ᠱᠢᠯᠢ᠎ᠶ᠋ᠢᠨ ᠭᠣᠣᠯ᠄ ᠢᠯᠠᠯᠲᠠ᠎ᠶ᠋ᠢᠨ ᠡᠷᠴᠢᠨ ᠳᠡᠭᠡᠷ᠎ᠡ᠎ᠲᠠᠬᠢᠨ ᠬᠦᠴᠦᠯᠡᠵᠦ ᠢᠳᠡᠷᠬᠡᠭ ᠠᠯᠬᠤᠭ᠎ᠠ ᠪᠡᠷ ᠱᠢᠨ᠎ᠡ ᠠᠶᠠᠨ᠎ᠳᠤ ᠮᠣᠷᠳᠠᠨ᠎ᠠ
2022-01-17 10:05:19
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

2021 ᠣᠨ᠎ᠳᠤ᠂ ᠨᠠᠷᠢᠨ ᠪᠤᠳᠤᠯᠢᠶᠠᠨᠲᠠᠶ ᠠᠵᠤ ᠠᠬᠤᠶ᠎ᠶ᠋ᠢᠨ ᠪᠠᠢᠳᠠᠯ ᠪᠣᠯᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠬᠦᠨᠳᠦ ᠬᠡᠴᠡᠭᠦᠦ ᠥᠷᠢᠰᠥᠯᠳᠦᠭᠡᠨ᠎ᠦ ᠡᠮᠦᠨ᠎ᠡ᠂ ᠱᠢᠯᠢ᠎ᠶ᠋ᠢᠨ ᠭᠤᠤᠯ ᠠᠢᠮᠠᠭ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠤ》 ᠵᠢ ᠦᠨᠡᠨᠴᠢ ᠱᠢᠳᠤᠷᠭᠤ᠎ᠪᠠᠷ ᠬᠦᠷᠢᠶᠡᠯᠡᠵᠦ᠂《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《 ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠂《ᠪᠠᠢᠭᠤᠯᠭ᠎ᠠ ᠨᠢᠭᠡᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠠ ᠨᠡᠢᠭᠡᠮ᠎ᠦᠨ ᠠᠮᠤᠷ ᠲᠦᠪᠱᠢᠨ ᠲᠣᠭ᠍ᠲᠠᠭᠤᠨ᠎ᠤ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠵᠠᠭᠤᠨ ᠡᠳᠦᠷ᠎ᠦᠨ ᠪᠣᠭᠣᠮᠲᠠ ᠱᠢᠪᠲᠤᠯᠬᠤ》ᠠᠵᠢᠯᠯᠠᠭ᠎ᠠ᠎ᠶ᠋ᠢ ᠭᠦᠨᠵᠡᠭᠡᠢ ᠠᠬᠢᠭᠤᠯᠤᠨ ᠨᠠᠢᠳᠠᠪᠤᠷᠢᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠦᠯᠦᠪᠵᠢᠭᠦᠯᠭᠡ ᠵᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃

2021 ᠤᠨ᠎ᠳᠦ᠂ ᠱᠢᠯᠢ᠎ᠶ᠋ᠢᠨ ᠭᠤᠤᠯ ᠠᠢᠮᠠᠭ ᠡᠬᠢ ᠪᠠᠶᠠᠯᠢᠭ᠎ᠤᠨ ᠬᠦᠴᠦᠨ᠎ᠢᠶᠡᠨ ᠲᠥᠪᠯᠡᠷᠡᠭᠦᠯᠦᠨ ᠲᠥᠷᠥᠯ ᠵᠦᠶ᠋ᠯ᠎ᠢ ᠠᠳᠭᠤᠵᠤ᠂ ᠲᠤᠬᠢᠷᠠᠭᠤᠯᠤᠯᠲᠠ ᠵᠢ ᠴᠢᠩᠭᠠᠳᠬᠠᠵᠤ᠂ ᠠᠢᠮᠠᠭ᠎ᠤᠨ ᠲᠠᠰ᠎ᠤᠨ ᠭᠤᠤᠯᠳᠠᠯᠭ᠎ᠠ᠎ᠲᠠᠶ ᠲᠥᠷᠥᠯ ᠵᠦᠶ᠋ᠯ᠎ᠢ 151 ᠬᠡᠷᠡᠭ᠌ᠵᠢᠭᠦᠯᠵᠦ᠍᠂ ᠵᠢᠱ᠌ᠢᠯᠲᠡ᠎ᠪᠡᠷ ᠪᠥᠬᠥ᠌ ᠵᠢᠯ᠎ᠳᠦ 310 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ 5% ᠲᠠᠢᠴᠢᠯᠠᠵᠤ᠂ 70 ᠭᠠᠷᠤᠶ ᠴᠢᠬᠤᠯᠠ ᠶᠡᠬᠡ ᠠᠵᠤ ᠦᠶ᠋ᠯᠡᠰ᠂ ᠰᠠᠭᠤᠷᠢ ᠲᠦᠭᠦᠭᠡᠷᠦᠮᠵᠢ᠂ ᠠᠷᠠᠳ᠎ᠤᠨ ᠠᠮᠢᠳᠤᠷᠠᠯ ᠵᠡᠷᠭᠡ ᠬᠦᠷᠢᠶᠡᠨ᠎ᠦ ᠲᠥᠷᠥᠯ ᠵᠦᠶ᠋ᠯ᠎ᠢ ᠪᠠᠢᠭᠤᠯᠤᠨ ᠳᠠᠭᠤᠰᠭᠠᠵᠤ ᠠᠱᠢᠭ᠍ᠯᠠᠯᠲᠠ᠎ᠳᠤ ᠣᠷᠣᠭᠤᠯᠪᠠ᠃ ᠡᠨᠧᠷᠬᠢ ᠵᠢᠨ ᠵᠢᠨ ᠬᠠᠩᠭᠠᠯᠭ᠎ᠠ ᠵᠢ ᠪᠦᠬᠦ ᠬᠦᠴᠦᠨ᠎ᠢᠶᠡᠷ᠎ᠢᠶᠡᠨ ᠪᠠᠲᠤᠯᠠᠵᠤ᠂ ᠪᠦᠬᠦ᠌ ᠵᠢᠯ᠎ᠤ᠋ᠨ ᠨᠡᠭᠦᠷᠡᠰᠦ᠎ᠶ᠋ᠢᠨ ᠭᠠᠷᠤᠯᠲᠠ1.2 ᠳ᠋ᠦᠩᠱᠢᠭᠤᠷ ᠲᠣᠨ᠎ᠳᠤ ᠬᠦᠷᠴᠦ᠂ 11.1% ᠪᠡᠷ ᠨᠡᠮᠡᠭ᠌ᠳᠡᠪᠡ; ᠢᠯᠴᠢ᠎ᠶ᠋ᠢᠨ ᠴᠠᠬᠢᠯᠭᠠᠨ ᠪᠠ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠬᠡᠮᠵᠢᠶ᠎ᠡ ᠲᠣᠰ ᠲᠣᠰ 8.1% ᠪᠠ 130% ᠨᠡᠮᠡᠭ᠌ᠳᠡᠪᠡ᠃ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠢᠯᠠᠯ᠎ᠳᠤ 138 ᠳ᠋ᠦᠩᠱᠢᠭᠤᠷ ᠲᠥᠭᠥᠷᠢᠭ᠎ᠦᠨ ᠵᠢᠭᠡᠯᠡᠯᠭᠡ ᠲᠠᠯᠪᠢᠵᠤ᠂ ᠡᠯ᠎ᠡ ᠲᠦᠷᠦᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ 1.94 ᠲᠦᠮᠡᠨ ᠡᠷᠦᠬᠡ ᠱᠢᠨ᠎ᠡ᠎ᠪᠡᠷ ᠨᠡᠮᠡᠭ᠌ᠳᠡᠭᠦᠯᠪᠡ᠃

2021 ᠤᠨ᠎ᠳᠦ᠂ ᠱᠢᠯᠢ᠎ᠶ᠋ᠢᠨ ᠭᠣᠣᠯ ᠠᠢᠮᠠᠭ ᠲᠦᠷᠦᠯ ᠲᠡᠮᠳᠡᠭᠳᠦ ᠵᠢᠨ ᠪᠠᠢᠯᠳᠤᠬᠤ ᠪᠤᠳᠤᠯᠭ᠎ᠠ᠎ᠪᠠᠷ ᠮᠠᠯ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠠᠬᠢᠭᠤᠯᠵᠤ᠂ ᠱᠢᠯᠢ᠎ᠶ᠋ᠢᠨ ᠭᠣᠣᠯ᠎ᠤᠨ ᠬᠤᠨᠢᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠲᠥᠯᠥᠪᠵᠢᠭᠦᠯᠭᠡ ᠪᠠ ᠲᠦᠷᠦᠯ ᠲᠡᠮᠳᠡᠭ᠎ᠦᠨ ᠬᠡᠷᠡᠭ᠌ᠯᠡᠯᠲᠡ᠎ᠶ᠋ᠢᠨ ᠬᠠᠮᠢᠶᠠᠷᠤᠯᠲᠠ᠎ᠶ᠋ᠢᠨ ᠠᠷᠭ᠎ᠠ᠂ ᠲᠦᠷᠦᠯ ᠲᠡᠮᠳᠡᠭ᠎ᠦᠨ ᠪᠠᠷᠢᠮᠵᠢᠶᠠᠲᠤ ᠱᠢᠰᠲᠸᠮ᠎ᠢ ᠲᠣᠭ᠍ᠲᠠᠭᠠᠵᠤ᠂ ᠳᠤᠮᠳᠠᠳᠤ ᠤᠯᠤᠰ᠎ᠤᠨ ᠮᠢᠬᠠᠨ᠎ᠤ ᠲᠦᠷᠦᠯ᠎ᠲᠡᠮᠳᠡᠭᠳᠦ ᠵᠢᠨ ᠨᠡᠢᠭᠡᠮᠯᠢᠭ᠎ᠦᠨ ᠠᠮᠢ ᠠᠬᠤᠢ᠎ᠶ᠋ᠢᠨ ᠬᠤᠨᠢᠨ᠎ᠤ ᠠᠵᠤ ᠦᠢᠯᠡᠰ᠎ᠦᠨ ᠲᠦᠷᠦᠭᠦᠴᠦᠳ᠎ᠦᠨ ᠬᠤᠷᠠᠯ᠎ᠢ ᠠᠮᠵᠢᠯᠲᠠ᠎ᠲᠠᠶ ᠡᠷᠬᠢᠯᠡᠵᠦ᠍᠂《ᠳᠤᠮᠳᠠᠳᠤ ᠤᠯᠤᠰ᠎ᠤᠨ ᠠᠮᠢ ᠠᠬᠤᠢ᠎ᠶ᠋ᠢᠨ ᠬᠤᠨᠢᠨ᠎ᠤ ᠬᠤᠲᠠ》 ᠵᠢᠨ ᠢᠷᠠᠭᠤ ᠠᠯᠳᠠᠷ᠎ᠢ ᠬᠦᠷᠲᠡᠪᠡ᠃ ᠵᠢᠩ ᠳ᠋ᠦᠩ᠂ ᠡᠾᠧ ᠮᠠ ᠵᠡᠷᠭᠡ ᠡᠯᠸᠺᠲᠷᠤᠨ ᠬᠤᠳᠠᠯᠳᠤᠭᠠᠨ᠎ᠤ ᠲᠣᠯᠣᠭᠠᠢᠯᠠᠭᠴᠢ ᠲᠠᠪᠴᠠᠩ᠂ ᠱᠢᠨ᠎ᠡ ᠵᠢᠵᠢᠭ᠌ᠯᠡᠨ ᠬᠤᠳᠠᠯᠳᠤᠬᠤ ᠲᠠᠪᠴᠠᠩ ᠵᠢᠴᠢ ᠰᠢ ᠪᠸᠢ ᠵᠡᠷᠭᠡ ᠢᠳᠡᠭᠡᠨ ᠤᠮᠳᠠᠭᠠᠨ᠎ᠤ ᠠᠵᠤ ᠠᠬᠤᠢᠯᠠᠯ᠎ᠲᠠᠶ ᠭᠠᠷ ᠬᠣᠯᠪᠣᠯᠴᠠᠨ᠂ ᠱᠢᠯᠢ᠎ᠶ᠋ᠢᠨ ᠭᠣᠣᠯ᠎ᠤᠨ ᠬᠤᠨᠢᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ᠎ᠦᠨ ᠠᠯᠪᠠᠨ᠎ᠤ ᠲᠠᠯ᠎ᠠ᠎ᠶ᠋ᠢᠨ ᠬᠣᠱᠢᠭᠤᠴᠢ ᠳᠡᠯᠭᠡᠭᠦᠷ᠎ᠢ ᠨᠡᠭᠡᠭᠡᠵᠦ᠍᠂ ᠬᠤᠨᠢᠨ ᠮᠢᠬᠠᠨ᠎ᠤ ᠠᠮᠲᠠᠲᠤ ᠢᠳᠡᠭᠡᠨ᠎ᠦ ᠨᠠᠢᠷ᠂ ᠱᠢᠯᠭᠠᠨ ᠪᠠᠢᠴᠠᠭᠠᠬᠤ ᠬᠤᠷᠠᠯ ᠵᠡᠷᠭᠡ ᠱᠢᠷᠢᠰ ᠲᠡᠯᠭᠡᠷᠡᠭᠦᠯᠬᠦ ᠠᠵᠢᠯᠯᠠᠭ᠎ᠠ᠎ᠶ᠋ᠢ ᠡᠷᠬᠢᠯᠡᠨ ᠶᠠᠪᠤᠭ᠍ᠳᠠᠭᠤᠯᠵᠤ᠂ 18 ᠲᠦᠮᠡᠨ ᠮᠢᠬᠠᠨ᠎ᠤ ᠬᠤᠨᠢᠨ᠎ᠤ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢ ᠮᠥᠷᠳᠡᠵᠦ᠍ ᠬᠠᠭᠤᠷᠮᠠᠭ᠎ᠢ ᠰᠡᠷᠭᠡᠢᠯᠡᠬᠦ᠌ ᠱᠢᠰᠲ᠋ᠧᠮ᠎ᠢ ᠬᠡᠷᠡᠭ᠌ᠵᠢᠭᠦᠯᠵᠦ᠍᠂ ᠲᠦᠷᠦᠯ ᠲᠡᠮᠳᠡᠭᠳᠦ ᠵᠢᠨ ᠦᠷ᠎ᠡ ᠠᠱᠢᠭ ᠤᠯᠠᠮ ᠴᠢᠨᠠᠭᠰᠢᠳᠠ ᠢᠯᠡᠷᠡᠭᠦᠯᠪᠡ᠃ ᠡᠭᠦᠨ᠎ᠦ ᠬᠠᠮᠲᠤ᠂ ᠴᠢᠨᠠᠷ ᠰᠠᠢᠲᠠᠢ ᠱᠢᠯᠢᠳᠡᠭ ᠡᠭᠦᠯᠳᠡᠷ᠎ᠦᠨ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠡᠮᠵᠢᠬᠦ᠌ ᠠᠷᠭ᠎ᠠ᠎ᠳᠤ ᠵᠠᠰᠠᠪᠤᠷᠢ ᠣᠷᠣᠭᠤᠯᠵᠤ᠂ ᠳᠤᠮᠳᠠ ᠪᠠᠭ᠎ᠠ ᠬᠡᠪᠴᠢᠶᠡᠲᠦ ᠲᠡᠵᠢᠭᠡᠨ ᠦᠷᠡᠵᠢᠭᠦᠯᠬᠦ᠌ ᠡᠷᠦᠬᠡ᠎ᠳᠦ 1.2 ᠳ᠋ᠦᠩᠱᠢᠭᠤᠷ ᠲᠥᠭᠥᠷᠢᠭ᠎ᠦᠨ ᠵᠢᠭᠡᠯᠡᠯᠭᠡ ᠣᠯᠭᠣᠵᠤ᠂ ᠱᠢᠯᠢᠳᠡᠭ ᠡᠭᠦᠯᠳᠡᠷ᠎ᠦᠨ ᠦᠬᠡᠷ ᠪᠠ ᠪᠣᠷᠳᠣᠵᠤ ᠲᠠᠷᠭᠤᠯᠠᠭᠤᠯᠤᠭ᠍ᠰᠠᠨ ᠦᠬᠡᠷ᠎ᠦᠨ ᠠᠮᠢᠳᠤ ᠮᠠᠯ᠎ᠤᠨ ᠲᠣᠭ᠎ᠠ ᠬᠡᠮᠵᠢᠶ᠎ᠠ ᠲᠣᠰ ᠲᠣᠰ 8100 ᠪᠠ 2.3 ᠲᠦᠮᠡ᠎ᠳᠦ ᠬᠦᠷᠴᠦ᠍᠂ ᠮᠠᠯ ᠠᠵᠤ ᠠᠬᠤᠢ ᠵᠢᠨ ᠣᠨ᠎ᠤ ᠠᠮᠢᠳᠤ ᠮᠠᠯ᠎ᠤᠨ ᠲᠣᠭ᠎ᠠ ᠬᠡᠮᠵᠢᠶ᠎ᠠ 24 ᠲᠦᠮᠡ ᠱᠢᠨ᠎ᠡ᠎ᠪᠡᠷ ᠨᠡᠮᠡᠭ᠌ᠳᠡᠵᠦ᠍᠂ 197 ᠲᠦᠮᠡ᠎ᠳᠦ ᠬᠥᠷᠪᠡ᠃ 《ᠬᠤᠸᠠ ᠰᠢ ᠦᠬᠡᠷ》 ᠤ᠋ᠨ ᠱᠢᠨ᠎ᠡ ᠡᠭᠦᠯᠳᠡᠷ᠎ᠨᠢ ᠤᠯᠤᠰ᠎ᠤ᠋ᠨ ᠮᠠᠯ ᠵᠢᠭᠦᠷᠲᠡᠨ᠎ᠦ ᠤᠳᠤᠮᠯᠠᠯ᠎ᠤᠨ ᠡᠬᠢ ᠪᠠᠶᠠᠯᠢᠭ᠎ᠤᠨ ᠵᠥᠪᠯᠡᠯ᠎ᠤ᠋ᠨ ᠬᠢᠨᠠᠨ ᠲᠤᠭᠲᠠᠭᠠᠯᠲᠠ ᠵᠢ ᠦᠩᠭᠡᠷᠡᠭᠦᠯᠬᠦ᠎ᠶ᠋ᠢᠨ ᠬᠠᠮᠲᠤ ᠨᠡᠷᠡᠢᠳᠦᠭᠳᠡᠵᠦ᠂ ᠦᠵᠦᠮᠦᠴᠢᠨ ᠬᠣᠨᠢ᠂ ᠰᠥᠨᠢᠳ ᠬᠣᠨᠢᠨ᠎ᠤ ᠰᠠᠢᠨ ᠡᠭᠦᠯᠳᠡᠷ᠎ᠦᠨ ᠲᠠᠯᠠᠪᠠᠢ ᠪᠠ ᠮᠣᠩᠭᠣᠯ ᠠᠳᠤᠭᠤᠨ᠎ᠤ ᠡᠭᠦᠯᠳᠡᠷ ᠬᠠᠮᠠᠭᠠᠯᠠᠬᠤ ᠰᠠᠭᠤᠷᠢᠨ ᠎ᠢ ᠤᠯᠤᠰ᠎ᠤ᠋ᠨ ᠲᠡᠰ᠎ᠤᠨ ᠮᠠᠯ ᠵᠢᠭᠦᠷᠲᠡᠨ᠎ᠦ ᠤᠳᠤᠮᠯᠠᠯ᠎ᠤᠨ ᠡᠬᠢ ᠪᠠᠶᠠᠯᠢᠭ᠎ᠤᠨ ᠡᠭᠦᠯᠳᠡᠷ ᠬᠠᠮᠠᠭᠠᠯᠠᠬᠤ ᠲᠠᠯᠠᠪᠠᠢ(ᠲᠣᠭᠣᠷᠢᠭ) ᠳ᠋ᠤ᠌ ᠣᠷᠣᠭᠤᠯᠪᠠ᠃ 《ᠱᠢᠯᠢ᠎ᠶ᠋ᠢᠨ ᠭᠤᠤᠯ᠎ᠤᠨ ᠪᠢᠱᠢᠯᠠᠭ》 ᠨᠢ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠵᠠᠷ ᠵᠦᠶ᠎ᠶ᠋ᠢᠨ ᠢᠯᠡᠷᠬᠡᠢᠢᠯᠡᠯᠲᠦ ᠪᠦᠲᠦᠭᠡᠭᠲᠡᠬᠦᠨ ᠪᠣᠯᠵᠣ᠂ ᠪᠦᠷᠢᠳᠭᠡᠭᠦᠯᠦᠨ ᠳᠠᠩᠰᠠᠯᠠᠭᠤᠯᠤᠭ᠍ᠰᠠᠨ ᠤᠯᠠᠮᠵᠢᠯᠠᠯᠲᠤ ᠴᠠᠭᠠᠨ ᠢᠳᠡᠭᠡᠨ᠎ᠦ ᠵᠢᠵᠢᠭ ᠦᠶ᠋ᠯᠡᠳᠭᠡᠯ 700 ᠎ᠳ᠋ᠤ ᠬᠦᠷᠴᠦ᠍᠂ ᠪᠥᠬᠥ᠌ ᠣᠷᠣᠨ᠎ᠤ ᠶᠡᠷᠦᠩᠬᠡᠶ ᠲᠣᠭᠠᠨ᠎ᠤ 50% ᠡᠴᠡ ᠳᠡᠭᠡᠭ᠌ᠰᠢᠬᠢ᠎ᠶ᠋ᠢ ᠡᠵᠡᠯᠡᠪᠡ᠃

ᠨᠢᠭᠡ ᠵᠢᠯ᠎ᠦᠨ ᠲᠤᠷᠰᠢ᠂ ᠱᠢᠯᠢ᠎ᠶ᠋ᠢᠨ ᠭᠤᠤᠯ ᠠᠢᠮᠠᠭ᠎ᠤᠨ ᠡᠨᠧᠷᠭᠢ᠎ᠶ᠋ᠢᠨ ᠠᠵᠤ ᠦᠶ᠋ᠯᠡᠰ᠎ᠦᠨ 《ᠰᠠᠭᠤᠷᠢ》 ᠲᠦᠷᠭᠡᠨ ᠪᠤᠵᠠᠭᠠᠢᠷᠠᠵᠤ᠂ 600 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢ ᠭᠠᠳᠠᠭ᠍ᠰᠢ ᠬᠦᠷᠭᠡᠬᠦ᠌ ᠲᠥᠷᠥᠯ ᠵᠦᠶ᠋ᠯ ᠤᠯᠤᠰ᠎ᠤᠨ ᠨᠢᠭᠡᠳᠦᠭᠡᠷ ᠪᠦᠯᠦᠭ᠎ᠤᠨ ᠲᠣᠮᠣ ᠬᠡᠯᠪᠡᠷᠢ᠎ᠶ᠋ᠢᠨ ᠰᠠᠯᠬᠢ ᠬᠡᠷᠡᠯ᠎ᠤᠨ ᠡᠨ᠋ᠸᠷᠬᠢ ᠵᠢᠨ ᠰᠠᠭᠤᠷᠢᠨ ᠤ᠋ ᠨᠠᠷᠢᠨ ᠲᠠᠩᠰᠠᠨ᠎ᠳᠤ ᠵᠢᠭ᠍ᠰᠠᠭᠠᠭ᠍ᠳᠠᠵᠤ᠂ ᠡᠭᠦᠨ᠎ᠳᠦ ᠳᠡᠭᠡᠳᠦ ᠨᠡᠢᠰᠯᠡᠯ ᠤ᠋ᠨ 200 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢᠨ ᠲᠥᠷᠥᠯ ᠵᠦᠶ᠋ᠯ ᠪᠥᠬᠥ᠌ ᠲᠠᠯ᠎ᠠ᠎ᠪᠠᠷ ᠠᠵᠢᠯ ᠡᠬᠢᠯᠡᠵᠦ᠍᠂ ᠪᠥᠬᠥ᠌ ᠠᠢᠮᠠᠭ᠎ᠤᠨ ᠱᠢᠨ᠎ᠡ ᠡᠨᠧᠷᠭᠢ᠎ᠶ᠋ᠢᠨ ᠶᠡᠷᠦᠩᠬᠡᠶ ᠮᠠᠱᠢᠨ ᠴᠣᠭ᠍ᠴᠠᠯᠠᠪᠤᠷᠢ 1145 ᠲᠦᠮᠡᠨ ᠺᠢᠯᠦᠸᠠᠲ᠎ᠲᠤ ᠬᠦᠷᠴᠦ᠍᠂ ᠪᠥᠬᠥ᠌ ᠣᠷᠣᠨ᠎ᠳᠤ ᠲᠡᠷᠢᠭᠦᠯᠡᠵᠦ᠂ ᠪᠥᠬᠥ᠌ ᠠᠢᠮᠠᠭ᠎ᠤᠨ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠬᠤᠪᠢ᠎ᠶ᠋ᠢᠨ ᠵᠢᠩ᠎ᠤ᠋ᠨ 45.6% ᠎ᠶ᠋ᠢ ᠡᠵᠡᠯᠡᠪᠡ; ᠪᠦᠬᠦ᠌ ᠠᠢᠮᠠᠭ᠎ᠤᠨ ᠢᠯᠴᠢ᠎ᠶ᠋ᠢᠨ ᠴᠠᠬᠢᠯᠭᠠᠨ᠎ᠤ ᠶᠡᠷᠦᠩᠬᠡᠶ ᠮᠠᠱᠢᠨ ᠴᠣᠭ᠍ᠴᠠᠯᠠᠪᠤᠷᠢ 1365 ᠲᠦᠮᠡᠨ ᠺᠢᠯᠦᠸᠠᠲ᠎ᠲᠤ ᠬᠦᠷᠴᠦ᠍᠂ ᠪᠦᠬᠦ᠌ ᠣᠷᠣᠨ᠎ᠤ ᠬᠣᠶᠠᠳᠤᠭᠠᠷ᠎ᠲᠤ ᠣᠷᠣᠪᠠ᠃

2021ᠤᠨ᠎ᠳᠦ᠂ ᠲᠣᠰ ᠠᠢᠮᠠᠭ᠎ᠤᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠦᠶ᠋ᠯᠡᠰ ᠲᠦᠷᠦ ᠵᠢᠨ ᠪᠤᠳᠤᠯᠭ᠎ᠠ᠎ᠳᠤ ᠲᠦᠰᠢᠭᠯᠡᠨ ᠲᠦᠭᠡᠮᠡᠯᠵᠢᠵᠤ᠂  ᠲᠠᠰ ᠳᠡᠪᠱᠢᠵᠤ᠂ ᠠᠮᠢ ᠠᠬᠤᠶ᠎ᠶ᠋ᠢᠨ ᠵᠢᠭᠤᠯᠴᠢᠯᠠᠯ᠎ᠤᠨ ᠦᠪᠡᠳᠡᠭᠰᠢ ᠴᠤᠭᠯᠠᠭᠠᠨ ᠵᠡᠷᠭᠡ ᠱᠢᠷᠢᠰ ᠰᠣᠶᠣᠯ ᠵᠢᠭᠤᠯᠴᠢᠯᠠᠯ᠎ᠤᠨ ᠠᠵᠢᠯᠯᠠᠭ᠎ᠠ ᠠᠮᠵᠢᠯᠲᠠ᠎ᠲᠠᠶ ᠡᠷᠭᠢᠯᠡᠭᠳᠡᠵᠦ᠍᠂ 10 ᠭᠤᠤᠯᠳᠠᠯᠭ᠎ᠠ᠎ᠲᠠᠶ ᠵᠢᠭᠤᠯᠴᠢᠯᠠᠯ᠎ᠤᠨ ᠲᠥᠷᠥᠯ ᠵᠦᠶ᠋ᠯ᠎ᠳᠦ 3.4 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠱᠢᠯᠢ᠎ᠶ᠋ᠢᠨ ᠭᠤᠤᠯ᠎ᠤᠨ ᠮᠢᠩᠭᠠᠨ ᠭᠠᠵᠠᠷ᠎ᠤᠨ ᠲᠠᠯ᠎ᠠ ᠨᠤᠲᠤᠭ᠎ᠤᠨ ᠦᠵᠡᠮᠵᠢ᠎ᠶ᠋ᠢᠨ ᠵᠠᠮ᠎ᠱᠤᠭᠤᠮ᠎ᠤᠨ  ᠡᠵᠡᠩᠨᠡᠬᠦ᠌ ᠪᠠᠷᠢᠮᠵᠢᠶ᠎ᠠ᠎ᠶ᠋ᠢ ᠨᠡᠢᠲᠡᠯᠡᠵᠦ᠍᠂ 36 ᠣᠳᠣᠨ ᠲᠠᠰ᠎ᠤᠨ ᠥᠷᠲᠡᠭᠡ ᠵᠢᠨ ᠡᠭᠦᠳᠡ ᠡᠷᠦᠬᠡ᠎ᠶ᠋ᠢ ᠥᠭᠡᠷᠡᠴᠢᠯᠡᠨ ᠱᠠᠩᠨᠠᠨ ᠨᠥᠬᠥᠪᠥᠷᠢᠯᠡᠵᠦ᠍᠂ ᠵᠢᠭᠤᠯᠴᠢᠯᠠᠯ᠎ᠤᠨ ᠰᠠᠭᠤᠷᠢ ᠲᠦᠭᠦᠭᠡᠷᠦᠮᠵᠢ ᠪᠠ ᠦᠶ᠋ᠯᠡᠴᠢᠯᠡᠭᠡᠨ᠎ᠦ ᠶᠠᠰᠤ ᠴᠢᠨᠠᠷ ᠤᠯᠠᠮ ᠴᠢᠨᠠᠭᠰᠢᠳᠠ ᠳᠡᠭᠡᠭ᠌ᠰᠢᠯᠡᠪᠡ᠃

2021ᠤᠨ᠎ᠳᠦ᠂ ᠱᠢᠯᠢ᠎ᠶ᠋ᠢᠨ ᠭᠣᠣᠯ ᠠᠢᠮᠠᠭ᠎ᠤᠨ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ ᠬᠦᠴᠢᠷ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠪᠦᠬᠦ᠌ ᠠᠢᠮᠠᠭ᠎ᠤᠨ ᠰᠠᠯᠬᠢᠨ ᠬᠦᠴᠦᠨ ᠵᠢᠡᠷ ᠴᠠᠬᠢᠯᠭᠠᠨ ᠭᠠᠷᠭᠠᠬᠤ ᠮᠠᠱᠢᠨ᠎ᠤ ᠵᠢᠯ᠎ᠦᠨ ᠦᠢᠯᠡᠳᠪᠦᠷᠢᠯᠡᠬᠦ ᠴᠢᠳᠠᠪᠤᠷᠢ 600 ᠲᠦᠮᠡᠨ ᠬᠢᠯᠦᠸᠠᠲ ᠱᠢᠬᠠᠮ᠎ᠳᠤ ᠬᠦᠷᠴᠦ᠍᠂ ᠪᠦᠬᠦ᠌ ᠣᠷᠣᠨ᠎ᠤ ᠲᠡᠷᠢᠭᠦᠨ᠎ᠳᠦ ᠣᠷᠣᠪᠠ᠃ 5G+ ᠤᠶᠤᠨᠴᠢ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ 3.6 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ ᠠᠭᠤᠷᠬᠠᠶ᠎ᠶ᠋ᠢᠨ ᠤᠶᠤᠨᠴᠢᠯᠠᠭ᠍ᠰᠠᠨ ᠲᠥᠷᠥᠯ ᠵᠦᠶ᠋ᠯ᠎ᠢ 83 ᠬᠡᠷᠡᠭ᠌ᠵᠢᠭᠦᠯᠵᠦ᠍᠂ ᠨᠢᠭᠡ ᠪᠦᠯᠦᠭ ᠲᠣᠮᠣ ᠬᠡᠯᠪᠡᠷᠢ᠎ᠶ᠋ᠢᠨ ᠨᠡᠭᠦᠷᠡᠰᠦᠨ ᠠᠭᠤᠷᠬᠠᠶ᠎ᠶ᠋ᠢᠨ ᠤᠶᠤᠨᠴᠢᠯᠠᠭ᠍ᠰᠠᠨ ᠲᠦᠪᠱᠢᠨ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃ ᠬᠤᠸᠠ ᠷᠦᠨ᠂ ᠳ᠋ᠠ ᠳᠠᠩ ᠺᠤᠮᠫᠠᠨᠢ ᠵᠢᠨ ᠱᠢᠨ᠎ᠡ ᠡᠨᠧᠷᠭᠢ᠎ᠶ᠋ᠢᠨ ᠠᠯᠤᠰ ᠡᠵᠡᠮᠱᠢᠯᠲᠦ ᠣᠶᠤᠨᠴᠢ ᠲᠣᠬᠢᠷᠠᠭᠤᠯᠤᠯᠲᠠ᠎ᠶ᠋ᠢᠨ ᠲᠠᠪᠴᠠᠩ᠎ᠤᠨ ᠲᠥᠷᠥᠯ ᠵᠦᠢᠯ᠎ᠢ ᠡᠬᠢᠯᠡᠨ ᠬᠡᠷᠡᠭ᠌ᠵᠢᠭᠦᠯᠵᠦ᠍᠂ ᠪᠡᠭᠡᠵᠢᠩ ᠤ᠋ᠨ ᠡᠨ᠋ᠸᠷᠭᠢ ᠵᠢᠨ ᠺᠤᠮᠫᠠᠨᠢ᠂ ᠲᠠᠢ ᠹᠦ᠋ ᠺᠤᠮᠫᠠᠨᠢ ᠵᠢᠨ ᠱᠢᠨ᠎ᠡ ᠡᠨᠧᠷᠭᠢ ᠵᠢᠨ ᠬᠠᠮᠠᠭᠠᠯᠠᠯᠳᠠ ᠵᠢᠨ ᠲᠥᠪ( ᠶᠡᠷᠦᠩᠬᠡᠢ ᠭᠠᠵᠠᠷ)ᠤ᠋ᠨ ᠲᠥᠷᠥᠯ ᠵᠦᠢᠯ᠎ᠢ ᠱᠢᠯᠢᠩᠬᠣᠲᠠ᠎ᠳᠤ ᠨᠤᠲᠤᠭ᠍ᠰᠢᠭᠤᠯᠵᠤ᠂ ᠴᠠᠭᠠᠨᠨᠠᠭᠤᠷ᠎ᠤᠨ ᠰᠠᠯᠬᠢ ᠭᠡᠷᠡᠯ ᠭᠠᠯ᠎ᠤᠨ ᠡᠨ᠋ᠸᠷᠭᠢ ᠵᠢ ᠤᠰᠤᠲᠥ᠋ᠷᠥᠭ᠌ᠴᠢ ᠪᠤᠯᠭᠠᠨ ᠨᠢᠭᠡ ᠴᠤᠭᠴᠠᠵᠢᠭᠤᠯᠤᠨ ᠬᠠᠳᠠᠭᠠᠯᠠᠬᠤ᠂ ᠪᠡᠭᠡᠵᠢᠩ ᠤ᠋ᠨ ᠡᠨ᠋ᠸᠷᠭᠢ ᠵᠢᠨ ᠪᠦᠯᠦᠭ᠌ᠯᠡᠯ᠎ᠦᠨ ᠡᠦ ᠵᠢᠶᠠᠨ ᠹᠠᠩ ᠤ᠋ᠨ ᠨᠡᠭᠦᠷᠡᠰᠦᠲᠥ᠋ᠷᠥᠭ᠌ᠴᠢ᠎ᠶ᠋ᠢ ᠬᠤᠷᠢᠶᠠᠨ ᠴᠤᠭ᠍ᠯᠠᠭᠤᠯᠵᠤ ᠶᠡᠷᠦᠩᠬᠡᠢᠯᠡᠨ ᠠᠱᠢᠭ᠍ᠯᠠᠬᠤ ᠵᠡᠷᠭᠡ ᠲᠥᠷᠥᠯ ᠵᠦᠢᠯ᠎ᠨᠢ ᠶᠠᠭ ᠡᠮᠦᠨᠡᠬᠢ ᠬᠤᠭᠤᠴᠠᠭᠠᠨ᠎ᠤ ᠠᠵᠢᠯ᠎ᠢᠶᠠᠨ ᠠᠬᠢᠭᠤᠯᠵᠤ ᠪᠤᠢ᠃ ᠤᠶᠤᠨᠴᠢ ᠴᠠᠬᠢᠯᠭᠠᠨ ᠲᠣᠣᠷ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂  ᠤᠶᠤᠨᠴᠢ ᠬᠦᠴᠦᠳᠡᠯ ᠥᠭᠡᠷᠡᠴᠢᠯᠡᠬᠦ᠌ 2ᠥᠷᠲᠡᠭᠡ ᠵᠢ ᠱᠢᠨ᠎ᠡ᠎ᠪᠡᠷ ᠪᠠᠢᠭᠤᠯᠵᠠᠢ᠃ ᠠᠯᠮᠠᠰ ᠴᠢᠯᠠᠭᠤ ᠪᠦᠬᠦᠢ ᠱᠢᠬᠠᠭᠤᠷ ᠮᠠᠰᠢᠨ ᠦᠢᠯᠡᠳᠬᠦ᠌᠂ ᠠᠵᠤ ᠦᠢᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ᠂ ᠪᠠᠯ ᠴᠢᠯᠠᠭᠤᠨ᠎ᠤ ᠠᠯᠺᠧᠨ ᠴᠠᠬᠢᠯᠭᠠᠨ ᠢᠯᠴᠢ᠎ᠶ᠋ᠢᠨ ᠮᠠᠲ᠋ᠧᠷᠢᠶᠠᠯ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠡᠭᠡᠭᠦᠯᠦᠨ ᠬᠤᠷᠢᠶᠠᠬᠤ᠂ ᠮᠠᠱᠢᠨ ᠲᠡᠷᠭᠡᠨ᠎ᠦ ᠰᠡᠯᠪᠢᠭ ᠲᠤᠨᠤᠭ ᠦᠢᠯᠡᠳᠪᠦᠷᠢᠯᠡᠬᠦ᠌ ᠵᠡᠷᠭᠡ ᠡᠨᠧᠷᠭᠢ᠎ᠶ᠋ᠢᠨ ᠪᠤᠰᠤ ᠨᠢᠭᠡ ᠪᠦᠯᠦᠭ ᠲᠦᠷᠦᠯ ᠵᠦᠢᠯ᠎ᠢ ᠡᠬᠢᠯᠡᠨ ᠪᠦᠲᠦᠭᠡᠨ ᠪᠠᠢᠭᠤᠯᠪᠠ᠃

2021ᠤᠨ᠎ᠳᠦ᠂ ᠱᠢᠯᠢ᠎ᠶ᠋ᠢᠨ ᠭᠤᠤᠯ ᠠᠢᠮᠠᠭ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠣᠪᠣᠢᠮ᠎ᠠ ᠰᠠᠢᠲᠤᠷ ᠠᠳᠭᠤᠵᠤ᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠢ ᠡᠭᠦᠳᠦᠨ ᠪᠠᠢᠭᠤᠯᠬᠤ ᠠᠵᠢᠯ᠎ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠪᠦᠬᠦ ᠠᠢᠮᠠᠭ ᠤ᠋ᠨ 64.18% ᠎ᠶ᠋ᠢᠨ ᠭᠠᠵᠠᠷ ᠰᠢᠷᠤᠢ ᠵᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠣᠷᠣᠭᠤᠯᠪᠠ᠃ ᠡᠭᠦᠨ᠎ᠦ ᠬᠠᠮᠲᠤ᠂ ᠭᠤᠤᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶ᠋ᠢᠨ ᠲᠦᠷᠢᠮ᠂ ᠣᠶ᠎ᠶ᠋ᠢᠨ ᠳᠠᠷᠤᠭ᠎ᠠ᠎ᠶ᠋ᠢᠨ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 80 ᠲᠦᠮᠡᠨ ᠮᠥ᠍ ᠲᠠᠴᠢᠷᠰᠢᠵᠤ ᠮᠠᠭᠤᠳᠠᠭ᠍ᠰᠠᠨ ᠨᠤᠲᠤᠭ ᠪᠡᠯᠴᠢᠭᠡᠷ᠎ᠢ ᠰᠡᠷᠭᠦᠭᠡᠨ ᠵᠠᠰᠠᠵᠤ᠂ 36 ᠲᠦᠮᠡᠨ ᠮᠥ᠍ ᠡᠯᠡᠰᠦᠷᠬᠡᠭ ᠭᠠᠵᠠᠷ᠎ᠤᠨ ᠬᠦᠨᠳᠦ ᠬᠥᠨᠥᠭᠡᠯᠲᠦ ᠣᠷᠣᠨ᠎ᠢ ᠵᠠᠰᠠᠵᠤ᠂ ᠨᠤᠲᠤᠭ ᠪᠡᠯᠴᠢᠭᠡᠷ᠎ᠦᠨ ᠤᠷᠭᠤᠮᠠᠯ ᠬᠤᠴᠢᠯᠭ᠎ᠠ ᠵᠢᠨ 50.7%᠎ᠳ᠋ᠤ ᠬᠥᠷᠪᠡ᠃ 《ᠱᠢᠯᠢᠩᠬᠣᠲᠠ᠎ᠶ᠋ᠢᠨ ᠲᠠᠴᠢᠷᠰᠢᠵᠤ ᠮᠠᠭᠤᠳᠠᠭᠰᠠᠨ ᠨᠤᠲᠤᠭ ᠪᠡᠯᠴᠢᠭᠡᠷ᠎ᠦᠨ ᠠᠮᠢ ᠠᠬᠤᠢ᠎ᠶ᠋ᠢ ᠰᠡᠷᠭᠦᠭᠡᠬᠦ᠌ ᠲᠦᠷᠦᠯ ᠵᠦᠢᠯ》 ᠤ᠋ᠨ ᠵᠢᠱ᠌ᠢᠢ᠎ᠡ᠎ᠶ᠋ᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 《 ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠢᠲᠡ᠎ᠶ᠋ᠢᠨ ᠭᠡᠷ᠎ᠡ》 ᠵᠢᠨ ᠭᠡᠷᠡᠲᠦ ᠲᠠᠯ᠎ᠠ᠎ᠶ᠋ᠢᠨ ᠶᠡᠬᠡ ᠬᠤᠷᠠᠯ᠎ᠤᠨ ᠠᠷᠪᠠᠨ ᠲᠠᠪᠤᠳᠤᠭᠠᠷ ᠤᠳᠠᠭ᠎ᠠ᠎ᠶ᠋ᠢᠨ ᠬᠤᠷᠠᠯ ᠳᠡᠭᠡᠷ᠎ᠡ ᠳᠡᠯᠭᠡᠨ ᠦᠵᠡᠭᠦᠯᠪᠡ᠃ ᠭᠤᠷᠪᠠᠳᠤᠭᠠᠷ ᠡᠭᠡᠯᠵᠢ᠎ᠶ᠋ᠢᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠡᠬᠢᠯᠡᠨ ᠬᠡᠷᠡᠭ᠌ᠵᠢᠭᠦᠯᠵᠦ᠍᠂ ᠮᠠᠯ ᠪᠡᠯᠴᠢᠭᠡᠷ᠎ᠦᠨ ᠲᠡᠩᠴᠡᠭᠦᠷᠢ᠎ᠶ᠋ᠢ ᠪᠠᠲᠤᠯᠠᠬᠤ ᠪᠠ ᠪᠡᠯᠴᠢᠭᠡᠷᠯᠡᠭᠦᠯᠬᠦ᠌᠎ᠶ᠋ᠢ ᠵᠤᠭᠰᠤᠭᠠᠵᠤ ᠪᠡᠯᠴᠢᠭᠡᠷ᠎ᠢ ᠰᠡᠷᠭᠦᠭᠡᠬᠦ᠌᠂ ᠨᠤᠲᠤᠭ ᠪᠡᠯᠴᠢᠭᠡᠷ᠎ᠦᠨ ᠳᠠᠭᠠᠭᠠᠴᠢᠯᠠᠨ ᠡᠵᠡᠩᠨᠡᠬᠦ᠌ ᠡᠷᠬᠡ᠎ᠶ᠋ᠢ ᠱᠢᠯᠵᠢᠭᠦᠯᠬᠦ᠌ ᠵᠡᠷᠭᠡ ᠲᠦᠷᠢᠮ᠎ᠢ ᠲᠣᠭ᠍ᠲᠠᠭᠠᠨ ᠲᠡᠭᠦᠯᠳᠡᠷᠵᠢᠭᠦᠯᠪᠡ᠃ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠳᠤ 16.1 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠴᠡᠭ᠌ᠴᠡᠯᠡᠨ ᠵᠠᠰᠠᠬᠤ ᠬᠤᠭᠤᠴᠠᠭᠠᠨ᠎ᠳᠤ ᠪᠠᠢᠭ᠎ᠠ ᠠᠭᠤᠷᠬᠠᠢ 55.8  ᠲᠡᠭ᠌ᠰᠢ ᠳᠥᠷᠪᠡᠯᠵᠢᠨ ᠺᠢᠯᠣᠮᠧᠲ᠋ᠷ ᠲᠤ᠌ ᠬᠦᠷᠴᠤ᠂ 7 ᠠᠭᠤᠷᠬᠠᠶ᠎ᠶ᠋ᠢ ᠪᠥᠬᠥ᠌ ᠠᠢᠮᠠᠭ᠎ᠤᠨ ᠲᠦᠷᠦᠭᠦᠦ ᠪᠦᠯᠦᠭ ᠪᠣᠬᠢᠷᠲᠤᠯ ᠥᠬᠡᠶ ᠠᠭᠤᠷᠬᠠᠶ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠳᠦ ᠣᠷᠣᠭᠤᠯᠵᠤ᠂ 16 ᠠᠭᠤᠷᠬᠠᠶ ᠨᠢ ᠪᠣᠬᠢᠷᠲᠤᠯ ᠥᠬᠡᠶ ᠠᠭᠤᠷᠬᠠᠶ᠎ᠶ᠋ᠢᠨ ᠭᠤᠷᠪᠠᠳᠠᠬᠢ ᠡᠲᠡᠭᠡᠳ᠎ᠦᠨ ᠦᠨᠡᠯᠡᠨ ᠵᠢᠱ᠌ᠢᠯᠲᠡ ᠳ᠋ᠤ ᠬᠢᠷᠢ ᠲᠡᠩᠴᠡᠪᠡ᠃ ᠡᠭᠦᠨ᠎ᠦ ᠬᠠᠮᠲᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠤᠭᠤᠮᠳᠠ ᠰᠢᠪᠳᠤᠯᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠍᠂ ᠪᠥᠬᠥ᠌ ᠠᠢᠮᠠᠭ᠎ᠤᠨ ᠠᠭᠠᠷ᠎ᠤᠨ ᠶᠠᠰᠤ ᠴᠢᠨᠠᠷ᠎ᠤᠨ ᠶᠡᠷᠦᠩᠬᠡᠢᠯᠡᠭ᠌ᠰᠡᠨ ᠭᠦᠢᠴᠡᠳᠭᠡᠯ ᠲᠣᠭ᠎ᠠ ᠪᠥᠬᠥ᠌ ᠣᠷᠣᠨ᠎ᠤ ᠲᠡᠷᠢᠭᠦᠨ᠎ᠳᠦ ᠵᠢᠭ᠍ᠰᠠᠭᠠᠭ᠍ᠳᠠᠪᠠ᠃

《ᠠᠷᠪᠠᠨ ᠳᠥᠷᠪᠡᠳᠦᠭᠡᠷ ᠲᠠᠪᠤᠨ ᠵᠢᠯ 》ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ᠂ ᠱᠢᠯᠢ᠎ᠶ᠋ᠢᠨ ᠭᠤᠤᠯ ᠠᠢᠮᠠᠭ ᠶᠡᠬᠡ ᠬᠦᠴᠦ᠍ ᠣᠷᠣᠭᠤᠯᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠪᠥᠬᠥ᠌ ᠠᠢᠮᠠᠭ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠣᠨ᠎ᠤ ᠲᠥᠰᠦᠯ ᠵᠢᠴᠢ 21 ᠲᠤᠰᠭᠠᠶ ᠲᠥᠰᠦᠯ᠎ᠢ ᠲᠣᠭ᠍ᠲᠠᠭᠠᠵᠤ᠂ 110 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ ᠪᠣᠯᠭᠠᠨ ᠨᠠᠷᠢᠯᠢᠬ᠍ᠵᠢᠭᠤᠯᠵᠤ᠂ ᠵᠦᠶ᠋ᠯ ᠳᠠᠷᠠᠭᠠᠯᠠᠨ ᠱᠠᠯᠠᠪᠳᠠᠭᠤᠯᠤᠨ ᠭᠦᠶ᠋ᠴᠡᠳᠭᠡᠵᠦ᠍᠂ ᠰᠦᠯᠵᠢᠶᠡᠨ ᠳᠡᠭᠡᠷ᠎ᠡ ᠭᠦᠶ᠋ᠴᠡᠳᠭᠡᠵᠦ᠍ ᠪᠣᠯᠬᠤ ᠨᠣᠷᠮ᠎ᠠ᠂ ᠪᠥᠬᠥ᠌ ᠶᠠᠪᠤᠴᠠ ᠵᠢᠨ ᠰᠦᠯᠵᠢᠶ᠎ᠡ ᠪᠡᠷ ᠭᠦᠶ᠋ᠴᠡᠳᠭᠡᠬᠦ᠌ ᠨᠣᠷᠮ᠎ᠠ ᠲᠣᠰ ᠲᠣᠰ 99.6% ᠪᠠ 93.4% ᠎ᠳ᠋ᠤ ᠬᠦᠷᠴᠦ᠍᠂ ᠴᠥᠮ ᠪᠥᠬᠥ᠌ ᠣᠷᠣᠨ᠎ᠤ ᠨᠢᠭᠡᠳᠦᠭᠡᠷ᠎ᠲᠦ ᠤᠷᠤᠪᠠ;《ᠮᠥᠩᠬᠡ ᠰᠤᠪᠠᠭ》 ᠨᠡᠭᠦᠳᠡᠯ ᠦᠵᠤᠭᠦᠷᠯᠢᠭ᠎ᠲᠦ ᠣᠨᠴᠠᠯᠢᠭ᠎ᠲᠠᠶ ᠬᠡᠷᠡᠭ᠌ᠯᠡᠯᠲᠡ᠎ᠶ᠋ᠢ 267 ᠵᠦᠶ᠋ᠯ ᠤᠷᠤᠭᠤᠯᠵᠤ᠂ ᠭᠦᠢᠴᠡᠳᠭᠡᠵᠤ ᠪᠤᠯᠬᠤ ᠬᠡᠷᠡᠭᠯᠡᠯᠳᠡ ᠵᠢ 122 ᠵᠦᠢᠯ ᠤᠷᠤᠭᠤᠯᠪᠠ; 103 《 ᠨᠢᠭᠡ ᠤᠴᠢᠷ᠎ᠢ ᠨᠢᠭᠡ ᠯᠡ ᠤᠳᠠᠭ᠎ᠠ᠎ᠳᠤ ᠱᠢᠶ᠋ᠳᠪᠦᠷᠢᠯᠡᠬᠦ᠌ 》 ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠬᠡᠦᠬᠡᠳ ᠬᠦᠩᠬᠡᠵᠢᠬᠦ ᠂ ᠱᠢᠨ᠎ᠡ ᠲᠡᠷᠭᠡᠨ ᠳᠡᠭᠡᠷ᠎ᠡ ᠫᠠᠢᠰᠠ ᠡᠯᠭᠦᠬᠦ᠌ ᠵᠡᠷᠭᠡ 5 ᠤᠯᠠᠨ ᠳᠤᠬᠢᠶᠠᠯᠳᠤᠳᠠᠭ ᠶᠠᠪᠤᠳᠠᠯ᠎ᠢ ᠭᠤᠤᠯᠳᠠᠯᠭ᠎ᠠ᠎ᠲᠠᠶ ᠠᠬᠢᠭᠤᠯᠪᠠ; ᠡᠯᠧᠺᠲ᠋ᠷᠣᠨ ᠵᠢᠡᠷ ᠭᠡᠷᠡᠴᠢ ᠦᠨᠡᠮᠯᠡᠯ ᠳ᠋ᠤ ᠲᠠᠮᠠᠭ᠎ᠠ ᠳᠠᠷᠤᠬᠤ ᠨᠣᠷᠮ᠎ᠠ 99.7% ᠎ᠳ᠋ᠤ ᠬᠥᠷᠪᠡ; ᠪᠥᠬᠥ᠌ ᠠᠢᠮᠠᠭ᠎ᠤᠨ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ ᠵᠢ ᠪᠦᠬᠦ ᠲᠠᠯ᠎ᠠ ᠪᠡᠷ ᠨᠡᠢᠳᠭᠡᠨ ᠠᠵᠢᠯᠯᠠᠭᠤᠯᠵᠤ᠂ ᠲᠣᠭ᠍ᠲᠠᠭ᠍ᠰᠠᠨ ᠴᠠᠭ᠎ᠲᠤ ᠭᠦᠶ᠋ᠴᠡᠳᠭᠡᠵᠦ᠍ ᠳᠠᠭᠤᠰᠬᠠᠭᠰᠠᠨ ᠨᠣᠷᠮ᠎ᠠ᠂ ᠬᠠᠨᠤᠮᠵᠢ ᠵᠢᠨ ᠨᠤᠷᠮ᠎ᠠ ᠲᠣᠰ ᠲᠣᠰ 98.7 % ᠪᠠ 99.1% ᠎ᠳ᠋ᠤ ᠬᠥᠷᠪᠡ; ᠠᠵᠤ ᠠᠬᠤᠢᠯᠠᠯ ᠡᠷᠭᠢᠯᠡᠨ ᠪᠠᠢᠭᠤᠯᠬᠤ ᠴᠠᠭ᠎ᠢ 0.5 ᠠᠵᠢᠯᠯᠠᠬᠤ ᠡᠳᠦᠷ ᠪᠣᠯᠲᠠᠯ᠎ᠠ ᠪᠣᠭᠣᠨᠢᠰᠭᠠᠵᠤ᠂ ᠢᠨᠵᠸᠨ᠋ᠸᠷᠢᠩ ᠤ᠋ᠨ ᠲᠥᠷᠥᠯ ᠵᠦᠶ᠋ᠯ᠎ᠦᠨ ᠪᠥᠬᠥ᠌ ᠶᠠᠪᠤᠴᠠ᠎ᠶ᠋ᠢᠨ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ 45 ᠠᠵᠢᠯᠯᠠᠬᠤ ᠡᠳᠦᠷ᠎ᠦᠨ ᠳᠣᠲᠣᠷ᠎ᠠ ᠪᠣᠯᠲᠠᠯ᠎ᠠ ᠪᠣᠭᠣᠨᠢᠰᠭᠠᠵᠤ᠂ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠠᠯ᠎ᠠ᠎ᠪᠠᠷ ᠦᠨᠡᠨ ᠪᠣᠳᠠᠲᠠᠶ ᠦᠷ᠎ᠡ ᠪᠦᠲᠦᠮᠵᠢ ᠤᠯᠪᠠ᠃

2021 ᠤᠨ᠎ᠳᠦ᠂ ᠱᠢᠯᠢ᠎ᠶ᠋ᠢᠨ ᠭᠤᠤᠯ ᠠᠢᠮᠠᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠢᠳᠡᠪᠬᠢᠲᠡᠶ ᠠᠬᠢᠭᠤᠯᠵᠤ᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠠᠩᠨᠠᠯ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠪᠠ ᠲᠣᠭ᠎ᠠ ᠪᠦᠷᠢᠳᠭᠡᠯ᠎ᠦᠨ ᠲᠣᠭ᠍ᠲᠠᠴᠠ᠎ᠶ᠋ᠢ ᠪᠠᠢᠭᠤᠯᠵᠤ᠂ ᠠᠢᠮᠠᠭ᠎ᠤᠨ ᠲᠠᠰ᠎ᠤᠨ ᠭᠤᠤᠯᠳᠠᠯᠭ᠎ᠠ᠎ᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 23 ᠲᠥᠷᠥᠯ ᠵᠦᠶ᠋ᠯ᠎ᠢ ᠬᠡᠷᠡᠭ᠌ᠵᠢᠭᠦᠯᠪᠡ᠃ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ᠎ᠤ ᠠᠵᠤ ᠦᠢᠯᠡᠰ᠎ᠦᠨ ᠱᠢᠯᠵᠢᠯᠲᠡ᠎ᠶ᠋ᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠨ ᠠᠪᠴᠤ᠌᠂ ᠡᠯ᠎ᠡ ᠶᠡᠬᠡ ᠡᠨᠧᠷᠭᠢ᠎ᠶ᠋ᠢᠨ ᠲᠣᠮᠣ ᠠᠵᠤ ᠠᠬᠤᠢᠯᠠᠯ᠂ ᠱᠢᠨ᠎ᠡ ᠡᠨᠧᠷᠭᠢ ᠵᠢᠴᠢ ᠲᠣᠨᠣᠭ ᠲᠥᠬᠥᠭᠡᠷᠦᠮᠵᠢ ᠦᠢᠯᠡᠳᠬᠦ᠌᠂ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ ᠪᠠ ᠢᠳᠡᠭᠡᠨ᠎ᠦ ᠵᠦᠢᠯᠡᠰ ᠵᠡᠷᠭᠡ ᠠᠵᠢᠯ ᠲᠥᠷᠥᠯ᠎ᠦᠨ ᠳᠠᠭᠠᠭᠤᠯᠤᠭᠴᠢ ᠠᠵᠤ ᠠᠬᠤᠢᠯᠠᠯ᠎ᠲᠠᠶ ᠢᠳᠡᠪᠬᠢᠲᠡᠢ᠎ᠪᠡᠷ ᠵᠦᠪᠳᠡᠯᠴᠡᠨ ᠬᠠᠮᠲᠤᠷᠠᠯᠴᠠᠵᠦ᠍᠂ ᠰᠠᠯᠬᠢ ᠭᠡᠷᠡᠯ ᠭᠠᠯ᠎ᠢᠶᠠᠷ ᠤᠰᠤᠲᠥ᠋ᠷᠥᠭ᠌ᠴᠢ ᠬᠠᠳᠠᠭᠠᠯᠠᠬᠤ᠂ ᠰᠠᠯᠬᠢᠨ ᠬᠦᠴᠦᠨ᠎ᠦ ᠮᠠᠱᠢᠨ ᠲᠣᠨᠣᠭ ᠲᠥᠬᠥᠭᠡᠷᠦᠮᠵᠢ ᠦᠢᠯᠡᠳᠬᠦ᠌᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠱᠢᠨ᠎ᠡ ᠮᠠᠲ᠋ᠧᠷᠢᠶᠠᠯ᠂ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠪᠠ ᠳᠡᠭᠡᠳᠦ ᠳᠡᠰᠵᠢᠭᠰᠡᠨ ᠬᠡᠯᠬᠢᠶᠡᠵᠢᠯ᠎ᠢ ᠤᠷᠲᠤᠳᠬᠠᠵᠤ ᠨᠥᠬᠥᠪᠥᠷᠢᠯᠡᠬᠦ᠌ ᠵᠡᠷᠭᠡ ᠨᠢᠭᠡ ᠪᠦᠯᠦᠭ ᠲᠥᠷᠥᠯ ᠵᠦᠢᠯ᠎ᠢ ᠭᠡᠷ᠎ᠡ ᠲᠣᠭ᠍ᠲᠠᠨ ᠨᠠᠢᠳᠠᠪᠤᠷᠢᠵᠢᠭᠤᠯᠪᠠ᠃ ᠪᠣᠭᠣᠮᠲᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠪᠠ ᠴᠢᠳᠠᠮᠵᠢ᠎ᠶ᠋ᠢᠨ ᠳᠡᠭᠡᠭ᠌ᠰᠢᠯᠡᠯᠲᠡ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠬᠦᠨᠳᠦ ᠨᠣᠴᠢᠲᠠᠶ ᠲᠠᠭᠠᠷᠢᠯᠲᠠ ᠳᠤᠤᠷ᠎ᠠ᠂ ᠵᠢᠱ᠌ᠢᠯᠲᠡ᠎ᠪᠡᠷ ᠪᠥᠬᠥ᠌ ᠵᠢᠯ᠎ᠦᠨ ᠪᠣᠭᠣᠮᠲᠠ᠎ᠪᠠᠷ ᠣᠷᠣᠭᠤᠯᠵᠤ ᠭᠠᠷᠭᠠᠬᠰᠠᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 1850 ᠲᠦᠮᠡᠨ ᠲᠣᠨ᠎ᠳᠤ ᠬᠦᠷᠴᠦ᠍᠂ ᠬᠢᠯᠢ᠎ᠪᠡᠷ ᠣᠷᠣᠵᠤ ᠭᠠᠷᠤᠬᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 14.9% ᠎ᠪᠠᠷ ᠨᠡᠮᠡᠭ᠌ᠳᠡᠪᠡ᠃

2021 ᠤᠨ᠎ᠳᠦ᠂ ᠱᠢᠯᠢ᠎ᠶ᠋ᠢᠨ ᠭᠣᠣᠯ ᠠᠢᠮᠠᠭ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠵᠤ᠂ ᠡᠯ᠎ᠡ ᠱᠠᠲᠤᠨ᠎ᠤ ᠡᠳ᠋᠎ᠦᠨ ᠵᠠᠰᠠᠭ᠎ᠠᠴᠠ 6.64 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠤ᠂ 334 ᠵᠣᠯᠭᠠᠭᠤᠯᠬᠤ ᠲᠦᠷᠦᠯ ᠵᠦᠢᠯ᠎ᠢ ᠬᠡᠷᠡᠭ᠌ᠵᠢᠭᠦᠯᠪᠡ; ᠪᠡᠭᠡᠵᠢᠩ ᠥᠪᠥᠷ ᠮᠣᠩᠭᠣᠯ ᠬᠠᠮᠵᠢᠯᠴᠠᠨ ᠬᠠᠪᠰᠤᠷᠤᠨ ᠲᠡᠳᠬᠦᠬᠦ᠌᠎ᠳᠦ 1.45 ᠳ᠋ᠦᠩᠱᠢᠭᠤᠷ ᠲᠥᠭᠥᠷᠢᠭ᠎ᠦᠨ ᠪᠡᠯᠡ ᠮᠥᠩᠭᠥ᠌ ᠣᠷᠣᠭᠤᠯᠵᠤ᠂ 98 ᠲᠥᠷᠥᠯ ᠵᠦᠢᠯ᠎ᠢ ᠬᠡᠷᠡᠭ᠌ᠵᠢᠭᠦᠯᠪᠡ᠃ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ 9.4 ᠲᠦᠮᠡᠨ ᠬᠥᠮᠦᠨ ᠳ᠋ᠦ ᠤᠰᠤ ᠬᠠᠩᠭᠠᠬᠤ ᠪᠠᠲᠤᠯᠠᠭ᠎ᠠ᠎ᠶ᠋ᠢᠨ ᠠᠰᠠᠭᠤᠳᠠᠯ᠎ᠢ ᠱᠢᠶ᠋ᠳᠪᠦᠷᠢᠯᠡᠨ᠂ ᠮᠠᠯᠵᠢᠬᠤ ᠲᠠᠷᠢᠶᠠᠯᠠᠬᠤ ᠣᠷᠣᠨ᠎ᠳᠤ 381 ᠺᠢᠯᠣᠮᠧᠲ᠋ᠷ᠎ᠦᠨ ᠵᠠᠰᠠᠮᠠᠯ ᠵᠠᠮ ᠵᠠᠰᠠᠵᠤ᠂ ᠪᠥᠬᠥ᠌ ᠠᠢᠮᠠᠭ᠎ᠤᠨ ᠵᠠᠰᠠᠭ ᠵᠠᠬᠢᠷᠭᠠᠨ᠎ᠤ ᠭᠠᠴᠠᠭ᠎ᠠ ᠲᠣᠰᠭᠣᠨ᠎ᠤ 4G ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 98%᠎ᠡᠴᠡ ᠳᠡᠭᠡᠭ᠌ᠰᠢ᠎ᠳᠦ ᠬᠦᠷᠦᠭᠦᠯᠵᠦ᠍᠂ ᠭᠠᠴᠠᠭ᠎ᠠ ᠲᠣᠰᠭᠣᠨ᠎ᠤ ᠲᠦᠷᠭᠡᠨ ᠬᠦᠷᠭᠡᠯᠲᠡ᠎ᠶ᠋ᠢ ᠨᠡᠢᠳᠡᠮ ᠨᠡᠪᠲᠡᠷᠡᠭᠦᠯᠬᠦ᠌᠎ᠪᠡᠷ ᠴᠢᠷᠮᠠᠢᠪᠠ᠃ ᠠᠪᠠᠭ᠎ᠠ ᠬᠣᠱᠢᠭᠤᠨ᠎ᠤ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠦᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠨᠡᠢᠲᠡ 56 ᠲᠥᠷᠥᠯ ᠵᠦᠢᠯ᠎ᠢ ᠬᠡᠷᠡᠭ᠌ᠵᠢᠭᠦᠯᠦᠨ᠂3.3 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ ᠣᠳᠣ ᠦᠶ᠎ᠡ᠎ᠶ᠋ᠢᠨ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ᠎ᠶ᠋ᠢᠨ ᠪᠦᠲᠦᠭᠡᠨ ᠪᠠᠢᠭᠤᠯᠤᠯᠲᠠ᠂ ᠡᠪᠡᠰᠦ ᠪᠣᠷᠳᠣᠭ᠎ᠠ ᠨᠥᠭᠡᠴᠡᠯᠡᠬᠦ᠌᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠵᠠᠰᠠᠬᠤ ᠨᠡᠢᠭᠡᠮᠴᠢᠯᠡᠭ᠌ᠰᠡᠨ ᠦᠢᠯᠡᠴᠢᠯᠡᠭᠡ ᠵᠡᠷᠭᠡ ᠲᠠᠯ᠎ᠠ᠎ᠪᠠᠷ ᠠᠱᠢᠭ᠍ᠲᠠᠢ ᠲᠤᠷᠱᠢᠯᠭ᠎ᠠ᠎ᠶ᠋ᠢ ᠰᠦᠪᠡᠭ᠌ᠴᠢᠯᠡᠪᠡ᠃ ᠰᠠᠭᠤᠷᠢ ᠲᠤᠯᠭᠠᠭᠤᠷᠢᠯᠠᠯ᠎ᠤᠨ ᠪᠠᠲᠤᠯᠠᠭ᠎ᠠ᠎ᠶ᠋ᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠵᠢᠨᠢᠩ ᠡᠴᠡ ᠲᠦᠩᠯᠢᠶᠣᠤ ᠬᠦᠷᠬᠦ ᠲᠡᠮᠦᠷ ᠵᠠᠮ᠎ᠢ ᠴᠠᠬᠢᠯᠭᠠᠨᠵᠢᠭᠤᠯᠬᠤ ᠥᠭᠡᠷᠡᠴᠢᠯᠡᠯᠲᠡ᠎ᠶ᠋ᠢᠨ ᠲᠥᠷᠥᠯ ᠵᠦᠢᠯ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠵᠤ᠂ ᠱᠢᠯᠢ᠎ᠶ᠋ᠢᠨ ᠬᠣᠲᠠ᠎ᠶ᠋ᠢᠨ ᠨᠢᠰᠭᠡᠯ᠎ᠦᠨ ᠪᠠᠭᠤᠳᠠᠯ᠎ᠢ ᠥᠭᠡᠷᠡᠴᠢᠯᠡᠨ ᠲᠡᠰ ᠲᠡᠪᠰᠢᠭᠦᠯᠬᠦ ᠲᠥᠷᠥᠯ ᠵᠦᠢᠯ᠎ᠢ ᠡᠬᠢᠯᠡᠨ ᠬᠡᠷᠡᠭ᠌ᠵᠢᠭᠦᠯᠵᠦ᠍᠂ ᠲᠠᠢ ᠰᠢ ᠲᠡᠮᠦᠷ ᠵᠠᠮ᠎ᠤᠨ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ 14.3 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ 10 ᠵᠤᠷᠪᠤᠰ ᠭᠣᠣᠯᠳᠠᠯᠭ᠎ᠠ᠎ᠲᠠᠶ ᠵᠠᠰᠠᠮᠠᠯ ᠵᠠᠮ ᠢ᠋ ᠱᠢᠨ᠎ᠡ᠎ᠪᠡᠷ ᠪᠠᠢᠭᠤᠯᠬᠤ ᠪᠤᠶᠤ ᠦᠷᠭᠦᠯᠵᠢᠯᠡᠨ ᠪᠠᠢᠭᠤᠯᠵᠤ᠂ 4 ᠵᠤᠷᠪᠤᠰ ᠵᠠᠰᠠᠮᠠᠯ ᠵᠠᠮ ᠨᠡᠪᠲᠡᠷᠡᠵᠦ᠍᠂ ᠬᠥᠪᠡᠭᠡᠲᠦ ᠱᠢᠷ᠎ᠠ ᠬᠣᠱᠢᠭᠤ ᠪᠠ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠱᠢᠶᠠᠨ᠎ᠤ ᠬᠡᠪᠴᠢᠶᠡᠨ᠎ᠳᠦ ᠬᠣᠶᠠᠳᠤᠭᠠᠷ ᠳᠡᠰ᠎ᠤᠨ ᠵᠠᠰᠠᠮᠠᠯ ᠵᠠᠮ ᠨᠡᠪᠲᠡᠷᠡᠬᠦ᠌ ᠦᠭᠡᠢ ᠪᠠᠢᠭ᠍ᠰᠠᠨ ᠲᠡᠦᠬᠡ᠎ᠶ᠋ᠢ ᠡᠴᠦᠰᠯᠡᠭᠦᠯᠪᠡ᠃

2021ᠤᠨ᠎ᠳᠦ᠂ ᠱᠢᠯᠢ᠎ᠶᠢᠨ ᠭᠤᠤᠯ ᠠᠢᠮᠠᠭ᠎ᠤᠨ ᠠᠷᠠᠳ᠎ᠤᠨ ᠠᠮᠢᠳᠤᠷᠠᠯ᠎ᠳᠤ ᠬᠡᠷᠡᠭᠯᠡᠭᠰᠡᠨ ᠵᠠᠷᠤᠯᠭ᠎ᠠ᠎ᠨᠢ ᠡᠩ᠎ᠦᠨ ᠣᠯᠠᠨ ᠨᠡᠢᠲᠡ᠎ᠶᠢᠨ ᠲᠥᠰᠦᠪ᠎ᠦᠨ ᠵᠠᠷᠤᠯᠭ᠎ᠠ᠎ᠶᠢᠨ 64.4% ᠎ᠵᠢ ᠡᠵᠡᠯᠡᠵᠦ᠍᠂ ᠬᠣᠲᠠ ᠪᠠᠯᠭᠠᠰᠤ᠎ᠶᠢᠨ 1.28 ᠲᠦᠮᠡᠨ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ 8 ᠠᠯᠪᠠᠨ᠎ᠠᠴᠠ ᠡᠷᠬᠢᠯᠡᠭᠰᠡᠨ ᠬᠡᠦᠬᠡᠳ᠎ᠦᠨ ᠴᠡᠴᠡᠷᠯᠢᠭ᠎ᠢ ᠱᠢᠨ᠎ᠡ᠎ᠪᠡᠷ ᠪᠠᠢᠭᠤᠯᠬᠤ ᠪᠠ ᠦᠭᠡᠷᠡᠴᠢᠯᠡᠨ ᠪᠠᠢᠭᠤᠯᠵᠤ᠂ ᠠᠯᠪᠠᠨ᠎ᠠᠴᠠ ᠡᠷᠬᠢᠯᠡᠭᠰᠡᠨ ᠬᠡᠦᠬᠡᠳ᠎ᠦᠨ ᠴᠡᠴᠡᠷᠯᠢᠭ᠎ᠲᠦ ᠪᠠᠢᠭ᠎ᠠ ᠬᠡᠦᠬᠡᠳ᠎ᠦᠨ ᠡᠵᠡᠯᠡᠬᠦ᠌ ᠬᠠᠷᠢᠴᠠᠯ᠎ᠢ 73% ᠪᠣᠯᠲᠠᠯ᠎ᠠ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠬᠡᠦᠬᠡᠳ᠎ᠦᠨ ᠴᠡᠴᠡᠷᠯᠢᠭ᠎ᠦᠨ ᠪᠦᠷᠬᠦᠴᠡ᠎ᠶᠢᠨ ᠨᠣᠷᠮ᠎ᠠ᠎ᠶᠢ 92%᠎ᠲᠣ᠌ ᠬᠦᠷᠭᠡᠪᠡ᠃ 《ᠬᠣᠶᠠᠷ᠎ᠢ ᠬᠦᠨᠭᠭᠡᠷᠡᠭᠦᠯᠬᠦ》᠂ ᠬᠥᠳᠡᠭᠡ ᠲᠣᠰᠭᠣᠨ᠎ᠤ ᠪᠠᠭᠰᠢ᠎ᠶᠢᠨ ᠠᠮᠢᠳᠤᠷᠠᠯ᠎ᠤᠨ ᠨᠥᠬᠥᠪᠥᠷᠢ ᠵᠡᠷᠭᠡ ᠲᠥᠷᠥ᠎ᠶᠢᠨ ᠪᠣᠳᠣᠯᠭ᠎ᠠ᠎ᠶᠢ ᠬᠢᠨᠠᠮᠠᠭᠠᠶ ᠨᠠᠢᠳᠠᠪᠤᠷᠢᠵᠢᠭᠤᠯᠪᠠ᠃ ᠣᠯᠠᠨ ᠨᠡᠢᠲᠡ᠎ᠶᠢᠨ ᠡᠷᠡᠭᠦᠯ ᠬᠠᠮᠠᠭᠠᠯᠠᠯ ᠪᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠦᠨᠳᠦᠰᠦᠨ ᠴᠢᠳᠠᠪᠤᠷᠢ᠎ᠶᠢᠨ ᠪᠠᠢᠭᠤᠯᠤᠯᠲᠠ᠎ᠶᠢ ᠬᠦᠴᠦᠯᠡᠨ ᠠᠬᠢᠭᠤᠯᠵᠤ᠂ ᠨᠡᠢᠭᠡᠮ᠎ᠦᠨ ᠳᠠᠭᠠᠳᠭᠠᠯ᠎ᠤᠨ ᠬᠡᠪᠴᠢᠶ᠎ᠡ᠎ᠶᠢ ᠥᠷᠭᠡᠳᠭᠡᠨ ᠪᠠᠷᠢᠮᠵᠢᠶ᠎ᠠ᠎ᠶᠢ ᠳᠡᠭᠡᠭᠰᠢᠯᠡᠬᠦᠯᠬᠦ ᠵᠢ ᠢᠳᠡᠪᠬᠢᠲᠡᠢ ᠪᠡᠶᠡᠯᠡᠭᠦᠯᠵᠦ᠍᠂ ᠬᠣᠲᠠ ᠬᠥᠳᠡᠭᠡ᠎ᠶᠢᠨ ᠡᠮ ᠡᠮᠨᠡᠯᠭᠡ᠎ᠶᠢᠨ ᠠᠪᠤᠷᠠᠨ ᠲᠤᠰᠠᠯᠠᠯᠲᠠ᠎ᠶᠢ ᠠᠢᠮᠠᠭ᠎ᠤᠨ ᠱᠠᠲᠤᠨ᠎ᠳᠤ ᠨᠢᠭᠡᠳᠦᠯᠲᠡᠢ᠎ᠲᠥᠯᠥᠪᠵᠢᠭᠦᠯᠬᠦ᠌᠎ᠶᠢ ᠪᠡᠶᠡᠯᠡᠭᠦᠯᠪᠡ᠃ ᠬᠡᠷ᠎ᠲᠡᠬᠡᠨ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠬᠦᠷᠲᠡᠬᠦ ᠦᠢᠯᠡᠴᠢᠯᠡᠭᠡᠨ᠎ᠦ ᠲᠦᠬᠦᠭᠡᠷᠦᠮᠵᠢ ᠵᠢ 28 ᠪᠠᠢᠭᠤᠯᠵᠤ᠂ ᠬᠡᠷ᠎ᠲᠡᠬᠡᠨ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠬᠦᠷᠲᠡᠬᠦ ᠦᠢᠯᠡᠴᠢᠯᠡᠭᠡᠨ᠎ᠦ ᠬᠠᠮᠤᠷᠬᠤ ᠨᠣᠷᠮ᠎ᠠ᠎ᠶᠢ 60% ᠎ᠡᠴᠡ ᠳᠡᠭᠡᠭᠰᠢ᠎ᠳᠦ ᠬᠦᠷᠦᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号