ᠬᠥᠬᠡᠬᠣᠲᠠ ᠪᠤᠭᠤᠲᠤ ᠣᠷᠳᠣᠰ ᠤᠯᠠᠭᠠᠨᠴᠠᠪ᠄ ᠬᠦᠨᠳᠦ ᠡᠪᠡᠳᠴᠢᠨ᠎ᠦ ᠳᠠᠭᠠᠳᠭᠠᠯ᠎ᠤᠨ ᠳᠥᠯᠥᠬᠦ᠌ ᠬᠠᠮᠤᠭ᠎ᠤᠨ ᠥᠨᠳᠥᠷ ᠬᠢᠵᠠᠭᠠᠷ ᠲᠣᠭ᠎ᠠ᠎ᠶ᠋ᠢ ᠬᠦᠴᠦᠨ ᠥᠬᠡᠶ ᠪᠣᠯᠭᠠᠨ᠎ᠠ
2022-01-14 12:15:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠮᠠᠨ᠎ᠤ ᠣᠷᠣᠨ《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠬᠦᠨᠳᠦ ᠡᠪᠡᠳᠴᠢᠨ᠎ᠦ ᠳᠠᠭᠠᠳᠭᠠᠯ᠎ᠤᠨ ᠠᠵᠢᠯ᠎ᠢ ᠤᠯᠠᠮ ᠴᠠᠭᠠᠰᠢᠲᠠ ᠰᠠᠢᠲᠤᠷ ᠬᠢᠬᠦ᠌ ᠲᠤᠬᠠᠶ ᠮᠡᠳᠡᠭ᠌ᠳᠡᠯ 》 (ᠳᠣᠷᠣᠭ᠍ᠰᠢ《ᠮᠡᠳᠡᠭ᠌ᠳᠡᠯ》ᠭᠡᠵᠦ᠍ ᠲᠣᠪᠴᠢᠯᠠᠨ᠎ᠠ) ᠢ᠋  ᠪᠠᠭᠤᠯᠭᠠᠪᠠ᠃

ᠲᠤᠰ 《ᠮᠡᠳᠡᠭ᠌ᠳᠡᠯ》 ᠳ᠋ᠤ ᠪᠠᠯᠠ ᠴᠤᠭ᠍ᠯᠠᠭᠤᠯᠬᠤ ᠪᠠᠷᠢᠮᠵᠢᠶ᠎ᠠ ᠵᠢ ᠨᠢᠭᠡᠳᠦᠯᠲᠡᠶ ᠪᠤᠯᠭᠠᠪᠠ᠄ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠲᠦᠷᠦᠭᠦᠦ ᠭᠤᠷᠪᠠᠨ ᠵᠢᠯ᠎ᠦᠨ ᠬᠦᠨᠳᠦ ᠡᠪᠡᠳᠴᠢᠨ᠎ᠦ ᠳᠠᠭᠠᠳᠭᠠᠯ᠎ᠤᠨ ᠪᠠᠯᠠ ᠴᠤᠭ᠍ᠯᠠᠭᠤᠯᠤᠬᠰᠠᠨ ᠶᠡᠷᠦᠩᠬᠡᠶ ᠲᠣᠭ᠎ᠠ᠂ ᠰᠠᠭᠤᠷᠢ ᠮᠥᠩᠭᠥᠨ᠎ᠦ ᠵᠠᠷᠤᠯᠭ᠎ᠠ᠂ ᠰᠠᠭᠤᠷᠢ ᠮᠥᠩᠭᠥᠨ᠎ᠦ ᠦᠯᠡᠳᠡᠪᠦᠷᠢ ᠵᠡᠷᠭᠡ ᠪᠠᠢᠳᠠᠯ ᠎ᠢ ᠦᠨᠳᠦᠰᠦᠯᠡᠨ ᠪᠠᠯᠠ ᠴᠤᠭ᠍ᠯᠠᠭᠤᠯᠬᠤ ᠪᠠᠷᠢᠮᠵᠢᠶ᠎ᠠ᠎ᠶ᠋ᠢ ᠲᠣᠭ᠍ᠲᠠᠭᠠᠵᠤ᠂ 2022 ᠣᠨ᠎ᠤ ᠬᠦᠨᠳᠦ ᠡᠪᠡᠳᠴᠢᠨ᠎ᠦ ᠳᠠᠭᠠᠳᠭᠠᠯ᠎ᠤᠨ ᠪᠠᠯᠠ ᠴᠤᠭ᠍ᠯᠠᠭᠤᠯᠬᠤ ᠪᠠᠷᠢᠮᠵᠢᠶ᠎ᠠ᠎ᠶᠢ ᠬᠥᠮᠦᠨ ᠪᠦᠷᠢ ᠵᠢᠯ᠎ᠤᠨ 50 ᠲᠥᠭᠥᠷᠢᠭ᠎ᠶ᠋ᠢᠡᠷ ᠲᠤᠭᠲᠠᠭᠠᠪᠠ᠃

《ᠮᠡᠳᠡᠭ᠌ᠳᠡᠯ》ᠳ᠋ᠤ ᠪᠠᠰᠠ ᠲᠥᠷᠥ᠎ᠶ᠋ᠢᠨ ᠪᠣᠳᠣᠯᠭ᠎ᠠ᠎ᠶ᠋ᠢᠨ ᠪᠠᠷᠢᠮᠵᠢᠶ᠎ᠠ᠎ᠶ᠋ᠢ ᠨᠢᠭᠡᠳᠦᠯᠲᠡᠶ ᠲᠣᠭ᠍ᠲᠠᠭᠠᠪᠠ᠄ 2022 ᠣᠨ᠎ᠤ ᠬᠦᠨᠳᠦ ᠡᠪᠡᠳᠴᠢᠨ᠎ᠦ ᠳᠠᠭᠠᠳᠭᠠᠯ᠎ᠤᠨ ᠡᠬᠢᠯᠡᠵᠦ᠍ ᠳᠥᠯᠥᠬᠦ᠌ ᠪᠠᠷᠢᠮᠵᠢᠶ᠎ᠠ ᠪᠤᠯ ᠬᠤᠪᠢ ᠬᠥᠮᠦᠨ᠎ᠤ ᠵᠢᠯ᠎ᠤᠨ ᠡᠭᠦᠷᠭᠡᠯᠡᠬᠦ ᠲᠤᠭ᠎ᠠ ᠨᠡᠢᠲᠡ 1.4 ᠲᠦᠮᠡᠨ ᠲᠥᠭᠥᠷᠢᠭ ᠪᠤᠯᠤᠨ᠎ᠠ; ᠳᠠᠭᠠᠳᠭᠠᠯ᠎ᠳᠤ ᠣᠷᠣᠯᠴᠠᠭ᠍ᠰᠠᠳ᠎ᠤᠨ ᠡᠮᠨᠡᠯᠭᠡ᠎ᠳᠦ ᠰᠠᠭᠤᠭ᠍ᠰᠠᠨ ᠡᠮᠴᠢᠯᠡᠭᠡᠨ᠎ᠦ ᠵᠠᠷᠤᠳᠠᠯ(ᠲᠥᠷᠥ᠎ᠶ᠋ᠢᠨ ᠪᠣᠳᠣᠯᠭ᠎ᠠ᠎ᠳᠤ ᠨᠡᠢᠴᠡᠬᠦ᠌ ᠣᠨᠴᠠ ᠤᠳᠠᠭᠠᠨ ᠴᠢᠨᠠᠷᠲᠠᠶ ᠡᠪᠡᠳᠴᠢᠨ᠎ᠦ ᠡᠭᠦᠳᠡᠨ ᠡᠮᠨᠡᠯᠭᠡ᠎ᠶ᠋ᠢᠨ ᠵᠠᠷᠤᠳᠠᠯ ᠪᠠᠭ᠍ᠲᠠᠨ᠎ᠠ) ᠎ᠢ ᠦᠨᠳᠦᠰᠦᠨ ᠡᠮᠴᠢᠯᠡᠭᠡᠨ᠎ᠦ ᠳᠠᠭᠠᠳᠭᠠᠯ᠎ᠢᠶᠠᠷ ᠲᠠᠩᠰᠠ ᠲᠠᠢᠯᠤᠭ᠍ᠰᠠᠨ᠎ᠤ ᠳᠠᠷᠠᠭ᠎ᠠ᠂ ᠦᠯᠡᠳᠡᠵᠦ᠍ ᠪᠠᠢᠭ᠎ᠠ ᠡᠬᠢᠯᠡᠵᠦ᠍ ᠲᠦᠯᠦᠬᠦ ᠪᠠᠷᠢᠮᠵᠢᠶ᠎ᠠ ᠡᠴᠠ ᠬᠡᠲᠦᠷᠡᠭ᠌ᠰᠡᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠣᠲᠣᠷᠠᠬᠢ ᠵᠠᠷᠤᠳᠠᠯ᠎ᠢ ᠬᠦᠨᠳᠦ ᠡᠪᠡᠳᠴᠢᠨ᠎ᠦ ᠳᠠᠭᠠᠳᠭᠠᠯ ᠵᠢᠨᠷ 60% ᠶ᠋ᠢᠨ ᠬᠠᠷᠢᠴᠠᠯ᠎ᠢᠶᠠᠷ ᠲᠦᠯᠦᠵᠦ ᠥᠭ᠌ᠭᠦᠨ᠎ᠡ; ᠬᠦᠨᠳᠦ ᠡᠪᠡᠳᠴᠢᠨ᠎ᠦ ᠳᠠᠭᠠᠳᠭᠠᠯ᠎ᠤᠨ ᠳᠥᠯᠥᠬᠦ᠌ ᠬᠠᠮᠤᠭ᠎ᠤᠨ ᠥᠨᠳᠥᠷ ᠬᠢᠵᠠᠭᠠᠷ ᠲᠣᠭ᠎ᠠ᠎ᠶ᠋ᠢ ᠪᠥᠬᠥ᠌ ᠲᠠᠯ᠎ᠠ᠎ᠪᠠᠷ ᠬᠦᠴᠦᠨ ᠥᠬᠡᠶ ᠪᠣᠯᠭᠠᠨ᠎ᠠ; ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠭ᠌ᠰᠡᠳ ᠪᠠ ᠳᠠᠬᠢᠨ ᠶᠠᠳᠠᠭᠤᠷᠠᠭ᠍ᠰᠠᠨ ᠬᠥᠮᠦᠨ ᠠᠮᠠ᠎ᠶ᠋ᠢᠨ ᠡᠬᠢᠯᠡᠵᠦ᠍ ᠳᠥᠯᠥᠬᠦ᠌ ᠪᠠᠷᠢᠮᠵᠢᠶ᠎ᠠ᠎ᠶ᠋ᠢ 50% ᠪᠡᠷ ᠪᠠᠭᠤᠷᠠᠭᠤᠯᠵᠤ᠂ ᠳᠥᠯᠥᠬᠦ᠌ ᠬᠠᠷᠢᠴᠠᠯ᠎ᠢ ᠵᠠᠭᠤᠨ᠎ᠤ ᠬᠠᠷᠢᠴᠠᠯ ᠵᠢᠨᠷ 5 ᠬᠤᠪᠢ ᠳᠡᠭᠡᠭ᠌ᠰᠢᠯᠡᠭᠦᠯᠦᠨ᠎ᠡ᠃

ᠤᠢᠯᠠᠭᠠᠬᠰᠠᠨ ᠵᠢᠨᠷ᠂ ᠲᠣᠰ 《ᠮᠡᠳᠡᠭ᠌ᠳᠡᠯ 》 ᠢ᠋ 2022 ᠣᠨ᠎ᠤ 1 ᠰᠠᠷ᠎ᠠ᠎ᠶ᠋ᠢᠨ 1 ᠎ᠡᠴᠡ ᠡᠬᠢᠯᠡᠵᠦ᠍ ᠬᠡᠷᠡᠭ᠌ᠵᠢᠭᠦᠯᠪᠡ᠃


QQ图片20220118121619.png



ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号