《ᠤᠷᠤᠯᠳᠤᠭᠠᠨ᠎ᠳᠤ ᠣᠷᠣᠯᠴᠠᠪᠠᠯ ᠴᠢᠨᠠᠷ ᠰᠠᠢᠲᠠᠶ ᠬᠣᠷᠣᠬᠠᠶ ᠮᠦᠬᠦ ᠵᠢᠨ ᠪᠦᠲᠦᠭᠡᠭ᠌ᠳᠡᠬᠦᠨ᠎ᠢ ᠨᠡᠩ ᠤᠯᠠᠨ ᠬᠦᠮᠦᠨ ᠳ᠋ᠤ ᠮᠡᠳᠡᠬᠦᠯᠵᠤ᠂ ᠲᠤᠰᠬᠠᠢ ᠬᠣᠷᠱᠢᠶ᠎ᠠ᠎ᠪᠠᠨ ᠲᠠᠰᠤᠷᠠᠯᠲᠠ ᠥᠬᠡᠶ ᠬᠥᠭ᠌ᠵᠢᠭᠦᠯᠦᠨ ᠪᠤᠵᠠᠭᠠᠢᠷᠠᠭᠤᠯᠵᠤ᠂ ᠨᠠᠩ ᠣᠯᠠᠨ ᠬᠦᠮᠦᠰ ᠢ ᠳᠠᠢᠴᠢᠯᠠᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠮ᠎ᠢᠶᠠᠷ ᠵᠠᠮᠨᠠᠭᠤᠯᠵᠤ ᠴᠢᠳᠠᠨ᠎ᠠ》ᠭᠡᠵᠤ ᠲᠦᠷᠦᠬᠦᠬᠡᠨ ᠶᠠᠪᠤᠭᠳᠠᠭᠰᠠᠨ ᠤᠯᠠᠭᠠᠨᠬᠠᠳᠠ ᠬᠣᠲᠠ᠎ᠶ᠋ᠢᠨ ᠠᠩᠬᠠᠳᠤᠭᠠᠷ ᠬᠤᠭᠤᠴᠠᠭᠠᠨ᠎ᠤ《ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠦᠶ᠋ᠯᠡᠰ ᠪᠤᠰᠬᠠᠭᠰᠠᠨ ᠱᠢᠯᠢᠳᠡᠭ ᠲᠥᠷᠥᠯ ᠵᠦᠶ᠋ᠯ ᠦᠶ᠋ᠯᠡᠰ ᠪᠤᠰᠬᠠᠭᠰᠠᠨ ᠱᠢᠯᠢᠳᠡᠭ ᠦᠶ᠋ᠯᠡᠳᠬᠦᠨ》᠎ᠢ᠋ ᠱᠢᠯᠭᠠᠷᠠᠭᠤᠯᠬᠤ ᠲᠤᠬᠠᠶ᠎ᠶ᠋ᠢᠨ ᠲᠠᠯᠠᠪᠤᠷ᠎ᠲᠤ ᠠᠸ᠋ᠬᠠᠨ ᠬᠣᠱᠢᠭᠤᠨ᠎ᠤ ᠦᠶ᠋ᠯᠡᠰ ᠪᠤᠰᠬᠠᠭᠴᠢ ᠶᠠᠩ ᠯᠢᠶᠠᠩ ᠰᠡᠳᠭᠢᠯ᠎ᠦᠨ ᠦᠭᠡ᠎ᠪᠡᠨ ᠶᠠᠷᠢᠨ᠎ᠠ᠃
2005 ᠤᠨᠳ᠋ᠤ᠂ ᠳᠤᠮᠳᠠᠳᠤ ᠵᠡᠷᠭᠡ᠎ᠶ᠋ᠢᠨ ᠲᠤᠰᠭᠠᠶ ᠮᠡᠷᠭᠡᠵᠢᠯ᠎ᠦᠨ ᠰᠤᠷᠭᠠᠭᠤᠯᠢᠡᠴᠨ ᠲᠡᠭᠦᠰᠦᠭ᠌ᠰᠡᠨ ᠶᠠᠩ ᠯᠢᠶᠠᠩ ᠠᠩᠬ᠎ᠠ ᠠᠵᠢᠯ᠎ᠤᠨ ᠪᠠᠢᠷᠢᠨ ᠳ᠋ᠤ ᠭᠠᠷᠴᠤ᠂ ᠬᠦᠮᠦᠨ᠎ᠤ ᠨᠤᠲᠤᠭ ᠲᠤ᠌ ᠬᠥᠯᠥᠰᠥᠨ ᠠᠵᠢᠯ ᠬᠢᠬᠦ ᠳ᠋ᠡᠭᠡᠨ ᠠᠮᠢᠳᠤᠷᠠᠯ᠎ᠤᠨ ᠬᠦᠴᠢᠷ ᠪᠡᠷᠬᠡᠱᠢᠶᠡᠯ᠎ᠢ ᠭᠦᠨᠵᠡᠭᠡᠶ ᠤᠢᠯᠠᠭᠠᠭᠰᠠᠨ ᠡᠴᠡ ᠦᠢᠯᠡᠰ ᠪᠣᠰᠭᠠᠬᠤ ᠬᠦᠰᠡᠯ᠎ᠲᠠᠶ ᠪᠤᠯᠵᠠᠢ᠃ 2008 ᠣᠨ᠎ᠤ ᠡᠬᠢ᠎ᠪᠡᠷ᠂ ᠲᠡᠷᠡ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ᠎ᠪᠠᠷ ᠵᠣᠷᠢᠭ ᠱᠢᠭᠤᠳᠴᠤ᠌᠂ ᠭᠦᠨᠵᠡᠭᠡᠢ ᠱᠢᠨᠵᠢᠯᠡᠨ ᠪᠠᠢᠴᠠᠭᠠᠬᠤ᠎ᠪᠠᠷ ᠳᠠᠮᠵᠢᠨ᠂ ᠥᠪᠡᠷ᠎ᠦᠨ ᠦᠷᠳᠡᠭ᠎ᠢᠶᠡᠷ ᠳᠣᠣᠷ᠎ᠠ᠂ ᠦᠷ᠎ᠡ ᠠᠱᠢᠭ ᠰᠠᠢᠨ ᠤᠮᠠᠷᠠᠲᠤ᠎ᠶ᠋ᠢᠨ ᠬᠣᠷᠣᠬᠠᠶ ᠮᠦᠬᠦ᠎ᠶ᠋ᠢ ᠰᠣᠩᠭᠣᠨ ᠲᠠᠷᠢᠵᠠᠢ᠃
ᠬᠠᠭᠠᠰ ᠵᠢᠯ᠎ᠦᠨ ᠳᠠᠷᠠᠭ᠎ᠠ᠂ ᠶᠠᠩ ᠯᠢᠶᠠᠩ᠎ᠤᠨ ᠤᠮᠠᠷᠠᠲᠤ᠎ᠶ᠋ᠢᠨ ᠬᠣᠷᠣᠬᠠᠶ ᠮᠦᠬᠦ ᠡᠯᠪᠡᠭ ᠬᠤᠷᠢᠶᠠᠯᠳᠠ ᠣᠯᠵᠤ᠂ 10 ᠲᠦᠮᠡᠨ ᠲᠥᠭᠥᠷᠢᠭ᠎ᠦᠨ ᠪᠠᠯᠠ ᠣᠷᠣᠭᠤᠯᠤᠯᠲᠠ᠎ᠪᠠᠨ ᠬᠣᠷᠢᠶᠠᠨ ᠠᠪᠴᠢᠷᠠᠭ᠍ᠰᠠᠨ᠎ᠢᠶᠠᠷ ᠪᠠᠷᠠᠬᠤ ᠥᠬᠡᠶ ᠪᠠᠰᠠ 15 ᠲᠦᠮᠡᠨ ᠲᠥᠭᠥᠷᠢᠭ᠎ᠦᠨ ᠤᠷᠤᠯᠭ᠎ᠠ ᠣᠯᠵᠠᠶ᠃ ᠡᠨᠡ ᠨᠢ ᠤᠮᠠᠷᠠᠲᠤ᠎ᠶ᠋ᠢᠨ ᠬᠣᠷᠣᠬᠠᠶ ᠮᠦᠬᠦ ᠳᠠᠷᠢᠬᠤ ᠰᠠᠨᠠᠭ᠎ᠠ᠎ᠲᠠᠶ ᠪᠣᠯᠪᠠᠴᠤ᠌ ᠪᠡᠯᠡ ᠪᠠᠨ ᠠᠯᠳᠠᠬᠤ ᠡᠴᠡ ᠠᠶᠤᠵᠤ ᠪᠠᠢᠭ᠎ᠠ ᠨᠤᠲᠤᠭ᠎ᠤᠨ ᠠᠬ᠎ᠠ ᠳᠡᠭᠦᠦ᠍᠎ᠨᠡᠷ᠎ᠤᠨ ᠰᠡᠳᠭᠢᠯ᠎ᠢ ᠠᠮᠤᠷᠵᠢᠭᠤᠯᠵᠤ᠂ 2011 ᠣᠨ᠎ᠤ ᠡᠬᠢ ᠪᠣᠯᠬᠤ᠎ᠳᠤ ᠤᠮᠠᠷᠠᠲᠤ᠎ᠶ᠋ᠢᠨ ᠬᠣᠷᠣᠬᠠᠶ ᠮᠦᠬᠦ ᠳᠠᠷᠢᠵᠤ ᠪᠠᠢᠭ᠎ᠠ ᠲᠠᠷᠢᠶᠠᠴᠢᠨ ᠡᠷᠦᠬᠡ 11 ᠪᠣᠯᠤᠨ ᠨᠡᠮᠡᠭ᠌ᠳᠡᠵᠦ᠍᠂ ᠬᠡᠪᠴᠢᠶ᠎ᠡ ᠪᠣᠯᠤᠨ ᠭᠠᠷᠤᠯᠲᠠ ᠨᠢ ᠲᠣᠭ᠍ᠲᠠᠭᠤᠨ᠎ᠢᠶᠠᠷ ᠳᠡᠭᠡᠭ᠌ᠰᠢᠯᠡᠭ᠌ᠰᠡᠨ ᠪᠠᠢᠨ᠎ᠠ᠃
ᠤᠮᠠᠷᠠᠲᠤ᠎ᠶ᠋ᠢᠨ ᠬᠣᠷᠣᠬᠠᠶ ᠮᠦᠬᠦ ᠪᠣᠯ ᠬᠥᠮᠦᠨ᠎ᠦ ᠬᠦᠴᠦ᠍᠎ᠪᠡᠷ ᠲᠡᠵᠢᠭᠡᠨ ᠦᠷᠡᠵᠢᠭᠦᠯᠦᠭ᠌ᠰᠡᠨ ᠡᠷᠡᠭᠦᠯᠵᠢᠯ᠎ᠦᠨ ᠢᠳᠡᠭᠡᠨ᠎ᠦ ᠮᠠᠲ᠋ᠧᠷᠢᠶᠠᠯ ᠪᠤᠯᠬᠤᠷ ᠬᠡᠷᠡᠭ᠌ᠯᠡᠭ᠌ᠴᠢᠳ᠎ᠦᠨ ᠲᠠᠭᠠᠱᠢᠶᠠᠯ᠎ᠢ ᠶᠡᠬᠡᠳᠡ ᠤᠯᠪᠠ᠃ ᠤᠮᠠᠷᠠᠲᠤ᠎ᠶ᠋ᠢᠨ ᠬᠣᠷᠣᠬᠠᠶ ᠮᠦᠬᠦ ᠵᠢᠨ ᠠᠵᠤ ᠦᠶ᠋ᠯᠡᠰ᠎ᠢ ᠴᠤᠭᠴᠠᠯᠠᠨ᠂ ᠲᠦᠷᠦᠯ ᠲᠡᠮᠳᠡᠭ᠌ᠲᠦ᠍᠎ᠶ᠋ᠢ ᠡᠭᠦᠳᠬᠦ᠌᠎ᠶ᠋ᠢᠨ ᠲᠥᠯᠥᠭᠡ ᠶᠠᠩ ᠯᠢᠶᠠᠩ 2011 ᠣᠨ᠎ᠤ 5 ᠰᠠᠷ᠎ᠠ᠎ᠳᠤ᠂ ᠠᠸ᠋ᠬᠠᠨ ᠬᠣᠱᠢᠭᠤᠨ᠎ᠤ ᠾᠦᠢ ᠵᠸᠦᠤᠮᠠᠷᠠᠲᠤᠶ᠋ᠢᠨ ᠬᠣᠷᠣᠬᠠᠶ ᠮᠦᠬᠦ ᠳᠠᠷᠢᠬᠤ ᠲᠠᠷᠢᠶᠠᠴᠢᠳ᠎ᠤᠨ ᠲᠤᠰᠭᠠᠶ ᠬᠣᠷᠱᠢᠶ᠎ᠠ᠎ᠶ᠋ᠢ ᠪᠠᠢᠭᠤᠯᠵᠤ᠂ ᠤᠯᠠᠨ᠎ᠤ ᠬᠦᠴᠦᠨ᠎ᠢ ᠬᠠᠮᠳᠤᠷᠠᠭᠤᠯᠤᠨ ᠵᠠᠬ᠎ᠠ ᠲᠡᠯᠭᠡᠬᠦᠷ᠎ᠢ ᠦᠷᠭᠡᠳᠭᠡᠬᠦ ᠬᠡᠪᠴᠢᠶᠡᠵᠢᠭᠰᠡᠨ ᠬᠦᠭᠵᠢᠯᠳᠡ ᠵᠢᠨ ᠲᠦᠯᠦᠪᠯᠡᠬᠡ ᠵᠢ ᠬᠡᠷᠡᠭᠵᠢᠬᠦᠯᠵᠤ᠂ ᠲᠤᠰᠬᠤᠨ᠎ᠤ ᠠᠷᠠᠳ᠎ᠢ ᠢᠳᠡᠪᠬᠢᠲᠡᠶ ᠳᠠᠢᠴᠢᠯᠠᠨ ᠬᠣᠷᠱᠢᠶᠠᠨᠳᠤ ᠣᠷᠣᠭᠤᠯᠵᠤ᠂ ᠤᠮᠠᠷᠠᠲᠤ᠎ᠶ᠋ᠢᠨ ᠬᠣᠷᠣᠬᠠᠶ ᠮᠦᠬᠦ ᠳᠠᠷᠢᠵᠤ ᠡᠬᠢᠯᠡᠪᠡ᠃
ᠦᠢᠯᠡᠳᠬᠦᠨ᠎ᠦ ᠶᠠᠰᠤ ᠴᠢᠨᠠᠷ᠎ᠢ ᠪᠠᠲᠤᠯᠠᠬᠤ᠎ᠶ᠋ᠢᠨ ᠲᠥᠯᠥᠭᠡ ᠶᠠᠩ ᠯᠢᠶᠠᠩ ᠠᠯᠢ ᠴᠢᠳᠠᠬᠤ᠎ᠪᠠᠷ ᠬᠤᠷᠰᠢᠶ᠎ᠠ ᠵᠢᠨ ᠭᠡᠱᠢᠭᠦᠳ᠎ᠲᠦ ᠲᠠᠷᠢᠮᠠᠯ᠎ᠤᠨ ᠮᠡᠷᠭᠡᠵᠢᠯ᠎ᠢ ᠦᠨ᠎ᠡ ᠲᠥᠯᠥᠪᠦᠷᠢ ᠦᠭᠡᠢ᠎ᠪᠡᠷ ᠤᠯᠠᠮᠵᠢᠯᠠᠬᠤ᠂ ᠵᠠᠬ᠎ᠠ ᠳᠡᠯᠭᠡᠭᠦᠷ᠎ᠦᠨ ᠦᠨ᠎ᠡ᠎ᠡᠴᠡ ᠲᠤᠤᠷ᠎ᠠ ᠦᠨ᠎ᠡ᠎ᠪᠡᠷ ᠪᠤᠢᠵᠢᠭᠤᠯᠬᠤ᠂ ᠪᠤᠷᠳᠤᠭᠤᠷ ᠬᠠᠩᠭᠠᠬᠤ᠂ ᠵᠠᠬ᠎ᠠ ᠳᠡᠯᠭᠡᠭᠦᠷ᠎ᠦᠨ ᠦᠨ᠎ᠡ᠎ᠡᠴᠡ ᠵᠢᠭᠠᠬᠠᠨ ᠥᠨᠳᠥᠷ ᠦᠨ᠎ᠡ᠎ᠪᠡᠷ ᠪᠦᠲᠦᠭᠡᠭ᠌ᠳᠡᠬᠦᠨ᠎ᠢ ᠨᠢ ᠬᠤᠳᠠᠯᠳᠤᠨ ᠠᠪᠬᠤ ᠵᠡᠷᠭᠡ ᠬᠡᠯᠪᠡᠷᠢ᠎ᠪᠡᠷ ᠲᠤᠰᠬᠠᠢ ᠬᠤᠷᠰᠢᠶ᠎ᠠ ᠵᠢᠨ ᠭᠡᠱᠢᠭᠦᠳ᠎ᠦᠨ ᠬᠦᠴᠢᠷᠳᠡᠯ᠎ᠢ ᠱᠢᠶ᠋ᠳᠪᠦᠷᠢᠯᠡᠪᠡ᠃ ᠶᠠᠩ ᠯᠢᠶᠠᠩ ᠤᠷᠢᠳ ᠬᠣᠵᠢᠳ ᠭᠤᠸᠠᠩᠳᠦ᠋ᠩ᠂ ᠨᠢᠩᠱᠢᠶᠠ᠂ ᠹᠦᠵᠢᠶᠠᠨ ᠵᠡᠷᠭᠡ ᠤᠯᠠᠨ ᠭᠠᠵᠠᠷ᠎ᠲᠤ ᠬᠦᠷᠴᠦ᠍ ᠪᠠᠢᠴᠠᠭᠠᠨ ᠰᠤᠳᠤᠯᠤᠯᠲᠠ ᠬᠢᠵᠦ᠍᠂ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠡᠷᠢᠯᠬᠢᠯᠡᠭ᠌ᠰᠡᠨ ᠪᠥᠭᠡᠳ ᠭᠠᠳᠠᠷ ᠣᠷᠣᠨ᠎ᠤ ᠤᠯᠠᠨ ᠢᠳᠡᠭᠡᠨ ᠤᠮᠳᠠᠭᠠᠨ᠎ᠤ ᠬᠤᠯᠪᠤᠭᠠᠳᠤ ᠪᠠᠢᠭᠤᠯᠤᠮᠵᠢ᠂ ᠲᠤᠮᠤ ᠬᠡᠯᠪᠡᠷᠢ᠎ᠶ᠋ᠢᠨ ᠬᠠᠮ ᠳᠡᠯᠭᠡᠭᠦᠷ᠂ ᠡᠮ ᠦᠢᠯᠡᠳᠬᠦ᠌ ᠠᠵᠤ ᠠᠬᠤᠢᠯᠠᠯ᠎ᠲᠠᠶ ᠬᠠᠮᠲᠤᠷᠠᠯᠴᠠᠭ᠎ᠠ ᠪᠠᠢᠭᠤᠯᠵᠤ ᠪᠤᠷᠤᠯᠠᠭᠤᠯᠬᠤ ᠵᠠᠮ᠎ᠤᠨ ᠠᠰᠠᠭᠤᠳᠠᠯ᠎ᠢ ᠰᠢᠢᠳᠪᠦᠷᠢᠯᠡᠵᠡᠢ᠃ ᠲᠡᠷᠡ ᠪᠠᠰᠠ ᠪᠦᠲᠦᠭᠡᠭ᠌ᠳᠡᠬᠦᠨ᠎ᠦ ᠶᠠᠰᠤ ᠴᠢᠨᠠᠷ᠎ᠢ ᠲᠡᠭᠡᠭᠰᠢᠯᠡᠬᠦᠯᠵᠤ᠂ ᠤᠮᠠᠷᠠᠲᠤ᠎ᠶ᠋ᠢᠨ ᠬᠣᠷᠣᠬᠠᠶ ᠮᠦᠬᠦ ᠵᠢᠨ ᠲᠦᠷᠦᠯ ᠲᠡᠮᠳᠡᠭ᠌ᠲᠦ᠍᠎ᠶ᠋ᠢ ᠪᠤᠢ ᠪᠤᠯᠭᠠᠬᠤ ᠪᠡᠷ ᠬᠦᠴᠦᠯᠡᠨ ᠴᠢᠷᠮᠠᠢᠪᠠ᠃
2016 ᠣᠨ᠎ᠳᠤ᠂ ᠶᠠᠩ ᠯᠢᠶᠠᠩ《ᠰᠤ᠌ ᠶᠤᠸᠠᠨ ᠬᠣᠪᠣᠷ ᠡᠷᠳᠡᠨᠢ》ᠲᠡᠮᠳᠡᠭ᠌ᠲᠦ ᠲᠠᠸᠠᠷ᠎ᠤᠨ ᠲᠡᠮᠳᠡᠭ᠎ᠢ ᠳᠠᠩᠰᠠᠯᠠᠭᠤᠯᠵᠤ᠂ ᠲᠤᠬᠠᠶ᠎ᠶ᠋ᠢᠨ ᠭᠠᠵᠠᠷ᠎ᠤᠨ ᠤᠮᠠᠷᠠᠲᠤ᠎ᠶ᠋ᠢᠨ ᠬᠣᠷᠣᠬᠠᠶ ᠮᠦᠬᠦ ᠵᠢᠨ ᠲᠦᠷᠦᠯ ᠲᠡᠮᠳᠡᠭᠳᠤ᠎ᠵᠢ ᠪᠤᠢ ᠪᠤᠯᠭᠠᠵᠠᠢ᠃ ᠡᠭᠦᠨ᠎ᠦ ᠬᠠᠮᠲᠤ᠂ ᠤᠯᠠᠭᠠᠨᠬᠠᠳᠠ ᠵᠢᠨ ᠤᠸ᠋ ᠶᠠᠩ ᠲᠠᠷᠢᠶᠠᠯᠠᠩ᠎ᠤᠨ ᠦᠢᠯᠡᠰ᠎ᠤᠨ ᠬᠦᠭᠵᠢᠯᠳᠡ ᠵᠢᠨ ᠬᠢᠵᠠᠭᠠᠷᠲᠤ ᠺᠣᠮᠫᠠᠨᠢ᠎ᠶ᠋ᠢ ᠪᠠᠢᠭᠤᠯᠵᠤ᠂ ᠲᠠᠷᠢᠮᠠᠯ᠎ᠤᠨ ᠬᠡᠪᠴᠢᠶ᠎ᠡ ᠪᠠᠨ ᠥᠷᠭᠡᠳᠭᠡᠨ᠂ ᠠᠵᠤ ᠦᠢᠯᠡᠰ᠎ᠦᠨ ᠬᠡᠯᠬᠢᠶᠡᠵᠢᠯ ᠵᠢᠡᠨ ᠤᠷᠲᠤᠳᠭᠠᠵᠤ᠂ ᠤᠮᠠᠷᠠᠲᠤ᠎ᠶ᠋ᠢᠨ ᠬᠣᠷᠣᠬᠠᠢ ᠮᠦᠬᠦ ᠵᠢᠨ ᠠᠵᠤ ᠦᠢᠯᠡᠰ᠎ᠦᠨ ᠨᠡᠮᠡᠯᠲᠡ ᠦᠷᠳᠡᠭ᠎ᠢ ᠳᠡᠭᠡᠭ᠌ᠰᠢᠯᠡᠭᠦᠯᠵᠦ᠍᠂ ᠲᠠᠷᠢᠶᠠᠴᠢᠨ ᠡᠷᠦᠬᠡ᠎ᠶ᠋ᠢᠨ ᠣᠷᠣᠯᠭ᠎ᠠ᠎ᠶ᠋ᠢ ᠨᠡᠮᠡᠭ᠌ᠳᠡᠭᠦᠯᠦᠭᠰᠡᠨ ᠪᠠᠢᠨ᠎ᠠ᠃
ᠶᠠᠩ ᠯᠢᠶᠠᠩ᠎ᠤᠨ ᠠᠷᠪᠠ ᠭᠠᠷᠤᠶ ᠵᠢᠯ᠎ᠦᠨ ᠴᠢᠷᠮᠠᠢᠯᠭ᠎ᠠ ᠪᠡᠷ ᠳᠡᠮᠵᠢᠨ ᠣᠳᠣ ᠱᠢᠨ ᠾᠦᠢ ᠪᠠᠯᠭᠠᠰᠤᠨ᠎ᠤ ᠰᠠᠨ ᠪᠦᠦ ᠱᠠᠨ ᠲᠣᠰᠭᠣᠨ᠎ᠤ 95 ᠡᠷᠦᠬᠡ ᠤᠮᠠᠷᠠᠲᠤ᠎ᠶ᠋ᠢᠨ ᠬᠣᠷᠣᠬᠠᠶ ᠮᠦᠬᠦ ᠳᠠᠷᠢᠬᠤ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠪᠥᠬᠥ᠌ ᠲᠣᠰᠭᠣᠨ᠎ᠤ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠭᠤᠷᠪᠠᠨ᠎ᠤ ᠨᠢᠭᠡ᠎ᠵᠢ ᠡᠵᠡᠯᠡᠪᠠ᠃ ᠤᠮᠠᠷᠠᠲᠤ᠎ᠶ᠋ᠢᠨ ᠬᠣᠷᠣᠬᠠᠶ ᠮᠦᠬᠦ ᠲᠠᠷᠢᠭᠰᠠᠨ ᠦᠬᠡᠢ ᠲᠣᠰᠭᠣᠨ᠎ᠤ ᠠᠷᠠᠳ᠎ᠤᠨ ᠣᠯᠠᠩᠬᠢ ᠨᠢ ᠬᠥᠯᠥᠰᠥᠨ ᠠᠵᠢᠯᠴᠢᠨ᠎ᠤ ᠬᠤᠪᠢ᠎ᠪᠠᠷ ᠤᠮᠠᠷᠠᠲᠤ᠎ᠶ᠋ᠢᠨ ᠬᠣᠷᠣᠬᠠᠶ ᠡᠪᠡᠰᠦ᠎ᠶ᠋ᠢ ᠲᠡᠭᠦᠬᠦ᠂ ᠪᠣᠭᠣᠳᠠᠯᠯᠠᠬᠤ᠂ ᠵᠥᠭᠡᠭᠡᠪᠦᠷᠢᠯᠡᠬᠦ᠌ ᠵᠡᠷᠭᠡ ᠬᠠᠮᠢᠶ᠎ᠠ ᠪᠦᠬᠦᠢ ᠠᠵᠢᠯ᠎ᠢ ᠬᠢᠵᠦ᠍ ᠪᠤᠢ᠃ ᠶᠠᠩ ᠯᠢᠶᠠᠩ᠄《ᠤᠮᠠᠷᠠᠲᠤ᠎ᠶ᠋ᠢᠨ ᠬᠣᠷᠣᠬᠠᠶ ᠡᠪᠡᠰᠦ᠎ᠶ᠋ᠢ ᠵᠢᠯ᠎ᠳᠦ 4 ᠤᠳᠠᠭ᠎ᠠ ᠳᠠᠷᠢᠵᠤ ᠪᠣᠯᠤᠨ᠎ᠠ᠂ ᠨᠢᠭᠡ ᠤᠳᠠᠭ᠎ᠠ᠎ᠳᠤ ᠨᠢᠬᠡ ᠫᠸᠩᠰᠡ ᠡᠴᠡ 0.6 ᠲᠥᠭᠥᠷᠢᠭ᠎ᠦᠨ ᠴᠡᠪᠡᠷ ᠤᠷᠤᠯᠭ᠎ᠠ ᠣᠯᠤᠨ᠎ᠠ᠂ ᠰᠠᠨ ᠪᠦᠦ ᠱᠠᠨ ᠲᠣᠰᠭᠣᠨ᠎ᠤ ᠵᠢᠯ ᠪᠦᠷᠢ ᠵᠢᠨ ᠤᠮᠠᠷᠠᠲᠤ᠎ᠶ᠋ᠢᠨ ᠬᠣᠷᠣᠬᠠᠶ ᠮᠦᠬᠦ ᠳᠠᠷᠢᠬᠤ ᠲᠥᠷᠥᠯ ᠵᠦᠶ᠋ᠯ᠎ᠦᠨ ᠣᠷᠣᠯᠭ᠎ᠠ ᠨᠢ ᠳᠠᠷᠤᠶ 350 ᠲᠦᠮᠡᠨ ᠲᠥᠭᠥᠷᠢᠭ ᠱᠢᠬᠠᠮ ᠬᠦᠷᠴᠤ᠂ ᠪᠥᠬᠥ᠌ ᠲᠣᠰᠭᠣᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ ᠵᠢ ᠵᠢᠯ ᠪᠦᠷᠢ3000 ᠲᠥᠭᠥᠷᠢᠭ ᠱᠢᠬᠠᠮ ᠨᠡᠮᠡᠭ᠌ᠳᠡᠬᠦᠯᠵᠠᠢ》 ᠭᠡᠪᠡ᠃ ᠪᠦᠷᠢᠳᠭᠡᠯ᠎ᠢ ᠦᠨᠳᠦᠰᠦᠯᠡᠪᠡᠯ᠂ 2010 ᠣᠨ᠎ᠠᠴᠠ 2020 ᠣᠨ ᠪᠣᠯᠲᠠᠯᠠᠬᠢ ᠠᠷᠪᠠᠨ ᠵᠢᠯ᠎ᠦᠨ ᠬᠤᠭᠤᠴᠠᠭᠠᠨ᠎ᠳᠤ᠂ ᠤᠮᠠᠷᠠᠲᠤ᠎ᠶ᠋ᠢᠨ ᠬᠣᠷᠣᠬᠠᠶ ᠮᠦᠬᠦ ᠵᠢᠨ ᠠᠵᠤ ᠦᠶ᠋ᠯᠡᠰ ᠨᠢ ᠪᠥᠬᠥ᠌ ᠬᠣᠲᠠ᠎ᠶ᠋ᠢᠨ 3500 ᠭᠠᠷᠤᠶ ᠬᠥᠮᠦᠨ᠎ᠳᠦ ᠱᠢᠭᠤᠳ ᠠᠵᠢᠯ ᠣᠯᠭᠣᠵᠤ᠂ ᠬᠣᠯᠪᠣᠭ᠍ᠳᠠᠯ ᠪᠥᠬᠥᠶ ᠠᠵᠤ ᠦᠶ᠋ᠯᠡᠰ᠎ᠦᠨ 18000 ᠭᠠᠷᠤᠶ ᠠᠵᠢᠯᠴᠢᠨ᠎ᠢ ᠳᠠᠮ᠎ᠢᠶᠠᠷ ᠳᠠᠢᠴᠢᠯᠠᠭ᠍ᠰᠠᠨ ᠪᠠᠢᠨ᠎ᠠ᠃
ᠶᠠᠩ ᠯᠢᠶᠠᠩ᠎ᠤᠨ ᠤᠮᠠᠷᠠᠲᠤ᠎ᠶ᠋ᠢᠨ ᠬᠣᠷᠣᠬᠠᠶ ᠮᠦᠬᠦ ᠵᠢᠨ ᠲᠦᠷᠦᠯ ᠵᠦᠢᠯ ᠨᠢ ᠤᠷᠢᠳ ᠬᠣᠵᠢᠳ ᠤᠯᠠᠭᠠᠨᠬᠠᠳᠠ ᠬᠤᠳᠠ᠎ᠶ᠋ᠢᠨ ᠭᠤᠷᠪᠠᠳᠤᠭᠠᠷ ᠬᠤᠭᠤᠴᠠᠭᠠᠨ᠎ᠤ ᠦᠢᠯᠡᠰ ᠪᠤᠰᠭᠠᠬᠤ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ《ᠱᠢᠨ᠎ᠡ᠎ᠶ᠋ᠢ ᠡᠭᠦᠳᠬᠦ᠌ ᠵᠠᠯᠠᠭᠤ ᠨᠠᠰᠤ》 ᠵᠠᠯᠠᠭᠤᠴᠤᠳ᠎ᠤᠨ ᠦᠢᠯᠡᠰ ᠪᠤᠰᠭᠠᠬᠤ ᠤᠷᠤᠯᠳᠤᠭᠠᠨ᠎ᠤ ᠪᠦᠬᠦ᠌ ᠤᠯᠤᠰ᠎ᠤᠨ ᠭᠤᠷᠪᠠᠳᠤᠭᠠᠷ ᠳᠡᠰ᠎ᠤᠨ ᠱᠠᠩᠨᠠᠯ᠂ ᠳᠥᠷᠪᠡᠳᠦᠭᠡᠷ ᠬᠤᠭᠤᠴᠠᠭᠠᠨ᠎ᠤ 《ᠳᠤᠮᠳᠠᠳᠤ ᠤᠯᠤᠰ᠎ᠤᠨ ᠱᠢᠨ᠎ᠡ᠎ᠶ᠋ᠢ ᠡᠭᠦᠳᠬᠦ᠌ ᠵᠢᠭᠦᠷ》ᠦᠢᠯᠡᠰ ᠪᠤᠰᠭᠠᠬᠤ ᠱᠢᠨ᠎ᠡ᠎ᠶ᠋ᠢ ᠡᠭᠦᠳᠬᠦ᠌ ᠤᠷᠤᠯᠳᠤᠭᠠᠨ᠎ᠤ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠎ᠤᠨ ᠨᠢᠭᠡᠳᠦᠭᠡᠷ ᠳᠡᠰ᠎ᠤᠨ ᠱᠠᠩᠨᠠᠯ ᠵᠡᠷᠭᠡ ᠢᠷᠠᠭᠤ ᠠᠯᠳᠠᠷ᠎ᠢ ᠬᠦᠷᠳᠡᠵᠡᠢ᠃