ᠦᠵᠡᠯ ᠰᠠᠨᠠᠭ᠎ᠠ ᠤᠯᠤᠰ ᠲᠦᠷᠦ ᠵᠢᠨ ᠬᠦᠮᠦᠵᠢᠯ ᠵᠢᠡᠷ ᠡᠷᠢᠨ ᠴᠠᠭ᠎ᠤᠨ ᠰᠢᠨ᠎ᠡ ᠬᠦᠮᠦᠨ᠎ᠢ ᠬᠦᠮᠦᠵᠢᠬᠦᠯᠦᠨ᠎ᠡ
2022-01-17 15:47:51
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠭᠴᠢ ᠵᠢᠨ ᠦᠬᠡ

ᠮᠠᠨ᠎ᠤ ᠤᠷᠤᠨ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠵᠤ᠂ ᠰᠤᠷᠤᠭ᠍ᠴᠢᠳ᠎ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠬᠦ᠌᠎ᠶ᠋ᠢ ᠠᠬᠢᠭᠤᠯᠤᠭᠰᠠᠭᠠᠷ ᠢᠷᠡᠯ᠎ᠡ᠃

ᠰᠢᠨ᠎ᠡ ᠨᠢᠬᠡ ᠵᠢᠯ ᠰᠢᠨ᠎ᠡ ᠨᠢᠬᠡᠨ ᠡᠬᠢᠯᠡᠯᠳᠡ᠃ ᠰᠤᠷᠭᠠᠨ ᠬᠦᠮᠦᠵᠢᠯ ᠲᠤᠰᠬᠠᠢ ᠨᠢᠭᠤᠷ ᠰᠢᠨ᠎ᠡ ᠲᠦᠷᠢ ᠲᠦᠷᠬᠦ ᠪᠡᠷ ᠤᠩᠰᠢᠭᠴᠢ ᠲᠠ ᠨᠠᠷ ᠳᠠᠢ ᠪᠠᠨ ᠵᠤᠯᠭᠠᠬᠤ ᠪᠤᠯᠤᠯ᠎ᠠ᠃ ᠡᠨᠡ ᠬᠦ᠌ ᠲᠤᠰᠬᠠᠢ ᠨᠢᠭᠤᠷ ᠲᠠᠭᠠᠨ ᠪᠢᠳᠡ ᠨᠡᠩ ᠰᠠᠢᠨ ᠰᠠᠢᠬᠠᠨ ᠮᠡᠳᠡᠬᠡᠯᠡᠯ᠎ᠢ ᠬᠦᠷᠬᠡᠬᠦ ᠵᠢᠨ ᠲᠦᠯᠦᠬᠡ 《ᠠᠩᠬᠠᠷᠤᠯ ᠲᠦᠪᠯᠡᠷᠡᠯ 》᠂ 《ᠤᠶᠤᠨ ᠳᠤᠯᠢ》᠂ 《ᠤᠢ ᠤᠷᠮᠠᠰ》᠂ 《ᠰᠤᠶᠤᠨ ᠬᠡᠬᠡᠷᠡᠯ》᠂ 《ᠠᠯᠳᠠᠨ ᠰᠠᠮᠪᠠᠷ᠎ᠠ 》᠂ 《ᠲᠡᠷᠭᠡᠳᠡᠬᠢ ᠦᠯᠢᠭᠡᠷ 》᠂ 《ᠰᠤᠳᠤᠨ ᠰᠤᠷᠠᠭ 》 ᠵᠡᠷᠬᠡ ᠰᠢᠨ᠎ᠡ ᠪᠤᠯᠤᠩ᠎ᠤᠳ᠎ᠢ ᠲᠤᠬᠢᠷᠠᠭᠤᠯᠬᠤ ᠪᠡᠷ ᠪᠤᠯᠤᠯ᠎ᠠ᠃ ᠡᠳᠡᠬᠡᠷ ᠪᠤᠯᠤᠩ ᠳ᠋ᠠᠭᠠᠨ ᠪᠢᠳᠡ ᠰᠤᠷᠭᠠᠨ ᠬᠦᠮᠦᠵᠢᠯ᠎ᠤᠨ ᠳᠤᠬᠠᠢ ᠬᠠᠯᠠᠮᠰᠢᠯ ᠠᠰᠠᠭᠤᠳᠠᠯ᠂ ᠰᠤᠷᠭᠠᠨ ᠬᠦᠮᠦᠵᠢᠯ᠎ᠤᠨ ᠠᠰᠠᠭᠤᠳᠠᠯ ᠳ᠋ᠤ ᠰᠠᠨᠠᠭᠠᠰᠢᠷᠠᠭᠰᠠᠨ ᠤᠬᠤᠷ ᠰᠢᠬᠦᠮᠵᠢ᠂ ᠡᠯ᠎ᠡ ᠱᠠᠳᠤᠨ᠎ᠤ ᠡᠯ᠎ᠡ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠦᠮᠦᠵᠢᠯ᠂ ᠤᠯᠤᠰ᠎ᠤᠨ ᠨᠢᠭᠡᠳᠦᠯᠳᠡᠢ ᠨᠠᠢᠷᠠᠭᠤᠯᠤᠭᠰᠠᠨ ᠵᠢᠭᠠᠬᠤ ᠮᠠᠲ᠋ᠸᠷᠢᠶᠠᠯ᠎ᠢ ᠲᠡᠯᠭᠡᠷᠡᠭᠦᠯᠦᠨ ᠬᠡᠷᠡᠭᠯᠡᠵᠦ ᠪᠠᠢᠬᠤ᠂ ᠰᠤᠷᠤᠭᠴᠢᠳ᠎ᠤᠨ ᠲᠤᠷ᠎ᠠ ᠰᠤᠨᠢᠷᠬᠠᠯᠳᠤ ᠬᠢᠴᠢᠶᠡᠯᠯᠡᠬᠡ᠂ ᠰᠤᠷᠭᠠᠭᠤᠯᠢ ᠵᠢᠨ ᠬᠦᠷᠢᠶᠡᠨ᠎ᠤ ᠪᠠᠶᠠᠯᠢᠭ ᠰᠠᠢᠬᠠᠨ ᠠᠵᠢᠯᠯᠠᠭ᠎ᠠ᠎ᠶᠢᠨ ᠵᠢᠷᠤᠬᠳᠤ ᠮᠡᠳᠡᠭᠡᠯᠡᠯ᠂ ᠪᠠᠭᠰᠢ ᠪᠤᠯᠤᠨ ᠭᠡᠷ᠎ᠤᠨ ᠠᠬᠠᠮᠠᠳ᠎ᠤᠨ ᠬᠡᠤᠬᠡᠳ᠎ᠤᠨ ᠬᠦᠮᠦᠵᠢᠯ᠎ᠤᠨ ᠲᠤᠬᠠᠢ ᠦᠯᠢᠭᠡᠷ ᠵᠤᠭᠤᠭ᠂ ᠰᠤᠷᠭᠠᠨ ᠬᠦᠮᠦᠵᠢᠯ᠎ᠳ᠋ᠤ ᠬᠤᠯᠪᠤᠭᠳᠠᠭᠰᠠᠨ ᠰᠤᠳᠤᠨ ᠴᠢᠮᠡᠬᠡ ᠨᠤᠭᠦᠳ᠎ᠢ ᠨᠡᠢᠳᠡᠯᠡᠬᠦ ᠪᠤᠯᠤᠨ᠎ᠠ᠃ ᠡᠷᠬᠢᠮ ᠤᠩᠰᠢᠭᠴᠢᠳ ᠮᠢᠨᠢ ᠲᠠᠭᠠᠯᠠᠮᠤ ⁈


QQ图片20220117151227.png


ᠮᠠᠨ᠎ᠤ ᠤᠷᠤᠨ᠎ᠤ ᠰᠤᠷᠭᠠᠨ ᠬᠦᠮᠦᠵᠢᠯ᠎ᠤᠨ ᠰᠢᠰᠲᠧᠮ᠎ᠤᠨ ᠬᠢᠨ ᠦᠵᠡᠯ ᠰᠠᠨᠠᠭ᠎ᠠ ᠤᠯᠤᠰ ᠲᠦᠷᠦ ᠵᠢᠨ ᠬᠦᠮᠦᠵᠢᠯ᠎ᠢ ᠨᠢᠬᠡᠳᠦᠯᠳᠡᠢ ᠲᠦᠯᠦᠪᠵᠢᠬᠦᠯᠬᠦ ᠪᠠ ᠦᠵᠦ ᠲᠦᠯᠦᠪᠯᠡᠬᠡ ᠪᠡᠷ ᠳᠠᠮᠵᠢᠭᠤᠯᠤᠨ᠂ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠠᠮᠢᠳᠤᠯᠢᠭ᠂ ᠪᠣᠳᠠᠲᠠᠢ᠂ ᠭᠦᠨᠵᠡᠭᠡᠢ ᠥᠷᠨᠢᠭᠦᠯᠵᠦ᠍᠂ ᠳᠤᠮᠳᠠᠳᠤ ᠵᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠡᠭᠦᠷᠭᠡᠯᠡᠬᠦ᠌ ᠡᠷᠢᠨ ᠴᠠᠭ᠎ᠤᠨ ᠱᠢᠨ᠎ᠡ ᠬᠥᠮᠦᠨ᠎ᠢ ᠴᠢᠷᠮᠠᠢᠨ ᠬᠦᠮᠦᠵᠢᠬᠦᠯᠵᠦ ᠪᠠᠢᠨ᠎ᠠ᠃

 

《ᠬᠠᠮᠲᠤ ᠪᠠᠷ ᠨᠢᠭᠡ ᠬᠢᠴᠢᠶᠡᠯ ᠣᠷᠣᠵᠤ》ᠬᠠᠮᠳᠤ᠎ᠶᠢᠨ ᠴᠤᠬᠴᠠ᠎ᠶᠢᠨ ᠤᠬᠠᠮᠰᠠᠷ᠎ᠢᠶᠡᠨ ᠪᠠᠳᠤᠳᠬᠠᠨ᠎ᠠ

 

ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ ᠪᠣᠯ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠬᠤ ᠵᠠᠩᠭᠢᠯᠠᠭ᠎ᠠ᠎ᠶ᠋ᠢᠨ ᠬᠢᠴᠢᠶᠡᠯ ᠮᠥᠨ᠂ ᠮᠦᠨ ᠴᠸ᠋ ᠰᠤᠷᠤᠭᠴᠢᠳ᠎ᠤᠨ ᠵᠦᠪ ᠶᠢᠷᠲᠢᠨᠴᠦ᠍᠎ᠶ᠋ᠢᠨ ᠦᠵᠡᠯᠲᠡ᠂ ᠠᠮᠢᠳᠤᠷᠠᠬᠤᠶ᠎ᠶ᠋ᠢᠨ ᠦᠵᠡᠯᠲᠡ᠂ ᠥᠷᠲᠡᠭ᠎ᠦᠨ ᠦᠵᠡᠯᠲᠡ᠎ᠶ᠋ᠢ ᠪᠣᠶ ᠪᠣᠯᠭᠠᠬᠤ ᠡᠬᠦᠳᠡᠨ ᠡᠴᠡ ᠪᠦᠬᠦᠢᠯᠡ ᠰᠤᠷᠤᠯᠭ᠎ᠠ ᠵᠢᠨ ᠱᠠᠳᠤᠨ ᠳ᠋ᠤ ᠦᠷᠬᠦᠯᠵᠢᠯᠡᠨ ᠰᠤᠷᠤᠯᠴᠠᠳᠠᠭ ᠬᠢᠴᠢᠶᠡᠯ ᠪᠤᠯᠤᠨ᠎ᠠ᠃ ᠲᠡᠷᠡᠴᠢᠯᠡᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠰᠠᠢᠲᠤᠷ ᠡᠷᠭᠢᠯᠡᠪᠡᠯ ᠦᠨᠳᠦᠰᠦ᠎ᠶ᠋ᠢ ᠪᠡᠬᠢᠵᠢᠬᠦᠯᠦᠨ ᠰᠦᠭ ᠰᠦᠨᠡᠰᠦ᠎ᠶ᠋ᠢ ᠱᠤᠭᠤᠬᠤ ᠬᠥᠮᠦᠨ ᠬᠥᠮᠦᠵᠢᠭᠦᠯᠬᠦ᠌ ᠬᠠᠷᠠᠯᠲᠠ᠎ᠳ᠋ᠤ ᠬᠦᠷᠴᠦ ᠴᠢᠳᠠᠬᠤ ᠪᠤᠯᠤᠨ᠎ᠠ᠃ ᠡᠢᠮᠦᠷᠬᠦᠤ 2021 ᠤᠨ ᠳ᠋ᠤ ᠮᠠᠨ᠎ᠤ ᠤᠷᠤᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ ᠳ᠋ᠤ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ 《ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠬᠦᠮᠦᠵᠢᠯ》 ᠤ᠋ᠨ ᠭᠤᠤᠯ ᠰᠡᠳᠦᠪᠳᠤ ᠠᠵᠢᠯᠯᠠᠭ᠎ᠠ ᠬᠦᠭᠵᠢᠶᠡᠨᠳᠡᠢ ᠶᠠᠪᠤᠭᠳᠠᠭᠰᠠᠨ ᠶᠤᠮ᠃

— ᠬᠥᠬᠡᠬᠣᠲᠠ᠎ᠶ᠋ᠢᠨ ᠶᠡᠬᠡ ᠰᠤᠷᠭᠠᠭᠤᠯᠢ ᠵᠠᠮ᠎ᠤᠨ ᠪᠠᠭ᠎ᠠ ᠰᠤᠷᠭᠠᠭᠤᠯᠢ ᠲᠣᠮᠣ ᠬᠡᠯᠪᠡᠷᠢ᠎ᠶ᠋ᠢᠨ ᠲᠠᠢᠰᠠᠨ᠎ᠤ ᠵᠦᠴᠦᠭᠡ᠂ ᠳᠠᠭᠤᠤ ᠪᠥᠵᠢᠭ ᠵᠢᠴᠢ ᠤᠷᠠᠨ ᠤᠩᠱᠢᠯᠭ᠎ᠠ ᠵᠡᠷᠭᠡ ᠬᠡᠯᠪᠡᠷᠢ᠎ᠪᠡᠷ ᠳᠤᠮᠳᠠᠳᠤ᠎ᠶ᠋ᠢᠨ ᠦᠨᠳᠦᠰᠦᠲᠡᠨ ᠪᠣᠯ ᠨᠢᠭᠡ ᠬᠡᠷ᠎ᠦᠨ ᠬᠥᠮᠦᠨ ᠮᠡᠳᠤ ᠳᠤᠳᠤᠨᠤ ᠪᠠᠢᠳᠠᠭ᠎ᠢ ᠦᠰᠪᠦᠷᠢ ᠵᠢᠨ ᠪᠠᠭᠠᠴᠤᠳ ᠲᠤ᠌ ᠤᠢᠯᠠᠭᠠᠭᠤᠯᠪᠠ᠃

— ᠬᠥᠬᠡᠬᠣᠲᠠ᠎ᠶ᠋ᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠰᠣᠷᠣᠭ᠍ᠴᠢ᠎ᠶ᠋ᠢᠨ ᠳᠡᠷᠭᠡᠳᠡᠬᠢ ᠪᠣᠳᠠᠲᠤ ᠵᠢᠱ᠌ᠢᠶ᠎ᠡ ᠡᠴᠡ ᠭᠠᠷᠳᠠᠵᠤ᠂ ᠠᠬᠤᠶ ᠦᠵᠡᠭᠳᠡᠯᠳᠤ ᠵᠢᠭᠠᠨ ᠰᠤᠷᠭᠠᠯᠳᠠ ᠪᠡᠷ ᠲᠠᠮᠵᠢᠨ ᠰᠤᠷᠤᠭ᠍ᠴᠢᠳ᠎ᠤᠨ ᠨᠡᠢᠲᠡᠴᠢ ᠦᠵᠡᠯ ᠪᠠ ᠤᠯᠤᠰ᠎ᠢᠶᠠᠨ ᠬᠠᠢᠷᠠᠯᠠᠬᠤ ᠦᠵᠡᠯ᠎ᠦᠨ ᠬᠠᠢᠷ᠎ᠠ ᠰᠡᠳᠭᠢᠯᠭᠡ᠎ᠶ᠋ᠢ ᠬᠥᠭ᠌ᠵᠢᠭᠡᠪᠡ᠃

ᠡᠨᠡ ᠪᠣᠯ ᠪᠠᠰᠠ ᠴᠸ᠋ 2021 ᠤᠨ᠎ᠤ ᠮᠠᠨ᠎ᠤ ᠤᠷᠤᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠢ ᠨᠢᠭᠡ ᠴᠤᠬ᠍ᠴᠠᠵᠢᠭᠤᠯᠬᠤ ᠪᠠᠢᠭᠤᠯᠤᠯᠲᠠ᠎ᠶ᠋ᠢᠨ ᠲᠤᠬᠠᠢ᠎ᠶ᠋ᠢᠨ ᠲᠠᠯᠠᠪᠠᠢ᠎ᠶ᠋ᠢᠨ ᠬᠤᠷᠠᠯ ᠳᠡᠬᠡᠷᠡᠬᠢ ᠡᠯ᠎ᠡ ᠰᠤᠷᠤᠯᠭ᠎ᠠ᠎ᠶ᠋ᠢᠨ ᠱᠠᠳᠤ᠎ᠶ᠋ᠢ ᠪᠦᠲᠦᠮᠵᠢᠲᠡᠢ ᠵᠤᠯᠭᠠᠭᠤᠯᠬᠤ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠦᠨ ᠥᠭᠡᠷᠡᠴᠢᠯᠡᠯᠲᠡ᠎ᠶ᠋ᠢᠨ ᠦᠢᠯᠡᠳᠦᠯᠭᠡ ᠪᠣᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠪᠥᠬᠥ᠌ ᠣᠷᠣᠨ᠎ᠤ 300 ᠭᠠᠷᠤᠶ ᠲᠦᠮᠡᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠢ ᠵᠣᠬᠢᠶᠠᠨ ᠪᠠᠢᠭᠤᠯᠵᠤ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠶ᠋ᠢᠨ ᠲᠣᠭᠣᠷᠢᠨ᠎ᠳᠤ 《ᠬᠠᠮᠲᠤ᠎ᠪᠠᠷ ᠨᠢᠭᠡ ᠬᠢᠴᠢᠶᠡᠯ ᠣᠷᠣᠬᠤ》 ᠠᠵᠢᠯᠯᠠᠭ᠎ᠠ ᠦᠷᠨᠢᠬᠦᠯᠵᠦ᠂ ᠤᠯᠤᠰ ᠵᠢᠡᠨ ᠬᠠᠢᠷᠠᠯᠠᠬᠤ ᠬᠥᠮᠦᠵᠢᠯ᠂ ᠨᠠᠮ᠎ᠤᠨ ᠲᠡᠦᠬᠡ᠎ᠶ᠋ᠢᠨ ᠬᠥᠮᠦᠵᠢᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠦᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ ᠤᠷᠤᠪᠠ᠃ ᠡᠨᠡ ᠮᠡᠳᠦ ᠪᠡᠷ 2021 ᠣᠨ᠎ᠠᠴᠠ ᠡᠬᠢᠯᠡᠨ᠂ ᠮᠠᠨ᠎ᠤ ᠤᠷᠤᠨ ᠨᠢᠭᠡᠳᠦᠯᠲᠡᠶ ᠲᠥᠯᠥᠪᠵᠢᠭᠦᠯᠬᠦ᠌᠎ᠪᠡᠨ ᠴᠢᠩᠭᠠᠳᠭᠠᠵᠤ᠂《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ》 ᠪᠠᠷ ᠭᠤᠤᠯ ᠱᠢᠵᠢᠮ ᠪᠣᠯᠭᠠᠵᠤ ᠪᠥᠬᠥ᠌ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠪᠠᠢᠭᠤᠯᠤᠯᠲᠠ᠎ᠶ᠋ᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠲᠠᠩᠬᠢᠮ᠎ᠤᠨ ᠭᠤᠤᠯ ᠠᠷᠭ᠎ᠠ ᠵᠠᠮ᠎ᠤᠨ ᠦᠶ᠋ᠯᠡᠳᠦᠯ᠎ᠢ ᠪᠠᠳᠠᠷᠠᠭᠤᠯᠬᠤ᠎ᠪᠠᠷ ᠳᠠᠮᠵᠢᠨ ᠤᠯᠤᠰ᠎ᠢᠶᠠᠨ ᠬᠠᠢᠷᠠᠯᠠᠬᠤ ᠤᠬᠠᠮᠰᠠᠷ᠎ᠢ ᠬᠡᠦᠬᠡᠳ ᠨᠢᠭᠡ ᠪᠦᠷᠢ᠎ᠶ᠋ᠢᠨ ᠣᠶᠤᠨ ᠰᠠᠨᠠᠭᠠᠨ᠎ᠳᠤ ᠬᠠᠳᠠᠩᠱᠢᠭᠤᠯᠪᠠ᠃

ᠮᠠᠨ᠎ᠤ ᠤᠷᠤᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠰᠠᠢᠳᠤᠷ ᠤᠷᠤᠬᠤ ᠪᠡᠷ ᠶᠡᠬᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠍ ᠣᠨᠣᠯ᠎ᠤᠨ ᠬᠢᠴᠢᠶᠡᠯ᠎ᠦᠨ ᠱᠢᠰᠲ᠋ᠧᠮ᠎ᠢ ᠢᠳᠡᠪᠬᠢᠲᠡᠶ ᠱᠢᠨᠡᠴᠢᠯᠡᠪᠡ᠃ 2021 ᠣᠨ᠎ᠤ ᠬᠠᠪᠤᠷ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠡᠬᠢᠯᠡᠨ᠂ ᠪᠦᠬᠦ᠌ ᠣᠷᠣᠨ᠎ᠤ ᠡᠯ᠎ᠡ ᠶᠡᠬᠡ ᠳᠡᠭᠡᠳᠦ ᠰᠤᠷᠭᠠᠭᠤᠯᠢ᠎ᠳᠤ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠢᠴᠢᠶᠡᠯ》 ᠢ᠋ ᠪᠦᠬᠦ᠌ ᠲᠠᠯ᠎ᠠ᠎ᠪᠠᠷ ᠨᠡᠭᠡᠬᠡᠪᠡ᠃《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠵᠢᠭᠠᠨ ᠰᠤᠷᠭᠠᠯᠲᠠ᠎ᠶ᠋ᠢᠨ ᠵᠢᠯᠣᠭᠣᠳᠭᠤ ᠵᠥᠪᠯᠡᠯ᠎ᠢ ᠪᠠᠢᠭᠤᠯᠵᠤ᠂ ᠵᠢᠭᠠᠨ ᠰᠤᠷᠭᠠᠯᠲᠠ᠎ᠶ᠋ᠢᠨ ᠬᠥᠲᠥᠯᠪᠦᠷᠢ ᠨᠠᠢᠷᠠᠭᠤᠯᠤᠨ ᠪᠢᠴᠢᠵᠦ᠍᠂ ᠨᠡᠷᠡᠳᠤ ᠪᠠᠭ᠍ᠰᠢ᠎ᠶ᠋ᠢᠨ ᠢᠯᠡ ᠬᠢᠴᠢᠶᠡᠯ᠎ᠦᠨ ᠸᠢᠳᠢᠣ᠋ ᠪᠠ ᠶᠠᠷᠢᠶᠠᠨ᠎ᠤ ᠨᠤᠤᠷᠠᠭ᠎ᠤᠳ᠎ᠢ ᠨᠠᠢᠷᠠᠭᠤᠯᠤᠨ ᠵᠣᠬᠢᠶᠠᠵᠤ᠂ ᠪᠦᠬᠦ᠌ ᠣᠷᠣᠨ᠎ᠤ ᠡᠯ᠎ᠡ ᠶᠡᠬᠡ ᠳᠡᠭᠡᠳᠦ ᠰᠤᠷᠭᠠᠭᠤᠯᠢ᠎ᠶ᠋ᠢᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠬᠢᠴᠢᠶᠡᠯ᠎ᠢ ᠰᠠᠢᠲᠤᠷ ᠵᠢᠭᠠᠬᠤ᠎ᠶ᠋ᠢ ᠵᠢᠭᠠᠨ ᠵᠢᠯᠣᠭᠣᠳᠪᠠ᠃ 《ᠵᠢᠯᠤᠭᠤᠳᠬᠤ ᠵᠦᠪᠯᠡᠯ ᠨᠢ ᠪᠦᠬᠦ ᠤᠷᠤᠨ᠎ᠤ ᠶᠡᠬᠡ ᠳᠡᠬᠡᠳᠤ ᠰᠤᠷᠭᠠᠭᠤᠯᠢ ᠵᠢᠨ ᠬᠤᠯᠪᠤᠭᠳᠠᠯ ᠪᠦᠬᠦᠢ ᠪᠠᠭᠰᠢ ᠨᠠᠷ᠎ᠢ ᠵᠤᠬᠢᠶᠠᠨ ᠪᠠᠢᠭᠤᠯᠵᠤ᠂ ᠬᠠᠮᠲᠤ᠎ᠪᠠᠷ ᠬᠢᠴᠢᠶᠡᠯ ᠪᠡᠯᠡᠳᠭᠡᠬᠦ᠌᠂ ᠭᠣᠣᠯᠳᠠᠯᠭ᠎ᠠ᠎ᠲᠠᠶ ᠲᠤᠰᠭᠠᠢ ᠰᠡᠳᠦᠪ᠎ᠢᠶᠡᠷ ᠰᠤᠳᠤᠯᠤᠨ ᠰᠤᠷᠤᠯᠴᠠᠬᠤ ᠪᠠ ᠵᠢᠭᠠᠨ ᠰᠤᠷᠭᠠᠬᠤ ᠠᠷᠭ᠎ᠠ᠎ᠶ᠋ᠢ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠥᠷᠨᠢᠭᠦᠯᠵᠦ᠍᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠵᠢᠭᠠᠬᠤ ᠮᠠᠲᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭᠠᠢ᠎ᠳᠤ ᠣᠷᠣᠭᠤᠯᠬᠤ᠎ᠶ᠋ᠢ ᠴᠠᠭ ᠲᠤᠬᠠᠢ᠎ᠳᠤᠨᠢ ᠠᠬᠢᠭᠤᠯᠵᠤ ᠪᠠᠢᠨ᠎ᠠ》ᠬᠡᠵᠦ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠵᠢᠭᠠᠨ ᠰᠤᠷᠭᠠᠯᠲᠠ᠎ᠶ᠋ᠢᠨ ᠵᠢᠯᠣᠭᠣᠳᠭᠤ ᠵᠥᠪᠯᠡᠯ᠎ᠦᠨ ᠡᠷᠬᠢᠯᠡᠭ᠌ᠴᠢ ᠯᠢ ᠶᠠᠨ ᠹᠸᠨ ᠶᠠᠷᠢᠨ᠎ᠠ᠃


QQ图片20220117151233.png


ᠰᠤᠷᠭᠠᠭᠤᠯᠢ᠎ᠶᠢᠨ ᠬᠦᠷᠢᠶᠡᠨ᠎ᠤ ᠰᠤᠶᠤᠯ᠎ᠤᠨ ᠪᠠᠢᠭᠤᠯᠤᠯᠳᠠ ᠪᠠᠷ ᠤᠯᠤᠰ᠎ᠢᠶᠠᠨ   ᠬᠠᠢᠷᠠᠯᠠᠬᠤ ᠰᠡᠳᠭᠢᠯᠭᠡ ᠵᠢ  ᠬᠦᠭᠵᠢᠭᠡᠨ᠎ᠡ

ᠰᠤᠷᠭᠠᠭᠤᠯᠢ᠎ᠶᠢᠨ ᠬᠦᠷᠢᠶᠡᠨ ᠳ᠋ᠤ ᠰᠦᠨᠳᠡᠷᠯᠡᠭᠰᠡᠨ ᠱᠤᠭᠤᠮᠠᠯ᠂ ᠭᠤᠳᠤᠮᠵᠢᠨ ᠳ᠋ᠤ ᠡᠯᠭᠦᠭᠰᠡᠨ ᠵᠢᠷᠤᠭ ᠰᠡᠭᠦᠳᠡᠷ᠂ ᠰᠤᠷᠭᠠᠭᠤᠯᠢ᠎ᠶᠢᠨ ᠵᠤᠬᠢᠶᠠᠨ ᠪᠠᠢᠭᠤᠯᠤᠬᠰᠠᠨ ᠰᠤᠳᠤᠯᠤᠨ ᠰᠤᠷᠤᠯᠴᠠᠬᠤ ᠦᠢᠯᠡᠳᠦᠯᠭᠡ᠂ ᠨᠠᠢᠷ ᠨᠠᠭᠠᠳᠤᠮ ᠲᠤᠭᠯᠠᠯᠳᠠ ᠦᠵᠡᠭᠦᠯᠭᠡ ᠵᠡᠷᠭᠡ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ ᠨᠢ ᠪᠠᠭᠰᠢ ᠰᠤᠷᠤᠭᠴᠢᠳ᠎ᠤᠨ ᠠᠮᠢᠳᠤᠷᠠᠬᠤᠶ᠎ᠶ᠋ᠢᠨ ᠦᠵᠡᠯᠲᠡ ᠵᠢ ᠠᠶᠠᠨᠳᠠᠭᠠᠨ ᠨᠦᠯᠦᠬᠡᠯᠡᠳᠡᠭ᠃ ᠡᠢᠮᠦᠷᠬᠦ ᠪᠦᠬᠦ ᠤᠷᠤᠨ᠎ᠤ ᠰᠤᠷᠭᠠᠨ ᠬᠦᠮᠦᠵᠢᠯ᠎ᠤᠨ ᠰᠠᠯᠠᠭ᠎ᠠ ᠮᠦᠴᠢᠷ ᠪᠠ ᠡᠯ᠎ᠡ ᠱᠠᠳᠤᠨ᠎ᠤ ᠡᠯ᠎ᠡ ᠲᠦᠷᠦᠯ᠎ᠤᠨ ᠰᠤᠷᠭᠠᠭᠤᠯᠢ ᠨᠢ ᠪᠠᠶᠠᠯᠢᠭ ᠠᠭᠤᠯᠭᠠᠳᠤ ᠰᠤᠷᠭᠠᠭᠤᠯᠢ᠎ᠶᠢᠨ ᠬᠦᠷᠢᠶᠡᠨ᠎ᠤ ᠰᠤᠶᠤᠯ᠎ᠤᠨ ᠪᠠᠢᠭᠤᠯᠤᠯᠳᠠ ᠪᠠᠷ ᠲᠠᠮᠵᠢᠨ ᠪᠠᠬᠰᠢ ᠰᠤᠷᠤᠬᠴᠢᠳ᠎ᠤᠨ ᠤᠯᠤᠰ᠎ᠢᠶᠡᠨ ᠬᠠᠢᠷᠠᠯᠠᠬᠤ ᠰᠡᠳᠭᠢᠯᠭᠡ ᠵᠢ ᠬᠦᠭᠵᠢᠭᠡᠵᠦ ᠪᠠᠢᠳᠠᠭ᠃

2021 ᠤᠨ ᠳ᠋ᠤ ᠬᠦᠬᠡᠬᠤᠳᠠ ᠵᠢᠨ ᠰᠤᠷᠭᠠᠨ ᠬᠦᠮᠦᠵᠢᠯ᠎ᠤᠨ ᠳᠤᠪᠴᠢᠶ᠎ᠠ ᠡᠴᠡ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠦᠨ ᠭᠣᠣᠯ ᠰᠡᠳᠦᠪᠲᠦ ᠤᠷᠳᠤ ᠬᠤᠩᠬᠢᠯ᠎ᠢ ᠪᠠᠢᠭᠤᠯᠬᠤ᠂ 《ᠠᠨᠠᠷ᠎ᠤᠨ ᠦᠷ᠎ᠡ᠎ᠶ᠋ᠢᠨ ᠲᠢᠩᠬᠢᠮ》 ᠢ᠋ ᠡᠭᠦᠳᠦᠨ ᠪᠠᠢᠭᠤᠯᠬᠤ ᠪᠠᠷ ᠲᠠᠮᠵᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠭᠣᠣᠯ ᠰᠡᠳᠦᠪᠲᠦ ᠰᠤᠷᠤᠯᠴᠠᠯᠭ᠎ᠠ᠎ᠶ᠋ᠢ ᠥᠷᠨᠢᠭᠦᠯᠵᠦ᠍᠂ 《ᠪᠢ ᠪᠣᠯ ᠠᠨᠠᠷ᠎ᠤᠨ ᠦᠷ᠎ᠡ᠂ ᠦᠨᠳᠦᠰᠦᠲᠡᠨ ᠨᠤᠬᠦᠳ ᠪᠦᠯᠬᠦᠮᠳᠡᠨ ᠨᠢᠭᠡ ᠭᠡᠷ᠎ᠦᠨ ᠬᠥᠮᠦᠨ ᠮᠡᠲᠦ ᠲᠤᠳᠤᠨᠤ》 ᠤᠨᠴᠠᠯᠢᠬ᠍ᠳᠤ ᠰᠤᠷᠭᠠᠭᠤᠯᠢ᠎ᠶ᠋ᠢᠨ ᠬᠢᠴᠢᠶᠡᠯ᠎ᠢ ᠨᠡᠬᠡᠬᠡᠪᠡ᠃

ᠬᠥᠬᠡᠬᠣᠲᠠ᠎ᠲᠠᠶ ᠠᠳᠠᠯᠢ᠎ᠪᠠᠷ᠂  ᠪᠦᠬᠦ᠌ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭᠠᠭᠤᠯᠢ ᠨᠢ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠪᠠᠷ ᠳᠠᠮᠵᠢᠨ ᠣᠷᠴᠢᠨ ᠲᠣᠭᠣᠷᠢᠨ᠎ᠵᠢᠡᠷ ᠬᠥᠮᠦᠨ ᠬᠥᠮᠦᠵᠢᠭᠦᠯᠬᠦ᠌ ᠵᠢ ᠴᠢᠬᠤᠯᠠᠴᠢᠯᠠᠵᠤ ᠪᠠᠢᠨ᠎ᠠ᠃ ᠳᠤᠮᠳᠠᠳᠤ ᠵᠢᠨ ᠦᠨᠳᠦᠰᠦᠲᠡᠨ ᠪᠤᠯ ᠨᠢᠭᠡᠨ ᠶᠡᠬᠡ ᠭᠡᠷ ᠪᠦᠯᠢ᠎ᠪᠤᠯᠬᠤ ᠵᠢ ᠰᠤᠷᠭᠠᠭᠤᠯᠢ ᠨᠤᠭᠤᠳ᠎ᠤᠨ ᠵᠠᠷᠢᠮ ᠨᠢ ᠴᠠᠭᠠᠰᠤᠨ ᠬᠠᠢᠴᠢᠯᠠᠮᠠᠯ ᠵᠢᠡᠷ ᠤᠷᠠᠯᠠᠨ ᠢᠯᠡᠳᠭᠡᠵᠦ᠂ ᠵᠠᠷᠢᠮ ᠨᠢ ᠤᠷᠠᠨ ᠵᠢᠷᠤᠭ᠎ᠢᠶᠠᠷ ᠭᠤᠶᠤᠯᠠᠨ ᠬᠠᠷᠠᠭᠤᠯᠵᠤ᠂ ᠵᠠᠷᠢᠮ ᠨᠢ ᠱᠢᠪᠠᠷ᠎ᠱᠤᠭᠤᠮᠠᠯ ᠵᠢᠡᠷ ᠱᠤᠭᠤᠨ ᠢᠯᠡᠷᠡᠬᠦᠯᠵᠦ᠂ ᠵᠠᠷᠢᠮ ᠨᠢ ᠳᠠᠭᠤᠤ ᠪᠥᠵᠢᠭ᠎ᠦᠨ ᠲᠣᠭ᠍ᠯᠠᠯᠲᠠ ᠭᠠᠷᠭᠠᠵᠤ᠂ ᠰᠤᠳᠤᠨ ᠰᠠᠢᠬᠠᠨ ᠠᠭᠤᠯᠭ᠎ᠠ ᠬᠡᠯᠪᠡᠷᠢ ᠪᠡᠷ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠶ᠋ᠢᠨ ᠤᠬᠠᠮᠰᠠᠷ᠎ᠢ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠦᠨᠳᠦᠰᠦᠯᠡᠭᠦᠯᠦᠨ ᠨᠠᠬᠢᠶᠠᠯᠠᠭᠤᠯᠤᠭᠰᠠᠨ ᠪᠠᠢᠨ᠎ᠠ᠃

ᠳᠡᠷᠭᠡᠳᠡᠬᠢ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠠᠭᠤᠳᠠᠯᠵᠤ᠂ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌》 ᠵᠢᠨ ᠳᠡᠦᠬᠡ ᠵᠢᠨ ᠬᠦᠭᠵᠢᠯᠳᠡ ᠪᠠ ᠪᠣᠳᠠᠲᠤ ᠠᠴᠢ ᠬᠣᠯᠪᠣᠭ᠍ᠳᠠᠯ᠎ᠢ ᠵᠠᠯᠠᠭᠤᠴᠤᠳ ᠪᠠᠭᠠᠴᠤᠳ᠎ᠲᠤ ᠣᠢᠯᠠᠭᠠᠭᠤᠯᠬᠤ ᠪᠣᠯ ᠮᠠᠨ᠎ᠤ ᠤᠷᠤᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠥᠷᠨᠢᠭᠦᠯᠬᠦ᠌ ᠴᠢᠬᠤᠯᠠ ᠠᠷᠭ᠎ᠠ ᠵᠠᠮ ᠪᠣᠯᠤᠨ᠎ᠠ᠃

ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ᠎ᠦᠨ 《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢ ᠪᠠᠢᠭᠤᠯᠤᠭᠰᠠᠨ》ᠦᠵᠡᠭᠦᠯᠭᠡ᠎ᠶ᠋ᠢᠨ᠎ᠲᠢᠩᠬᠢᠮ᠎ᠳᠦ᠎ᠪᠤᠭᠤᠲᠤ᠎ᠶ᠋ᠢᠨ᠎ᠪᠤᠯᠤᠳ᠎ᠲᠡᠮᠤᠷ᠎ᠦᠨ ᠺᠣᠮᠫᠠᠨᠢ᠎ᠶ᠋ᠢᠨ ᠲᠤᠷᠱᠢᠯᠲᠠ᠎ᠶ᠋ᠢᠨ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠳᠥᠷᠪᠡᠳᠦᠭᠡᠷ ᠣᠨ᠎ᠤ ᠵᠢᠷᠭᠤᠳᠤᠭᠠᠷ ᠠᠩᠭᠢ᠎ᠶ᠋ᠢᠨ ᠰᠤᠷᠤᠭ᠍ᠴᠢᠳ ᠨᠠᠮᠤᠷ᠎ᠤᠨ ᠰᠤᠷᠤᠯᠭ᠎ᠠ ᠵᠢᠨ ᠬᠤᠭᠤᠴᠠᠭ᠎ᠠ ᠵᠢᠨ ᠰᠤᠳᠤᠯᠤᠨ ᠰᠤᠷᠤᠯᠴᠠᠬᠤ ᠦᠢᠯᠡᠳᠦᠯᠬᠡ᠎ᠳ᠋ᠤ᠎ᠤᠷᠤᠯᠴᠠᠵᠤ᠂᠎ᠲᠡᠦᠬᠡ᠎ᠶ᠋ᠢᠨ᠎ᠬᠡᠷᠡᠯ᠎ᠵᠢᠷᠤᠭ᠂ᠳᠠᠭᠤᠷᠢᠶᠠᠮᠠᠯ ᠦᠵᠡᠭ᠌ᠳᠡᠯ᠎ᠦᠳ᠎ᠡᠴᠡ ᠪᠠᠭ᠍ᠰᠢ ᠨᠠᠷ᠎ᠤᠨ ᠵᠢᠡᠨ ᠦᠷᠭᠦᠯᠵᠢ ᠶᠠᠷᠢᠳᠠᠭ 《ᠡᠬᠡ ᠤᠯᠤᠰ᠎ᠤᠨ ᠳᠥᠷᠪᠡᠨ ᠎ᠵᠦᠭ ᠎ᠨᠠᠶ᠋ᠮᠠᠨ ᠎ᠵᠣᠪᠬᠢᠰ ᠎ᠠᠴᠠ ᠎ᠦᠪᠦᠷ ᠎ᠮᠤᠩᠭᠤᠯ ᠎ᠳ᠋ᠤ ᠢᠷᠡᠭᠰᠡᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠬᠢᠯᠢ ᠬᠢᠵᠠᠭᠠᠷ᠎ᠤᠷᠤᠨ᠎ᠢ ᠪᠥᠲᠥᠭᠡᠨ ᠪᠠᠢᠭᠤᠯᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ ᠰᠠᠢᠨ ᠰᠠᠢᠬᠠᠨ ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠤᠭᠰᠠᠨ》 ᠰᠡᠳᠭᠢᠯ ᠬᠥᠳᠡᠯᠭᠡᠮ᠎ᠡ ᠥᠯᠢᠭᠡᠷ᠎ᠢ ᠤᠢᠯᠠᠭᠠᠭᠰᠠᠨ ᠪᠢᠯᠡ᠃

ᠲᠦᠪ᠎ᠤᠨ ᠦᠨᠳᠦᠰᠦᠳᠡᠨ᠎ᠤ ᠶᠡᠬᠡ ᠰᠤᠷᠭᠠᠭᠤᠯᠢ ᠵᠢᠨ ᠬᠠᠷᠢᠶᠠᠳᠤ ᠳᠤᠮᠳᠠᠳᠤ ᠰᠤᠷᠭᠠᠭᠤᠯᠢ ᠵᠢᠨ ᠬᠦᠬᠡᠬᠤᠳᠠ ᠵᠢᠨ ᠬᠤᠪᠢᠶᠠᠷᠢ ᠰᠤᠷᠭᠠᠭᠤᠯᠢ ᠳ᠋ᠤ ᠰᠤᠷᠤᠭᠴᠢᠳ ᠲᠦᠪᠡᠳ᠂ ᠮᠤᠩᠭᠤᠯ᠂ ᠳ᠋ᠠᠢ ᠦᠨᠳᠦᠰᠦᠳᠡᠨ ᠵᠡᠷᠬᠡ 8 ᠦᠨᠳᠦᠰᠦᠳᠡᠨ᠎ᠤ ᠪᠦᠵᠢᠭ᠎ᠤᠨ ᠤᠨᠴᠠᠯᠢᠭ᠎ᠢ ᠠᠭᠤᠰᠤᠯᠴᠠᠭᠤᠯᠤᠭᠰᠠᠨ ᠰᠤᠷᠭᠠᠭᠤᠯᠢ ᠵᠢᠨ ᠳᠠᠮᠢᠷ᠎ᠢ ᠬᠢᠳᠡᠭ᠃ 《ᠬᠢᠴᠢᠶᠡᠯ᠎ᠤᠨ ᠲᠠᠩᠬᠢᠮ ᠡᠴᠡ ᠭᠠᠳᠠᠭᠤᠷ ᠰᠤᠷᠤᠭᠴᠢᠳ᠎ᠤᠨ ᠡᠳᠦᠷ ᠳᠤᠳᠤᠮ᠎ᠤᠨ ᠳᠠᠮᠢᠷ᠎ᠤᠨ ᠪᠤᠯᠪᠠᠰᠤᠷᠠᠯ ᠳ᠋ᠤ ᠳᠤᠮᠳᠠᠳᠤ ᠵᠢᠨ ᠰᠢᠯᠢᠳᠡᠭ ᠰᠤᠶᠤᠯ᠎ᠢ ᠮᠡᠳᠡᠷᠡᠬᠦᠯᠬᠦ ᠨᠢ ᠰᠤᠷᠤᠭᠴᠢᠳ᠎ᠤᠨ ᠰᠢᠯᠢᠳᠡᠭ ᠰᠤᠶᠤᠯ᠎ᠢ ᠤᠯᠠᠮᠵᠢᠯᠠᠨ ᠵᠠᠯᠭᠠᠮᠵᠢᠯᠠᠬᠤ ᠳ᠋ᠤ ᠠᠰᠢᠭᠳᠠᠢ》 ᠬᠡᠵᠦ ᠲᠤᠰ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ ᠵᠢᠨ ᠪᠠᠭᠰᠢ ᠬᠡᠯᠡᠵᠦ ᠪᠠᠢᠯ᠎ᠠ᠃

ᠪᠥᠬᠥ᠌ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠨᠤᠭᠤᠳ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠰᠠᠷ᠎ᠠ ᠵᠢᠨ ᠭᠤᠤᠯ ᠰᠡᠳᠦᠪᠲᠦ ᠠᠵᠢᠯᠯᠠᠭ᠎ᠠ᠂ 《ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢᠶᠠᠨ ᠬᠦᠨᠳᠦᠳᠭᠡᠨ ᠳᠡᠭᠡᠳᠦᠯᠡᠬᠦ》᠂ 《ᠪᠢᠴᠢᠭ᠎ᠦᠨ ᠰᠤᠷᠪᠤᠯᠵᠢᠲᠤ ᠰᠤᠷᠭᠠᠭᠤᠯᠢ᠎ᠶ᠋ᠢᠨ ᠬᠦᠷᠢᠶᠡᠨ᠎ᠦ ᠪᠥᠬᠥ᠌ ᠠᠷᠠᠳ᠎ᠤᠨ ᠨᠣᠮ ᠤᠩᠱᠢᠯᠭ᠎ᠠ》 ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠢᠨᠵᠧᠨᠧᠷᠢᠩ᠂ ᠳᠤᠮᠳᠠᠳᠤ᠎ᠶ᠋ᠢᠨ ᠰᠣᠩᠭᠣᠳᠠᠭ ᠨᠣᠮ ᠤᠩᠱᠢᠬᠤ ᠢᠨᠵᠧᠨᠧᠷᠢᠩ ᠵᠡᠷᠭᠡ᠎ᠶ᠋ᠢ ᠬᠡᠷᠡᠭ᠌ᠵᠢᠭᠦᠯᠵᠦ᠍᠂ ᠡᠬᠡ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠨᠠᠩ ᠶᠡᠬᠡ ᠬᠠᠷᠢᠭᠤᠴᠠᠯᠭ᠎ᠠ᠎ᠶ᠋ᠢ ᠤᠬᠠᠮᠰᠠᠷ᠎ᠠᠴᠠ ᠪᠠᠨ ᠡᠬᠦᠷᠭᠡᠯᠡᠬᠦ ᠵᠠᠯᠠᠭᠤᠴᠤᠳ ᠪᠠᠭᠠᠴᠤᠳ᠎ᠢ ᠬᠥᠮᠦᠵᠢᠭᠦᠯᠵᠦ᠍ ᠪᠤᠢ᠃


QQ图片20220117151239.png


ᠪᠦᠳᠦᠮᠵᠢᠳᠦ ᠠᠷᠭ᠎ᠠ ᠠᠪᠴᠠᠯ᠎ᠢᠶᠡᠷ ᠪᠠᠢᠩᠭᠤ᠎ᠶᠢᠨ ᠬᠦᠮᠦᠵᠢᠯ ᠬᠦᠷᠳᠡᠭᠡᠨ᠎ᠡ

ᠮᠠᠨ᠎ᠤ ᠤᠷᠤᠨ ᠵᠠᠯᠠᠭᠤᠴᠤᠳ ᠪᠠᠭᠠᠴᠤᠳ᠎ᠤᠨ ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠬᠦᠮᠦᠵᠢᠯ᠎ᠤᠨ ᠦᠢᠯᠡᠳᠦᠯᠬᠡ ᠳᠤᠮᠳᠠ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠳᠠ᠂ ᠭᠤᠤᠯ ᠰᠡᠳᠦᠪᠳᠤ ᠠᠵᠢᠯᠯᠠᠭ᠎ᠠ᠂ ᠰᠤᠶᠤᠯ ᠵᠢᠡᠷ ᠬᠦᠮᠦᠵᠢᠬᠦᠯᠬᠦ᠂ ᠨᠡᠢᠬᠡᠮ᠎ᠤᠨ ᠦᠢᠯᠡᠳᠦᠯᠬᠡ ᠵᠡᠷᠬᠡ ᠤᠯᠠᠨ ᠪᠦᠳᠦᠮᠵᠢᠳᠦ ᠠᠷᠭ᠎ᠠ ᠠᠪᠴᠠᠯ᠎ᠢ ᠬᠠᠢᠨ ᠰᠦᠪᠡᠭᠴᠢᠯᠡᠵᠦ ᠪᠠᠢᠩᠭᠤ᠎ᠶᠢᠨ ᠬᠦᠮᠦᠵᠢᠯ ᠬᠦᠷᠳᠡᠭᠡᠵᠦ ᠪᠠᠢᠳᠠᠭ᠃

2021 ᠤᠨ ᠳ᠋ᠤ ᠮᠠᠨ᠎ᠤ ᠤᠷᠤᠨ ᠨᠠᠮ᠎ᠤᠨ ᠳᠡᠦᠬᠡ ᠵᠢᠨ ᠰᠤᠷᠤᠯᠴᠠᠯᠭ᠎ᠠ ᠬᠦᠮᠦᠵᠢᠯ ᠵᠢᠡᠷ ᠠᠵᠠ ᠳᠤᠬᠢᠶᠠᠯ ᠪᠤᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠬᠠᠮᠳᠤ ᠳ᠋ᠤᠨᠢ ᠠᠬᠢᠭᠤᠯᠵᠤ᠂ ᠪᠦᠬᠦ᠌ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠳᠤ ᠨᠠᠮ᠎ᠤᠨ ᠲᠡᠦᠬᠡ᠎ᠶ᠋ᠢᠨ ᠮᠡᠳᠡᠯᠭᠡ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂《ᠤᠷᠢ ᠵᠠᠯᠠᠭᠤ ᠨᠠᠰᠤ᠎ᠪᠠᠨ ᠡᠬᠡ ᠤᠯᠤᠰ᠎ᠲᠠᠭᠠᠨ ᠵᠣᠷᠢᠭᠤᠯᠬᠤ》 ᠵᠡᠷᠭᠡ ᠬᠥᠮᠦᠵᠢᠯ᠎ᠦᠨ ᠠᠵᠢᠯᠯᠠᠭ᠎ᠠ ᠥᠷᠨᠢᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠳᠤᠮᠳᠠ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠣᠢᠯᠠᠭᠠᠯᠲᠠ ᠪᠣᠯᠤᠨ ᠦᠢᠯᠡᠳᠦᠯᠭᠡ ᠵᠢ ᠬᠦᠨᠵᠡᠬᠡᠢᠷᠡᠬᠦᠯᠪᠡ᠃

ᠢᠳᠡᠬᠡᠯ ᠪᠢᠰᠢᠷᠡᠯ ᠳᠠᠢ ᠪᠤᠯ ᠢᠳᠡ ᠬᠦᠴᠦᠨ ᠳᠠᠢ᠃ ᠦᠵᠡᠯ ᠰᠠᠨᠠᠭ᠎ᠠ ᠵᠢᠨ ᠬᠦᠮᠦᠵᠢᠯ᠎ᠤᠨ ᠬᠦᠨᠵᠡᠬᠡᠢᠷᠡᠯ᠎ᠢ ᠳᠠᠭᠠᠯᠳᠤᠨ᠂ ᠪᠥᠬᠥ᠌ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ 《ᠨᠠᠮ ᠮᠠᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢᠳᠡ ᠪᠤᠢ》 ᠬᠡᠬᠦ ᠦᠶ᠋ᠯᠡᠳᠦᠯᠭᠡ᠎ᠳᠦ ᠢᠳᠡᠪᠬᠢᠳᠡᠢ ᠣᠷᠣᠯᠴᠠᠵᠠᠭᠠᠪᠠ᠃

—《ᠪᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯ᠎ᠳᠤ ᠣᠷᠣᠯᠴᠠᠭᠰᠠᠨ》᠃

—《ᠪᠢ ᠪᠣᠯ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠦᠨ ᠨᠢᠭᠡ ᠭᠡᠱᠢᠭᠦᠨ ᠮᠥᠨ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠮᠡᠳᠡᠯᠭᠡ ᠳᠤᠷᠰᠢᠯᠭ᠎ᠠ ᠪᠠᠶᠠᠯᠢᠭ》᠃

2021 ᠤᠨ᠎ᠤ 10 ᠰᠠᠷ᠎ᠠ ᠳ᠋ᠤ᠂ ᠡᠵᠡᠨ᠎ᠡ ᠳ᠋ᠤ ᠬᠢᠵᠢᠭ᠎ᠤᠨ ᠪᠠᠢᠳᠠᠯ ᠡᠬᠦᠰᠬᠦ ᠳ᠋ᠤ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠂ ᠪᠤᠭᠤᠲᠤ᠎ᠶ᠋ᠢᠨ ᠠᠨᠠᠭᠠᠬᠤ ᠤᠬᠠᠭᠠᠨ᠎ᠤ ᠳᠡᠭᠡᠳᠦ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠶ᠋ᠢᠨ 1000 ᠭᠠᠷᠤᠶ ᠰᠣᠷᠣᠭ᠍ᠴᠢᠳ 2 ᠴᠠᠭ ᠪᠤᠯᠤᠯ ᠦᠬᠡᠢ ᠪᠡᠷ ᠰᠠᠢᠨ ᠳᠤᠷ᠎ᠠ᠎ᠶ᠋ᠢᠨ ᠦᠢᠯᠡᠴᠢᠯᠡᠬᠡ ᠳ᠋ᠤ ᠤᠷᠤᠯᠴᠠᠬᠤ 《ᠭᠤᠶᠤᠴᠢᠯᠠᠬᠤ ᠪᠢᠴᠢᠭ》ᠲᠤᠱᠢᠶᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠨᠠᠮ ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ ᠳ᠋ᠤ ᠪᠢᠳᠡ ᠪᠤᠢ》 ᠭᠡᠬᠦ᠌ ᠪᠠᠲᠤ ᠲᠠᠩᠭᠠᠷᠢᠭ᠎ᠢᠶᠠᠨ ᠦᠶ᠋ᠯᠡᠳᠦᠯᠭᠡᠵᠢᠭᠦᠯᠪᠡ᠃




ᠦᠵᠡᠯ ᠰᠠᠨᠠᠭ᠎ᠠ ᠤᠯᠤᠰ ᠲᠦᠷᠦ᠎ᠶᠢᠨ ᠬᠦᠮᠦᠵᠢᠯ᠎ᠢ ᠪᠠᠢᠩᠭᠤ ᠬᠦᠨᠵᠡᠬᠡᠢ ᠦᠷᠨᠢᠭᠦᠯᠬᠦ ᠳ᠋ᠤ ᠰᠦᠪᠡᠭᠴᠢᠯᠡᠯᠳᠡ ᠴᠢᠬᠤᠯᠠ ᠪᠠᠢᠳᠠᠭ᠃ ᠮᠠᠨ᠎ᠤ ᠤᠷᠤᠨ ᠨᠢᠭᠡ ᠪᠦᠯᠦᠭ ᠶᠡᠬᠡ ᠳᠡᠭᠡᠳᠦ ᠰᠤᠷᠭᠠᠭᠤᠯᠢ᠎ᠶ᠋ᠢᠨ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ》 ᠢ᠋ ᠪᠠᠢᠭᠤᠯᠵᠤ᠂ ᠳᠤᠰᠬᠠᠢ ᠰᠡᠳᠦᠪᠳᠤ ᠤᠨᠤᠯ᠎ᠤᠨ ᠰᠤᠳᠤᠯᠭᠠᠨ᠎ᠢ ᠴᠢᠩᠭᠠᠳᠬᠠᠵᠤ᠂ ᠵᠦᠢ ᠶᠤᠰᠤ ᠲᠠᠢ ᠵᠠᠳᠠᠯᠤᠯᠳᠠ᠂ ᠦᠨᠡᠨ ᠶᠤᠰᠤ ᠪᠡᠷ ᠰᠤᠷᠤᠭᠴᠢᠳ᠎ᠤᠨ ᠤᠶᠤᠨ ᠤᠬᠠᠭᠠᠨ᠎ᠢ ᠤᠮᠳᠠᠯᠠᠵᠤ ᠪᠠᠢᠨ᠎ᠠ᠃

ᠪᠦᠬᠦ ᠤᠷᠤᠨ᠎ᠤ ᠰᠤᠷᠭᠠᠨ ᠬᠦᠮᠦᠵᠢᠯ᠎ᠤᠨ ᠰᠢᠰᠲ᠋ᠧᠮ᠎ᠤᠨ ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠢ ᠴᠢᠩᠭ᠎ᠠ ᠠᠳᠭᠤᠵᠤ᠂ ᠦᠨᠳᠦᠰᠦᠳᠡᠨ ᠨᠤᠬᠦᠳ᠎ᠤᠨ ᠰᠤᠷᠤᠭᠴᠢᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠭᠦᠨᠵᠡᠭᠡᠢᠷᠡᠭᠦᠯᠵᠦ᠍᠂ ᠦᠵᠡᠯ ᠰᠠᠨᠠᠭ᠎ᠠ ᠤᠯᠤᠰ ᠲᠦᠷᠦ ᠵᠢᠨ ᠬᠦᠮᠦᠵᠢᠯ ᠵᠢᠡᠷ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠡᠭᠦᠷᠭᠡᠯᠡᠬᠦ᠌ ᠡᠷᠢᠨ ᠴᠠᠭ᠎ᠤᠨ ᠱᠢᠨ᠎ᠡ ᠬᠥᠮᠦᠨ᠎ᠢ ᠬᠦᠮᠦᠵᠢᠭᠦᠯᠵᠦ ᠪᠠᠢᠨᠠᠮ᠃

(ᠭᠡᠷᠡᠯ ᠵᠢᠷᠤᠭ᠎ᠢ ᠬᠦᠬᠡᠬᠤᠳᠠ ᠵᠢᠨ ᠰᠤᠷᠭᠠᠨ ᠬᠦᠮᠦᠵᠢᠯ ᠵᠢᠷᠬᠢᠶ᠎ᠠ ᠵᠢᠨ ᠲᠠᠪᠴᠠᠩ ᠡᠴᠡ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号