ᠮᠠᠨ᠎ᠤ ᠤᠷᠤᠨ᠎ᠤ 《ᠬᠠᠬᠢᠷ ᠡᠪᠦᠯ᠎ᠳᠤ ᠬᠠᠯᠠᠮᠵᠢ ᠬᠦᠷᠭᠡᠬᠦ᠌》 ᠲᠤᠰᠭᠠᠶ ᠠᠪᠤᠷᠠᠨ ᠲᠤᠰᠠᠯᠠᠬᠤ ᠠᠵᠢᠯᠯᠠᠭ᠎ᠠ ᠡᠬᠢᠯᠡᠯ᠎ᠠ
2022-01-17 10:01:44
ᠵᠣᠬᠢᠶᠠᠭ᠍ᠴᠢ᠄
​ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠨᠠᠮ᠎ᠤᠨ ᠳᠡᠤᠬᠡ ᠵᠢᠨ ᠰᠤᠷᠤᠯᠴᠠᠯᠭ᠎ᠠ ᠬᠦᠮᠦᠵᠢᠯ᠎ᠤᠨ ᠠᠵᠢᠯᠯᠠᠭ᠎ᠠ ᠵᠢ ᠯᠠᠪᠳᠠᠭᠤᠨ ᠪᠠᠳᠤᠳᠠᠢ ᠦᠷᠨᠢᠭᠦᠯᠵᠦ᠂ 《ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠦ ᠦᠭᠬᠦ》 ᠠᠵᠢᠯᠯᠠᠭ᠎ᠠ ᠵᠢ ᠬᠦᠨᠵᠡᠭᠡᠢᠷᠡᠭᠦᠯᠬᠦ ᠵᠢᠨ ᠲᠦᠯᠦᠭᠡ᠂ ᠲᠦᠷᠦᠬᠦᠬᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠪᠥᠬᠥ᠌ ᠣᠷᠣᠨ᠎ᠤ ᠬᠡᠪᠴᠢᠶᠡᠨ᠎ᠳᠦ 《ᠬᠠᠬᠢᠷ ᠡᠪᠦᠯ᠎ᠳᠤ ᠬᠠᠯᠠᠮᠵᠢ ᠬᠦᠷᠭᠡᠬᠦ᠌》ᠲᠤᠰᠭᠠᠶ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠵᠦ᠍᠂ ᠲᠦᠷ ᠴᠠᠭ ᠬᠦᠴᠢᠷᠳᠡᠯ᠎ᠳᠦ ᠲᠤᠯᠭᠠᠷᠠᠭ᠍ᠰᠠᠨ ᠬᠥᠮᠦᠰ᠎ᠢ ᠴᠠᠭ ᠲᠤᠬᠠᠶ᠎ᠳᠤᠨᠢ ᠠᠪᠤᠷᠠᠨ ᠲᠤᠰᠠᠯᠠᠬᠤ᠎ᠶ᠋ᠢ ᠦᠨᠡᠨ ᠬᠦ᠌ ᠪᠠᠲᠤᠯᠠᠵᠦ ᠪᠤᠢ᠃

ᠤᠢᠯᠠᠭᠠᠭᠰᠠᠨ᠎ᠢ᠋ᠢᠡᠷ᠂ ᠲᠣᠰ ᠤᠳᠠᠭᠠᠨ᠎ᠤ ᠲᠤᠰᠭᠠᠶ ᠠᠪᠤᠷᠠᠨ ᠲᠤᠰᠠᠯᠠᠬᠤ ᠠᠵᠢᠯᠯᠠᠭ᠎ᠠ ᠨᠢ 2022 ᠣᠨ᠎ᠤ 4 ᠰᠠᠷ᠎ᠠ᠎ᠶ᠋ᠢᠨ 15 ᠤ᠋ ᠡᠳᠦᠷ ᠪᠣᠯᠲᠠᠯ᠎ᠠ ᠦᠷᠭᠦᠯᠵᠢᠯᠡᠨ᠎ᠡ᠃ ᠠᠵᠢᠯᠯᠠᠭ᠎ᠠ᠎ᠶ᠋ᠢᠨ ᠬᠤᠭᠤᠴᠠᠭᠠᠨ ᠎ᠳᠤ᠂ ᠡᠯ᠎ᠡ ᠠᠢᠮᠠᠭ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠳ ᠪᠠᠴᠢᠮ ᠪᠠᠢᠳᠠᠯ᠎ᠢ ᠠᠷᠭᠠᠴᠠᠭᠠᠬᠤ᠎ᠶ᠋ᠢ ᠴᠤᠤᠷᠢᠶᠠᠳᠤᠨ ᠳᠠᠭᠠᠬᠤ ᠪᠡᠯᠡᠳᠭᠡᠯ ᠲᠥᠰᠦᠯ᠎ᠢ ᠪᠠᠢᠭᠤᠯᠵᠤ᠂ ᠳᠣᠲᠣᠭᠠᠳᠤ᠎ᠶ᠋ᠢ ᠬᠠᠮᠠᠭᠠᠯᠠᠬᠤ᠂ ᠬᠣᠲᠠ᠎ᠶ᠋ᠢᠨ ᠬᠠᠮᠢᠶᠠᠷᠤᠯᠲᠠ ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠡᠢᠭᠡᠮ ᠲᠣᠭᠣᠷᠢᠭ ᠵᠡᠷᠭᠡ ᠰᠠᠯᠠᠭ᠎ᠠ ᠮᠥᠴᠢᠷ᠎ᠯᠦᠭᠡ ᠵᠣᠬᠢᠴᠠᠯᠳᠤᠨ ᠬᠠᠮᠵᠢᠯᠴᠠᠬᠤ ᠎ᠪᠠᠨ ᠴᠢᠩᠭᠠᠳᠭᠠᠨ᠂ ᠬᠠᠮᠢᠶ᠎ᠠ ᠪᠥᠬᠥᠶ ᠰᠠᠯᠠᠭ᠎ᠠ ᠮᠥᠴᠢᠷ ᠲᠡᠶ ᠰᠠᠨᠠᠭᠠᠴᠢᠯᠠᠭ᠎ᠠ ᠡᠴᠨ᠎ᠪᠠᠨ ᠬᠠᠮᠵᠢᠯᠴᠠᠨ ᠵᠡᠭᠡᠯᠢ ᠪᠡᠷ ᠲᠣᠭᠣᠷᠢᠨ ᠪᠠᠢᠴᠠᠭᠠᠵᠤ ᠠᠪᠤᠷᠠᠨ ᠲᠤᠰᠠᠯᠠᠬᠤ ᠠᠵᠢᠯ᠎ᠢ ᠪᠥᠬᠥ᠌ ᠲᠠᠯ᠎ᠠ ᠪᠠᠷ ᠥᠷᠨᠢᠭᠦᠯᠵᠦ᠍᠂ ᠲᠡᠨᠦᠭᠦᠴᠢᠯᠡᠨ ᠭᠤᠢᠷᠠᠨᠴᠢᠯᠠᠵᠤ ᠪᠠᠢᠭ᠎ᠠ ᠬᠥᠮᠦᠰ᠎ᠦᠨ ᠠᠮᠠᠷᠬᠠᠨ ᠢᠯᠡᠷᠡᠳᠡᠭ ᠣᠷᠣᠨ ᠲᠤᠭᠤᠷᠢᠭ ᠶ᠋ᠢᠡᠷ ᠭᠤᠤᠯᠳᠠᠯᠭ᠎ᠠ ᠲᠠᠶ᠎ᠪᠠᠷ ᠵᠢᠭ᠍ᠰᠠᠭᠠᠨ ᠪᠠᠢᠴᠠᠭᠠᠵᠦ᠂ ᠲᠡᠨᠦᠭᠦᠴᠢᠯᠡᠨ ᠭᠤᠢᠷᠠᠨᠴᠢᠯᠠᠵᠤ ᠪᠠᠢᠭ᠎ᠠ ᠨᠠᠰᠤᠨ᠎ᠳᠤ ᠦᠯᠦ᠍ ᠬᠦᠷᠦᠭ᠌ᠰᠡᠳ᠂ ᠵᠡᠮᠳᠡᠭ᠌ᠴᠦᠳ ᠶᠠᠪᠤᠵᠤ ᠰᠠᠭᠤᠬᠤ᠎ᠳᠤ ᠳᠥᠭᠥᠮ ᠦᠭᠡᠢ ᠬᠥᠮᠦᠰ᠎ᠢ ᠠᠪᠤᠷᠠᠨ ᠲᠤᠰᠠᠯᠠᠬᠤ ᠬᠠᠮᠢᠶᠠᠷᠤᠯᠲᠠ᠎ᠶ᠋ᠢᠨ ᠪᠠᠢᠭᠤᠯᠤᠮᠵᠢ᠎ᠳᠤ ᠴᠠᠭ ᠲᠤᠬᠠᠶ᠎ᠳᠤᠨᠢ ᠬᠦᠷᠭᠡᠵᠦ᠍ ᠠᠪᠤᠷᠠᠨ ᠲᠤᠰᠠᠯᠠᠭᠤᠯᠵᠤ ᠂ ᠲᠡᠨᠦᠭᠦᠴᠢᠯᠡᠨ ᠭᠤᠢᠷᠠᠨᠴᠢᠯᠠᠵᠤ ᠪᠠᠢᠭ᠎ᠠ ᠬᠦᠨᠳᠦ ᠲᠦᠭ᠌ᠰᠢᠭᠦᠷᠢᠲᠡᠶ ᠡᠪᠡᠳᠴᠢᠲᠡᠨ ᠪᠣᠯᠤᠨ ᠣᠶᠤᠨ᠎ᠤ ᠰᠠᠭᠠᠳ ᠲᠠᠶ ᠬᠥᠮᠦᠰ᠎ᠢ ᠡᠮᠴᠢᠯᠡᠭᠡᠨ᠎ᠦ ᠪᠠᠢᠭᠤᠯᠤᠮᠵᠢ᠎ᠳᠤ ᠬᠦᠷᠭᠡᠵᠦ᠍ ᠡᠮᠨᠡᠨ ᠵᠠᠰᠠᠭᠤᠯᠵᠤ ᠣᠨᠣᠱᠢᠯᠠᠭᠤᠯᠤᠨ᠎ᠠ᠃

ᠡᠯ᠎ᠡ ᠠᠢᠮᠠᠭ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠣᠯᠤᠨ ᠠᠪᠤᠷᠠᠨ ᠲᠤᠰᠠᠯᠠᠬᠤ ᠬᠠᠮᠢᠶᠠᠷᠤᠯᠲᠠ᠎ᠶ᠋ᠢᠨ ᠪᠠᠢᠭᠤᠯᠤᠮᠵᠢ᠎ᠲᠥᠷᠥᠯ ᠰᠠᠳᠤᠨ᠎ᠢᠶᠠᠨ ᠡᠷᠢᠵᠦ᠍ ᠬᠦᠷᠭᠡᠬᠦ᠌᠂ ᠠᠰᠠᠷᠠᠨ ᠬᠠᠷᠠᠭᠠᠯᠵᠠᠬᠤ ᠦᠶ᠋ᠯᠡᠴᠢᠯᠡᠭᠡ᠂ ᠲᠦᠷᠭᠡᠨ ᠡᠪᠡᠳᠴᠢᠨ᠎ᠢ ᠠᠪᠤᠷᠠᠨ ᠵᠠᠰᠠᠬᠤ᠂ ᠥᠷᠲᠡᠭᠡᠨ᠎ᠦ ᠭᠠᠳᠠᠨ᠎ᠠ ᠨᠠᠢᠳᠠᠨ ᠲᠡᠵᠢᠭᠡᠯᠭᠡᠬᠦ᠌᠂ ᠠᠮᠤᠷ ᠲᠦᠪᠱᠢᠨ᠎ᠦ ᠬᠠᠮᠢᠶᠠᠷᠤᠯᠲᠠ ᠵᠡᠷᠭᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ 24 ᠴᠠᠭ᠎ᠢᠶᠠᠷ ᠵᠢᠵᠢᠭᠦᠷᠯᠡᠬᠦ᠌ ᠲᠦᠷᠢᠮ᠎ᠢ ᠨᠠᠢᠳᠠᠪᠤᠷᠢᠵᠢᠭᠤᠯᠵᠤ᠂ ᠠᠪᠤᠷᠠᠨ ᠲᠤᠰᠠᠯᠠᠬᠤ ᠬᠠᠮᠢᠶᠠᠷᠤᠯᠲᠠ ᠪᠣᠯᠤᠨ ᠨᠠᠢᠳᠠᠨ ᠲᠡᠵᠢᠭᠡᠯᠭᠡᠬᠦ᠌ ᠪᠠᠢᠭᠤᠯᠤᠮᠵᠢ᠎ᠳᠤ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠲᠣᠭ᠍ᠲᠠᠭᠰᠠᠠ ᠬᠤᠭᠤᠴᠠᠭ᠎ᠠ ᠲᠠᠶ᠎ᠪᠠᠷ ᠥᠷᠨᠢᠭᠦᠯᠬᠦ᠌ ᠪᠣᠯᠤᠨ᠎ᠠ᠃ ᠠᠷᠠᠳ᠎ᠤᠨ ᠳᠤᠮᠳᠠᠬᠢ ᠮᠡᠳᠡᠭᠡ ᠵᠠᠩᠬᠢᠴᠢ᠂ ᠲᠦᠷᠢᠶᠡᠰᠦᠨ ᠮᠠᠱᠢᠨ᠎ᠤ ᠵᠢᠯᠣᠭᠣᠴᠢ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠨ᠂ ᠰᠥᠨᠢ᠎ᠶ᠋ᠢᠨ ᠠᠮᠤᠷ᠎ᠢ ᠬᠠᠮᠠᠭᠠᠯᠠᠬᠤ ᠠᠵᠢᠯᠲᠠᠨ ᠵᠡᠷᠭᠡ ᠣᠯᠠᠨ ᠲᠦᠮᠡᠨ᠎ᠦ ᠰᠠᠨᠠᠭᠠᠴᠢᠯᠠᠭ᠎ᠠ ᠡᠴᠠ ᠪᠠᠨ ᠠᠪᠤᠷᠠᠨ ᠲᠤᠰᠠᠯᠠᠬᠤ ᠰᠦᠪᠡᠭ᠌ᠴᠢ ᠬᠠᠩᠭᠠᠬᠤ ᠢᠳᠡᠪᠬᠢᠵᠢᠯ ᠎ᠢ ᠳᠠᠢᠴᠢᠯᠠᠬᠤ᠎ᠶ᠋ᠢᠨ ᠬᠠᠮᠲᠤ᠂ ᠪᠦᠬᠦ᠌ ᠤᠯᠤᠰ᠎ᠤᠨ ᠠᠪᠤᠷᠠᠨ ᠲᠤᠰᠠᠯᠠᠬᠤ ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ ᠵᠡᠷᠭᠡ ᠲᠠᠪᠴᠠᠩ᠎ᠢ ᠠᠱᠢᠭ᠍ᠯᠠᠨ ᠲᠥᠷᠥᠯ ᠰᠠᠳᠤᠨ᠎ᠢᠶᠠᠨ ᠡᠷᠢᠬᠦ᠌ ᠮᠡᠳᠡᠭᠡ ᠵᠠᠩᠭᠢ᠎ᠶ᠋ᠢ ᠨᠡᠢᠲᠡᠯᠡᠵᠦ᠍᠂ ᠲᠤᠰᠠᠯᠠᠮᠵᠢ ᠬᠦᠷᠲᠡᠭ᠌ᠰᠡᠳ᠎ᠦᠨ ᠲᠥᠷᠥᠯ ᠰᠠᠳᠤᠨ᠎ᠢᠶᠠᠨ ᠡᠷᠢᠵᠦ᠍ ᠨᠤᠲᠤᠭ᠎ᠲᠠᠭᠠᠨ ᠪᠤᠴᠠᠬᠤ ᠎ᠳᠤᠨᠢ ᠲᠦᠷᠭᠡᠬᠡᠨ ᠬᠠᠪᠰᠤᠷᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号