ᠣᠯᠠᠨ ᠤᠯᠤᠰ᠎ᠤᠨ ᠫᠢᠩᠫᠠᠩ ᠪᠥᠮᠪᠥᠭᠡ᠎ᠶ᠋ᠢᠨ ᠬᠣᠯᠪᠣᠭ᠎ᠠ᠎ᠶ᠋ᠢᠨ ᠪᠦᠯᠦᠭ᠌ᠯᠡᠯ᠂ ᠳᠤᠮᠳᠠᠳᠤ ᠤᠯᠤᠰ᠎ᠤᠨ ᠫᠢᠩᠫᠠᠩ ᠪᠥᠮᠪᠥᠭᠡ᠎ᠶ᠋ᠢᠨ ᠨᠡᠢᠭᠡᠮᠯᠢᠭ ᠪᠣᠯᠤᠨ ᠴᠧᠩᠳᠦ᠋ ᠶ᠋ᠢᠨ ᠳᠡᠯᠡᠬᠡᠶ᠎ᠶ᠋ᠢᠨ ᠫᠢᠩᠫᠠᠩ ᠪᠥᠮᠪᠥᠭᠡ ᠶ᠋ᠢᠨ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ11᠎ᠤ᠋ ᠡᠳᠦᠷ ᠬᠠᠮᠲᠤ᠎ᠪᠠᠷ 2022 ᠣᠨ᠎ᠤ ᠳᠡᠯᠡᠬᠡᠶ᠎ᠶ᠋ᠢᠨ ᠫᠢᠩᠫᠠᠩ ᠪᠥᠮᠪᠥᠭᠡ᠎ᠶ᠋ᠢᠨ ᠨᠢᠬᠡᠴᠢ ᠵᠢᠨ ᠮᠠᠨᠭᠯᠠᠢ ᠱᠢᠯᠭᠠᠷᠠᠭᠤᠯᠬᠤ ᠤᠷᠤᠯᠳᠤᠭᠠᠨ᠎ᠤ ᠶᠠᠪᠤᠭ᠍ᠳᠠᠬᠤ ᠡᠳᠦᠷ᠎ᠢ ᠨᠤᠲᠠᠯᠠᠵᠤ᠂ ᠤᠷᠤᠯᠳᠤᠭᠠᠨ 2022 ᠣᠨ᠎ᠤ 4 ᠰᠠᠷ᠎ᠠ᠎ᠶ᠋ᠢᠨ 17᠎ᠤ᠋ ᠡᠳᠦᠷ᠎ᠡᠴᠡ 26᠎ᠤ᠋ ᠡᠳᠦᠷ ᠪᠣᠯᠲᠠᠯ᠎ᠠ ᠶᠠᠪᠤᠭ᠍ᠳᠠᠬᠤ ᠪᠤᠯᠤᠨ᠎ᠠ ᠭᠡᠵᠡᠢ᠃
ᠣᠯᠠᠨ ᠤᠯᠤᠰ᠎ᠤᠨ ᠫᠢᠩᠫᠠᠩ ᠪᠥᠮᠪᠥᠭᠡ᠎ᠶ᠋ᠢᠨ ᠬᠣᠯᠪᠣᠭᠠᠨ᠎ᠤ ᠲᠡᠷᠢᠭᠦᠯᠡᠭ᠌ᠴᠢ ᠫᠸᠲ᠋ᠷᠠ ᠰᠤᠯᠢᠨ᠄ 《2022 ᠣᠨ᠎ᠤ ᠨᠢᠬᠡᠴᠢ ᠵᠢᠨ ᠳᠡᠯᠡᠬᠡᠶ᠎ᠶ᠋ᠢᠨ ᠫᠢᠩᠫᠠᠩ ᠪᠥᠮᠪᠥᠭᠡ᠎ᠶ᠋ᠢᠨ ᠤᠷᠤᠯᠳᠤᠭᠠᠨ 4 ᠰᠠᠷ᠎ᠠ᠎ᠳᠤ ᠴᠧᠩᠳᠦ᠋᠎ᠳᠤ ᠶᠠᠪᠤᠭ᠍ᠳᠠᠬᠤ ᠪᠣᠯᠤᠨ᠎ᠠ᠂ ᠡᠭᠦᠨ᠎ᠳᠦ ᠪᠢ ᠮᠠᠰᠢ ᠪᠠᠶᠠᠷᠯᠠᠵᠤ ᠪᠠᠢᠨ᠎ᠠ᠃ ᠡᠨᠡ ᠬᠦ᠌ ᠲᠣᠭ᠍ᠲᠠᠪᠤᠷᠢ ᠦᠭᠡᠢ ᠴᠢᠨᠠᠷᠲᠠᠢ ᠣᠨᠴᠠᠭᠠᠢ ᠴᠠᠭ ᠦᠶ᠎ᠡ᠎ᠳᠦ᠂ ᠭᠣᠣᠯᠯᠠᠨ ᠡᠷᠬᠢᠯᠡᠭ᠌ᠰᠡᠨ ᠲᠠᠯ᠎ᠠ᠎ᠶ᠋ᠢᠨ ᠬᠢᠨ ᠠᠯᠢᠪᠠ ᠠᠮᠤᠷ ᠲᠦᠪᠱᠢᠨ᠎ᠦ ᠠᠷᠭ᠎ᠠ ᠬᠡᠮᠵᠢᠶ᠎ᠡ ᠠᠪᠴᠤ᠌ ᠡᠨᠡ ᠬᠦ᠌ ᠬᠦᠨᠳᠦ ᠴᠢᠬᠤᠯᠠ ᠤᠷᠤᠯᠳᠤᠭᠠᠨ᠎ᠤ ᠤᠷᠤᠭ᠍ᠰᠢᠲᠠᠢ ᠶᠠᠪᠤᠭ᠍ᠳᠠᠬᠤ᠎ᠶ᠋ᠢ ᠪᠠᠲᠤᠯᠠᠭ᠍ᠰᠠᠨ᠎ᠳᠤ ᠲᠠᠯᠠᠷᠬᠠᠵᠤ ᠪᠠᠢᠨ᠎ᠠ᠃ 2021 ᠣᠨ᠎ᠳᠤ ᠪᠢᠳᠡ ᠠᠯᠢ ᠤᠯᠠᠨ ᠤᠷᠤᠯᠳᠤᠭᠠᠨ ᠶᠠᠪᠤᠭᠤᠯᠵᠤ᠂ ᠤᠯᠠᠨ ᠤᠯᠤᠰ᠎ᠤᠨ ᠫᠢᠩᠫᠠᠩ ᠪᠥᠮᠪᠥᠭᠡ ᠶ᠋ᠢᠨ ᠤᠷᠤᠯᠳᠤᠭᠠᠨ᠎ᠢ ᠠᠮᠵᠢᠯᠲᠠ᠎ᠲᠠᠶ᠎ᠪᠠᠷ ᠵᠥᠪ ᠵᠠᠮ᠎ᠳᠤ ᠣᠷᠣᠭᠤᠯᠪᠠ᠂ ᠡᠨᠡ ᠵᠢᠯ ᠳᠡᠯᠡᠬᠡᠢ᠎ᠶ᠋ᠢᠨ ᠫᠢᠩᠫᠠᠩ ᠪᠥᠮᠪᠥᠭᠡ᠎ᠶ᠋ᠢᠨ ᠶᠡᠬᠡ ᠭᠡᠷ ᠪᠦᠯᠢ᠎ᠶ᠋ᠢᠨ ᠬᠢᠨ᠎ᠤ ᠤᠷᠤᠯᠳᠤᠭᠠᠨ ᠨᠡᠩ ᠤᠯᠠᠨ ᠨᠡᠩ ᠭᠣᠢᠳᠠ ᠰᠠᠢᠬᠠᠨ ᠪᠣᠯᠬᠤ᠎ᠶ᠋ᠢ ᠬᠦᠰᠡᠵᠦ᠍ ᠪᠠᠢᠨ᠎ᠠ》 ᠭᠡᠵᠦ ᠢᠯᠡᠷᠬᠡᠢᠯᠡᠵᠡᠢ᠃
ᠳᠤᠮᠳᠠᠳᠤ ᠤᠯᠤᠰ᠎ᠤᠨ ᠠᠩᠭᠢ2018 ᠣᠨ᠎ᠳᠤ ᠰᠸᠧᠳᠧᠨᠦ ᠬᠠᠯᠮᠰᠲ᠋ᠠᠳ᠋ᠤᠨ ᠨᠢᠬᠡᠴᠢ ᠵᠢᠨ ᠳᠡᠯᠡᠬᠡᠶ᠎ᠶ᠋ᠢᠨ ᠫᠢᠩᠫᠠᠩ ᠪᠥᠮᠪᠥᠭᠡ ᠶ᠋ᠢᠨ ᠤᠷᠤᠯᠳᠤᠭᠠᠨ᠎ᠳᠤ ᠡᠷᠡᠭ᠌ᠲᠡᠶ ᠡᠮᠡᠭ᠌ᠲᠡᠶ᠎ᠶ᠋ᠢᠨ ᠬᠠᠮᠲᠤ᠎ᠶ᠋ᠢᠨ ᠮᠠᠩᠯᠠᠶ ᠪᠣᠯᠪᠠ᠂ ᠤᠤᠯ ᠨᠢ ᠺᠣᠷᠢᠶᠠ᠎ᠶ᠋ᠢᠨ ᠪᠦᠱᠠᠨᠳᠤ ᠶᠠᠪᠤᠭ᠍ᠳᠠᠬᠤ᠎ᠪᠠᠷ ᠲᠣᠭ᠍ᠲᠠᠭ᠍ᠰᠠᠨ 2020 ᠣᠨ᠎ᠤ ᠳᠡᠯᠡᠬᠡᠶ᠎ᠶ᠋ᠢᠨ ᠫᠢᠩᠫᠠᠩ ᠪᠥᠮᠪᠥᠭᠡ᠎ᠶ᠋ᠢᠨ ᠨᠢᠬᠡᠴᠢ ᠵᠢᠨ ᠮᠠᠨᠭᠯᠠᠢ ᠱᠢᠯᠭᠠᠷᠠᠭᠤᠯᠬᠤ ᠤᠷᠤᠯᠳᠤᠭᠠᠨ᠎ᠢ ᠬᠦᠴᠦᠨ ᠦᠭᠡᠢ ᠪᠣᠯᠭᠠᠭᠰᠠᠨ ᠡᠴᠡ᠂ ᠦᠨᠡᠨ᠎ᠳᠡᠭᠡᠨ ᠬᠣᠶᠠᠷ ᠵᠢᠯ᠎ᠳᠦ ᠨᠢᠭᠡ ᠤᠳᠠᠭ᠎ᠠ ᠶᠠᠪᠤᠭ᠍ᠳᠠᠳᠠᠭ ᠨᠢᠬᠡᠴᠢ ᠵᠢᠨ ᠳᠡᠯᠡᠬᠡᠶ᠎ᠶ᠋ᠢᠨ ᠫᠢᠩᠫᠠᠩ ᠪᠥᠮᠪᠥᠭᠡ᠎ᠶ᠋ᠢᠨ ᠤᠷᠤᠯᠳᠤᠭᠠᠨ ᠳᠡᠭᠡᠷ᠎ᠡ ᠨᠢᠭᠡ ᠤᠳᠠᠭ᠎ᠠ ᠵᠢᠨ ᠤᠷᠤᠯᠳᠤᠭᠠᠨ᠎ᠠᠴᠠ ᠨᠢᠭᠡᠨᠲᠡ ᠳᠥᠷᠪᠡᠨ ᠵᠢᠯ ᠦᠩᠭᠡᠷᠡᠵᠡᠢ᠃
ᠣᠯᠠᠨ ᠤᠯᠤᠰ᠎ᠤᠨ ᠫᠢᠩᠫᠠᠩ ᠪᠥᠮᠪᠥᠭᠡ᠎ᠶ᠋ᠢᠨ ᠬᠣᠯᠪᠣᠭᠠᠨ᠎ᠤ ᠪᠦᠯᠦᠭ᠌ᠯᠡᠯ᠎ᠦᠨ ᠲᠡᠷᠢᠭᠦᠨ ᠭᠦᠢᠴᠡᠳᠭᠡᠭ᠌ᠴᠢ ᠲᠤᠱᠢᠶᠠᠯᠲᠠᠨ ᠰᠲ᠋ᠢᠹ ᠳ᠋ᠠᠨᠲ᠋ᠤᠨ᠄ 《ᠪᠢ ᠴᠧᠩᠳᠦ᠋᠎ᠳᠤ ᠨᠢᠬᠡᠴᠢ ᠵᠢᠨ ᠳᠡᠯᠡᠬᠡᠶ᠎ᠶ᠋ᠢᠨ ᠫᠢᠩᠫᠠᠩ ᠪᠥᠮᠪᠥᠭᠡ᠎ᠶ᠋ᠢᠨ ᠤᠷᠤᠯᠳᠤᠭᠠᠨ᠎ᠢ ᠡᠷᠬᠢᠯᠡᠬᠦ᠌᠎ᠳᠦ ᠮᠠᠰᠢ ᠢᠲᠡᠭᠡᠯ᠎ᠲᠡᠶ ᠪᠠᠢᠨ᠎ᠠ᠃ ᠡᠨᠡ ᠬᠣᠲᠠ ᠥᠩᠭᠡᠷᠡᠭ᠌ᠰᠡᠨ᠎ᠳᠦ ᠣᠯᠠᠨ ᠤᠳᠠᠭ᠎ᠠ ᠲᠡᠭᠡᠳᠦ ᠲᠡᠰ᠎ᠤᠨ ᠫᠢᠩᠫᠠᠩ ᠪᠥᠮᠪᠥᠭᠡ᠎ᠶ᠋ᠢᠨ ᠤᠷᠤᠯᠳᠤᠭᠠᠨ ᠡᠷᠬᠢᠯᠡᠵᠦ᠍ ᠪᠠᠢᠬᠰᠠᠨ ᠪᠥᠭᠡᠳ ᠣᠯᠠᠨ ᠤᠯᠤᠰ᠎ᠤᠨ ᠫᠢᠩᠫᠠᠩ ᠪᠥᠮᠪᠥᠭᠡ᠎ᠶ᠋ᠢᠨ ᠬᠣᠯᠪᠣᠭ᠎ᠠ᠎ᠲᠠᠶ ᠨᠢᠭ᠍ᠲᠠ ᠬᠠᠮᠲᠤᠷᠠᠨ ᠠᠵᠢᠯᠯᠠᠭ᠍ᠰᠠᠭᠠᠷ ᠢᠷᠡᠵᠡᠢ᠃ ᠦᠵᠡᠰᠭᠦᠯᠡᠩᠲᠦ ᠰᠠᠢᠬᠠᠨ ᠰᠸᠴᠤᠸᠠᠨ ᠮᠤᠵᠢ᠎ᠳᠤ ᠳᠠᠬᠢᠨᠲᠠ ᠨᠢᠭᠡ ᠤᠳᠠᠭᠠᠨ᠎ᠤ ᠠᠮᠤᠷ ᠲᠦᠪᠱᠢᠨ ᠪᠥᠭᠡᠳ ᠶᠡᠷᠦ᠍ ᠪᠤᠰᠤ᠎ᠶ᠋ᠢᠨ ᠤᠳᠭ᠎ᠠ ᠠᠭᠤᠯᠭ᠎ᠠ᠎ᠲᠠᠶ ᠳᠡᠯᠡᠬᠡᠶ᠎ᠶ᠋ᠢᠨ ᠫᠢᠩᠫᠠᠩ ᠪᠥᠮᠪᠥᠭᠡ᠎ᠶ᠋ᠢᠨ ᠤᠷᠤᠯᠳᠤᠭᠠᠨ ᠶᠠᠪᠤᠬᠳᠠᠬᠤ ᠶ᠋ᠢ ᠬᠦᠰᠡᠵᠦ᠍ ᠪᠠᠢᠨ᠎ᠠ》 ᠬᠡᠵᠦ ᠢᠯᠡᠷᠬᠡᠢᠯᠡᠪᠡ᠃
ᠣᠢᠯᠠᠭᠠᠭ᠍ᠰᠠᠨ᠎ᠢᠶᠠᠷ᠂ ᠱᠢᠨ᠎ᠡ᠎ᠪᠡᠷ ᠪᠠᠢᠭᠤᠯᠤᠭ᠍ᠰᠠᠨ ᠴᠧᠩᠳᠦ᠋ ᠶ᠋ᠢᠨ ᠳᠡᠭᠡᠳᠦ ᠱᠢᠨ᠎ᠡ ᠮᠡᠷᠭᠡᠵᠢᠯ᠎ᠦᠨ ᠪᠡᠶ᠎ᠡ᠎ᠶ᠋ᠢᠨ ᠲᠠᠮᠢᠷ᠎ᠤᠨ ᠲᠥᠪ᠎ᠲᠦ ᠤᠷᠤᠯᠳᠤᠭᠠᠨ ᠶᠠᠪᠤᠭ᠍ᠳᠠᠬᠤ᠎ᠪᠡᠷ ᠪᠤᠯᠵᠤ᠂ ᠲᠣᠰ ᠪᠡᠶ᠎ᠡ᠎ᠶ᠋ᠢᠨ ᠲᠠᠮᠢᠷ᠎ᠤᠨ ᠲᠥᠪ ᠢ 2021 ᠣᠨ ᠳᠤ ᠪᠠᠢᠭᠤᠯᠤᠨ ᠳᠠᠭᠤᠰᠭᠠᠵᠤ᠂ ᠣᠳᠣᠬᠢᠴᠢᠯᠠᠭ᠍ᠰᠠᠨ᠂ ᠣᠯᠠᠨ ᠴᠢᠳᠠᠮᠵᠢ᠎ᠲᠠᠶ᠂ ᠲᠡᠷᠢᠭᠦᠨ ᠵᠡᠷᠭᠡ᠎ᠵᠢᠨ ᠲᠣᠮᠣ ᠬᠡᠯᠪᠡᠷᠢ᠎ᠶ᠋ᠢᠨ ᠪᠡᠶ᠎ᠡ᠎ᠶ᠋ᠢᠨ ᠲᠠᠮᠢᠷ᠎ᠤᠨ ᠣᠷᠳᠣᠨ ᠪᠣᠯᠤᠨ᠎ᠠ᠃ ᠲᠤᠬᠠᠶ᠎ᠶ᠋ᠢᠨ ᠦᠶ᠎ᠡ᠎ᠳᠦ᠂ 40 ᠡᠷᠡᠭ᠌ᠲᠡᠶ ᠡᠮᠡᠭ᠌ᠲᠡᠶ᠎ᠶ᠋ᠢᠨ ᠲᠥᠯᠥᠭᠡᠯᠡᠭ᠌ᠴᠢᠳ ᠦᠨ ᠠᠩᠭᠢ ᠤᠷᠤᠯᠳᠤᠭᠠᠨ᠎ᠤ ᠲᠠᠯᠠᠪᠠᠢ ᠳᠤ ᠴᠤᠭ᠍ᠯᠠᠷᠠᠵᠤ ᠥᠷᠢᠰᠥᠯᠳᠦᠭᠡᠨ ᠶᠠᠪᠤᠭᠤᠯᠬᠤ ᠪᠣᠯᠤᠨ᠎ᠠ᠃
ᠣᠯᠠᠨ ᠤᠯᠤᠰ᠎ᠤᠨ ᠫᠢᠩᠫᠠᠩ ᠪᠥᠮᠪᠥᠭᠡ᠎ᠶ᠋ᠢᠨ ᠬᠣᠯᠪᠣᠭᠠᠨ᠎ᠤ ᠭᠦᠢᠴᠡᠳᠭᠡᠬᠦ᠌ ᠳᠡᠳ᠋ ᠲᠡᠷᠢᠭᠦᠯᠡᠭ᠌ᠴᠢ᠂ ᠳᠤᠮᠳᠠᠳᠤ ᠤᠯᠤᠰ᠎ᠤᠨ ᠫᠢᠩᠫᠠᠩ ᠪᠥᠮᠪᠥᠭᠡ᠎ᠶ᠋ᠢᠨ ᠨᠡᠢᠭᠡᠮᠯᠢᠭ᠎ᠦᠨ ᠲᠡᠷᠢᠭᠦᠯᠡᠭ᠌ᠴᠢ ᠯᠢᠦ ᠭᠦᠸᠧ ᠯᠢᠶᠠᠩ ᠢᠯᠡᠷᠬᠡᠢᠯᠡᠬᠦ᠎ᠳᠡᠭᠡᠨ᠄ 《ᠳᠡᠯᠡᠬᠡᠶ᠎ᠶ᠋ᠢᠨ ᠫᠢᠩᠫᠠᠩ ᠪᠥᠮᠪᠥᠭᠡ᠎ᠶ᠋ᠢᠨ ᠮᠠᠨᠭᠯᠠᠢ ᠱᠢᠯᠭᠠᠷᠠᠭᠤᠯᠬᠤ ᠤᠷᠤᠯᠳᠤᠭᠠᠨ ᠪᠣᠯ ᠣᠯᠠᠨ ᠤᠯᠤᠰ᠎ᠤᠨ ᠫᠢᠩᠫᠠᠩ ᠪᠥᠮᠪᠥᠭᠡ᠎ᠶ᠋ᠢᠨ ᠬᠣᠯᠪᠣᠭᠠᠨ᠎ᠤ ᠵᠢᠯ ᠪᠦᠷᠢ᠎ᠶ᠋ᠢᠨ ᠬᠠᠮᠤᠭ᠎ᠤᠨ ᠴᠢᠬᠤᠯᠠ ᠤᠷᠤᠯᠳᠤᠭᠠᠨ ᠮᠥᠨ᠂ ᠪᠠᠰᠠ ᠴᠤ᠌ ᠪᠦᠬᠦ᠌ ᠪᠥᠮᠪᠥᠷᠴᠡᠭ᠎ᠦᠨ ᠪᠥᠮᠪᠥᠭᠡᠨ ᠬᠤᠷᠤᠬᠠᠢ᠌ᠲᠠᠨᠤ ᠠᠩᠬᠠᠷᠤᠯ᠎ᠢ ᠶᠡᠬᠡᠳᠡ ᠲᠠᠲᠠᠵᠤ ᠪᠠᠢᠭ᠎ᠠ ᠤᠷᠤᠯᠳᠤᠭᠠᠨ᠎ᠤ ᠨᠢᠭᠡ ᠮᠥᠨ᠃ ᠴᠧᠩᠳᠦ᠋ ᠫᠢᠩᠫᠠᠩ ᠪᠥᠮᠪᠥᠭᠡ᠎ᠶ᠋ᠢᠨ ᠤᠷᠤᠯᠳᠤᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠠᠯ᠎ᠠ ᠪᠡᠷ ᠪᠠᠶᠠᠯᠢᠭ ᠲᠤᠷᠱᠢᠯᠭ᠎ᠠ᠎ᠲᠠᠶ᠂ ᠡᠭᠦᠨ᠎ᠡᠴᠡ ᠡᠮᠦᠨ᠎ᠡ ᠣᠯᠠᠨ ᠤᠯᠤᠰ᠎ᠤᠨ ᠫᠢᠩᠫᠠᠩ ᠪᠥᠮᠪᠥᠭᠡ᠎ᠶ᠋ᠢᠨ ᠬᠣᠯᠪᠣᠭᠠᠨ᠎ᠤ ᠡᠷᠡᠭ᠌ᠲᠡᠶ ᠡᠮᠡᠭ᠌ᠲᠡᠶ᠎ᠶ᠋ᠢᠨ ᠳᠡᠯᠡᠬᠡᠶ᠎ᠶ᠋ᠢᠨ ᠬᠤᠨᠳᠠᠭᠠᠲᠤ ᠤᠷᠤᠯᠳᠤᠭᠠᠨ ᠪᠠ ᠢᠯᠠ ᠤᠷᠤᠯᠳᠤᠭᠠᠨ᠎ᠢ ᠤᠳᠠᠭ᠎ᠠ ᠳᠠᠷᠠᠭᠠᠯᠠᠨ ᠠᠮᠵᠢᠯᠲᠠ᠎ᠲᠠᠶ ᠡᠷᠬᠢᠯᠡᠵᠡᠢ᠂ ᠡᠨᠡ ᠤᠳᠠᠭᠠᠨ᠎ᠤ ᠳᠡᠯᠡᠬᠡᠶ ᠶ᠋ᠢᠨ ᠫᠢᠩᠫᠠᠩ ᠪᠥᠮᠪᠥᠭᠡ᠎ᠶ᠋ᠢᠨ ᠤᠷᠤᠯᠳᠤᠭᠠᠨ ᠴᠧᠩᠳᠦ᠋᠎ᠳᠤ ᠤᠷᠤᠯᠳᠤᠬᠤ᠎ᠪᠡᠷ ᠪᠤᠯᠵᠤ᠂ ᠴᠧᠩᠳᠦ᠋ ᠳᠠᠬᠢᠨᠲᠠ ᠳᠡᠯᠡᠬᠡᠶ᠎ᠶ᠋ᠢᠨ ᠫᠢᠩᠫᠠᠩ ᠪᠥᠮᠪᠥᠭᠡ᠎ᠶ᠋ᠢᠨ ᠬᠠᠯᠠᠭᠤᠨ ᠥᠷᠨᠢᠯᠲᠡ ᠭᠠᠷᠭᠠᠬᠤ᠎ᠶ᠋ᠢ ᠢᠲᠡᠭᠡᠵᠦ᠍ ᠪᠠᠢᠨ᠎ᠠ》ᠭᠡᠪᠡ᠃ (ᠱᠢᠨᠬᠤᠸᠠ ᠬᠣᠷᠢᠶᠠᠨ᠎ᠤ ᠴᠧᠩᠳᠦ᠋ ᠶ᠋ᠢᠨ 1 ᠰᠠᠷ᠎ᠠ᠎ᠶ᠋ᠢᠨ 11᠎ᠤ᠋ ᠴᠠᠬᠢᠯᠭᠠᠨ ᠮᠡᠳᠡᠭᠡ)