ᠦᠬᠠᠶ᠄ ᠬᠦᠴᠦᠨ᠎ᠢᠶᠡᠨ ᠲᠥᠪᠯᠡᠷᠡᠭᠦᠯᠦᠨ ᠬᠡᠯᠪᠡᠷᠢ᠎ᠪᠡᠨ ᠬᠤᠪᠢᠷᠠᠭᠤᠯᠵᠤ ᠪᠣᠬᠢᠷᠲᠤᠯ ᠥᠬᠡᠶ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠤᠯ᠎ᠠ
2022-01-16 19:55:25
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠦᠨ ᠰᠠᠭᠤᠷᠢᠨ ᠤ᠋ ᠪᠦᠲᠦᠭᠡᠨ ᠪᠠᠢᠭᠤᠯᠤᠯᠲᠠ ᠲᠦᠷᠭᠡᠨ ᠠᠬᠢᠵᠦ᠂ 《ᠳᠣᠯᠣᠭ᠎ᠠ᠎ᠶ᠋ᠢ ᠵᠠᠰᠠᠬᠤ》 ᠲᠠᠯ᠎ᠠ ᠪᠡᠷ ᠱᠢᠰᠲ᠋ᠧᠮ ᠲᠠᠢ ᠬᠦᠴᠦᠯᠡᠵᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠵᠦ᠂ ᠡᠨᠧᠷᠭᠢ᠎ᠶ᠋ᠢᠨ ᠬᠣᠷᠣᠭ᠍ᠳᠠᠯ᠎ᠤᠨ 《ᠬᠣᠶᠠᠷ᠎ᠢ ᠬᠢᠵᠠᠭᠠᠷᠯᠠᠬᠤ》ᠠᠵᠢᠯ ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠡᠩᠨᠡᠭᠡᠨ᠎ᠳᠦ ᠣᠷᠣᠵᠦ᠂ ᠨᠢᠭᠡᠴᠢ GDP ᠶ᠋ᠢᠨ ᠡᠨᠧᠷᠭᠢ ᠎ᠶ᠋ᠢᠨ ᠬᠣᠷᠣᠭ᠍ᠳᠠᠯ ᠠᠳᠠᠯᠢ ᠬᠤᠭᠤᠴᠠᠭᠠᠨ᠎ᠤ᠎ᠬᠢ᠎ᠡᠴᠡ 8% ᠪᠠᠷ ᠪᠠᠭᠤᠷᠠᠵᠦ᠂ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠲᠡᠦᠬᠡᠨ ᠦᠯᠡᠳᠡᠭ᠌ᠳᠡᠯ ᠠᠰᠠᠭᠤᠳᠠᠯ᠎ᠢ ᠠᠩᠬ᠎ᠠ ᠤᠳᠠᠭ᠎ᠠ ᠪᠦᠬᠦᠨ᠎ᠢ ᠳᠡᠩᠰᠡᠯᠡᠪᠡ ᠁ ᠡᠨᠡ ᠪᠣᠯ ᠦᠬᠠᠶ ᠬᠣᠲᠠ᠎ᠶ᠋ᠢᠨ 2021 ᠣᠨ ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠢᠷᠢ ᠪᠦᠲᠦᠮᠵᠢ᠎ᠶ᠋ᠢᠨ ᠬᠠᠭᠤᠳᠠᠰᠤ ᠪᠣᠯᠤᠨ᠎ᠠ᠂ ᠲᠡᠷᠡ᠎ᠨᠢ ᠡᠨᠡ ᠬᠤᠳᠠ᠎ᠶ᠋ᠢᠨ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠡᠬᠢ ᠱᠢᠷᠭᠠᠭᠤ ᠴᠢᠷᠮᠠᠢᠯᠭ᠎ᠠ᠎ᠶ᠋ᠢ ᠭᠡᠷᠡᠴᠢᠯᠡᠵᠦ᠍ ᠪᠠᠢᠨ᠎ᠠ᠂ ᠡᠭᠦᠨ ᠎ᠦ ᠬᠠᠮᠲᠤ ᠦᠬᠠᠶ ᠬᠣᠲᠠ ᠎ᠶᠢᠨ ᠠᠮᠢ ᠠᠬᠤᠶ᠎ᠶ᠋ᠢ ᠤᠷᠢᠳ᠎ᠢᠶᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ ᠤᠷᠤᠭ᠍ᠰᠢᠯᠠᠵᠦ᠂ ᠴᠢᠨᠠᠷ ᠰᠠᠢᠲᠠᠶ ᠬᠥᠭ᠌ᠵᠢᠯᠲᠡ᠂ ᠴᠢᠨᠠᠷ ᠰᠠᠢᠲᠠᠶ ᠠᠮᠢᠳᠤᠷᠠᠯ᠂ ᠥᠨᠳᠥᠷ ᠪᠦᠲᠦᠮᠵᠢᠲᠡᠶ ᠵᠠᠰᠠᠯᠲᠠ᠎ᠶ᠋ᠢ ᠪᠡᠶᠡᠯᠡᠬᠦᠯᠬᠦ ᠢᠳᠡᠷᠡᠭᠦᠨ ᠠᠯᠬᠤᠭ᠎ᠠ᠎ᠶᠢ ᠬᠠᠷᠠᠭᠤᠯᠤᠯ᠎ᠠ᠃

ᠮᠠᠱᠢᠨ᠎ᠤ ᠲᠠᠭᠤᠨ ᠬᠦᠷᠴᠢᠭᠢᠨᠡᠭ᠌ᠰᠡᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠠᠴᠠ ᠴᠠᠬ᠎ᠢ ᠠᠮᠵᠢᠵᠦ ᠪᠦᠳᠦᠭᠡᠨ ᠪᠠᠢᠭᠤᠯᠵᠦ ᠪᠠᠢᠭ᠎ᠠ ᠲᠦᠷᠦᠯ ᠵᠦᠢᠯ᠎ᠦᠨ ᠠᠬᠤᠢ ᠲᠠᠯᠠᠪᠠᠢ ᠬᠦᠷᠲᠡᠯ᠎ᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠣᠶᠤᠨᠴᠢ ᠦᠢᠯᠡᠳᠭᠡᠯ᠎ᠡᠴᠡ ᠰᠠᠭᠤᠷᠢ᠎ᠪᠠᠨ ᠪᠡᠬᠢᠵᠢᠭᠦᠯᠬᠦ ᠬᠤᠳᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠢᠨᠵᠧᠨᠧᠷᠢᠩ ᠬᠦᠷᠲᠡᠯ᠎ᠡ᠂ ᠭᠠᠵᠠᠷ ᠪᠣᠯᠭᠠᠨ᠎ᠳᠤ ᠥᠷᠨᠢᠩᠭᠦᠢ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠪᠢᠯᠬᠠᠨ᠎ᠠ᠃

ᠤᠢ᠍ᠢᠷ᠎ᠠ᠎ᠶ᠋ᠢᠨ ᠡᠳᠦᠷ᠎ᠦᠳ᠎ᠲᠦ᠂ ᠤᠳᠠ᠎ᠶ᠋ᠢᠨ ᠲᠤᠬᠤᠢ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ ᠪᠠᠢᠷᠢᠯᠠᠭ᠎ᠠ ᠥᠪᠥᠷ ᠮᠣᠩᠭᠣᠯ᠎ᠤᠨ ᠳ᠋ᠦᠩ ᠶᠤᠸᠠᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠵᠢᠯ ᠳ᠋ᠤ 20 ᠲᠤᠨ 1,4 ᠊᠊ ᠪᠦᠲ᠋ᠠᠨᠲᠢᠥᠯ ᠦᠢᠯᠡᠳᠪᠦᠷᠢᠯᠡᠬᠦ ᠬᠣᠶᠠᠳᠤᠭᠠᠷ ᠬᠤᠭᠤᠴᠠᠭᠠᠨ᠎ᠤ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠲᠤᠬᠠᠢ᠎ᠶ᠋ᠢᠨ ᠲᠠᠯᠠᠪᠠᠢ᠎ᠳᠤ 《ᠵᠣᠯ ᠵᠢᠷᠭᠠᠯ᠎ᠢ ᠲᠡᠮᠡᠴᠡᠵᠦ᠍ ᠪᠠᠢᠭᠠᠳ ᠣᠯᠳᠠᠭ ᠶᠤᠮ》ᠭᠡᠬᠦ᠌ ᠪᠢᠴᠢᠭᠡᠰᠦ ᠥᠨᠳᠥᠷ ᠡᠯᠭᠦᠭ᠌ᠳᠡᠵᠦ᠍᠂ ᠠᠵᠤ ᠠᠬᠤᠢᠯᠠᠯ ᠶᠠᠭ ᠠᠵᠢᠯᠴᠢᠳ᠎ᠢᠶᠡᠨ ᠵᠣᠬᠢᠶᠠᠨ ᠪᠠᠢᠭᠤᠯᠵᠤ ᠱᠠᠯᠠᠪᠳᠠᠨ ᠠᠵᠢᠯᠯᠠᠵᠤ ᠪᠤᠢ᠃ ᠵᠢᠱ᠌ᠢᠯᠲᠡ᠎ᠪᠡᠷ᠂ ᠡᠨᠡ ᠵᠢᠯ᠎ᠦᠨ 6 ᠰᠠᠷ᠎ᠠ᠎ᠳᠤ᠂ ᠡᠨᠡ ᠬᠦ᠌ ᠲᠥᠷᠥᠯ ᠵᠦᠶ᠋ᠯ᠎ᠢ ᠪᠥᠬᠥ᠌ ᠲᠠᠯ᠎ᠠ᠎ᠪᠠᠷ ᠪᠦᠲᠦᠬᠡᠨ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠣᠭᠤᠯᠤᠨ᠎ᠠ᠃ ᠲᠤᠰ ᠲᠦᠷᠦᠯ ᠵᠦᠢᠯ ᠨᠢ ᠦᠬᠠᠢ ᠣᠷᠣᠨ᠎ᠤ ᠠᠵᠤ ᠠᠬᠤᠢ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠱᠢᠭᠦᠯᠬᠦ᠌᠎ᠳᠦ ᠴᠢᠬᠤᠯᠠ ᠠᠴᠢ ᠬᠣᠯᠪᠣᠭ᠍ᠳᠠᠯ ᠲᠠᠶ ᠎ᠪᠥᠭᠡᠳ ᠎ᠨᠡᠭᠦᠷᠡᠰᠦᠲᠥ᠋ᠷᠥᠭ᠌ᠴᠢ᠎ᠶ᠋ᠢ ᠎ᠰᠠᠭᠠᠷᠮᠠᠭ᠍ᠵᠢᠭᠤᠯᠬᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠲᠠ᠎ᠶᠢ ᠤᠷᠬᠢᠯ ᠬᠡᠮᠵᠢᠭᠳᠡᠯ᠎ᠳᠤ ᠬᠦᠷᠭᠡᠬᠦ᠌᠎ᠳᠦ ᠢᠳᠡᠪᠬᠢᠲᠡᠢ ᠬᠤᠪᠢ ᠨᠡᠮᠡᠷᠢ ᠦᠵᠡᠭᠦᠯᠬᠦ᠌ ᠪᠣᠯᠤᠨ᠎ᠠ᠃

ᠰᠠᠯᠬᠢ ᠭᠡᠷᠡᠯ ᠤᠰᠤᠲᠥ᠋ᠷᠥᠭ᠌ᠴᠢ᠎ᠶᠢᠨ ᠡᠨᠧᠷᠬᠢ ᠵᠢ ᠨᠦᠬᠡᠴᠡᠯᠡᠬᠦ ᠪᠠ ᠬᠡᠷᠡᠭ᠌ᠯᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠱᠢᠨ᠎ᠡ ᠡᠨᠧᠷᠭᠢ᠂ ᠵᠠᠳᠠᠷᠠᠵᠤ ᠪᠣᠯᠬᠤ ᠰᠦᠯᠢᠶᠣᠣ᠎ᠪᠠᠷ ᠭᠣᠣᠯ ᠪᠣᠯᠭᠠᠭ᠍ᠰᠠᠨ ᠱᠢᠨ᠎ᠡ ᠮᠠᠲ᠋ᠧᠷᠢᠶᠠᠯ᠎ᠤᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠰᠠᠭᠤᠷᠢᠨ᠎ᠢ ᠪᠦᠬᠦ᠌ ᠬᠦᠴᠦᠨ᠎ᠢᠶᠡᠷ ᠵᠢᠡᠨ ᠪᠦᠲᠦᠬᠡᠨ ᠪᠠᠢᠭᠤᠯᠤᠬᠰᠠᠨ ᠨᠢ ᠥᠩᠭᠡᠷᠡᠭ᠌ᠰᠡᠨ ᠨᠢᠭᠡ ᠵᠢᠯ᠎ᠤᠨ ᠦᠬᠠᠢ ᠬᠤᠳᠠ᠎ᠶᠢᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠤᠵᠠᠭᠠᠢᠷᠠᠭᠤᠯᠵᠤ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠭᠰᠡᠨ ᠭᠣᠣᠯ ᠱᠢᠪᠲᠤᠯᠤᠯᠲᠠ᠎ᠶ᠋ᠢᠨ ᠠᠷᠭ᠎ᠠ ᠵᠠᠮ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠢ ᠡᠷᠭᠢᠴᠡᠭᠦᠯᠬᠦᠶ᠎ᠡ᠂ ᠦᠬᠠᠶ ᠬᠣᠲᠠ᠎ᠶ᠋ᠢᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠠᠯᠬᠤᠴᠠ ᠲᠦᠷᠭᠡᠳᠴᠦ᠍᠂  ᠪᠣᠬᠢᠷᠲᠤᠯ ᠥᠬᠡᠶ ᠬᠥᠭ᠌ᠵᠢᠯᠲᠡ ᠪᠥᠬᠥ᠌ ᠲᠠᠯ᠎ᠠ᠎ᠪᠠᠷ ᠡᠬᠢᠯᠡᠭ᠌ᠰᠡᠨ ᠨᠢᠭᠡ ᠵᠢᠯ ᠪᠣᠯᠤᠨ᠎ᠠ᠂ ᠪᠠᠰᠠ ᠴᠤ᠌ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠲᠠᠰᠤᠷᠠᠯᠲᠠ ᠥᠬᠡᠶ ᠴᠢᠩᠭᠠᠷᠠᠵᠤ᠂ ᠣᠯᠠᠨ ᠲᠦᠮᠡᠨ᠎ᠦ ᠵᠣᠯ ᠵᠢᠷᠭᠠᠯ᠎ᠤᠨ ᠲᠥᠷᠥᠭ᠌ᠳᠡᠯ ᠶᠡᠬᠡᠳᠡ ᠨᠡᠮᠡᠭ᠌ᠳᠡᠭ᠌ᠰᠡᠨ ᠨᠢᠭᠡ ᠵᠢᠯ ᠪᠣᠯᠤᠨ᠎ᠠ᠃

ᠡᠨᠡ ᠨᠢᠭᠡ ᠵᠢᠯ᠎ᠳᠦ᠂ ᠦᠬᠠᠢ ᠬᠤᠳᠠ ᠠᠵᠤ ᠦᠢᠯᠡᠰ᠎ᠦᠨ ᠬᠥᠭ᠌ᠵᠢᠯᠲᠡ᠎ᠶ᠋ᠢᠨ ᠭᠣᠣᠯᠳᠠᠯᠭ᠎ᠠ᠎ᠪᠠᠨ ᠣᠨᠣᠪᠴᠢᠲᠠᠢ ᠲᠣᠭ᠍ᠲᠠᠭᠠᠵᠤ᠂ ᠠᠵᠤ ᠦᠢᠯᠡᠰ᠎ᠦᠨ ᠰᠠᠭᠤᠷᠢ᠎ᠶ᠋ᠢᠨ ᠳᠡᠭᠡᠳᠦ ᠳᠡᠰᠵᠢᠯᠳᠡ᠂ ᠠᠵᠤ ᠦᠢᠯᠡᠰ᠎ᠦᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠪᠠ᠃ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 146 ᠭᠤᠤᠯᠳᠠᠯᠭ᠎ᠠ᠎ᠲᠠᠶ ᠲᠥᠷᠥᠯ ᠵᠦᠶ᠋ᠯ᠎ᠢ ᠬᠡᠷᠡᠭ᠌ᠵᠢᠭᠦᠯᠵᠦ᠍᠂ 140 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠪᠡ᠃ ᠠᠷᠠᠯᠵᠢᠶᠠᠴᠢᠨ ᠤᠷᠢᠬᠤ 160 ᠲᠥᠷᠥᠯ ᠵᠦᠢᠯ᠎ᠢ ᠬᠡᠷᠡᠭ᠌ᠵᠢᠭᠦᠯᠵᠦ᠍᠂ ᠤᠯᠤᠰ ᠤ᠋ᠨ ᠳᠣᠲᠣᠭᠠᠳᠤ᠎ᠶ᠋ᠢᠨ ᠪᠡᠯᠡ ᠮᠥᠩᠭᠥ᠎ᠶ᠋ᠢ 110 ᠳ᠋ᠦᠩᠱᠢᠭᠤᠷ ᠲᠥᠭᠥᠷᠢᠭ ᠣᠷᠣᠭᠤᠯᠤᠨ ᠠᠪᠴᠢᠷᠠᠵᠤ᠎ᠤᠷᠤᠨ ᠪᠠᠢᠷᠢ ᠎ᠳᠤᠨᠢ ᠬᠦᠷᠭᠡᠬᠦ ᠪᠡᠷ ᠵᠢᠱ᠌ᠢᠵᠦ᠍ ᠪᠠᠢᠨ᠎ᠠ᠃ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠲᠦᠷᠭᠡᠨ ᠪᠣᠢᠵᠢᠵᠤ᠂ ᠤᠰᠤᠲᠥ᠋ᠷᠥᠭ᠌ᠴᠢᠲᠦ ᠬᠠᠢᠯᠤᠮᠠᠯ ᠳᠡᠭᠡᠳᠦ ᠴᠡᠪᠡᠷ ᠱᠢᠷᠠᠮᠤ ᠵᠡᠷᠭᠡ 56 ᠲᠦᠷᠦᠯ ᠵᠦᠢᠯ ᠠᠱᠢᠭ᠍ᠯᠠᠯᠲᠠ᠎ᠳᠤ ᠣᠷᠣᠵᠤ᠂ ᠨᠢᠭᠡ ᠪᠦᠯᠦᠭ ᠱᠢᠨ᠎ᠡ ᠲᠦᠯᠡᠱᠢᠨ ᠳ᠋ᠢᠶᠠᠨ ᡂᠢ᠎ᠶ᠋ᠢᠨ ᠮᠠᠱᠢᠨ ᠲᠡᠷᠭᠡᠨ᠎ᠦ ᠵᠢᠱ᠌ᠢᠢ᠎ᠡ ᠦᠵᠡᠭᠦᠯᠬᠦ᠌ ᠬᠤᠳᠠ᠎ᠶ᠋ᠢᠨ ᠪᠦᠯᠦᠭ᠌ᠵᠢᠯ᠂ ᠯᠢᠲ᠋ᠢ ᠳ᠋ᠢᠶᠠᠨ ᡂᠢ᠂ ᠵᠠᠳᠠᠷᠠᠬᠤ ᠰᠦᠯᠢᠶᠣᠣ ᠵᠡᠷᠭᠡ ᠨᠢᠭᠡ ᠪᠦᠯᠦᠭ ᠱᠢᠯᠢᠳᠡᠭ ᠲᠦᠷᠦᠯ ᠵᠦᠢᠯ᠎ᠢ ᠪᠠᠢᠷᠢᠰᠢᠭᠤᠯᠤᠨ ᠨᠠᠢᠳᠠᠪᠤᠷᠢᠵᠢᠭᠤᠯᠪᠠ᠃ ᠬᠡᠦᠷᠱᠢᠭᠦᠯᠬᠦ᠌ ᠠᠵᠤ ᠦᠢᠯᠡᠰ᠎ᠢ ᠴᠡᠭᠴᠡᠯᠡᠨ ᠨᠡᠢᠳᠬᠡᠵᠤ ᠳᠠᠬᠢᠨ ᠵᠣᠬᠢᠶᠠᠨ ᠪᠠᠢᠭᠤᠯᠵᠤ ᠳᠡᠰ ᠳᠡᠪᠱᠢᠭᠦᠯᠬᠦ᠌ ᠠᠵᠢᠯ᠎ᠢ ᠡᠮᠬᠢ ᠵᠢᠷᠤᠮ᠎ᠲᠠᠶ᠎ᠪᠠᠷ ᠠᠬᠢᠭᠤᠯᠪᠠ᠃ ᠲᠣᠭᠠᠴᠢᠯᠠᠭ᠍ᠰᠠᠨ ᠠᠵᠤ ᠠᠬᠤᠶ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ᠎ᠢ ᠢᠳᠡᠪᠬᠢᠲᠡᠶ ᠪᠣᠢᠵᠢᠭᠤᠯᠵᠤ᠂ 5G ᠤᠶᠤᠨᠲᠤ ᠠᠭᠤᠷᠬᠠᠶ᠎ᠶ᠋ᠢᠨ ᠬᠤᠳᠳᠤᠭ᠎ᠤᠨ ᠲᠥᠷᠥᠯ ᠵᠦᠶ᠋ᠯ᠎ᠢ ᠤᠷᠤᠭ᠍ᠰᠢᠲᠠᠶ ᠠᠬᠢᠭᠤᠯᠵᠤ᠂ ᠲᠣᠭᠠᠴᠢᠯᠠᠭ᠍ᠰᠠᠨ ᠬᠡᠷᠡᠭ᠌ᠯᠡᠯᠳᠡ ᠵᠢᠨ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ 790 ᠪᠣᠯᠪᠠ᠃ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ 9 ᠪᠦᠯᠬᠦᠮ ᠦᠬᠠᠶ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠲᠦ ᠨᠤᠳᠤᠬᠰᠢᠨ᠂ ᠨᠡᠢᠭᠡᠮ ᠳᠠᠶᠠᠭᠠᠷ᠎ᠤᠨ ᠰᠤᠳᠤᠯᠤᠨ ᠨᠡᠭᠡᠭᠡᠬᠦ᠌ ᠪᠠᠯᠠ ᠣᠷᠣᠭᠤᠯᠤᠯᠲᠠ 5.9 ᠳ᠋ᠦᠩᠱᠢᠭᠤᠷ ᠲᠥᠭᠥᠷᠢᠭ᠎ᠲᠦ ᠬᠦᠷᠴᠦ᠍᠂ 4 ᠲᠥᠷᠥᠯ ᠵᠦᠶ᠋ᠯ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠶᠡᠬᠡ ᠲᠤᠰᠭᠠᠶ ᠲᠦᠷᠦᠯ ᠵᠦᠶ᠋ᠯ᠎ᠳᠦ ᠣᠷᠣᠪᠠ᠃

ᠡᠨᠡ ᠨᠢᠭᠡ ᠵᠢᠯ᠎ᠳᠦ᠂ ᠦᠬᠠᠶ ᠬᠣᠲᠠ 《ᠳᠣᠯᠣᠭ᠎ᠠ᠎ᠶ᠋ᠢ ᠵᠠᠰᠠᠬᠤ 》 ᠱᠢᠰᠲ᠋ᠧᠮ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠵᠠᠭᠤᠨ ᠡᠳᠦᠷ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠬᠦᠴᠦ᠍᠎ᠪᠡᠨ ᠲᠥᠪᠯᠡᠷᠡᠭᠦᠯᠦᠨ ᠥᠷᠨᠢᠭᠦᠯᠵᠦ᠍᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠪᠠ᠃ ᠬᠠᠲᠤᠨ ᠭᠤᠤᠯ᠎ᠤᠨ ᠥᠪᠥᠷ ᠮᠣᠩᠭᠣᠯ᠎ᠳᠤ ᠤᠷᠤᠰᠤᠨ ᠣᠷᠣᠬᠤ ᠠᠩᠬᠠᠨ᠎ᠤ ᠥᠷᠲᠡᠭᠡ᠎ᠶ᠋ᠢᠨ ᠲᠡᠷᠢᠭᠦᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠬᠥᠷᠥᠰᠥ᠍ ᠱᠢᠷᠣᠶ᠎ᠶ᠋ᠢ ᠬᠠᠮᠠᠭᠠᠯᠠᠬᠤ ᠶᠡᠷᠦᠩᠬᠡᠢᠯᠡᠭ᠌ᠰᠡᠨ ᠵᠠᠰᠠᠯᠲᠠ᠎ᠶ᠋ᠢᠨ ᠲᠠᠯᠠᠪᠠᠶ 136 ᠲᠡᠭ᠌ᠰᠢ ᠳᠥᠷᠪᠡᠯᠵᠢᠨ ᠺᠢᠯᠣᠮᠧᠲ᠋ᠷ᠎ᠲᠦ ᠬᠦᠷᠴᠡᠢ᠃ ᠡᠨᠧᠷᠭᠢ᠎ᠶ᠋ᠢᠨ ᠬᠣᠷᠣᠭ᠍ᠳᠠᠯ᠎ᠤᠨ 《ᠬᠣᠶᠠᠷ᠎ᠢ ᠬᠢᠵᠠᠭᠠᠷᠯᠠᠬᠤ》 ᠱᠠᠭᠠᠷᠳᠠᠯᠭ᠎ᠠ ᠎ᠶ᠋ᠢ ᠴᠢᠩᠭ᠎ᠠ ᠨᠠᠢᠳᠠᠪᠤᠷᠢᠵᠢᠭᠤᠯᠵᠤ《ᠪᠤᠬᠢᠷᠲᠤᠯ ᠶᠡᠬᠡᠳᠡᠢ ᠡᠨᠧᠷᠬᠢ ᠵᠢᠨ ᠬᠤᠷᠤᠭᠳᠠᠯ ᠶᠡᠬᠡᠳᠡᠢ》ᠲᠣᠭ᠍ᠲᠠᠭᠠᠯ᠎ᠠᠴᠠ ᠵᠥᠷᠢᠴᠡᠭ᠌ᠰᠡᠨ ᠲᠥᠷᠥᠯ ᠵᠦᠢᠯ᠎ᠢ ᠶᠡᠬᠡ ᠪᠡᠷ ᠴᠡᠭ᠌ᠴᠡᠯᠡᠨ ᠵᠠᠰᠠᠵᠤ᠂ ᠨᠢᠭᠡᠴᠢ GDP ᠶ᠋ᠢᠨ ᠡᠨᠧᠷᠭᠢ᠎ᠶ᠋ᠢᠨ ᠬᠣᠷᠣᠭ᠍ᠳᠠᠯ ᠠᠳᠠᠯᠢ ᠬᠤᠭᠤᠴᠠᠭᠠᠨ᠎ᠤ ᠬᠢ᠎ᠡᠴᠡ 8% ᠪᠠᠷ ᠪᠠᠭᠤᠷᠠᠪᠠ᠃ ᠠᠭᠠᠷ ᠮᠠᠨᠳᠠᠯ᠎ᠤᠨ ᠣᠷᠴᠢᠨ ᠲᠣᠭᠣᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ 167 ᠲᠥᠷᠥᠯ ᠵᠦᠶ᠋ᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠵᠣᠨ᠎ᠤ ᠤᠯᠠᠷᠢᠯ᠎ᠤᠨ ᠳᠡᠭ᠌ᠳᠡᠮᠡᠬᠡᠶ ᠴᠢᠨᠠᠷᠲᠠᠶ ᠣᠷᠭᠠᠨᠢᠭ ᠪᠣᠳᠠᠰ ᠎ᠢ ᠰᠢᠢᠳᠪᠦᠷᠢᠯᠡᠬᠦ ᠱᠢᠪᠲᠤᠯᠤᠯᠲᠠ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠪᠡ᠃ ᠠᠭᠤᠷᠬᠠᠶ ᠎ᠶ᠋ᠢᠨ ᠵᠠᠰᠠᠯᠲᠠ᠎ᠶ᠋ᠢᠨ《ᠬᠤᠤᠰ ᠬᠠᠷᠢᠭᠤᠴᠠᠯᠭ᠎ᠠ ᠬᠤᠤᠰ ᠳᠠᠷᠤᠭ᠎ᠠ᠎ᠶ᠋ᠢᠨ ᠲᠦᠷᠢᠮ》᠎ᠢ᠋ ᠬᠡᠷᠡᠭ᠌ᠵᠢᠭᠦᠯᠵᠦ᠍᠂ ᠠᠭᠤᠷᠬᠠᠶ᠎ᠶ᠋ᠢᠨ ᠡᠷᠬᠡ᠎ᠶ᠋ᠢ ᠴᠡᠭᠴᠡᠯᠡᠨ ᠨᠡᠢᠳᠬᠡᠬᠦ ᠶ᠋ᠢ ᠬᠠᠮᠵᠢᠯᠴᠠᠨ ᠠᠬᠢᠭᠤᠯᠵᠤ᠂ ᠠᠭᠤᠷᠬᠠᠶ ᠎ᠶ᠋ᠢᠨ ᠭᠠᠵᠠᠷ ᠎ᠤᠨ ᠣᠷᠴᠢᠨ ᠲᠣᠭᠣᠷᠢᠨ᠎ᠢ ᠵᠠᠰᠠᠬᠰᠠᠨ ᠲᠠᠯᠠᠪᠠᠶ 10.7 ᠲᠡᠭ᠌ᠰᠢ ᠳᠥᠷᠪᠡᠯᠵᠢᠨ ᠺᠢᠯᠣᠮᠧᠲ᠋ᠷ ᠲᠦ᠍ ᠬᠦᠷᠪᠡ᠃

ᠲᠣᠰ ᠵᠢᠯ᠎ᠳᠦ᠂ ᠦᠬᠠᠶ ᠬᠣᠲᠠ ᠠᠷᠠᠳ ᠲᠦᠮᠡᠨ ᠎ᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠢᠳᠡᠪᠬᠢᠲᠡᠶ ᠬᠠᠷᠢᠭᠤᠯᠲᠠ ᠥᠭ᠌ᠴᠦ᠂ 16 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠲᠥᠷᠥᠯ ᠵᠦᠶ᠋ᠯ᠎ᠤᠨ ᠪᠦᠲᠦᠬᠡᠨ ᠪᠠᠢᠭᠤᠯᠤᠯᠳᠠ ᠵᠢ ᠪᠡᠶᠡᠯᠡᠭᠦᠯᠵᠦ᠍᠂ ᠲᠥᠬᠥᠮ ᠪᠦᠳᠦᠴᠡᠳᠦ ᠣᠷᠣᠨ ᠰᠠᠭᠤᠴᠠ᠎ᠶ᠋ᠢᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ 2360 ᠢᠵᠢ ᠣᠷᠣᠨ ᠰᠠᠭᠤᠴᠠ᠎ᠶ᠋ᠢ ᠡᠬᠢᠯᠡᠨ ᠪᠦᠲᠦᠬᠡᠨ ᠪᠠᠢᠭᠤᠯᠪᠠ᠃ ᠬᠤᠳᠠ᠎ᠶ᠋ᠢᠨ ᠶᠠᠪᠤᠳᠠᠯ᠎ᠤᠨ ᠵᠠᠮ᠂ ᠬᠣᠭᠣᠯᠠᠢ ᠲᠣᠣᠷ᠎ᠢ 600 ᠱᠢᠬᠠᠮ ᠺᠢᠯᠣᠮᠧᠲ᠋ᠷ ᠱᠢᠨ᠎ᠡ᠎ᠪᠡᠷ ᠪᠦᠲᠦᠬᠡᠨ ᠪᠠᠢᠭᠤᠯᠤᠬᠰᠠᠨ ᠪᠤᠶᠤ ᠥᠭᠡᠷᠡᠴᠢᠯᠡᠨ ᠵᠠᠰᠠᠵᠤ᠂ ᠴᠡᠴᠡᠷᠯᠢᠭ᠎ᠦᠨ ᠦᠵᠡᠮᠵᠢ ᠎ᠶ᠋ᠢ ᠰᠠᠢᠵᠢᠷᠠᠭᠤᠯᠬᠤ ᠢᠨᠵᠧᠨᠧᠷᠢᠩ ᠬᠤᠳᠠ᠎ᠶ᠋ᠢᠨ ᠠᠷᠠᠳ᠎ᠤᠨ ᠮᠠᠭ᠍ᠲᠠᠭᠠᠯ ᠰᠠᠢᠱᠢᠶᠠᠯ᠎ᠢ ᠤᠯᠪᠠ᠃ ᠤᠶᠤᠨᠲᠤ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠤᠶᠤᠨᠲᠤ ᠵᠠᠮ ᠬᠠᠷᠢᠯᠴᠠᠭ᠎ᠠ ᠵᠡᠷᠭᠡ ᠢᠨᠵᠧᠨᠧᠷᠢᠩ᠎ᠤᠨ ᠠᠬᠢᠴᠠ᠎ᠶ᠋ᠢ ᠲᠦᠷᠭᠡᠳᠭᠡᠨ᠂ ᠬᠠᠢ᠌ᠷᠤᠪ᠎ᠤᠨ ᠲᠣᠬᠣᠢ᠂ ᠤᠳᠠ᠂ ᠬᠠᠢᠨᠠᠨ ᠬᠣᠲᠠ ᠲᠣᠭᠣᠷᠢᠭ ᠲᠦ᠍  5G ᠰᠦᠯᠵᠢᠶ᠎ᠡ᠎ᠶ᠋ᠢ ᠪᠦᠷᠬᠦᠭᠦᠯᠪᠡ᠃

ᠲᠣᠰ ᠵᠢᠯ᠎ᠳᠦ᠂ ᠦᠬᠠᠶ ᠬᠣᠲᠠ ᠠᠵᠤ ᠠᠬᠤᠶ ᠎ᠶ᠋ᠢᠨ ᠪᠠᠢᠭᠤᠯᠤᠮᠵᠢ ᠪᠠ ᠠᠮᠢ ᠠᠬᠤᠶ ᠎ᠶ᠋ᠢᠨ ᠪᠣᠯᠪᠠᠰᠤᠨ᠎ᠤ ᠪᠠᠢᠭᠤᠯᠤᠮᠵᠢ ᠵᠢᠨ ᠥᠭᠡᠷᠡᠴᠢᠯᠡᠯᠲᠡ ᠶ᠋ᠢᠨ 100 ᠵᠦᠶ᠋ᠯ᠎ᠤᠨ ᠡᠭᠦᠷᠭᠡ ᠵᠢ ᠯᠠᠪᠳᠠᠭᠤᠨ ᠵᠢᠡᠷ ᠠᠭᠢᠭᠤᠯᠵᠤ᠂ ᠨᠢᠭᠡ ᠪᠦᠯᠦᠭ ᠲᠦᠷᠢᠮ ᠪᠠ ᠦᠶ᠋ᠯᠡᠳᠦᠯᠭᠡ᠎ᠶ᠋ᠢᠨ ᠦᠷ᠎ᠡ ᠪᠦᠲᠦᠭᠡᠯ᠎ᠢ ᠪᠣᠶ ᠪᠣᠯᠭᠠᠪᠠ᠃ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢᠨ ᠡᠷᠴᠢᠮ ᠎ᠢ ᠴᠢᠩᠭᠠᠷᠠᠭᠤᠯᠤᠨ᠂ 10 ᠵᠦᠶ᠋ᠯ᠎ᠦᠨ 《ᠴᠢᠩᠭ᠎ᠠ ᠬᠢᠨᠠᠨ ᠬᠠᠷᠭᠤᠭᠤᠯᠬᠤ》 ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠂ 《ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌》᠂《ᠠᠯᠠᠭᠠᠨ ᠳᠡᠭᠡᠷ᠎ᠡ ᠭᠦᠶ᠋ᠴᠡᠳᠭᠡᠬᠦ᠌》᠂ 《ᠨᠢᠭᠡ ᠯᠡ ᠤᠳᠠᠭ᠎ᠠ᠎ᠳᠤ ᠭᠦᠶ᠋ᠴᠡᠳᠭᠡᠬᠦ᠌ 》᠂ 《ᠲᠠᠨ᠎ᠳᠤ ᠬᠠᠪᠰᠤᠷᠤᠨ ᠭᠦᠶ᠋ᠴᠡᠳᠭᠡᠬᠦ᠌》 ᠵᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 《ᠠᠬᠠᠳᠠᠬᠤ᠎ᠳ᠋ᠡᠭᠠᠨ ᠨᠢᠭᠡ ᠯᠡ ᠤᠳᠠᠭ᠎ᠠ ᠣᠴᠢᠵᠤ ᠭᠦᠶ᠋ᠴᠡᠳᠭᠡᠬᠦ᠌》ᠵᠦᠶ᠋ᠯᠡᠰ᠎ᠦᠨ ᠡᠵᠡᠯᠡᠬᠦ᠌ ᠬᠠᠷᠢᠴᠠᠯ᠎ᠢ 99.7% ᠳ᠋ᠤ ᠬᠦᠷᠬᠡᠪᠡ᠃ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ ᠳᠤᠮᠳᠠ ᠪᠠᠭ᠎ᠠ ᠠᠵᠤ ᠠᠬᠤᠢᠯᠠᠯ᠎ᠳᠤ ᠥᠷᠢᠲᠦᠵᠦ᠍ ᠪᠠᠢᠭ᠍ᠰᠠᠨ 1.1 ᠳ᠋ᠦᠩᠱᠢᠭᠤᠷ ᠲᠥᠭᠥᠷᠢᠭ᠎ᠦᠨ ᠦᠷᠢ ᠦᠭᠴᠡᠭᠡ᠎ᠶ᠋ᠢᠨ ᠵᠣᠭᠣᠰ᠎ᠢ ᠴᠡᠪᠡᠷᠯᠡᠨ ᠲᠢᠭ᠌ᠯᠡᠵᠦ᠍᠂ ᠭᠠᠢᠯᠢ ᠵᠢ ᠬᠠᠰᠤᠵᠦ ᠰᠦᠢᠳᠭᠡᠯ᠎ᠢ ᠪᠠᠭᠤᠷᠠᠭᠤᠯᠤᠬᠰᠠᠨ ᠵᠣᠭᠣᠰ᠎ᠤᠨ ᠲᠤᠭ᠎ᠠ ᠱᠢᠨ᠎ᠡ᠎ᠪᠡᠷ  5 ᠳ᠋ᠦᠩᠱᠢᠭᠤᠷ ᠲᠥᠭᠥᠷᠢᠭ ᠨᠡᠮᠡᠭ᠌ᠳᠡᠵᠦ᠂ ᠲᠦᠷᠦ᠍᠎ᠶ᠋ᠢᠨ ᠪᠤᠳᠤᠯᠭ᠎ᠠ᠎ᠶ᠋ᠢᠨ ᠪᠡᠯᠡ ᠮᠥᠩᠭᠥ᠎ᠶ᠋ᠢ 1 ᠳ᠋ᠦᠩᠱᠢᠭᠤᠷ ᠱᠢᠬᠠᠮ ᠲᠥᠭᠥᠷᠢᠭ ᠨᠠᠢᠳᠠᠪᠤᠷᠢᠵᠢᠭᠤᠯᠪᠠ᠃ ᠵᠠᠰᠠᠭ᠎ᠤᠨ ᠣᠷᠳᠣᠨ ᠪᠠ ᠠᠷᠠᠯᠵᠢᠶᠠᠴᠢᠨ᠎ᠤ ᠶᠠᠪᠤᠯᠴᠠᠭ᠎ᠠ᠎ᠶ᠋ᠢ ᠵᠢᠷᠤᠮᠵᠢᠭᠤᠯᠬᠤ ᠨᠠᠵᠠᠭᠠᠢ ᠲᠠᠯ᠎ᠠ ᠎ᠶ᠋ᠢᠨ ᠨᠠᠷᠢᠨ ᠲᠠᠩᠰᠠ᠎ᠶ᠋ᠢ ᠵᠤᠬᠢᠶᠠᠵᠦ᠂ ᠠᠵᠤ ᠠᠬᠤᠢᠯᠠᠯᠲᠠᠨ ᠎ᠤ ᠬᠦᠰᠡᠯ ᠱᠠᠭᠠᠷᠳᠠᠯᠭ᠎ᠠ᠎ᠶ᠋ᠢ ᠱᠢᠭᠤᠳ ᠬᠠᠷᠢᠭᠤ ᠲᠤᠰᠭᠠᠬᠤ ᠲᠣᠭ᠍ᠲᠠᠴᠠ᠎ᠶ᠋ᠢ ᠪᠠᠢᠭᠤᠯᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ 《ᠤᠴᠢᠷ ᠶᠠᠪᠤᠳᠠᠯ ᠦᠭᠡᠢ ᠪᠣᠯ ᠦᠢᠮᠡᠭᠦᠯᠬᠦ᠌ ᠦᠭᠡᠢ᠂ ᠤᠴᠢᠷ ᠶᠠᠪᠤᠳᠠᠯ ᠪᠠᠢᠪᠠᠯ ᠳᠠᠷᠤᠢᠬᠠᠨ ᠱᠢᠢᠳᠪᠦᠷᠢᠯᠡᠬᠦ᠌》 ᠪᠣᠯᠭᠠᠪᠠ᠃ ᠨᠡᠭᠡᠭᠡᠯᠲᠡᠲᠦ ᠬᠠᠮᠲᠤᠷᠠᠯᠴᠠᠭ᠎ᠠ ᠦᠷᠭᠦᠯᠵᠢᠯᠡᠨ ᠥᠷᠭᠡᠳᠴᠦ᠍᠂ ᠵᠢᠱ᠌ᠢᠯᠲᠡ᠎ᠪᠡᠷ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠢ ᠵᠤᠭᠤᠰ᠎ᠤᠨ ᠲᠤᠭ᠎ᠠ13 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠡᠮᠡᠭ᠌ᠳᠡᠯ᠎ᠦᠨ ᠬᠤᠷᠳᠤᠴᠠ ᠨᠢ ᠪᠦᠬᠦ᠌ ᠣᠷᠣᠨ᠎ᠳᠤ ᠲᠦᠷᠦᠬᠦᠯᠡᠵᠡᠢ᠃

ᠡᠨᠡ ᠨᠢᠭᠡ ᠵᠢᠯ᠎ᠳᠦ᠂ ᠦᠬᠠᠢ ᠬᠤᠳᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠵᠠᠷᠤᠯᠭ᠎ᠠ ᠎ᠶ᠋ᠢ ᠨᠡᠮᠡᠭ᠌ᠳᠡᠭᠦᠯᠵᠦ᠍᠂ ᠤᠯᠠᠨ ᠲᠦᠮᠡᠨ᠎ᠦ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠪᠦᠬᠦ᠌ ᠬᠦᠴᠦ᠍᠎ᠪᠡᠷ᠎ᠢᠶᠡᠨ ᠱᠢᠢᠳᠪᠦᠷᠢᠯᠡᠪᠡ᠃ ᠠᠵᠢᠯ ᠵᠢᠡᠷ ᠪᠣᠯᠪᠠᠰᠤᠷᠠᠯ᠎ᠢ ᠣᠷᠣᠯᠠᠭᠤᠯᠬᠤ ᠨᠥᠬᠥᠪᠥᠷᠢ ᠮᠥᠩᠭᠥ᠌ ᠪᠠ ᠦᠢᠯᠡᠰ ᠪᠣᠰᠭᠠᠬᠤ ᠪᠠᠲᠤᠯᠠᠭᠠᠲᠤ ᠵᠢᠭᠡᠯᠡᠯᠭᠡ ᠵᠡᠷᠭᠡ᠎ᠶ᠋ᠢ 7686 ᠲᠦᠮᠡᠨ ᠲᠥᠭᠥᠷᠢᠭ ᠲᠠᠷᠬᠠᠭᠠᠵᠤ᠂ ᠬᠣᠲᠠ ᠪᠠᠯᠭᠠᠰᠤᠨ᠎ᠤ ᠳᠠᠩᠰᠠᠯᠠᠭᠤᠯᠤᠭ᠍ᠰᠠᠨ ᠠᠵᠢᠯ ᠠᠯᠳᠠᠯᠳᠠ ᠵᠢᠨ ᠨᠣᠷᠮ᠎ᠠ᠎ᠶ᠋ᠢ 5% ᠵᠢᠨ ᠳᠣᠲᠣᠷ᠎ᠠ ᠬᠢᠵᠠᠭᠠᠷᠯᠠᠪᠠ᠃ ᠨᠡᠢᠭᠡᠮ᠎ᠦᠨ ᠪᠠᠲᠤᠯᠠᠭ᠎ᠠ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ 810 ᠲᠥᠭᠥᠷᠢᠭ ᠪᠣᠯᠭᠠᠨ ᠳᠡᠭᠡᠭ᠌ᠰᠢᠯᠡᠭᠦᠯᠪᠡ᠃ ᠪᠥᠬᠥ᠌ ᠣᠷᠣᠨ᠎ᠳᠤ ᠲᠦᠷᠦᠬᠦᠯᠡᠨ ᠣᠷᠣᠯᠭ᠎ᠠ ᠪᠠᠭ᠎ᠠ ᠭᠡᠷ ᠪᠦᠯᠢ᠎ᠶ᠋ᠢᠨ ᠡᠳ᠋ ᠬᠥᠷᠥᠩᠭᠡ᠎ᠶ᠋ᠢ ᠮᠠᠭᠠᠳᠯᠠᠨ ᠲᠣᠭ᠍ᠲᠠᠭᠠᠬᠤ ᠪᠠᠷᠢᠮᠵᠢᠶ᠎ᠠ᠎ᠶ᠋ᠢ ᠲᠣᠭ᠍ᠲᠠᠭᠠᠵᠤ᠂ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠎ᠢ ᠠᠪᠤᠷᠠᠨ ᠲᠤᠰᠠᠯᠠᠬᠤ ᠎ᠶ᠋ᠢ ᠪᠦᠬᠦᠨ᠎ᠢ ᠪᠦᠷᠬᠦᠭᠦᠯᠵᠦ᠍᠂ ᠨᠡᠢᠭᠡᠮ ᠎ᠦᠨ ᠠᠪᠤᠷᠠᠨ ᠲᠤᠰᠠᠯᠠᠬᠤ ᠮᠡᠳᠡᠭᠡ ᠵᠠᠩᠭᠢᠵᠢᠯᠲᠠ ᠎ᠶ᠋ᠢᠨ ᠪᠠᠢᠭᠤᠯᠤᠯᠲᠠ ᠎ᠶ᠋ᠢ ᠪᠥᠬᠥ᠌ ᠤᠯᠤᠰ᠎ᠤᠨ ᠨᠡᠢᠭᠡᠮ᠎ᠦᠨ ᠠᠪᠤᠷᠠᠨ ᠲᠤᠰᠠᠯᠠᠬᠤ ᠬᠦᠷᠢᠶ᠎ᠡ ᠴᠠᠷᠠᠭ᠎ᠠ ᠎ᠶ᠋ᠢᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠵᠢᠱ᠌ᠢᠶ᠎ᠡ᠎ᠳᠦ ᠣᠷᠣᠭᠤᠯᠪᠡ᠃ ᠬᠡᠷ ᠭᠠᠵᠠᠷ᠎ᠤᠨ ᠬᠥᠷᠥᠩᠭᠡ ᠎ᠶ᠋ᠢᠨ ᠬᠦᠷᠢᠶᠡᠨ᠎ᠳᠡᠬᠢ 《ᠭᠤᠷᠪᠠᠨ ᠬᠦᠴᠢᠷ》ᠠᠰᠠᠭᠤᠳᠠᠯ ᠎ᠢ ᠪᠥᠬᠥ᠌ ᠬᠦᠴᠦᠨ᠎ᠢᠶᠡᠷ ᠵᠢᠡᠨ ᠱᠢᠶ᠋ᠳᠪᠦᠷᠢᠯᠡᠵᠦ᠍᠂ ᠠᠰᠠᠭᠤᠳᠠᠯ᠎ᠲᠠᠶ 10 ᠠᠰᠠᠷ ᠪᠠᠢᠰᠢᠩ᠎ᠢ ᠦᠨᠳᠦᠰᠦᠨ᠎ᠳᠡᠭᠡᠨ ᠱᠢᠶ᠋ᠳᠪᠦᠷᠢᠯᠡᠵᠦ᠍᠂ ᠬᠣᠢᠱᠢᠯᠠᠭᠤᠯᠤᠨ ᠲᠤᠱᠢᠶᠠᠭ᠍ᠰᠠᠨ 4326 ᠢᠵᠢ ᠬᠡᠷ ᠪᠠᠢᠱᠢᠩ᠎ᠢ ᠱᠢᠶ᠋ᠳᠪᠦᠷᠢᠯᠡᠵᠦ᠍᠂ ᠲᠦᠪᠬᠢᠨᠡᠬᠦᠯᠦᠨ ᠨᠡᠭᠦᠯᠭᠡᠭ᠌ᠰᠡᠨ 1218 ᠡᠷᠦᠬᠡ ᠣᠯᠠᠨ ᠲᠦᠮᠡᠨ᠎ᠢ ᠲᠥᠪᠬᠢᠨᠡᠭᠦᠯᠵᠦ᠍᠂ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠥᠯᠥ᠍ ᠬᠥᠳᠡᠯᠬᠦ᠌ ᠬᠥᠷᠥᠩᠭᠡ᠎ᠶ᠋ᠢᠨ ᠡᠷᠬᠡ᠎ᠶ᠋ᠢᠨ ᠦᠨᠡᠮᠯᠡᠯ᠎ᠦᠨ ᠳᠡᠩᠰᠡᠯᠡᠯᠲᠡ᠎ᠶ᠋ᠢᠨ ᠭᠦᠶ᠋ᠴᠡᠳᠭᠡᠪᠡᠰᠦ ᠵᠣᠬᠢᠬᠤ ᠵᠢ ᠨᠢ ᠪᠦᠬᠦᠨ᠎ᠢ ᠭᠦᠶ᠋ᠴᠡᠳᠭᠡᠪᠡ᠃ 63 ᠬᠤᠪᠢ 《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》ᠭᠤᠤᠯᠳᠠᠯᠭ᠎ᠠ᠎ᠲᠠᠶ ᠠᠷᠠᠳ᠎ᠤᠨ ᠠᠮᠢᠳᠤᠷᠠᠯ᠎ᠤᠨ ᠵᠦᠶ᠋ᠯᠡᠰ᠎ᠢ ᠡᠮᠬᠢ ᠵᠢᠷᠤᠮ᠎ᠲᠠᠶ ᠠᠬᠢᠭᠤᠯᠪᠠ᠃

ᠥᠩᠭᠡᠷᠡᠭ᠌ᠰᠡᠨ᠎ᠦ ᠭᠡᠷᠡᠯ ᠰᠠᠴᠤᠷᠠᠩᠭᠤᠢ ᠠᠮᠵᠢᠯᠲᠠ᠎ᠪᠠᠨ ᠡᠷᠭᠢᠴᠡᠭᠦᠯᠵᠦ᠍᠂ ᠢᠷᠡᠭᠡᠳᠦᠢ᠎ᠪᠡᠨ ᠪᠠᠷᠠᠯᠠᠵᠦ ᠡᠷᠡᠮᠡᠬᠡᠢᠯᠡᠨ ᠤᠷᠤᠭ᠍ᠰᠢᠯᠠᠨ᠎ᠠ᠃ ᠱᠢᠨ᠎ᠡ ᠨᠢᠭᠡ ᠵᠢᠯ᠎ᠦᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠦᠬᠠᠶ ᠬᠣᠲᠠ ᠦᠬᠠᠶ ᠵᠢᠴᠢ ᠡᠷᠬᠢᠨ ᠲᠣᠭᠣᠷᠢᠨ ᠎ᠤ ᠭᠠᠵᠠᠷ ᠣᠷᠣᠨ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠠᠵᠢᠯ᠎ᠢ ᠬᠦᠴᠦᠯᠡᠨ ᠰᠠᠢᠲᠤᠷ ᠠᠳᠭᠤᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠳᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠰᠠᠢᠲᠤᠷ ᠵᠠᠮᠨᠠᠵᠤ᠂ ᠠᠵᠤ ᠦᠶ᠋ᠯᠡᠰ᠎ᠦᠨ ᠬᠡᠯᠪᠡᠷᠢ᠎ᠪᠠᠨ ᠬᠤᠪᠢᠷᠠᠭᠤᠯᠬᠤ ᠪᠠ ᠬᠣᠲᠠ᠎ᠶ᠋ᠢᠨ ᠬᠡᠯᠪᠡᠷᠢ᠎ᠪᠠᠨ ᠬᠤᠪᠢᠷᠠᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠱᠢᠨ᠎ᠡ ᠠᠶᠠᠨ ᠎ᠳᠤ ᠦᠬᠠᠶ᠎ᠶ᠋ᠢᠨ ᠴᠢᠨᠠᠷ ᠰᠠᠢᠲᠠᠶ ᠬᠥᠭ᠌ᠵᠢᠯᠲᠡ᠂ ᠴᠢᠨᠠᠷ ᠰᠠᠢᠲᠠᠶ ᠠᠮᠢᠳᠤᠷᠠᠯ᠂ ᠥᠨᠳᠥᠷ ᠪᠦᠲᠦᠮᠵᠢᠲᠡᠶ ᠵᠠᠰᠠᠯᠲᠠ᠎ᠶ᠋ᠢᠨ ᠱᠢᠨ᠎ᠡ ᠬᠠᠭᠤᠳᠠᠰᠤ ᠎ᠶ᠋ᠢ ᠴᠢᠷᠮᠠᠢᠨ ᠪᠢᠴᠢᠭᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号