ᠬᠦᠷᠢᠶ᠎ᠡ ᠬᠣᠱᠢᠭᠤ 《ᠭᠤᠷᠪᠠᠨ ᠠᠯᠬᠤᠮ᠎ᠢᠶᠠᠷ ᠶᠠᠪᠤᠬᠤ》 ᠬᠡᠯᠪᠡᠷᠢ ᠪᠡᠷ ᠤᠯᠠᠨ ᠲᠥᠮᠡᠨ ᠳ᠋ᠤ ᠪᠤᠳᠠᠳᠤ ᠶᠠᠪᠤᠳᠠᠯ ᠬᠢᠵᠤ ᠦᠭᠴᠦ ᠪᠤᠢ
2022-01-17 10:12:27
ᠵᠣᠬᠢᠶᠠᠭ᠍ᠴᠢ᠄
​ ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠬᠦᠷᠢᠶ᠎ᠡ ᠬᠣᠱᠢᠭᠤ ᠪᠣᠳᠠᠳᠠᠢᠵᠢᠭᠤᠯᠬᠤ᠎ᠪᠠᠷ ᠠᠵᠢᠯ᠎ᠤᠨ ᠬᠥᠲᠥᠯᠪᠦᠷᠢ ᠪᠠ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂《ᠪᠢ ᠤᠯᠠᠨ ᠲᠦᠮᠡᠨ᠎ᠳᠦ ᠪᠣᠳᠠᠳᠤ ᠶᠠᠪᠤᠳᠠᠯ ᠬᠢᠵᠦ᠍ ᠥᠭ᠌ᠬᠦ 》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠥᠷᠨᠢᠭᠥᠯᠥᠨ᠂ ᠠᠷᠠᠳ᠎ᠤᠨ ᠬᠡᠷᠡᠭ᠌ᠴᠡᠭᠡ᠎ᠶ᠋ᠢ ᠠᠰᠠᠭᠤᠬᠤ᠂ ᠠᠰᠠᠭᠤᠳᠠᠯ᠎ᠢ ᠤᠨᠤᠴᠠᠲᠠᠢ ᠬᠦᠯᠢᠶᠡᠨ ᠠᠪᠬᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠢᠯᠡ ᠨᠡᠢᠲᠡᠯᠡᠬᠦ᠌ ᠵᠡᠷᠭᠡ ᠠᠷᠭ᠎ᠠ ᠬᠡᠯᠪᠡᠷᠢ᠎ᠪᠡᠷ ᠠᠷᠠᠳ᠎ᠤᠨ ᠲᠥᠯᠥᠭᠡ ᠤᠴᠢᠷ ᠶᠠᠪᠤᠳᠠᠯ ᠱᠢᠢᠳᠪᠦᠷᠢᠯᠡᠬᠦ᠌᠎ᠳᠦ《ᠪᠣᠳᠠᠲᠠᠢ》ᠪᠠᠢᠬᠤ ᠵᠢ ᠴᠢᠩᠭᠠᠳᠬᠠᠵᠤ᠂ ᠤᠯᠠᠨ ᠲᠦᠮᠡᠨ᠎ᠳᠦ ᠪᠣᠳᠠᠳᠥ ᠠᠱᠢᠭ ᠬᠦᠷᠲᠡᠭᠡᠨ᠂ ᠳᠡᠳᠡ ᠨᠡᠷ᠎ᠤᠨ ᠦᠨᠡᠨ ᠬᠦ᠌ ᠬᠠᠨᠤᠮᠵᠢᠲᠠᠢ ᠪᠠᠢᠬᠤ᠎ᠶ᠋ᠢ ᠪᠠᠲᠤᠯᠠᠵᠤ ᠪᠠᠢᠨ᠎ᠠ᠃

ᠠᠷᠠᠳ᠎ᠤᠨ ᠬᠡᠷᠡᠭ᠌ᠴᠡᠭᠡ᠎ᠶ᠋ᠢ ᠠᠰᠠᠭᠤᠬᠤ᠎ᠶ᠋ᠢ ᠪᠠᠷᠢᠮᠲᠠᠯᠠᠵᠤ᠂ ᠠᠰᠠᠭᠤᠳᠠᠯ᠎ᠤᠨ ᠬᠠᠭᠤᠳᠠᠰᠤ᠎ᠶ᠋ᠢᠨ《ᠪᠣᠳᠠᠲᠠᠢ》ᠪᠠᠢᠬᠤ᠎ᠶ᠋ᠢ ᠪᠠᠲᠤᠯᠠᠪᠠ᠃ ᠦᠨᠳᠦᠰᠦᠨ ᠱᠠᠲᠤᠨ᠎ᠤ ᠣᠯᠠᠨ ᠲᠦᠮᠡᠨ᠎ᠤ ᠣᠷᠣᠱᠢᠵᠤ ᠪᠠᠢᠭ᠎ᠠ ᠪᠣᠳᠠᠲᠠᠶ ᠠᠰᠠᠭᠤᠳᠠᠯ᠎ᠢ ᠪᠦᠬᠦ᠌ ᠲᠠᠯ᠎ᠠ ᠪᠠᠷ᠂ ᠣᠨᠣᠪᠴᠢᠲᠠᠶ ᠡᠵᠡᠮᠱᠢᠬᠦ᠌᠎ᠶ᠋ᠢᠨ ᠲᠥᠯᠥᠭᠡ᠂ ᠬᠦᠷᠢᠶ᠎ᠡ ᠬᠣᠱᠢᠭᠤ ᠠᠷᠠᠳ᠎ᠤᠨ ᠪᠠᠢᠳᠠᠯ᠎ᠢ ᠪᠠᠢᠴᠠᠭᠠᠨ ᠠᠷᠠᠳ᠎ᠤᠨ ᠰᠠᠨᠠᠭ᠎ᠠ᠎ᠶ᠋ᠢ ᠰᠤᠷᠪᠤᠯᠵᠢᠯᠠᠬᠤ᠎ᠶ᠋ᠢ《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》᠎ᠶ᠋ᠢᠨ ᠠᠩᠬᠠᠨ᠎ᠤ ᠠᠯᠬᠤᠮ ᠪᠣᠯᠭᠠᠵᠤ᠂ ᠠᠷᠠᠳ᠎ᠤᠨ ᠪᠠᠴᠢᠮ ᠶᠠᠪᠤᠳᠠᠯ᠎ᠢ ᠠᠰᠠᠭᠤᠬᠤ᠂ ᠠᠷᠠᠳ᠎ᠤᠨ ᠬᠦᠴᠢᠷᠳᠡᠯ᠎ᠢ ᠠᠰᠠᠭᠤᠬᠤ᠂ ᠠᠷᠠᠳ᠎ᠤᠨ ᠬᠡᠷᠡᠭᠴᠡᠭᠡ ᠱᠠᠭᠠᠷᠳᠠᠯᠭ᠎ᠠ ᠵᠢ ᠠᠰᠠᠭᠤᠬᠤ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢ ᠥᠷᠨᠢᠭᠦᠯᠥᠨ᠂ ᠡᠯ᠎ᠡ ᠨᠢᠭᠡᠴᠢ᠎ᠶ᠋ᠢᠨ ᠱᠢᠯᠢᠳᠡᠭ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠪᠠᠢᠭᠠᠳ《 ᠪᠠᠢᠴᠠᠭᠠᠨ ᠰᠤᠳᠤᠯᠬᠤ ᠪᠦᠯᠬᠦᠮ 》ᠪᠠᠢᠭᠤᠯᠵᠤ᠂ ᠰᠠᠷ᠎ᠠ ᠪᠦᠷᠢ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠦᠨᠳᠦᠰᠦᠨ ᠱᠠᠲᠤᠨ᠎ᠤ ᠤᠯᠠᠨ ᠲᠦᠮᠡᠨ᠎ᠦ ᠳᠤᠮᠳᠠ ᠭᠦᠨᠵᠡᠭᠡᠢᠷᠡᠨ᠂ ᠦᠢᠯᠡᠳᠪᠦᠷᠢᠯᠡᠯ᠎ᠦᠨ ᠡᠮᠥᠨ᠎ᠡ ᠹᠷᠣᠨᠲ᠎ᠲᠤ ᠭᠦᠨᠵᠡᠭᠡᠢᠷᠡᠵᠦ᠍᠂ ᠶᠠᠷᠢᠯᠴᠠᠬᠤ ᠬᠤᠷᠠᠯ ᠬᠤᠷᠠᠯᠳᠤᠭᠤᠯᠬᠤ᠂ ᠰᠠᠨᠠᠯ ᠬᠤᠷᠢᠶᠠᠬᠤ ᠬᠦᠰᠦᠨᠦᠭ ᠲᠠᠷᠬᠠᠭᠠᠬᠤ᠂ ᠠᠷᠠᠳ᠎ᠤᠨ ᠪᠠᠢᠳᠠᠯ᠎ᠤᠨ ᠰᠠᠨᠠᠯ᠎ᠤᠨ ᠬᠠᠢᠷᠴᠠᠭ ᠭᠠᠷᠭᠠᠬᠤ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ ᠥᠷᠭᠡᠨ᠎ᠢᠶᠡᠷ ᠰᠠᠨᠠᠯ ᠬᠤᠷᠢᠶᠠᠨ᠂ ᠣᠷᠣᠱᠢᠵᠤ ᠪᠠᠢᠭ᠎ᠠ ᠠᠰᠠᠭᠤᠳᠠᠯ᠂ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠂ ᠤᠯᠠᠨ ᠲᠦᠮᠡᠨ᠎ᠦ ᠬᠦᠰᠡᠯ ᠡᠷᠡᠮᠡᠯᠵᠡᠯ᠎ᠢ ᠨᠠᠷᠢᠨ ᠣᠢᠯᠠᠭᠠᠵᠠᠢ; ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠬᠠᠯᠠᠮᠱᠢᠯ ᠤᠲᠠᠰᠤ᠂ ᠵᠢᠷᠬᠢᠶ᠎ᠡ ᠵᠢᠨ ᠨᠡᠢᠲᠡ᠎ᠶ᠋ᠢᠨ ᠳ᠋ᠤᠭᠠᠷ ᠵᠡᠷᠭᠡ ᠵᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠣᠯᠠᠨ ᠲᠦᠮᠡᠨ᠎ᠦ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠲᠣᠰ ᠨᠢᠭᠡᠴᠢ᠎ᠶ᠋ᠢᠨ ᠠᠵᠢᠯ᠎ᠤᠨ ᠲᠤᠬᠠᠶ ᠰᠠᠨᠠᠯ ᠰᠠᠨᠠᠭᠤᠯᠭ᠎ᠠ᠎ᠶ᠋ᠢ ᠢᠳᠡᠪᠬᠢᠲᠡᠶ᠎ᠪᠡᠷ ᠬᠤᠷᠢᠶᠠᠨ᠂ ᠠᠰᠠᠭᠤᠳᠠᠯ᠎ᠤᠨ ᠳᠤᠳᠤᠷᠬᠠᠢ ᠬᠠᠭᠤᠳᠠᠰᠤ᠎ᠶ᠋ᠢ ᠬᠤᠷᠢᠶᠠᠩᠭᠤᠢᠯᠠᠨ ᠡᠮᠬᠢᠯᠡᠵᠦ᠍᠂ ᠦᠨᠳᠦᠰᠦᠨ ᠱᠠᠲᠤᠨ᠎ᠤ ᠣᠯᠠᠨ ᠲᠦᠮᠡᠨ᠎ᠦ ᠰᠠᠨᠠᠭᠠᠰᠢᠷᠠᠵᠤ ᠪᠠᠢᠭ᠎ᠠ ᠤᠴᠢᠷ ᠶᠠᠪᠤᠳᠠᠯ᠎ᠢ ᠣᠨᠣᠪᠴᠢᠲᠠᠶ ᠪᠠᠢᠴᠠᠭᠠᠨ ᠳᠣᠲᠣᠯᠠᠬᠤ᠎ᠶ᠋ᠢ ᠦᠨᠡᠨ ᠬᠦ᠌ ᠪᠠᠲᠤᠯᠠᠪᠠ᠃ ᠣᠲᠣ ᠪᠣᠯᠲᠠᠯ᠎ᠠ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠨᠡᠢᠲᠡ 2833 ᠬᠤᠪᠢ ᠤᠳᠠᠭ᠎ᠠ ᠬᠣᠷᠢᠶᠠᠨ ᠴᠤᠭ᠍ᠯᠠᠭᠤᠯᠤᠭ᠍ᠰᠠᠨ ᠪᠠᠢᠨ᠎ᠠ᠃

ᠨᠠᠷᠢᠨ ᠣᠨᠣᠴᠠᠲᠠᠶ᠎ᠪᠠᠷ ᠬᠠᠭᠤᠳᠠᠰᠤ ᠵᠢ ᠬᠦᠯᠢᠶᠡᠨ ᠠᠪᠬᠤ᠎ᠶ᠋ᠢ ᠪᠠᠷᠢᠮᠲᠠᠯᠠᠵᠤ᠂ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ᠎ᠶ᠋ᠢᠨ《ᠪᠣᠳᠠᠲᠠᠶ》ᠪᠠᠢᠬᠤ᠎ᠶ᠋ᠢ ᠦᠨᠡᠨ ᠬᠦ᠌ ᠪᠠᠲᠤᠯᠠᠪᠠ᠃ ᠣᠯᠠᠨ ᠵᠦᠶ᠋ᠯ᠎ᠦᠨ ᠠᠷᠭ᠎ᠠ ᠵᠠᠮ᠎ᠢᠶᠠᠷ ᠴᠤᠭ᠍ᠯᠠᠭᠤᠯᠤᠭ᠍ᠰᠠᠨ ᠠᠰᠠᠭᠤᠳᠠᠯ᠎ᠤᠨ ᠨᠠᠷᠢᠨ ᠬᠠᠭᠤᠳᠠᠰᠤ᠎ᠶ᠋ᠢ ᠲᠣᠰᠭᠣᠨ᠂ ᠪᠠᠯᠭᠠᠰᠤ᠂ ᠬᠣᠱᠢᠭᠤ ᠭᠤᠷᠪᠠᠨ ᠱᠠᠲᠤᠨ᠎ᠤ ᠬᠢᠨ ᠱᠠᠲᠤ ᠳᠠᠷᠠᠭᠠᠯᠠᠨ ᠱᠢᠭ᠌ᠰᠢᠨ ᠪᠠᠢᠴᠠᠭᠠᠵᠤ᠂ ᠪᠠᠯᠭᠠᠰᠤ ᠲᠣᠰᠭᠣᠨ ᠬᠣᠶᠠᠷ ᠱᠠᠲᠤᠨ᠎ᠤ ᠥᠪᠡᠷ ᠲᠡᠭᠡᠨ ᠱᠢᠶ᠋ᠳᠪᠦᠷᠢᠯᠡᠵᠦ᠍ ᠪᠣᠯᠬᠤ᠎ᠶ᠋ᠢ ᠨᠢ ᠪᠠᠯᠭᠠᠰᠤ ᠲᠣᠰᠭᠣᠨ ᠬᠣᠶᠠᠷ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠳᠠᠭᠠᠭᠠᠨ ᠠᠪᠴᠥ᠂ ᠪᠣᠳᠠᠳᠤ ᠪᠠᠢᠳᠠᠯ᠎ᠲᠠᠶ᠎ᠪᠠᠨ ᠤᠶᠠᠯᠳᠤᠭᠤᠯᠤᠨ ᠭᠦᠶ᠋ᠴᠡᠳᠭᠡᠬᠦ᠌ ᠪᠤᠶᠤ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠠᠢ; ᠡᠷᠬᠡ ᠵᠢᠨ ᠬᠡᠪᠴᠢᠶ᠎ᠡ᠎ᠡᠴᠡ ᠨᠢ ᠬᠡᠲᠦᠷᠡᠭᠡᠳ ᠱᠢᠶ᠋ᠳᠪᠦᠷᠢᠯᠡᠵᠦ᠍ ᠳᠡᠢᠯᠬᠦ᠌ ᠥᠬᠡᠶ᠎ᠶ᠋ᠢ ᠨᠢ ᠬᠣᠱᠢᠭᠤᠨ᠎ᠤ ᠨᠠᠮ᠎ᠤᠨ ᠬᠣᠷᠢᠶ᠎ᠠ᠎ᠶ᠋ᠢᠨ ᠨᠠᠮ᠎ᠤᠨ ᠲᠡᠸ᠋ᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠤᠳᠤᠷᠢᠳᠭᠤ ᠳᠤᠭᠤᠢᠯᠠᠩ᠎ᠳᠤ ᠮᠡᠳᠡᠭᠦᠯᠵᠦ᠍᠂ ᠬᠣᠱᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠨᠢᠭᠡᠳᠦᠯᠲᠡᠶ ᠲᠥᠯᠥᠪᠯᠡᠵᠤ ᠪᠠᠢᠭᠠᠳ ᠬᠠᠮᠢᠶ᠎ᠠ ᠪᠥᠬᠥᠶ ᠨᠢᠭᠡᠴᠢ ᠰᠠᠯᠠᠭ᠎ᠠ ᠮᠥᠴᠢᠷ᠎ᠲᠡᠶ ᠵᠣᠬᠢᠴᠠᠭᠤᠯᠭ᠎ᠠ ᠬᠢᠵᠤ ᠱᠢᠶ᠋ᠳᠪᠦᠷᠢᠯᠡᠨ᠂ ᠠᠰᠠᠭᠤᠳᠠᠯ᠎ᠢ ᠣᠨᠣᠪᠴᠢᠲᠠᠶ ᠳᠠᠭᠠᠭᠠᠯᠭᠠᠨ᠂ ᠠᠷᠭ᠎ᠠ ᠬᠡᠮᠵᠢᠶ᠎ᠡ᠎ᠶ᠋ᠢ ᠪᠣᠳᠠᠲᠠᠶ᠎ᠳᠤ ᠨᠡᠢᠴᠡᠭᠦᠯᠬᠦ᠌᠎ᠶ᠋ᠢ ᠪᠠᠲᠤᠯᠠᠪᠠ᠃《ᠥᠨᠥᠳᠦᠷ ᠪᠢ ᠣᠯᠠᠨ ᠲᠦᠮᠡᠨ᠎ᠳᠦ ᠵᠢᠵᠢᠭ ᠶᠠᠪᠤᠳᠠᠯ ᠬᠢᠵᠦ᠍ ᠥᠭ᠌ᠭᠦᠨ᠎ᠡ》ᠭᠡᠬᠦ᠌ ᠭᠣᠣᠯ ᠰᠡᠳᠦᠪᠲᠦ ᠲᠤᠰᠭᠠᠶ ᠮᠡᠷᠭᠡᠵᠢᠯᠲᠡᠨ ᠴᠢᠳᠠᠪᠤᠷᠢᠲᠠᠨ᠎ᠤ ᠦᠨᠳᠦᠰᠦᠨ ᠱᠠᠲᠤᠨ᠎ᠳᠤ ᠦᠢᠯᠡᠴᠢᠯᠡᠬᠦ᠌ ᠠᠵᠢᠯᠯᠠᠭ᠎ᠠ᠎ᠶ᠋ᠢ ᠱᠢᠨ᠎ᠡ᠎ᠪᠡᠷ ᠡᠭᠦᠳᠦᠨ ᠥᠷᠨᠢᠭᠦᠯᠵᠦ᠍᠂ ᠬᠣᠱᠢᠭᠤᠨ᠎ᠤ ᠱᠢᠭᠤᠳ ᠬᠠᠷᠢᠶ᠎ᠠ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠢ ᠭᠣᠣᠯᠯᠠᠨ ᠬᠠᠮᠢᠶᠠᠷᠬᠤ 8 ᠰᠠᠯᠠᠭ᠎ᠠ ᠮᠥᠴᠢᠷ᠎ᠡᠴᠡ ᠤᠯᠤᠰ ᠲᠥᠷᠥ᠎ᠶ᠋ᠢᠨ ᠬᠡᠪ ᠪᠤᠯᠪᠠᠰᠤᠷᠠᠯ ᠥᠨᠳᠥᠷ᠂ ᠲᠤᠰᠭᠠᠶ ᠮᠡᠷᠭᠡᠵᠢᠯ᠎ᠦᠨ ᠴᠢᠳᠠᠪᠤᠷᠢ ᠰᠠᠢᠨ 86 ᠱᠢᠯᠢᠳᠡᠭ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠢ ᠰᠣᠩᠭᠣᠨ᠂ ᠲᠥᠷᠥ᠎ᠶ᠋ᠢᠨ ᠪᠣᠳᠣᠯᠭ᠎ᠠ ᠪᠠ ᠣᠨᠣᠯ᠂ ᠲᠠᠷᠢᠮᠠᠯ᠎ᠤᠨ ᠦᠶ᠋ᠯᠡᠰ᠂ ᠲᠡᠵᠢᠭᠡᠨ ᠦᠷᠡᠵᠢᠭᠦᠯᠬᠦ᠌ ᠦᠶ᠋ᠯᠡᠰ᠂ ᠣᠶ ᠵᠢᠮᠢᠰ᠎ᠦᠨ ᠦᠶ᠋ᠯᠡᠰ᠂ ᠡᠮᠴᠢᠯᠡᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ ᠵᠡᠷᠭᠡ  ᠲᠤᠰᠭᠠᠶ ᠮᠡᠷᠭᠡᠵᠢᠯᠲᠡᠨ᠎ᠦ ᠦᠶ᠋ᠯᠡᠴᠢᠯᠡᠭᠡᠨ᠎ᠦ 7 ᠪᠦᠯᠬᠦᠮ ᠨᠡᠢᠲᠡ᠎ᠶ᠋ᠢ ᠵᠣᠬᠢᠶᠠᠨ ᠪᠠᠢᠭᠤᠯᠵᠤ᠂ 《ᠣᠯᠠᠨ ᠲᠦᠮᠡᠨ ᠠᠰᠠᠭᠤᠳᠠᠯ ᠳᠤᠷᠠᠳᠴᠥ᠂ ᠰᠠᠯᠠᠭ᠎ᠠ ᠮᠥᠴᠢᠷ᠎ᠲᠤ᠌ ᠠᠰᠠᠭᠤᠳᠠᠯ᠎ᠢ ᠳᠠᠭᠠᠭᠠᠯᠭᠠᠵᠤ᠂ ᠲᠤᠰᠭᠠᠶ ᠮᠡᠷᠭᠡᠵᠢᠯᠲᠡᠨ ᠠᠰᠠᠭᠤᠳᠠᠯ᠎ᠢ ᠭᠥᠯᠢᠶᠡᠨ ᠠᠪᠬᠤ 》 ᠵᠠᠭ᠍ᠪᠤᠷ᠎ᠢ ᠬᠡᠷᠡᠭᠵᠢᠭᠥᠯᠥᠨ᠂ ᠦᠨᠳᠦᠰᠦᠨ ᠱᠠᠲᠤᠨ᠎ᠤ ᠪᠣᠳᠠᠲᠤ ᠬᠡᠷᠡᠭ᠌ᠴᠡᠭᠡ᠎ᠶ᠋ᠢ ᠦᠨᠳᠦᠰᠦᠯᠡᠨ ᠵᠣᠬᠢᠬᠤ ᠦᠶ᠋ᠯᠡᠴᠢᠯᠡᠭᠡᠨ᠎ᠦ ᠪᠦᠯᠬᠦᠮ ᠨᠡᠢᠲᠡ᠎ᠶ᠋ᠢ ᠲᠣᠮᠢᠯᠠᠵᠤ᠂ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ᠎ᠶ᠋ᠢᠨ ᠪᠣᠳᠠᠲᠠᠶ᠎ᠶ᠋ᠢ ᠡᠷᠬᠢᠮᠯᠡᠨ᠂ ᠲᠤᠰᠠᠲᠠᠶ ᠪᠠᠢᠬᠤ᠎ᠶ᠋ᠢ ᠦᠨᠡᠨ ᠬᠦ᠌ ᠪᠠᠲᠤᠯᠠᠵᠠᠢ᠃ ᠣᠲᠣ ᠪᠣᠯᠲᠠᠯ᠎ᠠ᠂ ᠡᠯ᠎ᠡ ᠰᠤᠮᠤ ᠱᠢᠶᠠᠩ ᠪᠠᠯᠭᠠᠰᠤᠨ᠎ᠳᠤ ᠭᠦᠨᠵᠡᠭᠡᠢᠷᠡᠨ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡ᠎ᠶ᠋ᠢ 8 ᠤᠳᠠᠭ᠎ᠠ ᠥᠷᠨᠢᠭᠦᠯᠵᠦ᠍᠂ 500 ᠭᠠᠷᠤᠶ ᠬᠥᠮᠦᠨ᠎ᠳᠦ ᠠᠱᠢᠭ ᠬᠦᠷᠲᠡᠭᠡᠭᠰᠡᠨ ᠪᠠᠢᠨ᠎ᠠ᠃

ᠲᠣᠭ᠍ᠲᠠᠮᠠᠯ ᠬᠤᠭᠤᠴᠠᠭ᠎ᠠ᠎ᠲᠠᠶ᠎ᠪᠠᠷ ᠢᠯᠡ ᠨᠡᠢᠲᠡᠯᠡᠬᠦ᠌᠎ᠶ᠋ᠢ ᠪᠠᠷᠢᠮᠲᠠᠯᠠᠵᠤ᠂ ᠡᠴᠦᠰ᠎ᠦᠨ ᠦᠷ᠎ᠡ ᠪᠦᠲᠦᠮᠵᠢ᠎ᠶ᠋ᠢᠨ《ᠪᠣᠳᠠᠲᠠᠶ》 ᠪᠠᠢᠬᠤ᠎ᠶ᠋ᠢ ᠦᠨᠡᠨ ᠬᠦ᠌ ᠪᠠᠲᠤᠯᠠᠪᠠ᠃ ᠠᠮᠵᠢᠯᠲᠠ ᠪᠦᠲᠦᠮᠵᠢ᠎ᠵᠢ ᠢᠯᠡ ᠨᠡᠢᠳᠡᠯᠡᠬᠦ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ《 ᠪᠢ ᠣᠯᠠᠨ ᠲᠦᠮᠡᠨ᠎ᠳᠦ ᠪᠣᠳᠠᠳᠤ ᠶᠠᠪᠤᠳᠠᠯ ᠬᠢᠵᠦ᠍ ᠥᠭ᠌ᠬᠦ 》ᠠᠵᠢᠯ᠎ᠤᠨ ᠡᠬᠡ ᠳᠠᠩᠰᠠ᠎ᠶ᠋ᠢ ᠨᠢᠭᠡᠳᠦᠯᠲᠡᠶ ᠪᠠᠢᠭᠤᠯᠥᠨ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠂ ᠪᠡᠶᠡᠯᠡᠭᠦᠯᠬᠦ᠌ ᠴᠠᠭ᠎ᠤᠨ ᠬᠢᠵᠠᠭᠠᠷ᠂ ᠠᠬᠢᠴᠠ᠎ᠶ᠋ᠢᠨ ᠪᠠᠢᠳᠠᠯ ᠵᠡᠷᠭᠡ ᠠᠭᠤᠯᠭ᠎ᠠ᠎ᠶ᠋ᠢ ᠲᠣᠳᠣᠷᠬᠠᠢᠯᠠᠵᠤ᠂《 ᠨᠠᠮ᠎ᠤᠨ ᠶᠠᠪᠤᠳᠠᠯ᠎ᠢ ᠢᠯᠡ ᠪᠣᠯᠭᠠᠬᠤ ᠪᠤᠯᠤᠩ᠎ᠤᠨ ᠰᠦᠯᠵᠢᠶᠡᠨ ᠭᠠᠳᠠᠨ᠎ᠠ ᠢᠯᠡ ᠪᠣᠯᠭᠠᠬᠤ᠂ ᠵᠢᠷᠬᠢᠶ᠎ᠡ ᠵᠢᠨ ᠣᠯᠠᠨ ᠨᠡᠢᠲᠡ᠎ᠶ᠋ᠢᠨ ᠲᠠᠪᠴᠠᠩ᠎ᠤᠨ ᠰᠦᠯᠵᠢᠶᠡᠨ ᠳᠡᠭᠡᠷ᠎ᠡ ᠢᠯᠡ ᠪᠣᠯᠭᠠᠬᠤ᠂ ᠵᠠᠭᠤᠴᠢᠯᠠᠭᠤᠷ᠎ᠤᠨ ᠬᠢᠨ ᠳ᠋ᠤ ᠢᠯᠡ ᠠᠮᠠᠯᠠᠯᠲᠠ ᠬᠢᠬᠥ 》᠎ᠵᠡᠷᠭᠡ《 ᠭᠤᠷᠪᠠᠨ ᠢᠯᠡ》 ᠵᠢᠨ ᠬᠡᠯᠪᠡᠷᠢ᠎ᠪᠡᠷ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ ᠪᠣᠳᠠᠲᠤ ᠶᠠᠪᠤᠳᠠᠯ ᠬᠢᠭ᠌ᠰᠡᠨ ᠪᠠ ᠨᠠᠷᠢᠨ ᠬᠠᠭᠤᠳᠠᠰᠤ᠎ᠶ᠋ᠢ ᠪᠡᠶᠡᠯᠡᠭᠦᠯᠦᠭ᠌ᠰᠡᠨ ᠪᠠᠢᠳᠠᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠢᠯᠡ ᠨᠡᠢᠲᠡᠯᠡᠵᠤ᠂ ᠦᠶ᠋ᠯᠡᠴᠢᠯᠡᠬᠦ᠌ ᠡᠲᠡᠭᠡᠳ ᠪᠠ ᠣᠯᠠᠨ ᠲᠦᠮᠡᠨ᠎ᠦ ᠬᠢᠨᠠᠯᠲᠠ ᠲᠠᠯᠪᠢᠵᠤ ᠦᠨᠡᠯᠡᠬᠦ᠌᠎ᠶ᠋ᠢ ᠭᠥᠯᠢᠶᠡᠨ ᠠᠪᠴᠤ᠌᠂ ᠠᠵᠢᠯ ᠶᠠᠪᠤᠳᠠᠯ᠎ᠤᠨ ᠨᠢᠭᠡ ᠵᠠᠩᠭᠢᠯᠠᠭ᠎ᠠ᠎ᠶ᠋ᠢᠨ ᠴᠡᠭ᠎ᠲᠦ ᠨᠢᠭᠡ ᠬᠠᠷᠢᠭᠤᠯᠲᠠ ᠥᠭ᠌ᠬᠦ᠎ᠶ᠋ᠢ ᠪᠡᠶᠡᠯᠡᠭᠦᠯᠥᠨ᠂ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠪᠣᠳᠠᠲᠠᠢᠵᠢᠭᠤᠯᠬᠤ᠂ ᠣᠯᠠᠨ ᠲᠦᠮᠡᠨ᠎ᠦ ᠬᠦᠴᠢᠷᠳᠡᠯ᠎ᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠳᠦ ᠦᠶ᠋ᠯᠡᠴᠢᠯᠡᠬᠦ᠌ 《 ᠡᠴᠦᠰ᠎ᠦᠨ ᠨᠢᠭᠡ ᠺᠢᠯᠣᠮᠧᠲ᠋ᠷ 》 ᠢ᠋ ᠦᠨᠡᠨ ᠬᠦ᠌ ᠨᠡᠪᠲᠡᠷᠡᠭᠦᠯᠵᠠᠢ᠃ ᠣᠳᠣ ᠪᠣᠯᠲᠠᠯ᠎ᠠ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠰᠢᠯᠠᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ᠂  ᠠᠷᠠᠳ᠎ᠤᠨ ᠠᠮᠢᠳᠤᠷᠠᠯ᠎ᠤᠨ ᠦᠨᠳᠦᠰᠦᠨ ᠬᠡᠷᠡᠭ᠌ᠴᠡᠭᠡ᠎ᠶ᠋ᠢ ᠪᠠᠲᠤᠯᠠᠬᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠂ ᠦᠨᠳᠦᠰᠦᠨ ᠱᠠᠲᠤᠨ᠎ᠤ ᠵᠠᠰᠠᠯᠲᠠ᠎ᠶ᠋ᠢ ᠠᠬᠢᠭᠤᠯᠬᠤ ᠵᠡᠷᠭᠡ ᠲᠠᠪᠤᠨ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡᠨᠲᠡ 2701 ᠬᠤᠪᠢ ᠤᠳᠠᠭ᠎ᠠ᠎ᠶ᠋ᠢᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠱᠢᠢᠳᠪᠦᠷᠢᠯᠡᠨ᠂ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ ᠪᠠ ᠵᠣᠯ ᠵᠢᠷᠭᠠᠯᠳᠥ ᠲᠥᠷᠥᠭᠳᠡᠯ᠎ᠢ ᠪᠦᠲᠦᠮᠵᠢᠲᠡᠶ ᠳᠡᠭᠡᠭ᠌ᠰᠢᠯᠡᠭᠦᠯᠥᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号