ᠱᠢᠨ᠎ᠡ ᠣᠢᠯᠠᠭᠠᠭ᠍ᠳᠠᠬᠤᠨ᠎ᠵᠢᠡᠷ ᠰᠢᠨ᠎ᠡ ᠬᠦᠭᠵᠢᠯᠳᠡ ᠵᠢ ᠬᠦᠳᠦᠯᠦᠨ ᠲᠠᠭᠠᠭᠣᠯᠣᠶ᠎ᠠ — ᠰᠢᠨ᠎ᠠ ᠵᠠᠮ ᠵᠢᠡᠷ ᠭᠤᠢᠪᠢᠰᠢ ᠦᠭᠡᠢ ᠰᠠᠢᠳᠤᠷ ᠵᠠᠮᠨᠠᠬᠤ ᠲᠤᠬᠠᠢ ᠦᠬᠦᠯᠡᠬᠦ ᠨᠢ①
2022-01-14 10:09:04
ᠵᠣᠬᠢᠶᠠᠭ᠍ᠴᠢ᠄
ᠠᠨ ᠬᠣᠸᠠ ᠸᠸᠢ
ᠣᠩᠱᠢᠭ᠍ᠰᠠᠨ ᠣᠳᠠᠭ᠎ᠠ᠄
★★★☆☆

ᠰᠢᠨ᠎ᠡ ᠬᠦᠭᠵᠢᠯᠳᠡ ᠵᠢᠨ ᠣᠢᠯᠠᠭᠠᠬᠳᠠᠬᠣᠨ᠎ᠢ ᠰᠠᠢᠳᠣᠷ ᠬᠡᠷᠡᠭᠯᠡᠵᠦ᠂  ᠲᠠᠨᠢᠯᠲᠠ᠎ᠶ᠋ᠢᠨ ᠲᠠᠯ᠎ᠠ᠎ᠪᠠᠷ ᠨᠡᠩ ᠭᠦᠢᠴᠡᠳ᠂ ᠠᠵᠢᠯᠯᠠᠭ᠎ᠠ᠎ᠶ᠋ᠢᠨ ᠲᠠᠯ᠎ᠠ᠎ᠪᠠᠷ ᠨᠡᠩ ᠤᠬᠠᠮᠰᠠᠷ ᠲᠠᠢ᠂ ᠠᠵᠢᠯ᠎ᠤᠨ ᠲᠠᠯ᠎ᠠ᠎ᠪᠠᠷ ᠨᠡᠩ ᠵᠢᠳᠬᠦᠯ ᠴᠢᠷᠮᠠᠢᠯᠭ᠎ᠠ᠎ᠲᠠᠶ ᠪᠠᠢᠵᠤ᠂ ᠶᠠᠭᠤ ᠬᠢᠬᠦ᠌᠂ ᠶᠠᠭᠤ ᠬᠢᠵᠦ ᠪᠣᠯᠬᠣ ᠦᠬᠡᠢ ᠭᠡᠳᠡᠭ ᠲᠸ᠋ ᠡᠷᠬᠡᠪᠰᠢ ᠳᠣᠲᠣᠷ᠎ᠠ᠎ᠪᠠᠨ ᠲᠣᠭ᠎ᠠ᠎ᠲᠠᠶ ᠪᠠᠢᠵᠤ᠂ ᠶᠠᠭᠠᠬᠢᠵᠤ ᠬᠢᠬᠦ᠂ ᠶᠠᠭᠠᠬᠢᠵᠦ ᠬᠢᠪᠡᠯ ᠰᠠᠢᠨ ᠭᠡᠳᠡᠭ ᠲᠸ᠋ ᠠᠷᠭ᠎ᠠ ᠰᠠᠮᠪᠠᠭ᠎ᠠ᠎ᠲᠠᠶ ᠪᠠᠢᠵᠤ᠂ ᠬᠤᠪᠢᠷᠠᠯᠲᠠ᠎ᠶ᠋ᠢᠨ ᠳᠤᠮᠳᠠ ᠤᠷᠤᠭ᠍ᠰᠢᠯᠠᠨ ᠲᠠᠪᠱᠢᠪᠠᠯ ᠰᠠᠶᠢ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠱᠢᠨ᠎ᠡ ᠪᠠᠢᠳᠠᠯ᠎ᠢ ᠡᠭᠦᠳᠴᠦ᠍ ᠴᠢᠳᠠᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠵᠤ᠂ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠰᠠᠢᠲᠤᠷ ᠭᠦᠢᠴᠡᠳᠭᠡᠬᠦ᠌᠎ᠳᠦ  ᠥᠪᠥᠷ ᠮᠣᠩᠭᠣᠯ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ ᠵᠠᠮᠨᠠᠬᠤ ᠬᠡᠷᠡᠭ᠌ᠲᠡᠢ ᠭᠡᠵᠦ ᠴᠢᠬᠣᠯᠠᠴᠢᠯᠠᠵᠠᠢ᠃

ᠱᠢᠨ᠎ᠡ ᠮᠡᠷᠭᠡᠵᠢᠯ᠂ ᠱᠢᠨ᠎ᠡ ᠲᠥᠷᠥᠯ ᠵᠦᠢᠯ᠂ ᠱᠢᠨ᠎ᠡ ᠬᠥᠳᠡᠯᠭᠡᠭ᠌ᠴᠢ ᠡᠨᠧᠷᠭᠢ᠎ᠪᠡᠷ ᠭᠠᠷᠳᠠᠴᠠ ᠪᠣᠯᠭᠠᠨ᠂ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠲᠡᠷᠢᠭᠦᠨ᠎ᠦ ᠦᠢᠯᠡᠳᠪᠦᠷᠢᠯᠡᠯ᠎ᠦᠨ ᠵᠠᠭ᠍ᠪᠤᠷ᠎ᠢ ᠢᠳᠡᠪᠬᠢᠲᠡᠶ᠎ᠪᠡᠷ ᠣᠷᠣᠭᠤᠯᠵᠤ ᠠᠪᠴᠢᠷᠠᠨ᠂ ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠢᠷᠢ ᠬᠡᠮᠵᠢᠶ᠎ᠡ ᠲᠠᠰᠤᠷᠠᠯᠲᠠ ᠤᠢ᠍ᠭᠡᠢ ᠳᠡᠭᠡᠭ᠌ᠰᠢᠯᠡᠪᠡ; ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠨᠡᠮᠡᠭ᠌ᠳᠡᠯ ᠬᠡᠮᠵᠢᠶ᠎ᠡ᠎ᠶ᠋ᠢ ᠪᠣᠢᠵᠢᠭᠤᠯᠬᠤ᠎ᠶ᠋ᠢ ᠲᠦᠷᠭᠡᠳᠭᠡᠵᠦ᠍᠂ ᠦᠬᠠᠶ ᠬᠣᠲᠠ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ  ᠪᠣᠬᠢᠷᠲᠤᠯ ᠥᠬᠡᠶ ᠬᠥᠭ᠌ᠵᠢᠬᠦᠯᠬᠦ ᠵᠠᠮ ᠳᠡᠭᠡᠷ᠎ᠡ 《 ᠤᠰᠤᠲᠥ᠋ᠷᠥᠭ᠌ᠴᠢ》 ᠎ᠶ᠋ᠢ ᠤᠭ᠍ᠰᠠᠷᠠᠪᠠ; ᠬᠠᠶᠠᠭ᠍ᠳᠠᠮᠠᠯ ᠪᠣᠳᠠᠰ᠎ᠢ ᠡᠷᠳᠡᠨᠢ ᠪᠣᠯᠭᠠᠬᠤ᠂ ᠪᠣᠬᠢᠷᠲᠤᠯ ᠦᠭᠡᠢ ᠶᠠᠪᠤᠵᠤ ᠰᠠᠭᠤᠬᠤ᠂ ᠪᠣᠬᠢᠷᠲᠤᠯ ᠦᠭᠡᠢ ᠡᠨᠧᠷᠭᠢ᠎ᠪᠡᠷ ᠢᠯᠴᠢ ᠬᠠᠩᠭᠠᠬᠤ ᠪᠣᠯᠭᠠᠨ ᠬᠤᠪᠢᠷᠠᠭᠤᠯᠵᠤ᠂ ᠤᠷᠳᠤᠰ ᠬᠤᠳᠠ᠎ᠶ᠋ᠢᠨ ᠨᠡᠭᠦᠷᠡᠰᠦᠨ᠎ᠦ ᠠᠵᠤ ᠦᠢᠯᠡᠰ᠎ᠢ 《 ᠪᠠᠭᠠᠰᠭᠠᠬᠤ》᠂ 《ᠱᠢᠯᠢᠳᠡᠭ᠌ᠵᠢᠭᠦᠯᠬᠦ᠌》᠂ 《 ᠨᠣᠭᠣᠭᠠᠷᠠᠭᠤᠯᠬᠤ》 ᠵᠠᠮ᠎ᠢᠶᠠᠷ ᠵᠠᠮᠨᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠤᠮᠠᠷᠠᠲᠤ ᠬᠢᠯᠢ᠎ᠶ᠋ᠢᠨ ᠡᠬᠡ ᠭᠠᠵᠠᠷ ᠳᠡᠭᠡᠷᠡᠬᠢ ᠠᠯᠢ ᠤᠯᠠᠨ ᠬᠥᠭ᠌ᠵᠢᠯᠲᠡ᠎ᠶ᠋ᠢᠨ ᠦᠢᠯᠡᠳᠦᠯᠭᠡ ᠨᠢ ᠥᠪᠥᠷ ᠮᠣᠩᠭᠣᠯ᠎ᠤᠨ ᠱᠢᠨ᠎ᠡ ᠵᠠᠮ᠎ᠢᠶᠠᠷ ᠭᠤᠢᠪᠢᠰᠢ ᠦᠭᠡᠢ ᠰᠠᠢᠲᠤᠷ ᠵᠠᠮᠨᠠᠬᠤ ᠰᠡᠳᠭᠢᠯ ᠬᠥᠳᠡᠯᠭᠡᠮ᠎ᠡ ᠪᠠᠢᠳᠠᠯ᠎ᠢ ᠦᠵᠡᠭᠦᠯᠵᠡᠢ᠃

ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠣᠰᠢᠯᠠᠭᠣᠯᠵᠦ᠂ ᠱᠢᠨ᠎ᠡ ᠵᠠᠮ᠎ᠢᠶᠠᠷ ᠰᠠᠢᠲᠤᠷ ᠵᠠᠮᠨᠠᠪᠠᠯ ᠰᠠᠶᠢ ᠰᠠᠢ᠌ᠨ ᠰᠠᠢᠬᠠᠨ ᠢᠷᠡᠭᠡᠳᠦᠢ᠎ᠶ᠋ᠢ ᠵᠢᠷᠤᠭ᠍ᠯᠠᠵᠤ᠂ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠴᠦ᠍ ᠴᠢᠳᠠᠨ᠎ᠠ ᠬᠡᠳᠡᠭ᠎ᠢ ᠦᠢᠯᠡᠳᠦᠯᠭᠡ ᠲᠠᠬᠢᠨ ᠳᠠᠪᠲᠠᠨ ᠭᠡᠷᠡᠴᠢᠯᠡᠭ᠌ᠰᠡᠨ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠦ ᠪᠣᠬᠢᠷᠲᠤᠯ ᠦᠭᠡᠢ᠎ᠪᠡᠷ ᠬᠥᠭ᠌ᠵᠢᠭᠦᠯᠬᠦ᠌ ᠱᠠᠭᠠᠷᠳᠠᠯᠭ᠎ᠠ᠎ᠳᠤ ᠵᠣᠬᠢᠴᠠᠬᠤ ᠦᠭᠡᠢ ᠦᠵᠡᠯ ᠰᠠᠨᠠᠭ᠎ᠠ ᠣᠢᠯᠠᠭᠠᠭ᠍ᠳᠠᠬᠤᠨ᠂ ᠦᠢᠯᠡ ᠠᠵᠢᠯᠯᠠᠭ᠎ᠠ᠎ᠶ᠋ᠢᠨ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠵᠠᠭ᠍ᠪᠤᠷ ᠲᠦ᠍ ᠡᠷᠡᠰ ᠳᠤᠬᠢᠷᠠᠭᠤᠯᠤᠯᠳᠠ ᠬᠢᠵᠦ ᠵᠠᠯᠠᠷᠠᠭᠤᠯᠬᠤ ᠪᠤᠶᠤ ᠲᠠᠶᠠᠭ᠍ᠳᠠᠵᠤ᠂ ᠬᠤᠷᠳᠤᠴᠠ᠎ᠳᠤ ᠲᠦᠱᠢᠭ᠌ᠯᠡᠬᠦ᠌᠂ ᠠᠷᠭ᠎ᠠ ᠵᠠᠮ᠎ᠳᠤ ᠲᠦᠱᠢᠭ᠌ᠯᠡᠬᠦ᠌᠎ᠡᠴᠡ ᠲᠤᠢᠯᠪᠤᠷᠢᠲᠠᠢ ᠠᠩᠭᠢᠵᠢᠷᠠᠵᠤ᠂ ᠳᠠᠷᠤᠯᠲᠠ᠎ᠶ᠋ᠢ ᠲᠤᠯᠵᠤ᠂ ᠡᠪᠡᠷᠱᠢᠶᠡᠯ᠎ᠢ ᠲᠡᠰᠪᠦᠷᠢᠯᠡᠨ᠂ ᠯᠠᠪᠳᠠᠭᠤᠨ ᠪᠠᠲᠤᠲᠠᠢ᠎ᠪᠠᠷ ᠱᠢᠨ᠎ᠡ ᠵᠠᠮ᠎ᠢᠶᠠᠷ ᠰᠠᠢᠲᠤᠷ ᠵᠠᠮᠨᠠᠬᠤ ᠬᠡᠷᠡᠭ᠌ᠲᠡᠢ ᠭᠡᠵᠦ᠍ ᠲᠣᠳᠣᠷᠬᠠᠢ ᠳᠤᠷᠠᠳᠴᠠᠢ᠃ ᠡᠨᠡ ᠪᠣᠯ ᠥᠪᠥᠷ ᠮᠣᠩᠭᠣᠯ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ᠎ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ᠎ᠶ᠋ᠢᠨ ᠵᠠᠢᠯᠠᠰᠢ ᠦᠭᠡᠢ ᠰᠣᠩᠭᠣᠯᠲᠠ ᠮᠥᠨ᠂ ᠪᠠᠰᠠ ᠴᠤ᠌ ᠵᠢᠮ᠎ᠡ ᠶᠣᠰᠣᠨ᠎ᠤ ᠬᠠᠨᠳᠤᠰᠢ᠂ ᠪᠠᠢᠳᠠᠯ᠎ᠤᠨ ᠬᠠᠨᠳᠤᠰᠢ᠂ ᠠᠷᠠᠳ ᠲᠦᠮᠡᠨ᠎ᠦ ᠬᠦᠰᠡᠯ  ᠡᠷᠡᠮᠡᠯᠵᠡᠯ ᠮᠥᠨ᠃

ᠮᠠᠷᠺᠰ᠄ 《ᠰᠡᠳᠭᠢᠬᠦᠢ᠎ᠳᠦ ᠪᠤᠰᠤᠳᠴᠢ ᠦᠨᠡᠨ ᠶᠣᠰᠣᠴᠢ ᠴᠢᠨᠠᠷ ᠪᠠᠢᠬᠤ ᠡᠰᠡᠬᠦ᠌ ᠨᠢ ᠤᠨᠤᠯ᠎ᠤᠨ ᠠᠰᠠᠭᠤᠳᠠᠯ ᠪᠢᠰᠢ᠂ ᠬᠠᠷᠢᠨ ᠦᠢᠯᠡᠳᠦᠯᠭᠡ᠎ᠶ᠋ᠢᠨ ᠠᠰᠠᠭᠤᠳᠠᠯ ᠮᠥᠨ》᠃ ᠱᠢᠨ᠎ᠡ ᠵᠠᠮ᠎ᠢᠶᠠᠷ ᠭᠤᠢᠪᠢᠰᠢ ᠦᠭᠡᠢ ᠰᠠᠢᠲᠤᠷ ᠵᠠᠮᠨᠠᠬᠤ ᠨᠢ ᠪᠠᠢᠳᠠᠯ᠎ᠤᠨ ᠲᠤᠬᠠᠢ ᠭᠦᠨᠵᠡᠭᠡᠢ ᠵᠠᠳᠠᠯᠤᠯᠲᠠ᠎ᠠᠴᠠ ᠢᠷᠡᠯᠳᠡ᠎ᠲᠡᠶ᠂ ᠢᠷᠡᠭᠡᠳᠦᠢ᠎ᠶ᠋ᠢᠨ ᠲᠤᠬᠠᠢ ᠱᠢᠨᠵᠢᠯᠡᠬᠦ᠌ ᠤᠬᠠᠭᠠᠨᠴᠢ ᠮᠠᠭᠠᠳᠯᠠᠯᠲᠠ᠎ᠠᠴᠠ ᠢᠷᠡᠯᠳᠡ᠎ᠲᠡᠶ ᠶᠤᠮ᠃ ᠨᠢᠭᠡ ᠲᠠᠯ᠎ᠠ᠎ᠪᠠᠷ᠂ ᠭᠠᠳᠠᠭᠠᠳᠤ ᠣᠷᠴᠢᠨ ᠨᠥᠬᠥᠴᠡᠯ ᠨᠡᠩ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠤᠯᠵᠤ᠂ ᠡᠬᠢ ᠪᠠᠶᠠᠯᠢᠭ ᠣᠷᠴᠢᠨ ᠠᠬᠤᠢ᠎ᠶ᠋ᠢᠨ ᠬᠢᠵᠠᠭᠠᠷᠯᠠᠯ ᠴᠢᠩᠭᠠᠷᠠᠵᠤ᠂ ᠤᠯᠠᠮᠵᠢᠯᠠᠯᠲᠤ ᠬᠥᠭ᠌ᠵᠢᠯᠲᠡ᠎ᠶ᠋ᠢᠨ ᠵᠠᠭ᠍ᠪᠤᠷ ᠦᠷᠭᠦᠯᠵᠢᠯᠡᠬᠦᠶ᠎ᠡ ᠪᠡᠷᠬᠡ ᠪᠤᠯᠵᠤ᠂ ᠬᠠᠭᠤᠴᠢᠨ ᠵᠠᠮ᠎ᠢᠶᠠᠷ᠎ᠢᠶᠠᠨ ᠵᠠᠮᠨᠠᠵᠤ ᠳᠡᠢᠯᠬᠦ᠌ ᠦᠭᠡᠢ᠂ ᠲᠠᠬᠢᠵᠤ ᠶᠠᠪᠤᠵᠤ ᠪᠣᠯᠬᠤ ᠦᠭᠡᠢ ᠪᠤᠯᠵᠤ᠂ ᠠᠮᠢ ᠠᠬᠤᠢ᠎ᠶ᠋ᠢᠨ ᠣᠷᠴᠢᠨ ᠨᠥᠬᠥᠴᠡᠯ ᠵᠥᠪᠱᠢᠶᠡᠷᠡᠬᠦ᠌ ᠦᠭᠡᠢ᠂ ᠠᠷᠠᠳ ᠤᠯᠠᠨ ᠵᠥᠪᠱᠢᠶᠡᠷᠡᠬᠦ᠌ ᠦᠭᠡᠢ ᠪᠠᠢᠨ᠎ᠠ; ᠨᠥᠭᠥᠭᠡ ᠲᠠᠯ᠎ᠠ᠎ᠪᠠᠷ᠂ ᠪᠠᠢᠳᠠᠯ ᠬᠥᠭ᠌ᠵᠢᠵᠦ᠍᠂ ᠴᠠᠭ ᠦᠶ᠎ᠡ ᠳᠡᠪᠱᠢᠵᠦ᠍ ᠪᠠᠢᠨ᠎ᠠ᠂ ᠥᠪᠥᠷ ᠮᠣᠩᠭᠣᠯ ᠶᠠᠭ ᠶᠡᠬᠡ ᠦᠶ᠋ᠯᠡᠰ᠎ᠢ ᠪᠦᠲᠦᠭᠡᠵᠦ᠍ ᠪᠣᠯᠬᠤ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭ᠎ᠠ᠂ ᠤᠷᠤᠭ᠍ᠰᠢᠯᠠᠬᠤ ᠥᠬᠡᠶ ᠪᠣᠯ ᠲᠦᠯᠬᠢᠭᠳᠡᠨ ᠤᠬᠤᠷᠢᠬᠤ ᠳ᠋ᠦ ᠳᠤᠯᠤᠬᠰᠠᠨ ᠬᠡᠯᠪᠡᠷᠢ᠎ᠪᠡᠨ ᠬᠤᠪᠢᠷᠠᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ᠂ ᠠᠵᠢᠯ ᠬᠢᠵᠦ᠍ ᠦᠶ᠋ᠯᠡᠰ ᠴᠣᠭ᠍ᠴᠠᠯᠠᠬᠤ ᠬᠥᠭ᠌ᠵᠢᠯᠲᠡ᠎ᠶ᠋ᠢᠨ ᠱᠢᠵᠢᠷ ᠠᠯᠲᠠᠨ ᠴᠠᠭ ᠦᠶ᠎ᠡ᠎ᠳᠦ ᠣᠷᠣᠱᠢᠵᠤ ᠪᠠᠢᠨ᠎ᠠ᠂ ᠡᠢᠮᠦᠷᠬᠦᠦ  ᠵᠠᠩᠭᠢᠯᠠᠭ᠎ᠠ᠎ᠶ᠋ᠢᠨ ᠴᠠᠭ ᠦᠶ᠎ᠡ᠎ᠳᠦ ᠱᠢᠨ᠎ᠡ ᠰᠡᠳᠭᠢᠮᠵᠢ᠎ᠪᠡᠷ ᠱᠢᠨ᠎ᠡ ᠭᠠᠷᠬᠤ ᠵᠠᠮ ᠡᠷᠢᠯᠬᠢᠯᠡᠵᠦ᠍᠂ ᠱᠢᠨ᠎ᠡ ᠣᠢᠯᠠᠭᠠᠭ᠍ᠳᠠᠬᠤᠨ᠎ᠢᠶᠠᠷ ᠱᠢᠨ᠎ᠡ ᠬᠥᠭ᠌ᠵᠢᠯᠲᠡ᠎ᠶ᠋ᠢ ᠬᠥᠲᠥᠯᠦᠨ ᠳᠠᠭᠠᠭᠤᠯᠬᠤ᠎ᠶ᠋ᠢ ᠲᠤᠯᠭᠠᠮ  ᠱᠠᠭᠠᠷᠳᠠᠵᠤ ᠪᠠᠢᠨ᠎ᠠ᠂ ᠶᠠᠭᠠᠬᠢᠭ᠍ᠰᠠᠨ ᠴᠤ᠌ ᠱᠢᠨ᠎ᠡ ᠱᠠᠬᠠᠶ ᠡᠮᠦᠰᠴᠦ᠍ ᠬᠠᠭᠤᠴᠢᠨ ᠵᠠᠮ᠎ᠢᠶᠠᠷ᠎ᠢᠶᠠᠨ ᠵᠠᠮᠨᠠᠵᠤ ᠪᠣᠯᠬᠤ ᠥᠬᠡᠶ᠂ ᠣᠷᠴᠢᠨ ᠲᠣᠭᠣᠷᠢᠨ᠎ᠢ ᠡᠪᠳᠡᠬᠦ᠌᠎ᠪᠡᠷ ᠦᠨ᠎ᠡ ᠥᠷᠲᠡᠭ ᠪᠣᠯᠭᠠᠨ ᠪᠦᠳᠦᠭᠦᠯᠢᠭ ᠮᠠᠶᠢᠭ᠎ᠤᠨ ᠬᠥᠭ᠌ᠵᠢᠯᠲᠡ᠎ᠶ᠋ᠢᠨ ᠵᠠᠭ᠍ᠪᠤᠷ᠎ᠲᠤ ᠪᠤᠴᠠᠵᠤ ᠪᠣᠯᠬᠤ ᠥᠬᠡᠶ᠃

ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠨ ᠡᠷᠡᠰ ᠬᠤᠪᠢᠷᠠᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠪᠣᠯ ᠬᠡᠢᠰᠪᠦᠷᠢ᠎ᠡᠴᠡ ᠬᠡᠢᠰᠪᠦᠷᠢ᠎ᠳᠦ ᠬᠦᠷᠬᠦ᠌᠂ ᠤᠬᠠᠭ᠍ᠳᠠᠬᠤᠨ᠎ᠠᠴᠠ ᠤᠬᠠᠭ᠍ᠳᠠᠬᠤᠨ᠎ᠳᠤ ᠬᠦᠷᠬᠦ᠌ ᠶᠠᠪᠤᠳᠠᠯ ᠪᠢᠰᠢ᠂ ᠵᠥᠪᠬᠡᠨ ᠠᠮᠠᠨ ᠳᠡᠭᠡᠷ᠎ᠡ᠎ᠪᠡᠨ ᠬᠡᠯᠡᠭᠡᠳ ᠯᠡ ᠪᠠᠢᠵᠤ ᠪᠣᠯᠬᠤ ᠦᠭᠡᠢ᠂ ᠦᠵᠡᠯ ᠰᠠᠨᠠᠭᠠᠨ᠎ᠤ ᠭᠣᠭ᠍ᠴᠣᠭ᠎ᠠ᠎ᠳᠤ ᠵᠣᠭ᠍ᠰᠣᠵᠤ ᠪᠣᠯᠬᠤ ᠦᠭᠡᠢ᠂ ᠬᠠᠷᠢᠨ ᠦᠢᠯᠡᠳᠦᠯᠭᠡ᠎ᠶ᠋ᠢ ᠵᠢᠯᠣᠭᠣᠳᠴᠤ᠌᠂ ᠦᠢᠯᠡᠳᠦᠯᠭᠡ᠎ᠳᠦ ᠠᠭᠤᠰᠭᠠᠬᠤ ᠬᠡᠷᠡᠭ᠌ᠲᠡᠢ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠯᠠᠪᠳᠠᠭᠤᠨ ᠬᠤᠯᠠ ᠠᠶᠠᠯᠠᠶ᠎ᠠ ᠭᠡᠪᠡᠯ ᠡᠷᠬᠡᠪᠰᠢ ᠲᠠᠷᠢᠬᠢ ᠲᠣᠯᠣᠭᠠᠢ᠎ᠶ᠋ᠢᠨ ᠱᠢᠭᠤᠷᠭ᠎ᠠ᠎ᠶ᠋ᠢ ᠳᠡᠭ᠌ᠳᠡᠭᠡᠵᠦ᠍᠂ ᠦᠵᠡᠯ ᠰᠠᠨᠠᠭ᠎ᠠ ᠣᠢᠯᠠᠭᠠᠭ᠍ᠳᠠᠬᠤᠨ᠎ᠢᠶᠠᠨ ᠱᠢᠨᠡᠳᠭᠡᠵᠦ᠍᠂ ᠣᠷᠣᠨ ᠳᠠᠶᠠᠭᠠᠷ ᠵᠢᠡᠨ ᠴᠠᠭ᠎ᠤᠨ ᠪᠠᠢᠳᠠᠯ᠎ᠳᠤ ᠦᠯᠦ᠍ ᠲᠤᠬᠢᠷᠠᠬᠤ ᠦᠵᠡᠯ ᠰᠠᠨᠠᠭ᠎ᠠ ᠦᠢᠯᠡ ᠠᠵᠢᠯᠯᠠᠭ᠎ᠠ᠎ᠳᠤ ᠲᠤᠢᠯᠪᠤᠷᠢᠲᠠᠢ ᠬᠤᠪᠢᠰᠭᠠᠯᠲᠤ ᠴᠢᠨᠠᠷᠲᠠᠢ ᠥᠭᠡᠷᠡᠴᠢᠯᠡᠯᠲᠡ ᠬᠢᠬᠦ᠌᠎ᠶ᠋ᠢ ᠠᠬᠢᠭᠤᠯᠵᠤ᠂ ᠰᠡᠳᠭᠢᠬᠦᠢ᠎ᠶ᠋ᠢᠨ ᠲᠣᠭ᠍ᠲᠠᠮᠠᠯ ᠬᠠᠨᠳᠤᠰᠢ᠂ ᠠᠵᠢᠯ᠎ᠤᠨ ᠲᠠᠳᠬᠠᠯ᠂ ᠠᠷᠭ᠎ᠠ ᠵᠠᠮ᠎ᠳᠤ ᠲᠦᠱᠢᠭ᠌ᠯᠡᠬᠦ᠌᠎ᠶ᠋ᠢ ᠡᠷᠡᠰ ᠠᠷᠢᠯᠭᠠᠵᠤ᠂ ᠡᠯ᠎ᠡ ᠵᠦᠢᠯ᠎ᠦᠨ ᠱᠢᠨ᠎ᠡ ᠱᠠᠭᠠᠷᠳᠠᠯᠭ᠎ᠠ᠎ᠶ᠋ᠢ ᠪᠣᠳᠠᠲᠠᠢ ᠨᠠᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭ᠌ᠲᠡᠢ᠃ ᠰᠢᠨ᠎ᠡ ᠬᠦᠭᠵᠢᠯᠳᠡ ᠵᠢᠨ ᠣᠢᠯᠠᠭᠠᠬᠳᠠᠬᠣᠨ᠎ᠢ ᠰᠠᠢᠳᠣᠷ ᠬᠡᠷᠡᠭᠯᠡᠵᠦ᠂ ᠲᠠᠨᠢᠯᠲᠠ᠎ᠶ᠋ᠢᠨ ᠲᠠᠯ᠎ᠠ᠎ᠪᠠᠷ ᠨᠡᠩ ᠭᠦᠢᠴᠡᠳ᠂ ᠠᠵᠢᠯᠯᠠᠭ᠎ᠠ᠎ᠶ᠋ᠢᠨ ᠲᠠᠯ᠎ᠠ᠎ᠪᠠᠷ ᠨᠡᠩ ᠤᠬᠠᠮᠰᠠᠷ ᠲᠠᠢ᠂ ᠠᠵᠢᠯ᠎ᠤᠨ ᠲᠠᠯ᠎ᠠ᠎ᠪᠠᠷ ᠨᠡᠩ ᠵᠢᠳᠬᠦᠯ ᠴᠢᠷᠮᠠᠢᠯᠭ᠎ᠠ᠎ᠲᠠᠶ ᠪᠠᠢᠵᠤ᠂ ᠡᠷᠬᠡᠪᠰᠢ ᠶᠠᠭᠤ ᠬᠢᠬᠦ᠌᠂ ᠶᠠᠭᠤ ᠬᠢᠵᠦ ᠪᠣᠯᠬᠣ ᠦᠬᠡᠢ ᠭᠡᠳᠡᠭ ᠲᠸ᠋ ᠳᠣᠲᠣᠷ᠎ᠠ᠎ᠪᠠᠨ ᠲᠣᠭ᠎ᠠ᠎ᠲᠠᠶ ᠪᠠᠢᠵᠤ᠂ ᠶᠠᠭᠠᠬᠢᠵᠤ ᠬᠢᠬᠦ᠂ ᠶᠠᠭᠠᠬᠢᠵᠦ ᠬᠢᠪᠡᠯ ᠰᠠᠢᠨ ᠭᠡᠳᠡᠭ ᠲᠸ᠋ ᠠᠷᠭ᠎ᠠ ᠰᠠᠮᠪᠠᠭ᠎ᠠ᠎ᠲᠠᠶ ᠪᠠᠢᠵᠤ᠂ ᠬᠤᠪᠢᠷᠠᠯᠲᠠ᠎ᠶ᠋ᠢᠨ ᠳᠤᠮᠳᠠ ᠤᠷᠤᠭ᠍ᠰᠢᠯᠠᠨ ᠲᠠᠪᠱᠢᠬᠤ 《ᠵᠢᠩᠬᠢᠨᠢ ᠨᠣᠮ》᠎ᠢ ᠰᠠᠢᠲᠤᠷ ᠤᠩᠱᠢᠪᠠᠯ ᠰᠠᠶᠢ ᠱᠢᠨ᠎ᠡ ᠵᠠᠮ᠎ᠢᠶᠠᠷ ᠰᠠᠢᠲᠤᠷ ᠵᠠᠮᠨᠠᠵᠤ᠂  ᠱᠢᠨ᠎ᠡ ᠪᠠᠢᠳᠠᠯ᠎ᠢ ᠡᠭᠦᠳᠴᠦ᠍ ᠴᠢᠳᠠᠨ᠎ᠠ᠃

《 ᠮᠥᠰᠥ᠎ᠶ᠋ᠢ ᠬᠡᠷᠬᠢᠨ ᠴᠤᠭᠤᠯᠳᠠᠭ ᠪᠣᠶ?  ᠤᠷᠢᠳ᠎ᠢᠶᠠᠷ ᠠᠯᠤᠬ᠎ᠠ᠎ᠪᠠᠷ ᠨᠢᠭᠡ ᠴᠡᠭ ᠲᠸ᠋ ᠲᠥᠪᠯᠡᠷᠡᠭᠦᠯᠦᠨ ᠴᠣᠬᠢᠨ᠎ᠠ》᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠱᠢᠨ᠎ᠡ ᠠᠶᠠᠨ᠎ᠳᠤ ᠮᠣᠷᠳᠠᠬᠤ᠎ᠳᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠳᠠᠷᠤᠢ ᠮᠥᠰᠥ᠍ ᠬᠠᠭᠠᠯᠬᠤ ᠠᠯᠤᠬ᠎ᠠ ᠮᠥᠨ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ ᠪᠣᠯ ᠳᠠᠷᠤᠢ ᠬᠦᠴᠦ᠍᠎ᠪᠡᠨ ᠲᠥᠪᠯᠡᠷᠡᠭᠦᠯᠦᠨ ᠴᠣᠬᠢᠬᠣ ᠲᠡᠷᠡ ᠨᠢᠭᠡ ᠴᠡᠭ ᠪᠣᠯᠤᠨ᠎ᠠ᠃ ᠬᠤᠪᠢᠰᠤᠩᠭᠤᠶ ᠰᠡᠳᠭᠢᠬᠦᠶ᠎ᠪᠡᠷ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠲᠤᠯᠭᠠᠷᠠᠵᠤ ᠪᠠᠢᠭ᠎ᠠ ᠱᠢᠨ᠎ᠡ ᠠᠵᠠ ᠲᠣᠬᠢᠶᠠᠯ ᠱᠢᠨ᠎ᠡ ᠥᠷᠢᠰᠥᠯᠳᠦᠭᠡᠨ᠎ᠢ ᠡᠵᠡᠮᠳᠡᠵᠦ᠍᠂ ᠱᠢᠰᠲ᠋ᠧᠮ᠎ᠦᠨ ᠣᠢᠯᠠᠭᠠᠭ᠍ᠳᠠᠬᠤᠨ᠎ᠢᠶᠠᠷ ᠵᠢᠮ᠎ᠡ ᠶᠣᠰᠣ᠎ᠶ᠋ᠢ ᠣᠨᠣᠪᠴᠢᠲᠠᠶ ᠣᠢᠯᠠᠭᠠᠵᠤ᠂ ᠴᠢᠭ᠌ᠯᠡᠯ᠎ᠢ ᠣᠨᠣᠪᠴᠢᠲᠠᠶ ᠲᠠᠨᠢᠵᠤ᠂ ᠠᠷᠭ᠎ᠠ ᠵᠠᠮ᠎ᠢ ᠣᠨᠣᠪᠴᠢᠲᠠᠶ ᠡᠵᠡᠮᠳᠡᠵᠦ᠍᠂ ᠵᠠᠩᠭᠢᠯᠠᠭ᠎ᠠ᠎ᠶ᠋ᠢ ᠣᠨᠣᠪᠴᠢᠲᠠᠶ ᠡᠵᠡᠮᠳᠡᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭᠠᠵᠤ ᠪᠠᠢᠭᠠᠳ ᠬᠥᠭ᠌ᠵᠢᠯᠲᠡ᠎ᠶ᠋ᠢᠨ ᠳᠤᠮᠳᠠᠬᠢ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠵᠣᠷᠢᠭ᠍ᠲᠠᠶ᠎ᠪᠠᠷ ᠬᠤᠪᠢᠷᠠᠯᠲᠠ᠎ᠶ᠋ᠢ ᠡᠷᠢᠯᠬᠢᠯᠡᠵᠦ᠍᠂ ᠢᠳᠡᠪᠬᠢᠲᠡᠶ ᠬᠤᠪᠢᠷᠠᠭᠤᠯᠵᠤ᠂ ᠪᠣᠳᠠᠲᠠᠶ᠎ᠶ᠋ᠢ ᠡᠷᠬᠢᠮᠯᠡᠨ ᠬᠤᠪᠢᠷᠠᠯᠲᠠ᠎ᠶ᠋ᠢ ᠰᠦᠪᠡᠭ᠌ᠴᠢᠯᠡᠵᠦ᠍᠂ ᠨᠠᠩ ᠢᠯᠡᠭᠦᠦ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠵᠤ ᠪᠠᠢᠭᠠᠳ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠱᠢᠨ᠎ᠡ ᠵᠠᠮ᠎ᠢᠶᠠᠷ ᠰᠠᠢᠲᠤᠷ ᠵᠠᠮᠨᠠᠪᠠᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠢᠷᠡᠭᠡᠳᠦᠶ ᠯᠠᠪᠲᠠᠶ ᠨᠠᠩ ᠰᠠᠢᠨ ᠰᠠᠢᠬᠠᠨ ᠪᠣᠯᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号