ᠬᠠᠮᠲᠤ᠎ᠪᠠᠷ ᠪᠠᠶᠠᠵᠢᠬᠤ ᠨᠢ ᠨᠡᠢᠭᠡᠮ᠎ᠢ ᠨᠠᠩ ᠡᠷᠭᠡ ᠲᠡᠭᠰᠢ ᠪᠣᠯᠭᠠᠨ᠎ᠠ
2022-01-14 10:09:58
ᠵᠣᠬᠢᠶᠠᠭ᠍ᠴᠢ᠄
ᠷᠧᠨ ᠯᠢ ᠮᠧᠶ
ᠣᠩᠱᠢᠭ᠍ᠰᠠᠨ ᠣᠳᠠᠭ᠎ᠠ᠄
★★★☆☆

ᠭᠣᠣᠯ  ᠰᠠᠨᠠᠭᠤᠯᠤᠮᠵᠢ᠄

ᠬᠠᠮᠲᠤ᠎ᠪᠠᠷ ᠪᠠᠶᠠᠵᠢᠬᠤ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠣᠨᠴᠠᠯᠢᠭ ᠮᠥᠨ᠂ ᠠᠵᠢᠯᠴᠢ ᠬᠥᠳᠡᠯᠮᠦᠷᠢᠴᠢ᠎ᠪᠡᠷ ᠱᠢᠨ᠎ᠡ᠎ᠶ᠋ᠢ ᠡᠭᠦᠳᠬᠦ᠌᠎ᠶ᠋ᠢᠨ ᠦᠨᠳᠦᠰᠦᠨ ᠠᠷᠭ᠎ᠠ ᠵᠠᠮ᠎ᠢ ᠡᠵᠡᠮᠳᠡᠵᠦ᠍᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠬᠡᠷᠡᠭ᠌ᠲᠡᠢ᠃

ᠬᠠᠮᠲᠤ᠎ᠪᠠᠷ ᠪᠠᠶᠠᠵᠢᠬᠣ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠣ ᠶᠠᠪᠤᠳᠠᠯ ᠮᠥᠨ᠂ ᠠᠷᠠᠳ ᠤᠯᠠᠨ᠎ᠤ ᠪᠣᠳᠠᠰ᠎ᠤᠨ ᠠᠮᠢᠳᠤᠷᠠᠯ ᠪᠠ ᠤᠶᠤᠨ᠎ᠤ ᠠᠮᠢᠳᠤᠷᠠᠯ ᠴᠥᠮ ᠪᠠᠶᠠᠨ ᠪᠤᠯᠬᠤ ᠶᠠᠪᠤᠳᠠᠯ ᠮᠥᠨ᠃

ᠣᠳᠣ᠎ᠶ᠋ᠢᠨ ᠨᠡᠢᠭᠡᠮ᠎ᠳᠦ᠂ ᠬᠥᠮᠦᠨ ᠪᠦᠬᠦᠨ ᠴᠥᠮ ᠬᠠᠮᠲᠤ᠎ᠪᠠᠷ ᠪᠠᠶᠠᠵᠢᠬᠤ ᠪᠡᠶᠡᠴᠢ ᠴᠣᠭ᠍ᠴᠠ ᠮᠥᠨ᠂ ᠠᠱᠢᠭ ᠬᠦᠷᠲᠡᠭ᠌ᠴᠢ ᠮᠥᠷᠲᠡᠭᠡᠨ ᠪᠠᠰᠠ ᠬᠤᠪᠢ ᠨᠡᠮᠡᠷᠢ ᠦᠵᠡᠭᠦᠯᠦᠭ᠌ᠴᠢ ᠮᠥᠨ᠂ ᠭᠠᠭ᠍ᠴᠠ ᠬᠦ᠌ ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠴᠢᠳᠠᠯ᠎ᠢᠶᠠᠷ᠎ᠢᠶᠠᠨ ᠴᠢᠷᠮᠠᠢᠪᠠᠯ ᠰᠠᠶᠢ ᠬᠥᠮᠦᠨ ᠪᠤᠯᠭᠠᠨ ᠡᠳ᠋ᠯᠡᠵᠦ ᠴᠢᠳᠠᠬᠣ ᠵᠢ ᠪᠡᠶᠡᠯᠡᠭᠦᠯᠵᠦ᠍ ᠴᠢᠳᠠᠨ᠎ᠠ᠃

ᠥᠷᠭᠡᠨ ᠤᠯᠠᠨ ᠠᠷᠠᠳ ᠲᠦᠮᠡᠨ᠎ᠦ ᠠᠵᠢᠯᠴᠢ ᠬᠥᠳᠡᠯᠮᠦᠷᠢᠴᠢ᠎ᠪᠡᠷ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠪᠠᠶᠠᠵᠢᠬᠤ᠎ᠶ᠋ᠢ ᠪᠠᠲᠤᠯᠠᠬᠤ ᠪᠣᠯ ᠨᠡᠢᠭᠡᠮ ᠵᠢᠷᠤᠮ᠎ᠤᠨ ᠲᠥᠪ ᠭᠣᠣᠯᠴᠢ ᠴᠢᠨᠠᠷ ᠪᠠ ᠲᠡᠷᠢᠭᠦᠨ᠎ᠦ ᠴᠢᠨᠠᠷ᠎ᠤᠨ ᠱᠢᠭᠤᠳ ᠢᠯᠡᠷᠡᠯ ᠮᠥᠨ᠃

ᠳᠤᠮᠳᠠᠳᠤ ᠤᠯᠤᠰ᠎ᠤᠨ ᠬᠠᠮᠲᠤ᠎ᠪᠡᠷ ᠪᠠᠶᠠᠵᠢᠬᠣ᠎ᠳᠦ ᠮᠢᠩᠭᠠᠨ ᠵᠢᠯ ᠤᠯᠠᠮᠵᠢᠯᠠᠭ᠍ᠳᠠᠭ᠍ᠰᠠᠨ ᠳᠤᠮᠳᠠᠳᠤ ᠤᠯᠤᠰ᠎ᠤᠨ ᠤᠶᠤᠨ ᠤᠬᠠᠭᠠᠨ ᠠᠭᠤᠯᠤᠭ᠍ᠳᠠᠵᠤ ᠪᠠᠢᠳᠠᠭ᠂ ᠲᠡᠷᠡ ᠨᠢ ᠳᠤᠮᠳᠠᠳᠤ ᠤᠯᠤᠰ᠎ᠤᠨ ᠠᠷᠠᠳ ᠲᠦᠮᠡᠨ᠎ᠳᠦ ᠠᠮᠠᠯᠠᠭ᠍ᠰᠠᠨ ᠠᠮᠠᠯᠠᠯᠲᠠ ᠪᠣᠯᠬᠤ᠎ᠪᠠᠷ ᠪᠠᠷᠠᠬᠤ ᠦᠭᠡᠢ᠂ ᠪᠠᠰᠠ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠴᠢᠭ᠌ᠯᠡᠯ᠎ᠢ ᠬᠦᠳᠦᠯᠦᠨ ᠳᠠᠭᠠᠭᠤᠯᠬᠤ ᠨᠢ ᠯᠠᠪᠲᠠᠢ ᠶᠤᠮ᠃


ᠳᠥᠴᠢ ᠭᠠᠷᠤᠢ ᠵᠢᠯ᠎ᠦᠨ ᠡᠮᠦᠨ᠎ᠠ ᠡᠴᠡ ᠡᠬᠢᠯᠡᠭᠰᠡᠨ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠬᠡᠬᠡᠯᠳᠡ ᠨᠢ ᠳᠤᠮᠳᠠᠳᠤ᠎ᠶ᠋ᠢᠨ ᠦᠨᠳᠦᠰᠦᠲᠡᠨ᠎ᠢ ᠡᠳᠦᠷ ᠢᠷᠡᠬᠦᠶ᠎ᠡ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠵᠠᠮ᠎ᠢᠶᠠᠷ ᠵᠠᠮᠨᠠᠭᠤᠯᠤᠭ᠍ᠰᠠᠨ᠎ᠤ ᠬᠠᠮᠲᠤ᠂ ᠳᠤᠮᠳᠠᠳᠤ ᠤᠯᠤᠰ ᠵᠠᠬ᠎ᠠ ᠳᠡᠯᠭᠡᠭᠦᠷ᠎ᠦᠨ ᠠᠵᠤ ᠠᠬᠤᠢ᠎ᠪᠠᠷ ᠴᠥᠭᠡᠨ ᠲᠣᠭᠠᠨ᠎ᠤ ᠬᠥᠮᠦᠰ᠎ᠢ ᠤᠷᠢᠳ ᠵᠢᠡᠷ ᠪᠠᠶᠠᠵᠢᠭᠤᠯᠵᠤ᠂ ᠤᠷᠢᠳ ᠵᠢᠡᠷ ᠪᠠᠶᠠᠵᠢᠭ᠍ᠰᠠᠨ ᠨᠢ ᠰᠡᠭᠦᠯᠡᠷ ᠪᠠᠶᠠᠵᠢᠬᠤ᠎ᠪᠠᠨ ᠳᠠᠢᠴᠢᠯᠠᠬᠤ ᠪᠠᠶᠠᠵᠢᠯ᠎ᠤᠨ ᠵᠠᠮ᠎ᠢᠶᠠᠷ ᠵᠠᠮᠨᠠᠵᠠᠢ᠃ ᠣᠳᠣᠬᠠᠨ᠎ᠳᠤ᠂ ᠤᠷᠢᠳ ᠵᠢᠡᠷ ᠪᠠᠶᠠᠵᠢᠬᠤ ᠬᠠᠷᠠᠯᠲᠠ᠎ᠶ᠋ᠢ ᠪᠢᠳᠡ ᠦᠨᠳᠦᠰᠦᠨ᠎ᠳᠡᠭᠡᠨ ᠪᠡᠶᠡᠯᠡᠭᠦᠯᠪᠡ᠃ ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ ᠠᠯᠢ ᠡᠷᠲᠡ 2010 ᠣᠨ᠎ᠳᠤ ᠳᠤᠮᠳᠠᠳᠤ ᠤᠯᠤᠰ ᠨᠢᠭᠡᠨᠲᠡ ᠪᠦᠬᠦ᠌ ᠪᠥᠮᠪᠥᠷᠴᠡᠭ᠎ᠦᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ ᠪᠠ ᠨᠢᠭᠡᠳᠦᠭᠡᠷ ᠲᠤᠮᠤ ᠬᠤᠪᠢ ᠨᠡᠮᠡᠷᠢ ᠦᠵᠡᠭᠦᠯᠦᠭ᠌ᠰᠡᠨ ᠤᠯᠤᠰ ᠪᠣᠯᠤᠭ᠍ᠰᠠᠨ ᠪᠠᠢᠨ᠎ᠠ; 2020 ᠣᠨ᠎ᠳᠤ᠂ ᠳᠤᠮᠳᠠᠳᠤ ᠤᠯᠤᠰ ᠨᠢᠭᠡᠨᠲᠡ ᠪᠦᠬᠦ᠌ ᠲᠠᠯ᠎ᠠ᠎ᠶ᠋ᠢᠨ ᠴᠢᠨᠡᠭᠡᠯᠢᠭ ᠨᠡᠢᠭᠡᠮ᠎ᠢ ᠪᠡᠶᠡᠯᠡᠭᠦᠯᠪᠡ᠃ ᠡᠨᠡ ᠬᠦ᠌ ᠶᠠᠪᠤᠴᠠ᠎ᠳᠤ ᠳᠤᠮᠳᠠᠳᠤ ᠤᠯᠤᠰ᠎ᠦᠨ ᠨᠢᠭᠡ ᠪᠦᠯᠦᠭ ᠬᠦᠮᠦᠰ ᠤᠷᠢᠳ᠎ᠢᠶᠠᠷ ᠪᠠᠶᠠᠵᠢᠪᠠ᠃ ᠡᠳᠡᠭᠡᠷ ᠤᠷᠢᠳ᠎ᠢᠶᠠᠷ ᠪᠠᠶᠠᠵᠢᠭ᠍ᠰᠠᠨ ᠨᠢᠭᠡ ᠪᠦᠯᠦᠭ ᠬᠦᠮᠦᠰ᠎ᠦᠨ ᠬᠡᠷᠡᠭᠯᠡᠭᠡ ᠨᠢ ᠳᠤᠮᠳᠠᠳᠤ ᠤᠯᠤᠰ᠎ᠤᠨ ᠠᠵᠠ ᠲᠣᠬᠢᠶᠠᠯ ᠪᠣᠯᠤᠨ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠠᠮᠢᠵᠢᠷᠠᠯ᠎ᠤᠨ ᠬᠦᠴᠦᠨ᠎ᠢ ᠦᠵᠡᠭᠦᠯᠦᠭ᠌ᠰᠡᠨ ᠪᠥᠭᠡᠳ ᠣᠳᠣᠬᠠᠨ᠎ᠳᠦ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠬᠥᠭ᠌ᠵᠢᠯᠲᠡ ᠨᠢᠭᠡᠨᠲᠡ《ᠤᠷᠢᠳ᠎ᠢᠶᠠᠷ ᠪᠠᠶᠠᠵᠢᠭ᠍ᠰᠠᠨ》 ᠎ᠡᠴᠠ 《ᠬᠠᠮᠲᠤ᠎ᠪᠠᠷ ᠪᠠᠶᠠᠵᠢᠬᠤ》 ᠱᠢᠯᠵᠢᠯᠲᠡ᠎ᠶ᠋ᠢᠨ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ ᠨᠠᠮ᠎ᠤᠨ ᠲᠥᠪ ᠬᠣᠷᠢᠢ᠎ᠠ ᠬᠥᠭ᠌ᠵᠢᠯᠲᠡ᠎ᠶ᠋ᠢᠨ ᠱᠠᠲᠤᠨ᠎ᠤ ᠡᠨᠡ ᠬᠦ᠌ ᠱᠢᠨ᠎ᠡ ᠬᠤᠪᠢᠷᠠᠯᠲᠠ᠎ᠶ᠋ᠢ ᠡᠵᠡᠮᠳᠡᠵᠦ᠍᠂ ᠪᠦᠬᠦ᠌ ᠠᠷᠠᠳ ᠲᠦᠮᠡᠨ᠎ᠦ ᠬᠠᠮᠲᠤ᠎ᠪᠡᠷ ᠪᠠᠶᠠᠵᠢᠬᠣ ᠵᠢ ᠠᠯᠬᠤᠮ ᠠᠯᠬᠤᠮ᠎ᠢᠶᠠᠷ ᠪᠡᠶᠡᠯᠡᠭᠦᠯᠬᠦ᠌᠎ᠶ᠋ᠢ ᠨᠡᠩ ᠴᠢᠬᠤᠯᠠ ᠪᠠᠢᠷᠢᠨ᠎ᠳᠤ ᠲᠠᠯᠪᠢᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠳᠠᠢᠯᠠᠯᠳᠤᠭᠠᠨ᠎ᠤ ᠪᠦᠬᠦ᠌ ᠲᠠᠯ᠎ᠠ᠎ᠶ᠋ᠢᠨ ᠢᠯᠠᠯᠲᠠ᠎ᠶ᠋ᠢ ᠣᠯᠤᠭ᠍ᠰᠠᠨ ᠪᠠᠢᠨ᠎ᠠ᠃ ᠬᠠᠮᠲᠤ᠎ᠪᠠᠷ ᠪᠠᠶᠠᠵᠢᠬᠣ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠣᠨᠴᠠᠯᠢᠭ ᠮᠥᠨ᠃ ᠪᠢᠳᠡ ᠬᠠᠮᠲᠤ᠎ᠪᠠᠷ ᠪᠠᠶᠠᠵᠢᠬᠣ 《ᠨᠡᠢᠭᠡᠮ᠎ᠢ ᠨᠡᠩ ᠲᠥᠪ ᠭᠣᠣᠯᠴᠢ ᠪᠣᠯᠭᠠᠬᠤ》ᠮᠥᠨ ᠴᠢᠨᠠᠷ᠎ᠤᠨ ᠬᠠᠷᠠᠯᠲᠠ᠎ᠶ᠋ᠢ ᠭᠦᠢᠴᠡᠳ ᠲᠠᠨᠢᠵᠦ᠂ ᠦᠵᠡᠯ ᠰᠠᠨᠠᠭ᠎ᠠ ᠲᠠᠨᠢᠯᠲᠠ᠎ᠶ᠋ᠢᠨ ᠲᠠᠯ᠎ᠠ᠎ᠪᠠᠷ ᠬᠢ ᠬᠠᠷᠰᠢ ᠰᠠᠭᠠᠳ᠎ᠢ ᠠᠷᠢᠯᠭᠠᠵᠤ᠂ ᠠᠵᠢᠯᠴᠢ ᠬᠥᠳᠡᠯᠮᠦᠷᠢᠴᠢ᠎ᠪᠡᠷ ᠱᠢᠨ᠎ᠡ᠎ᠶ᠋ᠢ ᠡᠭᠦᠳᠬᠦ᠌ ᠦᠨᠳᠦᠰᠦᠨ ᠠᠷᠭ᠎ᠠ ᠵᠠᠮ᠎ᠢ ᠡᠵᠡᠮᠳᠡᠵᠦ᠍᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠬᠡᠷᠡᠭ᠌ᠲᠡᠢ᠃

 

ᠬᠠᠮᠲᠤ᠎ᠪᠠᠷ ᠪᠠᠶᠠᠵᠢᠬᠣ ᠶ᠋ᠢᠨ ᠵᠠᠩᠭᠢᠯᠠᠭ᠎ᠠ ᠨᠢ ᠨᠡᠢᠭᠡᠮ ᠎ᠢ ᠨᠡᠩ ᠡᠷᠭᠡ ᠲᠡᠭᠰᠢ ᠪᠣᠯᠭᠠᠬᠤ  ᠶᠠᠪᠤᠳᠠᠯ  ᠪᠣᠯᠤᠨ᠎ᠠ

 

ᠦᠨᠳᠦᠰᠦᠲᠡᠨ᠎ᠦ ᠰᠡᠷᠭᠦᠨ ᠮᠠᠨᠳᠤᠯᠲᠠ ᠪᠣᠯᠤᠨ ᠤᠯᠤᠰ᠎ᠵᠢᠡᠨ ᠪᠠᠶᠠᠵᠢᠭᠣᠯᠣᠨ ᠬᠦᠴᠦᠷᠭᠡᠭᠵᠢᠬᠦ ᠵᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠢᠮᠠᠭ᠍ᠲᠠ᠎ᠶ᠋ᠢᠨ ᠠᠤᠭ᠎ᠠ ᠬᠠᠷᠠᠯᠲᠠ ᠮᠥᠨ᠃ ᠪᠢᠳᠡ ᠳᠤᠮᠳᠠᠳᠤ ᠤᠯᠤᠰ᠎ᠤᠨ ᠬᠤᠪᠢᠰᠭᠠᠯ᠎ᠵᠢᠡᠷ 《 ᠪᠣᠰᠴᠤ᠌ ᠵᠣᠭ᠍ᠰᠣᠵᠦ》᠂ ᠥᠭᠡᠷᠡᠴᠢᠯᠡᠯᠲᠡ ᠨᠡᠭᠡᠭᠡᠯᠳᠡ ᠪᠠᠷ 《ᠪᠠᠶᠠᠵᠢᠭ᠍ᠰᠠᠨ》᠎ᠵᠢᠡᠷ ᠳᠠᠮᠵᠢᠭᠠᠳ᠂ ᠣᠳᠣ ᠨᠢᠬᠡᠨᠳᠡ ᠬᠠᠮᠲᠤ᠎ᠪᠠᠷ ᠪᠠᠶᠠᠵᠢᠨ 《ᠬᠦᠴᠦᠷᠭᠡᠭᠵᠢᠬᠦ》 ᠎ᠵᠢ ᠯᠠᠪᠳᠠᠭᠣᠨ ᠪᠠᠳᠣᠳᠠᠢ ᠠᠬᠢᠭᠣᠯᠬᠣ  ᠰᠢᠨ᠎ᠡ ᠲᠡᠣᠬᠡᠨ ᠱᠠᠳᠣ ᠦᠶ᠎ᠡ ᠎ᠳᠦ ᠣᠷᠣᠬᠰᠠᠨ ᠪᠠᠢᠨ᠎ᠠ᠃  ᠮᠠᠷᠺᠰ ᠡᠩᠭᠧᠯᠰ᠎ᠦᠨ《 ᠡᠪ ᠬᠠᠮᠲᠤ ᠨᠠᠮ᠎ᠤᠨ ᠲᠤᠩᠬᠠᠭ》᠎ᠲᠸ᠋ ᠬᠡᠯᠡᠭ᠌ᠰᠡᠨᠴᠢᠯᠡᠨ᠂ 《ᠬᠤᠪᠢ ᠬᠥᠮᠦᠨ᠎ᠦ ᠴᠢᠯᠥᠭᠡᠯᠡᠯᠲᠡ ᠪᠣᠯ ᠪᠦᠬᠦ᠌ ᠬᠥᠮᠦᠨ ᠲᠥᠷᠥᠯᠬᠢᠲᠡᠨ᠎ᠦ ᠴᠢᠯᠥᠭᠡᠯᠡᠯᠲᠡ᠎ᠶ᠋ᠢᠨ ᠤᠷᠢᠲᠠᠯ ᠮᠥᠨ 》᠂ ᠴᠥᠭᠡᠨ ᠲᠣᠭᠠᠨ᠎ᠤ ᠬᠥᠮᠦᠰ᠎ᠦᠨ ᠪᠠᠶᠠᠵᠢᠬᠤ ᠪᠣᠯ ᠪᠠᠰᠠ ᠴᠤ᠌ ᠬᠠᠮᠲᠤ᠎ᠪᠠᠷ ᠪᠠᠶᠠᠵᠢᠬᠤ᠎ᠶ᠋ᠢᠨ ᠤᠷᠢᠲᠠᠯ ᠮᠥᠨ᠂ ᠬᠠᠮᠲᠤ᠎ᠪᠠᠷ ᠪᠠᠶᠠᠵᠢᠬᠤ ᠪᠣᠯ ᠰᠠᠶᠢ ᠵᠣᠷᠢᠯᠭ᠎ᠠ ᠮᠥᠨ᠃ ᠭᠠᠭ᠍ᠴᠠ ᠬᠦ᠌ ᠪᠦᠬᠦ᠌ ᠠᠷᠠᠳ ᠲᠦᠮᠡᠨ ᠴᠥᠮ ᠪᠠᠶᠠᠵᠢᠵᠦ᠂ ᠠᠮᠤᠷ ᠲᠠᠢᠪᠤᠭᠤ ᠠᠮᠢᠳᠤᠷᠠᠯ᠎ᠢ ᠡᠳ᠋ᠯᠡᠪᠡᠯ ᠰᠠᠶᠢ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠵᠦ᠍᠂ ᠨᠡᠢᠭᠡᠮ ᠵᠢᠷᠤᠮᠲᠤ ᠪᠠᠢᠭᠤᠯᠤᠯ᠎ᠤᠨ ᠳᠠᠪᠠᠭᠤᠯᠢᠭ ᠴᠢᠨᠠᠷ᠎ᠢ ᠦᠨᠡᠨ ᠬᠦ᠌ ᠢᠯᠡᠷᠡᠭᠦᠯᠵᠦ᠍ ᠴᠢᠳᠠᠨ᠎ᠠ᠃ ᠪᠢᠳᠡ ᠬᠡᠷᠪᠡ ᠣᠳᠣᠬᠠᠨ᠎ᠤ ᠴᠥᠭᠡᠨ ᠲᠣᠭᠠᠨ᠎ᠤ ᠬᠥᠮᠦᠰ᠎ᠦᠨ ᠪᠠᠶᠠᠵᠢᠬᠰᠠᠨ ᠱᠠᠲᠤᠨ᠎ᠳᠤ ᠵᠣᠭ᠍ᠰᠣᠩᠭᠤᠢᠷᠠᠵᠤ᠂ ᠶᠠᠳᠠᠭᠤ ᠪᠠᠶᠠᠨ᠎ᠤ ᠵᠥᠷᠢᠢ᠎ᠡ᠎ᠶ᠋ᠢ ᠬᠢᠵᠠᠭᠠᠷ ᠦᠭᠡᠢ ᠶᠡᠬᠡᠰᠭᠡᠬᠦ᠌᠎ᠳᠦ ᠬᠦᠷᠪᠡᠯ ᠮᠠᠨ᠎ᠤ ᠦᠨᠳᠦᠰᠦᠨ ᠤᠯᠤᠰ ᠲᠦᠷᠦ᠍ ᠠᠵᠤ ᠠᠬᠤᠢ᠎ᠶ᠋ᠢᠨ ᠪᠠᠢᠭᠤᠯᠤᠯ᠎ᠢᠶᠠᠨ ᠲᠠᠶᠠᠭ᠍ᠳᠠᠵᠤ᠂ ᠥᠭᠡᠷᠡᠴᠢᠯᠡᠯᠲᠡ ᠨᠡᠭᠡᠭᠡᠯᠲᠡ᠎ᠶ᠋ᠢᠨ ᠡᠬᠢᠨ᠎ᠦ ᠦᠶ᠎ᠡ᠎ᠳᠦ ᠣᠯᠤᠭ᠍ᠰᠠᠨ ᠪᠤᠢ ᠪᠦᠬᠦᠢ ᠦᠷ᠎ᠡ ᠪᠦᠲᠦᠭᠡᠯ᠎ᠢᠶᠡᠨ ᠲᠠᠶᠠᠭ᠍ᠳᠠᠭ᠍ᠰᠠᠨ ᠶᠠᠪᠤᠳᠠᠯ ᠪᠣᠯᠤᠨ᠎ᠠ᠃

ᠣᠳᠣᠬᠠᠨ᠎ᠳᠤ᠂ ᠥᠷᠥᠨᠡᠳᠠᠬᠢᠨ᠎ᠤ ᠵᠠᠷᠢᠮ ᠤᠯᠤᠰ ᠲᠦᠷᠦ᠍᠎ᠶ᠋ᠢᠨ ᠵᠠᠪᠱᠢᠭ᠍ᠴᠢ ᠪᠠ ᠡᠷᠳᠡᠮᠲᠡᠨ ᠮᠠᠨ᠎ᠤ ᠬᠠᠮᠲᠤ᠎ᠪᠠᠷ ᠪᠠᠶᠠᠵᠢᠬᠤ ᠲᠦᠷᠦ᠍᠎ᠶ᠋ᠢᠨ ᠪᠤᠳᠤᠯᠭ᠎ᠠ ᠵᠢ《ᠠᠵᠤ ᠠᠬᠤᠢ᠎ᠶ᠋ᠢᠨ ᠲᠠᠯ᠎ᠠ᠎ᠪᠠᠷ ᠡᠪᠳᠡᠯᠡᠭᠡ᠎ᠶ᠋ᠢᠨ ᠴᠢᠨᠠᠷᠲᠠᠢ》 ᠭᠡᠵᠦ ᠲᠠᠭᠠᠷᠢᠵᠦ ᠪᠠᠢᠨ᠎ᠠ᠂ ᠲᠡᠳᠡᠨ᠎ᠦ 《ᠳᠤᠮᠳᠠᠳᠤ ᠤᠯᠤᠰ ᠶᠠᠮᠠᠷᠪᠠ ᠠᠵᠢᠯᠯᠠᠭ᠎ᠠ ᠠᠪᠴᠤ᠌ ᠨᠡᠢᠭᠡᠮ᠎ᠦᠨ ᠡᠷᠬᠡ ᠲᠡᠭ᠌ᠰᠢ ᠪᠤᠰᠤ ᠪᠠᠢᠳᠠᠯ᠎ᠢ ᠠᠷᠢᠯᠭᠠᠬᠣ ᠦᠬᠡᠢ ᠪᠣᠯ ᠲᠠᠭᠠᠷᠠᠨ᠎ᠠ》 ᠭᠡᠬᠦ᠌ ᠦᠵᠡᠯᠲᠡ ᠨᠢ ᠶᠠᠭ 《ᠢᠯᠵᠠᠷᠠᠯ ᠨᠢ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠣᠨ᠎ᠠ》 ᠎ᠭᠡᠬᠦ ᠲᠠᠶ ᠠᠳᠠᠯᠢ᠎ᠪᠠᠷ ᠵᠥᠪᠬᠡᠨ ᠵᠠᠷᠢᠮ ᠦᠩᠭᠡᠨ ᠲᠠᠯ᠎ᠠ ᠵᠢᠨ ᠦᠵᠡᠭᠳᠡᠯ᠎ᠦᠨ ᠲᠦᠬᠦᠮᠬᠡᠨ ᠬᠤᠪᠢᠯᠪᠤᠷᠢ ᠲᠡᠳᠦᠢ ᠶᠣᠮ᠃ ᠬᠡᠷᠡᠭ ᠳᠡᠭᠡᠷ᠎ᠡ᠎ᠪᠡᠨ ᠮᠠᠷᠺᠰ᠎ᠤᠨ ᠦᠵᠡᠯ᠎ᠦᠨ ᠠᠵᠤ ᠠᠬᠤᠢ᠎ᠶ᠋ᠢᠨ ᠤᠬᠠᠭᠠᠨ ᠭᠡᠰᠡᠨ ᠦᠬᠡᠢ᠂  ᠥᠷᠥᠨᠡᠳᠠᠬᠢᠨ᠎ᠤ ᠠᠵᠤ ᠠᠬᠤᠢ᠎ᠶ᠋ᠢᠨ ᠤᠨᠤᠯ ᠵᠢᠡᠷ ᠠᠪᠴᠤ ᠦᠵᠡᠬᠰᠡᠨ ᠴᠦ᠍ ᠨᠡᠩ ᠤᠯᠠᠨ ᠬᠥᠮᠦᠰ᠎ᠦᠨ ᠪᠠᠶᠠᠵᠢᠬᠣ ᠨᠢ ᠨᠡᠢᠭᠡᠮ᠎ᠦᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠠᠷᠠᠯᠲᠠ ᠪᠣᠯᠬᠤ ᠶᠣᠰᠣᠲᠠᠢ᠃ ᠠᠮᠧᠷᠢᠺᠠ᠎ᠶ᠋ᠢᠨ ᠠᠵᠤ ᠠᠬᠤᠢ ᠳᠡᠭᠡᠷ᠎ᠡ ᠵᠠᠭᠤᠨ᠎ᠤ ᠭᠤᠴᠢᠭᠠᠳ ᠣᠨ᠎ᠳᠤ ᠴᠢᠨᠠᠷ᠎ᠤᠨ ᠬᠤᠪᠢᠷᠠᠯᠲᠠ ᠭᠠᠷᠤᠭ᠍ᠰᠠᠨ ᠶᠡᠬᠡ ᠬᠥᠭ᠌ᠵᠢᠯᠲᠡ ᠨᠢ ᠷᠦᠰᠸᠸᠯᠲ᠎ᠤᠨ《ᠱᠢᠨ᠎ᠡ ᠵᠠᠰᠠᠭ》 ᠎ᠡᠴᠠ ᠰᠠᠯᠵᠤ ᠴᠢᠳᠠᠬᠤ ᠦᠭᠡᠢ᠂ ᠬᠠᠷᠢᠨ ᠷᠦᠰᠸᠸᠯᠲ᠎ᠤᠨ ᠱᠢᠨ᠎ᠡ ᠵᠠᠰᠠᠭ᠎ᠤᠨ ᠬᠠᠮᠤᠭ᠎ᠤᠨ ᠴᠢᠬᠤᠯᠠ ᠣᠨᠴᠠᠯᠢᠭ ᠪᠣᠯ ᠭᠠᠬᠴᠠᠭᠠᠷ ᠡᠵᠡᠮᠰᠢᠯ᠎ᠢ ᠬᠣᠷᠢᠭ᠍ᠯᠠᠵᠤ᠂ ᠨᠡᠢᠭᠡᠮ᠎ᠦᠨ ᠬᠥᠭ᠌ᠵᠢᠯᠲᠡ᠎ᠶ᠋ᠢᠨ ᠲᠣᠬᠢᠶᠠᠯ᠎ᠢ ᠥᠷᠭᠡᠳᠭᠡᠨ᠂ ᠳᠤᠮᠳᠠ ᠬᠥᠷᠥᠩᠭᠡᠲᠡᠨ ᠠᠩᠭᠢ᠎ᠶ᠋ᠢᠨ ᠲᠣᠭ᠎ᠠ᠎ᠶ᠋ᠢ ᠨᠡᠮᠡᠭ᠌ᠳᠡᠭᠦᠯᠬᠦ᠌ ᠶᠠᠪᠤᠳᠠᠯ ᠪᠣᠯᠤᠨ᠎ᠠ᠃ ᠭᠡᠲᠡᠯ᠎ᠡ ᠣᠳᠣᠬᠠᠨ᠎ᠤ ᠥᠷᠥᠨᠡᠳᠠᠬᠢᠨ᠎ᠤ ᠬᠥᠭ᠌ᠵᠢᠭ᠌ᠰᠡᠨ ᠤᠯᠤᠰ᠎ᠤᠳ᠎ᠤᠨ ᠨᠡᠢᠭᠡᠮ᠎ᠦᠨ ᠬᠥᠭ᠌ᠵᠢᠯᠲᠡ ᠨᠢ ᠨᠢᠭᠡᠨᠲᠡ ᠡᠨᠡ ᠬᠦ᠌ ᠴᠢᠭ᠌ᠯᠡᠯ᠎ᠡᠴᠡ ᠲᠡᠷᠰᠯᠡᠵᠦ᠍᠂ ᠨᠡᠢᠭᠡᠮ᠎ᠦᠨ ᠬᠣᠶᠠᠷ ᠲᠤᠢᠯᠰᠢᠷᠠᠬᠣ᠎ᠶ᠋ᠢ ᠳᠤᠷ᠎ᠠ᠎ᠪᠠᠷ ᠨᠢ ᠲᠠᠯᠪᠢᠭ᠍ᠰᠠᠨ᠎ᠤ ᠦᠷ᠎ᠡ ᠳ᠋ᠦᠩ ᠨᠢ ᠥᠷᠭᠡᠳᠴᠦ᠍᠂ ᠡᠭᠦᠨ᠎ᠡᠴᠡ ᠪᠣᠯᠤᠭ᠍ᠰᠠᠨ ᠰᠥᠷᠭᠡᠦ ᠳᠡᠯᠡᠬᠡᠢᠵᠢᠯᠲᠡ ᠪᠠ ᠴᠤᠯ ᠠᠷᠠᠳ᠎ᠤᠨ ᠦᠵᠡᠯ᠎ᠦᠨ《ᠤᠯᠤᠰ᠎ᠤᠨ ᠪᠣᠯᠭᠠᠬᠤ》 ᠬᠠᠨᠳᠤᠰᠢ ᠨᠢ ᠤᠯᠠᠮ᠎ᠠᠴᠠ ᠤᠯᠠᠮ ᠱᠢᠷᠦᠭᠦᠰᠴᠦ᠍ ᠪᠠᠢᠨ᠎ᠠ᠃

ᠲᠡᠭᠡᠪᠡᠯ ᠶᠠᠭᠤ᠎ᠶ᠋ᠢ ᠬᠠᠮᠲᠤ᠎ᠪᠠᠷ ᠪᠠᠶᠠᠵᠢᠬᠤ ᠭᠡᠬᠦ᠌ ᠪᠤᠢ? ᠶᠡᠷᠦᠩᠬᠡᠢ ᠱᠦᠵᠢ ᠰᠢ ᠵᠢᠨ ᠫᠢᠩ᠄ 《ᠬᠠᠮᠲᠤ᠎ᠪᠠᠷ ᠪᠠᠶᠠᠵᠢᠬᠣ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠣ ᠶᠠᠪᠤᠳᠠᠯ ᠮᠥᠨ᠂ ᠠᠷᠠᠳ ᠤᠯᠠᠨ᠎ᠤ ᠪᠣᠳᠠᠰ᠎ᠤᠨ ᠠᠮᠢᠳᠤᠷᠠᠯ ᠪᠠ ᠤᠶᠤᠨ᠎ᠤ ᠠᠮᠢᠳᠤᠷᠠᠯ ᠴᠥᠮ ᠪᠠᠶᠠᠨ ᠪᠤᠯᠬᠤ ᠶᠠᠪᠤᠳᠠᠯ ᠮᠥᠨ》ᠭᠡᠵᠦ ᠵᠢᠭᠠᠵᠦ ᠭᠠᠷᠭᠠᠪᠠ᠃ ᠬᠠᠮᠲᠤ᠎ᠪᠠᠷ ᠪᠠᠶᠠᠵᠢᠬᠤ᠎ᠨᠢ ᠡᠩ ᠲᠡᠷᠢᠭᠦᠨ᠎ᠳᠦ ᠪᠥᠬᠥ᠌ ᠬᠥᠮᠦᠰ᠎ᠲᠦ ᠬᠠᠨᠳᠤᠬᠤ ᠬᠡᠷᠡᠭ᠌ᠲᠡᠶ᠂ ᠡᠨᠡ ᠪᠣᠯ ᠥᠴᠦᠬᠡᠨ ᠴᠦ᠍ ᠮᠠᠳᠠᠭ ᠥᠬᠡᠶ ᠶᠠᠪᠤᠳᠠᠯ ᠮᠥᠨ᠃ ᠭᠡᠪᠡᠴᠦ᠍ ᠬᠠᠮᠲᠤ᠎ᠪᠠᠷ ᠪᠠᠶᠠᠵᠢᠬᠤ ᠭᠡᠳᠡᠭ ᠨᠢ ᠴᠥᠭᠡᠨ ᠲᠣᠭᠠᠨ᠎ᠤ ᠱᠢᠭᠦᠮᠵᠢᠯᠡᠭ᠌ᠴᠢ᠎ᠶ᠋ᠢᠨ ᠲᠠᠭᠠᠷᠢᠵᠦ᠍ ᠪᠠᠢᠭ᠎ᠠ ᠰᠢᠬ《ᠪᠠᠶᠠᠴᠤᠳ᠎ᠤᠨ ᠡᠳ᠋ ᠪᠠᠶᠠᠯᠢᠭ᠎ᠢ ᠡᠩ᠎ᠦᠨ ᠠᠷᠠᠳ ᠤᠯᠠᠨ᠎ᠳᠤ ᠬᠤᠪᠢᠶᠠᠨ ᠥᠭ᠌ᠴᠦ ᠲᠡᠭ᠌ᠰᠢ ᠪᠤᠰᠤ ᠪᠠᠢᠳᠠᠯ᠎ᠢ ᠪᠠᠭᠠᠰᠭᠠᠬᠤ᠎ᠪᠠᠷ ᠵᠣᠷᠢᠯᠭ᠎ᠠ ᠪᠣᠯᠭᠠᠭ᠍ᠰᠠᠨ》 ᠶᠠᠪᠤᠳᠠᠯ ᠤᠬ᠍ᠳᠤ ᠪᠢᠰᠢ᠂ ᠵᠢᠩᠬᠢᠨᠢ ᠬᠠᠮᠲᠤ᠎ᠪᠠᠷ ᠪᠠᠶᠠᠵᠢᠬᠤ ᠭᠡᠳᠡᠭ ᠨᠢ ᠲᠡᠭ᠌ᠰᠢ᠎ᠪᠡᠷ ᠪᠠᠶᠠᠵᠢᠬᠤ᠎ᠶ᠋ᠢ ᠬᠡᠯᠡᠵᠦ᠍ ᠪᠠᠢᠭ᠎ᠠ ᠪᠢᠰᠢ᠂ ᠵᠡᠷᠭᠡ ᠪᠡᠷ ᠪᠠᠶᠠᠵᠢᠬᠤ᠂ ᠢᠵᠢᠯ ᠠᠯᠬᠣᠮ ᠵᠢᠡᠷ ᠪᠠᠶᠠᠵᠢᠬᠤ᠎ᠶ᠋ᠢ ᠬᠡᠯᠡᠵᠦ᠍ ᠪᠠᠢᠭ᠎ᠠ ᠪᠢᠰᠢ᠂ ᠶᠠᠳᠠᠭᠤ ᠪᠠᠶᠠᠨ᠎ᠤ ᠵᠦᠷᠢᠶ᠎ᠡ᠎ᠶ᠋ᠢ ᠬᠠᠯᠬᠠᠯᠠᠬᠰᠠᠨ《ᠲᠡᠭ᠌ᠰᠢᠳᠭᠡᠨ ᠪᠣᠳᠣᠬᠰᠠᠨ ᠪᠠᠶᠠᠵᠢᠯ》 ᠪᠢᠰᠢ᠂ ᠨᠡᠩ ᠴᠤ᠌ ᠲᠡᠭ᠌ᠰᠢᠳᠭᠡᠬᠦ᠌ ᠦᠵᠡᠯ᠎ᠢ ᠬᠡᠯᠡᠵᠦ᠍ ᠪᠠᠢᠭ᠎ᠠ ᠪᠢᠰᠢ ᠶᠤᠮ᠃ ᠬᠠᠮᠲᠤ᠎ᠪᠠᠷ ᠪᠠᠶᠠᠵᠢᠬᠣ᠎ᠳᠦ ᠲᠡᠭ᠌ᠰᠢᠳᠭᠡᠬᠦ᠌ ᠦᠵᠡᠯ᠎ᠦᠨ ᠬᠠᠭᠤᠴᠢᠨ ᠵᠠᠮ᠎ᠢᠶᠠᠷ ᠵᠠᠮᠨᠠᠵᠤ ᠪᠣᠯᠬᠤ ᠦᠭᠡᠢ᠂ ᠲᠡᠷᠡ ᠨᠢ ᠶᠡᠷᠦᠩᠬᠡᠢ ᠬᠡᠮᠵᠢᠶ᠎ᠡ ᠪᠡᠷ ᠵᠢᠡᠨ ᠪᠠᠶᠠᠵᠢᠬᠰᠠᠨ ᠰᠠᠭᠤᠷᠢᠨ ᠳᠡᠭᠡᠷ᠎ᠡ ᠬᠥᠳᠡᠯᠮᠦᠷᠢᠴᠢᠨ᠎ᠦ ᠴᠢᠳᠠᠪᠤᠷᠢ ᠪᠠ ᠬᠤᠪᠢ ᠨᠡᠮᠡᠷᠢ᠎ᠶ᠋ᠢᠨ ᠵᠦᠷᠢᠶ᠎ᠡ ᠵᠢ ᠢᠯᠡᠷᠡᠭᠦᠯᠦᠭ᠌ᠰᠡᠨ ᠵᠥᠷᠢᠢ᠎ᠡ᠎ᠲᠡᠶ ᠪᠠᠶᠠᠵᠢᠯ ᠪᠠᠢᠬᠣ ᠶᠣᠰᠣᠳᠠᠢ᠃ ᠦᠨᠡᠨ᠎ᠳᠡᠭᠡᠨ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭ᠌ᠵᠢᠯᠲᠡ᠎ᠶ᠋ᠢᠨ ᠠᠬᠢᠴᠠ ᠳᠤᠮᠳᠠ ᠵᠦᠢ ᠵᠣᠬᠢᠰᠲᠠᠢ ᠣᠷᠣᠯᠭ᠎ᠠ᠎ᠶ᠋ᠢᠨ ᠵᠥᠷᠢᠢ᠎ᠡ ᠤᠷᠤᠰᠢᠬᠤ ᠨᠢ ᠮᠡᠳᠡᠯᠭᠡ᠎ᠶ᠋ᠢᠨ ᠱᠢᠨ᠎ᠡ᠎ᠶ᠋ᠢ ᠡᠭᠦᠳᠬᠦ᠌ ᠪᠠ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠵᠤ᠂ ᠠᠵᠤ ᠠᠬᠤᠢ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠳᠦ ᠰᠡᠳᠡᠯᠲᠡ ᠥᠭ᠌ᠬᠦ᠎ᠳᠦ ᠠᠱᠢᠭ᠍ᠲᠠᠢ ᠶᠤᠮ᠃ ᠵᠥᠷᠢᠢ᠎ᠡ ᠲᠠᠢ ᠬᠠᠮᠲᠤ᠎ᠪᠠᠷ ᠪᠠᠶᠠᠵᠢᠬᠤ ᠨᠢ ᠰᠠᠶᠢ 《ᠬᠥᠳᠡᠯᠮᠦᠷᠢᠯᠡᠭ᠌ᠰᠡᠨ᠎ᠦ ᠬᠢᠨᠢ ᠬᠢᠷᠢ᠎ᠪᠡᠷ ᠬᠤᠪᠢᠶᠠᠷᠢᠯᠠᠬᠤ》ᠵᠠᠷᠴᠢᠮ᠎ᠢ ᠦᠨᠡᠨ ᠬᠦ᠌ ᠢᠯᠡᠷᠡᠭᠦᠯᠵᠦ᠍᠂ 《ᠬᠦᠴᠦᠷᠬᠡᠭ᠌ᠵᠢᠭ᠌ᠰᠡᠨ ᠱᠢᠨ᠎ᠡ ᠴᠠᠭ ᠦᠶ᠎ᠡ》 ᠎ᠶ᠋ᠢᠨ ᠦᠨᠡᠨ ᠪᠣᠳᠠᠳᠠᠢ ᠱᠠᠭᠠᠷᠳᠠᠯᠭ᠎ᠠ ᠪᠣᠯᠤᠨ᠎ᠠ᠃

ᠬᠠᠮᠲᠤ᠎ᠪᠠᠷ ᠪᠠᠶᠠᠵᠢᠬᠣ ᠬᠠᠷᠠᠯᠲᠠ᠎ᠶ᠋ᠢᠨ ᠳᠣᠣᠷ᠎ᠠ ᠨᠢᠭᠡ ᠲᠠᠯ᠎ᠠ᠎ᠪᠠᠷ᠂ ᠪᠢᠳᠡ ᠬᠦᠴᠦᠲᠡᠢ ᠠᠷᠭ᠎ᠠ ᠬᠡᠮᠵᠢᠢ᠎ᠡ ᠠᠪᠴᠤ᠌ ᠪᠠᠢᠭᠠᠳ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠬᠡᠷᠡᠭ᠌ᠲᠡᠢ᠂ ᠡᠭᠦᠨ᠎ᠳᠦ ᠨᠡᠢᠭᠡᠮ᠎ᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠦᠷᠭᠦᠯᠵᠢᠯᠡᠨ ᠨᠡᠮᠡᠭ᠌ᠳᠡᠭᠦᠯᠬᠦ᠌ ᠶᠠᠪᠤᠳᠠᠯ ᠪᠠᠭ᠍ᠲᠠᠵᠤ᠂ ᠲᠠᠰᠤᠷᠠᠯᠳᠠ ᠦᠭᠡᠢ ᠨᠡᠮᠡᠭ᠌ᠳᠡᠵᠦ᠍ ᠪᠠᠢᠭ᠎ᠠ ᠨᠡᠢᠭᠡᠮ᠎ᠦᠨ ᠡᠳ᠋ ᠪᠠᠶᠠᠯᠢᠭ᠎ᠢ ᠠᠷᠠᠳ ᠲᠦᠮᠡᠨ᠎ᠡᠴᠡ ᠠᠪᠴᠤ᠌᠂ ᠠᠷᠠᠳ ᠲᠦᠮᠡᠨ᠎ᠳᠦ ᠬᠡᠷᠡᠭ᠌ᠯᠡᠬᠦ᠌ ᠶᠠᠪᠤᠳᠠᠯ ᠪᠠᠭ᠍ᠲᠠᠨ᠎ᠠ; ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠣᠷᠣᠭᠤᠯᠤᠯᠲᠠ᠎ᠶ᠋ᠢ ᠨᠡᠮᠡᠭ᠌ᠳᠡᠭᠦᠯᠬᠦ᠌᠂ ᠬᠥᠳᠡᠯᠮᠦᠷᠢ ᠬᠦᠴᠦᠨ᠎ᠢ ᠴᠢᠯᠥᠭᠡᠯᠡᠬᠦ᠌᠂ ᠠᠷᠠᠳ ᠲᠦᠮᠡᠨ᠎ᠦ ᠪᠣᠳᠠᠰ᠎ᠤᠨ ᠠᠮᠢᠳᠤᠷᠠᠯ᠎ᠤᠨ ᠲᠦᠪᠱᠢᠨ ᠪᠠ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ ᠶᠠᠪᠤᠳᠠᠯ ᠪᠠᠭᠳᠠᠨ᠎ᠠ᠃ ᠭᠡᠪᠡᠴᠦ᠍ ᠬᠠᠮᠲᠤ᠎ᠪᠠᠷ ᠪᠠᠶᠠᠵᠢᠬᠤ ᠨᠢ ᠪᠠᠰᠠ ᠧᠦ᠋ᠷᠣᠫᠠ ᠮᠠᠶᠢᠭ᠎ᠤᠨ ᠨᠡᠢᠭᠡᠮ᠎ᠦᠨ ᠠᠰᠠᠷᠠᠮᠵᠢ᠎ᠶ᠋ᠢᠨ ᠬᠡᠪ ᠵᠠᠭ᠍ᠪᠤᠷ᠎ᠲᠠᠶ ᠠᠳᠠᠯᠢ ᠦᠭᠡᠢ ᠶᠤᠮ᠂ 2008 ᠣᠨ᠎ᠠᠴᠠ ᠡᠬᠢᠯᠡᠭ᠌ᠰᠡᠨ ᠪᠦᠬᠦ᠌ ᠪᠥᠮᠪᠥᠷᠴᠡᠭ᠎ᠦᠨ ᠮᠥᠩᠭᠥᠨ ᠭᠦᠢᠯᠭᠡᠭᠡᠨ᠎ᠦ ᠬᠢᠮᠤᠷᠠᠯ ᠨᠢ ᠨᠢᠭᠡᠨᠲᠡ ᠧᠦ᠋ᠷᠣᠫᠠ᠎ᠶ᠋ᠢᠨ ᠥᠨᠳᠥᠷ ᠠᠰᠠᠷᠠᠮᠵᠢ᠎ᠶ᠋ᠢᠨ ᠨᠡᠢᠭᠡᠮ᠎ᠦᠨ ᠦᠷᠭᠦᠯᠵᠢᠯᠡᠬᠦ᠌ ᠪᠤᠰᠤ ᠴᠢᠨᠠᠷ᠎ᠢ ᠢᠯᠡᠷᠡᠭᠦᠯᠦᠭ᠌ᠰᠡᠨ ᠪᠠᠢᠨ᠎ᠠ᠃ ᠶᠠᠭ ᠡᠢᠮᠦ᠍ ᠤᠴᠢᠷ᠎ᠠᠴᠠ ᠶᠡᠷᠦᠩᠬᠡᠶ ᠱᠦᠵᠢ ᠰᠢ ᠵᠢᠨ ᠫᠢᠩ ᠄ 《 ᠢᠷᠡᠭᠡᠳᠦᠶ᠎ᠳᠦ ᠬᠥᠭ᠌ᠵᠢᠯᠲᠡ᠎ᠶ᠋ᠢᠨ ᠬᠡᠮᠵᠢᠶ᠎ᠡ ᠨᠡᠩ ᠥᠨᠳᠥᠷ ᠪᠣᠯᠵᠤ᠂ ᠡᠳ᠋᠎ᠦᠨ ᠬᠦᠴᠦᠨ ᠨᠡᠩ ᠡᠯᠪᠡᠭ ᠪᠣᠯᠤᠭ᠍ᠰᠠᠨ ᠴᠤ᠌ ᠬᠡᠳᠦ ᠥᠨᠳᠥᠷ ᠬᠠᠷᠠᠯᠲᠠ᠂ ᠬᠡᠳᠦ ᠶᠡᠬᠡ ᠪᠠᠲᠤᠯᠠᠭ᠎ᠠ ᠭᠠᠷᠭᠠᠵᠤ ᠪᠣᠯᠬᠤ ᠦᠭᠡᠶ᠂  ᠵᠠᠯᠬᠠᠭᠤ ᠬᠥᠮᠦᠨ᠎ᠢ ᠲᠡᠵᠢᠭᠡᠬᠦ᠌ 〈ᠠᠰᠠᠷᠠᠮᠵᠢ᠎ᠶ᠋ᠢᠨ ᠦᠵᠡᠯ〉 ᠎ᠤ᠋ᠨ ᠤᠨᠠᠭᠤᠯᠢ᠎ᠳᠤ ᠤᠨᠠᠬᠤ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠶ》 ᠭᠡᠵᠦ ᠵᠢᠭᠠᠵᠦ ᠭᠠᠷᠭᠠᠪᠠ᠃ ᠣᠳᠣᠬᠠᠨ᠎ᠤ ᠨᠡᠢᠭᠡᠮ᠎ᠳᠦ᠂ ᠬᠥᠮᠦᠨ ᠨᠢᠭᠡᠪᠦᠷᠢ ᠴᠥᠮ ᠬᠠᠮᠲᠤ᠎ᠪᠠᠷ ᠪᠠᠶᠠᠵᠢᠬᠤ ᠪᠡᠶᠡᠴᠢ ᠴᠣᠭ᠍ᠴᠠ ᠮᠥᠨ᠂ ᠠᠱᠢᠭ ᠬᠦᠷᠲᠡᠭ᠌ᠴᠢ ᠮᠥᠷᠲᠡᠭᠡᠨ ᠪᠠᠰᠠ ᠬᠤᠪᠢ ᠨᠡᠮᠡᠷᠢ ᠦᠵᠡᠭᠦᠯᠦᠭ᠌ᠴᠢ ᠮᠥᠨ᠂ ᠭᠠᠭ᠍ᠴᠠ ᠬᠦ᠌ ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠴᠢᠳᠠᠯ᠎ᠢᠶᠠᠷ᠎ᠢᠶᠠᠨ ᠴᠢᠷᠮᠠᠢᠪᠠᠯ ᠰᠠᠶᠢ ᠬᠥᠮᠦᠨ ᠪᠤᠯᠭᠠᠨ ᠡᠳ᠋ᠯᠡᠵᠦ ᠴᠢᠳᠠᠬᠣ ᠶᠠᠪᠤᠳᠠᠯ᠎ᠢ ᠪᠡᠶᠡᠯᠡᠭᠦᠯᠵᠦ᠍ ᠴᠢᠳᠠᠨ᠎ᠠ᠃ ᠨᠦᠬᠦᠭᠡ ᠲᠠᠯ᠎ᠠ᠎ᠪᠠᠷ᠂ ᠳᠤᠮᠳᠠᠳᠤ ᠤᠯᠤᠰ᠎ᠤᠨ ᠨᠡᠢᠭᠡᠮ᠎ᠢ ᠨᠡᠩ ᠲᠥᠪ ᠭᠣᠣᠯᠴᠢ ᠪᠣᠯᠭᠠᠬᠤ ᠪᠣᠯ ᠬᠠᠮᠲᠤ᠎ᠪᠠᠷ ᠪᠠᠶᠠᠵᠢᠬᠣ᠎ᠶ᠋ᠢᠨ ᠵᠠᠩᠭᠢᠯᠠᠭ᠎ᠠ ᠪᠣᠯᠤᠨ᠎ᠠ᠃ ᠪᠠᠶᠠᠨ ᠨᠡᠢᠭᠡᠮ ᠨᠢ ᠣᠷᠢᠳ ᠵᠢᠡᠷ ᠬᠦᠷᠦᠩᠬᠡ ᠣᠯᠣᠬᠰᠠᠨ ᠴᠦᠬᠡᠨ ᠲᠣᠭᠠᠨ ᠎ᠦ ᠬᠦᠮᠦᠰ᠎ᠦᠨ ᠪᠠᠶᠠᠵᠢᠯ ᠪᠠᠢᠵᠦ ᠪᠣᠯᠬᠣ ᠦᠬᠡᠢ᠃ ᠡᠭᠦᠨ᠎ᠦ ᠤᠯᠠᠮ᠎ᠠᠴᠠ ᠤᠷᠢᠳ ᠵᠢᠡᠷ ᠪᠠᠶᠠᠵᠢᠭ᠍ᠰᠠᠨ ᠬᠥᠷᠦᠨᠭ᠌ᠭᠡ᠎ᠶ᠋ᠢᠨ ᠳᠠᠪᠠᠭᠤᠯᠢᠭ᠎ᠢ ᠠᠱᠢᠭ᠍ᠯᠠᠨ ᠬᠣᠵᠢᠮ᠎ᠤᠨ ᠬᠥᠮᠦᠰ᠎ᠦᠨ ᠪᠠᠶᠠᠵᠢᠯ᠎ᠢ ᠬᠣᠷᠢᠭ᠍ᠯᠠᠵᠤ ᠪᠣᠯᠬᠤ ᠦᠭᠡᠢ᠃ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢᠨ ᠦᠨᠳᠦᠰᠦ ᠨᠢ ᠬᠠᠱᠢᠯᠠ ᠎ᠴᠢᠷᠮᠠᠢᠯᠭ᠎ᠠ᠎ᠵᠢ ᠵᠣᠷᠢᠭ᠍ᠵᠢᠭᠤᠯᠵᠤ᠂ ᠬᠥᠳᠡᠯᠮᠦᠷᠢ᠎ᠶ᠋ᠢ ᠬᠦᠨᠳᠦᠳᠭᠡᠵᠦ᠍᠂ ᠪᠠᠢᠭᠤᠯᠤᠯ᠎ᠤᠨ ᠲᠠᠯ᠎ᠠ᠎ᠪᠠᠷ ᠪᠣᠳᠠᠲᠤ ᠬᠡᠷᠡᠭ ᠳᠡᠭᠡᠷᠡᠬᠢ ᠡᠷᠬᠡ ᠲᠡᠭ᠌ᠰᠢ ᠪᠤᠰᠤ ᠪᠠᠢᠳᠠᠯ᠎ᠢ ᠤᠰᠠᠳᠭᠠᠵᠤ᠂ ᠡᠳᠦᠷ ᠢᠷᠡᠬᠦᠶ᠎ᠡ ᠶᠡᠬᠡᠰᠴᠦ᠍ ᠪᠠᠢᠭ᠎ᠠ ᠶᠠᠳᠠᠭᠤ ᠪᠠᠶᠠᠨ᠎ᠤ ᠵᠥᠷᠢᠢ᠎ᠡ᠎ᠶ᠋ᠢ ᠪᠠᠭᠠᠰᠭᠠᠬᠤ᠎ᠳᠤ ᠪᠠᠢᠨ᠎ᠠ; ᠥᠭᠡᠷ᠎ᠡ᠎ᠪᠡᠷ ᠬᠡᠯᠡᠪᠡᠯ᠂ ᠡᠳ᠋ ᠪᠠᠶᠠᠯᠢᠭ᠎ᠤᠨ ᠵᠠᠳᠠᠷᠠᠯ᠎ᠠᠴᠠ ᠪᠣᠯᠤᠭ᠍ᠰᠠᠨ ᠨᠡᠢᠭᠡᠮ᠎ᠦᠨ ᠭᠣᠣᠯᠴᠢ ᠪᠤᠰᠤ ᠪᠠᠢᠳᠠᠯ᠎ᠢ ᠪᠠᠭᠤᠷᠠᠭᠤᠯᠵᠤ᠂ ᠠᠷᠠᠳ ᠲᠦᠮᠡᠨ᠎ᠦ ᠰᠤᠷᠭᠠᠨ ᠬᠥᠮᠦᠵᠢᠯ ᠬᠦᠷᠲᠡᠬᠦ᠌ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠂ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠨᠡᠮᠡᠭ᠌ᠳᠡᠭᠦᠯᠬᠦ᠌᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠪᠠ ᠠᠳᠠᠯ ᠦᠢᠯᠡᠰ ᠴᠣᠭ᠍ᠴᠠᠯᠠᠬᠤ᠎ᠳᠤ ᠨᠡᠩ ᠢᠯᠡᠭᠦᠤ ᠲᠦᠭᠡᠮᠡᠯ ᠬᠠᠷᠠᠭᠠᠯᠵᠠᠯ᠎ᠲᠠᠶ ᠡᠷᠬᠡ ᠲᠡᠭ᠌ᠰᠢ ᠠᠵᠠ ᠲᠣᠬᠢᠶᠠᠯ ᠣᠯᠭᠣᠵᠤ᠂ ᠨᠡᠩ ᠣᠯᠠᠨ ᠬᠥᠮᠦᠨ᠎ᠳᠦ ᠦᠰᠦᠨ ᠪᠣᠢᠵᠢᠬᠤ ᠪᠠ ᠬᠥᠭ᠌ᠵᠢᠬᠦ᠌ ᠣᠷᠣᠨ ᠵᠠᠶ ᠣᠯᠭᠣᠵᠤ᠂ ᠠᠵᠤ ᠠᠬᠤᠶ᠎ᠶ᠋ᠢᠨ ᠴᠣᠭ᠍ᠴᠠ᠎ᠶ᠋ᠢᠨ ᠦᠷᠭᠦᠯᠵᠢᠯᠡᠨ ᠡᠷᠡᠭᠦᠯ ᠪᠥᠭᠡᠳ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠪᠠᠲᠤᠯᠠᠨ᠎ᠠ᠃

 

ᠬᠠᠮᠲᠤ᠎ᠪᠠᠷ ᠪᠠᠶᠠᠵᠢᠬᠤ ᠵᠠᠮ ᠪᠣᠯ ᠠᠵᠢᠯᠴᠢ ᠬᠥᠳᠡᠯᠮᠦᠷᠢᠴᠢ ᠪᠡᠷ ᠱᠢᠨ᠎ᠡ ᠶ᠋ᠢ ᠡᠭᠦᠳᠦᠨ ᠪᠠᠶᠠᠵᠢᠬᠣ ᠶᠠᠪᠣᠳᠠᠯ ᠪᠣᠯᠤᠨ᠎ᠠ

 

ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠬᠰᠠᠨ᠎ᠦ ᠳᠠᠷᠠᠭ᠎ᠠ ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ᠎ᠦᠨ ᠬᠤᠪᠢᠷᠠᠯᠲᠠ᠎ᠳᠤ ᠵᠣᠬᠢᠴᠠᠭᠤᠯᠤᠨ ᠠᠷᠠᠳ ᠣᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠵᠤ᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠨᠢ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢᠨ ᠱᠢᠨ᠎ᠡ ᠴᠠᠭ ᠦᠶ᠎ᠡ᠎ᠶ᠋ᠢᠨ ᠱᠠᠭᠠᠷᠳᠠᠯᠭ᠎ᠠ ᠪᠣᠯᠤᠨ᠎ᠠ᠃ ᠵᠡᠬᠦᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠠᠮᠵᠢᠯᠴᠠᠭ᠎ᠠ᠂ ᠠᠵᠢᠯ ᠲᠥᠷᠥᠯ᠎ᠢᠶᠡᠷ ᠨᠢ ᠳᠡᠮᠵᠢᠬᠦ᠌᠂ ᠨᠡᠢᠭᠡᠮ᠎ᠦᠨ ᠬᠠᠪᠰᠤᠷᠤᠨ ᠲᠡᠳᠬᠦᠬᠦ᠌ ᠲᠦᠷᠢᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠬᠦ᠌ ᠵᠡᠷᠭᠡ᠎ᠶ᠋ᠢ ᠪᠠᠭ᠍ᠲᠠᠭᠠᠭ᠍ᠰᠠᠨ ᠬᠠᠮᠲᠤ᠎ᠪᠠᠷ ᠪᠠᠶᠠᠵᠢᠬᠤ᠎ᠳᠤ ᠮᠠᠰᠢ ᠣᠯᠠᠨ ᠡᠭᠦᠷᠭᠡ ᠪᠠᠢᠳᠠᠭ ᠪᠣᠯᠪᠠᠴᠤ᠌ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢᠨ ᠦᠨᠳᠦᠰᠦᠨ ᠠᠷᠭ᠎ᠠ ᠵᠠᠮ ᠪᠣᠯ ᠮᠥᠨ ᠯᠡ 《ᠠᠵᠢᠯᠴᠢ ᠬᠥᠳᠡᠯᠮᠦᠷᠢᠴᠢ᠎ᠪᠡᠷ ᠱᠢᠨ᠎ᠡ᠎ᠶ᠋ᠢ ᠡᠭᠦᠳᠦᠨ ᠪᠠᠶᠠᠵᠢᠬᠤ》 ᠶᠠᠪᠤᠳᠠᠯ ᠪᠣᠯᠤᠨ᠎ᠠ᠂ ᠠᠵᠢᠯᠴᠢ ᠬᠥᠳᠡᠯᠮᠦᠷᠢᠴᠢ᠎ᠪᠡᠷ ᠪᠠᠶᠠᠵᠢᠬᠤ ᠨᠢ ᠨᠡᠢᠭᠡᠮ᠎ᠦᠨ ᠡᠳ᠋ ᠪᠠᠶᠠᠯᠢᠭ᠎ᠢ ᠬᠥᠳᠡᠯᠮᠦᠷᠢ᠎ᠪᠡᠷ ᠡᠭᠦᠳᠦᠨ ᠪᠦᠲᠦᠭᠡᠬᠦ᠌᠎ᠡᠴᠡ ᠪᠢᠰᠢ᠂ ᠬᠥᠷᠥᠩᠭᠡ᠎ᠪᠡᠷ ᠬᠥᠳᠡᠯᠭᠡᠭᠦ ᠬᠦᠴᠦ ᠪᠣᠯᠭᠠᠬᠤ ᠥᠬᠡᠶ ᠬᠡᠬᠦ ᠡᠷᠡᠭᠦᠯ᠎ᠢᠶᠡᠷ ᠬᠥᠭ᠌ᠵᠢᠬᠦ᠌ ᠵᠠᠭ᠍ᠪᠤᠷ᠎ᠢ ᠢᠯᠡᠷᠡᠭᠦᠯᠦᠭ᠌ᠰᠡᠨ ᠪᠠᠢᠨ᠎ᠠ᠃ ᠥᠷᠭᠡᠨ ᠤᠯᠠᠨ ᠠᠷᠠᠳ ᠲᠦᠮᠡᠨ᠎ᠦ ᠠᠵᠢᠯᠴᠢ ᠬᠥᠳᠡᠯᠮᠦᠷᠢᠴᠢ᠎ᠪᠡᠷ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ ᠪᠠᠶᠠᠵᠢᠬᠣ᠎ᠶ᠋ᠢ ᠪᠠᠲᠤᠯᠠᠬᠤ ᠪᠣᠯ ᠬᠠᠮᠲᠤ᠎ᠪᠠᠷ ᠪᠠᠶᠠᠵᠢᠬᠤ ᠬᠠᠷᠠᠯᠲᠠ᠎ᠶ᠋ᠢᠨ ᠤᠷᠢᠲᠠᠯ ᠎ᠦᠨ ᠴᠢᠨᠠᠷᠲᠠᠢ ᠠᠵᠢᠯ ᠮᠥᠨ᠂ ᠨᠡᠢᠭᠡᠮ ᠵᠢᠷᠤᠮ᠎ᠤᠨ ᠲᠥᠪ ᠭᠣᠣᠯᠴᠢ ᠴᠢᠨᠠᠷ ᠪᠠ ᠲᠡᠷᠢᠭᠦᠨ᠎ᠦ ᠴᠢᠨᠠᠷ᠎ᠤᠨ ᠱᠢᠭᠤᠳ ᠢᠯᠡᠷᠡᠯ ᠮᠥᠨ᠃

ᠠᠵᠢᠯᠴᠢ ᠬᠥᠳᠡᠯᠮᠦᠷᠢᠴᠢ ᠪᠣᠯ ᠪᠠᠶᠠᠨ ᠴᠢᠨᠡᠭᠡᠯᠢᠭ᠎ᠢ ᠡᠭᠦᠳᠦᠨ ᠪᠦᠲᠦᠭᠡᠬᠦ᠌᠎ᠶ᠋ᠢᠨ ᠡᠬᠢ ᠪᠤᠯᠠᠭ ᠮᠥᠨ᠃ ᠬᠠᠮᠲᠤ᠎ᠪᠠᠷ ᠪᠠᠶᠠᠵᠢᠬᠣ᠎ᠶ᠋ᠢ ᠠᠵᠢᠯᠴᠢ ᠬᠥᠳᠡᠯᠮᠦᠷᠢᠴᠢ ᠤᠶᠤᠨ ᠤᠬᠠᠭᠠᠨ᠎ᠢᠶᠠᠷ᠂ ᠵᠣᠯ ᠵᠢᠷᠭᠠᠯᠲᠤ ᠠᠮᠢᠳᠤᠷᠠᠯ᠎ᠢ ᠎ᠴᠢᠷᠮᠠᠢᠯᠭ᠎ᠠ ᠪᠠᠷ ᠲᠠᠮᠵᠢᠵᠦ ᠪᠡᠶᠡᠯᠡᠭᠦᠯᠬᠦ᠌ ᠬᠡᠷᠡᠭ᠌ᠲᠡᠢ᠃ ᠠᠵᠢᠯᠴᠢ ᠬᠥᠳᠡᠯᠮᠦᠷᠢᠴᠢ᠎ᠪᠡᠷ ᠪᠠᠶᠠᠵᠢᠬᠤ ᠪᠣᠯ ᠪᠢᠳᠡᠨ᠎ᠦ ᠢᠮᠠᠭ᠍ᠲᠠ ᠪᠠᠷᠢᠮᠲᠠᠯᠠᠳᠠᠭ ᠨᠢᠭᠡᠨ ᠦᠨᠳᠦᠰᠦᠨ ᠵᠠᠷᠴᠢᠮ ᠮᠥᠨ᠃ ᠶᠡᠷᠦᠩᠬᠡᠶ ᠱᠦᠵᠢ ᠰᠢ ᠵᠢᠨ ᠫᠢᠩ 《 ᠪᠢᠳᠡ 〈ᠬᠥᠳᠡᠯᠮᠦᠷᠢ᠎ᠶ᠋ᠢ ᠬᠦᠨᠳᠦᠳᠭᠡᠬᠦ᠌᠂ ᠮᠡᠳᠡᠯᠭᠡ᠎ᠶ᠋ᠢ ᠬᠦᠨᠳᠦᠳᠭᠡᠬᠦ᠌᠂ ᠴᠢᠳᠠᠪᠤᠷᠢᠲᠠᠨ᠎ᠢ ᠬᠦᠨᠳᠦᠳᠭᠡᠬᠦ᠌᠂ ᠡᠭᠦᠳᠦᠨ ᠪᠦᠲᠦᠭᠡᠯᠲᠡ᠎ᠶ᠋ᠢ ᠬᠦᠨᠳᠦᠳᠭᠡᠬᠦ᠌ ᠴᠢᠬᠤᠯᠠ ᠶᠡᠬᠡ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠬᠥᠳᠡᠯᠮᠦᠷᠢᠴᠢᠳ᠎ᠦᠨ ᠠᠱᠢᠭ ᠲᠤᠰᠠ᠎ᠶ᠋ᠢ ᠬᠠᠮᠠᠭᠠᠯᠠᠨ ᠬᠥᠭ᠌ᠵᠢᠭᠦᠯᠵᠦ᠍᠂ ᠬᠥᠳᠡᠯᠮᠦᠷᠢᠴᠢᠳ᠎ᠦᠨ ᠡᠷᠬᠡ᠎ᠶ᠋ᠢ ᠪᠠᠲᠤᠯᠠᠬᠤ ᠬᠡᠷᠡᠭ᠌ᠲᠡᠶ 〉》 ᠭᠡᠵᠦ᠍ ᠵᠢᠭᠠᠵᠤ ᠭᠠᠷᠭᠠᠪᠠ᠃ ᠤᠴᠢᠷ ᠨᠢ ᠭᠠᠭ᠍ᠴᠠ ᠬᠦ᠌ ᠬᠥᠳᠡᠯᠮᠦᠷᠢ ᠰᠠᠶᠢ ᠥᠷᠲᠡᠭ᠎ᠢ ᠡᠭᠦᠳᠴᠦ᠍ ᠴᠢᠳᠠᠳᠠᠭ᠃ ᠬᠥᠳᠡᠯᠮᠦᠷᠢ ᠨᠢ ᠬᠥᠳᠡᠯᠮᠦᠷᠢ ᠬᠦᠴᠦᠨ ᠪᠠ ᠦᠢᠯᠡᠳᠪᠦᠷᠢᠯᠡᠯ᠎ᠦᠨ ᠬᠡᠷᠡᠭ᠌ᠰᠡᠯ᠎ᠦᠨ ᠤᠶᠠᠯᠳᠤᠯ᠎ᠤᠨ ᠬᠡᠯᠪᠡᠷᠢ ᠪᠣᠯᠤᠭ᠍ᠰᠠᠨ᠎ᠤ ᠬᠤᠪᠢ᠎ᠳᠤ᠂ ᠲᠠᠷᠢᠶᠠᠯᠠᠩ᠎ᠤᠨ ᠨᠡᠢᠭᠡᠮ᠎ᠦᠨ ᠴᠠᠭ ᠦᠶ᠎ᠡ᠂ ᠠᠵᠤ ᠦᠢᠯᠡᠳᠪᠦᠷᠢᠵᠢᠯᠲᠡ᠎ᠶ᠋ᠢᠨ ᠡᠬᠢᠨ᠎ᠦ ᠦᠶ᠎ᠡ᠎ᠶ᠋ᠢᠨ ᠬᠢ᠎ᠲᠡᠶ ᠬᠠᠷᠢᠴᠠᠭᠤᠯᠪᠠᠯ ᠪᠦᠷ ᠶᠡᠬᠡ ᠠᠳᠠᠯᠢ ᠦᠭᠡᠢ ᠪᠣᠯᠵᠠᠶ᠃ ᠱᠢᠨᠵᠢᠯᠡᠬᠦ᠌ ᠤᠬᠠᠭᠠᠨ᠎ᠤ ᠲᠡᠪᠱᠢᠯᠳᠠ᠂ ᠠᠵᠤ ᠦᠢᠯᠡᠳᠪᠦᠷᠢᠯᠡᠯ᠎ᠦᠨ ᠪᠦᠲᠦᠴᠡ᠎ᠶ᠋ᠢᠨ ᠬᠤᠪᠢᠷᠠᠯᠲᠠ᠎ᠠᠴᠠ ᠪᠤᠯᠵᠦ᠍᠂ ᠥᠨᠥᠳᠦᠷ ᠲᠠᠸᠠᠷ᠎ᠤᠨ ᠤᠢ᠍ᠷᠳᠡᠭ᠎ᠢ ᠲᠣᠭ᠍ᠲᠠᠭᠠᠬᠤ ᠬᠥᠳᠡᠯᠮᠦᠷᠢ᠎ᠶ᠋ᠢᠨ ᠠᠭᠤᠯᠤᠭ᠍ᠳᠠᠬᠤᠨ ᠨᠡᠡᠭ  ᠪᠠᠶᠠᠯᠢᠭ ᠪᠤᠯᠵᠦ᠍᠂ ᠲᠡᠭᠦᠨ᠎ᠦ ᠠᠭᠤᠯᠬᠤᠨ ᠨᠢ ᠴᠦ᠍ ᠨᠡᠡᠭ ᠥᠷᠭᠡᠳᠴᠠᠢ᠃ ᠦᠨᠡᠨ ᠎ᠳ᠋ᠡᠭᠡᠨ ᠭᠠᠭ᠍ᠴᠠ ᠬᠦ᠌ ᠬᠥᠳᠡᠯᠮᠦᠷᠢ ᠰᠠᠶᠢ ᠦᠷᠳᠡᠭ ᠪᠦᠲᠦᠭᠡᠵᠦ᠍ ᠴᠢᠳᠠᠨ᠎ᠠ ᠭᠡᠳᠡᠭ ᠣᠨᠣᠯ ᠨᠢ ᠮᠥᠨ ᠯᠡ ᠪᠦᠬᠦᠢᠯᠡ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠳᠤ ᠲᠤᠬᠢᠷᠠᠬᠤ ᠶᠤᠮ᠃ ᠶᠠᠷᠢᠶᠠᠨ ᠦᠭᠡᠢ ᠱᠢᠨ᠎ᠡ ᠴᠠᠭ ᠦᠶ᠎ᠡ᠎ᠳᠦ ᠬᠥᠳᠡᠯᠮᠦᠷᠢᠴᠢᠨ᠎ᠦ ᠬᠡᠪᠴᠢᠢ᠎ᠡ ᠴᠦ᠍ ᠤᠯᠠᠮ ᠨᠢᠭᠡ ᠠᠯᠬᠤᠮ ᠥᠷᠭᠡᠵᠢᠭ᠌ᠰᠡᠨ ᠪᠠᠢᠨ᠎ᠠ᠃ ᠦᠷᠳᠡᠭ᠎ᠢ ᠪᠤᠢ ᠪᠣᠯᠭᠠᠳᠠᠭ ᠬᠥᠳᠡᠯᠮᠦᠷᠢᠴᠢᠨ᠎ᠳᠦ ᠬᠥᠳᠡᠯᠮᠦᠷᠢ᠎ᠶ᠋ᠢᠨ ᠳ᠋ᠦᠶ᠋ᠱᠢᠶᠠᠩ᠎ᠳᠤ ᠱᠢᠭᠤᠳ ᠦᠢᠯᠡᠳᠦᠯ ᠦᠵᠡᠭᠦᠯᠳᠡᠭ ᠪᠣᠳᠠᠰ᠎ᠤᠨ ᠦᠢᠯᠡᠳᠪᠦᠷᠢᠯᠡᠯ᠎ᠦᠨ ᠬᠦᠷᠢᠶᠡᠨ᠎ᠳᠡᠬᠢ ᠬᠥᠳᠡᠯᠮᠦᠷᠢᠴᠢᠨ ᠪᠠᠭ᠍ᠲᠠᠬᠤ᠎ᠪᠠᠷ ᠪᠠᠷᠠᠬᠤ ᠦᠭᠡᠢ ᠪᠠᠰᠠ ᠬᠥᠳᠡᠯᠮᠦᠷᠢ᠎ᠶ᠋ᠢᠨ ᠳ᠋ᠦᠶ᠋ᠱᠢᠶᠠᠩ᠎ᠳᠤ ᠲᠠᠮ᠎ᠢᠶᠠᠷ ᠦᠢᠯᠡᠳᠦᠯ ᠦᠵᠡᠭᠦᠯᠳᠡᠭ ᠬᠥᠳᠡᠯᠮᠦᠷᠢᠴᠢᠨ ᠪᠠᠭ᠍ᠲᠠᠨ᠎ᠠ; ᠦᠢᠯᠡᠳᠪᠦᠷᠢᠯᠡᠯ᠎ᠦᠨ ᠬᠦᠷᠢᠶᠡᠨ᠎ᠳᠡᠬᠢ ᠬᠥᠳᠡᠯᠮᠦᠷᠢᠴᠢᠳ ᠪᠠᠭ᠍ᠲᠠᠬᠤ᠎ᠪᠠᠷ ᠪᠠᠷᠠᠬᠤ ᠦᠭᠡᠢ ᠭᠦᠢᠯᠭᠡᠭᠡᠨ᠎ᠦ ᠬᠦᠷᠢᠶᠡᠨ᠎ᠳᠡᠬᠢ ᠬᠥᠳᠡᠯᠮᠦᠷᠢᠴᠢᠳ ᠴᠦ᠍ ᠪᠠᠭ᠍ᠳᠠᠨ᠎ᠠ᠂ ᠦᠢᠯᠡᠳᠪᠦᠷᠢᠯᠡᠯ ᠡᠵᠡᠩᠨᠡᠯᠲᠡ᠎ᠶ᠋ᠢᠨ ᠬᠠᠮᠢᠶᠠᠷᠤᠭ᠍ᠴᠢ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠯᠠᠭ᠎ᠠ ᠬᠢᠵᠦ᠍ ᠪᠠᠢᠭ᠎ᠠ ᠰᠤᠳᠤᠯᠤᠨ ᠨᠡᠭᠡᠭᠡᠬᠦ᠌ ᠠᠵᠢᠯᠳᠠᠨ ᠵᠡᠷᠭᠡ ᠤᠶᠤᠨ᠎ᠤ ᠬᠥᠳᠡᠯᠮᠦᠷᠢᠴᠢᠳ ᠴᠦ᠍ ᠪᠠᠭ᠍ᠲᠠᠨ᠎ᠠ; ᠬᠥᠳᠡᠯᠮᠦᠷᠢᠴᠢᠨ᠎ᠳᠦ ᠡᠳ᠋ ᠪᠣᠳᠠᠰ᠎ᠢ ᠪᠣᠯᠪᠠᠰᠤᠷᠠᠭᠤᠯᠤᠨ ᠡᠳ᠋ᠰᠢᠬᠦᠯᠬᠦ ᠦᠢᠯᠡᠳᠪᠦᠷᠢᠯᠡᠯ᠎ᠦᠨ ᠬᠦᠷᠢᠶᠡᠨ᠎ᠳᠡᠬᠢ ᠬᠥᠳᠡᠯᠮᠦᠷᠢᠴᠢᠨ ᠪᠠᠭ᠍ᠲᠠᠬᠤ᠎ᠪᠠᠷ ᠪᠠᠷᠠᠬᠤ ᠦᠭᠡᠢ᠂ ᠴᠢᠨᠠᠭ᠍ᠰᠢᠯᠠᠪᠠᠯ ᠬᠦᠷᠦᠨᠭ᠌ᠭᠡ᠎ᠶ᠋ᠢᠨ ᠪᠡᠯᠡ ᠣᠷᠣᠭᠤᠯᠤᠯᠲᠠ᠂ ᠬᠠᠮᠢᠶᠠᠷᠤᠯᠲᠠ ᠪᠠ ᠠᠵᠢᠯᠯᠠᠭᠠᠨ᠎ᠤ ᠬᠦᠷᠢᠶᠡᠨ᠎ᠳᠡᠬᠢ ᠬᠥᠳᠡᠯᠮᠦᠷᠢᠴᠢᠨ ᠴᠦ᠍ ᠪᠠᠭ᠍ᠲᠠᠨ᠎ᠠ᠃ ᠡᠳᠡᠭᠡᠷ ᠪᠣᠯ ᠴᠥᠮ ᠤᠢ᠍ᠷᠳᠡᠭ ᠪᠦᠲᠦᠭᠡᠳᠡᠭ ᠦᠢᠯᠡᠳᠪᠦᠷᠢᠯᠡᠯ᠎ᠦᠨ ᠬᠥᠳᠡᠯᠮᠦᠷᠢ ᠮᠥᠨ᠃ ᠲᠡᠭᠦᠨ᠎ᠦ ᠣᠷᠣᠱᠢᠬᠤ ᠰᠠᠭᠤᠷᠢ ᠨᠢ ᠨᠡᠢᠭᠡᠮᠴᠢᠯᠡᠭ᠌ᠰᠡᠨ ᠦᠢᠯᠡᠳᠪᠦᠷᠢᠯᠡᠯ᠎ᠦᠨ ᠶᠡᠬᠡ ᠠᠵᠢᠯ᠎ᠤᠨ ᠬᠤᠪᠢᠶᠠᠷᠢᠯᠠᠯ᠎ᠤᠨ ᠭᠦᠨᠵᠡᠭᠡᠢᠷᠡᠯᠲᠡ᠎ᠳᠦ ᠪᠠᠢᠨ᠎ᠠ᠃ ᠬᠥᠳᠡᠯᠮᠦᠷᠢ ᠪᠣᠯ ᠦᠷᠳᠡᠭ᠎ᠢ ᠡᠭᠦᠳᠬᠦ᠌ ᠴᠤᠷ᠎ᠤᠨ ᠭᠠᠭ᠍ᠴᠠ ᠡᠬᠢ ᠪᠤᠯᠠᠭ ᠪᠣᠯᠬᠤ᠎ᠶ᠋ᠢ ᠪᠠᠷᠢᠮᠲᠠᠯᠠᠵᠤ᠂ ᠬᠥᠳᠡᠯᠮᠦᠷᠢ ᠪᠠ ᠬᠥᠳᠡᠯᠮᠦᠷᠢᠴᠢᠳ᠎ᠦᠨ ᠠᠭᠤᠯᠬᠤᠨ᠎ᠢ ᠥᠷᠭᠡᠳᠭᠡᠵᠦ᠍᠂ ᠮᠠᠷᠺᠰ᠎ᠤᠨ ᠬᠥᠳᠡᠯᠮᠦᠷᠢ᠂ ᠬᠥᠳᠡᠯᠮᠦᠷᠢ᠎ᠶ᠋ᠢᠨ ᠦᠷᠳᠡᠭ᠎ᠦᠨ ᠤᠨᠤᠯ ᠵᠢᠴᠢ ᠬᠥᠳᠡᠯᠮᠦᠷᠢ᠎ᠶ᠋ᠢᠨ ᠱᠢᠨ᠎ᠡ᠎ᠶ᠋ᠢ ᠡᠭᠦᠳᠬᠦ᠌ ᠦᠷᠳᠡᠭ᠎ᠦᠨ ᠤᠨᠤᠯ᠎ᠳᠤ ᠰᠠᠭᠤᠷᠢᠯᠠᠭ᠍ᠰᠠᠨ ᠲᠠᠨᠢᠯᠲᠠ᠎ᠶ᠋ᠢ ᠭᠦᠨᠵᠡᠭᠡᠢᠷᠡᠭᠦᠯᠬᠦ᠌ ᠨᠢ ᠪᠢᠳᠡᠨ᠎ᠦ ᠬᠠᠮᠲᠤ᠎ᠪᠠᠷ ᠪᠠᠶᠠᠵᠢᠭ᠍ᠰᠠᠨ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠠᠢᠭᠤᠯᠬᠤ᠎ᠳᠤ ᠪᠣᠳᠠᠲᠤ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃ ᠪᠢᠳᠡ 《ᠠᠵᠢᠯᠴᠢ ᠬᠥᠳᠡᠯᠮᠦᠷᠢᠴᠢ᠂ ᠬᠠᠤᠯᠢ ᠶᠣᠰᠣᠭᠠᠷ ᠡᠵᠡᠩᠨᠡᠬᠦ᠌᠂ ᠵᠣᠷᠢᠭ᠍ᠲᠠᠢ᠎ᠪᠠᠷ ᠠᠳᠠᠯ ᠦᠢᠯᠡᠰ ᠪᠦᠲᠦᠭᠡᠬᠦ᠌ ᠪᠠᠶᠠᠵᠢᠯ᠎ᠤᠨ ᠲᠠᠭᠠᠭᠤᠯᠤᠬ᠍ᠴᠢ》 ᠎ᠶ᠋ᠢᠨ ᠠᠱᠢᠭ ᠲᠤᠰᠠ᠎ᠶ᠋ᠢ ᠢᠮᠠᠭ᠍ᠲᠠ ᠬᠠᠮᠠᠭᠠᠯᠠᠵᠤ᠂ ᠠᠵᠢᠯᠴᠢ ᠬᠥᠳᠡᠯᠮᠦᠷᠢᠴᠢ᠎ᠪᠡᠷ ᠪᠠᠶᠠᠵᠢᠬᠤ᠎ᠶ᠋ᠢ ᠪᠠᠲᠤᠯᠠᠬᠤ ᠬᠡᠷᠡᠭ᠌ᠲᠡᠢ᠃

ᠱᠢᠨ᠎ᠡ᠎ᠶ᠋ᠢ ᠡᠭᠦᠳᠬᠦ᠌ ᠪᠣᠯ ᠨᠡᠢᠭᠡᠮ᠎ᠦᠨ ᠬᠥᠭ᠌ᠵᠢᠯᠲᠡ᠎ᠶ᠋ᠢᠨ ᠠᠮᠢᠨ ᠰᠦᠨᠡᠰᠦ ᠮᠥᠨ᠃ ᠬᠠᠮᠲᠤ᠎ᠪᠠᠷ ᠪᠠᠶᠠᠵᠢᠬᠣ᠎ᠶ᠋ᠢ ᠪᠡᠶᠡᠯᠡᠭᠦᠯᠬᠦ᠌᠎ᠳᠦ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠨᠡᠭᠡᠭᠡᠬᠦ᠌ ᠬᠡᠷᠡᠭ᠌ᠲᠡᠢ᠃ ᠥᠩᠭᠡᠷᠡᠭ᠌ᠰᠡᠨ ᠵᠠᠭᠤᠨ ᠵᠢᠯ᠎ᠳᠦ ᠱᠢᠨᠵᠢᠯᠡᠬᠦ᠌ ᠤᠬᠠᠭᠠᠨ ᠮᠡᠷᠭᠡᠵᠢᠯ ᠨᠢ ᠴᠥᠭᠡᠨ ᠲᠣᠭᠠᠨ᠎ᠤ ᠬᠥᠮᠦᠰ᠎ᠲᠦ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ  ᠯᠠᠪᠯᠠᠬᠤ ᠪᠠᠢᠩᠭᠤ ᠬᠡᠮᠵᠢᠭᠳᠡᠬᠦᠨ ᠵᠢᠡᠷ ᠦᠵᠡᠭ᠌ᠳᠡᠵᠦ᠍ ᠪᠠᠢᠪᠠ; ᠡᠳᠦᠭᠡ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ ᠨᠢᠭᠡᠨᠲᠡ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠤᠪᠢᠰᠤᠭ᠍ᠴᠢ ᠬᠡᠮᠵᠢᠭ᠌ᠳᠡᠬᠦᠨ ᠪᠣᠯᠪᠠ᠃ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢᠶᠡᠷ ᠲᠦᠷᠦᠭᠦᠯᠡᠭᠦᠯᠦᠭ᠌ᠰᠡᠨ ᠡᠯ᠎ᠡ ᠵᠦᠢᠯ᠎ᠦᠨ ᠱᠢᠨ᠎ᠡ᠎ᠡᠭᠦᠳᠦᠯᠳᠡ᠎ᠶ᠋ᠢ ᠠᠬᠢᠭᠤᠯᠵᠤ᠂ ᠤᠯᠤᠰ ᠪᠠ ᠨᠡᠢᠭᠡᠮ᠎ᠦᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠶᠡᠬᠡ᠎ᠪᠡᠷ ᠳᠡᠭᠡᠭ᠌ᠰᠢᠯᠡᠭᠦᠯᠦᠨ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠤᠯᠤᠰ ᠣᠷᠣᠨ᠎ᠢ ᠪᠦᠲᠦᠭᠡᠨ ᠪᠠᠢᠭᠤᠯᠬᠤ ᠶᠠᠪᠤᠳᠠᠯ ᠨᠢᠭᠡᠨᠲᠡ ᠣᠳᠣᠬᠠᠨ᠎ᠤ ᠳᠡᠯᠡᠬᠡᠢ᠎ᠶ᠋ᠢᠨ ᠮᠠᠰᠢ ᠤᠯᠠᠨ ᠤᠯᠤᠰ᠎ᠤᠨ ᠭᠣᠣᠯ ᠪᠣᠯᠬᠤ ᠦᠵᠡᠯᠲᠡ ᠪᠠ ᠭᠣᠣᠯᠯᠠᠬᠤ ᠪᠠᠢᠯᠳᠤᠬᠤ ᠪᠤᠳᠤᠯᠭ᠎ᠠ ᠪᠣᠯᠤᠭ᠍ᠰᠠᠨ ᠪᠠᠢᠨ᠎ᠠ᠃ ᠠᠳᠠᠯᠢ ᠪᠤᠰᠤ ᠲᠠᠯ᠎ᠠ ᠨᠢ ᠭᠡᠪᠡᠯ᠂ ᠨᠡᠢᠭᠡᠮ ᠵᠢᠷᠤᠮ᠎ᠤᠨ ᠪᠠᠢᠭᠤᠯᠤᠯ ᠳᠣᠣᠷᠠᠬᠢ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ ᠡᠭᠦᠳᠦᠯᠲᠡ ᠪᠣᠯ ᠠᠷᠠᠳ ᠲᠦᠮᠡᠨ᠎ᠦ ᠠᠱᠢᠭ ᠲᠤᠰᠠ᠎ᠪᠠᠷ ᠭᠣᠣᠯ ᠪᠣᠯᠭᠠᠵᠤ᠂ ᠠᠷᠠᠳ ᠲᠦᠮᠡᠨ᠎ᠦ ᠴᠢᠨᠠᠷ ᠰᠠᠢᠲᠠᠢ ᠠᠮᠢᠳᠤᠷᠠᠯ᠎ᠤᠨ ᠲᠦᠪᠱᠢᠨ᠎ᠢ ᠬᠠᠩᠭᠠᠬᠤ᠎ᠪᠠᠷ ᠱᠠᠭᠠᠷᠳᠠᠯᠭ᠎ᠠ ᠪᠣᠯᠭᠠᠵᠤ᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠶ᠋ᠢᠨ ᠲᠥᠯᠥᠭᠡ ᠥᠷᠨᠢᠭᠦᠯᠦᠭ᠌ᠰᠡᠨ ᠰᠤᠳᠤᠯᠤᠨ ᠨᠡᠭᠡᠭᠡᠬᠦ᠌ ᠣᠷᠣᠭᠤᠯᠤᠯᠲᠠ ᠪᠣᠯᠤᠨ᠎ᠠ᠂ ᠲᠡᠷᠡ ᠨᠢ ᠬᠦᠷᠦᠨᠭ᠌ᠭᠡ᠎ᠶ᠋ᠢᠨ ᠠᠱᠢᠭ ᠣᠷᠣᠯᠭ᠎ᠠ᠎ᠪᠠᠷ ᠭᠣᠣᠯ ᠪᠣᠯᠭᠠᠵᠤ᠂ ᠬᠦᠷᠦᠨᠭ᠌ᠭᠡ᠎ᠶ᠋ᠢᠨ ᠨᠡᠩ ᠶᠡᠬᠡ ᠭᠠᠭ᠍ᠴᠠᠭᠠᠷ ᠡᠵᠡᠮᠱᠢᠬᠦ᠌ ᠠᠱᠢᠭ ᠬᠣᠨᠵᠢᠪᠣᠷᠢ᠎ᠶ᠋ᠢ ᠬᠠᠩᠭᠠᠬᠤ᠎ᠶ᠋ᠢᠨ ᠲᠥᠯᠥᠭᠡ ᠣᠷᠣᠭᠤᠯᠤᠭ᠍ᠰᠠᠨ ᠬᠥᠷᠥᠩᠭᠡᠲᠦ ᠶᠣᠰᠣᠨ᠎ᠤ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ ᠡᠭᠦᠳᠦᠯᠲᠡ᠎ᠲᠡᠶ ᠮᠥᠨ ᠴᠢᠨᠠᠷ᠎ᠤᠨ ᠢᠯᠭᠠᠭ᠎ᠠ᠎ᠲᠠᠶ ᠶᠤᠮ᠃

ᠣᠳᠣᠬᠠᠨ᠎ᠳᠤ᠂ ᠮᠠᠨ᠎ᠤ ᠤᠯᠤᠰ᠎ᠤᠨ ᠡᠯ᠎ᠡ ᠲᠦᠷᠦᠯ᠎ᠦᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯᠯᠠᠭ᠎ᠠ ᠵᠠᠷᠢᠮ ᠪᠠᠢᠭᠤᠯᠤᠯ ᠲᠣᠭ᠍ᠲᠠᠴᠠ᠎ᠶ᠋ᠢᠨ ᠬᠦᠴᠦᠨ ᠵᠦᠢᠯ᠎ᠳᠦ ᠬᠦᠯᠢᠶᠡᠰᠦᠯᠡᠭ᠌ᠳᠡᠵᠦ᠍᠂ ᠡᠯ᠎ᠡ ᠲᠦᠷᠦᠯ᠎ᠦᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠢᠳᠡᠪᠬᠢᠵᠢᠯ ᠪᠠ ᠳᠠᠯᠳᠠ ᠬᠦᠴᠦᠨ ᠪᠠᠰᠠ ᠭᠦᠢᠴᠡᠳ ᠪᠠᠳᠠᠷᠠᠭᠠᠳᠤᠢ ᠪᠠᠢᠨ᠎ᠠ᠃ ᠬᠠᠮᠲᠤ᠎ᠪᠠᠷ ᠪᠠᠶᠠᠵᠢᠬᠣ ᠬᠠᠷᠠᠯᠲᠠ᠎ᠶ᠋ᠢ ᠪᠡᠶᠡᠯᠡᠭᠦᠯᠬᠦ᠌᠎ᠳᠦ᠂ ᠪᠢᠳᠡ ᠱᠢᠨ᠎ᠡ᠎ᠶ᠋ᠢ ᠡᠭᠦᠳᠬᠦ᠌᠎ᠶ᠋ᠢ ᠤᠷᠮᠠᠱᠢᠭᠤᠯᠬᠤ ᠪᠠ ᠪᠠᠲᠤᠯᠠᠬᠤ ᠲᠣᠭ᠍ᠲᠠᠴᠠ᠎ᠶ᠋ᠢ ᠲᠠᠰᠤᠷᠠᠯᠳᠠ ᠦᠭᠡᠢ ᠪᠦᠷᠢᠨᠱᠢᠬᠦᠯᠵᠤ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢ ᠱᠢᠯᠢᠳᠡᠭ᠌ᠵᠢᠭᠦᠯᠬᠦ᠌᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠲᠠᠪᠱᠢᠯᠳᠠ᠎ᠶ᠋ᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠲᠦᠬᠦᠮ ᠦᠵᠡᠭᠦᠯᠬᠦ᠌᠂ ᠤᠯᠠᠨ ᠤᠯᠤᠰ᠎ᠤᠨ ᠬᠠᠮᠲᠤᠷᠠᠯᠴᠠᠭ᠎ᠠ ᠪᠠ ᠥᠷᠢᠰᠥᠯᠳᠦᠭᠡᠨ᠎ᠳᠦ ᠣᠷᠣᠯᠴᠠᠬᠤ ᠵᠡᠷᠭᠡ ᠲᠠᠯ᠎ᠠ᠎ᠪᠠᠷ ᠢᠳᠡᠪᠬᠢᠲᠡᠢ ᠠᠵᠢᠯ ᠬᠢᠬᠦ᠌᠎ᠶ᠋ᠢᠨ ᠬᠠᠮᠲᠤ᠂ ᠡᠯ᠎ᠡ ᠲᠦᠷᠦᠯ᠎ᠦᠨ ᠬᠦᠷᠦᠨᠭ᠌ᠭᠡ᠎ᠶ᠋ᠢᠨ ᠵᠢᠷᠤᠮᠵᠢᠭᠤᠨ ᠪᠥᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠵᠤ᠂ ᠬᠦᠷᠦᠨᠭ᠌ᠭᠡ᠎ᠶ᠋ᠢᠨ ᠶᠠᠳᠠᠭᠤ᠎ᠶ᠋ᠢ ᠲᠡᠳᠬᠦᠬᠦ᠌᠎ᠳᠦ ᠣᠷᠣᠯᠴᠠᠬᠤ᠎ᠲᠠᠶ ᠠᠳᠠᠯᠢ᠎ᠪᠠᠷ ᠨᠡᠩ ᠤᠯᠠᠨ ᠠᠨᠴᠢᠯ ᠪᠡᠯᠡ ᠣᠷᠣᠭᠤᠯᠤᠯᠲᠠ ᠪᠠ ᠲᠦᠭ᠌ᠰᠢᠭᠦᠷᠢᠲᠦ ᠪᠡᠯᠡ ᠣᠷᠣᠭᠤᠯᠤᠯᠲᠠ᠎ᠳᠤ ᠣᠷᠣᠯᠴᠠᠬᠤ᠎ᠶ᠋ᠢ ᠦᠨᠡᠨ ᠬᠦ᠌ ᠵᠣᠷᠢᠭ᠍ᠵᠢᠭᠤᠯᠵᠤ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠪᠠ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢ ᠡᠭᠦᠳᠴᠦ᠍  ᠦᠢᠯᠡᠰ ᠪᠤᠰᠬᠠᠬᠤ᠎ᠶ᠋ᠢ ᠲᠡᠮᠵᠢᠵᠤ᠂ ᠡᠭᠦᠨ᠎ᠦ ᠤᠯᠠᠮ᠎ᠠᠴᠠ ᠱᠢᠨ᠎ᠡ᠎ᠶ᠋ᠢ ᠡᠭᠦᠳᠴᠦ᠍ ᠦᠢᠯᠡᠰ ᠪᠤᠰᠬᠠᠨ ᠪᠠᠶᠠᠵᠢᠬᠤ᠎ᠶ᠋ᠢ ᠨᠡᠩ ᠢᠯᠡᠭᠦᠦ ᠪᠡᠶᠡᠯᠡᠭᠦᠯᠬᠦ᠌ ᠬᠡᠷᠡᠭ᠌ᠲᠡᠢ᠃ ᠮᠡᠳᠡᠯᠭᠡ᠂ ᠮᠡᠷᠭᠡᠵᠢᠯ ᠵᠡᠷᠭᠡ ᠱᠢᠨ᠎ᠡ᠎ᠶ᠋ᠢ ᠡᠭᠦᠳᠬᠦ᠌ ᠬᠦᠴᠦᠨ ᠵᠦᠶ᠋ᠯ᠎ᠦᠨ ᠥᠷᠲᠡᠭ᠎ᠢ ᠭᠦᠶ᠋ᠴᠡᠳ ᠢᠯᠡᠷᠡᠭᠦᠯᠵᠦ᠍ ᠴᠢᠳᠠᠬᠤ ᠠᠱᠢᠭ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠳᠡᠮᠵᠢᠨ ᠲᠦᠷᠢᠮ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠎ᠶ᠋ᠢ ᠬᠢᠵᠠᠭᠠᠷᠯᠠᠵᠤ ᠪᠠᠢᠭ᠎ᠠ ᠪᠠᠢᠭᠤᠯᠤᠮᠵᠢ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠠ ᠢᠳᠡᠪᠬᠢᠵᠢᠯ᠎ᠢ ᠪᠦᠲᠦᠮᠵᠢᠲᠡᠶ ᠬᠥᠭ᠌ᠵᠢᠭᠡᠨ᠎ᠡ᠃ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠪᠦᠷᠢᠯᠳᠦᠭᠦᠯᠦᠭᠰᠡᠨ ᠡᠯ᠎ᠡ ᠪᠦᠷᠢᠯᠳᠦᠬᠦᠨ ᠬᠡᠰᠡᠭ ᠨᠢ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠴᠦᠮ ᠡᠯᠪᠡᠭ ᠪᠠᠶᠠᠯᠢᠭ ᠠᠴᠢ ᠬᠠᠷᠢᠭᠣᠯᠳᠠ ᠲᠠᠢ ᠪᠠᠢᠬᠤ ᠶᠣᠰᠣᠲᠠᠢ᠂ ᠭᠡᠪᠡᠴᠦ᠍ ᠬᠤᠪᠢ ᠬᠥᠮᠦᠨ᠎ᠦ ᠠᠱᠢᠭ ᠲᠤᠰᠠ᠎ᠶ᠋ᠢ ᠬᠠᠮᠤᠭ᠎ᠤᠨ ᠶᠡᠬᠡ ᠪᠣᠯᠭᠠᠬᠤ᠎ᠶ᠋ᠢ ᠰᠠᠨᠠᠭᠠᠴᠢᠯᠠᠵᠤ ᠪᠣᠯᠬᠤ ᠦᠭᠡᠢ᠂ ᠬᠠᠷᠢᠨ ᠪᠦᠬᠦᠢᠯᠡ ᠱᠢᠰᠲ᠋ᠧᠮ᠎ᠦᠨ ᠠᠱᠢᠭ ᠲᠤᠰᠠ᠎ᠶ᠋ᠢ ᠬᠠᠮᠤᠭ᠎ᠤᠨ ᠶᠡᠬᠡ ᠪᠣᠯᠭᠠᠬᠤ᠎ᠶ᠋ᠢ ᠴᠢᠬᠤᠯᠠᠴᠢᠯᠠᠬᠤ ᠬᠡᠷᠡᠭ᠌ᠲᠡᠢ᠃ ᠬᠦᠷᠦᠨᠭ᠌ᠭᠡ᠎ᠳᠦ 《ᠤᠯᠠᠭᠠᠨ ᠨᠣᠭᠣᠭᠠᠨ ᠳ᠋ᠧᠩ 》 ᠲᠣᠭᠳᠠᠭᠠᠨ ᠥᠭ᠌ᠴᠦ᠂ ᠬᠦᠷᠦᠨᠭ᠌ᠭᠡ᠎ᠶ᠋ᠢᠨ ᠡᠮᠬᠢ ᠵᠠᠮᠪᠠᠷᠠᠭ᠎ᠠ ᠦᠭᠡᠢ ᠬᠥᠭ᠌ᠵᠢᠬᠦ᠌᠎ᠶ᠋ᠢ ᠬᠢᠵᠠᠭᠠᠷᠯᠠᠵᠤ᠂ ᠡᠭᠦᠨ᠎ᠦ ᠤᠯᠠᠮ᠎ᠠᠴᠠ ᠨᠡᠩ ᠤᠯᠠᠨ ᠪᠠᠶᠠᠵᠢᠯ᠎ᠤᠨ ᠲᠠᠭᠠᠭᠤᠯᠤᠬ᠍ᠴᠢ᠎ᠳᠤ ᠨᠡᠩ ᠲᠥᠪ ᠭᠣᠣᠯᠴᠢ ᠨᠥᠬᠥᠴᠡᠯ᠎ᠢ ᠪᠦᠷᠢᠯᠳᠦᠭᠦᠯᠵᠦ᠍ ᠥᠭ᠌ᠭᠦᠨ᠎ᠡ᠃ ᠭᠠᠭ᠍ᠴᠠ ᠬᠦ᠌ ᠢᠩᠭᠢᠪᠡᠯ ᠰᠠᠶᠢ ᠨᠡᠩ ᠤᠯᠠᠨ ᠬᠥᠮᠦᠨ᠎ᠢ ᠪᠠᠶᠠᠵᠢᠭᠤᠯᠵᠤ᠂ ᠨᠡᠩ ᠤᠯᠠᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠬᠦ᠌᠎ᠶ᠋ᠢᠨ ᠤᠯᠠᠮ᠎ᠠᠴᠠ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠪᠣᠳᠠᠲᠤ ᠬᠦᠴᠦᠨ᠎ᠢ ᠦᠨᠡᠨ ᠬᠦ᠌ ᠳᠡᠭᠡᠭ᠌ᠰᠢᠯᠡᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠷᠣᠨ ᠵᠠᠢ᠎ᠶ᠋ᠢ ᠥᠷᠭᠡᠳᠭᠡᠵᠦ᠍᠂ ᠡᠴᠦᠰ᠎ᠲᠡᠬᠡᠨ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠵᠦ᠍ ᠴᠢᠳᠠᠨ᠎ᠠ᠃

 

ᠬᠠᠮᠲᠤ ᠪᠠᠷ ᠪᠠᠶᠠᠵᠢᠬᠣ ᠪᠣᠯ ᠳᠤᠮᠳᠠᠳᠤ ᠤᠯᠤᠰ ᠬᠢᠭᠡᠳ ᠳᠡᠯᠡᠬᠡᠢ ᠶᠢᠷᠲᠢᠨᠴᠦ᠍᠎ᠶ᠋ᠢᠨ ᠬᠠᠮᠲᠤ᠎ᠶ᠋ᠢᠨ ᠬᠦᠰᠡᠯ ᠡᠷᠡᠮᠡᠯᠵᠡᠯ ᠮᠥᠨ

 

ᠶᠠᠮᠠᠷ ᠶᠠᠩᠵᠤ᠎ᠶ᠋ᠢᠨ ᠳᠡᠯᠡᠬᠡᠢ ᠶᠢᠷᠲᠢᠨᠴᠦ᠍᠎ᠶ᠋ᠢ ᠪᠦᠳᠦᠭᠡᠨ ᠪᠠᠢᠭᠤᠯᠬᠤ᠂ ᠡᠨᠡ ᠬᠦ᠌ ᠳᠡᠯᠡᠬᠡᠢ ᠶᠢᠷᠲᠢᠨᠴᠦ᠍᠎ᠶ᠋ᠢ ᠬᠡᠷᠬᠢᠨ ᠪᠦᠳᠦᠭᠡᠨ ᠪᠠᠢᠭᠤᠯᠬᠤ ᠪᠣᠯ ᠬᠥᠮᠦᠨ ᠲᠥᠷᠥᠯᠬᠢᠲᠡᠨ᠎ᠦ ᠨᠡᠢᠭᠡᠮ᠎ᠦᠨ ᠥᠨᠢᠳᠡ᠎ᠶ᠋ᠢᠨ ᠭᠣᠣᠯ ᠰᠡᠳᠦᠪ ᠮᠥᠨ᠃ ᠬᠥᠮᠦᠨ ᠲᠥᠷᠥᠯᠬᠢᠲᠡᠨ᠎ᠦ ᠬᠥᠭ᠌ᠵᠢᠯᠲᠡ᠎ᠶ᠋ᠢᠨ ᠲᠠᠯ᠎ᠠ᠎ᠠᠴᠠ ᠠᠪᠴᠤ᠌ ᠦᠵᠡᠪᠡᠯ᠂ ᠨᠡᠢᠭᠡᠮ᠎ᠦᠨ ᠪᠦᠬᠦ᠌ ᠪᠦᠷᠢᠯᠳᠦᠬᠦᠨ᠎ᠳᠦ ᠡᠷᠭᠡ ᠲᠡᠭᠰᠢ ᠬᠥᠭ᠌ᠵᠢᠯᠲᠡ᠎ᠶ᠋ᠢᠨ ᠡᠷᠬᠡ ᠪᠠ ᠬᠥᠭ᠌ᠵᠢᠯᠲᠡ᠎ᠶ᠋ᠢᠨ ᠲᠣᠬᠢᠶᠠᠯ᠎ᠢ ᠡᠳ᠋ᠯᠡᠭᠦᠯᠬᠦ᠌ ᠪᠣᠯ ᠲᠡᠭᠦᠨ᠎ᠦ ᠬᠥᠭ᠌ᠵᠢᠯᠲᠡ ᠵᠢᠨ ᠦᠨᠳᠦᠰᠦᠨ ᠨᠥᠬᠥᠴᠡᠯ ᠮᠥᠨ᠃ ᠡᠨᠡ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠬᠥᠭᠡᠭᠡᠴᠡᠯᠳᠦᠯ ᠪᠣᠯᠬᠤ᠎ᠪᠠᠷ ᠪᠠᠷᠠᠬᠤ ᠦᠭᠡᠢ ᠪᠠᠰᠠ ᠴᠤ᠌ ᠪᠦᠬᠦ᠌ ᠬᠥᠮᠦᠨ ᠲᠥᠷᠥᠯᠬᠢᠲᠡᠨ᠎ᠦ ᠬᠦᠰᠡᠯ ᠡᠷᠡᠮᠡᠯᠵᠡᠯ ᠮᠥᠨ᠂ ᠨᠡᠩ ᠴᠤ᠌ ᠬᠥᠮᠦᠨ ᠲᠥᠷᠥᠯᠬᠢᠲᠡᠨ᠎ᠦ ᠪᠣᠯᠪᠠᠰᠤᠨ᠎ᠤ ᠬᠥᠭ᠌ᠵᠢᠯᠲᠡ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠡᠢᠮᠦ᠍᠎ᠡᠴᠡ ᠴᠦᠭᠡᠨ ᠲᠣᠭᠠᠨ᠎ᠦ ᠬᠦᠮᠦᠰ᠎ᠦᠨ  ᠪᠠᠶᠠᠵᠢᠯ ᠨᠢ ᠪᠦᠬᠦ᠌ ᠲᠠᠯ᠎ᠠ᠎ᠪᠠᠷ ᠪᠠᠶᠠᠵᠢᠭ᠍ᠰᠠᠨ᠎ᠢ ᠬᠦᠷᠬᠦ᠌ ᠦᠭᠡᠢ᠂ ᠴᠥᠭᠡᠨ ᠲᠣᠭᠠᠨ᠎ᠤ ᠤᠯᠤᠰ ᠎ᠤᠨ ᠪᠠᠶᠠᠵᠢᠯ ᠨᠢ ᠪᠦᠬᠦ᠌ ᠳᠡᠯᠡᠬᠡᠢ᠎ᠪᠡᠷ᠎ᠢᠶᠡᠨ ᠬᠠᠮᠲᠤ᠎ᠪᠠᠷ ᠪᠠᠶᠠᠵᠢᠭ᠍ᠰᠠᠨ᠎ᠢ ᠬᠦᠷᠬᠦ᠌ ᠦᠭᠡᠢ᠃ ᠬᠠᠮᠲᠤ᠎ᠪᠠᠷ ᠪᠠᠶᠠᠵᠢᠬᠣ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠬᠦᠰᠡᠯᠡᠩ ᠮᠥᠨ᠂ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠤᠯᠤᠰ ᠠᠷᠠᠳ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠣᠰᠣ ᠰᠤᠷᠲᠠᠬᠤᠨ᠎ᠤ 《ᠳᠤᠮᠳᠠᠳᠤ ᠤᠯᠤᠰ᠎ᠤᠨ ᠢᠯᠡᠷᠬᠡᠢᠯᠡᠯ》 ᠮᠥᠨ᠂ ᠪᠠᠰᠠ ᠴᠤ᠌ ᠪᠦᠬᠦ᠌ ᠳᠡᠯᠡᠬᠡᠢ᠎ᠶ᠋ᠢᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠃

ᠣᠳᠣᠬᠠᠨ᠎ᠤ ᠬᠥᠷᠥᠩᠭᠡᠲᠦ ᠪᠠᠢᠭᠤᠯᠤᠯ᠎ᠤᠨ ᠳᠣᠣᠷ᠎ᠠ᠂ ᠴᠥᠭᠡᠨ ᠲᠣᠭᠠᠨ᠎ᠤ ᠬᠤᠪᠢ ᠬᠥᠮᠦᠨ᠎ᠦ ᠡᠳ᠋ ᠪᠠᠶᠠᠯᠢᠭ᠎ᠤᠨ ᠬᠤᠷᠠᠮᠳᠤᠭᠤᠯᠤᠯ ᠨᠢ ᠤᠯᠤᠰ᠎ᠤᠨ ᠠᠵᠤ ᠠᠬᠤᠶ ᠪᠣᠯᠤᠨ ᠨᠡᠢᠭᠡᠮ᠎ᠦᠨ ᠬᠥᠭ᠌ᠵᠢᠯᠲᠡ᠎ᠳᠦ ᠠᠪᠴᠤ ᠬᠡᠯᠡᠪᠡᠯ ᠦᠷᠭᠦᠯᠵᠢᠯᠡᠬᠦ᠌ ᠴᠢᠨᠠᠷ ᠦᠭᠡᠶ᠃ ᠬᠥᠷᠥᠩᠭᠡᠲᠦ ᠤᠯᠤᠰ᠎ᠲᠤ ᠡᠳ᠋ ᠪᠠᠶᠠᠯᠢᠭ ᠡᠳᠦᠷ ᠢᠷᠡᠬᠦᠶ᠎ᠡ ᠴᠥᠭᠡᠨ ᠲᠣᠭᠠᠨ᠎ᠤ ᠬᠥᠮᠦᠰ᠎ᠦᠨ ᠭᠠᠷ᠎ᠲᠤ ᠲᠥᠪᠯᠡᠷᠡᠵᠦ᠍᠂ ᠶᠠᠳᠠᠭᠤ ᠪᠠᠶᠠᠨ᠎ᠤ ᠢᠯᠭᠠᠷᠠᠯ ᠡᠳᠦᠷ ᠢᠷᠡᠬᠦᠶ᠎ᠡ ᠬᠦᠨᠳᠦ ᠨᠣᠴᠢᠲᠠᠢ ᠪᠤᠯᠵᠤ ᠪᠠᠢᠭ᠎ᠠ ᠨᠢ ᠡᠭᠡᠯᠵᠢᠲᠦ ᠴᠢᠨᠠᠷ᠎ᠲᠠᠶ ᠬᠥᠷᠥᠩᠭᠡᠲᠦ ᠶᠣᠰᠣᠨ᠎ᠤ ᠠᠵᠤ ᠠᠬᠤᠢ᠎ᠶ᠋ᠢᠨ ᠬᠢᠮᠤᠷᠠᠯ᠎ᠤᠨ ᠦᠨᠳᠦᠰᠦ ᠰᠤᠷᠪᠤᠯᠵᠢ ᠪᠤᠯᠵᠤ ᠪᠠᠢᠨ᠎ᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠨᠢ ᠡᠢᠮᠦᠷᠬᠦᠦ ᠬᠡᠪᠡᠷᠡᠭ ᠠᠵᠤ ᠠᠬᠤᠶ᠎ᠶ᠋ᠢᠨ ᠱᠢᠰᠲ᠋ᠧᠮ᠎ᠦᠨ ᠠᠰᠠᠭᠤᠳᠠᠯ᠎ᠢ ᠲᠥᠪᠯᠡᠷᠡᠭᠦᠯᠦᠨ ᠢᠯᠡᠷᠡᠭᠦᠯᠪᠡ᠃ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠥᠷᠥᠨᠡᠳᠠᠬᠢᠨ᠎ᠤ ᠵᠠᠷᠢᠮ ᠤᠯᠤᠰ᠎ᠤᠨ ᠤᠯᠤᠰ᠎ᠤᠨ ᠳᠣᠲᠣᠭᠠᠳᠤ᠎ᠶ᠋ᠢᠨ ᠲᠦᠷᠦ᠍᠎ᠶ᠋ᠢᠨ ᠨᠠᠮ ᠲᠡᠮᠡᠴᠡᠯ ᠬᠢᠵᠦ᠍᠂ ᠦᠨᠳᠦᠰᠦᠲᠡᠨ ᠶᠠᠰᠤᠲᠠᠨ ᠬᠠᠭᠠᠴᠠᠨ ᠵᠠᠳᠠᠷᠠᠵᠤ᠂ ᠲᠤᠤᠷᠠᠳᠤ ᠳᠠᠪᠬᠤᠷᠭ᠎ᠠ᠎ᠶ᠋ᠢᠨ ᠠᠷᠠᠳ ᠤᠯᠠᠨ ᠪᠣᠯᠤᠨ ᠤᠯᠤᠰ ᠲᠦᠷᠦ᠍᠎ᠶ᠋ᠢᠨ 《 ᠰᠤᠳᠤᠴᠤᠤᠯ》 ᠤ᠋ᠨ ᠦᠷᠳᠡᠭ᠎ᠦᠨ ᠦᠵᠡᠯᠲᠡ ᠵᠠᠳᠠᠷᠠᠵᠤ᠂ ᠨᠡᠢᠭᠡᠮ᠎ᠦᠨ ᠡᠷᠬᠡ ᠲᠡᠭ᠌ᠰᠢ ᠪᠤᠰᠤ ᠦᠵᠡᠭ᠌ᠳᠡᠯ ᠵᠡᠷᠭᠡ ᠠᠰᠠᠭᠤᠳᠠᠯ ᠡᠳᠦᠷ ᠢᠷᠡᠬᠦᠶ᠎ᠡ ᠲᠤᠪᠤᠢ᠌ᠮ᠎ᠠ ᠪᠤᠯᠵᠤ ᠪᠠᠢᠨ᠎ᠠ᠂ ᠡᠭᠦᠨ᠎ᠦ ᠦᠨᠳᠦᠰᠦ ᠰᠤᠷᠪᠤᠯᠵᠢ ᠨᠢ ᠳᠠᠷᠤᠢ ᠡᠳᠦᠷ ᠢᠷᠡᠬᠦᠶ᠎ᠡ ᠬᠦᠨᠳᠦ ᠨᠣᠴᠢᠲᠠᠢ ᠪᠤᠯᠵᠦ ᠪᠠᠢᠭ᠎ᠠ ᠡᠳ᠋ ᠪᠠᠶᠠᠯᠢᠭ ᠪᠣᠯᠤᠨ ᠳᠠᠪᠬᠤᠷᠭ᠎ᠠ᠎ᠶ᠋ᠢᠨ ᠵᠠᠳᠠᠷᠠᠯ᠎ᠳᠤ ᠪᠠᠢᠨ᠎ᠠ᠂ ᠳᠡᠯᠡᠬᠡᠢ᠎ᠶ᠋ᠢᠨ ᠠᠵᠤ ᠠᠬᠤᠢ᠎ᠶ᠋ᠢᠨ ᠱᠢᠰᠲ᠋ᠧᠮ ᠴᠦ᠍ ᠡᠭᠦᠨ᠎ᠡᠴᠡ ᠪᠤᠯᠵᠤ ᠠᠮᠢᠵᠢᠷᠠᠯ᠎ᠤᠨ ᠬᠦᠴᠦᠨ ᠳᠤᠲᠠᠭ᠍ᠳᠠᠵᠤ ᠪᠠᠢᠨ᠎ᠠ᠃ ᠤᠳᠤ ᠪᠣᠯᠲᠠᠯ᠎ᠠ ᠳᠡᠯᠡᠬᠡᠢ ᠳᠡᠭᠡᠷᠡᠬᠢ ᠵᠣᠩᠬᠢᠯᠠᠬᠤ ᠤᠯᠠᠨ ᠤᠯᠤᠰ᠎ᠤᠨ ᠠᠵᠦ ᠠᠬᠤᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠲᠠᠭᠠᠷᠢᠯᠳᠠ ᠳᠣᠣᠷ᠎ᠠ ᠰᠥᠭᠡᠷᠭᠦ᠌ ᠨᠡᠮᠡᠭ᠌ᠳᠡᠯ ᠲᠠᠢ᠂ ᠭᠠᠭ᠍ᠴᠠ ᠬᠦ᠌ ᠳᠤᠮᠳᠠᠳᠤ ᠤᠯᠤᠰ᠎ᠤᠨ ᠠᠵᠤ ᠠᠬᠤᠢ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠵᠦ᠍᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠲᠣᠭ᠍ᠲᠠᠭᠠᠯᠲᠤ ᠴᠢᠨᠠᠷ ᠳᠡᠯᠡᠬᠡᠢ ᠳ᠋ᠠᠬᠢᠨ᠎ᠳᠤ ᠢᠲᠡᠭᠡᠯ ᠪᠠ ᠬᠦᠰᠡᠯ ᠡᠷᠡᠮᠡᠯᠵᠡᠯ  ᠳᠠᠮᠵᠢᠭᠤᠯᠵᠤ ᠪᠠᠢᠨ᠎ᠠ᠃ ᠡᠨᠡ ᠨᠢ ᠳᠤᠮᠳᠠᠳᠤ ᠤᠯᠤᠰ᠎ᠤᠨ ᠤᠷᠳᠤ ᠬᠤᠭᠤᠴᠠᠭᠠᠨ᠎ᠤ ᠲᠤᠷᠰᠢ ᠪᠠᠷᠢᠮᠲᠠᠯᠠᠭ᠍ᠰᠠᠨ《 ᠤᠷᠢᠳ ᠵᠢᠡᠷ  ᠪᠠᠶᠠᠵᠢᠭ᠍ᠰᠠᠨ ᠨᠢ ᠰᠡᠭᠦᠯᠡᠷ ᠪᠠᠶᠠᠵᠢᠭ᠍ᠰᠠᠨ᠎ᠢᠶᠠᠨ ᠳᠠᠢᠴᠢᠯᠠᠬᠤ 》 ᠬᠠᠮᠲᠤ᠎ᠪᠠᠷ ᠪᠠᠶᠠᠵᠢᠬᠤ ᠵᠠᠮ᠎ᠲᠠᠶ ᠰᠠᠯᠤᠰᠢ ᠦᠭᠡᠢ ᠬᠣᠯᠪᠣᠭ᠎ᠠ᠎ᠲᠠᠶ ᠶᠤᠮ᠃

ᠳᠤᠮᠳᠠᠳᠤ ᠤᠯᠤᠰ᠎ᠤᠨ ᠬᠥᠭ᠌ᠵᠢᠯᠲᠡ ᠶᠡᠷᠦ᠍᠎ᠡᠴᠡ ᠪᠡᠶ᠎ᠡ᠎ᠪᠡᠨ ᠪᠤᠳᠤᠵᠤ ᠪᠤᠰᠤᠳ᠎ᠢ ᠬᠣᠬᠢᠷᠠᠭᠤᠯᠬᠤ ᠲᠡᠢᠮᠦ᠍ ᠬᠥᠭ᠌ᠵᠢᠯᠲᠡ ᠪᠢᠰᠢ᠂ ᠳᠤᠮᠳᠠᠳᠤ ᠤᠯᠤᠰ᠎ᠤᠨ ᠪᠠᠶᠠᠨ ᠴᠢᠨᠡᠭᠡᠯᠢᠭ᠎ᠲᠦ ᠶᠡᠷᠦ᠍᠎ᠡᠴᠡ ᠳᠡᠭᠡᠷᠡᠮᠳᠡᠬᠦ᠌ ᠴᠢᠨᠠᠷ ᠪᠠ ᠡᠵᠡᠯᠡᠬᠦ᠌ ᠴᠢᠨᠠᠷ ᠪᠠᠢᠬᠤ ᠦᠭᠡᠢ ᠭᠡᠳᠡᠭ᠎ᠢ ᠦᠢᠯᠡᠳᠦᠯᠭᠡ ᠭᠡᠷᠡᠴᠢᠯᠡᠭ᠌ᠰᠡᠨ ᠪᠠᠢᠨ᠎ᠠ᠃ ᠳᠤᠮᠳᠠᠳᠤ ᠤᠯᠤᠰ᠎ᠤᠨ ᠳᠤᠷᠠᠳᠤᠭ᠍ᠰᠠᠨ ᠬᠠᠮᠲᠤ᠎ᠪᠠᠷ ᠪᠠᠶᠠᠵᠢᠬᠤ ᠭᠡᠳᠡᠭ ᠨᠢ ᠤᠯᠤᠰ᠎ᠤᠨ ᠳᠣᠲᠣᠭᠠᠳᠤ᠎ᠶ᠋ᠢᠨ ᠶᠠᠳᠠᠭᠤ ᠪᠠᠶᠠᠨ᠎ᠤ ᠵᠥᠷᠢᠢ᠎ᠡ᠎ᠶ᠋ᠢ ᠪᠠᠭᠠᠰᠭᠠᠬᠤ᠎ᠳᠤ ᠪᠠᠢᠬᠤ᠎ᠪᠠᠷ ᠪᠠᠷᠠᠬᠤ ᠦᠭᠡᠢ᠂ ᠳᠤᠮᠳᠠᠳᠤ ᠤᠯᠤᠰ᠎ᠤᠨ 14 ᠳ᠋ᠦᠩᠱᠢᠭᠤᠷ ᠠᠷᠠᠳ ᠲᠦᠮᠡᠨ᠎ᠢ ᠴᠥᠮ ᠪᠠᠶᠠᠨ ᠴᠢᠨᠡᠭᠡᠯᠢᠭ ᠠᠮᠢᠳᠤᠷᠠᠭᠤᠯᠵᠦ᠂ ᠪᠠᠰᠠ ᠳᠤᠮᠳᠠᠳᠤ ᠤᠯᠤᠰ᠎ᠤᠨ ᠳᠡᠭᠡᠳᠦ ᠬᠤᠷᠳᠤᠴᠠ᠎ᠪᠠᠷ ᠦᠰᠦᠨ ᠪᠣᠢᠵᠢᠵᠤ ᠪᠠᠢᠭ᠎ᠠ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠠᠪᠴᠢᠷᠠᠭ᠍ᠰᠠᠨ ᠯᠤᠲᠤ ᠶᠡᠬᠡ ᠬᠥᠭ᠌ᠵᠢᠯᠲᠡ᠎ᠶ᠋ᠢᠨ ᠲᠣᠬᠢᠶᠠᠯ᠎ᠢ ᠳᠡᠯᠡᠬᠡᠢ ᠳ᠋ᠠᠬᠢᠨ᠎ᠲᠠᠶ ᠬᠤᠪᠢᠶᠠᠯᠴᠠᠨ ᠡᠳ᠋ᠯᠡᠵᠦ᠍᠂ ᠳᠡᠯᠡᠬᠡᠢ᠎ᠶ᠋ᠢᠨ ᠠᠷᠠᠳ ᠲᠦᠮᠡᠨ᠎ᠢ ᠳᠠᠭᠠᠭᠤᠯᠤᠨ ᠬᠠᠮᠲᠤ᠎ᠪᠠᠷ ᠪᠠᠶᠠᠵᠢᠬᠣ ᠲᠡᠢᠰᠢ ᠤᠷᠤᠭ᠍ᠰᠢᠯᠠᠬᠤ᠎ᠳᠤ ᠪᠠᠢᠨ᠎ᠠ᠃ ᠳᠤᠮᠳᠠᠳᠤ ᠤᠯᠤᠰ᠎ᠤᠨ ᠬᠠᠮᠲᠤ᠎ᠶ᠋ᠢᠨ ᠪᠠᠶᠠᠵᠢᠯ᠎ᠳᠦ ᠮᠢᠩᠭᠠᠨ ᠵᠢᠯ ᠤᠯᠠᠮᠵᠢᠯᠠᠭ᠍ᠳᠠᠭ᠍ᠰᠠᠨ ᠳᠤᠮᠳᠠᠳᠤ ᠤᠯᠤᠰ᠎ᠤᠨ ᠤᠶᠤᠨ ᠤᠬᠠᠭᠠᠨ ᠠᠭᠤᠯᠤᠭ᠍ᠳᠠᠵᠤ ᠪᠠᠢᠳᠠᠭ᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠬᠢᠭ᠌ᠰᠡᠨ ᠠᠮᠠᠯᠠᠯᠲᠠ ᠪᠣᠯᠬᠤ᠎ᠪᠠᠷ ᠪᠠᠷᠠᠬᠤ ᠦᠭᠡᠢ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠴᠢᠭ᠌ᠯᠡᠯ᠎ᠢ ᠬᠦᠳᠦᠯᠥᠨ ᠳᠠᠭᠠᠭᠤᠯᠬᠤ ᠨᠢ ᠯᠠᠪᠲᠠᠢ ᠶᠤᠮ᠃

(ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠦᠨ ᠰᠤᠳᠤᠯᠭᠠᠨ᠎ᠤ ᠲᠥᠪ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号