​《ᠡᠪᠦᠯ᠎ᠦᠨ ᠤᠯᠠᠷᠢᠯ᠎ᠤᠨ ᠣᠯᠢᠮᠫᠢᠺ᠎ᠤ᠋ᠨ ᠲᠠᠮᠢᠷ᠎ᠤᠨ ᠴᠤᠬᠯᠠᠭᠠᠨ᠎ᠢ ᠤᠬᠲᠤᠵᠦ ᠬᠢᠵᠢᠭ᠎ᠦᠨ ᠪᠠᠢᠳᠠᠯ᠎ᠢ ᠰᠠᠷᠭᠡᠢᠯᠡᠨ ᠡᠵᠡᠮᠳᠡᠬᠦ》ᠭᠡᠬᠦ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠠᠪᠤᠷᠠᠨ ᠲᠤᠰᠠᠯᠠᠬᠤ ᠲᠡᠷᠭᠡ ᠬᠠᠨᠳᠢᠪᠯᠠᠬᠤ ᠠᠵᠢᠯᠯᠠᠭ᠎ᠠ ᠶᠠᠪᠤᠬᠳᠠᠪᠠ
2022-01-14 10:41:39
ᠵᠣᠬᠢᠶᠠᠭ᠍ᠴᠢ᠄
​ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

ᠴᠢ᠊ ᠪᠠᠲᠤ   ᠣᠷᠣᠯᠴᠠᠪᠠ


1 ᠰᠠᠷ᠎ᠠ᠎ᠶ᠋ᠢᠨ 12᠎ᠤ᠋ᠨ ᠡᠳᠦᠷ᠂ 《ᠡᠪᠦᠯ᠎ᠦᠨ ᠤᠯᠠᠷᠢᠯ᠎ᠤᠨ ᠣᠯᠢᠮᠫᠢᠺ ᠤ᠋ᠨ ᠲᠠᠮᠢᠷ᠎ᠤᠨ ᠴᠤᠬᠯᠠᠭᠠᠨ᠎ᠢ ᠤᠬᠲᠤᠵᠦ  ᠬᠢᠵᠢᠭ᠎ᠦᠨ ᠪᠠᠢᠳᠠᠯ᠎ᠢ ᠰᠠᠷᠭᠡᠢᠯᠡᠨ ᠡᠵᠡᠮᠳᠡᠬᠦ》 ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠦᠨ ᠰᠥᠭᠡᠷᠭᠦ᠌ ᠳᠠᠷᠤᠯᠲᠠᠲᠤ ᠠᠪᠤᠷᠠᠨ ᠲᠤᠰᠠᠯᠠᠬᠤ ᠲᠡᠷᠭᠡ ᠬᠠᠨᠳᠢᠪᠯᠠᠬᠤ ᠠᠵᠢᠯᠯᠠᠭ᠎ᠠ ᠬᠥᠬᠡᠬᠣᠲᠠ᠎ᠳᠤ ᠶᠠᠪᠤᠭ᠍ᠳᠠᠵᠤ᠂ ᠲᠤᠬᠠᠢ᠎ᠶ᠋ᠢᠨ ᠲᠠᠯᠠᠪᠠᠢ᠎ᠳᠤ ᠬᠥᠯᠥᠨ ᠪᠤᠢ᠌ᠷ ᠬᠤᠳᠠ᠂ ᠤᠯᠠᠭᠠᠨᠴᠠᠪ ᠬᠤᠳᠠ᠂ ᠮᠠᠨᠵᠤᠤᠷ ᠬᠤᠳᠠ ᠵᠡᠷᠭᠡ ᠭᠠᠵᠠᠷ᠎ᠲᠤ 11 ᠰᠥᠭᠡᠷᠭᠦ᠌ ᠳᠠᠷᠤᠯᠲᠠᠲᠤ ᠠᠪᠤᠷᠠᠨ ᠲᠤᠰᠠᠯᠠᠬᠤ ᠲᠡᠷᠭᠡ ᠬᠠᠨᠳᠢᠪᠯᠠᠪᠠ᠃

ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ ᠬᠠᠨᠳᠢᠪᠯᠠᠬᠤ ᠠᠵᠢᠯᠯᠠᠭ᠎ᠠ᠎ᠳᠤ ᠣᠷᠣᠯᠴᠠᠭ᠍ᠰᠠᠨ ᠪᠥᠭᠡᠳ ᠪᠡᠯᠡᠭ᠌ᠯᠡᠨ ᠬᠦᠷᠭᠡᠭ᠌ᠰᠡᠨ ᠨᠢᠭᠡᠴᠢ᠎ᠳᠦ ᠰᠥᠭᠡᠷᠭᠦ᠌ ᠳᠠᠷᠤᠯᠲᠠᠲᠤ ᠠᠪᠤᠷᠠᠨ ᠲᠤᠰᠠᠯᠠᠬᠤ ᠲᠡᠷᠭᠡᠨ᠎ᠦ ᠲᠦᠯᠬᠢᠭᠦᠷ᠎ᠢ ᠭᠠᠷᠳᠠᠭᠤᠯᠪᠠ᠃

ᠲᠠᠨᠢᠯᠴᠠᠭᠤᠯᠤᠭ᠍ᠰᠠᠨ᠎ᠢᠶᠠᠷ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠤᠳᠠᠯ ᠦᠭᠡᠢ ᠡᠬᠢᠯᠡᠬᠦ᠌ ᠪᠡᠷ ᠪᠠᠢᠭ᠎ᠠ ᠲᠠᠰᠢᠷᠠᠮ ᠵᠢᠡᠷ᠂ ᠰᠡᠳᠭᠢᠯ᠎ᠢᠶᠡᠨ ᠨᠢᠭᠡᠳᠭᠡᠨ ᠬᠢᠵᠢᠭ᠎ᠢ ᠡᠰᠡᠷᠭᠦᠴᠡᠬᠦ᠌ ᠬᠦᠴᠦᠨ᠎ᠢ ᠴᠢᠨᠠᠬᠰᠢᠳᠠ ᠨᠢᠭ᠍ᠲᠠᠷᠠᠭᠤᠯᠬᠤ᠎ᠶ᠋ᠢᠨ ᠲᠥᠯᠥᠭᠡ᠂ ᠳᠤᠮᠳᠠᠳᠤ ᠤᠯᠤᠰ᠎ᠤᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠎ᠦᠨ ᠶᠡᠷᠦᠩᠬᠡᠶ ᠡᠪᠯᠡᠯ ᠵᠢᠴᠢ ᠥᠪᠥᠷ ᠮᠣᠩᠭᠣᠯ᠎ᠤᠨ ᠳ᠋ᠦᠩ ᠶᠤᠸᠠᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠡᠷᠭᠡ ᠬᠠᠢᠷ᠎ᠠ ᠬᠠᠯᠠᠮᠵᠢ᠎ᠶ᠋ᠢᠨ ᠠᠵᠤ ᠠᠬᠤᠢᠯᠠᠯ᠎ᠤᠨ ᠬᠦᠴᠦᠲᠡᠶ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ 382.8 ᠲᠦᠮᠡᠨ ᠲᠥᠭᠥᠷᠢᠭ᠎ᠦᠨ ᠪᠠᠯᠠ ᠮᠥᠩᠭᠥ᠌ ᠴᠤᠭ᠍ᠯᠠᠭᠤᠯᠵᠤ 11 ᠰᠥᠭᠡᠷᠭᠦ᠌ ᠳᠠᠷᠤᠯᠲᠠᠲᠤ ᠠᠪᠤᠷᠠᠨ ᠲᠤᠰᠠᠯᠠᠬᠤ ᠲᠡᠷᠭᠡ ᠵᠢᠴᠢ ᠬᠠᠮᠢᠶ᠎ᠠ ᠪᠥᠬᠥᠶ ᠢᠵᠢ ᠪᠥᠷᠢᠳᠦᠭᠦᠯᠬᠦ᠌ ᠡᠮᠴᠢᠯᠡᠭᠡᠨ᠎ᠦ ᠲᠥᠬᠥᠭᠡᠷᠦᠮᠵᠢ᠎ᠶ᠋ᠢ  ᠪᠠᠴᠢᠮ ᠬᠤᠳᠠᠯᠳᠤᠨ ᠠᠪᠴᠤ᠌᠂ ᠬᠥᠯᠥᠨ ᠪᠣᠢᠷ ᠬᠣᠲᠠ᠎ᠳᠤ  2᠂ ᠤᠯᠠᠭᠠᠨᠴᠠᠪ ᠬᠣᠲᠠ᠎ᠳᠤ 4᠂ ᠮᠠᠨᠵᠤᠸ᠋ᠷ ᠬᠣᠲᠠ᠎ᠳᠤ 3᠂ ᠭᠠᠬ᠍ᠴᠠᠮᠤᠳᠤ ᠪᠣᠭᠣᠮᠲᠠ ᠪᠠ ᠥᠪᠥᠷ ᠮᠣᠩᠭᠣᠯ᠎ᠤᠨ ᠠᠷᠠᠳ᠎ᠤᠨ ᠡᠮᠨᠡᠯᠭᠡ ᠶ᠋ᠢᠨ ᠬᠣᠷᠢᠶ᠎ᠠ᠎ᠳᠤ ᠲᠣᠰ ᠲᠣᠰ 1 ᠲᠡᠷᠭᠡ ᠬᠤᠪᠢᠶᠠᠨ ᠦᠭᠴᠡᠢ᠃

ᠲᠣᠰ ᠤᠳᠠᠭ᠎ᠠ ᠶ᠋ᠢᠨ ᠬᠤᠪᠢᠶᠠᠷᠢᠯᠠᠭ᠍ᠰᠠᠨ ᠲᠡᠷᠭᠡ᠎ᠶ᠋ᠢ ᠬᠢᠯᠢ᠎ᠶ᠋ᠢᠨ ᠪᠣᠭᠣᠮᠲᠠ᠎ᠶ᠋ᠢᠨ ᠬᠣᠲᠠ᠂ ᠪᠡᠭᠡᠵᠢᠩ᠎ᠢ ᠲᠣᠭᠣᠷᠢᠭ᠍ᠰᠠᠨ ᠭᠠᠵᠠᠷ ᠣᠷᠣᠨ᠎ᠤ ᠡᠮᠴᠢᠯᠡᠭᠡᠨ᠎ᠦ ᠪᠠᠢᠭᠤᠯᠤᠮᠵᠢ᠎ᠳᠤ ᠠᠱᠢᠭ᠍ᠯᠠᠯᠲᠠ᠎ᠳᠤ ᠣᠷᠣᠭᠤᠯᠵᠤ᠂ ᠲᠤᠬᠠᠶ᠎ᠶ᠋ᠢᠨ ᠭᠠᠵᠠᠷ᠎ᠤᠨ ᠪᠠᠴᠢᠮ ᠪᠠᠢᠳᠠᠯ᠎ᠢ ᠠᠷᠭᠠᠴᠠᠭᠠᠨ ᠳᠠᠮᠵᠢᠭᠤᠯᠤᠨ ᠲᠡᠭᠡᠭᠡᠪᠦᠷᠢᠯᠡᠬᠦ᠌ ᠴᠢᠳᠠᠪᠤᠷᠢ ᠶ᠋ᠢ ᠳᠡᠭᠡᠭ᠌ᠰᠢᠯᠡᠭᠦᠯᠬᠦ᠌᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠭᠢᠯᠡᠬᠦ᠌ ᠪᠠ ᠠᠮᠤᠭᠤᠯᠠᠩᠲᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号