ᠮᠠᠨ᠎ᠤ ᠤᠷᠤᠨ ᠪᠠᠭᠰᠢ ᠵᠢᠨ 《 ᠬᠠᠷᠢᠮᠠᠬᠠᠢ ᠠᠵᠢᠯᠯᠠᠵᠤ ᠠᠮᠠᠷᠠᠬᠤ》 ᠳᠦᠷᠢᠮ᠎ᠢ ᠭᠡᠷᠡᠭᠵᠢᠭᠦᠯᠦᠨ᠎ᠠ
2022-01-17 16:07:19
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠦᠪᠡᠷᠳᠡᠬᠡᠨ ᠵᠠᠰᠠᠬᠤ ᠤᠷᠤᠨ ᠎ᠤ ᠰᠤᠷᠭᠠᠨ ᠬᠦᠮᠦᠵᠢᠯ ᠎ᠤᠨ ᠲᠢᠩᠬᠢᠮ ᠮᠡᠳᠡᠭᠳᠡᠯ ᠪᠠᠭᠤᠯᠭᠠᠵᠤ᠂ ᠡᠯ᠎ᠠ ᠭᠠᠵᠠᠷ ᠎ᠤᠨ ᠡᠯ᠎ᠠ ᠰᠤᠷᠭᠠᠭᠤᠯᠢ 《ᠬᠤᠶᠠᠷ ᠎ᠢ ᠬᠦᠩᠬᠡᠷᠡᠬᠦᠯᠬᠦ》ᠪᠠᠢᠳᠠᠯ ᠳᠤᠤᠷ᠎ᠠ᠂ ᠪᠠᠭᠰᠢ ᠵᠢ ᠬᠠᠯᠠᠮᠵᠢᠯᠠᠬᠤ ᠠᠵᠢᠯ ᠎ᠢ ᠰᠠᠢᠳᠤᠷ ᠬᠢᠵᠦ᠂ 2022 ᠣᠨ᠎ᠤ ᠬᠠᠪᠤᠷ᠎ᠤᠨ᠎ᠤᠯᠠᠷᠢᠯ᠎ᠤᠨ ᠰᠤᠷᠤᠯᠭ᠎ᠠ ᠎ᠶ᠋ᠢᠨ ᠬᠤᠭᠤᠴᠠᠭ᠎ᠠ᠎ᠠᠴᠠ ᠡᠬᠢᠯᠡᠨ ᠪᠠᠭ᠍ᠰᠢ᠎ᠶ᠋ᠢᠨ 《ᠬᠠᠷᠢᠮᠠᠬᠠᠢ ᠠᠵᠢᠯᠯᠠᠵᠤ ᠠᠮᠠᠷᠠᠬᠤ》 ᠲᠦᠷᠢᠮ᠎ᠢ ᠭᠡᠷᠡᠭᠵᠢᠬᠦᠯᠬᠦ᠎ᠪᠠᠷ ᠪᠣᠶ᠃

ᠮᠡᠳᠡᠭᠳᠡᠯ ᠳ᠋ᠤ᠂ 《ᠬᠣᠶᠠᠷ᠎ᠢ ᠭᠦᠡᠭᠭᠡᠷᠡᠭᠦᠯᠭᠦ》 ᠠᠵᠢᠯ᠎ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠮᠠᠰᠢ ᠣᠯᠠᠨ ᠪᠠᠭ᠍ᠰᠢ ᠬᠢᠴᠢᠶᠡᠯ᠎ᠦᠨ ᠳᠠᠷᠠᠭᠠᠬᠢ ᠦᠶ᠋ᠯᠡᠴᠢᠯᠡᠭᠡᠨ᠎ᠦ ᠠᠵᠢᠯ᠎ᠳᠤ ᠣᠷᠣᠯᠴᠠᠭ᠍ᠰᠠᠨ ᠪᠣᠯᠬᠣᠷ ᠪᠤᠰᠤᠳᠴᠢ ᠲᠠᠯ᠎ᠠ᠎ᠠᠴᠠ ᠪᠠᠭ᠍ᠰᠢ᠎ᠳᠤ ᠱᠢᠨ᠎ᠡ ᠳᠠᠷᠤᠭᠠᠰᠤ ᠨᠡᠮᠡᠭ᠌ᠳᠡᠭᠰᠡᠨ ᠪᠠᠢᠨ᠎ᠠ᠃ 《ᠬᠠᠷᠢᠮᠠᠬᠠᠢ ᠠᠵᠢᠯᠯᠠᠵᠤ ᠠᠮᠠᠷᠠᠬᠤ》 ᠳᠦᠷᠢᠮ᠎ᠢ ᠰᠤᠷᠭᠠᠭᠤᠯᠢ᠎ᠠᠴᠠ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ᠎ᠪᠠᠷ ᠭᠣᠣᠯ ᠪᠣᠯᠭᠠᠵᠤ᠂ ᠪᠠᠭ᠍ᠰᠢ᠎ᠶ᠋ᠢᠨ ᠬᠤᠪᠢ ᠬᠥᠮᠦᠨ᠎ᠦ ᠲᠤᠬᠢᠷᠠᠭᠤᠯᠭ᠎ᠠ᠎ᠪᠠᠷ ᠬᠠᠪᠰᠤᠷᠤᠮᠵᠢ ᠪᠣᠯᠭᠠᠨ᠎ᠠ᠃ ᠪᠠᠭ᠍ᠰᠢ ᠲᠣᠭ᠍ᠲᠠᠭ᠍ᠰᠠᠨ ᠠᠵᠢᠯᠯᠠᠬᠤ ᠴᠠᠭ᠎ᠤᠨ ᠣᠷᠳᠣ᠂ ᠲᠣᠭ᠍ᠲᠠᠭᠠᠭ᠍ᠰᠠᠨ ᠠᠵᠢᠯ᠎ᠤᠨ ᠡᠭᠦᠷᠭᠡ᠎ᠶ᠋ᠢ ᠪᠡᠶᠡᠯᠡᠭᠦᠯᠦᠭ᠌ᠰᠡᠨ ᠪᠠ ᠵᠢᠭᠠᠨ ᠰᠤᠷᠭᠠᠯᠲᠠ᠎ᠶ᠋ᠢᠨ ᠬᠡᠪ᠎ᠦᠨ ᠡᠮᠬᠢ ᠵᠢᠷᠤᠮ᠎ᠢ ᠪᠠᠲᠤᠯᠠᠭ᠍ᠰᠠᠨ ᠤᠷᠢᠲᠠᠯ ᠳᠤᠤᠷ᠎ᠠ᠂ ᠭᠠᠷᠠᠭ ᠪᠦᠷᠢ ᠠᠳᠠᠭ᠎ᠲᠠᠭᠠᠨ 1 ᠤᠳᠠᠭ᠎ᠠ ᠬᠠᠭᠠᠰ ᠡᠳᠦᠷ᠎ᠦᠨ ᠬᠠᠷᠢᠮᠠᠬᠠᠶ ᠠᠮᠠᠷᠠᠯᠲᠠ ᠳᠣᠭᠢᠷᠠᠭᠤᠯᠬᠤ ᠬᠡᠷᠡᠭ᠌ᠲᠡᠶ᠂ ᠪᠠᠰᠠ ᠵᠣᠬᠢᠬᠤ ᠬᠡᠮᠵᠢᠶ᠎ᠡ᠎ᠪᠡᠷ ᠤᠷᠢᠳᠴᠢᠯᠠᠨ ᠰᠤᠷᠭᠠᠭᠤᠯᠢ᠎ᠠᠴᠠ ᠰᠠᠯᠬᠤ ᠪᠤᠶᠤ ᠰᠤᠷᠭᠠᠭᠤᠯᠢ᠎ᠳ᠋ᠦ ᠬᠤᠵᠢᠮᠳᠠᠨ ᠢᠷᠡᠵᠤ᠂ ᠲᠤᠬᠠᠶ᠎ᠶ᠋ᠢᠨ ᠭᠠᠵᠠᠷ᠎ᠤᠨ ᠥᠷᠯᠥᠭᠡ ᠣᠷᠣᠶ᠎ᠶ᠋ᠢᠨ ᠠᠵᠢᠯᠯᠠᠵᠤ ᠠᠮᠠᠷᠠᠬᠤ ᠣᠷᠭᠢᠯ ᠴᠠᠭ᠎ᠠᠴᠠ ᠴᠠᠭ ᠵᠥᠷᠢᠵᠦ᠍ ᠠᠵᠢᠯ᠎ᠳᠤ ᠭᠠᠷᠴᠤ᠌ ᠠᠵᠢᠯ᠎ᠠᠴᠠ ᠪᠠᠭᠤᠵᠤ ᠪᠣᠯᠤᠨ᠎ᠠ᠃ ᠬᠢᠴᠢᠶᠡᠯ᠎ᠦᠨ ᠳᠠᠷᠠᠭᠠᠬᠢ ᠦᠶ᠋ᠯᠡᠴᠢᠯᠡᠭᠡ᠎ᠳᠦ AB ᠠᠵᠢᠯ᠎ᠤᠨ ᠪᠠᠢᠷᠢ᠎ᠶ᠋ᠢᠨ ᠲᠦᠷᠢᠮ ᠲᠣᠭ᠍ᠲᠠᠭᠠᠵᠤ᠂ ᠪᠠᠭ᠍ᠰᠢ᠎ᠶ᠋ᠢ ᠬᠢᠴᠢᠶᠡᠯ᠎ᠦᠨ ᠳᠠᠷᠠᠭᠠᠬᠢ ᠦᠶ᠋ᠯᠡᠴᠢᠯᠡᠭᠡᠨ᠎ᠦ ᠶᠠᠪᠤᠴᠠ᠎ᠳᠤ ᠪᠦᠲᠦᠮᠵᠢᠲᠡᠶ ᠡᠭᠡᠯᠵᠢᠯᠡᠨ ᠠᠵᠢᠯ᠎ᠤᠨ ᠪᠠᠢᠷᠢ᠎ᠳᠤ ᠭᠠᠷᠭᠠᠵᠤ᠂ ᠪᠠᠭ᠍ᠰᠢ᠎ᠶ᠋ᠢᠨ ᠪᠠᠴᠢᠮ ᠪᠠᠢᠳᠠᠯ᠎ᠢ ᠠᠷᠭᠠᠴᠠᠭᠠᠨ ᠴᠠᠭ᠎ᠢᠶᠠᠨ ᠲᠣᠬᠢᠷᠠᠭᠤᠯᠬᠤ᠎ᠳᠤ ᠲᠥᠬᠥᠮ ᠦᠵᠡᠭᠦᠯᠬᠦ᠌ ᠬᠡᠷᠡᠭ᠌ᠲᠡᠶ ᠭᠡᠵᠦ᠍ ᠲᠣᠳᠣᠷᠬᠠᠶ ᠲᠣᠭ᠍ᠲᠠᠭᠠᠪᠠ᠃ ᠡᠯ᠎ᠡ ᠭᠠᠵᠠᠷ᠎ᠤᠨ ᠡᠯ᠎ᠡ ᠰᠤᠷᠭᠠᠭᠤᠯᠢ ᠴᠤ᠌ ᠪᠣᠳᠠᠲᠤ ᠪᠠᠢᠳᠠᠯ᠎ᠢᠶᠠᠨ ᠦᠨᠳᠦᠰᠦᠯᠡᠨ᠂ 《ᠬᠠᠷᠢᠮᠠᠬᠠᠢ ᠠᠵᠢᠯᠯᠠᠵᠤ ᠠᠮᠠᠷᠠᠬᠤ》ᠰᠢᠨ᠎ᠠ ᠲᠦᠷᠢᠮ᠎ᠢ ᠡᠭᠦᠳᠦᠨ ᠬᠡᠷᠡᠭ᠌ᠵᠢᠭᠦᠯᠵᠦ᠍᠂ ᠪᠠᠭ᠍ᠰᠢ᠎ᠶ᠋ᠢᠨ ᠰᠤᠷᠤᠯᠴᠠᠬᠤ᠂ ᠬᠢᠴᠢᠶᠡᠯ ᠪᠡᠯᠡᠳᠭᠡᠬᠦ᠌ ᠪᠠ ᠠᠮᠠᠷᠠᠬᠤ ᠴᠠᠭ᠎ᠢ ᠵᠣᠬᠢᠰᠲᠠᠶ ᠲᠣᠬᠢᠷᠠᠭᠤᠯᠵᠤ᠂ ᠪᠠᠭ᠍ᠰᠢ᠎ᠶ᠋ᠢᠨ ᠦᠨᠳᠦᠰᠦᠨ ᠡᠷᠬᠡ ᠠᠱᠢᠭ᠎ᠢ ᠪᠠᠲᠤᠯᠠᠵᠤ ᠪᠣᠯᠤᠨ᠎ᠠ ᠭᠡᠪᠡ᠃

ᠡᠭᠦᠨ᠎ᠦ ᠬᠠᠮᠲᠤ᠂ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠬᠢᠨ ᠠᠵᠢᠯ᠎ᠤᠨ ᠬᠠᠮᠲᠤᠷᠠᠯ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠵᠤ᠂ ᠪᠠᠭ᠍ᠰᠢ᠎ᠶ᠋ᠢ ᠬᠠᠯᠠᠮᠵᠢᠯᠠᠨ ᠬᠠᠢᠷᠠᠯᠠᠬᠤ᠎ᠵᠢ ᠶᠤᠰᠤ ᠪᠡᠷ ᠵᠠᠰᠠᠬᠤ ᠢᠨᠵᠧᠨᠧᠷᠢᠩ ᠪᠣᠯᠭᠠᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠢᠳᠡᠪᠬᠢᠲᠡᠶ ᠵᠣᠬᠢᠴᠠᠭᠤᠯᠤᠨ ᠪᠠᠭ᠍ᠰᠢ᠎ᠨᠠᠷ᠎ᠢ ᠬᠠᠯᠠᠮᠵᠢᠯᠠᠨ ᠬᠠᠢᠷᠠᠯᠠᠬᠤ ᠲᠠᠪᠴᠠᠩ᠎ᠢ ᠬᠠᠮᠲᠤᠷᠠᠨ ᠪᠠᠢᠭᠤᠯᠬᠤ ᠬᠡᠷᠡᠭ᠌ᠲᠡᠶ᠃ 《ᠬᠣᠶᠠᠷ᠎ᠢ ᠬᠦᠩᠬᠡᠷᠡᠬᠦᠯᠬᠦ》 ᠡᠭᠦᠷᠭᠡ᠎ᠶ᠋ᠢ ᠨᠠᠢᠳᠠᠪᠤᠷᠢᠵᠢᠭᠤᠯᠬᠤ ᠳᠤᠮᠳᠠ ᠡᠯ᠎ᠡ ᠭᠠᠵᠠᠷ᠎ᠤᠨ ᠡᠯ᠎ᠡ ᠰᠤᠷᠭᠠᠭᠤᠯᠢ ᠬᠢᠴᠢᠶᠡᠯ᠎ᠦᠨ ᠳᠠᠷᠠᠭᠠᠬᠢ ᠦᠶ᠋ᠯᠡᠴᠢᠯᠡᠭᠡᠨ᠎ᠦ ᠬᠦᠴᠦᠨ᠎ᠢᠶᠡᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠠᠵᠢᠯ᠎ᠠᠴᠠ᠎ᠪᠠᠨ ᠠᠮᠠᠷᠠᠭ᠍ᠰᠠᠨ ᠪᠠᠭ᠍ᠰᠢ᠂ ᠬᠡᠷ᠎ᠦᠨ ᠠᠬᠠᠮᠠᠳ ᠰᠠᠢᠨ ᠲᠤᠷᠠᠴᠤᠳ᠂ ᠨᠡᠢᠭᠡᠮ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠪᠦᠯᠬᠦᠮ ᠵᠢᠴᠢ ᠬᠢᠴᠢᠶᠡᠯ ᠲᠥᠷᠥᠯ᠎ᠦᠨ ᠪᠤᠰᠤ ᠪᠣᠯᠪᠠᠰᠤᠷᠠᠯ᠎ᠤᠨ ᠪᠠᠢᠭᠤᠯᠤᠮᠵᠢ᠎ᠶ᠋ᠢ ᠤᠷᠢᠨ ᠲᠣᠮᠢᠯᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠡᠯ᠎ᠡ ᠲᠥᠷᠥᠯ᠎ᠦᠨ ᠡᠬᠢ ᠪᠠᠶᠠᠯᠢᠭ᠎ᠢ ᠥᠷᠭᠡᠨ᠎ᠢᠶᠡᠷ ᠴᠤᠭ᠍ᠯᠠᠷᠠᠭᠤᠯᠤᠨ ᠬᠢᠴᠢᠶᠡᠯ᠎ᠦᠨ ᠳᠠᠷᠠᠭᠠᠬᠢ ᠦᠶ᠋ᠯᠡᠴᠢᠯᠡᠭᠡ᠎ᠳᠦ ᠣᠷᠣᠯᠴᠠᠭᠤᠯᠬᠤ᠎ᠶ᠋ᠢ ᠢᠳᠡᠪᠬᠢᠲᠡᠶ ᠰᠦᠪᠡᠭᠴᠢᠯᠡᠵᠦ ᠪᠤᠯᠤᠨ᠎ᠠ᠃ ᠦᠶ᠋ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ᠎ᠢᠶᠠᠷ ᠳᠠᠮᠵᠢᠭᠤᠯᠤᠨ᠂ ᠨᠡᠢᠭᠡᠮ᠎ᠦᠨ ᠬᠦᠴᠦᠨ᠎ᠵᠢᠡᠷ ᠦᠶ᠋ᠯᠡᠴᠢᠯᠡᠭᠡᠨ᠎ᠦ ᠠᠵᠢᠯ ᠪᠠ ᠵᠢᠭᠠᠨ ᠰᠤᠷᠭᠠᠯᠲᠠ᠎ᠶ᠋ᠢᠨ ᠬᠠᠪᠰᠤᠷᠤᠮᠵᠢ ᠦᠶ᠋ᠯᠡᠴᠢᠯᠡᠭᠡ ᠬᠠᠩᠭᠠᠯᠭᠠᠵᠤ᠂ ᠪᠠᠭ᠍ᠰᠢ᠎ᠶ᠋ᠢᠨ ᠳᠠᠷᠤᠭᠠᠰᠤ ᠬᠡᠲᠦ ᠬᠦᠨᠳᠦ ᠪᠠᠢᠬᠤ ᠵᠡᠷᠭᠡ ᠠᠰᠠᠭᠤᠳᠠᠯ᠎ᠢ ᠨᠠᠮᠳᠠᠭᠤᠯᠬᠤ᠎ᠶ᠋ᠢ ᠢᠳᠡᠪᠬᠢᠲᠡᠶ᠎ᠰᠦᠪᠡᠭᠴᠢᠯᠡᠵᠦ ᠪᠤᠯᠤᠨ᠎ᠠ ᠬᠡᠵᠦ ᠱᠠᠭᠠᠷᠳᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号