠᠷ ᠰᠠᠢᠲᠠᠢ ᠠᠵᠢᠯ ᠣᠯᠭᠣᠯᠲᠠ᠎ᠶ᠋ᠢ ᠪᠡᠶᠡᠯᠡᠭᠦᠯᠬᠦ᠌᠂ ᠤᠯᠠᠨ ᠲᠡᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌᠂ ᠴᠢᠳᠠᠪᠤᠷᠢᠲᠠᠨ᠎ᠤ ᠱᠢᠨ᠎ᠡ᠎ᠶ᠋ᠢ ᠡᠭᠦᠳᠴᠦ᠍ ᠦᠢᠯᠡᠰ ᠪᠤᠰᠭᠠᠬᠤ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠂ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ ᠠᠵᠢᠯ ᠳ᠋ᠤ ᠲᠣᠳᠣᠷᠬᠠᠢ ᠴᠢᠭ᠌ᠯᠡᠯ ᠢ ᠵᠢᠭᠠᠵᠤ ᠪᠤᠳᠠᠳᠠᠢ ᠱᠠᠭᠠᠷᠳᠠᠯᠭ᠎ᠠ ᠳᠤᠷᠠᠳᠴᠠᠢ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ ᠬᠥᠭ᠌ᠵᠢᠯᠲᠡ᠎ᠳᠦ ᠦᠶ᠋ᠯᠡᠴᠢᠯᠡᠬᠦ᠌᠂ ᠠᠷᠠᠳ᠎ᠤᠨ ᠠᠮᠢᠳᠤᠷᠠᠯ ᠢ ᠰᠠᠢᠵᠢᠷᠠᠭᠤᠯᠬᠤ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ᠂ ᠪᠠᠢᠳᠠᠯ᠎ᠢ ᠵᠠᠳᠠᠯᠵᠤ᠂ ᠱᠠᠭᠠᠷᠳᠠᠯᠭ᠎ᠠ᠎ᠶ᠋ᠢ ᠡᠵᠡᠮᠱᠢᠵᠦ᠍᠂ ᠣᠯᠤᠭ᠍ᠰᠠᠨ ᠠᠮᠵᠢᠯᠲᠠ᠎ᠪᠠᠨ ᠣᠯᠵᠤ ᠬᠠᠷᠠᠬᠤ᠎ᠪᠠᠷ ᠪᠠᠷᠠᠬᠤ ᠥᠬᠡᠶ ᠪᠠᠰᠠ ᠣᠷᠣᠱᠢᠵᠤ ᠪᠠᠢᠭ᠎ᠠ ᠠᠰᠠᠭᠤᠳᠠᠯ᠎ᠳᠤ ᠵᠥᠪ᠎ᠢᠶᠡᠷ ᠬᠠᠨᠳᠤᠵᠤ᠂ ᠰᠠᠭᠤᠷᠢ᠎ᠪᠠᠨ ᠪᠡᠬᠢᠵᠢᠭᠦᠯᠬᠦ᠌᠂ ᠳᠠᠪᠠᠭᠤᠯᠢᠭ᠎ᠢᠶᠠᠨ ᠪᠠᠳᠠᠷᠠᠭᠤᠯᠬᠤ ᠲᠠᠯ᠎ᠠ᠎ᠪᠠᠷ ᠴᠢᠭ᠌ᠯᠡᠯ᠎ᠢᠶᠡᠨ ᠣᠨᠣᠪᠴᠢᠲᠠᠶ ᠣᠯᠵᠤ᠂ ᠳᠤᠲᠠᠭᠤᠳᠠᠯ᠎ᠢᠶᠠᠨ ᠨᠥᠬᠥᠪᠥᠷᠢᠯᠡᠬᠦ᠌᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠬᠦ᠌ ᠪᠠᠷ ᠦᠷᠭᠦᠯᠵᠢᠯᠡᠨ ᠬᠦᠴᠦᠯᠡᠵᠦ᠍᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢᠵᠢᠷᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠨ᠎ᠡ᠃
ᠨᠢᠭᠡ᠎ᠳᠦ ᠨᠠᠩ ᠭᠦᠶ᠋ᠴᠡᠳ ᠨᠠᠩ ᠴᠢᠨᠠᠷ ᠰᠠᠢᠲᠠᠶ ᠠᠵᠢᠯ ᠣᠯᠭᠣᠯᠲᠠ᠎ᠶ᠋ᠢ ᠪᠡᠶᠡᠯᠡᠭᠦᠯᠬᠦ᠌ ᠶ᠋ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ 《ᠬᠣᠶᠠᠷ ᠰᠠᠭᠤᠷᠢᠨ》᠂ 《ᠬᠣᠶᠠᠷ ᠬᠠᠯᠬᠠᠪᠴᠢ》᠂ 《ᠨᠢᠭᠡ ᠪᠡᠬᠢᠯᠡᠯᠲᠡ》᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠶ᠋ᠢᠨ ᠲᠣᠭᠣᠷᠢᠨ᠎ᠳᠤ᠂ ᠨᠠᠩ ᠭᠦᠶ᠋ᠴᠡᠳ ᠨᠠᠩ ᠴᠢᠨᠠᠷ ᠰᠠᠢᠲᠠᠶ ᠠᠵᠢᠯ ᠣᠯᠭᠣᠯᠲᠠ᠎ᠳᠤ ᠠᠱᠢᠭ᠍ᠲᠠᠶ ᠠᠵᠢᠯ ᠤᠨ ᠲᠣᠭ᠍ᠲᠠᠴᠠ᠎ᠶ᠋ᠢ ᠪᠠᠢᠭᠤᠯᠵᠤ᠂ 《ᠪᠥᠬᠥ᠌ ᠣᠷᠣᠨ᠎ᠢ ᠬᠠᠮᠤᠷᠤᠭ᠍ᠰᠠᠨ᠂ ᠲᠠᠰ ᠳᠠᠪᠬᠤᠷᠭ᠎ᠠ ᠲᠣᠳᠣᠷᠬᠠᠶ᠂ ᠡᠭᠦᠷᠭᠡ ᠬᠠᠷᠢᠭᠤᠴᠠᠯᠭ᠎ᠠ ᠲᠣᠳᠣᠷᠬᠠᠶ᠂ ᠠᠵᠢᠯ ᠤ᠋ᠨ ᠲᠠᠷᠠᠭᠠᠯᠠᠯ ᠲᠣᠳᠣᠷᠬᠠᠶ᠂ ᠡᠷᠬᠢᠯᠳᠡ ᠰᠠᠭᠠᠳ ᠥᠬᠡᠶ》 ᠠᠵᠢᠯ ᠣᠯᠭᠣᠯᠲᠠ᠎ᠶ᠋ᠢᠨ ᠠᠵᠢᠯᠯᠠᠭᠠᠨ᠎ᠤ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠦᠨ᠎ᠡ᠃ ᠭᠤᠤᠯᠳᠠᠯᠭ᠎ᠠ ᠲᠠᠶ ᠬᠥᠮᠦᠰ ᠤ᠋ᠨ ᠠᠵᠢᠯ ᠣᠯᠭᠣᠯᠳᠠ᠎ᠶ᠋ᠢ ᠪᠠᠲᠤᠯᠠᠬᠤ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠬᠥᠭ᠌ᠵᠢᠯᠲᠡ ᠶ᠋ᠢ ᠠᠬᠢᠭᠤᠯᠬᠤ᠂ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ᠎ᠶ᠋ᠢ ᠠᠬᠢᠭᠤᠯᠬᠤ᠎ᠶ᠋ᠢ ᠠᠵᠢᠯ ᠣᠯᠭᠣᠯᠲᠠ ᠶ᠋ᠢ ᠲᠣᠭ᠍ᠲᠠᠭᠤᠨ ᠪᠠᠢᠯᠭᠠᠬᠤ ᠶ᠋ᠢᠨ ᠰᠠᠭᠤᠷᠢ᠂ ᠶᠡᠬᠡ ᠬᠡᠪᠴᠢᠶᠡᠨ᠎ᠦ ᠠᠵᠢᠯ ᠠᠯᠳᠠᠬᠤ ᠲᠦᠭ᠌ᠰᠢᠭᠦᠷᠢ ᠶ᠋ᠢ ᠰᠡᠷᠭᠡᠢᠯᠡᠬᠦ᠌ ᠶ᠋ᠢᠨ ᠵᠠᠩᠭᠢᠯᠠᠭ᠎ᠠ ᠪᠣᠯᠭᠠᠨ ᠠᠳᠭᠤᠬᠤ ᠶ᠋ᠢ ᠪᠠᠷᠢᠮᠲᠠᠯᠠᠵᠤ᠂ ᠲᠥᠷᠥ ᠶ᠋ᠢᠨ ᠪᠣᠳᠣᠯᠭ᠎ᠠ ᠪᠠ ᠪᠠᠯᠠ ᠮᠥᠩᠭᠥ ᠶ᠋ᠢᠨ ᠳᠡᠮᠵᠢᠯᠭᠡ ᠶ᠋ᠢᠨ ᠡᠷᠴᠢᠮ ᠢᠶᠡᠨ ᠴᠢᠩᠭᠠᠷᠠᠭᠤᠯᠤᠨ᠎ᠠ᠃ ᠠᠵᠢᠯ ᠣᠯᠭᠣᠯᠳᠠ ᠵᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮᠲᠦ ᠴᠢᠨᠠᠷ᠂ ᠦᠶ᠋ᠯᠡᠴᠢᠯᠡᠭᠡᠨ᠎ᠦ ᠳᠥᠭᠥᠮᠴᠢᠯᠡᠯᠲᠡ᠂ ᠵᠠᠬ᠎ᠠ ᠳᠡᠯᠭᠡᠭᠦᠷ ᠦᠨ ᠭᠤᠤᠯᠯᠠᠬᠤ ᠴᠢᠨᠠᠷ᠂ ᠪᠣᠯᠪᠠᠰᠤᠷᠠᠯ᠎ᠤᠨ ᠪᠣᠳᠠᠲᠤ ᠦᠷ᠎ᠡ ᠪᠦᠲᠦᠮᠵᠢᠲᠦ ᠴᠢᠨᠠᠷ᠎ᠢ ᠤᠯᠠᠮ ᠴᠢᠨᠠᠬᠰᠢᠳᠠ ᠴᠢᠩᠭᠠᠷᠠᠭᠤᠯᠵᠤ᠂ ᠬᠥᠳᠡᠯᠮᠦᠷᠢᠴᠢᠳ ᠲᠦ ᠡᠷᠬᠡ ᠲᠡᠭ᠌ᠰᠢ ᠲᠥᠪ ᠭᠤᠤᠯᠴᠢ᠂ ᠡᠶ᠎ᠡ ᠵᠣᠬᠢᠴᠠᠩᠭᠤᠢ ᠡᠮᠬᠢ ᠵᠢᠷᠤᠮ ᠲᠠᠶ ᠠᠵᠢᠯ ᠣᠯᠭᠣᠬᠤ ᠣᠷᠴᠢᠨ ᠨᠥᠬᠥᠴᠡᠯ ᠢ ᠪᠣᠶ ᠪᠣᠯᠭᠠᠵᠤ ᠥᠭ᠌ᠭᠦᠨ᠎ᠡ᠃
ᠬᠣᠶᠠᠷ ᠲᠤ ᠤᠯᠠᠨ ᠲᠡᠰ ᠳᠠᠪᠬᠤᠷᠭ᠎ᠠ ᠶ᠋ᠢᠨ ᠨᠡᠢᠭᠡᠮ ᠦᠨ ᠪᠠᠲᠤᠯᠠᠭ᠎ᠠ ᠶ᠋ᠢᠨ ᠱᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ᠌ ᠠᠷᠠᠳ ᠢ ᠬᠠᠮᠤᠷᠤᠭ᠍ᠰᠠᠨ᠂ ᠬᠣᠲᠠ ᠬᠥᠳᠡᠭᠡ ᠶ᠋ᠢ ᠨᠢᠭᠡᠳᠦᠯᠲᠡᠶ ᠲᠥᠯᠥᠪᠵᠢᠬᠦᠯᠦᠭᠰᠡᠨ᠂ ᠲᠦᠪ ᠭᠣᠣᠯᠴᠢ ᠨᠢᠭᠡᠳᠦᠯᠲᠡᠶ᠂ ᠦᠷᠭᠦᠯᠵᠢᠯᠡᠭ᠌ᠰᠡᠨ ᠣᠯᠠᠨ ᠳᠡᠰ ᠳᠠᠪᠬᠤᠷᠭ᠎ᠠ ᠪᠦᠬᠦᠢ ᠨᠡᠢᠭᠡᠮ ᠦᠨ ᠪᠠᠲᠤᠯᠠᠭ᠎ᠠ ᠶ᠋ᠢᠨ ᠱᠢᠰᠲᠧᠮ᠎ᠢ ᠪᠦᠷᠢᠨᠱᠢᠭᠦᠯᠬᠦ᠌ ᠪᠡᠷ ᠬᠠᠷᠠᠯᠲᠠ ᠪᠠᠨ ᠪᠣᠯᠭᠠᠬᠤ᠎ᠶ᠋ᠢ ᠪᠠᠷᠢᠮᠲᠠᠯᠠᠵᠦ᠂ ᠪᠦᠬᠦ᠌ ᠠᠷᠠᠳ᠎ᠢ ᠳᠠᠭᠠᠳᠭᠠᠯ ᠳᠤ ᠣᠷᠣᠯᠴᠠᠭᠤᠯᠬᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠱᠢᠨ᠎ᠡ ᠠᠵᠢᠯ ᠣᠯᠭᠣᠯᠳᠠ ᠵᠢᠨ ᠬᠡᠯᠪᠡᠷᠢ ᠪᠡᠷ ᠠᠵᠢᠯ ᠤᠯᠤᠬᠰᠠᠳ᠂ ᠠᠮᠢᠳᠤᠯᠢᠭ ᠢᠶᠠᠷ ᠠᠵᠢᠯ ᠣᠯᠤᠭ᠍ᠰᠠᠳ ᠢᠶᠠᠷ ᠭᠣᠣᠯᠳᠠᠯᠭ᠎ᠠ ᠪᠣᠯᠭᠠᠨ᠂ ᠨᠡᠢᠭᠡᠮ᠎ᠦᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠨ᠎ᠡ᠃ ᠣᠯᠠᠨ ᠲᠠᠰ ᠳᠠᠪᠬᠤᠷᠭ᠎ᠠ᠂ ᠣᠯᠠᠨ ᠲᠤᠯᠭᠠᠭᠤᠷᠢᠯᠠᠯ ᠲᠠᠶ ᠨᠠᠰᠤᠵᠢᠯ᠎ᠤᠨ ᠳᠠᠭᠠᠳᠭᠠᠯ᠎ᠤᠨ ᠱᠢᠰᠲ᠋ᠧᠮ᠎ᠢ ᠪᠦᠷᠢᠨᠱᠢᠬᠦᠯᠵᠦ᠍᠂ ᠠᠵᠤ ᠠᠬᠤᠢᠯᠠᠯ᠎ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠭᠠᠯ᠎ᠢ ᠪᠥᠬᠥ᠌ ᠤᠯᠤᠰ ᠲᠤ ᠨᠢᠭᠡᠳᠦᠯᠲᠡᠶ ᠲᠥᠯᠥᠪᠵᠢᠬᠦᠯᠬᠦ᠌ ᠶ᠋ᠢ ᠨᠠᠢᠳᠠᠪᠤᠷᠢᠵᠢᠭᠤᠯᠤᠨ᠂ ᠠᠵᠢᠯ ᠠᠴᠠ ᠪᠣᠯᠤᠭ᠍ᠰᠠᠨ ᠭᠡᠮᠲᠦᠯ ᠦᠨ ᠳᠠᠭᠠᠳᠭᠠᠯ᠂ ᠠᠵᠢᠯ ᠠᠯᠳᠠᠯᠲᠠ ᠶ᠋ᠢᠨ ᠳᠠᠭᠠᠳᠭᠠᠯ ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠵᠢᠬᠦᠯᠬᠦ ᠶ᠋ᠢ ᠠᠬᠢᠭᠤᠯᠵᠤ᠂ ᠨᠡᠢᠭᠡᠮ᠎ᠦᠨ ᠳᠠᠭᠠᠳᠭᠠᠯ᠎ᠤᠨ ᠰᠠᠭᠤᠷᠢ ᠮᠥᠩᠭᠥ ᠶ᠋ᠢᠨ ᠲᠦᠭ᠌ᠰᠢᠭᠦᠷᠢ ᠶ᠋ᠢ ᠰᠡᠷᠭᠡᠢᠯᠡᠨ ᠡᠵᠡᠮᠳᠡᠬᠦ᠌ ᠶ᠋ᠢ ᠴᠢᠩᠭᠠᠷᠠᠭᠤᠯᠤᠨ᠂ ᠡᠯ᠎ᠡ ᠵᠦᠶ᠋ᠯ᠎ᠦᠨ ᠨᠡᠢᠭᠡᠮ᠎ᠦᠨ ᠳᠠᠭᠠᠳᠭᠠᠯ᠎ᠤᠨ ᠣᠯᠭᠣᠮᠵᠢ᠎ᠶ᠋ᠢ ᠴᠠᠭ ᠲᠤᠬᠠᠶ ᠳᠤᠨᠢ ᠲᠣᠭ᠎ᠠ ᠶᠣᠰᠣᠭᠠᠷ ᠭᠦᠶ᠋ᠴᠡᠳ ᠣᠯᠭᠣᠬᠤ ᠶ᠋ᠢ ᠦᠨᠡᠨ ᠬᠦ᠌ ᠪᠠᠲᠤᠯᠠᠨ᠎ᠠ᠃
ᠭᠤᠷᠪᠠ᠎ᠳᠤ ᠴᠢᠳᠠᠪᠤᠷᠢᠲᠠᠨ᠎ᠤ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ ᠠᠵᠢᠯ᠎ᠤᠨ ᠠᠮᠢᠵᠢᠷᠠᠯ ᠤ᠋ᠨ ᠬᠦᠴᠦᠨ᠎ᠢ ᠬᠥᠭ᠌ᠵᠢᠭᠡᠨ᠎ᠡ᠃ ᠨᠠᠮ ᠠᠴᠠ ᠴᠢᠳᠠᠪᠤᠷᠢᠲᠠᠨ᠎ᠢ ᠬᠠᠮᠢᠶᠠᠷᠬᠤ ᠵᠠᠷᠴᠢᠮ ᠢ ᠪᠠᠷᠢᠮᠲᠠᠯᠠᠵᠦ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠶ᠋ᠢᠨ ᠰᠠᠯᠠᠭ᠎ᠠ ᠮᠥᠴᠢᠷ᠎ᠦᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳ᠋ᠤ ᠰᠠᠭᠤᠷᠢᠯᠠᠨ᠂ ᠲᠤᠰᠭᠠᠶ ᠮᠡᠷᠭᠡᠵᠢᠯ᠎ᠦᠨ ᠴᠢᠳᠠᠪᠤᠷᠢᠲᠠᠨ ᠪᠠ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠪᠡᠷ ᠭᠤᠤᠯᠳᠠᠯᠭ᠎ᠠ ᠪᠣᠯᠭᠠᠵᠤ᠂ 《ᠠᠮᠢ ᠠᠬᠤᠶ ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠪᠠᠷ ᠬᠥᠭ᠌ᠵᠢᠬᠦᠯᠬᠦ》 ᠵᠢᠨ ᠬᠡᠷᠡᠭ᠌ᠴᠡᠭᠡ ᠵᠢᠨ ᠲᠤᠭᠤᠷᠢᠨ ᠳ᠋ᠤ᠂ ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠱᠢᠨ᠎ᠡ ᠪᠡᠷ ᠮᠨᠨᠳᠤᠬᠰᠠᠨ ᠠᠵᠤ ᠦᠶ᠋ᠯᠡᠰ᠂ ᠲᠡᠷᠢᠭᠦᠨ᠎ᠦ ᠦᠢᠯᠡᠳᠬᠦ᠌ ᠦᠢᠯᠡᠰ᠂ ᠣᠳᠣ ᠦᠶ᠎ᠡ ᠶ᠋ᠢᠨ ᠦᠢᠯᠡᠴᠢᠯᠡᠭᠡᠨ ᠦ ᠦᠢᠯᠡᠰ ᠲᠸ᠋ ᠠᠩᠬᠠᠷᠤᠯ ᠵᠢᠡᠨ ᠲᠦᠪᠯᠡᠷᠡᠬᠦᠯᠵᠦ᠂ ᠰᠦ ᠵᠢᠨ ᠦᠶ᠋ᠯᠡᠰ᠂ ᠬᠣᠪᠣᠷ ᠱᠢᠷᠣᠶ ᠶ᠋ᠢᠨ ᠱᠢᠨ᠎ᠡ ᠮᠠᠲ᠋ᠧᠷᠢᠶᠠᠯ ᠵᠡᠷᠭᠡ ᠤᠯᠤᠰ ᠤᠨ ᠮᠡᠷᠭᠡᠵᠢᠯ ᠦᠨ ᠱᠢᠨ᠎ᠡ᠎ᠶ᠋ᠢ ᠡᠭᠦᠳᠬᠦ᠌ ᠲᠥᠪ ᠵᠡᠷᠭᠡ ᠱᠢᠨ᠎ᠡ ᠶ᠋ᠢ ᠡᠭᠦᠳᠬᠦ᠌ ᠲᠠᠪᠴᠠᠩ ᠠᠴᠢᠶᠠᠯᠠᠪᠤᠷᠢ ᠵᠢ ᠴᠤᠬᠴᠠᠯᠠᠬᠤ ᠲᠠᠢ ᠨᠢᠬᠳᠠ ᠤᠶᠠᠯᠳᠤᠭᠤᠯᠵᠤ᠂ ᠴᠢᠳᠠᠪᠤᠷᠢᠲᠠᠨ ᠢ ᠬᠥᠮᠦᠵᠢᠭᠦᠯᠬᠦ᠌ ᠂ ᠣᠷᠣᠭᠤᠯᠤᠨ ᠠᠪᠴᠢᠷᠠᠬᠤ᠂ ᠰᠢᠯᠭᠠᠨ ᠦᠨᠡᠯᠡᠬᠦ᠂ ᠰᠢᠯᠵᠢᠬᠦᠯᠬᠦ ᠪᠠ ᠤᠷᠮᠠᠱᠢᠭᠤᠯᠬᠤ ᠲᠣᠭ᠍ᠲᠠᠴᠠ ᠵᠢ ᠴᠢᠨᠠᠬᠰᠢᠳᠠ ᠲᠡᠭᠦᠯᠳᠡᠷᠵᠢᠬᠦᠯᠵᠦ᠂ ᠴᠢᠳᠠᠪᠤᠷᠢᠲᠠᠨ ᠤ ᠦᠰᠦᠨ ᠪᠣᠢᠵᠢᠬᠤ ᠰᠠᠢᠨ ᠰᠠᠢᠬᠠᠨ ᠣᠷᠴᠢᠨ ᠨᠥᠬᠥᠴᠡᠯ ᠢ ᠪᠤᠢ ᠪᠣᠯᠭᠠᠵᠦ᠂ ᠱᠢᠨ᠎ᠡ ᠶ᠋ᠢ ᠡᠭᠦᠳᠬᠦ᠌ ᠬᠡᠯᠪᠡᠷᠢ᠂ ᠬᠡᠷᠡᠭ᠌ᠯᠡᠭᠡᠨ᠎ᠦ ᠬᠡᠯᠪᠡᠷᠢ᠂ ᠮᠡᠷᠭᠡᠵᠢᠯ ᠤ᠋ᠨ ᠬᠡᠯᠪᠡᠷᠢ ᠵᠢᠨ ᠴᠢᠳᠠᠪᠤᠷᠢᠲᠠᠨ᠎ᠢ ᠬᠥᠮᠦᠵᠢᠭᠦᠯᠬᠦ᠌ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠵᠦ᠂ ᠤᠷ᠎ᠠ ᠮᠡᠷᠭᠡᠵᠢᠯ ᠪᠠ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠬᠣᠶᠠᠷ ᠡᠩᠨᠡᠭᠡ ᠶ᠋ᠢ ᠴᠤᠬᠴᠠᠯᠠᠵᠤ᠂ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠂ ᠴᠢᠨᠠᠷ ᠰᠠᠢᠲᠠᠶ ᠬᠥᠭ᠌ᠵᠢᠯᠲᠡ᠎ᠳᠦ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃
ᠳᠥᠷᠪᠡ ᠳᠦ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ ᠶ᠋ᠢ ᠪᠠᠢᠭᠤᠯᠤᠨ᠎ᠠ᠃ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠵᠣᠬᠢᠴᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠥᠳᠡᠯᠮᠦᠷᠢᠴᠢᠳ᠎ᠦᠨ ᠡᠷᠬᠡ ᠠᠱᠢᠭ ᠢ ᠬᠠᠮᠠᠭᠠᠯᠠᠬᠤ ᠳᠦᠷᠢᠮ ᠢ ᠨᠠᠢᠳᠠᠪᠤᠷᠢᠵᠢᠭᠤᠯᠵᠦ᠂ ᠬᠥᠳᠡᠯᠮᠦᠷᠢ᠎ᠶ᠋ᠢᠨ ᠬᠠᠷᠢᠴᠠᠭ᠎ᠠ᠎ᠶ᠋ᠢᠨ ᠵᠠᠰᠠᠯᠳᠠ ᠵᠢᠨ ᠴᠢᠳᠠᠪᠤᠷᠢ ᠪᠠ ᠵᠠᠰᠠᠯᠳᠠ ᠵᠢᠨ ᠲᠦᠪᠰᠢᠨ ᠢ᠋ ᠳᠡᠭᠡᠭ᠌ᠰᠢᠯᠡᠭᠦᠯᠦᠨ᠎ᠡ᠃ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠵᠢᠭᠤᠷᠠᠯᠳᠤᠭᠠᠨ ᠢ᠋ ᠡᠶᠡᠳᠡᠭᠦᠯᠬᠦ᠌ ᠪᠠ ᠬᠥᠨᠳᠡᠯᠡᠨ᠎ᠡᠴᠡ ᠲᠠᠰᠤᠯᠬᠤ ᠶ᠋ᠢ ᠴᠢᠩᠭᠠᠳᠭᠠᠵᠤ᠂ ᠡᠶᠡᠳᠡᠭᠦᠯᠬᠦ᠌ ᠪᠠ ᠬᠥᠨᠳᠡᠯᠡᠨ ᠡᠴᠡ ᠲᠠᠰᠤᠯᠬᠤ ᠠᠵᠢᠯ᠎ᠤᠨ ᠵᠢᠷᠤᠮᠵᠢᠭᠰᠠᠨ᠂ ᠪᠠᠷᠢᠮᠵᠢᠶᠠᠵᠢᠭᠰᠠᠨ᠂ ᠲᠤᠰᠭᠠᠢᠵᠢᠭᠰᠠᠨ ᠪᠠ ᠮᠡᠳᠡᠭᠡ ᠵᠠᠩᠭᠢᠵᠢᠭᠰᠠᠨ ᠪᠠᠢᠭᠤᠯᠤᠯᠲᠠ᠎ᠶ᠋ᠢ ᠠᠬᠢᠭᠤᠯᠤᠨ᠎ᠠ᠃ ᠬᠥᠳᠡᠯᠮᠦᠷᠢ ᠵᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠬᠤ ᠬᠠᠤᠯᠢ ᠬᠡᠷᠡᠭ᠌ᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ 《ᠬᠦᠯᠦᠰᠦᠨ ᠲᠠᠷᠢᠶᠠᠴᠢᠨ ᠤ᠋ ᠴᠠᠯᠢᠩ ᠢ ᠥᠭ᠌ᠬᠦ᠎ᠶ᠋ᠢ ᠪᠠᠲᠤᠯᠠᠬᠤ ᠳᠦᠷᠢᠮ》 ᠢ᠋ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠦᠯᠦᠰᠦᠨ ᠲᠠᠷᠢᠶᠠᠴᠢᠨ᠎ᠤ ᠬᠠᠤᠯᠢ ᠶᠣᠰᠣᠨ᠎ᠤ ᠡᠷᠬᠡ ᠠᠱᠢᠭ ᠢ ᠡᠷᠡᠰ ᠬᠠᠮᠠᠭᠠᠯᠠᠨ᠎ᠠ᠃ ᠠᠵᠤ ᠠᠬᠤᠢᠯᠠᠯ᠎ᠤᠨ ᠠᠵᠢᠯᠳᠠᠨ ᠠᠵᠢᠯᠴᠢᠨ ᠬᠡᠷᠡᠭ᠌ᠯᠡᠬᠦ᠌ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠵᠢᠷᠤᠮᠵᠢᠭᠤᠯᠵᠤ᠂ ᠬᠥᠳᠡᠯᠮᠦᠷᠢ᠎ᠶ᠋ᠢᠨ ᠨᠥᠬᠥᠴᠡᠯ᠎ᠢ ᠲᠠᠰᠤᠷᠠᠯᠲᠠ ᠤᠢ᠍ᠭᠡᠢ ᠰᠠᠢᠵᠢᠷᠠᠭᠤᠯᠵᠦ᠂ ᠬᠥᠳᠡᠯᠮᠦᠷᠢ᠎ᠶ᠋ᠢᠨ ᠬᠠᠷᠢᠴᠠᠭᠠᠨ᠎ᠤ ᠵᠥᠷᠢᠴᠡᠯ ᠢ ᠱᠢᠰᠲᠧᠮ᠎ᠲᠡᠶ ᠵᠠᠰᠠᠬᠤ᠂ ᠬᠠᠤᠯᠢ ᠶᠣᠰᠣᠭᠠᠷ ᠵᠠᠰᠠᠬᠤ᠂ ᠡᠬᠢ ᠡᠭᠦᠰᠦᠯ᠎ᠡᠴᠡ ᠨᠢ ᠵᠠᠰᠠᠬᠤ ᠪᠠ ᠶᠡᠷᠦᠩᠬᠡᠢᠯᠡᠨ ᠵᠠᠰᠠᠬᠤ ᠶ᠋ᠢ ᠪᠡᠶᠡᠯᠡᠭᠦᠯᠵᠦ᠍᠂ ᠥᠷᠭᠡᠨ ᠣᠯᠠᠨ ᠬᠥᠳᠡᠯᠮᠦᠷᠢᠯᠡᠭ᠌ᠴᠢᠳᠦᠨ ᠨᠡᠷ᠎ᠡ ᠬᠦᠨᠳᠤ᠎ᠲᠡᠶ ᠬᠥᠳᠡᠯᠮᠦᠷᠢᠯᠡᠵᠦ᠂ ᠪᠦᠬᠦ᠌ ᠲᠠᠯ᠎ᠠ ᠪᠠᠷ ᠬᠥᠭ᠌ᠵᠢᠬᠦ᠌᠎ᠶ᠋ᠢ ᠠᠬᠢᠭᠤᠯᠤᠨ᠎ᠠ᠃
ᠲᠠᠪᠤ ᠳᠤ ᠬᠥᠮᠦᠨ᠎ᠦ ᠬᠦᠴᠦᠨ ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠦᠨ᠎ᠡ᠃ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠵᠤ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠴᠢᠯᠠᠬᠤ᠂ ᠨᠢᠭᠡ ᠴᠣᠠᠠᠴᠠᠵᠢᠭᠤᠯᠬᠤ ᠪᠡᠷ ᠲᠤᠯᠭᠠᠭᠤᠷᠢᠯᠠᠯ ᠪᠣᠯᠭᠠᠵᠤ᠂ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠶ᠋ᠢᠨ ᠱᠢᠰᠲ᠋ᠧᠮ ᠦᠨ ᠠᠵᠢᠯ ᠲᠥᠷᠥᠯ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠱᠢᠯᠢᠳᠡᠭ᠌ᠵᠢᠭᠦᠯᠬᠦ᠌᠎ᠳᠦ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ ᠢ ᠪᠠᠢᠴᠠᠭᠠᠨ ᠱᠢᠶ᠋ᠳᠪᠦᠷᠢᠯᠡᠵᠦ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠶ᠋ᠢᠨ ᠣᠯᠠᠨ ᠨᠡᠢᠲᠡ ᠶ᠋ᠢᠨ ᠦᠶ᠋ᠯᠡᠴᠢᠯᠡᠭᠡᠨ᠎ᠦ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠰᠦᠯᠵᠢᠶᠡᠨ ᠳᠡᠭᠡᠷ᠎ᠡ 《ᠨᠢᠭᠡ ᠯᠡ ᠰᠦᠯᠵᠢᠶ᠎ᠡ ᠪᠡᠷ ᠬᠦᠢᠴᠡᠳᠭᠡᠬᠦ》᠂ ᠪᠤᠳᠠᠳᠤ ᠴᠤᠬᠴᠠ ᠳ᠋ᠤ 《ᠨᠢᠭᠡ ᠯᠡ ᠴᠣᠩᠬᠣᠪᠴᠢ ᠪᠠᠷ ᠭᠦᠶ᠋ᠴᠡᠳᠭᠡᠬᠦ᠌》᠂ ᠦᠢᠯᠡᠴᠢᠯᠡᠭᠡᠨ ᠢ 《ᠨᠢᠭᠡ ᠯᠡ ᠺᠠᠷᠲ ᠵᠢᠡᠷ ᠭᠦᠶ᠋ᠴᠡᠳᠭᠡᠬᠦ᠌》᠎ᠶ᠋ᠢ ᠪᠡᠶᠡᠯᠡᠭᠦᠯᠵᠦ᠍᠂ ᠡᠯ᠎ᠡ ᠲᠥᠷᠥᠯ ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠳᠠᠷᠤᠭᠠᠰᠤ᠎ᠶ᠋ᠢ ᠬᠥᠩᠭᠡᠷᠡᠭᠦᠯᠦᠨ᠂ ᠣᠯᠠᠨ ᠲᠦᠮᠡᠨ᠎ᠦ ᠤᠴᠢᠷ ᠶᠠᠪᠤᠳᠠᠯ ᠭᠦᠶ᠋ᠴᠡᠳᠭᠡᠬᠦ ᠪᠠ ᠦᠢᠯᠡᠳᠪᠦᠷᠢᠯᠡᠯ ᠠᠮᠢᠳᠤᠷᠠᠯ ᠳ᠋ᠤ ᠲᠦᠭᠦᠮ ᠲᠦᠳᠡ ᠦᠵᠡᠬᠦᠯᠦᠨ᠎ᠠ᠃