ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠱᠢᠨ᠎ᠡ ᠠᠷᠭ᠎ᠠ ᠬᠡᠮᠵᠢᠶ᠎ᠡ ᠭᠠᠷᠭᠠᠪᠠ
2022-01-14 12:35:34
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠡᠴᠡ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢᠨ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ 8 ᠵᠦᠶ᠋ᠯ᠎ᠦᠨ ᠱᠢᠨ᠎ᠡ ᠠᠷᠭ᠎ᠠ ᠬᠡᠮᠵᠢᠶ᠎ᠡ᠎ᠶ᠋ᠢ ᠨᠡᠢᠲᠡᠯᠡᠪᠡ᠃

ᠡᠨᠡ ᠬᠦ᠌ 8 ᠵᠦᠢᠯ᠎ᠦᠨ ᠱᠢᠨ᠎ᠡ ᠠᠷᠭ᠎ᠠ ᠬᠡᠮᠵᠢᠶ᠎ᠡ᠎ᠶᠢ ᠲᠤᠭᠲᠠᠭᠠᠭᠰᠠᠨ ᠨᠢ ᠠᠷᠠᠳ ᠣᠯᠠᠨ᠎ᠤ《ᠪᠠᠴᠢᠮᠳᠠᠵᠦ  ᠭᠦᠴᠢᠷᠳᠡᠵᠦ ᠵᠤᠪᠠᠨᠢᠵᠦ ᠭᠦᠰᠡᠵᠦ》ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠶᠤᠮ᠂ ᠮᠥᠨ ᠴᠦ᠍ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠡᠩᠨᠡᠭᠡ᠎ᠶᠢᠨ ᠬᠥᠮᠦᠵᠢᠯ ᠴᠡᠭ᠌ᠴᠡᠯᠡᠯᠲᠡ᠎ᠶ᠋ᠢᠨ  《ᠶᠡᠬᠡ ᠬᠢᠴᠢᠶᠡᠯ ᠨᠥᠬᠥᠬᠦ᠌》 ᠡᠷᠴᠢᠮᠳᠠᠢ ᠠᠷᠭ᠎ᠠ ᠬᠡᠮᠵᠢᠶ᠎ᠡ ᠪᠠ ᠴᠢᠬᠤᠯᠠ ᠦᠷ᠎ᠡ ᠪᠦᠲᠦᠭᠡᠯ ᠪᠣᠯᠬᠤ ᠶᠤᠮ᠃


QQ图片20220118123634.png


ᠪᠣᠳᠠᠲᠠᠶ ᠠᠭᠤᠯᠭ᠎ᠠ᠎ᠳᠤ ᠭᠤᠤᠯᠲᠠᠭᠤ ᠄

2021 ᠣᠨ᠎ᠤ 11 ᠰᠠᠷ᠎ᠠ᠎ᠶ᠋ᠢᠨ 1ᠡᠴᠡ ᠡᠬᠢᠯᠡᠵᠦ᠍᠂ ᠪᠥᠬᠥ᠌ ᠣᠷᠣᠨ᠎ᠳᠤ《ᠵᠠᠮ ᠬᠠᠷᠢᠯᠴᠠᠭᠠᠨ᠎ᠤ ᠬᠠᠮᠢᠶᠠᠷᠤᠯᠲᠠ 12123》 APP ᠬᠣᠲᠠ᠎ᠶ᠋ᠢᠨ ᠪᠠᠷᠠᠭᠠᠨ᠎ᠤ ᠲᠡᠷᠭᠡ᠎ᠶ᠋ᠢᠨ ᠨᠡᠪᠲᠡᠷᠡᠬᠦ᠌ ᠺᠣᠳ᠋᠎ᠤᠨ ᠴᠢᠳᠠᠮᠵᠢ᠎ᠶ᠋ᠢ ᠵᠢᠩᠬᠢᠨᠢ᠎ᠪᠡᠷ ᠡᠬᠢᠯᠡᠨ ᠬᠡᠷᠡᠭ᠌ᠯᠡᠵᠦ᠍᠂ ᠬᠣᠲᠠ᠎ᠶ᠋ᠢᠨ ᠵᠠᠮ᠎ᠢᠶᠠᠷ ᠨᠡᠪᠲᠡᠷᠡᠬᠦ᠌ ᠪᠠᠷᠠᠭᠠᠨ᠎ᠤ ᠲᠡᠷᠭᠡ᠎ᠳᠤ ᠲᠥᠬᠥᠮ ᠦᠵᠡᠭᠦᠯᠦᠨ᠂ ᠨᠡᠪᠲᠡᠷᠡᠬᠦ᠌ ᠦᠨᠡᠮᠯᠡᠯ ᠣᠯᠭᠣᠬᠤ ᠠᠵᠢᠯ᠎ᠢ ᠨᠢ ᠨᠠᠩ ᠢᠯᠡ ᠲᠣᠳᠣ ᠨᠡᠩ ᠲᠥᠪ ᠭᠤᠤᠯᠴᠢ ᠪᠣᠯᠭᠠᠨ᠎ᠠ;

2021 ᠣᠨ᠎ᠤ 12 ᠰᠠᠷ᠎ᠠ᠎ᠶ᠋ᠢᠨ 2 ᠎ᠡᠴᠡ ᠡᠬᠢᠯᠡᠨ᠂ 《ᠵᠠᠮ ᠬᠠᠷᠢᠯᠴᠠᠭᠠᠨ᠎ᠤ ᠠᠳᠠᠯ᠎ᠤᠨ ᠡᠮᠴᠢᠯᠡᠭᠡᠨ᠎ᠦ ᠵᠠᠷᠤᠳᠠᠯ᠎ᠢ ᠲᠦᠷᠭᠡᠨ ᠳᠥᠯᠥᠬᠦ᠌᠎ᠶ᠋ᠢ ᠰᠦᠯᠵᠢᠶᠡᠨ ᠳᠡᠭᠡᠷ᠎ᠡ ᠬᠢᠨᠠᠨ ᠵᠥᠪᠱᠢᠶᠡᠷᠡᠵᠦ᠍ ᠪᠦᠷᠢᠳᠭᠡᠨ ᠳᠠᠩᠰᠠᠯᠠᠬᠤ ᠱᠢᠰᠲ᠋ᠧᠮ》 ᠳ᠋ᠤ ᠲᠦᠱᠢᠭ᠌ᠯᠡᠨ᠂  《ᠴᠠᠭ᠍ᠳᠠᠭ᠎ᠠ ᠳᠠᠭᠠᠳᠭᠠᠯ ᠬᠠᠮᠲᠤᠷᠠᠨ ᠬᠥᠳᠡᠯᠦᠯᠴᠡᠬᠦ᠌》 ᠶ᠋ᠢ ᠡᠷᠴᠢᠮᠵᠢᠬᠦᠯᠵᠦ᠂ ᠵᠠᠮ ᠬᠠᠷᠢᠯᠴᠠᠭᠠᠨ᠎ᠤ ᠠᠯᠪᠠᠳᠠᠯᠭ᠎ᠠ᠎ᠶ᠋ᠢᠨ ᠳᠠᠭᠠᠳᠭᠠᠯ᠎ᠤᠨ ᠣᠷᠣᠯᠠᠨ ᠳᠥᠯᠥᠬᠦ᠌ ᠴᠢᠳᠠᠮᠵᠢ᠎ᠶ᠋ᠢ ᠠᠰᠢᠬᠯᠠᠨ᠂ 《ᠵᠠᠮ ᠬᠠᠷᠢᠯᠴᠠᠭᠠᠨ᠎ᠤ ᠠᠯᠪᠠᠳᠠᠯᠭ᠎ᠠ᠎ᠶ᠋ᠢᠨ ᠳᠠᠭᠠᠳᠭᠠᠯ》 ᠪᠠ《ᠬᠤᠳᠠᠯᠳᠤᠭ᠎ᠠ ᠵᠢᠨ ᠭᠤᠷᠪᠠᠳᠤᠭᠠᠷ ᠡᠳᠡᠭᠡᠳ᠎ᠤᠨ ᠳᠠᠭᠠᠳᠭᠠᠯ》᠎ᠤ᠋ᠨ ᠣᠷᠣᠯᠠᠨ ᠳᠥᠯᠥᠬᠦ᠌ ᠮᠡᠳᠡᠭᠡ ᠵᠠᠩᠭᠢ᠎ᠶ᠋ᠢ ᠬᠠᠷᠢᠯᠴᠠᠨ ᠨᠡᠪᠲᠡᠷᠡᠯᠴᠡᠬᠦᠯᠵᠦ᠂ ᠲᠤᠬᠠᠢ ᠵᠢᠨ ᠬᠥᠮᠦᠨ ᠭᠤᠶᠤᠴᠢᠯᠠᠵᠤ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠴᠡ ᠰᠦᠯᠵᠢᠶᠡᠨ ᠳᠡᠭᠡᠷ᠎ᠡ ᠬᠢᠨᠠᠵᠦ ᠬᠠᠷᠭᠤᠭᠤᠯᠤᠨ᠂ ᠳᠠᠭᠠᠳᠭᠠᠯ᠎ᠤᠨ ᠺᠣᠮᠫᠠᠨᠢ ᠰᠦᠯᠵᠢᠶᠡᠨ ᠳᠡᠭᠡᠷ᠎ᠡ ᠭᠦᠢᠴᠡᠳᠭᠡᠭᠦ ᠶ᠋ᠢ ᠪᠡᠶᠡᠯᠡᠭᠦᠯᠵᠦ᠍᠂ ᠵᠠᠮ ᠬᠠᠷᠢᠯᠴᠠᠭᠠᠨ᠎ᠤ ᠠᠳᠠᠯ᠎ᠤᠨ ᠡᠮᠴᠢᠯᠡᠭᠡᠨ᠎ᠦ ᠵᠠᠷᠤᠳᠠᠯ᠎ᠢ ᠣᠷᠣᠯᠠᠨ ᠳᠥᠯᠥᠬᠦ᠌ ᠠᠵᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ;

ᠲᠦᠷᠭᠡᠨ᠎ᠤ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠴᠠᠭ᠍ᠳᠠᠭ᠎ᠠ᠎ᠶ᠋ᠢᠨ ᠡᠯ᠎ᠡ ᠰᠠᠯᠪᠤᠷᠢ ᠠᠩᠭᠢ᠎ᠳᠤ ᠴᠣᠩᠬᠣᠪᠴᠢ᠎ᠪᠠᠷ ᠰᠦᠶ᠋ᠳᠭᠡᠯ ᠲᠤᠱᠢᠶᠠᠬᠤ 《ᠭᠠᠢᠯᠢ᠎ᠶ᠋ᠢᠨ ᠪᠤᠰᠤ ᠡᠯᠧᠺᠲ᠋ᠷᠣᠨ ᠪᠠᠷᠢᠮᠲᠠ》ᠵᠢ ᠬᠡᠷᠡᠭ᠌ᠯᠡᠬᠦ᠌᠎ᠶ᠋ᠢᠨ ᠬᠠᠮᠲᠤ ᠪᠥᠬᠥ᠌ ᠣᠷᠣᠨ᠎ᠳᠤ ᠠᠯᠬᠤᠮ ᠠᠯᠬᠤᠮ᠎ᠢᠶᠠᠷ ᠳᠡᠯᠭᠡᠷᠡᠭᠦᠯᠵᠦ᠍᠂ ᠲᠦᠷᠭᠡᠨ᠎ᠤ ᠵᠠᠰᠠᠮᠠᠯ ᠵᠠᠮ᠎ᠤᠨ ᠵᠠᠮ  ᠬᠠᠷᠢᠯᠴᠠᠭᠠᠨ᠎ᠤ ᠴᠠᠭ᠍ᠳᠠᠭ᠎ᠠ᠎ᠶ᠋ᠢᠨ ᠰᠦᠶ᠋ᠳᠭᠡᠯ ᠬᠤᠷᠢᠶᠠᠬᠤ ᠱᠢᠰᠲ᠋ᠧᠮ᠎ᠢ ᠥᠭᠡᠷᠡᠴᠢᠯᠡᠬᠦ᠌᠎ᠪᠡᠷ ᠳᠠᠮᠵᠢᠭᠤᠯᠤᠨ᠂ ᠡᠳ᠋᠎ᠦᠨ ᠵᠠᠰᠠᠭ᠎ᠤᠨ ᠲᠢᠩᠬᠢᠮ᠎ᠦᠨ 《ᠨᠢᠭᠡᠳᠦᠯᠲᠡᠶ ᠲᠣᠭᠠᠴᠠᠭ᠎ᠠ ᠬᠢᠬᠦ᠌ ᠣᠯᠠᠨ ᠨᠡᠢᠲᠡ᠎ᠶ᠋ᠢᠨ ᠲᠠᠪᠴᠠᠩ》᠂ 《ᠡᠳ᠋᠎ᠦᠨ ᠵᠠᠰᠠᠭ᠎ᠤᠨ ᠡᠯᠧᠺᠲ᠋ᠷᠣᠨ ᠪᠠᠷᠢᠮᠲᠠ᠎ᠶ᠋ᠢᠨ ᠳᠤᠮᠳᠠᠬᠢ ᠲᠤᠬᠠᠢᠯᠠᠭ᠍ᠰᠠᠨ ᠠᠵᠢᠯ᠎ᠤᠨ ᠲᠠᠪᠴᠠᠩ》 ᠵᠡᠷᠭᠡ ᠱᠢᠰᠲ᠋ᠧᠮ᠎ᠯᠦᠭᠡ ᠵᠣᠯᠭᠠᠭᠤᠯᠵᠦ᠂ ᠵᠣᠭᠣᠰ ᠲᠤᠱᠢᠶᠠᠭ᠍ᠴᠢ ᠴᠣᠩᠬᠣᠪᠴᠢ᠎ᠪᠠᠷ ᠵᠣᠭᠣᠰ ᠲᠤᠱᠢᠶᠠᠭ᠍ᠰᠠᠨ᠎ᠤ ᠳᠠᠷᠠᠭ᠎ᠠ᠂ ᠵᠢᠷᠬᠢᠶ᠎ᠠ᠎ᠲᠡᠭᠡᠷ᠎ᠡ᠎ᠡᠴᠡ《ᠡᠯᠧᠺᠲ᠋ᠷᠣᠨ ᠪᠠᠷᠢᠮᠲᠠ᠎ᠶ᠋ᠢᠨ ᠬᠠᠪᠴᠢᠶᠠᠰᠤ》᠎ᠶ᠋ᠢᠨ ᠎ᠵᠢᠵᠢᠭ ᠫᠷᠤᠭ᠌ᠷᠠᠮ᠎ᠢ ᠬᠠᠢᠵᠤ ᠰᠦᠯᠵᠢᠶᠡᠨ ᠳᠡᠭᠡᠷ᠎ᠡ ᠡᠴᠡ ᠡᠯᠧᠺᠲ᠋ᠷᠣᠨ ᠪᠠᠷᠢᠮᠲᠠ ᠠᠪᠴᠤ᠌ ᠪᠣᠯᠤᠨ᠎ᠠ;

ᠮᠠᠲ᠋ᠸᠷᠢᠶᠠᠯ ᠲᠤᠳᠠᠭᠳᠠᠬᠤ ᠪᠠᠢᠲᠠᠯ᠎ᠳᠤ ᠮᠠᠱᠢᠨ ᠲᠡᠷᠭᠡ᠎ᠶᠢ ᠬᠡᠪ᠎ᠤᠨ ᠶᠤᠰᠤᠭᠠᠷ ᠪᠠᠢᠴᠠᠭᠠᠵᠦ ᠱᠢᠯᠭᠠᠨ᠂ ᠬᠠᠷᠢᠶ᠎ᠠ ᠣᠷᠣᠨ᠎ᠤ ᠳᠣᠲᠣᠷ᠎ᠠ ᠱᠢᠯᠵᠢᠭᠦᠯᠦᠨ ᠳᠠᠩᠰᠠᠯᠠᠭᠤᠯᠬᠤ ᠮᠠᠲ᠋ᠸᠷᠢᠶᠠᠯ ᠲᠤᠳᠠᠭᠳᠠᠬᠤ ᠪᠠᠢᠬᠤ ᠳ᠋ᠤ ᠴᠸ᠋ ᠮᠠᠰᠢᠨ ᠲᠡᠷᠭᠡ᠎ᠶᠢ ᠪᠠᠢᠴᠠᠭᠠᠵᠦ ᠰᠢᠯᠭᠠᠵᠦ ᠪᠤᠯᠤᠨ᠎ᠠ;

2021 ᠣᠨ᠎ᠤ 12 ᠰᠠᠷ᠎ᠠ᠎ᠶ᠋ᠢᠨ 10 ᠎ᠡᠴᠡ ᠡᠬᠢᠯᠡᠵᠦ᠍᠂ ᠡᠮᠦᠨᠡᠬᠢ ᠬᠤᠭᠤᠴᠠᠭᠠᠨ᠎ᠤ ᠲᠤᠷᠱᠢᠯᠲᠠ᠎ᠶ᠋ᠢᠨ ᠴᠡᠭ᠎ᠤᠨ ᠰᠠᠭᠤᠷᠢᠨ ᠳᠡᠭᠡᠷ᠎ᠡ᠂ ᠮᠠᠱᠢᠨ ᠲᠡᠷᠭᠡᠨ᠎ᠦ ᠡᠯᠧᠺᠲ᠋ᠷᠣᠨ ᠵᠢᠯᠣᠭᠣᠴᠢ᠎ᠶ᠋ᠢᠨ ᠦᠨᠡᠮᠯᠡᠯ᠎ᠢ ᠪᠥᠬᠥ᠌ ᠣᠷᠣᠨ᠎ᠳᠤ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠵᠢᠯᠣᠭᠣᠴᠢ ᠨᠠᠷ《ᠵᠠᠮ ᠬᠠᠷᠢᠯᠴᠠᠭᠠᠨ᠎ᠤ ᠬᠠᠮᠢᠶᠠᠷᠤᠯᠲᠠ 12123》APP ᠪᠠᠷ ᠳᠡᠮᠵᠢᠨ ᠡᠯᠧᠺᠲ᠋ᠷᠣᠨ ᠵᠢᠯᠣᠭᠣᠴᠢ᠎ᠶ᠋ᠢᠨ ᠦᠨᠡᠮᠯᠡᠯ᠎ᠢ ᠭᠤᠶᠤᠴᠢᠯᠠᠨ ᠠᠪᠴᠤ᠌ ᠪᠣᠯᠤᠨ᠎ᠠ;

ᠪᠥᠬᠥ᠌ ᠣᠷᠣᠨ᠎ᠳᠤ ᠵᠢᠵᠢᠭ ᠬᠡᠯᠪᠡᠷᠢ᠎ᠶ᠋ᠢᠨ ᠡᠵᠡᠩᠨᠡᠯᠲᠡ᠎ᠶ᠋ᠢᠨ ᠪᠤᠰᠤ ᠠᠶᠠᠨᠴᠢᠳ᠎ᠤᠨ ᠮᠠᠱᠢᠨ ᠲᠡᠷᠭᠡᠨ᠎ᠦ ᠭᠠᠷ ᠳᠠᠮᠵᠢᠭ᠍ᠰᠠᠨ ᠮᠠᠱᠢᠨ ᠲᠡᠷᠭᠡᠨ᠎ᠦ ᠠᠷᠠᠯᠵᠢᠶ᠎ᠠ᠎ᠶ᠋ᠢ ᠳᠡᠩᠰᠡᠯᠡᠨ ᠲᠡᠮᠳᠡᠭ᠌ᠯᠡᠬᠦ᠌᠎ᠶ᠋ᠢ《ᠮᠤᠵᠢ ᠠᠯᠤᠰᠯᠠᠨ ᠨᠡᠢᠳᠡᠮ ᠭᠦᠶ᠋ᠴᠡᠳᠭᠡᠵᠦ》᠂ ᠮᠠᠱᠢᠨ ᠲᠡᠷᠭᠡᠨ᠎ᠦ ᠠᠷᠠᠯᠵᠢᠶ᠎ᠠ᠎ᠶ᠋ᠢᠨ ᠳᠡᠩᠰᠡᠯᠡᠨ ᠲᠡᠮᠳᠡᠭ᠌ᠯᠡᠬᠦ᠌᠎ᠶ᠋ᠢ ᠨᠢᠭᠡ ᠭᠠᠵᠠᠷ᠎ᠲᠤ ᠭᠦᠶ᠋ᠴᠡᠳᠭᠡᠬᠦ᠌᠂ ᠲᠠᠩᠰᠠ ᠡᠪᠬᠡᠮᠡᠯ᠎ᠢ ᠡᠯᠸᠺᠲ᠋ᠷᠤᠨᠴᠢᠯᠡᠨ ᠰᠦᠯᠵᠢᠶᠡᠨ ᠳᠡᠭᠡᠷ᠎ᠡ ᠳᠠᠮᠵᠢᠭᠤᠯᠵᠦ᠂ ᠲᠡᠷᠭᠡ ᠬᠥᠰᠭᠡ᠎ᠶ᠋ᠢᠨ ᠱᠢᠯᠵᠢᠨ ᠤᠷᠤᠭ᠍ᠰᠠᠨ ᠭᠠᠵᠠᠷ᠎ᠲᠤ ᠱᠢᠭᠤᠳ ᠠᠷᠠᠯᠵᠢᠶᠠᠯᠠᠵᠤ ᠳᠡᠩᠰᠡᠯᠡᠨ ᠲᠡᠮᠳᠡᠭ᠌ᠯᠡᠬᠦ᠌᠎ᠳᠦ ᠲᠥᠬᠥᠮ ᠦᠵᠡᠭᠦᠯᠵᠦ᠍᠂ ᠨᠡᠭᠦᠨ ᠭᠠᠷᠤᠭ᠍ᠰᠠᠨ ᠭᠠᠵᠠᠷ ᠲᠦ᠍ ᠲᠡᠷᠭᠡ ᠱᠢᠯᠭᠠᠵᠦ᠂ ᠴᠠᠭᠠᠰᠤᠨ ᠲᠠᠩᠰᠠ ᠡᠪᠬᠡᠮᠡᠯ᠎ᠶ᠋ᠢᠡᠨ ᠭᠠᠷᠭᠠᠵᠤ ᠠᠪᠬᠤ ᠴᠢᠬᠤᠯᠠ ᠥᠬᠡᠶ ᠪᠣᠯᠭᠠᠨ᠎ᠠ᠃

2021ᠣᠨ᠎ᠤ 12 ᠰᠠᠷ᠎ᠠ᠎ᠳᠤ᠂ ᠪᠠᠶᠠᠨᠨᠠᠭᠤᠷ ᠬᠣᠲᠠ᠎ᠳᠤ ᠮᠠᠱᠢᠨ ᠲᠡᠷᠭᠡᠨ᠎ᠦ ᠵᠢᠯᠣᠭᠣᠴᠢ᠎ᠶ᠋ᠢᠨ ᠦᠨᠡᠮᠯᠡᠯ᠎ᠤᠨ ᠰᠢᠯᠭᠠᠯᠲᠠ᠎ᠶᠢ ᠺᠣᠮᠫᠢᠦ᠋ᠲ᠋ᠧᠷ ᠲᠡᠭᠡᠷ᠎ᠡ ᠱᠢᠯᠭᠠᠬᠤ ᠵᠢ ᠭᠡᠷᠡᠭᠵᠢᠭᠦᠯᠵᠤ᠂ ᠰᠢᠯᠭᠠᠯᠲᠠ᠎ᠶᠢᠨ ᠪᠥᠬᠥ᠌ ᠶᠠᠪᠤᠴᠠ᠎ᠶ᠋ᠢ ᠡᠯᠧᠺᠲ᠋ᠷᠣᠨ᠎ᠢᠶᠠᠷ ᠭᠦᠢᠴᠡᠳᠭᠡᠭᠦ ᠪᠠ ᠬᠠᠳᠠᠭᠠᠯᠠᠵᠤ᠂ ᠴᠠᠭᠠᠰᠤᠨ ᠲᠠᠩᠰᠠ ᠡᠪᠬᠡᠮᠡᠯ᠎ᠢ ᠠᠪᠴᠤ᠌ ᠶᠠᠪᠤᠬᠤ ᠴᠢᠬᠤᠯᠠ ᠥᠬᠡᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号