ᠥᠪᠡᠷᠲᠡᠭᠡᠨ
ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ
ᠪᠣᠳᠠᠲᠤ ᠪᠠᠢᠳᠠᠯ ᠲᠠᠶ ᠤᠶᠠᠯᠳᠤᠭᠤᠯᠤᠨ᠂ ᠨᠢᠭᠡᠳᠦᠯᠲᠡᠶ ᠲᠥᠯᠥᠪᠵᠢᠭᠦᠯᠦᠨ ᠨᠢᠮᠪᠠᠶ ᠪᠠᠢᠷᠢᠯᠠᠭᠤᠯᠵᠤ᠂ ᠪᠥᠬᠥ
ᠣᠷᠣᠨ ᠤ᠋ 《ᠰᠠᠭᠤᠷᠢ ᠰᠤᠷᠭᠠᠨ ᠬᠥᠮᠦᠵᠢᠯ ᠤ᠋ᠨ ᠰᠣᠳᠣᠨ ᠬᠢᠴᠢᠶᠡᠯ》 ᠢ᠋ ᠰᠣᠩᠭᠣᠨ ᠲᠠᠨᠢᠯᠴᠠᠭᠤᠯᠵᠤ ᠨᠡᠢᠳᠡ 365 ᠰᠢᠯᠭᠠᠷᠠᠭᠤᠯᠤᠨ ᠭᠠᠷᠭᠠᠪᠠ᠃
ᠪᠦᠲᠦᠭᠡᠯ ᠵᠢᠡᠨ ᠮᠡᠳᠡᠬᠦᠯᠬᠦ ᠶᠠᠪᠤᠴᠠ ᠳ᠋ᠤ᠂ ᠡᠯ᠎ᠡ ᠠᠢᠮᠠᠭ ᠬᠣᠲᠠ ᠢᠳᠡᠪᠬᠢᠲᠡᠶ
ᠵᠣᠬᠢᠶᠠᠨ ᠪᠠᠢᠭᠤᠯᠵᠤ᠂ ᠪᠥᠬᠥ ᠣᠷᠣᠨ ᠤ᠋ 3330 ᠳᠤᠮᠳᠠᠳᠤ ᠪᠠᠭ᠎ᠠ ᠰᠤᠷᠭᠠᠭᠤᠯᠢ ᠵᠢᠨ 8567 ᠪᠠᠭᠰᠢ ᠨᠡᠷ᠎ᠡ
ᠮᠡᠳᠡᠭᠦᠯᠦᠨ ᠣᠷᠣᠯᠴᠠᠵᠤ᠂ ᠨᠡᠢᠲᠡ 4413 ᠰᠣᠳᠣᠨ ᠬᠢᠴᠢᠶᠡᠯ ᠲᠡᠪᠰᠢᠭᠦᠯᠦᠭᠳᠡᠨ᠂ ᠡᠯ᠎ᠡ ᠰᠤᠷᠤᠯᠭ᠎ᠠ ᠵᠢᠨ ᠱᠠᠲᠤᠨᠤ 31 ᠬᠢᠴᠢᠶᠡᠯ ᠲᠦᠷᠦᠯ ᠲᠠᠢ ᠬᠣᠯᠪᠣᠭᠳᠠᠵᠠᠶ᠃ ᠰᠤᠷᠭᠠᠭᠤᠯᠢ ᠡᠴᠡ ᠪᠠᠲᠤᠯᠠᠨ ᠲᠠᠨᠢᠯᠴᠠᠭᠤᠯᠬᠤ᠂ ᠬᠣᠰᠢᠭᠤ
ᠰᠢᠶᠠᠨ ᠠᠩᠬ᠎ᠠ ᠰᠣᠩᠭᠣᠬᠤ᠂ ᠠᠢᠮᠠᠭ ᠬᠣᠲᠠ ᠰᠢᠯᠢᠨ ᠰᠣᠩᠭᠣᠬᠤ᠂ ᠥᠪᠡᠷᠲᠡᠭᠡᠨ ᠵᠠᠰᠠᠬᠤ ᠣᠷᠣᠨ ᠰᠢᠯᠢᠨ ᠰᠣᠩᠭᠣᠬᠤ
ᠭᠡᠬᠦ ᠮᠡᠳᠦ ᠱᠠᠲᠤ ᠳᠠᠷᠠᠭᠠᠯᠠᠨ ᠬᠢᠨᠠᠨ ᠲᠣᠭᠲᠠᠭᠠᠵᠤ ᠪᠠᠲᠤᠯᠠᠨ ᠲᠠᠨᠢᠯᠴᠠᠭᠤᠯᠬᠤ ᠪᠡᠷ ᠳᠡᠮᠵᠢᠨ ᠡᠴᠦᠰ ᠲᠸ᠋
ᠥᠪᠡᠷᠲᠡᠭᠡᠨ ᠵᠠᠰᠠᠬᠤ ᠣᠷᠣᠨ ᠤ᠋ ᠲᠡᠰᠤᠨ《ᠰᠠᠭᠤᠷᠢ ᠰᠤᠷᠭᠠᠨ ᠬᠥᠮᠦᠵᠢᠯ ᠤ᠋ᠨ ᠰᠣᠳᠣᠨ ᠬᠢᠴᠢᠶᠡᠯ》 ᠢ᠋ 356 ᠰᠢᠯᠭᠠᠷᠠᠭᠤᠯᠤᠨ
ᠭᠠᠷᠭᠠᠪᠠ᠃ ᠡᠭᠦᠨ ᠳ᠋ᠤ 257 ᠰᠢᠯᠢᠳᠡᠭ ᠪᠦᠲᠦᠭᠡᠯ ᠨᠢ ᠥᠪᠥᠷ ᠮᠣᠩᠭᠣᠯ ᠢ ᠲᠥᠯᠥᠭᠡᠯᠡᠨ ᠰᠤᠷᠭᠠᠨ ᠬᠥᠮᠦᠵᠢᠯ
ᠤ᠋ᠨ ᠶᠠᠮᠤᠨ ᠤ᠋ ᠰᠢᠯᠢᠨ ᠰᠤᠩᠭᠤᠯᠳᠠ ᠳ᠋ᠤ ᠤᠷᠤᠯᠴᠠᠪᠠ᠃
ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠰᠣᠳᠣᠨ ᠬᠢᠴᠢᠶᠡᠯ ᠨᠢ ᠰᠢᠯᠢᠳᠡᠭ
ᠬᠢᠴᠢᠶᠡᠯ ᠤ᠋ᠨ ᠡᠬᠢ ᠪᠠᠶᠠᠯᠢᠭ ᠪᠣᠯᠤᠭᠰᠠᠨ ᠤ᠋ ᠬᠤᠪᠢ ᠳ᠋ᠤ ᠥᠪᠡᠷᠲᠡᠭᠡᠨ ᠵᠠᠰᠠᠬᠤ ᠣᠷᠣᠨ
ᠤ᠋ ᠰᠤᠷᠭᠠᠨ ᠬᠥᠮᠦᠵᠢᠯ ᠤ᠋ᠨ ᠣᠯᠠᠨ ᠨᠡᠢᠲᠡ ᠵᠢᠨ ᠦᠢᠯᠡᠴᠢᠯᠡᠭᠡᠨ ᠤ᠋ ᠲᠠᠪᠴᠠᠩ ᠳ᠋ᠤ ᠳᠡᠯᠭᠡᠭᠳᠡᠵᠦ᠂ ᠪᠥᠬᠥ
ᠣᠷᠣᠨ ᠤ᠋ ᠥᠷᠭᠡᠨ ᠣᠯᠠᠨ ᠪᠠᠭᠰᠢ ᠰᠤᠷᠤᠭᠴᠢᠳ ᠤ᠋ᠨ ᠰᠦᠯᠵᠢᠶᠡᠨ ᠳᠡᠭᠡᠷ᠎ᠡ ᠰᠤᠷᠤᠯᠴᠠᠵᠤ ᠬᠡᠷᠡᠭᠯᠡᠬᠦ ᠳ᠋ᠤ ᠲᠦᠭᠦᠮ
ᠦᠵᠡᠭᠦᠯᠵᠦ ᠪᠠᠢᠨ᠎ᠠ᠃
ᠲᠣᠰ ᠤᠳᠠᠭᠠᠨ ᠤ᠋ 《ᠰᠠᠭᠤᠷᠢ ᠰᠤᠷᠭᠠᠨ ᠬᠥᠮᠦᠵᠢᠯ
ᠤ᠋ᠨ ᠰᠣᠳᠣᠨ ᠬᠢᠴᠢᠶᠡᠯ》 ᠢ ᠰᠢᠯᠭᠠᠷᠠᠭᠤᠯᠬᠤ ᠠᠵᠢᠯᠯᠠᠭ᠎ᠠ ᠨᠢ ᠥᠷᠭᠡᠨ
ᠣᠯᠠᠨ ᠪᠠᠭᠰᠢ ᠨᠠᠷᠤᠨ ᠬᠢᠴᠢᠶᠡᠯ ᠤ᠋ᠨ ᠵᠢᠭᠠᠨ ᠰᠤᠷᠭᠠᠯᠲᠠ ᠳ᠋ᠤ ᠣᠷᠣᠯᠴᠠᠬᠤ ᠢᠳᠡᠪᠬᠢᠵᠢᠯ ᠪᠠ ᠪᠦᠲᠦᠭᠡᠯᠴᠢ
ᠴᠢᠨᠠᠷᠢ ᠳᠠᠢᠴᠢᠯᠠᠵᠤ᠂ ᠰᠢᠯᠢᠳᠡᠭ ᠬᠢᠴᠢᠶᠡᠯ ᠵᠢᠡᠷ ᠲᠣᠯᠢ ᠪᠣᠯᠭᠠᠬᠤ ᠲᠣᠬᠢᠶᠠᠯᠢ ᠨᠠᠩ ᠣᠯᠠᠨ ᠬᠠᠩᠭᠠᠵᠤ᠂
ᠰᠣᠯᠢᠯᠴᠠᠭ᠎ᠠ ᠵᠢᠨ ᠳᠤᠮᠳᠠ ᠨᠠᠩ ᠣᠯᠠᠨ ᠵᠢᠭᠠᠨ ᠰᠤᠷᠭᠠᠯᠲᠠ ᠵᠢᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂
ᠬᠢᠴᠢᠶᠡᠯ ᠤ᠋ᠨ ᠲᠠᠩᠬᠢᠮ ᠤ᠋ᠨ ᠵᠢᠭᠠᠨ ᠰᠤᠷᠭᠠᠯᠲᠠ ᠵᠢᠨ ᠶᠠᠰᠤ ᠴᠢᠨᠠᠷᠢ ᠳᠡᠭᠡᠭᠰᠢᠯᠡᠭᠦᠯᠵᠦ᠂ ᠪᠠᠭᠰᠢ ᠵᠢᠨ
ᠲᠤᠰᠬᠠᠢᠵᠢᠭᠰᠠᠨ ᠬᠢᠷᠢ ᠲᠦᠪᠰᠢᠨᠢ ᠳᠡᠭᠡᠭᠰᠢᠯᠡᠭᠦᠯᠪᠡ᠃