ᠤᠯᠠᠭᠠᠨᠬᠠᠳᠠ᠄ ᠬᠦᠴᠦ ᠪᠠᠨ ᠬᠠᠮᠳᠤᠳᠬᠠᠨ ᠲᠡᠦᠭᠡᠳᠦ ᠡᠭᠦᠷᠭᠡ᠎ᠪᠠᠨ ᠡᠭᠦᠷᠭᠡᠯᠡᠵᠤ ᠠᠯᠤᠰ᠎ᠢ ᠵᠤᠷᠢᠨ ᠰᠢᠨ᠎ᠠ ᠠᠶᠠᠯᠠᠯ᠎ᠵᠢᠡᠨ ᠡᠬᠢᠯᠡᠭᠦᠯᠦᠨ᠎ᠡ
2022-01-14 10:45:19
ᠵᠣᠬᠢᠶᠠᠭ᠍ᠴᠢ᠄
​ᠸᠧᠶ ᠨᠠ ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠰᠠᠶᠢᠬᠠᠨ ᠥᠩᠭᠡᠷᠡᠭ᠌ᠰᠡᠨ 2021 ᠣᠨ᠎ᠨᠢ ᠤᠯᠠᠭᠠᠨᠬᠠᠳᠠ ᠬᠤᠳᠠ᠎ᠶ᠋ᠢᠨ ᠬᠥᠭ᠌ᠵᠢᠯᠲᠡ᠎ᠶ᠋ᠢᠨ ᠶᠠᠪᠤᠴᠠ᠎ᠳᠤ ᠶᠡᠷᠦ᠍ ᠪᠤᠰᠤ᠎ᠶ᠋ᠢᠨ ᠤᠳᠭ᠎ᠠ ᠠᠭᠤᠯᠭ᠎ᠠ᠎ᠲᠠᠶ ᠪᠠᠢᠵᠤ᠂ ᠬᠦᠮᠦᠰ᠎ᠤᠨ ᠰᠡᠳᠭᠢᠯ ᠵᠢᠷᠦᠬᠡᠨ᠎ᠳᠦ ᠭᠦᠨ ᠬᠠᠳᠠᠩᠱᠢᠵᠠᠢ —

ᠡᠨᠡ ᠨᠢᠭᠡ ᠵᠢᠯ᠎ᠳᠦ᠂ ᠤᠯᠠᠭᠠᠨᠬᠠᠳᠠ ᠲᠣᠭ᠍ᠲᠠᠭ᠍ᠰᠠᠨ ᠬᠤᠭᠤᠴᠠᠭᠠᠨ᠎ᠳᠠᠭᠠᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠨᠡᠢᠭᠡᠮ ᠵᠢᠷᠤᠮᠲᠦ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠪᠠ᠃

ᠡᠨᠡ ᠨᠢᠭᠡ ᠵᠢᠯ᠎ᠳᠦ᠂ ᠤᠯᠠᠭᠠᠨᠬᠠᠳᠠ ᠨᠠᠮ᠎ᠤᠨ ᠲᠥᠪ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ ᠳᠤᠮᠳᠠ ᠡᠷᠡᠯᠬᠡᠭ᠌ᠯᠡᠨ ᠤᠷᠤᠭ᠍ᠰᠢᠯᠠᠵᠤ᠂《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃

ᠡᠨᠡ ᠨᠢᠭᠡ ᠵᠢᠯ᠎ᠳᠦ᠂ ᠤᠯᠠᠭᠠᠨᠬᠠᠳᠠ ᠴᠢᠬᠤᠯᠠ ᠶᠡᠬᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠵᠤ᠂ ᠣᠷᠣᠨ ᠪᠦᠰᠡ᠎ᠶ᠋ᠢᠨ ᠲᠥᠪ ᠬᠣᠲᠠ᠎ᠶ᠋ᠢ ᠪᠥᠲᠥᠭᠡᠨ ᠪᠠᠢᠭᠤᠯᠬᠤ᠂《ᠵᠦᠢᠷᠠᠢ ᠣᠳᠣᠨ ᠣᠷᠣᠨ》᠎ᠢ᠋ ᠴᠣᠭ᠍ᠴᠠᠯᠠᠬᠤ ᠢᠷᠠᠭᠤ ᠠᠯᠳᠠᠷᠲᠤ ᠡᠭᠦᠷᠭᠡ᠎ᠶ᠋ᠢ ᠦᠨᠡᠨ ᠬᠦ᠌ ᠡᠭᠦᠷᠭᠡᠯᠡᠭᠰᠡᠨ ᠵᠢᠡᠷ ᠪᠠᠢᠯᠳᠤᠬᠤ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠂ ᠳᠡᠭᠡᠳᠦ ᠬᠡᠮᠵᠢᠶ᠎ᠡ᠎ᠪᠡᠷ ᠠᠬᠢᠭᠤᠯᠬᠤ᠂ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠰᠠᠢᠨ ᠰᠠᠢᠬᠠᠨ ᠪᠠᠢᠳᠠᠯ ᠢᠯᠡᠷᠡᠪᠡ᠃

ᠯᠠᠪᠳᠠᠭᠤᠨ᠎ᠢᠶᠠᠷ ᠡᠬᠢᠯᠡᠭᠦᠯᠵᠦ᠍ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ ᠬᠦᠮᠦᠰ᠎ᠤᠨ ᠠᠩᠬᠠᠷᠤᠯ᠎ᠢ ᠲᠠᠳᠠᠬᠰᠠᠨ ᠬᠠᠷᠢᠭᠤᠯᠲᠠ᠎ᠵᠢᠨ ᠬᠠᠭᠤᠳᠠᠰᠤ ᠵᠢ ᠲᠤᠱᠢᠶᠠᠪᠠ

《ᠬᠣᠣᠰ ᠵᠠᠭᠤᠨ ᠵᠢᠯ》᠎ᠤ᠋ᠨ ᠠᠭᠤᠯᠵᠠᠷ᠎ᠲᠤ᠃ ᠡᠬᠢᠯᠡᠯᠲᠡ᠎ᠶ᠋ᠢᠨ ᠵᠢᠯ ᠬᠡᠵᠤ ᠲᠤᠢᠯ᠎ᠤᠨ ᠴᠢᠬᠤᠯᠠ ᠃

2021 ᠣᠨ᠎ᠳᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠳᠠᠷᠤᠭᠠᠰᠤ ᠬᠦᠩᠬᠡᠷᠡᠭᠰᠡᠨ ᠦᠭᠡᠢ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠮᠥᠨ ᠬᠦ᠌ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠪᠠᠢᠵᠤ᠂ ᠤᠯᠠᠭᠠᠨᠬᠠᠳᠠ᠎ᠶ᠋ᠢᠨ ᠠᠵᠤ ᠠᠬᠤᠢ ᠪᠠᠰᠠ ᠮᠠᠰᠢ ᠤᠯᠠᠨ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠳᠤ ᠲᠤᠯᠭᠠᠷᠠᠪᠠ᠃

ᠬᠣᠷᠸ᠎ᠠ ᠣᠷᠴᠢᠨ ᠨᠦᠬᠦᠴᠡᠯ᠎ᠠᠴᠠ ᠪᠣᠯᠤᠭ᠍ᠰᠠᠨ ᠱᠢᠨ᠎ᠡ ᠥᠷᠢᠰᠥᠯᠳᠦᠭᠡᠨ᠎ᠦ ᠡᠮᠦᠨ᠎ᠡ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ ᠣᠳᠣᠬᠠᠨ᠎ᠤ ᠪᠠᠢᠳᠠᠯ᠎ᠳᠠᠭᠠᠨ ᠰᠠᠭᠤᠷᠢᠯᠠᠨ᠂ ᠠᠯᠤᠰ ᠬᠡᠲᠦ᠍᠎ᠶ᠋ᠢ ᠪᠣᠳᠣᠯᠬᠢᠯᠠᠵᠤ᠂ ᠠᠯᠢ ᠣᠯᠠᠨ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠵᠠᠯᠭᠠᠭ᠎ᠠ᠎ᠪᠠᠷ ᠲᠣᠭ᠍ᠲᠠᠭᠠᠵᠤ᠂ ᠱᠢᠨ᠎ᠡ ᠡᠬᠢᠯᠡᠯᠲᠡ᠎ᠲᠡᠶ᠂ ᠭᠦᠨ ᠵᠤᠵᠠᠭᠠᠨ ᠠᠭᠤᠷ ᠠᠮᠢᠰᠭᠤᠯ᠎ᠲᠠᠢ ᠠᠮᠵᠢᠯᠲᠠ᠎ᠶ᠋ᠢᠨ ᠬᠠᠭᠤᠳᠠᠰᠤ᠎ᠶ᠋ᠢ ᠲᠤᠱᠢᠶᠠᠪᠠ —

ᠲᠦᠷᠦᠭᠦᠦ ᠭᠤᠷᠪᠠᠨ ᠤᠯᠠᠷᠢᠯ᠎ᠳᠤ᠂ ᠤᠯᠠᠭᠠᠨᠬᠠᠳᠠ ᠬᠣᠲᠠ᠎ᠶ᠋ᠢᠨ ᠠᠵᠤ ᠠᠬᠤᠶ 7.2% ᠎ᠤ᠋ᠨ ᠨᠡᠮᠡᠭ᠌ᠳᠡᠯ᠎ᠢ ᠪᠡᠶᠡᠯᠡᠭᠦᠯᠵᠦ᠍᠂ ᠣᠷᠣᠨ ᠨᠤᠳᠤᠭ᠎ᠤᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 1337.7 ᠳ᠋ᠦᠩᠱᠢᠭᠤᠷ ᠲᠥᠭᠥᠷᠢᠭ᠎ᠲᠦ ᠬᠥᠷᠪᠡ; ᠠᠵᠢᠯ ᠣᠯᠭᠣᠯᠲᠠ ᠲᠣᠭ᠍ᠲᠠᠭᠤᠨ᠂ ᠪᠠᠷᠠᠭᠠᠨ᠎ᠤ ᠦᠨ᠎ᠡ ᠲᠣᠭ᠍ᠲᠠᠭᠤᠨ ᠪᠤᠯᠵᠤ᠂ 《ᠲᠣᠭ᠍ᠲᠠᠭᠤᠨ ᠪᠠᠢᠬᠤ》 ᠪᠠᠢᠷᠢᠱᠢᠯ ᠬᠤᠪᠢᠷᠠᠭ᠍ᠰᠠᠨ ᠦᠭᠡᠢ;

ᠲᠦᠷᠦᠭᠦᠦ ᠭᠤᠷᠪᠠᠨ ᠤᠯᠠᠷᠢᠯ᠎ᠳᠤ᠂ 8 ᠭᠤᠤᠯᠳᠠᠯᠭ᠎ᠠ᠎ᠲᠠᠶ ᠠᠵᠢᠯ ᠲᠥᠷᠥᠯ᠎ᠦᠨ ᠨᠡᠮᠡᠭ᠌ᠳᠡᠯ ᠥᠷᠲᠡᠭ᠎ᠦᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ᠎ᠳᠦ ᠦᠵᠡᠭᠦᠯᠦᠭ᠌ᠰᠡᠨ ᠬᠤᠪᠢ ᠨᠡᠮᠡᠷᠢ 92.6%᠎ᠳ᠋ᠤ ᠬᠦᠷᠴᠡᠶ᠂ ᠡᠭᠦᠨ᠎ᠳᠦ ᠲᠡᠮᠦᠷᠯᠢᠭ᠎ᠬᠠᠢᠯᠤᠭᠤᠯᠬᠤ ᠠᠵᠢᠯ ᠲᠥᠷᠥᠯ᠎ᠦᠨ ᠦᠵᠡᠭᠦᠯᠦᠭ᠌ᠰᠡᠨ ᠬᠤᠪᠢ ᠨᠡᠮᠡᠷᠢ᠎ᠨᠢ ᠬᠠᠮᠤᠭ᠎ᠤᠨ ᠲᠣᠪᠣᠢᠮ᠎ᠠ ᠪᠠᠢᠵᠤ᠂ 《ᠤᠷᠤᠭ᠍ᠰᠢᠯᠠᠨ ᠲᠠᠪᠰᠢᠬᠤ》ᠪᠠᠢᠳᠠᠯ᠎ᠵᠢᠡᠷ ᠦᠷᠭᠦᠯᠵᠢᠯᠡᠨ ᠬᠥᠭ᠌ᠵᠢᠪᠡ;

ᠲᠦᠷᠦᠭᠦᠦ ᠭᠤᠷᠪᠠᠨ ᠤᠯᠠᠷᠢᠯ᠎ᠳᠤ᠂ ᠱᠢᠨ᠎ᠡ᠎ᠪᠡᠷ ᠳᠠᠩᠰᠠᠯᠠᠭᠤᠯᠤᠭ᠍ᠰᠠᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ ᠨᠡᠢᠲᠡ 47036 ᠡᠷᠦᠬᠡ ᠪᠣᠶ; ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠬᠰᠠᠨ ᠠᠵᠤ ᠦᠢᠯᠡᠰ ᠦᠳᠳᠡᠷ ᠲᠦᠷᠭᠡᠨ ᠨᠡᠮᠡᠭ᠌ᠳᠡᠵᠦ᠍᠂ 《ᠱᠢᠨ᠎ᠡ》 ᠬᠦᠴᠦᠨ ᠲᠠᠰᠤᠷᠠᠯᠳᠠ ᠦᠭᠡᠢ ᠪᠤᠵᠠᠭᠠᠢᠷᠠᠪᠠ᠃

ᠡᠨᠡ ᠬᠦ᠌ ᠡᠬᠢᠯᠡᠯᠲᠡ᠎ᠨᠢ ᠬᠢᠯᠪᠠᠷ ᠪᠤᠰᠤ᠎ᠪᠠᠷ ᠢᠷᠡᠭ᠌ᠰᠡᠨ ᠶᠤᠮ — ᠤᠯᠠᠷᠢᠯ ᠳᠠᠷᠠᠭᠠᠯᠠᠨ ᠰᠠᠢᠵᠢᠷᠠᠬᠰᠠᠨ ᠠᠵᠤ ᠠᠬᠤᠶ᠎ᠶ᠋ᠢᠨ ᠨᠡᠮᠡᠭ᠌ᠳᠡᠯ᠎ᠦᠨ ᠱᠤᠭᠤᠮ᠎ᠨᠢ ᠤᠯᠠᠭᠠᠨᠬᠠᠳᠠ᠎ᠶ᠋ᠢᠨ《ᠬᠢᠵᠢᠭ》᠎ᠢ᠋ ᠰᠦᠷᠦᠨ ᠤᠷᠤᠭ᠍ᠰᠢᠯᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠢᠯᠡᠷᠡᠭᠦᠯᠪᠡ᠃

ᠡᠨᠡ ᠬᠦ᠌ ᠡᠬᠢᠯᠡᠯᠲᠡ᠎ᠨᠢ ᠲᠤᠢᠯ᠎ᠤᠨ ᠬᠤᠪᠤᠷ ᠨᠠᠨᠳᠢᠨ ᠶᠤᠮ — ᠱᠢᠨ᠎ᠡ ᠱᠠᠲᠤ ᠦᠶ᠎ᠡ ᠱᠢᠨ᠎ᠡ ᠣᠢᠯᠠᠭᠠᠭ᠍ᠳᠠᠬᠤᠨ ᠱᠢᠨ᠎ᠡ ᠪᠠᠢᠷᠢᠱᠢᠯ᠎ᠨᠢ 《ᠱᠢᠨ᠎ᠡ》ᠡᠴᠡ ᠡᠬᠢᠯᠡᠵᠤ᠂ ᠤᠯᠠᠭᠠᠨᠬᠠᠳᠠ᠎ᠶ᠋ᠢᠨ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠠᠶᠠᠯᠠᠯ᠎ᠢ ᠡᠬᠢᠯᠡᠭᠦᠯᠪᠡ᠃

ᠬᠢᠵᠢᠭ᠎ᠦᠨ ᠪᠠᠢᠳᠠᠯ ᠦᠷᠪᠢᠰᠦᠨ ᠳᠡᠯᠭᠡᠷᠡᠬᠦ᠌ ᠪᠠ ᠠᠵᠤ ᠠᠬᠤᠶ ᠮᠠᠭᠤᠳᠠᠬᠤ ᠳᠠᠷᠤᠯᠲᠠ᠎ᠶ᠋ᠢᠨ ᠡᠮᠦᠨ᠎ᠡ᠂ ᠤᠯᠠᠭᠠᠨᠬᠠᠳᠠ ᠬᠣᠲᠠ᠎ᠶ᠋ᠢᠨ ᠥᠷᠭᠡᠨ ᠣᠯᠠᠨ ᠺᠠᠳ᠋ᠷ ᠣᠯᠠᠨ ᠲᠦᠮᠡᠨ ᠪᠣᠳᠠᠲᠠᠶ ᠠᠵᠢᠯᠯᠠᠵᠤ ᠯᠠᠪᠳᠠᠭᠤᠨ ᠪᠠᠲᠤᠲᠠᠶ ᠤᠷᠤᠭ᠍ᠰᠢᠯᠠᠵᠤ᠂ ᠬᠦᠴᠦ᠍ ᠬᠥᠯᠥᠰᠥ᠎ᠪᠠᠨ ᠤᠷᠤᠰᠬᠠᠨ ᠪᠠᠢᠵᠤ ᠡᠯᠪᠡᠭ ᠬᠤᠷᠢᠶᠠᠯᠲᠠ ᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠤᠢ ᠪᠤᠯᠭᠠᠬᠤ᠎ᠶ᠋ᠢ ᠠᠬᠢᠭᠤᠯᠬᠤ ᠲᠦᠷᠦᠭᠦᠦ ᠠᠯᠬᠤᠮ᠎ᠢ ᠰᠠᠢᠲᠤᠷ ᠠᠯᠬᠤᠬᠰᠠᠨ ᠵᠢᠡᠷ ᠱᠢᠨ᠎ᠡ ᠳᠦᠷᠰᠦ ᠪᠠᠢᠳᠠᠯ ᠢᠯᠡᠷᠡᠪᠡ —

ᠡᠬᠢᠯᠡᠯᠲᠡ᠎ᠵᠢᠨ ᠵᠢᠯ᠎ᠳ᠋ᠣ᠌ ᠠᠮᠤ ᠪᠤᠳᠠᠭ᠎ᠠ ᠡᠯᠪᠡᠭ ᠬᠤᠷᠢᠶᠠᠪᠠ᠃ ᠠᠮᠤ ᠪᠤᠳᠠᠭᠠᠨ᠎ᠤ ᠵᠢᠯ᠎ᠦᠨ ᠤᠨᠠᠯᠲᠠ 125 ᠳ᠋ᠦᠩᠱᠢᠭᠤᠷ ᠵᠢᠩ᠎ᠳᠦ ᠬᠦᠷᠴᠦ᠍᠂ ᠳᠠᠬᠢᠨᠲᠠ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃

ᠡᠬᠢᠯᠡᠯᠲᠡ᠎ᠶ᠋ᠢᠨ ᠵᠢᠯ᠎ᠳᠦ ᠪᠦᠲᠦᠭᠡᠨ ᠪᠠᠢᠭᠤᠯᠤᠯᠲᠠ ᠤᠷᠤᠭᠰᠢᠲᠠᠢ ᠶᠠᠪᠤᠭᠳᠠᠪᠠ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ(ᠢ ᠵᠤᠸᠠᠩ· ᠤᠯᠠᠭᠠᠨᠬᠠᠳᠠ)᠎ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠦᠢᠯᠡᠰ᠎ᠦᠨ ᠬᠦᠷᠢᠶᠡᠯᠡᠩ᠎ᠢ ᠵᠢᠩᠬᠢᠨᠢ᠎ᠪᠡᠷ ᠡᠬᠢᠯᠡᠨ ᠪᠠᠢᠭᠤᠯᠪᠠ; ᠯᠢᠨᠰᠢ᠎ᠶ᠋ᠢᠨ ᠳ᠋ᠦᠩ᠎ᠲᠡᠶ ᠽᠢ ᠤᠰᠤᠨ ᠴᠥᠭᠥᠷᠥᠮ᠎ᠦᠨ ᠪᠠᠷᠢᠯᠭ᠎ᠠ ᠠᠮᠵᠢᠯᠲᠠ᠎ᠲᠠᠶ᠎ᠪᠠᠷ ᠠᠰᠢᠬᠯᠠᠯᠳᠠ ᠳ᠋ᠤ ᠤᠷᠤᠪᠠ; ᠨᠠᠷᠢᠮᠤ᠎ᠵᠢᠨ ᠣᠳᠣ ᠦᠶ᠎ᠡ᠎ᠶ᠋ᠢᠨ ᠠᠵᠤ ᠦᠢᠯᠡᠰ᠎ᠦᠨ ᠬᠦᠷᠢᠶᠡᠯᠡᠩ᠂ ᠳ᠋ᠠᠪᠠᠨ ᠴᠠᠭᠠᠨᠲᠠᠯ᠎ᠠ ᠵᠢᠨ ᠬᠤᠭᠤᠷᠤᠨᠳᠤᠬᠢ ᠲᠦᠷᠭᠡᠨ᠎ᠤ ᠵᠠᠰᠠᠮᠠᠯ ᠵᠠᠮ᠂ ᠳᠠᠯᠠᠢᠨᠠᠭᠤᠷ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠵᠡᠷᠭᠡ ᠴᠢᠬᠤᠯᠠ ᠶᠡᠬᠡ ᠲᠦᠷᠦᠯ ᠵᠦᠢᠯ᠎ᠢ ᠶᠠᠭ ᠱᠠᠯᠠᠪᠳᠠᠨ ᠪᠦᠲᠦᠭᠡᠨ ᠪᠠᠢᠭᠤᠯᠵᠤ ᠪᠠᠢᠨ᠎ᠠ ᠁

ᠡᠬᠢᠯᠡᠯᠲᠡ᠎ᠵᠢᠨ ᠵᠢᠯ᠎ᠳᠦ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠰᠠᠨ ᠦᠷ᠎ᠡ ᠪᠦᠲᠦᠭᠡᠯ ᠡᠯᠪᠡᠭ ᠪᠤᠯᠪᠠ᠃ ᠪᠣᠭᠣᠮᠲᠠ ᠱᠢᠪᠲᠤᠯᠬᠤ ᠳᠠᠢᠯᠠᠯᠳᠤᠭᠠᠨ ᠲᠠᠰᠤᠷᠠᠯᠳᠠ ᠦᠬᠡᠢ ᠶᠠᠪᠤᠭ᠍ᠳᠠᠵᠤ᠂ ᠲᠦᠷᠦᠯ ᠵᠦᠢᠯ᠎ᠢ ᠬᠦᠴᠦᠯᠡᠨ ᠠᠳᠭᠤᠵᠤ ᠬᠡᠨᠡᠳᠳᠡ ᠵᠢᠨ ᠬᠤᠪᠢᠷᠠᠯᠳᠠ ᠵᠢ ᠡᠷᠢᠯᠬᠢᠯᠡᠵᠦ᠍᠂ ᠠᠷᠠᠯᠵᠢᠶᠠᠴᠢᠨ ᠤᠷᠢᠵᠤ ᠬᠥᠭ᠌ᠵᠢᠯᠲᠡ᠎ᠶ᠋ᠢ ᠠᠬᠢᠭᠤᠯᠬᠤ᠎ᠶ᠋ᠢ ᠶᠡᠬᠡ᠎ᠪᠡᠷ ᠠᠳᠭᠤᠵᠤ᠂ ᠲᠤᠮᠤ ᠠᠷᠠᠯᠵᠢᠶᠠᠴᠢᠨ ᠤᠷᠢᠵᠤ ᠲᠤᠮᠤ ᠪᠡᠯᠡ ᠮᠦᠩᠬᠦ ᠤᠷᠤᠭᠤᠯᠬᠤ ᠠᠵᠢᠯ ᠨᠢ《ᠬᠤᠷᠳᠤᠴᠠ ᠪᠣᠯᠤᠨ ᠦᠷᠨᠢᠬᠦᠨ ᠪᠠᠳᠠᠷᠠᠩᠭᠤᠢ》᠎ᠪᠠᠢᠳᠠᠯ᠎ᠢ᠋ ᠦᠷᠭᠦᠯᠵᠢᠯᠡᠨ ᠪᠠᠳᠠᠷᠠᠭᠤᠯᠵᠤ᠂ ᠪᠦᠬᠦ᠌ ᠵᠢᠯ᠎ᠳᠦ ᠨᠡᠢ᠌ᠲᠡ 381 ᠲᠦᠷᠦᠯ ᠵᠦᠢᠯ᠎ᠢ ᠨᠠᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 879 ᠳ᠋ᠦᠩᠱᠢᠭᠤᠷ ᠲᠥᠭᠥᠷᠢᠭ᠎ᠲᠦ ᠬᠦᠷᠴᠡᠢ᠃

ᠡᠳᠡᠭᠡᠷ ᠯᠠᠪᠳᠠᠭᠤᠨ ᠪᠠᠲᠤᠲᠠᠶ ᠠᠮᠵᠢᠯᠲᠠ ᠪᠦᠲᠦᠮᠵᠢ᠎ᠵᠢ ᠤᠯᠤᠬᠰᠠᠨ᠎ᠤ ᠰᠢᠯᠳᠠᠭᠠᠨ ᠨᠢ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ᠎ᠳᠤ ᠪᠤᠢ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠰᠣᠳᠣ ᠮᠡᠷᠭᠡᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠪᠠᠢᠯᠳᠤᠬᠤ ᠪᠣᠳᠣᠯᠭ᠎ᠠ᠎ᠶ᠋ᠢᠨ ᠲᠥᠯᠥᠪᠵᠢᠭᠦᠯᠭᠡ᠎ᠳᠤ ᠪᠤᠢ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ᠎ᠤ ᠪᠠᠢᠳᠠᠯ᠎ᠢ ᠳᠠᠭᠠᠨ ᠠᠵᠢᠯᠯᠠᠵᠤ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠭ᠍ᠰᠠᠨ᠎ᠳ᠋ᠤ ᠪᠤᠢ᠃

ᠨᠢᠭᠡ ᠵᠢᠯ᠎ᠦᠨ ᠲᠤᠷᠰᠢ᠂ ᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ ᠵᠥᠪ ᠣᠨᠣᠪᠴᠢᠲᠠᠶ ᠬᠥᠭ᠌ᠵᠢᠯᠲᠡ᠎ᠶ᠋ᠢᠨ ᠴᠢᠭ᠌ᠯᠡᠯ᠎ᠢ ᠪᠠᠲᠤ ᠡᠵᠡᠮᠳᠡᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠠᠮᠢ ᠠᠬᠤᠶ ᠣᠷᠴᠢᠨ ᠲᠣᠭᠣᠷᠢᠨ᠎ᠢ ᠦᠷᠭᠦᠯᠵᠢᠯᠡᠨ ᠰᠠᠢᠵᠢᠷᠠᠭᠤᠯᠵᠤ᠂ ᠨᠡᠢᠭᠡᠮ᠎ᠦᠨ ᠵᠠᠰᠠᠯᠲᠠ᠎ᠶ᠋ᠢ ᠦᠨᠡᠨ ᠬᠦ᠌ ᠴᠢᠩᠭᠠᠳᠭᠠᠵᠤ᠂ ᠦᠨᠳᠦᠰᠦᠲᠡᠨ᠎ᠦ ᠠᠵᠢᠯ᠎ᠢ ᠶᠡᠬᠡ᠎ᠪᠡᠷ ᠴᠢᠩᠭᠠᠳᠭᠠᠨ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠪᠥᠬᠥ᠌ ᠬᠣᠲᠠ᠎ᠶ᠋ᠢᠨ ᠠᠵᠤ ᠠᠬᠤᠶ᠎ᠶ᠋ᠢᠨ ᠲᠣᠭ᠍ᠲᠠᠭᠤᠨ ᠡᠷᠡᠭᠦᠯ ᠡᠷᠬᠢᠯᠳᠠ᠂ ᠨᠡᠢᠭᠡᠮ᠎ᠦᠨ ᠶᠡᠬᠡ ᠲᠠᠯ᠎ᠠ᠎ᠵᠢᠨ ᠡᠶ᠎ᠡ ᠵᠣᠬᠢᠴᠠᠩᠭᠤᠶ ᠲᠣᠭ᠍ᠲᠠᠭᠤᠨ᠎ᠢ ᠠᠬᠢᠭᠤᠯᠪᠠ᠃

ᠡᠷᠡᠮᠡᠬᠡᠢᠯᠡᠨ ᠤᠷᠤᠭ᠍ᠰᠢᠯᠠᠵᠤ ᠶᠡᠬᠡ ᠠᠯᠬᠤᠮ᠎ᠢᠶᠠᠷ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠭᠣᠣᠯ ᠬᠤᠳᠠ ᠲᠡᠢᠰᠢ ᠤᠷᠤᠭ᠍ᠰᠢᠯᠠᠪᠠ

ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠭᠤᠤᠯ ᠬᠣᠲᠠ᠎ᠶ᠋ᠢ ᠪᠦᠲᠦᠭᠡᠨ ᠪᠠᠢᠭᠤᠯᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠤᠯᠠᠭᠠᠨᠬᠠᠳᠠ᠎ᠳᠤ ᠳᠤᠬᠳᠠᠭᠠᠵᠦ ᠦᠭᠬᠦᠭᠰᠡᠨ ᠱᠢᠨ᠎ᠡ ᠪᠠᠢᠷᠢ ᠲᠣᠭ᠍ᠲᠠᠭᠠᠯᠲᠠ ᠪᠣᠯᠤᠨ᠎ᠠ᠂ ᠤᠯᠠᠭᠠᠨᠬᠠᠳᠠ᠎ᠶ᠋ᠢᠨ ᠱᠢᠨ᠎ᠡ ᠨᠢᠭᠡᠨ ᠡᠭᠡᠯᠵᠢ᠎ᠶ᠋ᠢᠨ ᠬᠥᠭ᠌ᠵᠢᠯᠲᠡ᠎ᠳᠦ ᠴᠣ ᠱᠢᠨ᠎ᠡ ᠳᠠᠪᠠᠭᠤᠯᠢᠭ᠎ᠢ ᠪᠤᠢ ᠪᠣᠯᠭᠠᠨ ᠦᠭᠴᠦ᠂ ᠪᠠᠢᠯᠳᠤᠬᠤ ᠪᠣᠳᠣᠯᠭ᠎ᠠ᠎ᠶ᠋ᠢᠨ ᠵᠢᠯᠣᠭᠣᠳᠤᠮᠵᠢ  ᠬᠠᠩᠭᠠᠪᠠ᠃

ᠥᠨᠥᠳᠦᠷ᠂ ᠤᠯᠠᠭᠠᠨᠬᠠᠳᠠ ᠬᠤᠲᠠ᠎ᠶ᠋ᠢᠨ ᠨᠤᠳᠤᠭ ᠲᠡᠪᠢᠰᠬᠡᠷ ᠲᠡᠭᠡᠷ᠎ᠡ᠂ ᠠᠮᠢᠵᠢᠷᠠᠯ᠎ᠤᠨ ᠬᠦᠴᠦᠨ ᠪᠢᠯᠬᠠᠭ᠍ᠰᠠᠨ《ᠴᠢᠨᠠᠷ ᠰᠠᠢᠲᠠᠢ ᠬᠤᠲᠠ》 ᠵᠢᠨ ᠲᠦᠯᠦᠪᠰᠢᠷᠡᠯ ᠨᠢᠭᠡᠨᠲᠡ ᠢᠯᠡᠷᠡᠵᠠᠢ᠂ ᠡᠨᠡ ᠨᠢ ᠳᠠᠷᠤᠢ ᠬᠤᠩᠱᠠᠨ ᠲᠣᠭᠣᠷᠢᠭ᠂ ᠰᠦᠩᠱᠠᠨ ᠲᠣᠭᠣᠷᠢᠭ᠎ᠤᠨ ᠬᠤᠲᠠ ᠲᠣᠭᠣᠷᠢᠭ᠂ ᠶᠤᠸᠠᠨ ᠪᠦᠦ ᠱᠠᠨ ᠲᠣᠭᠣᠷᠢᠭ᠎ᠤᠨ ᠬᠤᠲᠠ᠎ᠶ᠋ᠢᠨ ᠲᠥᠯᠥᠪᠵᠢᠭᠦᠯᠭᠡ᠎ᠶ᠋ᠢᠨ ᠲᠣᠭᠣᠷᠢᠭ ᠵᠢᠴᠢ ᠬᠠᠷᠠᠴᠢᠨ ᠬᠣᠱᠢᠭᠤ ᠪᠣᠯᠤᠨ ᠮᠧᠢ ᠶᠤᠸᠠᠨ ᠲᠣᠭᠣᠷᠢᠭ᠎ᠢᠶᠠᠷ ᠪᠦᠬᠦᠯᠢ ᠴᠤᠬᠴᠠ ᠪᠤᠯᠭᠠᠬᠰᠠᠨ᠂ ᠶᠠᠭ ᠰᠠᠢᠬᠠᠨ ᠲᠦᠷᠭᠡᠨ ᠬᠥᠭ᠌ᠵᠢᠵᠦ᠍ ᠪᠠᠢᠭ᠎ᠠ ᠤᠯᠠᠭᠠᠨᠬᠠᠳᠠ᠎ᠶ᠋ᠢᠨ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠤᠲᠠ ᠪᠣᠯᠤᠨ᠎ᠠ᠃

ᠲᠡᠷᠢᠭᠦᠨ ᠵᠡᠷᠭᠡ᠎ᠶ᠋ᠢᠨ ᠬᠤᠳᠠ᠎ᠶ᠋ᠢᠨ ᠬᠥᠭ᠌ᠵᠢᠯᠲᠡ ᠨᠢ ᠶᠡᠷᠦ᠍᠎ᠡᠴᠡ《ᠦᠪᠡᠷ᠎ᠢᠶᠡᠨ ᠰᠦᠨᠳᠡᠷᠯᠡᠨ ᠪᠣᠰᠴᠤ》᠂ 《ᠰᠠᠨᠠᠭᠠᠨ᠎ᠤ ᠠᠶ᠎ᠠ ᠪᠡᠷ ᠲᠠᠪᠬᠢᠭᠤᠯᠬᠤ》 ᠶᠠᠪᠤᠳᠠᠯ ᠤᠬᠳᠤ ᠪᠢᠰᠢ᠂ ᠬᠠᠷᠢᠨ ᠲᠥᠯᠥᠪᠵᠢᠭᠦᠯᠭᠡ᠎ᠶ᠋ᠢ ᠤᠷᠢᠳ᠎ᠢᠶᠡᠷ ᠬᠢᠵᠦ᠂ ᠲᠥᠯᠥᠪᠵᠢᠭᠦᠯᠭᠡ᠎ᠪᠡᠷ ᠬᠦᠳᠦᠯᠥᠨ ᠳᠠᠭᠠᠭᠤᠯᠬᠤ᠎ᠶ᠋ᠢ ᠪᠠᠷᠢᠮᠲᠠᠯᠠᠭ᠍ᠰᠠᠨ ᠰᠠᠭᠤᠷᠢᠨ ᠳᠡᠭᠡᠷ᠎ᠡ ᠤᠷᠠᠨ ᠠᠷᠭ᠎ᠠ᠎ᠪᠠᠷ ᠵᠢᠷᠤᠵᠤ ᠲᠥᠯᠥᠪᠯᠡᠨ᠂ ᠤᠷᠠᠯᠠᠨ ᠰᠡᠢᠯᠵᠦ᠍ ᠪᠦᠲᠦᠭᠡᠳᠡᠭ ᠶᠤᠮ᠃

ᠭᠤᠤᠯ ᠬᠣᠲᠠ᠎ᠶ᠋ᠢᠨ ᠭᠤᠤᠯᠯᠠᠬᠤ ᠥᠷᠢᠰᠦᠯᠳᠦᠬᠦ᠌ ᠬᠦᠴᠦᠨ᠂ ᠶᠡᠷᠦᠩᠬᠡᠶ ᠳᠠᠭᠠᠭᠠᠴᠠ᠂ ᠨᠥᠯᠥᠭᠡᠯᠡᠨ ᠳᠠᠢᠴᠢᠯᠠᠬᠤ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠥᠨᠳᠥᠷ ᠡᠬᠢᠯᠡᠯᠲᠡ᠎ᠶᠢᠨ ᠴᠡᠭ ᠪᠦᠬᠦᠢ ᠲᠥᠯᠥᠪᠵᠢᠭᠦᠯᠭᠡ᠂ ᠥᠨᠳᠥᠷ ᠪᠠᠷᠢᠮᠵᠢᠶ᠎ᠠ᠎ᠪᠠᠷ ᠪᠥᠲᠥᠭᠡᠨ ᠪᠠᠢᠭᠤᠯᠬᠤ᠎ᠶ᠋ᠢ ᠪᠠᠷᠢᠮᠲᠠᠯᠠᠵᠤ᠂《ᠤᠯᠠᠭᠠᠨᠬᠠᠳᠠ ᠬᠣᠲᠠ᠎ᠶ᠋ᠢᠨ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠭᠤᠤᠯ ᠬᠣᠲᠠ᠎ᠶ᠋ᠢ ᠪᠥᠲᠥᠭᠡᠨ ᠪᠠᠢᠭᠤᠯᠬᠤ ᠠᠵᠢᠯᠯᠠᠭᠠᠨ᠎ᠤ ᠲᠥᠰᠦᠯ (2021—2025 ᠤᠨ)》 ᠢ᠋ ᠲᠣᠭ᠍ᠲᠠᠭᠠᠵᠤ᠂《ᠠᠵᠤ ᠠᠬᠤᠶ᠎ᠶ᠋ᠢᠨ ᠪᠣᠳᠠᠲᠤ ᠬᠦᠴᠦᠨ ᠴᠢᠩᠭ᠎ᠠ᠂ ᠠᠵᠤ ᠦᠶ᠋ᠯᠡᠰ᠎ᠦᠨ ᠴᠢᠳᠠᠪᠬᠢ᠎ᠶ᠋ᠢᠨ ᠲᠠᠰ ᠥᠨᠳᠥᠷ᠂ ᠡᠬᠢ ᠪᠠᠶᠠᠯᠢᠭ᠎ᠤᠨ ᠲᠣᠬᠢᠷᠠᠭᠤᠯᠤᠯᠲᠠ ᠥᠨᠳᠥᠷ ᠦᠷ᠎ᠡ ᠪᠦᠲᠦᠮᠵᠢᠲᠡᠶ᠂ ᠰᠣᠶᠣᠯ ᠢᠷᠭᠡᠨᠱᠢᠯ᠎ᠦᠨ ᠱᠢᠳᠢ᠎ᠶ᠋ᠢ ᠢᠯᠡᠷᠡᠭᠦᠯᠦᠭ᠌ᠰᠡᠨ᠂ ᠬᠥᠭ᠌ᠵᠢᠯᠲᠡ᠎ᠶ᠋ᠢᠨ ᠣᠷᠴᠢᠨ ᠲᠣᠭᠣᠷᠢᠨ ᠳᠠᠪᠠᠭᠤᠯᠢᠭ》ᠣᠷᠣᠨ ᠪᠦᠰᠡ᠎ᠶ᠋ᠢᠨ ᠭᠤᠤᠯ  ᠬᠣᠲᠠ᠎ᠶ᠋ᠢ ᠴᠢᠷᠮᠠᠢᠨ ᠪᠠᠢᠭᠤᠯᠤᠨ᠎ᠠ᠃

3 ᠵᠢᠯ᠎ᠳᠦ ᠰᠠᠭᠤᠷᠢ ᠵᠢ ᠲᠠᠯᠪᠢᠵᠤ᠂ 5 ᠵᠢᠯ᠎ᠳᠦ ᠬᠦᠭᠵᠢᠯᠳᠠ ᠵᠢᠨ ᠬᠦᠴᠦᠨ᠎ᠢ ᠣᠯᠭᠣᠵᠤ᠂10 ᠵᠢᠯ᠎ᠳᠦ ᠠᠮᠵᠢᠯᠲᠠ ᠤᠯᠬᠤ ᠬᠠᠨᠳᠤᠰᠢ ᠲᠠᠢ ᠪᠤᠯᠭᠠᠨ᠎ᠠ! ᠤᠯᠠᠭᠠᠨᠬᠠᠳᠠ ᠭᠤᠤᠯ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠎ᠶ᠋ᠢ ᠲᠣᠳᠣᠷᠬᠠᠢᠯᠠᠪᠠ ᠄

— ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠬᠥᠲᠥᠯᠥᠨ ᠵᠢᠯᠣᠭᠣᠳᠭᠤ ᠠᠮᠢᠵᠢᠷᠠᠯ᠎ᠤᠨ ᠬᠦᠴᠦᠨ᠎ᠲᠡᠶ ᠬᠣᠲᠠ᠎ᠶ᠋ᠢ ᠪᠦᠲᠦᠭᠡᠨ ᠪᠠᠢᠭᠤᠯᠤᠨ᠎ᠠ᠃ 2025 ᠤᠨ ᠪᠣᠯᠬᠤ᠎ᠳᠤ᠂ ᠭᠤᠤᠯ ᠬᠣᠲᠠ᠎ᠶ᠋ᠢᠨ GDP ᠎ᠶ᠋ᠢᠨ ᠪᠦᠬᠦ᠌ ᠬᠣᠲᠠ᠎ᠳᠤ ᠡᠵᠡᠯᠡᠬᠦ᠌ ᠬᠤᠪᠢ᠎ᠶ᠋ᠢᠨ ᠵᠢᠩ᠎ᠢ 50% ᠣᠷᠴᠢᠮ᠎ᠳᠤ ᠬᠦᠷᠭᠡᠵᠦ᠍᠂ ᠪᠠᠢᠩᠭᠤ ᠰᠠᠭᠤᠭ᠎ᠠ ᠬᠥᠮᠦᠨ ᠠᠮᠠ᠎ᠶ᠋ᠢ 120 ᠲᠦᠮᠡ᠎ᠡᠴᠡ ᠳᠡᠭᠡᠭ᠌ᠰᠢ᠎ᠳᠦ ᠬᠦᠷᠭᠡᠨ᠎ᠡ᠃

— ᠰᠠᠭᠤᠷᠢ ᠲᠥᠬᠥᠭᠡᠷᠦᠮᠵᠢ ᠪᠦᠷᠢᠨ ᠲᠡᠭᠦᠯᠳᠡᠷᠵᠢᠭᠰᠡᠨ ᠴᠢᠨᠠᠷ ᠰᠠᠢᠲᠠᠶ ᠬᠣᠲᠠ᠎ᠶ᠋ᠢ ᠪᠦᠲᠦᠭᠡᠨ ᠪᠠᠢᠭᠤᠯᠤᠨ᠎ᠠ᠃ 2025 ᠤᠨ ᠪᠣᠯᠬᠤ᠎ᠳᠤ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠦᠶ᠋ᠯᠡᠴᠢᠯᠡᠭᠡᠨ᠎ᠦ ᠭᠦᠶ᠋ᠴᠡᠳᠭᠡᠯ ᠲᠣᠭ᠎ᠠ᠎ᠶ᠋ᠢ 100%᠎ᠳ᠋ᠤ ᠬᠦᠷᠭᠡᠵᠦ᠍᠂ ᠲᠥᠪᠯᠡᠷᠡᠭᠦᠯᠦᠨ ᠢᠯᠴᠢ ᠬᠠᠩᠭᠠᠬᠤ᠂ ᠱᠢᠲᠠᠮᠠᠬᠠᠶ ᠬᠡᠶ ᠬᠠᠩᠭᠠᠬᠤ ᠪᠠ ᠤᠰᠤ ᠬᠠᠩᠭᠠᠬᠤ᠎ᠶ᠋ᠢ ᠲᠦᠭᠡᠮᠡᠯᠵᠢᠭᠦᠯᠬᠦ᠌ ᠨᠣᠷᠮ᠎ᠠ᠎ᠶ᠋ᠢ ᠲᠣᠰ ᠲᠣᠰ 93%᠂ 98% ᠪᠠ 99% ᠎ᠳ᠋ᠤ ᠬᠦᠷᠭᠡᠵᠦ᠍᠂ 5G ᠰᠦᠯᠵᠢᠶ᠎ᠡ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 90% ᠎ᠡᠴᠡ ᠳᠡᠭᠡᠭ᠌ᠰᠢ᠎ᠳᠦ ᠬᠦᠷᠭᠡᠵᠦ᠍᠂ ᠭᠤᠤᠯ ᠬᠣᠲᠠ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 100% ᠎ᠳ᠋ᠤ ᠬᠦᠷᠭᠡᠨ᠎ᠡ᠃

— ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠡᠷᠢᠭᠦᠨ᠎ᠦ ᠵᠣᠯ ᠵᠢᠷᠭᠠᠯᠲᠤ ᠬᠣᠲᠠ᠎ᠶ᠋ᠢ ᠪᠦᠲᠦᠭᠡᠨ ᠪᠠᠢᠭᠤᠯᠤᠨ᠎ᠠ᠃ 2025  ᠤᠨ ᠪᠣᠯᠬᠤ᠎ᠳᠤ᠂ ᠬᠥᠮᠦᠨ ᠳᠤᠮᠳᠠᠴᠢ ᠳ᠋ᠤ ᠨᠤᠬᠳᠠᠬᠤ ᠴᠡᠴᠡᠷᠯᠢᠭ᠎ᠦᠨ ᠨᠣᠭᠣᠭᠠᠷᠠᠭᠤᠯᠤᠯᠲᠠ᠎ᠶ᠋ᠢᠨ ᠲᠠᠯᠠᠪᠠᠢ᠎ᠶ᠋ᠢ 19 ᠲᠡᠭ᠌ᠰᠢ ᠳᠥᠷᠪᠡᠯᠵᠢᠨ ᠮᠧᠲ᠋ᠷ᠎ᠲᠦ ᠬᠦᠷᠭᠡᠵᠦ᠍᠂ ᠤᠯᠤᠰ᠎ᠤᠨ ᠲᠡᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠂ ᠤᠯᠤᠰ᠎ᠤᠨ ᠬᠥᠮᠦᠨ ᠠᠮᠠ᠎ᠶ᠋ᠢᠨ ᠨᠠᠰᠤᠵᠢᠯᠳᠠ ᠵᠢ ᠠᠷᠭᠠᠴᠠᠭᠠᠬᠤ ᠭᠣᠣᠯᠳᠠᠯᠭ᠎ᠠ᠎ᠲᠠᠶ ᠬᠠᠷᠢᠯᠴᠠᠬᠤ ᠬᠤᠳᠠ᠂ ᠥᠪᠥᠷ ᠮᠣᠩᠭᠣᠯ᠎ᠤᠨ ᠵᠡᠭᠦᠨ ᠪᠡᠶ᠎ᠡ᠎ᠶᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠣᠯᠤᠨ ᠥᠪᠥᠷ ᠮᠣᠩᠭᠣᠯ᠎ᠤᠨ ᠵᠡᠭᠦᠨ ᠪᠡᠶ᠎ᠡ᠎ᠶᠢᠨ ᠱᠢᠯᠢᠳᠡᠭ ᠰᠤᠷᠭᠠᠨ ᠬᠥᠮᠦᠵᠢᠯ᠎ᠦᠨ ᠲᠥᠪ᠎ᠢ ᠦᠨᠳᠦᠰᠦᠨ᠎ᠳᠡᠭᠡᠨ ᠪᠠᠢᠭᠤᠯᠤᠨ᠎ᠠ᠃

— ᠰᠣᠶᠣᠯ᠎ᠤᠨ ᠱᠢᠳᠢ᠎ᠶ᠋ᠢ ᠳᠣᠪᠣᠢᠯᠭᠠᠭ᠍ᠰᠠᠨ ᠰᠣᠶᠣᠯ ᠢᠷᠬᠡᠨᠰᠢᠯ᠎ᠤᠨ ᠬᠣᠲᠠ᠎ᠶ᠋ᠢ ᠪᠦᠲᠦᠭᠡᠨ ᠪᠠᠢᠭᠤᠯᠤᠨ᠎ᠠ᠃ 2025 ᠤᠨ ᠪᠣᠯᠬᠤ᠎ᠳᠤ᠂ ᠲᠡᠦᠬᠡ ᠰᠣᠶᠣᠯ᠎ᠤᠨ ᠨᠡᠷᠡᠲᠦ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠢ ᠴᠢᠬᠤᠯᠠ ᠠᠬᠢᠯᠲᠠ᠎ᠲᠠᠶ ᠪᠣᠯᠭᠠᠵᠤ᠂ ᠪᠦᠬᠦ᠌ ᠤᠯᠤᠰ᠎ᠤᠨ ᠪᠣᠯᠪᠠᠰᠤᠨ ᠬᠣᠲᠠ᠎ᠶ᠋ᠢᠨ ᠡᠩᠨᠡᠭᠡᠨ᠎ᠳᠦ ᠣᠷᠣᠭᠤᠯᠤᠨ᠎ᠠ᠃

— ᠬᠣᠲᠠ᠎ᠶ᠋ᠢᠨ ᠵᠡᠭᠦᠨ ᠬᠡᠰᠡᠭ᠎ᠲᠦ᠂ ᠵᠡᠭᠦᠨ ᠬᠡᠰᠡᠭ᠎ᠦᠨ ᠠᠵᠤ ᠦᠶ᠋ᠯᠡᠳᠪᠦᠷᠢ᠎ᠶ᠋ᠢᠨ ᠠᠵᠤ ᠠᠬᠤᠢ᠎ᠶ᠋ᠢᠨ ᠴᠢᠳᠠᠮᠵᠢᠲᠤ ᠣᠷᠣᠨ᠎ᠢ ᠨᠢᠭᠡᠳᠦᠯᠲᠡᠢ ᠲᠥᠯᠥᠪᠵᠢᠬᠦᠯᠦᠨ ᠬᠥᠭ᠌ᠵᠢᠭᠦᠯᠵᠦ᠍᠂ ᠤᠯᠠᠭᠠᠨᠬᠠᠳᠠ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠨᠢᠷᠤᠭᠤ ᠲᠤᠯᠭᠠᠭᠤᠷᠢ᠎ᠶ᠋ᠢ ᠪᠦᠬᠦ᠌ ᠲᠠᠯ᠎ᠠ᠎ᠪᠠᠷ ᠪᠣᠰᠭᠠᠨ᠎ᠠ᠃

— ᠬᠣᠲᠠ᠎ᠶ᠋ᠢᠨ ᠬᠣᠢᠲᠤ ᠬᠡᠰᠡᠭ᠎ᠲᠦ᠂ ᠬᠣᠢᠲᠤ ᠬᠡᠰᠡᠭ᠎ᠦᠨ ᠡᠳ᠋ ᠪᠠᠷᠠᠭ᠎ᠠ᠎ᠶ᠋ᠢᠨ ᠭᠦᠢᠯᠭᠡᠭᠡᠨ᠎ᠦ᠎ᠠᠷᠠᠯᠵᠢᠶ᠎ᠠ᠎ᠬᠤᠳᠠᠯᠳᠤᠭᠠᠨ᠎ᠤ᠎ᠴᠢᠳᠠᠮᠵᠢᠲᠤ᠎ᠣᠷᠣᠨ᠎ᠢ᠎ᠨᠢᠭᠡᠳᠦᠯᠲᠡᠢ ᠲᠥᠯᠥᠪᠵᠢᠬᠦᠯᠦᠨ ᠬᠥᠭ᠌ᠵᠢᠭᠦᠯᠵᠦ᠍᠂ ᠤᠯᠤᠰ᠎ᠤᠨ ᠠᠷᠠᠯᠵᠢᠶ᠎ᠠ ᠬᠤᠳᠠᠯᠳᠤᠭᠠᠨ᠎ᠤ ᠦᠢᠯᠡᠴᠢᠯᠡᠭᠡᠨ᠎ᠦ ᠬᠡᠯᠪᠡᠷᠢ᠎ᠶ᠋ᠢᠨ ᠡᠳ᠋ ᠪᠠᠷᠠᠭ᠎ᠠ᠎ᠶ᠋ᠢᠨ ᠭᠦᠢᠯᠭᠡᠭᠡᠨ᠎ᠦ ᠬᠦᠢᠰᠦ ᠬᠣᠲᠠ᠎ᠶ᠋ᠢᠨ ᠭᠣᠣᠯᠯᠠᠬᠤ ᠣᠷᠣᠨ᠎ᠢ ᠪᠠᠢᠭᠤᠯᠤᠨ᠎ᠠ᠃

— ᠬᠣᠲᠠ᠎ᠶ᠋ᠢᠨ ᠪᠠᠷᠠᠭᠤᠨ ᠡᠮᠦᠨᠡᠲᠦ ᠬᠡᠰᠡᠭ᠎ᠲᠦ᠂ ᠱᠢᠨ᠎ᠡ᠎ᠪᠡᠷ ᠮᠠᠨᠳᠤᠬᠰᠨᠨ ᠠᠵᠤ ᠦᠢᠯᠡᠰ᠎ᠦᠨ᠎ᠳᠠᠪᠠᠯᠲᠠ᠂᠎ᠡᠷᠴᠢᠮᠵᠢᠭᠰᠡᠨ᠎ᠪᠠᠢᠷᠢᠱᠢᠭᠤᠯᠤᠯᠲᠠ᠎ᠶ᠋ᠢ᠎ᠪᠡᠶᠡᠯᠡᠭᠦᠯᠵᠦ᠍᠂ ᠭᠣᠣᠯᠳᠠᠯᠭ᠎ᠠ᠎ᠲᠠᠶ ᠱᠢᠪᠲᠤᠯᠤᠯᠲᠠ ᠬᠢᠵᠦ᠍᠂ ᠠᠵᠤ ᠠᠬᠤᠶ᠎ᠶ᠋ᠢᠨ ᠴᠢᠳᠠᠮᠵᠢᠲᠤ ᠱᠢᠨ᠎ᠡ ᠣᠷᠣᠨ᠎ᠢ ᠨᠢᠭᠡᠳᠦᠯᠲᠡᠶ ᠲᠥᠯᠥᠪᠵᠢᠬᠦᠯᠦᠨ ᠬᠥᠭ᠌ᠵᠢᠭᠦᠯᠦᠨ᠎ᠡ᠃

— 《ᠦᠢᠯᠡᠰᠵᠢᠬᠦ᠌᠂ ᠰᠠᠭᠤᠷᠢᠱᠢᠬᠤ᠂ ᠪᠥᠯᠥᠭ᠌ᠵᠢᠬᠦ᠌》 ᠬᠥᠭ᠌ᠵᠢᠯᠲᠡ᠎ᠳᠦ ᠰᠠᠭᠤᠷᠢᠯᠠᠵᠤ᠂ ᠶᠤᠸᠠᠨ ᠪᠦᠦ ᠱᠠᠨ᠎ᠤ ᠣᠨᠴᠠᠯᠢᠭ᠍ᠲᠤ ᠠᠵᠤ ᠦᠢᠯᠡᠰ ᠪᠠ ᠬᠣᠲᠠ᠎ᠶ᠋ᠢᠨ ᠠᠭᠤᠰᠤᠯᠴᠠᠭ᠍ᠰᠠᠨ ᠴᠢᠳᠠᠮᠵᠢᠲᠤ ᠣᠷᠣᠨ᠎ᠢ ᠨᠢᠭᠡᠳᠦᠯᠲᠡᠢ᠎ᠲᠥᠯᠥᠪᠵᠢᠬᠦᠯᠦᠨ ᠬᠥᠭ᠌ᠵᠢᠭᠦᠯᠦᠨ᠎ᠡ᠃

ᠬᠤᠳᠠ᠎ᠶ᠋ᠢᠨ ᠬᠤᠪᠢᠷᠠᠯᠲᠠ ᠵᠢᠨ ᠱᠢᠨ᠎ᠡ ᠦᠵᠡᠮᠵᠢ ᠬᠠᠷᠠᠭ᠎ᠠ᠎ᠶ᠋ᠢ ᠪᠠᠶᠠᠰᠭᠠᠨ᠎ᠠ᠃ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠭᠤᠤᠯ ᠬᠣᠲᠠ᠎ᠶ᠋ᠢ ᠪᠦᠲᠦᠭᠡᠨ ᠪᠠᠢᠭᠤᠯᠬᠤ ᠵᠠᠮ ᠳᠡᠭᠡᠷ᠎ᠡ᠂ ᠤᠯᠠᠭᠠᠨᠬᠠᠳᠠ ᠶᠠᠭ ᠰᠠᠢᠬᠠᠨ ᠲᠤᠮᠤ ᠠᠯᠬᠤᠮ᠎ᠢᠶᠠᠷ ᠤᠷᠤᠭ᠍ᠰᠢᠯᠠᠵᠤ ᠪᠤᠢ᠃

ᠠᠮᠢᠵᠢᠷᠠᠯ᠎ᠤᠨ ᠬᠦᠴᠦᠨ ᠪᠢᠯᠬᠠᠭ᠍ᠰᠠᠨ ᠡᠨᠡ ᠬᠦ᠌ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠭᠤᠤᠯ ᠬᠤᠳᠠ ᠪᠠᠢᠭᠤᠯᠤᠭ᠍ᠳᠠᠭ᠍ᠰᠠᠨ᠎ᠤ ᠲᠠᠷᠠᠭ᠎ᠠ ᠥᠪᠥᠷ ᠮᠣᠩᠭᠣᠯ᠎ᠤᠨ ᠵᠡᠭᠦᠨ ᠪᠡᠶ᠎ᠡ᠎ᠶᠢᠨ ᠭᠠᠵᠠᠷ ᠣᠷᠣᠨ᠎ᠤ ᠬᠥᠭ᠌ᠵᠢᠯᠲᠡ᠎ᠶ᠋ᠢ ᠨᠡᠩ ᠰᠠᠢᠲᠤᠷ ᠬᠦᠳᠦᠯᠥᠨ ᠳᠠᠭᠠᠭᠤᠯᠵᠤ᠂ ᠪᠦᠬᠦ᠌ ᠣᠷᠣᠨ᠎ᠤ ᠶᠡᠬᠡ ᠲᠠᠯ᠎ᠠ᠎ᠳᠤ ᠦᠢᠯᠡᠴᠢᠯᠡᠬᠦ᠌ ᠨᠢ ᠯᠠᠪᠲᠠᠢ ᠭᠡᠳᠡᠭ᠎ᠢ ᠪᠢᠳᠡ ᠢᠲᠡᠭᠡᠵᠦ ᠪᠠᠢᠨ᠎ᠠ᠃

ᠪᠦᠬᠦ ᠬᠦᠴᠦᠨ᠎ᠢᠶᠡᠷ᠎ᠢᠶᠡᠨ ᠪᠣᠭᠣᠮᠲᠠ ᠱᠢᠪᠲᠤᠯᠵᠤ ᠭᠡᠷᠡᠯ ᠰᠠᠴᠤᠷᠠᠩᠭᠤᠢ《ᠵᠦᠢᠷᠡᠢ ᠤᠳᠤᠨ ᠣᠷᠣᠨ》 ᠢ᠋ ᠲᠦᠷᠭᠡᠳᠬᠡᠨ ᠴᠣᠭ᠍ᠴᠠᠯᠠᠨ᠎ᠠ

《ᠤᠯᠠᠭᠠᠨᠬᠠᠳᠠ᠂ ᠲᠦᠩᠯᠢᠶᠣᠤ᠎ᠶ᠋ᠢᠨ ᠣᠷᠣᠨ ᠪᠦᠰᠡ᠎ᠶ᠋ᠢᠨ ᠭᠤᠤᠯ ᠬᠣᠲᠠ᠎ᠶ᠋ᠢ ᠭᠤᠤᠯᠳᠠᠯᠭ᠎ᠠ᠎ᠲᠠᠶ ᠪᠥᠲᠥᠭᠡᠨ ᠪᠠᠢᠭᠤᠯᠵᠤ᠂ ᠵᠦᠢᠷᠡᠢ ᠣᠳᠣᠨ ᠣᠷᠣᠨ᠎ᠢ ᠴᠣᠭ᠍ᠴᠠᠯᠠᠨ᠎ᠠ》᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠳᠦ ᠲᠤᠬᠳᠠᠭᠠᠬᠰᠠᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ᠎ᠠ᠃

ᠡᠨᠡ ᠨᠢ ᠪᠦᠬᠦ᠌ ᠣᠷᠣᠨ᠎ᠤ ᠶᠡᠬᠡ ᠶᠠᠪᠤᠳᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠤᠯᠠᠭᠠᠨᠬᠠᠳᠠ ᠬᠤᠲᠠ᠎ᠶ᠋ᠢᠨ ᠡᠭᠦᠷᠭᠡ ᠬᠠᠷᠢᠭᠤᠴᠠᠯᠭ᠎ᠠ ᠪᠠᠢᠵᠤ᠂ ᠤᠯᠠᠭᠠᠨᠬᠠᠳᠠ ᠬᠤᠲᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠬᠦ᠌ ᠴᠢᠬᠤᠯᠠ ᠪᠣᠳᠠᠲᠤ ᠠᠱᠢᠭ ᠲᠤᠰᠠ ᠪᠠ ᠴᠢᠬᠤᠯᠠ ᠶᠡᠬᠡ ᠬᠥᠭ᠌ᠵᠢᠯᠲᠡ᠎ᠶ᠋ᠢᠨ ᠠᠵᠠ ᠲᠣᠬᠢᠶᠠᠯ ᠪᠣᠯᠤᠨ᠎ᠠ᠃

ᠤᠯᠠᠭᠠᠨᠬᠠᠳᠠ ᠎ᠶ᠋ᠢᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠨᠡ ᠬᠦ᠌ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠵᠤ᠂ ᠠᠵᠠ ᠲᠣᠬᠢᠶᠠᠯ᠎ᠢ ᠠᠮᠵᠢᠨ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ 《ᠵᠦᠢᠷᠡᠢ ᠣᠳᠣᠨ ᠣᠷᠣᠨ》ᠢ᠋ ᠴᠣᠭ᠍ᠴᠠᠯᠠᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠭᠰᠡᠨ ᠵᠢᠡᠷ ᠪᠠᠢᠯᠳᠤᠬᠤ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠂ ᠳᠡᠭᠡᠳᠦ ᠬᠡᠮᠵᠢᠶ᠎ᠡ᠎ᠪᠡᠷ ᠠᠬᠢᠭᠤᠯᠬᠤ᠂ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠰᠠᠢᠨ ᠰᠠᠢᠬᠠᠨ ᠪᠠᠢᠳᠠᠯ ᠢᠯᠡᠷᠡᠪᠡ᠃

ᠬᠤᠩᠱᠠᠨ᠎ᠤ ᠡᠬᠡ ᠭᠠᠵᠠᠷ᠎ᠲᠤ᠂ ᠭᠠᠵᠠᠷ ᠪᠣᠯᠭᠠᠨ᠎ᠳᠤ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ ᠪᠤᠯᠵᠤ ᠪᠤᠢ; ᠣᠯᠠᠨ᠎ᠢᠶᠠᠷ᠎ᠢᠶᠠᠨ ᠭᠤᠤᠯ ᠬᠣᠲᠠ᠎ᠶ᠋ᠢ ᠠᠩᠬᠠᠷᠴᠤ᠌᠂ 《ᠵᠦᠢᠷᠡᠢ ᠣᠳᠣᠨ ᠣᠷᠣᠨ》᠎ᠤ᠋ ᠲᠤᠬᠠᠶ ᠬᠥᠭ᠌ᠵᠢᠶᠡᠨᠲᠡᠶ ᠶᠠᠷᠢᠯᠴᠠᠵᠤ᠂ ᠢᠷᠡᠭᠡᠳᠦᠶ᠎ᠳᠦ ᠢᠳᠡᠬᠡᠯ ᠳᠦᠭᠦᠷᠡᠩ ᠪᠠᠢᠵᠤ᠂ ᠡᠨᠡ ᠬᠦ᠌ ᠴᠢᠬᠤᠯᠠ ᠶᠡᠬᠡ ᠡᠭᠦᠷᠭᠡ᠎ᠶ᠋ᠢ ᠡᠷᠡᠰ ᠪᠡᠶᠡᠯᠡᠭᠦᠯᠵᠦ᠍᠂ ᠣᠷᠣᠨ ᠪᠦᠰᠡ᠎ᠶ᠋ᠢᠨ ᠭᠤᠤᠯ ᠬᠣᠲᠠ ᠪᠠ《ᠵᠦᠢᠷᠡᠢ ᠣᠳᠣᠨ ᠣᠷᠣᠨ》᠎ᠤ᠋ ᠪᠥᠲᠥᠭᠡᠨ ᠪᠠᠢᠭᠤᠯᠤᠯᠲᠠ᠎ᠶ᠋ᠢ ᠠᠯᠢ ᠲᠦᠷᠭᠡᠨ᠎ᠢᠶᠡᠷ ᠢᠯᠡᠳᠲᠡ ᠠᠬᠢᠴᠠ᠎ᠲᠠᠶ ᠪᠣᠯᠭᠠᠨ᠎ᠠ ᠭᠡᠵᠦ᠍ ᠢᠯᠡᠷᠬᠡᠢᠯᠡᠵᠡᠶ᠃

《ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠌ ᠵᠢ ᠬᠤᠶᠠᠷ ᠭᠠᠵᠠᠷ ᠬᠠᠷᠢᠯᠴᠠᠨ ᠮᠡᠳᠡᠷᠡᠨ᠎ᠡ! ᠤᠯᠠᠭᠠᠨᠬᠠᠳᠠ᠎ᠶ᠋ᠢᠨ ᠬᠥᠮᠦᠨ ᠪᠣᠯᠤᠨ ᠲᠦᠩᠯᠢᠶᠣᠤ᠎ᠶ᠋ᠢᠨ ᠬᠥᠮᠦᠨ ᠭᠠᠵᠠᠷ ᠣᠷᠣᠨ ᠠᠯᠤᠰᠯᠠᠨ ᠤᠷᠤᠨ ᠰᠠᠭᠤᠴᠠ ᠬᠤᠳᠠᠯᠳᠤᠨ ᠠᠪᠴᠤ᠌ ᠪᠣᠯᠤᠨ᠎ᠠ!》ᠡᠨᠡ ᠨᠢ ᠤᠯᠠᠭᠠᠨᠬᠠᠳᠠ᠂ ᠲᠦᠩᠯᠢᠶᠣᠤ ᠬᠣᠶᠠᠷ ᠬᠣᠲᠠ᠎ᠶ᠋ᠢᠨ ᠠᠷᠠᠳ ᠤᠯᠠᠨ ᠳ᠋ᠤ ᠠᠪᠴᠤ᠌ ᠬᠡᠯᠡᠪᠡᠯ ᠶᠠᠷᠢᠶᠠᠨ ᠥᠬᠡᠶ ᠰᠠᠢᠨ ᠴᠢᠮᠡᠭᠡ ᠪᠣᠯᠤᠨ᠎ᠠ!《ᠬᠣᠶᠠᠷ ᠭᠠᠵᠠᠷ᠎ᠲᠤ ᠭᠦᠶᠦᠬᠦ᠌》᠎ᠶ᠋ᠢ 《ᠨᠢᠭᠡ ᠭᠠᠵᠠᠷ᠎ᠲᠤ ᠭᠦᠶ᠋ᠴᠡᠳᠭᠡᠬᠦ᠌》 ᠪᠣᠯᠭᠠᠨ ᠬᠤᠪᠢᠷᠠᠭᠤᠯᠵᠤ᠂ ᠤᠯᠠᠭᠠᠨᠬᠠᠳᠠ ᠲᠦᠩᠯᠢᠶᠣᠤ ᠬᠣᠶᠠᠷ ᠬᠣᠲᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢ ᠬᠠᠷᠢᠯᠴᠠᠨ ᠮᠡᠳᠡᠷᠡᠵᠦ᠍ ᠬᠠᠷᠢᠯᠴᠠᠨ ᠵᠢᠭᠡᠯᠡᠭᠦᠯᠬᠦ᠌᠎ᠶ᠋ᠢ ᠵᠢᠩᠬᠢᠨᠢ᠎ᠪᠡᠷ ᠪᠡᠶᠡᠯᠡᠭᠦᠯᠪᠡ᠂ ᠡᠨᠡ ᠬᠦ᠌ ᠲᠥᠬᠥᠮ ᠦᠵᠡᠭᠦᠯᠬᠦ᠌ ᠪᠤᠯᠤᠬᠰᠠᠨ ᠨᠢ 2021 ᠣᠨ᠎ᠠᠴᠠ ᠨᠠᠭᠠᠱᠢᠬᠢ ᠤᠯᠠᠭᠠᠨᠬᠠᠳᠠ ᠲᠦᠩᠯᠢᠶᠣᠤ ᠬᠣᠶᠠᠷ ᠬᠣᠲᠠ᠎ᠶ᠋ᠢᠨ ᠭᠦᠨᠵᠡᠭᠡᠶ ᠬᠠᠮᠲᠤᠷᠠᠯᠴᠠᠭ᠎ᠠ᠎ᠠᠴᠠ ᠢᠷᠡᠭᠰᠡᠨ ᠶᠤᠮ᠃

2021 ᠣᠨ᠎ᠤ 7 ᠰᠠᠷ᠎ᠠ᠎ᠶ᠋ᠢᠨ 22 ᠎ᠤ᠋ᠨ ᠡᠳᠦᠷ ᠤᠯᠠᠭᠠᠨᠬᠠᠳᠠ᠂ ᠲᠦᠩᠯᠢᠶᠣᠤ ᠬᠣᠶᠠᠷ ᠬᠣᠲᠠ ᠬᠠᠮᠲᠤ᠎ᠪᠠᠷ《ᠬᠠᠮᠵᠢᠯᠴᠠᠨ ᠬᠥᠭ᠌ᠵᠢᠬᠦ᠌ ᠬᠠᠮᠲᠤᠷᠠᠯᠴᠠᠭᠠᠨ᠎ᠤ ᠰᠠᠨᠠᠭᠤᠯᠤᠮᠵᠢ》᠎ᠳ᠋ᠤ ᠭᠠᠷ᠎ᠤᠨ ᠥᠰᠥᠭ ᠵᠢᠷᠤᠵᠤ᠂ 《ᠵᠦᠢᠷᠡᠢ ᠣᠳᠣᠨ ᠣᠷᠣᠨ》᠎ᠢ᠋ ᠬᠠᠮᠲᠤ᠎ᠪᠠᠷ ᠴᠣᠭ᠍ᠴᠠᠯᠠᠬᠤ᠂ ᠥᠪᠥᠷ ᠮᠣᠩᠭᠣᠯ᠎ᠤᠨ ᠵᠡᠭᠦᠨ ᠪᠡᠶ᠎ᠡ᠎ᠵᠢᠨ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠲᠤ᠎ᠪᠠᠷ ᠬᠥᠲᠥᠯᠥᠨ ᠳᠠᠭᠠᠭᠤᠯᠬᠤ ᠱᠢᠨ᠎ᠡ ᠬᠠᠭᠤᠳᠠᠰᠤ᠎ᠶ᠋ᠢ ᠰᠡᠭᠦᠪᠠ᠃

ᠵᠡᠷᠭᠡ᠎ᠪᠡᠷ ᠤᠷᠤᠭ᠍ᠰᠢᠯᠠᠵᠤ᠂ ᠬᠠᠮᠵᠢᠯᠴᠠᠨ ᠬᠥᠭ᠌ᠵᠢᠵᠦ᠍᠂ ᠨᠡᠩ ᠥᠨᠳᠥᠷ ᠲᠦᠪᠱᠢᠨ᠂ ᠨᠡᠩ ᠥᠷᠭᠡᠨ ᠬᠦᠷᠢᠢ᠎ᠡ᠂ ᠨᠡᠩ ᠭᠦᠨ ᠳᠠᠪᠬᠤᠷᠭ᠎ᠠ᠎ᠶ᠋ᠢᠨ᠂ ᠨᠡᠩ ᠦᠷ᠎ᠡ ᠪᠦᠲᠦᠮᠵᠢᠲᠡᠢ ᠬᠠᠮᠲᠤᠷᠠᠯᠴᠠᠭ᠎ᠠ ᠲᠡᠢᠰᠢ ᠤᠷᠤᠭ᠍ᠰᠢᠯᠠᠬᠤ ᠪᠤᠯᠤᠨ᠎ᠠ᠃ ᠬᠣᠶᠠᠷ ᠬᠣᠲᠠ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠠᠵᠤ ᠦᠶ᠋ᠯᠡᠰ᠎ᠦᠨ ᠲᠠᠰ ᠳᠠᠪᠱᠢᠯᠲᠠ᠂ ᠰᠠᠭᠤᠷᠢ ᠲᠥᠬᠥᠭᠡᠷᠦᠮᠵᠢ᠂ ᠣᠯᠠᠨ ᠨᠡᠢᠲᠡ᠎ᠶ᠋ᠢᠨ ᠦᠶ᠋ᠯᠡᠴᠢᠯᠡᠭᠡ ᠵᠡᠷᠭᠡ 4 ᠶᠡᠬᠡ ᠬᠦᠷᠢᠶ᠎ᠡ᠂ 29 ᠲᠠᠯ᠎ᠠ᠎ᠪᠠᠷ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠬᠢᠪᠠ᠃

— ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠬᠠᠷᠢᠯᠴᠠᠨ ᠬᠦᠳᠡᠯᠦᠯᠴᠡᠵᠤ ᠬᠠᠷᠢᠯᠴᠠᠨ ᠵᠠᠰᠠᠨ᠎ᠠ᠃《ᠪᠣᠬᠢᠷᠲᠤᠯ ᠥᠬᠡᠶ ᠤᠯᠠᠭᠠᠨᠬᠠᠳᠠ》᠂《ᠠᠮᠢ ᠠᠬᠤᠶ᠎ᠶ᠋ᠢᠨ ᠲᠦᠩᠯᠢᠶᠣᠤ》᠎ᠶ᠋ᠢᠨ ᠪᠥᠲᠥᠭᠡᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ᠎ᠶ᠋ᠢ ᠬᠠᠮᠲᠤᠷᠠᠨ ᠠᠬᠢᠭᠤᠯᠵᠤ᠂ ᠥᠪᠥᠷ ᠮᠣᠩᠭᠣᠯ᠎ᠤᠨ ᠵᠡᠭᠦᠨ ᠪᠡᠶ᠎ᠡ᠎ᠵᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠬᠠᠮᠵᠢᠯᠴᠠᠨ ᠠᠬᠢᠭᠤᠯᠵᠤ᠂ ᠪᠠᠷᠠᠭᠤᠨ ᠯᠢᠶᠣᠤᠾᠧ ᠭᠤᠤᠯ᠎ᠤᠨ ᠰᠠᠪᠠ ᠭᠠᠵᠠᠷ᠎ᠤᠨ《ᠤᠰᠤᠨ᠎ᠤ ᠬᠡᠮᠵᠢᠶ᠎ᠡ᠎ᠪᠡᠷ ᠠᠵᠢᠯᠯᠠᠬᠤ》ᠤᠰᠤᠨ᠎ᠤ ᠬᠡᠮᠵᠢᠶ᠎ᠡ᠎ᠪᠡᠷ ᠬᠡᠷᠡᠭ᠌ᠴᠡᠭᠡ᠎ᠶ᠋ᠢ ᠲᠣᠭ᠍ᠲᠠᠭᠠᠬᠤ᠎ᠶ᠋ᠢ ᠬᠠᠮᠲᠤ᠎ᠪᠠᠷ ᠠᠬᠢᠭᠤᠯᠤᠨ᠎ᠠ᠃

— ᠠᠵᠤ ᠦᠢᠯᠡᠰ᠎ᠦᠨ ᠳᠡᠰ ᠳᠠᠪᠱᠢᠯᠲᠠ᠎ᠵᠢ ᠬᠠᠷᠢᠯᠴᠠᠨ ᠠᠬᠢᠭᠤᠯᠵᠤ ᠬᠠᠷᠢᠯᠴᠠᠨ ᠲᠠᠪᠰᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠥᠪᠥᠷ ᠮᠣᠩᠭᠣᠯ᠎ᠤᠨ ᠵᠡᠭᠦᠨ ᠪᠡᠶ᠎ᠡ᠎ᠳᠤ ᠵᠦᠷᠢᠶᠡᠡᠳᠦ ᠠᠵᠤ ᠦᠶ᠋ᠯᠡᠰ᠎ᠦᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠬᠠᠮᠳᠤ ᠪᠡᠷ ᠲᠡᠮᠡᠴᠡᠨ ᠣᠯᠵᠤ᠂ ᠤᠯᠤᠰ᠎ᠤᠨ ᠲᠠᠰ᠎ᠤᠨ ᠠᠵᠤ ᠦᠶ᠋ᠯᠡᠰ᠎ᠦᠨ ᠱᠢᠯᠵᠢᠯᠲᠡ᠎ᠶ᠋ᠢ ᠵᠤᠯᠭᠠᠭᠤᠯᠬᠤ ᠬᠠᠮᠲᠤᠷᠠᠯᠴᠠᠭᠠᠨ᠎ᠤ ᠵᠢᠱ᠌ᠢᠶ᠎ᠡ ᠦᠵᠡᠭᠦᠯᠬᠦ᠌ ᠣᠷᠣᠨ᠎ᠢ  ᠠᠯᠢ ᠲᠦᠷᠬᠡᠨ᠎ᠢᠶᠡᠷ ᠵᠥᠪᠱᠢᠶᠡᠷᠡᠭᠦᠯᠬᠦ᠌᠎ᠪᠡᠷ ᠬᠠᠮᠵᠢᠯᠴᠠᠨ ᠴᠢᠷᠮᠠᠢᠵᠤ᠂ ᠦᠷ᠎ᠡ᠎ᠶ᠋ᠢᠨ ᠦᠶ᠋ᠯᠡᠰ᠂ ᠬᠢᠲᠠᠳ ᠮᠣᠩᠭᠣᠯ ᠡᠮ᠎ᠦᠨ ᠮᠠᠲ᠋ᠧᠷᠢᠶᠠᠯ ᠳᠠᠷᠢᠬᠤ᠂ ᠲᠠᠷᠢᠶᠠᠯᠠᠩ᠎ᠤᠨ ᠪᠦᠳᠦᠬᠡᠭᠳᠡᠬᠦᠨ ᠮᠠᠯ᠎ᠤᠨ ᠠᠱᠢᠭ ᠱᠢᠮ᠎ᠡ᠎ᠵᠢ ᠡᠳ᠋ᠱᠢᠭᠦᠯᠬᠦ᠌᠂ ᠨᠠᠷᠠᠲᠤ ᠲᠥᠷᠥᠯ ᠲᠡᠮᠳᠡᠭ᠌᠎ᠤᠨ ᠪᠠᠢᠭᠤᠯᠤᠯᠲᠠ᠂ ᠣᠷᠣᠨ ᠪᠦᠰᠡ᠎ᠶ᠋ᠢᠨ ᠴᠢᠨᠠᠷᠲᠠᠶ ᠪᠠᠷᠠᠭᠠᠨ᠎ᠤ ᠭᠦᠶ᠋ᠯᠭᠡᠭᠡᠨ᠎ᠦ ᠰᠦᠯᠵᠢᠶ᠎ᠡ᠎ᠶ᠋ᠢᠨ ᠪᠠᠢᠭᠤᠯᠤᠯᠲᠠ᠂ ᠵᠢᠭᠤᠯᠴᠢᠯᠠᠯ᠎ᠤᠨ ᠬᠦᠷᠢᠶ᠎ᠡ ᠵᠡᠷᠭᠡ ᠲᠠᠯ᠎ᠠ᠎ᠪᠠᠷ ᠬᠠᠮᠲᠤ ᠪᠠᠷ ᠭᠦᠨᠵᠡᠭᠡᠶ ᠬᠠᠮᠲᠤᠷᠠᠯᠴᠠᠭ᠎ᠠ ᠥᠷᠨᠢᠭᠦᠯᠦᠨ᠎ᠡ᠃

— ᠰᠠᠭᠤᠷᠢ ᠲᠥᠬᠥᠭᠡᠷᠦᠮᠵᠢ᠎ᠶ᠋ᠢ ᠬᠠᠷᠢᠯᠴᠠᠨ ᠬᠣᠯᠪᠣᠯᠳᠤᠭᠤᠯᠤᠨ ᠬᠠᠷᠢᠯᠴᠠᠨ ᠪᠠᠢᠭᠤᠯᠤᠨ᠎ᠠ᠃ ᠤᠯᠤᠰ᠎ᠠᠴᠠ《ᠬᠣᠶᠠᠷ ᠱᠢᠨ᠎ᠡ ᠨᠢᠭᠡ ᠬᠦᠨᠳᠦ》 ᠪᠦᠲᠦᠭᠡᠨ ᠪᠠᠢᠭᠤᠯᠤᠯᠲᠠ᠎ᠶ᠋ᠢ ᠳᠠᠮᠵᠢᠵᠤ ᠪᠠᠢᠭ᠎ᠠ ᠠᠵᠠ ᠲᠣᠬᠢᠶᠠᠯ᠎ᠢ  ᠴᠢᠩᠭ᠎ᠠ ᠠᠳᠭᠤᠵᠤ᠂《ᠭᠤᠷᠪᠠᠨ ᠤᠮᠠᠷᠠᠲᠤ》᠎ᠶ᠋ᠢᠨ ᠲᠦᠷᠭᠡᠨ᠎ᠤ ᠲᠡᠮᠦᠷ ᠵᠠᠮ᠎ᠤᠨ ᠱᠢᠨ᠎ᠡ ᠵᠠᠮ ᠰᠤᠪᠠᠭ ᠢ᠋ ᠤᠯᠤᠰ᠎ᠤᠨ ᠲᠥᠯᠥᠪᠵᠢᠭᠦᠯᠭᠡ᠎ᠳᠦ ᠣᠷᠣᠭᠤᠯᠬᠤ᠎ᠶ᠋ᠢ ᠬᠠᠮᠲᠤ ᠪᠠᠷ ᠠᠬᠢᠭᠤᠯᠵᠤ᠂ ᠵᠠᠰᠠᠮᠠᠯ ᠵᠠᠮ᠎ᠤᠨ ᠲᠥᠷᠥᠯ ᠵᠦᠶ᠋ᠯ᠎ᠢ ᠥᠪᠡᠷᠲᠡᠭᠡᠨ ᠵᠠᠰᠠᠬᠤ ᠣᠷᠣᠨ᠎ᠤ ᠲᠥᠯᠥᠪᠵᠢᠭᠦᠯᠭᠡ᠎ᠳᠦ ᠣᠷᠣᠭᠤᠯᠬᠤ᠎ᠶ᠋ᠢ ᠬᠠᠮᠲᠤ ᠪᠠᠷ ᠠᠬᠢᠭᠤᠯᠵᠤ᠂ ᠬᠣᠶᠠᠷ ᠭᠠᠵᠠᠷ᠎ᠤᠨ ᠬᠥᠷᠰᠢ ᠵᠡᠷᠭᠡᠯᠡᠳᠡᠭᠡ ᠲᠣᠰᠭᠣᠨ ᠪᠠᠯᠭᠠᠰᠤ᠎ᠶ᠋ᠢᠨ ᠬᠣᠭᠣᠷᠣᠨᠳᠣᠬᠢ《ᠮᠤᠬᠤᠷ ᠵᠠᠮ》᠎ᠤ᠋ᠨ ᠪᠦᠲᠦᠭᠡᠨ ᠪᠠᠢᠭᠤᠯᠤᠯᠲᠠ᠎ᠶ᠋ᠢ ᠬᠠᠮᠲᠤ ᠪᠠᠷ ᠡᠮᠬᠢ ᠵᠢᠷᠤᠮ᠎ᠲᠠᠶ᠎ᠪᠠᠷ ᠠᠬᠢᠭᠤᠯᠵᠤ᠂ ᠬᠣᠶᠠᠷ ᠭᠠᠵᠠᠷ᠎ᠤᠨ ᠨᠡᠢᠳᠡᠮ᠎ᠤᠨ ᠬᠡᠷᠡᠭ᠌ᠯᠡᠭᠡᠨ᠎ᠦ ᠠᠭᠠᠷ᠎ᠤᠨ ᠠᠶᠠᠯᠠᠯ᠎ᠤᠨ ᠬᠥᠭ᠌ᠵᠢᠯᠲᠡ᠎ᠶ᠋ᠢ ᠵᠤᠬᠢᠴᠠᠭᠤᠯᠤᠨ ᠠᠬᠢᠭᠤᠯᠵᠤ᠂ ᠠᠢᠮᠠᠭ ᠬᠣᠲᠠ ᠠᠯᠤᠰᠯᠠᠭ᠍ᠰᠠᠨ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠬᠣᠭᠣᠯᠠᠶ ᠱᠤᠭᠤᠮ᠎ᠤᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌᠎ᠶ᠋ᠢ ᠬᠠᠮᠲᠤ ᠪᠠᠷ ᠠᠬᠢᠭᠤᠯᠵᠤ᠂ LXB ᠤᠰᠤ ᠲᠠᠲᠠᠬᠤ ᠥᠪᠥᠷ ᠮᠣᠩᠭᠣᠯ᠎ᠤᠨ ᠰᠠᠯᠪᠤᠷᠢ ᠱᠤᠭᠤᠮ᠎ᠤᠨ ᠢᠨᠵᠧᠨᠧᠷᠢᠩ ᠤᠯᠤᠰ᠎ᠤᠨ ᠪᠠᠯᠠ ᠮᠥᠩᠭᠥ᠎ᠶ᠋ᠢᠨ ᠳᠡᠮᠵᠢᠯᠭᠡ᠎ᠶ᠋ᠢ ᠣᠯᠬᠤ᠎ᠪᠠᠷ ᠬᠠᠮᠵᠢᠯᠴᠠᠨ ᠴᠢᠷᠮᠠᠢᠨ᠎ᠠ᠃

— ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠬᠠᠷᠢᠯᠴᠠᠨ ᠨᠡᠪᠲᠡᠷᠡᠭᠦᠯᠵᠦ᠍ ᠬᠠᠮᠲᠤ᠎ᠪᠠᠷ ᠡᠳ᠋ᠯᠡᠨ᠎ᠡ᠃ ᠬᠣᠶᠠᠷ ᠭᠠᠵᠠᠷ᠎ᠤᠨ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ᠂ ᠣᠯᠠᠨ ᠨᠡᠢᠲᠡ᠎ᠶ᠋ᠢᠨ ᠦᠶ᠋ᠯᠡᠴᠢᠯᠡᠭᠡ᠂ ᠨᠡᠢᠭᠡᠮ᠎ᠦᠨ ᠪᠠᠲᠤᠯᠠᠭ᠎ᠠ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ᠂ ᠰᠠᠭᠤᠷᠢ ᠰᠤᠷᠭᠠᠨ ᠬᠥᠮᠦᠵᠢᠯ ᠪᠠ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢ ᠬᠠᠮᠵᠢᠯᠴᠠᠨ ᠠᠬᠢᠭᠤᠯᠵᠤ᠂ ᠡᠮᠨᠡᠯᠭᠡ᠎ᠶ᠋ᠢᠨ ᠬᠣᠷᠢᠶ᠎ᠠ ᠬᠢᠭᠡᠳ ᠡᠮᠨᠡᠯᠭᠡ᠎ᠶ᠋ᠢᠨ ᠬᠣᠷᠢᠶ᠎ᠠ᠂ ᠶᠡᠬᠡ ᠳᠡᠭᠡᠳᠦ ᠰᠤᠷᠭᠠᠭᠤᠯᠢ ᠬᠢᠭᠡᠳ ᠡᠮᠨᠡᠯᠭᠡ᠎ᠶ᠋ᠢᠨ ᠬᠣᠷᠢᠶ᠎ᠠ᠎ᠶ᠋ᠢᠨ ᠬᠠᠮᠲᠤᠷᠠᠯᠴᠠᠭ᠎ᠠ᠎ᠶ᠋ᠢ ᠵᠤᠬᠢᠴᠠᠭᠤᠯᠤᠨ ᠥᠷᠨᠢᠭᠦᠯᠵᠦ᠍᠂《ᠮᠣᠩᠭᠣᠯ ᠨᠠᠷᠠᠲᠤ ᠲᠡᠮᠳᠡᠭᠳᠤ》ᠡᠮ᠎ᠦᠨ ᠵᠦᠶ᠋ᠯᠡᠰ᠎ᠦᠨ ᠲᠥᠷᠥᠯ ᠲᠡᠮᠳᠡᠭ᠌᠎ᠢ ᠬᠠᠮᠲᠤᠷᠠᠨ ᠪᠣᠶ ᠪᠣᠯᠭᠠᠵᠤ᠂ ᠬᠣᠶᠠᠷ ᠭᠠᠵᠠᠷ᠎ᠤᠨ ᠡᠮᠴᠢᠯᠡᠭᠡᠨ᠎ᠦ ᠳᠠᠭᠠᠳᠭᠠᠯ᠎ᠤᠨ ᠬᠣᠯᠪᠣᠭᠠᠯᠠᠨ ᠬᠥᠳᠡᠯᠦᠯᠴᠡᠬᠦ᠌᠎ᠶ᠋ᠢ ᠬᠦᠴᠦ᠍᠎ᠪᠡᠨ ᠬᠠᠮᠲᠤᠳᠭᠠᠨ ᠠᠬᠢᠭᠤᠯᠵᠤ᠂ ᠱᠢᠨᠵᠢᠯᠡᠬᠦ᠌ ᠤᠬᠠᠭᠠᠨ᠎ᠲᠸᠬᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠣᠯᠢᠯᠴᠠᠭ᠎ᠠ ᠬᠠᠮᠵᠢᠯᠴᠠᠭ᠎ᠠ᠎ᠶ᠋ᠢ ᠬᠠᠮᠲᠤ᠎ᠪᠠᠷ ᠴᠢᠩᠭᠠᠳᠭᠠᠨ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠬᠠᠮᠵᠢᠯᠴᠠᠭᠠᠨ᠎ᠤ ᠣᠷᠳᠣ ᠬᠤᠭᠤᠴᠠᠭᠠᠨ᠎ᠤ ᠪᠦᠲᠦᠮᠵᠢᠲᠤ ᠲᠣᠭ᠍ᠲᠠᠴᠠ᠎ᠶ᠋ᠢ ᠬᠠᠮᠲᠤ᠎ᠪᠠᠷ ᠡᠭᠦᠳᠦᠨ ᠪᠠᠢᠭᠤᠯᠵᠤ᠂ ᠥᠪᠥᠷ ᠮᠣᠩᠭᠣᠯ᠎ᠤᠨ ᠵᠡᠭᠦᠨ᠎ᠪᠡᠶ᠎ᠡ᠎ᠵᠢᠨ ᠴᠢᠳᠠᠪᠤᠷᠢᠲᠠᠨ᠎ᠤ ᠥᠨᠳᠥᠷᠯᠢᠭ᠎ᠢ ᠭᠠᠷ ᠬᠣᠯᠪᠣᠨ ᠪᠠᠢᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠰᠤᠳᠤᠯᠤᠨ ᠬᠠᠮᠠᠭᠠᠯᠠᠬᠤ ᠬᠠᠮᠲᠤᠷᠠᠯᠴᠠᠭ᠎ᠠ᠎ᠶ᠋ᠢ ᠬᠠᠮᠲᠤ᠎ᠪᠠᠷ ᠭᠦᠨᠵᠡᠭᠡᠢᠷᠡᠭᠦᠯᠦᠨ᠂ ᠰᠣᠶᠣᠯ᠎ᠤᠨ ᠬᠦᠷᠢᠶᠡᠨ᠎ᠳᠡᠬᠢ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠬᠠᠮᠲᠤ᠎ᠪᠠᠷ ᠴᠢᠩᠭᠠᠳᠭᠠᠨ᠎ᠠ᠃

ᠦᠷᠭᠦᠯᠵᠢᠯᠡᠨ ᠪᠣᠭᠣᠮᠲᠠ ᠱᠢᠪᠲᠤᠯᠵᠤ᠂ ᠤᠳᠠᠭᠠᠨ ᠳᠠᠭᠠᠭᠠᠮᠠᠭᠠᠶ ᠵᠢᠳᠬᠦᠨ ᠴᠢᠷᠮᠠᠢᠵᠤ᠂ ᠤᠯᠠᠭᠠᠨᠬᠠᠳᠠ ᠬᠣᠲᠠ ᠨᠢ ᠭᠤᠤᠯ ᠬᠣᠲᠠ᠎ᠶ᠋ᠢ ᠪᠥᠲᠥᠭᠡᠨ ᠪᠠᠢᠭᠤᠯᠬᠤ᠂ 《ᠵᠦᠢᠷᠡᠢ ᠣᠳᠣᠨ ᠣᠷᠣᠨ》᠎ᠢ᠋ ᠴᠣᠭ᠍ᠴᠠᠯᠠᠬᠤ᠎ᠲᠡᠢᠰᠢ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠨ᠎ᠡ —

ᠡᠨᠡ ᠨᠢᠭᠡ ᠵᠢᠯ᠎ᠳᠦ᠂ ᠤᠯᠠᠭᠠᠨᠬᠠᠳᠠ ᠬᠣᠲᠠ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠠᠪᠤᠨ ᠶᠡᠬᠡ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠬᠠᠷᠠᠯᠲᠠ᠎ᠶ᠋ᠢ ᠳᠤᠷᠠᠳᠪᠠ᠄ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠴᠢᠨᠠᠷᠲᠠᠶ ᠭᠤᠤᠯ ᠬᠣᠲᠠ᠎ᠶ᠋ᠢ ᠪᠥᠲᠥᠭᠡᠨ ᠪᠠᠢᠭᠤᠯᠵᠤ᠂ ᠤᠯᠤᠰ᠎ᠠᠴᠠ ᠠᠵᠤ ᠦᠶ᠋ᠯᠡᠰ᠎ᠦᠨ ᠱᠢᠯᠵᠢᠯᠲᠡ᠎ᠶ᠋ᠢ ᠵᠤᠯᠭᠠᠭᠤᠯᠬᠤ ᠬᠠᠮᠲᠤᠷᠠᠯᠴᠠᠭᠠᠨ᠎ᠤ ᠵᠢᠱ᠌ᠢᠶ᠎ᠡ ᠦᠵᠡᠭᠦᠯᠬᠦ᠌ ᠣᠷᠣᠨ᠂ ᠠᠷᠠᠯᠵᠢᠶ᠎ᠠ ᠬᠤᠳᠠᠯᠳᠤᠭᠠᠨ᠎ᠤ ᠦᠶ᠋ᠯᠡᠴᠢᠯᠡᠭᠡᠨ᠎ᠦ ᠬᠡᠯᠪᠡᠷᠢ᠎ᠶ᠋ᠢᠨ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠬᠦᠶ᠋ᠰᠦ ᠬᠣᠲᠠ᠂ ᠤᠯᠤᠰ᠎ᠤᠨ ᠣᠨᠴᠠᠯᠢᠭᠳᠤ ᠰᠣᠶᠣᠯ ᠵᠢᠭᠤᠯᠴᠢᠯᠠᠯ ᠪᠠ ᠠᠮᠢ ᠠᠬᠤᠶ᠎ᠶ᠋ᠢᠨ ᠵᠤᠭ᠎ᠠ ᠰᠡᠯᠡᠭᠦᠴᠡᠯ᠎ᠤᠨ ᠠᠮᠠᠷᠠᠯᠲᠠ᠎ᠶ᠋ᠢᠨ ᠰᠠᠭᠤᠷᠢᠨ᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭ᠍ᠰᠢ ᠭᠠᠷᠭᠠᠬᠤ ᠴᠢᠬᠤᠯᠠ ᠰᠠᠭᠤᠷᠢᠨ᠎ᠢ ᠪᠠᠢᠭᠤᠯᠬᠤ ᠪᠤᠯᠤᠨ᠎ᠠ᠃

ᠱᠢᠨ᠎ᠡ ᠠᠶᠠᠯᠠᠯ ᠨᠢᠭᠡᠨᠲᠡ ᠡᠬᠢᠯᠡᠪᠡ᠃ 2022 ᠣᠨ᠎ᠤ ᠰᠢᠨ᠎ᠠ ᠭᠠᠷᠤᠭ᠎ᠠ ᠡᠴᠡ ᠢᠷᠡᠭᠡᠳᠦᠢ᠎ᠪᠡᠨ ᠪᠠᠷᠠᠯᠠᠬᠤᠶ᠎ᠠ᠂ ᠤᠯᠠᠭᠠᠨᠬᠠᠳᠠ᠎ᠶ᠋ᠢᠨ ᠠᠵᠤ ᠠᠬᠤᠢ᠎ᠶ᠋ᠢᠨ ᠠᠶᠠᠯᠠᠯ᠎ᠤᠨ ᠣᠩᠭᠣᠴᠠ ᠦᠷᠭᠦᠯᠵᠢᠯᠡᠨ ᠳᠠᠪᠠᠯᠭᠠᠨ᠎ᠢ ᠵᠦᠰᠦᠨ ᠤᠷᠤᠭ᠍ᠰᠢᠯᠠᠵᠤ᠂ ᠭᠡᠷᠡᠯ ᠰᠠᠴᠤᠷᠠᠩᠭᠤᠢ ᠲᠡᠷᠲᠡᠭᠡ ᠡᠷᠭᠢ ᠵᠢ ᠵᠤᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号