ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ ᠬᠢᠭᠡᠳ ᠪᠥᠬᠥ᠌ ᠠᠷᠠᠳ᠎ᠤᠨ ᠡᠷᠡᠭᠦᠯ ᠮᠡᠨᠳᠦ᠍᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠳᠤ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠱᠢᠨ᠎ᠡ ᠬᠤᠪᠢ ᠨᠡᠮᠡᠷᠢ ᠵᠢ ᠦᠵᠡᠭᠦᠯᠦᠨ᠎ᠡ
2022-01-16 20:09:16
ᠵᠣᠬᠢᠶᠠᠭ᠍ᠴᠢ᠄
​ ᠴᠠᠶ ᠰᠧ ᠶᠤᠸᠠᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠲᠣᠪᠴᠢᠶᠠᠨ ᠳᠠᠷᠤᠭ᠎ᠠ᠎ᠶ᠋ᠢᠨ ᠮᠠᠨᠰᠠᠩ᠎ᠢ ᠰᠤᠷᠪᠤᠯᠵᠢᠯᠠᠭ᠍ᠰᠠᠨ ᠨᠢ


ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠵᠤ ᠳᠤᠭᠤᠰᠢᠯᠠᠭᠤᠯᠬᠤ ᠲᠤᠬᠠᠶ ᠰᠤᠷᠪᠤᠯᠵᠢᠯᠠᠭ᠍ᠴᠢ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ᠎ᠶ᠋ᠢᠨ ᠮᠠᠨᠰᠠᠩ ᠎ᠢ ᠰᠤᠷᠪᠤᠯᠵᠢᠯᠠᠪᠠ᠃

ᠶ᠋ᠢᠨ ᠮᠠᠨᠰᠠᠩ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ100 ᠵᠢᠯ᠎ᠦᠨ ᠤᠢ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ  ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠵᠢᠡᠨ ᠡᠬᠢᠯᠡᠬᠦᠯᠦᠭᠰᠡᠨ ᠴᠢᠬᠤᠯᠠ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠶᠡᠬᠡ ᠬᠤᠷᠠᠯ᠎ᠤᠨ ᠢᠯᠡᠳᠭᠡᠯ᠎ᠳᠦ ᠲᠤᠭ᠎ᠢ ᠥᠨᠳᠥᠷ ᠮᠠᠨᠳᠤᠭᠤᠯᠵᠤ᠂ ᠭᠣᠣᠯ ᠰᠡᠳᠦᠪ ᠲᠣᠳᠣᠷᠬᠠᠢ᠂ ᠠᠭᠤᠯᠤᠭ᠍ᠳᠠᠬᠤᠨ ᠪᠠᠶᠠᠯᠢᠭ ᠪᠠᠢᠵᠤ᠂ ᠥᠩᠭᠡᠷᠡᠭ᠌ᠰᠡᠨ 5 ᠵᠢᠯ᠎ᠦᠨ ᠠᠮᠵᠢᠯᠲᠠ᠎ᠪᠠᠨ ᠪᠦᠬᠦ᠌ ᠲᠠᠯ᠎ᠠ᠎ᠪᠠᠷ ᠳ᠋ᠦᠩᠨᠡᠵᠦ᠍᠂ ᠥᠨᠳᠥᠷ᠎ᠲᠦ ᠵᠣᠭ᠍ᠰᠣᠨ ᠠᠯᠤᠰ᠎ᠢ  ᠪᠠᠷᠠᠯᠠᠵᠤ᠂ ᠢᠷᠡᠭᠡᠳᠦᠢ᠎ᠶ᠋ᠢᠨ 5 ᠵᠢᠯ᠎ᠦᠨ ᠬᠥᠭ᠌ᠵᠢᠯᠲᠡ᠎ᠶ᠋ᠢᠨ ᠲᠥᠰᠦᠪ᠎ᠢ ᠵᠢᠷᠤᠭ᠍ᠯᠠᠪᠠ᠃ ᠢᠯᠡᠳᠬᠡᠯ᠎ᠳᠦ᠂ ᠤᠯᠠᠨ ᠲᠦᠮᠡᠨᠴᠢ ᠪᠡᠶ᠎ᠡ᠎ᠶ᠋ᠢᠨ ᠲᠠᠮᠢᠷ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠂  ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ  ᠪᠣᠯᠤᠨ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ ᠭᠡᠵᠤ ᠵᠢᠭᠠᠵᠤ ᠭᠠᠷᠭᠠᠵᠠᠢ᠃ ᠡᠨᠡ ᠨᠢ ᠪᠢᠳᠡᠨ᠎ᠦ ᠬᠣᠢᠱᠢᠳᠠ᠎ᠶ᠋ᠢᠨ 5 ᠵᠢᠯ᠎ᠦᠨ ᠪᠡᠶ᠎ᠡ᠎ᠶ᠋ᠢᠨ ᠲᠠᠮᠢᠷ᠎ᠤᠨ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠵᠤ᠂ ᠬᠥᠭ᠌ᠵᠢᠯᠲᠡ᠎ᠶ᠋ᠢᠨ ᠴᠢᠭ᠌ᠯᠡᠯ᠎ᠢ ᠲᠤᠳᠤᠷᠬᠠᠢᠯᠠᠵᠤ ᠥᠭ᠌ᠴᠡᠢ ᠬᠡᠵᠦ ᠬᠡᠯᠡᠪᠡ᠃

ᠶ᠋ᠢᠨ ᠮᠠᠨᠰᠠᠩ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭ᠎ᠠ ᠪᠣᠯ ᠮᠠᠨ᠎ᠤ ᠤᠯᠤᠰ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ  ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢᠶᠠᠨ ᠡᠬᠢᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠪᠦᠬᠦ᠌ ᠠᠷᠠᠳ᠎ᠵᠢᠡᠷ ᠵᠢᠡᠨ ᠪᠡᠶ᠎ᠡ ᠴᠢᠭᠢᠷᠠᠭ᠍ᠵᠢᠭᠤᠯᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠴᠢᠬᠤᠯᠠ ᠴᠠᠭ ᠬᠤᠭᠤᠴᠠᠭ᠎ᠠ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ᠂ ᠨᠡᠩ ᠶᠡᠬᠡ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ ᠪᠣᠯᠤᠨ᠎ᠠ᠃ ᠪᠢᠳᠡ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠭᠤᠤᠯ ᠲᠡᠮᠡᠴᠡᠬᠦ᠌ ᠬᠠᠷᠠᠯᠲᠠ᠎ᠶ᠋ᠢᠨ ᠲᠣᠭᠣᠷᠢᠨ᠎ᠳᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂  ᠶᠡᠷᠦᠩᠬᠡᠢ ᠱᠦᠵᠢ ᠰᠢ ᠵᠢᠨ ᠫᠢᠩ᠎ᠦᠨ ᠪᠡᠶ᠎ᠡ᠎ᠶ᠋ᠢᠨ ᠲᠠᠮᠢᠷ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠎ᠠ᠃ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ  ᠪᠠᠢᠭᠤᠯᠬᠤ ᠲᠤᠬᠠᠶ  ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠵᠢ ᠪᠦᠬᠦ ᠲᠠᠯ᠎ᠠ ᠪᠡᠷ ᠨᠠᠢᠳᠠᠪᠤᠷᠢᠵᠢᠭᠤᠯᠵᠤ᠂ ᠣᠯᠠᠨ ᠲᠦᠮᠡᠨ᠎ᠢ ᠬᠠᠨᠤᠮᠵᠢᠲᠠᠶ ᠪᠠᠢᠯᠭᠠᠬᠤ᠂ ᠨᠡᠭᠡᠭᠡᠯᠲᠡ ᠬᠢᠵᠦ᠍ ᠬᠠᠮᠲᠤ᠎ᠪᠠᠷ ᠡᠳ᠋ᠯᠡᠬᠦ᠂ ᠠᠭᠤᠰᠤᠯᠴᠠᠨ ᠬᠥᠭ᠌ᠵᠢᠬᠦ᠌ ᠣᠢᠯᠠᠭᠠᠭ᠍ᠳᠠᠬᠤᠨ᠎ᠢ ᠪᠠᠳᠤ ᠪᠤᠢ ᠪᠤᠯᠭᠠᠵᠤ᠂ ᠠᠷᠠᠳ ᠲᠦᠮᠡᠨ᠎ᠦ ᠪᠡᠶ᠎ᠡ ᠴᠢᠭᠢᠷᠠᠭ᠍ᠵᠢᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠢᠮᠠᠭ᠍ᠲᠠ ᠬᠠᠩᠭᠠᠨ᠎ᠠ᠃ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠪᠠᠷ ᠪᠡᠶ᠎ᠡ᠎ᠶ᠋ᠢᠨ ᠲᠠᠮᠢᠷ᠎ᠤᠨ ᠠᠵᠢᠯ᠎ᠤᠨ ᠵᠤᠷᠢᠯᠳᠠ ᠪᠠ ᠲᠤᠰᠤᠯᠳᠠ ᠪᠤᠯᠭᠠᠵᠤ᠂ ᠣᠷᠣᠨ ᠪᠠᠢᠷᠢ᠎ᠶ᠋ᠢᠨ ᠳᠠᠪᠠᠭᠤᠯᠢᠭ᠎ᠵᠢᠡᠨ ᠭᠦᠢᠴᠡᠳ ᠪᠠᠳᠠᠷᠠᠭᠤᠯᠤᠨ᠂ ᠪᠠᠢᠭᠠᠯᠢ᠎ᠶ᠋ᠢᠨ ᠡᠬᠢ ᠪᠠᠶᠠᠯᠢᠭ᠎ᠢ ᠢᠳᠡᠪᠬᠢᠲᠡᠢ ᠠᠱᠢᠭ᠍ᠯᠠᠵᠤ᠂ᠳᠤᠲᠠᠭᠤᠳᠠᠯ ᠵᠢᠡᠨ  ᠨᠥᠬᠥᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠭᠡᠭᠵᠢᠬᠦᠯᠦᠨ᠂ ᠨᠡᠩ ᠥᠨᠳᠥᠷ ᠲᠦᠪᠱᠢᠨ ᠪᠦᠬᠦᠢ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ  ᠪᠠᠢᠭᠤᠯᠤᠨ᠎ᠠ᠃ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠢ ᠪᠥᠬᠥ᠌ ᠲᠠᠯ᠎ᠠ᠎ᠪᠠᠷ ᠠᠬᠢᠭᠤᠯᠵᠤ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠂ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠂ ᠪᠡᠶ᠎ᠡ᠎ᠶ᠋ᠢᠨ ᠲᠠᠮᠢᠷ᠎ᠤᠨ ᠰᠣᠶᠣᠯ ᠵᠡᠷᠭᠡ ᠡᠯ᠎ᠡ ᠲᠠᠯ᠎ᠠ᠎ᠶ᠋ᠢᠨ ᠬᠥᠭ᠌ᠵᠢᠯᠲᠡ ᠵᠢ ᠠᠬᠢᠭᠤᠯᠵᠤ᠂  ᠪᠦᠬᠦ᠌ ᠠᠷᠠᠳ᠎ᠤᠨ  ᠪᠡᠶ᠎ᠡ ᠴᠢᠭᠢᠷᠠᠭ᠍ᠵᠢᠭᠤᠯᠤᠯᠳᠠ ᠪᠠ ᠪᠦᠬᠦ᠌ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ᠃ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠵᠠᠰᠠᠯᠲᠠ᠎ᠶ᠋ᠢᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠨ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ  ᠪᠠᠢᠭᠤᠯᠬᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ᠎ᠳᠤ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠱᠢᠨ᠎ᠡ ᠬᠤᠪᠢ ᠨᠡᠮᠡᠷᠢ ᠵᠢ ᠦᠵᠡᠭᠦᠯᠦᠨ᠎ᠡ᠃

ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠳᠤᠲᠠᠭᠤᠳᠠᠯ᠎ᠢ ᠨᠥᠬᠥᠪᠥᠷᠢᠯᠡᠬᠦ᠌ ᠢᠨᠵᠧᠨᠧᠷᠢᠩ᠎ᠢ ᠪᠦᠬᠦ᠌ ᠲᠠᠯ᠎ᠠ᠎ᠪᠠᠷ ᠰᠠᠢᠲᠤᠷ ᠠᠳᠭᠤᠬᠤ ᠲᠠᠯ᠎ᠠ᠎ᠪᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ《ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ᠎ᠶ᠋ᠢᠨ ᠬᠡᠷᠡᠭ᠌ᠵᠢᠭᠦᠯᠬᠦ᠌ ᠲᠥᠯᠥᠪᠯᠡᠭᠡ(2021 —2025)》 ᠎ᠶ᠋ᠢ ᠲᠣᠭ᠍ᠲᠠᠭᠠᠨ ᠨᠠᠢᠳᠠᠪᠤᠷᠢᠵᠢᠭᠤᠯᠤᠨ᠎ᠠ᠃ ᠵᠢᠯ ᠪᠦᠷᠢ ᠲᠣᠰ ᠱᠠᠲᠤᠨ᠎ᠤ ᠱᠠᠩᠨᠠᠯᠲᠤ ᠰᠤᠭᠤᠯᠤᠭ᠎ᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠮᠥᠩᠭᠥ᠎ᠶ᠋ᠢ 1 ᠳ᠋ᠦᠩᠱᠢᠭᠤᠷ ᠲᠥᠭᠥᠷᠢᠭ ᠲᠣᠬᠢᠷᠠᠭᠤᠯᠬᠤ᠎ᠪᠠᠷ ᠲᠥᠯᠥᠪᠯᠡᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ 《ᠲᠤᠯᠤᠭᠠᠨ ᠳᠡᠷᠭᠡᠳᠡᠬᠢ》ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠨ᠎ᠡ᠃ ᠳᠠᠷᠤᠶ ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ ᠪᠡᠶ᠎ᠡ ᠴᠢᠭᠢᠷᠠᠭ᠍ᠵᠢᠭᠤᠯᠬᠤ ᠵᠣᠬᠢᠶᠠᠨ ᠪᠠᠢᠭᠤᠯᠤᠯᠲᠠ᠎ᠶ᠋ᠢ ᠪᠦᠷᠢᠨᠱᠢᠭᠦᠯᠦᠨ᠎ᠡ᠂ ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ ᠪᠡᠶ᠎ᠡ ᠴᠢᠭᠢᠷᠠᠭ᠍ᠵᠢᠭᠤᠯᠬᠤ ᠲᠦᠭᠦᠭᠡᠷᠦᠮᠵᠢ᠎ᠶ᠋ᠢ ᠪᠥᠲᠥᠭᠡᠨ ᠪᠠᠢᠭᠤᠯᠤᠨ᠎ᠠ᠂  ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ  ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ  ᠪᠠᠶᠠᠯᠢᠭ᠍ᠵᠢᠭᠤᠯᠤᠨ᠎ᠠ᠂ ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ᠎ᠢ ᠳᠡᠮᠵᠢᠨ᠎ᠡ᠂ ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ ᠪᠡᠶ᠎ᠡ ᠴᠢᠭᠢᠷᠠᠭ᠍ᠵᠢᠭᠤᠯᠬᠤ ᠵᠢᠯᠣᠭᠣᠳᠣᠯᠭ᠎ᠠ᠎ᠶ᠋ᠢ ᠴᠢᠩᠭᠠᠳᠭᠠᠨ᠎ᠠ᠂ ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ  ᠪᠡᠶ᠎ᠡ ᠴᠢᠭᠢᠷᠠᠭ᠍ᠵᠢᠭᠤᠯᠬᠤ ᠰᠣᠶᠣᠯ᠎ᠢ ᠪᠠᠳᠠᠷᠠᠭᠤᠯᠤᠨ᠎ᠠ᠂ ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ᠎ᠶ᠋ᠢᠨ ᠠᠮᠤᠷ ᠲᠦᠪᠱᠢᠨ᠎ᠢ ᠪᠠᠲᠤᠯᠠᠨ᠎ᠠ᠃ 2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ  ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠬᠥᠬᠡᠬᠣᠲᠠ᠎ᠶ᠋ᠢᠨ ᠪᠣᠬᠢᠷᠲᠤᠯ ᠥᠬᠡᠶ ᠶᠠᠪᠠᠭᠠᠨ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠠᠷᠭ᠎ᠠ ᠬᠢᠳᠡᠯ᠎ᠢ ᠳᠡᠯᠭᠡᠷᠡᠭᠦᠯᠬᠦ᠌᠎ᠪᠡᠷ ᠳᠠᠮᠵᠢᠭᠤᠯᠤᠨ᠂ ᠪᠥᠬᠥ᠌ ᠣᠷᠣᠨ᠎ᠳᠤ ᠨᠢᠭᠡ ᠪᠦᠯᠦᠭ ᠵᠢᠱ᠌ᠢᠶ᠎ᠡ ᠦᠵᠡᠭᠦᠯᠬᠦ᠌ ᠴᠢᠨᠠᠷᠲᠠᠶ ᠪᠡᠶ᠎ᠡ ᠴᠢᠭᠢᠷᠠᠭ᠍ᠵᠢᠭᠤᠯᠬᠤ ᠶᠠᠪᠠᠭᠠᠨ ᠵᠠᠮ᠎ᠢ  ᠪᠥᠲᠥᠭᠡᠨ ᠪᠠᠢᠭᠤᠯᠵᠤ᠂ ᠪᠤᠭᠤᠲᠤ ᠬᠣᠲᠠ ᠵᠡᠷᠭᠡ ᠠᠢᠮᠠᠭ ᠬᠣᠲᠠ᠎ᠶ᠋ᠢᠨ ᠬᠣᠲᠠ᠎ᠶ᠋ᠢᠨ ᠴᠡᠴᠡᠷᠯᠢᠭ᠎ᠢ ᠲᠠᠰ ᠳᠡᠪᠱᠢᠭᠦᠯᠵᠦ ᠥᠭᠡᠷᠡᠴᠢᠯᠡᠨ ᠪᠠᠢᠭᠤᠯᠬᠤ ᠪᠡᠷ ᠳᠡᠮᠵᠢᠭᠤᠯᠵᠦ᠍᠂ ᠪᠡᠶ᠎ᠡ᠎ᠶ᠋ᠢᠨ ᠲᠠᠮᠢᠷ᠎ᠤᠨ ᠡᠯᠧᠮᠧᠨ᠋ᠲ᠎ᠢ ᠠᠭᠤᠰᠬᠠᠨ ᠣᠷᠣᠭᠤᠯᠵᠤ᠂ ᠲᠠᠭᠤᠷᠢᠶᠠᠵᠤ ᠪᠤᠯᠬᠤᠢᠴᠠ ᠳᠡᠯᠭᠡᠷᠡᠭᠦᠯᠵᠦ᠍ ᠪᠣᠯᠬᠤᠢᠴᠠ ᠪᠡᠶ᠎ᠡ᠎ᠶ᠋ᠢᠨ ᠲᠠᠮᠢᠷ᠎ᠤᠨ ᠰᠡᠯᠡᠭᠦᠴᠡᠯ᠎ᠦᠨ ᠴᠡᠴᠡᠷᠯᠢᠭ᠎ᠢ ᠪᠦᠳᠦᠭᠡᠨ ᠪᠠᠢᠭᠤᠯᠤᠨ᠎ᠠ᠃ ᠤᠷᠤᠯᠳᠤᠭᠠᠨ᠎ᠤ ᠠᠵᠢᠯᠯᠠᠭ᠎ᠠ ᠡᠷᠭᠢᠯᠡᠬᠦ᠌ ᠪᠡᠯᠡᠳᠭᠡᠯ᠎ᠤᠨ ᠲᠠᠯ᠎ᠠ ᠎ᠪᠠᠷ᠂ 2022 ᠣᠨ ᠎ᠳᠤ ᠥᠪᠡᠷᠲᠡᠭᠡᠨ ᠵᠠᠰᠠᠬᠤ ᠣᠷᠣᠨ ᠎ᠤ  ᠪᠡᠶ᠎ᠡ ᠎ᠶ᠋ᠢᠨ ᠲᠠᠮᠢᠷ ᠎ᠤᠨ ᠲᠣᠪᠴᠢᠶ᠎ᠠ 《ᠪᠠᠶᠠᠰᠭᠤᠯᠠᠩᠲᠤ ᠲᠠᠯ᠎ᠠ ᠨᠤᠲᠤᠭ ᠡᠷᠡᠭᠦᠯ ᠡᠩᠬᠡ ᠥᠪᠥᠷ ᠮᠣᠩᠭᠣᠯ》 ᠠᠷᠪᠠᠨ ᠭᠤᠷᠪᠠᠳᠤᠭᠠᠷ ᠬᠤᠭᠤᠴᠠᠭᠠᠨ᠎ᠤ  ᠪᠥᠬᠥ᠌ ᠣᠷᠣᠨ ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠳᠤᠯᠤᠳᠤᠭᠠᠷ ᠬᠤᠭᠤᠴᠠᠭᠠᠨ᠎ᠤ ᠪᠥᠬᠥ᠌ ᠣᠷᠣᠨ᠎ᠤ ᠵᠠᠭᠤᠨ ᠱᠢᠶᠠᠨ᠎ᠤ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠎ᠤᠨ ᠰᠣᠯᠢᠯᠴᠠᠭᠠᠨ᠎ᠤ ᠤᠷᠤᠯᠳᠤᠭᠠᠨ᠂ 《ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠡᠳᠦᠷ》᠎ᠤ᠋ᠨ ᠱᠢᠷᠢᠰ ᠠᠵᠢᠯᠯᠠᠭ᠎ᠠ ᠵᠡᠷᠭᠡ ᠎ᠶ᠋ᠢ ᠵᠣᠬᠢᠶᠠᠨ ᠪᠠᠢᠭᠤᠯᠵᠦ᠍᠂ ᠪᠥᠬᠥ᠌ ᠣᠷᠣᠨ᠎ᠤ ᠠᠷᠪᠠᠳᠤᠭᠠᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ ᠎ᠶ᠋ᠢᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠢ ᠵᠣᠬᠢᠶᠠᠨ ᠪᠠᠢᠭᠤᠯᠬᠤ ᠠᠵᠢᠯ ᠎ᠢ ᠬᠠᠮᠵᠢᠯᠴᠠᠨ ᠰᠠᠢᠲᠤᠷ ᠬᠢᠵᠦ᠍᠂ ᠠᠷᠪᠠᠳᠤᠭᠠᠷ ᠬᠤᠭᠤᠴᠠᠭᠠᠨ ᠎ᠤ《ᠳᠤᠮᠳᠠᠳᠤ ᠮᠣᠩᠭᠣᠯ ᠣᠷᠣᠰ》 ᠭᠤᠷᠪᠠᠨ ᠤᠯᠤᠰ᠎ᠤᠨ ᠪᠡᠶ᠎ᠡ ᠎ᠶ᠋ᠢᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠠᠵᠢᠯ ᠎ᠢ ᠰᠠᠢᠲᠤᠷ ᠬᠢᠨ᠎ᠠ᠃ 《ᠨᠢᠭᠡ ᠭᠠᠵᠠᠷ ᠤᠷᠤᠨ ᠨᠢᠭᠡ ᠲᠥᠷᠥᠯ ᠲᠡᠮᠳᠡᠭ᠌ ᠲᠡᠶ᠂ ᠨᠢᠭᠡ ᠭᠠᠵᠠᠷ ᠤᠷᠤᠨ ᠨᠢᠭᠡ ᠣᠨᠴᠠᠯᠢᠭ᠎ᠲᠠᠶ》ᠪᠠᠢᠬᠤ ᠣᠯᠠᠨ ᠲᠦᠮᠡᠨᠴᠢ ᠴᠢᠨᠠᠷᠲᠠᠶ ᠲᠥᠷᠥᠯ ᠲᠡᠮᠳᠡᠭ᠌ᠲᠦ ᠤᠷᠤᠯᠳᠤᠭᠠᠨ ᠎ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠪᠥᠬᠥ᠌ ᠠᠷᠠᠳ᠎ᠤᠨ ᠪᠡᠶ᠎ᠡ ᠎ᠶ᠋ᠢᠨ ᠲᠠᠮᠢᠷ  ᠪᠡᠶ᠎ᠡ ᠴᠢᠭᠢᠷᠠᠭ᠍ᠵᠢᠭᠤᠯᠬᠤ ᠵᠢᠱ᠌ᠢᠶᠡᠴᠢ ᠬᠣᠲᠠ ᠪᠣᠯᠤᠨ ᠬᠣᠱᠢᠭᠤ ᠱᠢᠶᠠᠨ(ᠬᠣᠲᠠ᠂ ᠲᠣᠭᠣᠷᠢᠭ)᠎ᠢ᠋ ᠱᠢᠯᠭᠠᠷᠠᠭᠤᠯᠬᠤ᠂ ᠪᠥᠬᠥ᠌ ᠣᠷᠣᠨ᠎ᠤ ᠣᠯᠠᠨ ᠲᠦᠮᠡᠨᠴᠢ  ᠪᠡᠶ᠎ᠡ ᠎ᠶ᠋ᠢᠨ ᠲᠠᠮᠢᠷ᠎ᠤᠨ ᠲᠡᠷᠢᠭᠦᠨ᠎ᠦ  ᠬᠠᠮᠲᠤ ᠨᠡᠢᠲᠡ ᠪᠣᠯᠤᠨ ᠲᠡᠷᠢᠭᠦᠨ᠎ᠦ ᠬᠤᠪᠢ ᠬᠥᠮᠦᠨ᠎ᠢ ᠱᠢᠯᠭᠠᠷᠠᠭᠤᠯᠬᠤ ᠪᠠ ᠰᠠᠢᠱᠢᠶᠠᠨ ᠬᠥᠬᠢᠭᠦᠯᠬᠦ᠌ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠪᠠᠷᠠᠭᠤᠨ ᠦᠵᠦᠮᠦᠴᠢᠨ ᠬᠣᠱᠢᠭᠤ᠂ ᠡᠸᠡᠩᠬᠢ ᠬᠣᠱᠢᠭᠤᠨ᠎ᠤ ᠰᠢᠨᠡᠬᠡᠨ ᠪᠠᠷᠠᠭᠤᠨ ᠰᠤᠮᠤᠨ᠎ᠤ  ᠬᠥᠯ ᠪᠥᠮᠪᠥᠭᠡ᠎ᠶ᠋ᠢᠨ ᠠᠵᠢᠯ ᠎ᠤᠨ ᠲᠤᠷᠱᠢᠯᠭ᠎ᠠ ᠠᠷᠭ᠎ᠠ ᠬᠢᠳᠡᠯ ᠎ᠢ ᠳ᠋ᠦᠩᠨᠡᠬᠦ᠌ ᠎ᠪᠡᠷ ᠳᠠᠮᠵᠢᠭᠤᠯᠤᠨ᠂ ᠱᠢᠶᠠᠨ᠎ᠤ ᠬᠡᠪᠴᠢᠶᠡᠨ ᠳ᠋ᠤ ᠬᠥᠯ ᠪᠥᠮᠪᠥᠭᠡ᠎ᠶ᠋ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠠᠬᠢᠭᠤᠯᠤᠨ᠎ᠠ᠃ ᠡᠭᠦᠨ᠎ᠦ ᠬᠠᠮᠲᠤ᠂《ᠦᠨᠳᠦᠰᠦᠨ ᠱᠠᠲᠤᠨ ᠎ᠳᠤ ᠡᠷᠡᠭᠦᠯ ᠮᠡᠨᠳᠦ ᠬᠦᠷᠭᠡᠬᠦ᠌》 ᠦᠶ᠋ᠯᠡᠴᠢᠯᠡᠭᠡ᠂ ᠨᠡᠢᠭᠡᠮ ᠎ᠦᠨ ᠪᠡᠶ᠎ᠡ ᠎ᠶ᠋ᠢᠨ ᠲᠠᠮᠢᠷ ᠎ᠤᠨ ᠵᠢᠯᠣᠭᠣᠳᠣᠭ᠍ᠴᠢ᠎ᠶ᠋ᠢᠨ ᠪᠤᠯᠪᠠᠰᠤᠷᠠᠯ ᠡᠷᠬᠢᠯᠡᠬᠦ ᠵᠡᠷᠭᠡ ᠠᠵᠢᠯ᠎ᠢ ᠦᠷᠭᠦᠯᠵᠢᠯᠡᠨ ᠥᠷᠨᠢᠭᠦᠯᠦᠨ᠎ᠡ᠃

ᠥᠪᠥᠷ ᠮᠣᠩᠭᠣᠯ᠎ᠤᠨ ᠣᠨᠴᠠᠯᠢᠭ ᠎ᠲᠠᠶ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠢ ᠬᠥᠭ᠌ᠵᠢᠭᠦᠯᠬᠦ᠌ ᠲᠠᠯ᠎ᠠ ᠎ᠪᠠᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ ᠎ᠤᠨ ᠲᠣᠪᠴᠢᠶ᠎ᠠ 2022 ᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ᠌ ᠣᠷᠣᠨ᠎ᠤ ᠲᠠᠮᠢᠷ᠎ᠤᠨ ᠴᠤᠭ᠍ᠯᠠᠭᠠᠨ᠎ᠢᠶᠠᠷ ᠠᠵᠠ ᠲᠣᠬᠢᠶᠠᠯ ᠪᠣᠯᠭᠠᠨ᠂ 《ᠣᠨᠴᠠᠯᠢᠭ᠎ᠢ ᠳᠣᠪᠣᠢᠯᠭᠠᠬᠤ᠂ ᠪᠠᠲᠤᠯᠠᠭ᠎ᠠ᠎ᠲᠠᠶ ᠳᠠᠷᠤᠯᠲᠠ᠎ᠲᠠᠶ᠂ ᠳᠤᠲᠠᠭᠤᠳᠠᠯ᠎ᠢ ᠨᠥᠬᠥᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠭᠡᠭᠵᠢᠭᠦᠯᠬᠦ》 ᠵᠠᠷᠴᠢᠮ ᠶᠤᠰᠤᠭᠠᠷ᠂ ᠵᠢᠦᠳᠣᠣ ᠪᠦᠬᠡ᠂ ᠪᠦᠭᠡ ᠪᠠᠷᠢᠯᠳᠤᠬᠤ᠂ ᠡᠮᠡᠭ᠌ᠲᠡᠶ᠎ᠶ᠋ᠢᠨ ᠠᠯᠬᠤᠭ᠎ᠠ ᠤᠷᠤᠯᠳᠤᠭᠠᠨ᠂ ᠡᠷᠡᠭ᠌ᠲᠡᠶ᠎ᠶ᠋ᠢᠨ ᠠᠯᠬᠤᠭ᠎ᠠ ᠤᠷᠤᠯᠳᠤᠭᠠᠨ᠂ ᠡᠮᠡᠭ᠌ᠲᠡᠶ᠎ᠶ᠋ᠢᠨ ᠨᠢᠳᠤᠷᠭᠠᠨ ᠲᠡᠮᠡᠴᠡᠭᠡᠨ᠂ ᠮᠥᠰᠥ᠍ ᠴᠠᠰᠤ᠂ ᠪᠤᠢ᠌ᠺᠦ᠌ ᠪᠥᠮᠪᠥᠭᠡ᠂ ᠮᠣᠷᠢᠨ ᠮᠡᠷᠭᠡᠵᠢᠯ ᠵᠡᠷᠭᠡ ᠳᠠᠪᠠᠭᠤᠯᠢᠭ ᠲᠥᠷᠥᠯ ᠵᠦᠢᠯ᠎ᠢ ᠪᠡᠬᠢᠵᠢᠭᠦᠯᠦᠨ ᠳᠡᠭᠡᠭᠰᠢᠯᠡᠭᠦᠯᠵᠦ᠂ ᠡᠮᠡᠭ᠌ᠲᠡᠶ᠎ᠶ᠋ᠢᠨ ᠵᠢᠦᠳᠣᠣ᠎ᠪᠦᠬᠡ᠂ ᠡᠷᠲᠡᠨ᠎ᠦ ᠰᠤᠩᠭᠤᠳᠠᠭ ᠮᠠᠶᠢᠭ᠎ᠤᠨ ᠪᠦᠭᠡ᠂ ᠡᠷᠡᠭ᠌ᠲᠡᠶ᠎ᠶ᠋ᠢᠨ ᠨᠢᠳᠤᠷᠭᠠᠨ ᠲᠡᠮᠡᠴᠡᠭᠡᠨ᠂ ᠬᠠᠷᠪᠤᠯᠲᠠ᠂ ᠰᠤᠷ ᠬᠠᠷᠪᠤᠯᠲᠠ ᠵᠡᠷᠭᠡ ᠲᠥᠷᠥᠯ ᠵᠦᠶ᠋ᠯ᠎ᠦᠨ ᠳᠤᠲᠠᠭᠤᠳᠠᠯ᠎ᠢ ᠨᠥᠬᠥᠪᠥᠷᠢᠯᠡᠬᠦ᠌ ᠢᠨᠵᠧᠨᠧᠷᠢᠩ᠎ᠢ ᠦᠷᠨᠢᠭᠦᠯᠵᠦ᠂ ᠨᠠᠩ ᠣᠯᠠᠨ ᠲᠠᠮᠢᠷᠴᠢᠳ᠎ᠤᠨ ᠤᠯᠤᠰ᠎ᠢ ᠲᠥᠯᠥᠭᠡᠯᠡᠨ ᠣᠯᠠᠨ ᠤᠯᠤᠰ᠎ᠤᠨ ᠤᠷᠤᠯᠳᠤᠭᠠᠨ ᠎ᠳᠤ ᠣᠷᠣᠯᠴᠠᠬᠤ ᠵᠢ ᠠᠬᠢᠭᠤᠯᠤᠨ᠎ᠠ᠃ 2022 ᠣᠨ᠎ᠤ  ᠪᠡᠭᠡᠵᠢᠩ ᠎ᠦᠨ ᠡᠪᠦᠯ ᠎ᠦᠨ ᠤᠯᠠᠷᠢᠯ ᠎ᠤᠨ ᠣᠯᠢᠮᠫᠢᠺ ᠎ᠤᠨ ᠲᠠᠮᠢᠷ ᠎ᠤᠨ ᠴᠤᠭ᠍ᠯᠠᠭᠠᠨ᠂ 2022 ᠣᠨ᠎ᠤ  ᠬᠠᠩᠵᠧᠦ᠍ ᠎ᠶ᠋ᠢᠨ ᠠᠽᠢᠶ᠎ᠠ ᠲᠢᠪ ᠎ᠦᠨ ᠲᠠᠮᠢᠷ ᠎ᠤᠨ ᠴᠤᠭ᠍ᠯᠠᠭᠠᠨ ᠳ᠋ᠤ ᠱᠢᠯᠢᠳᠡᠭ ᠬᠢᠷᠢ ᠪᠦᠲᠦᠮᠵᠢ ᠤᠯᠬᠤ ᠪᠡᠷ ᠴᠢᠷᠮᠠᠢᠨ᠎ᠠ᠃ ᠦᠴᠦᠸᠠᠨ᠎ᠤ ᠪᠡᠶ᠎ᠡ᠎ᠶ᠋ᠢᠨ ᠲᠠᠮᠢᠷ᠎ᠤᠨ ᠰᠤᠷᠭᠠᠭᠤᠯᠢᠯᠠᠯ᠎ᠤᠨ ᠰᠠᠭᠤᠷᠢᠨ᠎ᠢ ᠤᠯᠤᠰ᠎ᠤᠨ ᠲᠠᠰ᠎ᠤᠨ ᠪᠡᠶ᠎ᠡ ᠎ᠶ᠋ᠢᠨ ᠲᠠᠮᠢᠷ᠎ᠤᠨ ᠰᠤᠷᠭᠠᠭᠤᠯᠢᠯᠠᠯ᠎ᠤᠨ ᠰᠠᠭᠤᠷᠢᠨ ᠪᠣᠯᠭᠠᠵᠦ ᠪᠥᠲᠥᠭᠡᠨ ᠪᠠᠢᠭᠤᠯᠬᠤ  ᠪᠡᠷ ᠲᠦᠯᠦᠪᠯᠡᠬᠦ ᠵᠢᠨ ᠬᠠᠮᠲᠤ᠂ ᠤᠯᠤᠰ᠎ᠤᠨ ᠤᠮᠠᠷᠠᠲᠤ ᠎ᠶ᠋ᠢᠨ ᠬᠥᠯ ᠪᠥᠮᠪᠥᠭᠡ᠎ᠶ᠋ᠢᠨ ᠰᠤᠷᠭᠠᠭᠤᠯᠢᠯᠠᠯ᠎ᠤᠨ ᠰᠠᠭᠤᠷᠢᠨ᠎ᠤ ᠢᠨᠵᠧᠨᠧᠷᠢᠩ᠎ᠢ ᠡᠬᠢᠯᠡᠭᠦᠯᠵᠦ᠍᠂ ᠥᠪᠥᠷ ᠮᠣᠩᠭᠣᠯ᠎ᠤᠨ᠎ᠪᠡᠶ᠎ᠡ᠎ᠶ᠋ᠢᠨ ᠲᠠᠮᠢᠷ᠎ᠤᠨ ᠰᠤᠷᠭᠠᠭᠤᠯᠢᠯᠠᠯ᠎ᠤᠨ ᠰᠠᠭᠤᠷᠢᠨ᠎ᠢ᠋ ᠪᠥᠲᠥᠭᠡᠨ ᠪᠠᠢᠭᠤᠯᠤᠨ᠎ᠠ᠃ ᠠᠢᠮᠠᠭ ᠬᠣᠲᠠ᠎ᠶ᠋ᠢᠨ ᠬᠢᠨ᠎ᠤ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠤᠯᠤᠰ᠎ᠤᠨ ᠲᠠᠰ᠎ᠤᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠶᠡᠷᠦᠩᠬᠡᠢᠯᠡᠭ᠌ᠰᠡᠨ ᠴᠢᠨᠠᠷᠲᠠᠶ ᠪᠤᠶᠤ ᠲᠠᠩ ᠵᠦᠶ᠋ᠯ᠎ᠦᠨ ᠰᠤᠷᠭᠠᠭᠤᠯᠢᠯᠠᠯ᠎ᠤᠨ ᠰᠠᠭᠤᠷᠢᠨ᠎ᠢ ᠡᠭᠦᠳᠦᠨ ᠪᠠᠢᠭᠤᠯᠬᠤ ᠵᠢ ᠲᠡᠮᠵᠢᠵᠦ᠂ ᠬᠥᠬᠡᠬᠣᠲᠠ᠎ᠶ᠋ᠢᠨ ᠣᠯᠠᠨ ᠤᠯᠤᠰ᠎ᠤᠨ ᠪᠠ ᠤᠯᠤᠰ ᠎ᠤᠨ ᠳᠣᠲᠣᠭᠠᠳᠤ ᠵᠢᠨ ᠤᠷᠤᠯᠳᠤᠭᠠᠨ᠎ᠢ ᠳᠠᠭᠠᠭᠠᠨ ᠡᠷᠬᠢᠯᠡᠵᠦ ᠲᠡᠢᠯᠬᠦᠢᠴᠡ ᠴᠠᠰᠤ ᠴᠠᠨᠠᠯᠠᠬᠤ ᠲᠠᠯᠠᠪᠠᠶ᠂ ᠮᠦᠰᠦ ᠲᠡᠰᠢᠬᠦ ᠣᠷᠳᠣᠨ ᠪᠠᠢᠭᠤᠯᠬᠤ ᠎ᠶ᠋ᠢ ᠳᠡᠮᠵᠢᠵᠦ᠍᠂ ᠪᠥᠬᠥ᠌ ᠣᠷᠣᠨ ᠎ᠤ  ᠮᠥᠰᠥ᠍ ᠴᠠᠰᠤᠨ᠎ᠤ ᠪᠡᠶ᠎ᠡ ᠵᠢᠨ ᠲᠠᠮᠢᠷ᠎ᠤᠨ ᠲᠥᠷᠥᠯ ᠵᠦᠶ᠋ᠯ᠎ᠦᠨ ᠲᠡᠩᠴᠡᠭᠦᠷᠢᠲᠡᠶ ᠬᠥᠭ᠌ᠵᠢᠬᠦ᠌ ᠎ᠶ᠋ᠢ ᠠᠬᠢᠭᠤᠯᠤᠨ᠎ᠠ᠃ ᠠᠢᠮᠠᠭ ᠬᠣᠲᠠ ᠪᠣᠯᠤᠨ ᠨᠡᠢᠭᠡᠮ᠎ᠦᠨ ᠬᠦᠴᠦᠨ᠎ᠦ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠪᠡᠶ᠎ᠡ᠎ᠶ᠋ᠢᠨ ᠲᠠᠮᠢᠷ᠎ᠤᠨ ᠡᠩᠨᠡᠭᠡ᠎ᠶ᠋ᠢᠨ ᠪᠠᠢᠭᠤᠯᠤᠯᠲᠠ ᠎ᠳᠤ ᠣᠷᠣᠯᠴᠠᠬᠤ᠎ᠶ᠋ᠢ ᠵᠣᠷᠢᠭ᠍ᠵᠢᠭᠤᠯᠬᠤ᠎ᠶ᠋ᠢᠨ ᠬᠠᠮᠲᠤ᠂《ᠱᠠᠩᠨᠠᠬᠤ ᠪᠡᠷ ᠨᠦᠬᠦᠪᠦᠷᠢᠯᠡᠬᠦ ᠵᠢ ᠣᠷᠣᠯᠠᠭᠤᠯᠬᠤ》 ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠎ᠶ᠋ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠵᠦ᠂ ᠨᠡᠢᠭᠡᠮ᠎ᠦᠨ ᠬᠦᠴᠦᠨ᠎ᠢ ᠳᠠᠢᠴᠢᠯᠠᠨ ᠬᠠᠮᠲᠤ ᠪᠡᠷ ᠲᠦᠷᠦᠯ ᠲᠡᠮᠳᠡᠭᠳᠦ ᠤᠷᠤᠯᠳᠤᠭᠠᠨ᠎ᠢ ᠡᠭᠦᠳᠦᠨ ᠡᠷᠬᠢᠯᠡᠨ᠎ᠡ᠃

ᠪᠡᠶ᠎ᠡ ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ ᠎ᠢ ᠠᠬᠢᠭᠤᠯᠬᠤ ᠲᠠᠯ᠎ᠠ ᠪᠠᠷ᠂ 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠎ᠶ᠋ᠢᠨ ᠲᠠᠮᠢᠷ᠎ᠤᠨ ᠲᠣᠪᠴᠢᠶ᠎ᠠ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ ᠬᠢᠭᠡᠳ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠠᠮᠲᠤᠷᠠᠯᠴᠠᠭ᠎ᠠ ᠎ᠶ᠋ᠢ ᠲᠠᠰᠤᠷᠠᠯᠲᠠ ᠥᠬᠡᠶ ᠠᠬᠢᠭᠤᠯᠵᠤ᠂ ᠨᠢᠭᠡ ᠪᠦᠯᠦᠭ ᠪᠡᠶ᠎ᠡ ᠎ᠶ᠋ᠢᠨ ᠲᠠᠮᠢᠷ᠎ᠤᠨ ᠤᠯᠠᠮᠵᠢᠯᠠᠯᠲᠤ ᠣᠨᠴᠠᠯᠢᠭ᠍ᠲᠤ ᠰᠤᠷᠭᠠᠭᠤᠯᠢ᠎ᠶ᠋ᠢ ᠬᠠᠮᠲᠤᠷᠠᠵᠦ ᠡᠭᠦᠳᠦᠨ ᠪᠠᠢᠭᠤᠯᠬᠤ᠎ᠶ᠋ᠢᠨ ᠬᠠᠮᠲᠤ᠂ ᠵᠠᠯᠠᠭᠤᠴᠤᠳ ᠪᠠᠭᠠᠴᠤᠳ᠎ᠤᠨ ᠪᠡᠶ᠎ᠡ ᠎ᠶ᠋ᠢᠨ ᠲᠠᠮᠢᠷ᠎ᠤᠨ ᠨᠡᠢᠭᠡᠮ ᠎ᠦᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ ᠎ᠶ᠋ᠢ  ᠵᠢᠷᠤᠮᠵᠢᠭᠤᠯᠵᠤ᠂ ᠵᠠᠯᠠᠭᠤᠴᠤᠳ ᠪᠠᠭᠠᠴᠤᠳ᠎ᠤᠨ ᠺᠯᠦᠪ ᠎ᠦᠨ ᠬᠥᠭ᠌ᠵᠢᠯᠲᠡ᠎ᠶ᠋ᠢ ᠵᠣᠷᠢᠭ᠍ᠵᠢᠭᠤᠯᠤᠨ ᠳᠡᠮᠵᠢᠨ᠎ᠡ;《ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ᠎ᠤ ᠬᠦᠳᠡᠯᠭᠡᠭᠡᠨ》᠂ 《ᠬᠡᠦᠬᠡᠳ᠎ᠦᠨ ᠪᠡᠶ᠎ᠡ ᠎ᠶ᠋ᠢᠨ ᠲᠠᠮᠢᠷ᠎ᠤᠨ ᠴᠤᠭᠯᠠᠭᠠᠨ》᠂《ᠵᠠᠯᠠᠭᠤᠴᠤᠳ ᠪᠠᠭᠠᠴᠤᠳ᠎ᠤᠨ  ᠪᠡᠶ᠎ᠡ ᠎ᠶ᠋ᠢᠨ ᠲᠠᠮᠢᠷ ᠎ᠤᠨ ᠴᠤᠭ᠍ᠯᠠᠭᠠᠨ》 ᠵᠡᠷᠭᠡ ᠲᠥᠷᠥᠯ ᠲᠡᠮᠳᠡᠭ᠌ᠳᠦ ᠠᠵᠢᠯᠯᠠᠭ᠎ᠠ ᠵᠢ ᠡᠷᠬᠢᠯᠡᠬᠦ ᠪᠡᠷ ᠳᠠᠮᠵᠢᠭᠤᠯᠤᠨ᠂ ᠨᠠᠩ ᠣᠯᠠᠨ ᠵᠠᠯᠠᠭᠤᠴᠤᠳ ᠪᠠᠭᠠᠴᠤᠳ᠎ᠢ ᠳᠠᠢᠴᠢᠯᠠᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠢᠳᠡᠪᠬᠢᠲᠡᠶ ᠣᠷᠣᠯᠴᠠᠭᠤᠯᠤᠨ᠎ᠠ᠃

ᠪᠡᠶ᠎ᠡ ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠲᠠᠯ᠎ᠠ ᠎ᠪᠠᠷ᠂ 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠬᠥᠬᠡᠬᠣᠲᠠ ᠵᠡᠷᠭᠡ ᠠᠢᠮᠠᠭ ᠬᠣᠲᠠ᠎ᠶ᠋ᠢ ᠬᠠᠮᠵᠢᠨ ᠨᠢᠭᠡ ᠪᠦᠯᠦᠭ ᠨᠥᠯᠥᠭᠡᠯᠡᠬᠦ᠌ ᠬᠦᠴᠦᠨ᠎ᠪᠦᠬᠦᠢ ᠪᠡᠶ᠎ᠡ ᠎ᠶ᠋ᠢᠨ ᠲᠠᠮᠢᠷ ᠎ᠤᠨ ᠵᠢᠭᠤᠯᠴᠢᠯᠠᠯ ᠎ᠤᠨ ᠰᠣᠳᠣᠨ ᠵᠠᠮ ᠱᠤᠭᠤᠮ᠂ ᠰᠣᠳᠣᠨ ᠤᠷᠤᠯᠳᠤᠭᠠᠨ ᠪᠠ ᠵᠢᠱ᠌ᠢᠶ᠎ᠡ ᠦᠵᠡᠭᠦᠯᠬᠦ᠌ ᠰᠠᠭᠤᠷᠢᠨ᠎ᠢ ᠴᠤᠬᠴᠠᠯᠠᠨ᠎ᠠ; 《ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡᠨ᠎ᠦ ᠲᠡᠮᠳᠡᠭ᠌ᠲᠦ》ᠲᠠᠷᠬᠠᠭᠠᠬᠤ᠎ᠪᠠᠷ ᠳᠠᠮᠵᠢᠭᠤᠯᠤᠨ᠂ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡ᠎ᠶ᠋ᠢ ᠳᠠᠢᠴᠢᠯᠠᠵᠤ᠂ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌ ᠠᠢᠮᠠᠭ ᠬᠣᠲᠠ᠂ ᠬᠣᠱᠢᠭᠤ ᠱᠢᠶᠠᠨ(ᠬᠣᠲᠠ᠂ ᠲᠣᠭᠣᠷᠢᠭ)᠎ᠢ᠋ ᠱᠢᠯᠭᠠᠷᠠᠭᠤᠯᠬᠤ ᠠᠵᠢᠯᠯᠠᠭ᠎ᠠ ᠥᠷᠨᠢᠭᠦᠯᠦᠨ᠎ᠡ; ᠮᠥᠰᠥ᠍  ᠴᠠᠰᠤᠨ᠎ᠤ ᠬᠦᠳᠡᠯᠭᠡᠭᠡᠨ ᠵᠡᠷᠭᠡ ᠭᠡᠷ ᠎ᠦᠨ ᠭᠠᠳᠠᠨᠠᠬᠢ ᠪᠡᠶ᠎ᠡ ᠎ᠶ᠋ᠢᠨ ᠲᠠᠮᠢᠷ᠎ᠤᠨ ᠲᠥᠷᠥᠯ ᠵᠦᠶ᠋ᠯ᠎ᠢ ᠲᠦᠭᠡᠮᠡᠯᠵᠢᠭᠦᠯᠦᠨ ᠳᠡᠯᠭᠡᠷᠡᠭᠦᠯᠵᠦ᠍᠂ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠤᠨ᠂  ᠬᠥᠯᠥᠨ ᠪᠣᠢᠷ ᠬᠣᠲᠠ᠂ ᠱᠢᠯᠢ᠎ᠶ᠋ᠢᠨ ᠭᠤᠤᠯ ᠠᠢᠮᠠᠭ᠎ᠤᠨ ᠮᠥᠰᠥ᠍ ᠴᠠᠰᠤᠨ᠎ᠤ ᠨᠠᠭᠠᠳᠤᠮ᠂ ᠮᠥᠰᠥᠨ ᠳᠡᠭᠡᠷᠡᠬᠢ ᠯᠤᠸ᠋ᠲᠤ ᠣᠩᠭᠣᠴᠠ ᠵᠢᠨ ᠤᠷᠤᠯᠳᠤᠭᠠᠨ ᠵᠡᠷᠭᠡ ᠣᠨᠴᠠᠯᠢᠭ᠍ᠲᠤ ᠪᠡᠶ᠎ᠡ ᠎ᠶ᠋ᠢᠨ ᠲᠠᠮᠢᠷ᠎ᠤᠨ ᠵᠢᠭᠤᠯᠴᠢᠯᠠᠯ᠎ᠤᠨ ᠠᠵᠢᠯᠯᠠᠭ᠎ᠠ᠎ᠳᠤ ᠴᠢᠬᠤᠯᠠ ᠳᠡᠮᠵᠢᠯᠭᠡ ᠬᠠᠩᠭᠠᠵᠤ᠂ ᠮᠥᠰᠥ᠍ ᠴᠠᠰᠤᠨ᠎ᠤ ᠵᠢᠭᠤᠯᠴᠢᠯᠠᠯ᠎ᠤᠨ ᠬᠥᠭ᠌ᠵᠢᠯᠲᠡ᠎ᠶ᠋ᠢ ᠠᠬᠢᠭᠤᠯᠤᠨ᠎ᠠ ᠬᠡᠵᠦ ᠢᠯᠡᠷᠬᠡᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号