ᠨᠢᠳᠤᠨᠤᠨᠵᠢᠯᠤᠨ ᠡᠴᠤᠰ ᠰᠢᠨ᠎ᠠ ᠵᠢᠯ᠎ᠦᠨ ᠡᠬᠢ᠎ᠪᠡᠷ᠂ ᠤᠯᠠᠭᠠᠨᠴᠠᠪ ᠬᠤᠳᠠ᠎ᠡᠴᠡ ᠪᠠᠶᠠᠷ᠎ᠤᠨ ᠴᠢᠮᠡᠭᠡ ᠲᠠᠰᠤᠷᠠᠯᠳᠡ ᠦᠭᠡᠢ ᠲᠤᠭᠤᠯᠳᠠᠨ᠎ᠠ; ᠭᠤᠷᠪᠠᠨ ᠬᠠᠪᠴᠢᠯ᠎ᠤᠨ ᠤᠯᠠᠭᠠᠨᠴᠠᠪ᠎ᠤᠨ ᠱᠢᠨ᠎ᠡ ᠨᠢᠭᠡ ᠦᠶ᠎ᠡ᠎ᠶ᠋ᠢᠨ ᠴᠠᠬᠢᠯᠭᠠᠨ᠎ᠤ ᠲᠣᠸ᠋ᠷᠤᠨ ᠨᠥᠬᠥᠷᠰᠡᠭ ᠪᠣᠬᠢᠷᠲᠤᠯ ᠥᠬᠡᠶ ᠴᠠᠬᠢᠯᠭᠠᠨ ᠦᠷᠳᠡᠭᠡ ᠵᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠠᠩᠬᠠᠨ᠎ᠤ ᠪᠦᠯᠦᠭ ᠮᠠᠱᠢᠨ ᠴᠣᠭ᠍ᠴᠠᠯᠠᠪᠤᠷᠢ (50 ᠲᠦᠮᠡᠨ ᠺᠢᠯᠣᠸᠠᠲ) ᠶ᠋ᠢ ᠠᠮᠵᠢᠯᠲᠠ᠎ᠲᠠᠶ᠎ᠪᠠᠷ ᠥᠪᠥᠷ ᠮᠣᠩᠭᠣᠯ᠎ᠤᠨ ᠴᠠᠬᠢᠯᠭᠠᠨ᠎ᠤ ᠲᠣᠸ᠋ᠷᠲᠤ ᠨᠡᠢᠯᠡᠭᠦᠯᠦᠨ ᠣᠷᠣᠭᠤᠯᠪᠠ᠃ ᠡᠨᠡ ᠨᠢ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠡᠨᠧᠷᠭᠢ ᠬᠠᠳᠠᠭᠠᠯᠠᠬᠤ ᠳᠤᠬᠢᠷᠠᠭᠤᠯᠤᠯᠳᠠ᠎ᠶ᠋ᠢᠨ ᠬᠡᠪᠴᠢᠶ᠎ᠡ ᠨᠢ ᠮᠢᠩᠭᠠᠨ ᠰᠠᠶ᠎ᠠ ᠸᠠᠲ ᠴᠠᠭ᠎ᠲᠤ ᠬᠦᠷᠬᠦ᠌ ᠱᠢᠨ᠎ᠡ ᠡᠨᠧᠷᠭᠢ᠎ᠶ᠋ᠢᠨ ᠲᠠᠯᠠᠪᠤᠷ ᠦᠷᠳᠡᠬᠡ ᠡᠵᠡᠩᠨᠡᠯᠲᠡ᠎ᠪᠡᠨ ᠡᠬᠢᠯᠡᠭᠦᠯᠦᠭ᠌ᠰᠡᠨ᠎ᠢ ᠬᠠᠷᠠᠭᠤᠯᠵᠤ ᠪᠠᠢᠬᠤ ᠪᠥᠭᠡᠳ ᠮᠠᠨ᠎ᠤ ᠣᠷᠣᠨ᠎ᠤ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯᠬᠡᠮᠵᠢᠭᠳᠡᠯᠳᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ᠎ᠶ᠋ᠢ ᠪᠡᠶᠡᠯᠡᠭᠦᠯᠬᠦ᠌ ᠠᠮᠠᠯᠠᠯᠳᠠ ᠪᠡᠨ ᠬᠦᠢᠴᠡᠳᠭᠡᠭᠰᠡᠨᠢ ᠬᠠᠷᠠᠭᠤᠯᠵᠤ ᠪᠠᠢᠨ᠎ᠠ᠃
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠲᠥᠪ᠎ᠦᠨ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠬᠡᠷ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠤᠯᠤᠰ᠎ᠤᠨ ᠡᠨᠧᠷᠭᠢ᠎ᠶ᠋ᠢᠨ ᠲᠣᠪᠴᠢᠶ᠎ᠠ ᠵᠡᠷᠭᠡ ᠳᠥᠷᠪᠡᠨ ᠶᠠᠮᠤᠨ ᠬᠣᠷᠢᠶ᠎ᠠ ᠬᠠᠮᠲᠤᠷᠠᠨ ᠬᠠᠷᠢᠭᠤ ᠵᠠᠬᠢᠳᠠᠯ ᠢᠯᠡᠭᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠪᠥᠬᠥ᠌ ᠤᠯᠤᠰ᠎ᠤᠨ ᠨᠢᠭᠡ ᠴᠤᠭ᠍ᠴᠠᠵᠢᠭ᠍ᠰᠠᠨ ᠪᠤᠳᠤᠬᠤ ᠬᠦᠴᠦᠨ᠎ᠦ ᠰᠦᠯᠵᠢᠶ᠎ᠡ ᠶ᠋ᠢᠨ ᠤᠯᠤᠰ᠎ᠤᠨ ᠵᠠᠩᠭᠢᠯᠠᠭ᠎ᠠ᠎ᠶ᠋ᠢᠨ ᠴᠡᠭ᠎ᠢ ᠡᠬᠢᠯᠡᠨ ᠪᠠᠢᠭᠤᠯᠬᠤ᠎ᠶ᠋ᠢ ᠵᠥᠪᠱᠢᠶᠡᠷᠡᠪᠡ᠃ 《ᠬᠠᠷᠢᠭᠤ ᠵᠠᠬᠢᠳᠠᠯ》᠎ᠳ᠋ᠤ᠂ ᠥᠪᠥᠷ ᠮᠣᠩᠭᠣᠯ᠎ᠤᠨ ᠬᠦᠶ᠋ᠰᠦ ᠪᠠᠷᠢᠯᠭ᠎ᠠ ᠨᠢ ᠬᠣᠷᠢᠨᠭᠡᠷ ᠳ᠋ᠠᠢᠲ᠋ᠠ᠎ᠶ᠋ᠢᠨ ᠲᠥᠪ᠎ᠦᠨ ᠪᠦᠯᠦᠭᠵᠢᠯ᠎ᠢ ᠲᠥᠯᠥᠪᠵᠢᠭᠦᠯᠦᠨ ᠪᠠᠢᠭᠤᠯᠵᠤ᠂ ᠡᠬᠢᠯᠡᠯᠲᠡ᠎ᠶ᠋ᠢᠨ ᠲᠣᠭᠣᠷᠢᠭ᠎ᠤᠨ ᠵᠠᠭᠠᠭ ᠬᠢᠵᠠᠭᠠᠷ᠎ᠨᠢ ᠬᠣᠷᠢᠨᠭᠡᠷ ᠱᠢᠨ᠎ᠡ ᠲᠣᠭᠣᠷᠢᠭ ᠪᠠ ᠵᠢᠨᠢᠩ᠎ᠦᠨ ᠲᠣᠮᠣ ᠳ᠋ᠠᠢᠲ᠋ᠠ᠎ᠶ᠋ᠢᠨ ᠠᠵᠤ ᠦᠶ᠋ᠯᠡᠰ᠎ᠦᠨ ᠬᠦᠷᠢᠶᠡᠯᠡᠩ ᠪᠣᠯᠤᠨ᠎ᠠ᠃ ᠡᠨᠡ ᠨᠢ ᠤᠯᠠᠭᠠᠨᠴᠠᠪ᠎ᠤᠨ ᠲᠣᠭ᠎ᠠ ᠪᠠᠷᠢᠮᠲᠠ᠎ᠶ᠋ᠢᠨ ᠠᠵᠤ ᠦᠶ᠋ᠯᠡᠰ ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ ᠭᠡᠵᠤ ᠵᠢᠭᠠᠵᠤ ᠭᠠᠷᠭᠠᠪᠠ᠃
ᠪᠥᠬᠥ᠌ ᠬᠣᠲᠠ᠎ᠶ᠋ᠢᠨ ᠡᠳ᠋᠎ᠦᠨ ᠵᠠᠰᠠᠭ᠎ᠤᠨ ᠣᠷᠣᠯᠭ᠎ᠠ ᠠᠩᠬ᠎ᠠ ᠤᠳᠠᠭ᠎ᠠ 60 ᠳ᠋ᠦᠩᠱᠢᠭᠤᠷ ᠲᠥᠭᠥᠷᠢᠭ᠎ᠢ ᠳᠠᠪᠠᠵᠤ᠂ ᠵᠢᠱ᠌ᠢᠯᠲᠡ᠎ᠪᠡᠷ 6.7% ᠨᠡᠮᠡᠭ᠌ᠳᠡᠪᠠ; 284 ᠴᠢᠬᠤᠯᠠ ᠶᠡᠬᠡ ᠲᠦᠷᠦᠯ ᠵᠦᠢᠯ᠎ᠢ ᠪᠦᠬᠦᠨ᠎ᠢ ᠠᠵᠢᠯ ᠡᠬᠢᠯᠡᠭᠦᠯᠵᠦ᠍᠂ 254 ᠳ᠋ᠦᠩᠱᠢᠭᠤᠷ ᠲᠥᠭᠥᠷᠢᠭ᠎ᠦᠨ ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ ᠲᠣᠭ᠍ᠲᠠᠮᠠᠯ ᠬᠦᠷᠦᠨᠭ᠌ᠭᠡ᠎ᠶ᠋ᠢᠨ ᠪᠡᠯᠡ ᠣᠷᠣᠭᠤᠯᠤᠯᠲᠠ᠎ᠶ᠋ᠢ ᠳᠠᠢ᠌ᠴᠢᠯᠠᠨ 6.5% ᠪᠡᠷ ᠨᠡᠮᠡᠭ᠌ᠳᠡᠭᠦᠯᠪᠡ; ᠵᠢᠱ᠌ᠢᠯᠲᠡ᠎ᠪᠡᠷ ᠪᠥᠬᠥ᠌ ᠵᠢᠯ᠎ᠳᠦ ᠤᠷᠤᠨ ᠨᠤᠳᠤᠭ᠎ᠤᠨ ᠦᠶ᠋ᠯᠡᠳᠪᠦᠷᠢᠯᠡᠯ᠎ᠦᠨ ᠪᠥᠬᠥ᠌ ᠥᠷᠲᠡᠭ 6.5% ᠪᠡᠷ ᠨᠡᠮᠡᠭ᠌ᠳᠡᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ 4% ᠪᠡᠷ ᠨᠡᠮᠡᠭ᠌ᠳᠡᠵᠦ᠍ ᠂ ᠠᠵᠤ ᠠᠬᠤᠶ᠎ᠶ᠋ᠢᠨ ᠠᠵᠢᠯᠯᠠᠭ᠎ᠠ ᠵᠣᠬᠢᠰᠲᠠᠶ ᠬᠡᠪᠴᠢᠶᠡᠨ ᠳ᠋ᠦ ᠪᠠᠢᠪᠠ᠃ ᠪᠥᠬᠥ᠌ ᠵᠢᠯ᠎ᠳᠦ 1100 ᠲᠦᠮᠡᠨ ᠬᠥᠮᠦᠨ ᠤᠳᠠᠭ᠎ᠠ᠎ᠶ᠋ᠢᠨ ᠵᠢᠭᠤᠯᠴᠢᠯᠠᠭᠴᠢ᠎ᠶᠢ ᠭᠥᠯᠢᠶᠡᠨ ᠠᠪᠴᠤ᠌᠂ 96ᠳ᠋ᠦᠩᠱᠢᠭᠤᠷ ᠲᠥᠭᠥᠷᠢᠭ᠎ᠦᠨ ᠵᠢᠭᠤᠯᠴᠢᠯᠠᠯ᠎ᠤᠨ ᠣᠷᠣᠯᠭ᠎ᠠ ᠡᠭᠦᠳᠴᠡᠢ᠃
᠁
ᠠᠯᠢ ᠤᠯᠠᠨ ᠠᠮᠢᠳᠤᠯᠢᠭ ᠪᠤᠳᠠᠳᠠᠢ ᠵᠢᠱ᠌ᠢᠢ᠎ᠡ᠂ ᠦᠨᠡᠮᠰᠢᠭᠦᠯᠬᠦ ᠬᠦᠴᠦᠨ ᠲᠠᠢ ᠲᠣᠭ᠎ᠠ ᠪᠠᠷᠢᠮᠲᠠ᠎ᠨᠤᠭᠤᠳ ᠨᠢ ᠤᠯᠠᠭᠠᠨᠴᠠᠪ᠎ᠤᠨ ᠠᠷᠠᠳ ᠲᠦᠮᠡᠨ᠎ᠤ ᠬᠢᠮᠤᠷᠠᠯ᠎ᠤᠨ ᠳᠤᠮᠳᠠ ᠠᠵᠠ ᠲᠣᠬᠢᠶᠠᠯ᠎ᠢ ᠪᠤᠢ ᠪᠣᠯᠭᠠᠵᠤ᠂ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠨᠡᠭᠡᠭᠡᠬᠦ ᠰᠥᠰᠥ᠍ ᠵᠣᠷᠢᠭ᠎ᠢ ᠬᠠᠷᠠᠭᠤᠯᠵᠤ᠂ ᠨᠡᠩ ᠴᠤ᠌ ᠤᠯᠠᠭᠠᠨᠴᠠᠪ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠵᠠᠪᠳᠤᠨ ᠠᠳᠬᠤᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠳᠤᠮᠳᠠ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠳᠡᠭᠡᠭ᠌ᠰᠢᠯᠡᠭᠦᠯᠵᠦ᠍᠂ ᠪᠣᠬᠢᠷᠲᠤᠯᠦᠭᠡᠢᠬᠡᠯᠪᠡᠷᠢᠶ᠋ᠢᠬᠤᠪᠢᠷᠠᠭᠤᠯᠬᠤᠳᠤᠮᠳᠠ ᠦᠵᠡᠰᠭᠦᠯᠡᠩᠲᠦ ᠰᠠᠢᠬᠠᠨ ᠤᠯᠠᠭᠠᠨᠴᠠᠪ᠎ᠢ ᠪᠦᠳᠦᠭᠡᠨ ᠪᠠᠢᠭᠤᠯᠬᠤ ᠠᠮᠢᠳᠤᠯᠢᠭ ᠲᠠᠢᠯᠪᠤᠷᠢ ᠪᠤᠯᠵᠠᠢ᠃
ᠥᠩᠭᠡᠷᠡᠭ᠌ᠰᠡᠨ ᠨᠢᠭᠡ ᠵᠢᠯ᠎ᠳᠦ᠂ ᠤᠯᠠᠭᠠᠨᠴᠠᠪ ᠬᠣᠲᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠤᠨᠭᠭᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠳᠡᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠎ᠶ᠋ᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠠᠭᠠᠷᠳᠠᠯᠭ᠎ᠠ ᠵᠢ ᠡᠷᠡᠰ ᠨᠠᠢᠳᠠᠪᠤᠷᠢᠵᠢᠭᠤᠯᠵᠤ᠂《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》ᠵᠢ ᠪᠦᠳᠦᠭᠡᠨ ᠪᠠᠢᠭᠤᠯᠬᠤ᠎ᠶ᠋ᠢᠨ ᠲᠣᠭᠣᠷᠢᠨ᠎ᠳᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠢ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠰᠢᠯᠠᠭᠤᠯᠵᠤ᠂ ᠠᠵᠤ ᠠᠬᠤᠢ ᠵᠢᠨ ᠤᠷᠤᠭᠤᠳᠠᠬᠤ ᠳᠠᠷᠤᠯᠲᠠ᠎ᠶ᠋ᠢ ᠲᠤᠯᠵᠤ᠂ ᠬᠢᠵᠢᠭ᠎ᠦᠨ ᠪᠠᠢᠳᠠᠯ᠎ᠤᠨ ᠱᠢᠯᠭᠠᠯᠲᠠ᠎ᠶ᠋ᠢ ᠳᠠᠭᠠᠭᠠᠵᠤ᠂ ᠡᠯ᠎ᠡ ᠵᠦᠢᠯ᠎ᠦᠨ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠪᠦᠬᠦ᠌ ᠬᠤᠳᠠ᠎ᠶ᠋ᠢᠨ ᠠᠵᠤ ᠠᠬᠤᠢ ᠲᠣᠭ᠍ᠲᠠᠭᠤᠨ᠎ᠢᠶᠠᠷ ᠠᠵᠢᠯᠯᠠᠵᠤ᠂ ᠨᠠᠮ᠎ᠤᠨ ᠪᠠᠢᠭᠤᠯᠤᠯᠲᠠ ᠱᠢᠨ᠎ᠡ ᠦᠷ᠎ᠡ ᠪᠦᠲᠦᠮᠵᠢ ᠣᠯᠵᠤ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠰᠠᠢ᠌ᠨ ᠡᠬᠢᠯᠡᠯᠲᠡ᠎ᠲᠡᠶ ᠪᠣᠯᠪᠠ᠃
ᠡᠨᠡ ᠨᠢᠭᠡ ᠵᠢᠯ᠎ᠳᠦ᠂ ᠤᠯᠠᠭᠠᠨᠴᠠᠪ ᠬᠤᠲᠠ ᠲᠦᠷᠦᠭᠦᠯᠡᠨ ᠲᠤᠭ᠎ᠢ ᠮᠠᠨᠳᠤᠭᠤᠯᠵᠤ᠂ ᠤᠯᠤᠰ ᠲᠦᠷᠦ᠍᠎ᠶ᠋ᠢ ᠡᠷᠬᠢᠮᠯᠡᠵᠦ᠍᠂《ᠬᠣᠶᠠᠷ᠎ᠢ ᠬᠠᠮᠠᠭᠠᠯᠠᠬᠤ》ᠵᠢ ᠦᠢᠯᠡᠳᠦᠯᠭᠡᠵᠢᠭᠦᠯᠬᠦ᠌᠎ᠳᠦ ᠨᠡᠩ ᠡᠷᠡᠰ ᠪᠠᠲᠤ ᠤᠬᠠᠮᠰᠠᠷ᠎ᠲᠠᠶ ᠪᠣᠯᠵᠠᠢ᠃ ᠲᠠᠭ᠎ᠠ᠎ᠶ᠋ᠢᠨ ᠨᠠᠭᠤᠷ᠎ᠤᠨ ᠤᠰᠤᠨ᠎ᠤ ᠠᠮᠢ ᠠᠬᠤᠶ᠎ᠶ᠋ᠢ ᠶᠡᠷᠦᠩᠬᠡᠢᠯᠡᠨ ᠵᠠᠰᠠᠬᠤ᠂ ᠴᠠᠭᠠᠨᠨᠠᠭᠤᠷ᠎ᠤᠨ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠬᠦ᠌᠂ ᠬᠥᠳᠡᠭᠡ ᠲᠣᠰᠭᠣᠨ᠎ᠤ ᠡᠷᠦᠬᠡ᠎ᠶ᠋ᠢᠨ ᠵᠣᠷᠯᠣᠩ᠎ᠢ ᠴᠡᠭ᠌ᠴᠡᠯᠡᠨ ᠵᠠᠰᠠᠬᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ᠎ᠶ᠋ᠢ ᠡᠷᠡᠰ ᠡᠭᠦᠷᠭᠡᠯᠡᠵᠦ᠍᠂ ᠲᠠᠭ᠎ᠠ᠎ᠶ᠋ᠢᠨ ᠨᠠᠭᠤᠷ᠎ᠤᠨ ᠤᠰᠤᠨ᠎ᠤ ᠠᠮᠢ ᠠᠬᠤᠶ᠎ᠶ᠋ᠢ ᠵᠠᠰᠠᠬᠤ 13 ᠲᠥᠷᠥᠯ ᠵᠦᠶ᠋ᠯ᠎ᠢ ᠪᠡᠶᠡᠯᠡᠭᠦᠯᠵᠦ᠍᠂ ᠪᠠᠴᠢᠮ ᠪᠠᠢᠳᠠᠯ᠎ᠢ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ᠎ᠦᠨ 1 ᠳ᠋ᠤᠭᠡᠷ᠂ 2 ᠳ᠋ᠤᠭᠠᠷ ᠨᠦᠬᠡᠨ ᠵᠠᠮ᠎ᠢ ᠪᠥᠬᠥ᠌ ᠱᠤᠭᠤᠮ᠎ᠢᠶᠠᠷ ᠨᠡᠪᠲᠡᠷᠡᠭᠦᠯᠪᠡ; ᠴᠠᠭᠠᠨᠨᠠᠭᠤᠷ᠎ᠤᠨ ᠠᠮᠢ ᠠᠬᠤᠶ᠎ᠶ᠋ᠢ ᠶᠡᠷᠦᠩᠬᠡᠢᠯᠡᠨ ᠵᠠᠰᠠᠬᠤ 15 ᠲᠥᠷᠥᠯ ᠵᠦᠶ᠋ᠯ᠎ᠢ ᠡᠬᠢᠯᠡᠨ ᠬᠡᠷᠡᠭ᠌ᠵᠢᠭᠦᠯᠵᠦ᠍᠂ 2163 ᠴᠠᠬᠢᠯᠭᠠᠨ ᠬᠤᠳᠳᠤᠭ᠎ᠢ ᠪᠢᠲᠡᠭᠦᠮᠵᠢᠯᠡᠨ ᠵᠤᠭᠰᠤᠭᠠᠵᠤ᠂ 24 ᠲᠦᠮᠡᠨ ᠮᠥ᠍ ᠤᠰᠤᠨ ᠲᠠᠷᠢᠶ᠎ᠠ᠎ᠶ᠋ᠢ ᠬᠠᠭᠤᠷᠠᠢ ᠲᠠᠷᠢᠶ᠎ᠠ ᠪᠣᠯᠭᠠᠨ ᠥᠭᠡᠷᠡᠴᠢᠯᠡᠬᠦ᠌᠎ᠶ᠋ᠢ ᠪᠡᠶᠡᠯᠡᠭᠦᠯᠪᠡ;11255 ᠬᠥᠳᠡᠭᠡ ᠲᠣᠰᠭᠣᠨ᠎ᠤ ᠠᠰᠠᠭᠤᠳᠠᠯ᠎ᠲᠠᠶ ᠡᠷᠦᠬᠡ᠎ᠶ᠋ᠢᠨ ᠵᠣᠷᠯᠣᠩ᠎ᠢ ᠪᠦᠬᠦᠨ᠎ᠢ ᠴᠡᠭ᠌ᠴᠡᠯᠡᠨ ᠵᠠᠰᠠᠬᠤ ᠵᠢ ᠪᠠᠶᠠᠯᠡᠬᠦᠯᠪᠠ᠃
ᠡᠨᠡ ᠨᠢᠭᠡ ᠵᠢᠯ᠎ᠳᠦ᠂ ᠤᠯᠠᠭᠠᠨᠴᠠᠪ ᠬᠤᠳᠠ ᠲᠠᠪᠤᠨ ᠶᠡᠬᠡ ᠠᠵᠤ ᠠᠬᠤᠢ᠎ᠶ᠋ᠢ ᠲᠥᠪᠯᠡᠷᠡᠭᠦᠯᠵᠦ᠍᠂ ᠨᠡᠮᠡᠭᠳᠡᠯ᠎ᠢ ᠲᠤᠭᠳᠠᠪᠤᠷᠢᠵᠢᠭᠤᠯᠬᠤ᠂ ᠬᠡᠯᠪᠡᠷᠢ᠎ᠪᠡᠨ ᠬᠤᠪᠢᠷᠠᠭᠤᠯᠬᠤ᠎ᠶ᠋ᠢ ᠢᠳᠡᠪᠬᠢᠲᠡᠢ ᠠᠬᠢᠭᠤᠯᠵᠤ᠂ ᠶᠡᠷᠦᠩᠬᠡᠢᠯᠡᠭ᠌ᠰᠡᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠲᠣᠭᠠᠴᠢᠯᠠᠭ᠍ᠰᠠᠨ ᠠᠵᠤ ᠠᠬᠤᠢ᠎ᠶ᠋ᠢᠨ ᠰᠠᠭᠤᠷᠢ᠎ᠶ᠋ᠢ ᠨᠡᠩ ᠪᠡᠬᠢᠵᠢᠭᠦᠯᠵᠦ᠍᠂ 6 ᠲᠤᠮᠤ ᠳ᠋ᠠᠢᠲ᠋ᠠ᠎ᠶ᠋ᠢᠨ ᠲᠦᠷᠦᠯ ᠵᠦᠢᠯ᠎ᠢ ᠱᠢᠨ᠎ᠡ᠎ᠪᠡᠷ ᠨᠠᠢᠳᠠᠪᠤᠷᠢᠵᠢᠭᠤᠯᠵᠤ᠂ ᠪᠠᠢᠭᠤᠯᠵᠤ ᠪᠠᠢᠭ᠎ᠠ ᠦᠢᠯᠡᠴᠢᠯᠡᠭᠡᠨ᠎ᠦ ᠮᠠᠱᠢᠨ᠎ᠤ ᠬᠡᠪᠴᠢᠶ᠎ᠡ 151 ᠲᠦᠮᠡᠨ ᠢᠵᠢ᠎ᠳᠦ ᠬᠦᠷᠴᠡᠢ᠃ ᠲᠦᠩ ᠹᠠᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠮᠠᠱᠢᠨ ᠦᠢᠯᠡᠳᠪᠦᠷᠢᠯᠡᠨ ᠦᠢᠯᠡᠳᠬᠦ᠌ ᠲᠦᠷᠦᠯ ᠵᠦᠢᠯ᠂ ᠵᠦᠩ ᠬᠣᠩ ᠽᠢ ᠵᠢᠩ 23PB ᠭᠠᠮᠱᠢᠭ᠎ᠤᠨ ᠪᠡᠯᠡᠳᠭᠡᠯ᠎ᠤᠨ ᠲᠥᠪ ᠪᠣᠯᠤᠨ ᠬᠦᠬᠡ ᠭᠡᠷᠡᠯᠳᠤ ᠯᠠᠢᠰᠸᠷ ᠫᠠᠨᠰᠠ ᠵᠢᠨ ᠦᠢᠯᠡᠳᠪᠦᠷᠢᠯᠡᠯ᠎ᠦᠨ ᠱᠤᠭᠤᠮ ᠪᠦᠬᠦᠨ᠎ᠢᠶᠡᠷ᠎ᠢᠶᠡᠨ ᠠᠱᠢᠭ᠍ᠯᠠᠯᠲᠠ᠎ᠳᠤ ᠣᠷᠣᠵᠤ᠂ ᠪᠠᠢ ᠳ᠋ᠦ᠋ ᠱᠢᠨ᠎ᠡ᠎ᠶ᠋ᠢ ᠡᠭᠦᠳᠬᠦ᠌ ᠲᠥᠪ᠎ᠦᠨ ᠨᠡᠪᠴᠢᠭᠦᠯᠵᠦ ᠪᠠᠢᠭ᠎ᠠ ᠠᠵᠤ ᠠᠬᠤᠢᠯᠠᠯ 30 ᠪᠣᠯᠪᠠ᠃ ᠵᠠᠩᠭᠢᠯᠠᠭ᠎ᠠ᠎ᠶ᠋ᠢᠨ ᠠᠵᠤ ᠠᠬᠤᠶ᠎ᠶ᠋ᠢᠨ ᠦᠷ᠎ᠡ ᠠᠱᠢᠭ᠎ᠢ ᠦᠷᠭᠦᠯᠵᠢᠯᠡᠨ ᠶᠡᠬᠡᠰᠭᠡᠵᠦ᠍᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠭᠠᠵᠠᠷ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ 《ᠬᠠᠷᠢᠯᠴᠠᠨ ᠭᠦᠶ᠋ᠴᠡᠳᠭᠡᠵᠦ᠍ ᠬᠠᠷᠢᠯᠴᠠᠨ ᠮᠡᠳᠡᠷᠡᠬᠦ᠌》 ᠵᠦᠶ᠋ᠯᠡᠰ 161 ᠵᠦᠶ᠋ᠯ ᠪᠤᠯᠪᠠ; ᠡᠮ ᠡᠮᠨᠡᠯᠭᠡ᠎ᠶ᠋ᠢᠨ ᠳᠠᠭᠠᠳᠭᠠᠯ᠎ᠤᠨ 6 ᠵᠦᠶ᠋ᠯ᠎ᠦᠨ ᠦᠶ᠋ᠯᠡᠴᠢᠯᠡᠭᠡᠨ᠎ᠦ ᠵᠦᠶ᠋ᠯᠡᠰ᠎ᠢ 《ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ》 ᠭᠤᠷᠪᠠᠨ ᠬᠣᠲᠠ᠎ᠳᠤ ᠨᠡᠢᠳᠡᠮ ᠭᠦᠶ᠋ᠴᠡᠳᠭᠡᠬᠦ᠌᠎ᠶ᠋ᠢ ᠪᠡᠶᠡᠯᠡᠭᠦᠯᠪᠡ;ᠤᠯᠠᠭᠠᠨᠴᠠᠪ — ᠡᠷᠢᠶᠡᠨ ᠬᠣᠲᠠ᠎ᠶ᠋ᠢᠨ ᠤᠯᠤᠰ᠎ᠤᠨ ᠡᠳ᠋ ᠪᠠᠷᠠᠭᠠᠨ᠎ᠤ ᠭᠦᠶ᠋ᠯᠭᠡᠭᠡᠨ᠎ᠦ ᠵᠠᠩᠭᠢᠯᠠᠭ᠎ᠠ᠎ᠶ᠋ᠢᠨ ᠪᠥᠲᠥᠭᠡᠨ ᠪᠠᠢᠭᠤᠯᠤᠯᠲᠠ ᠪᠠ ᠪᠣᠭᠣᠮᠲᠠ᠎ᠶ᠋ᠢᠨ ᠲᠤᠳᠤᠷ᠎ᠠ ᠭᠠᠵᠠᠷ᠎ᠤᠨ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠪᠠ; ᠪᠦᠬᠦ᠌ ᠵᠢᠯ᠎ᠳᠦ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢ 168 ᠤᠳᠠᠭ᠎ᠠ ᠨᠡᠪᠲᠡᠷᠡᠭᠦᠯᠵᠦ᠍᠂ ᠪᠦᠬᠦ᠌ ᠣᠷᠣᠨ᠎ᠤ ᠬᠠᠭᠠᠰ᠎ᠡᠴᠡ ᠳᠡᠭᠡᠭ᠌ᠰᠢᠬᠢ᠎ᠶ᠋ᠢ ᠡᠵᠡᠯᠡᠪᠡ; ᠭᠠᠳᠠᠭᠠᠳᠤ ᠠᠷᠠᠯᠵᠢᠶᠠᠨ᠎ᠤ ᠡᠵᠡᠩᠨᠡᠯᠲᠡ᠎ᠶ᠋ᠢᠨ ᠭᠣᠸ᠋ᠯ ᠴᠣᠭ᠍ᠴᠠ᠎ᠶ᠋ᠢ ᠶᠡᠬᠡ ᠪᠡᠷ ᠪᠣᠢᠵᠢᠭᠤᠯᠤᠨ ᠪᠤᠵᠠᠭᠠᠢᠷᠠᠭᠤᠯᠵᠤ᠂ ᠪᠥᠬᠥ᠌ ᠬᠣᠲᠠ᠎ᠶ᠋ᠢᠨ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠳᠠᠩᠰᠠᠯᠠᠭᠤᠯᠤᠭ᠍ᠰᠠᠨ ᠠᠵᠤ ᠠᠬᠤᠢᠯᠠᠯ 721 ᠪᠣᠯᠵᠣ᠂ ᠬᠦᠢᠰᠤ ᠪᠠᠷᠢᠯᠭ᠎ᠠ᠎ᠪᠠᠷ ᠠᠵᠤ ᠦᠶ᠋ᠯᠡᠰ᠎ᠢ ᠲᠥᠪᠯᠡᠷᠡᠭᠦᠯᠬᠦ᠌᠂ ᠡᠳ᠋ ᠪᠠᠷᠠᠭᠠᠨ᠎ᠤ ᠭᠦᠶ᠋ᠯᠭᠡᠭᠡ᠎ᠪᠡᠷ ᠠᠵᠤ ᠦᠶ᠋ᠯᠡᠰ᠎ᠢ ᠳᠠᠢᠴᠢᠯᠠᠬᠤ ᠱᠢᠨ᠎ᠡ ᠪᠠᠢᠷᠢᠱᠢᠯ ᠶᠠᠭ ᠪᠦᠷᠢᠯᠳᠦᠵᠦ᠍ ᠪᠠᠢᠨ᠎ᠠ᠃ ᠪᠣᠬᠢᠷᠲᠤᠯ ᠥᠬᠡᠶ ᠠᠵᠤ ᠠᠬᠤᠶ᠎ᠶ᠋ᠢᠨ ᠪᠦᠲᠦᠴᠡ᠎ᠶ᠋ᠢ ᠨᠠᠩ ᠱᠢᠯᠢᠳᠡᠭ᠌ᠵᠢᠭᠦᠯᠵᠦ᠍᠂ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠎ᠶ᠋ᠢᠨ ᠠᠺᠠᠳᠧᠮᠢᠴᠢ ᠲᠤᠰᠭᠠᠶ ᠮᠡᠷᠭᠡᠵᠢᠯᠲᠡᠨ᠎ᠦ ᠠᠵᠢᠯ᠎ᠤᠨ ᠥᠷᠲᠡᠭᠡ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ 300 ᠭᠠᠷᠤᠶ ᠵᠦᠶ᠋ᠯ᠎ᠦᠨ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠎ᠶ᠋ᠢᠨ ᠱᠢᠯᠢᠳᠡᠭ ᠡᠭᠦᠯᠳᠡᠷ᠎ᠢ ᠣᠷᠣᠭᠤᠯᠤᠨ ᠠᠪᠴᠢᠷᠠᠵᠤ᠂ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠎ᠶ᠋ᠢᠨ ᠠᠵᠤ ᠠᠬᠤᠶ᠎ᠶ᠋ᠢᠨ ᠦᠷ᠎ᠡ ᠠᠱᠢᠭ᠎ᠢ ᠶᠡᠬᠡᠪᠡᠷ ᠳᠡᠭᠡᠭ᠌ᠰᠢᠯᠡᠭᠦᠯᠪᠡ; ᠲᠥᠮᠥᠰᠥ᠍ ᠳᠠᠷᠢᠬᠤ ᠲᠠᠯᠠᠪᠠᠶ᠎ᠶ᠋ᠢ 300 ᠲᠦᠮᠡᠨ ᠮᠣ᠌ᠡᠴᠡ ᠳᠡᠭᠡᠭ᠌ᠰᠢ ᠳ᠋ᠦ ᠲᠣᠭ᠍ᠲᠠᠪᠤᠷᠢᠵᠢᠭᠤᠯᠵᠤ᠂ ᠰᠠᠢᠨ ᠡᠭᠦᠯᠳᠡᠷ᠎ᠦᠨ ᠪᠦᠷᠬᠦᠴᠡ᠎ᠶ᠋ᠢᠨ ᠨᠣᠷᠮ᠎ᠠ᠎ᠶ᠋ᠢ 90%᠎ᠶᠢ ᠲᠠᠪᠠᠭᠤᠯᠵᠤ᠂ ᠳᠤᠮᠳᠠᠳᠤ ᠤᠯᠤᠰ᠎ᠤᠨ ᠲᠥᠮᠥᠰᠥ᠎ᠶ᠋ᠢᠨ ᠬᠤᠳᠠ ᠵᠢᠨ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠥᠷᠭᠡᠳᠭᠡᠪᠡ; ᠮᠠᠯ᠎ᠤᠨ ᠲᠣᠭ᠎ᠠ 720 ᠲᠦᠮᠡ᠎ᠳᠦ ᠬᠦᠷᠴᠦ᠍᠂ ᠵᠢᠯ᠎ᠦᠨ ᠪᠣᠷᠣᠯᠠᠭᠤᠯᠤᠯᠲᠠ᠎ᠶ᠋ᠢᠨ ᠣᠷᠣᠯᠭ᠎ᠠ ᠨᠢ 500 ᠲᠦᠮᠡᠨ ᠲᠥᠭᠥᠷᠢᠭ᠎ᠡᠴᠡ ᠳᠡᠭᠡᠭ᠌ᠰᠢᠬᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠤᠨ ᠪᠤᠯᠪᠠᠰᠤᠷᠠᠭᠤᠯᠬᠤ ᠠᠵᠤ ᠠᠬᠤᠢᠯᠠᠯ ᠬᠥᠭ᠌ᠵᠢᠭᠡᠳ 94 ᠪᠣᠯᠪᠠ; ᠵᠢᠭᠤᠯᠴᠢᠯᠠᠯ ᠡᠷᠡᠭᠦᠯᠵᠢᠯ᠎ᠦᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠤᠯᠠᠭᠠᠨᠬᠠᠳᠠ᠎ᠶ᠋ᠢᠨ ᠭᠠᠯᠲᠤ ᠠᠭᠤᠯᠠ᠎ᠶ᠋ᠢᠨ ᠲᠠᠯ᠎ᠠ ᠨᠤᠲᠤᠭ ᠨᠢ ᠪᠥᠬᠥ᠌ ᠤᠯᠤᠰ᠎ᠤᠨ ᠰᠦᠯᠵᠢᠶᠡᠨ᠎ᠤ ᠨᠠᠷᠠ ᠴᠤᠤᠳᠠᠢ ᠭᠠᠵᠠᠷ ᠪᠣᠯᠵᠣ᠂ ᠯᠢᠨ ᠬᠣ᠌ ᠬᠥ᠋ ᠰᠠᠢ 《ᠪᠥᠬᠥ᠌ ᠤᠯᠤᠰ᠎ᠤᠨ ᠣᠶ ᠱᠢᠭᠤᠶ᠎ᠶ᠋ᠢᠨ ᠡᠷᠡᠭᠦᠯᠵᠢᠯ ᠰᠤᠪᠢᠯᠠᠯᠳᠠ ᠵᠢᠨ ᠰᠠᠭᠤᠷᠢᠨ》ᠵᠢᠡᠷ ᠦᠨᠡᠯᠡᠭ᠌ᠳᠡᠪᠡ᠃ ᠪᠠᠭ᠎ᠠ ᠨᠡᠭᠦᠷᠡᠰᠦᠲᠥ᠋ᠷᠥᠭ᠌ᠴᠢᠳᠤ ᠣᠷᠴᠢᠯ ᠠᠵᠤ ᠠᠬᠤᠶ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠍᠂ 《ᠪᠦᠷᠢᠯᠭᠡᠨ ᠰᠦᠢᠳᠭᠡᠬᠦ ᠦᠭᠡᠢ᠂ ᠬᠠᠶᠠᠭ᠍ᠳᠠᠮᠠᠯ ᠪᠣᠳᠠᠰ᠎ᠢ ᠡᠷᠳᠡᠨᠢ ᠪᠣᠯᠭᠠᠬᠤ》᠎ᠶ᠋ᠢᠨ ᠲᠣᠭᠣᠷᠢᠨ᠎ᠳᠤ ᠂ ᠡᠬᠢ ᠪᠠᠶᠠᠯᠢᠭ᠎ᠢ ᠬᠤᠪᠢᠷᠠᠭᠤᠯᠤᠨ ᠦᠷᠳᠡᠭ᠎ᠢ ᠨᠡᠮᠡᠭ᠌ᠳᠡᠭᠦᠯᠬᠦ᠌ ᠶᠡᠬᠡ ᠠᠵᠢᠯ᠎ᠢ ᠪᠦᠬᠦ᠌ ᠬᠦᠴᠦᠨ᠎ᠢᠶᠡᠷ ᠰᠠᠢᠲᠤᠷ ᠬᠢᠵᠦ᠍᠂ ᠠᠵᠤ ᠦᠢᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ ᠨᠤᠷᠮ᠎ᠠ᠎ᠶ᠋ᠢ 27.23%᠂ ᠲᠠᠷᠢᠮᠠᠯ᠎ᠤᠨ ᠡᠰᠢ ᠰᠦᠷᠡᠯ᠎ᠢ ᠶᠡᠷᠦᠩᠬᠡᠢᠯᠡᠨ ᠠᠱᠢᠭ᠍ᠯᠠᠬᠤ ᠨᠤᠷᠮ᠎ᠠ᠎ᠶ᠋ᠢ 85%᠂ ᠰᠦᠯᠢᠶᠣᠣ ᠪᠦᠷᠬᠦᠪᠴᠢ᠎ᠶ᠋ᠢ ᠬᠤᠷᠢᠶᠠᠨ ᠠᠪᠴᠤ᠌ ᠠᠱᠢᠭ᠍ᠯᠠᠬᠤ ᠨᠤᠷᠮ᠎ᠠ᠎ᠶ᠋ᠢ 81%᠂ ᠢᠯᠭᠠᠳᠠᠰᠤᠨ ᠪᠣᠬᠢᠷᠲᠤᠯ᠎ᠢ ᠱᠢᠶ᠋ᠳᠪᠦᠷᠢᠯᠡᠬᠦ᠌ ᠲᠤᠨᠤᠭ ᠲᠥᠬᠥᠭᠡᠷᠦᠮᠵᠢ᠎ᠶ᠋ᠢ ᠲᠥᠬᠥᠷᠵᠢᠭᠦᠯᠬᠦ᠌ ᠨᠤᠷᠮ᠎ᠠ᠎ᠶ᠋ᠢ 98.7%᠎ᠳᠤ ᠬᠦᠷᠭᠡᠪᠠ; ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ ᠥᠷᠨᠢᠨ ᠬᠥᠭ᠌ᠵᠢᠵᠦ᠍᠂ 600 ᠲᠦᠮᠡᠨ ᠺᠢᠯᠣᠸᠠᠲ᠎ᠤᠨ ᠰᠠᠯᠬᠢᠨ ᠬᠦᠴᠦᠨ᠎ᠦ ᠴᠠᠬᠢᠯᠭᠠᠨ᠎ᠤ ᠵᠢᠱ᠌ᠢᠶ᠎ᠡ ᠦᠵᠡᠭᠦᠯᠬᠦ᠌ ᠰᠠᠭᠤᠷᠢᠨ᠎ᠤ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠨᠢᠭᠡ ᠦᠶ᠎ᠡ᠎ᠶ᠋ᠢᠨ ᠴᠠᠬᠢᠯᠭᠠᠨ ᠲᠣᠣᠷ᠎ᠤᠨ ᠨᠥᠬᠥᠷᠰᠡᠭ ᠪᠣᠬᠢᠷᠲᠤᠯ ᠦᠭᠡᠢ ᠴᠠᠬᠢᠯᠭᠠᠨ ᠦᠷᠳᠡᠭᠡ᠎ᠶ᠋ᠢᠨ ᠵᠢᠱ᠌ᠢᠶ᠎ᠡ ᠦᠵᠡᠭᠦᠯᠬᠦ᠌ ᠲᠦᠷᠦᠯ ᠵᠦᠢᠯ᠎ᠤᠨ ᠲᠦᠷᠦᠭᠦᠦ ᠪᠦᠯᠦᠭ ᠮᠠᠱᠢᠨ ᠴᠣᠭ᠍ᠴᠠᠯᠠᠪᠤᠷᠢ᠎ᠶ᠋ᠢ ᠠᠮᠵᠢᠯᠲᠠ᠎ᠲᠠᠶ᠎ᠪᠠᠷ ᠲᠣᠣᠷ᠎ᠲᠤ ᠨᠡᠢᠯᠡᠭᠦᠯᠦᠨ ᠴᠠᠬᠢᠯᠭᠠᠨ ᠭᠠᠷᠭᠠᠪᠠ;ᠲᠠᠷᠬᠠᠮᠠᠯ ᠬᠡᠯᠪᠡᠷᠢ᠎ᠶ᠋ᠢᠨ ᠭᠡᠷᠡᠯᠴᠢ ᠴᠡᠨᠡᠭ᠎ᠤᠨ ᠴᠠᠬᠢᠯᠭᠠᠨ ᠭᠠᠷᠭᠠᠬᠤ ᠲᠥᠷᠥᠯ ᠵᠦᠶ᠋ᠯ᠎ᠢ ᠲᠦᠷᠭᠡᠳᠭᠡᠨ ᠪᠠᠢᠭᠤᠯᠵᠤ᠂ 《ᠬᠡᠷᠡᠯᠴᠢ ᠴᠡᠨᠡᠭ᠎ᠤᠨ ᠴᠠᠬᠢᠯᠭᠠᠨ ᠭᠠᠷᠭᠠᠬᠤ +》 ᠶ᠋ᠢ ᠠᠭᠤᠰᠤᠯᠴᠠᠭᠤᠯᠤᠨ ᠬᠥᠭ᠌ᠵᠢᠭᠦᠯᠵᠦ᠍᠂ ᠪᠥᠬᠥ᠌ ᠬᠣᠲᠠ᠎ᠶ᠋ᠢᠨ ᠲᠣᠸ᠋ᠷᠲᠤ ᠨᠡᠢᠯᠡᠭᠦᠯᠬᠦ᠌ ᠴᠠᠬᠢᠯᠭᠠᠨ ᠬᠦᠴᠦᠨ᠎ᠦ ᠮᠠᠱᠢᠨ ᠴᠣᠭ᠍ᠴᠠᠯᠠᠪᠤᠷᠢ᠎ᠶ᠋ᠢ 1536 ᠲᠦᠮᠡᠨ ᠺᠢᠯᠣᠸᠠᠲ᠎ᠲᠤ ᠬᠦᠷᠦᠭᠦᠯᠵᠦ᠍᠂ ᠴᠡᠪᠡᠷ ᠡᠨᠧᠷᠭᠢ᠎ᠶ᠋ᠢᠨ ᠡᠵᠡᠯᠡᠬᠦ᠌ ᠬᠠᠷᠢᠴᠠᠯ᠎ᠢ 48% ᠳ᠋ᠤ ᠬᠦᠷᠭᠡᠪᠡ; ᠰᠠᠯᠬᠢᠨ ᠬᠦᠴᠦᠨ᠎ᠦ ᠴᠠᠬᠢᠯᠭᠠᠨ᠎ᠤ ᠭᠣᠸ᠋ᠯ ᠮᠠᠱᠢᠨ᠂ ᠰᠤᠪᠤᠷᠭᠠᠨ ᠬᠣᠭᠣᠯᠠᠶ᠂ ᠨᠠᠪᠴᠢᠨ᠎ᠤ ᠢᠯᠲᠠᠰᠤ ᠵᠡᠷᠭᠡ᠎ᠪᠡᠷ ᠭᠣᠸ᠋ᠯ ᠪᠣᠯᠭᠠᠭ᠍ᠰᠠᠨ ᠰᠠᠯᠬᠢᠨ ᠬᠦᠴᠦᠨ᠎ᠦ ᠴᠠᠬᠢᠯᠭᠠᠨ᠎ᠤ ᠠᠵᠤ ᠦᠶ᠋ᠯᠡᠰ᠎ᠦᠨ ᠬᠡᠯᠬᠢᠶ᠎ᠡ᠎ᠶ᠋ᠢ ᠲᠠᠰᠤᠷᠠᠯᠲᠠ ᠥᠬᠡᠶ ᠤᠷᠲᠤᠳᠭᠠᠪᠠ᠃
ᠡᠨᠡ ᠨᠢᠭᠡ ᠵᠢᠯ᠎ᠳᠦ᠂ ᠤᠯᠠᠭᠠᠨᠴᠠᠪ ᠪᠦᠬᠦ᠌ ᠬᠦᠴᠦᠨ᠎ᠢᠶᠡᠷ᠎ᠢᠶᠡᠨ ᠠᠷᠠᠳ᠎ᠤᠨ ᠵᠣᠪᠠᠭᠤᠷᠢ᠎ᠶ᠋ᠢ ᠱᠢᠢᠳᠪᠦᠷᠢᠯᠡᠵᠦ᠍᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ᠍᠂ ᠠᠷᠠᠳ ᠤᠯᠠᠨ᠎ᠤ ᠪᠤᠶᠠᠨ ᠵᠢᠷᠭᠠᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠣᠷᠣᠯᠭ᠎ᠠ ᠵᠠᠷᠤᠯᠭ᠎ᠠ᠎ᠶ᠋ᠢᠨ ᠵᠥᠷᠢᠴᠡᠯ ᠲᠤᠪᠤᠢ᠌ᠮ᠎ᠠ ᠪᠠᠢᠭ᠎ᠠ ᠪᠠᠢᠳᠠᠯ ᠳᠣᠣᠷ᠎ᠠ᠂ 80% ᠵᠢᠨ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠰᠠᠢᠵᠢᠷᠠᠭᠤᠯᠬᠤ᠎ᠳᠤ ᠬᠡᠷᠡᠭ᠌ᠯᠡᠵᠦ᠍ ᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶᠢ ᠵᠢᠱ᠌ᠢᠯᠲᠡ᠎ᠪᠡᠷ ᠲᠤᠰ ᠲᠤᠰ 6% ᠪᠠ 8% ᠨᠡᠮᠡᠭ᠌ᠳᠡᠭᠦᠯᠵᠠᠢ᠃ 《ᠭᠠᠳᠠᠨ᠎ᠠ᠎ᠡᠴᠡ ᠬᠠᠯᠳᠠᠪᠤᠷᠢᠯᠡᠨ ᠤᠷᠤᠵᠤ ᠢᠷᠠᠬᠦ ᠵᠢ ᠰᠡᠷᠭᠡᠢᠯᠡᠵᠦ᠍᠂ ᠳᠣᠲᠣᠭᠠᠳᠤ᠎ᠳᠠᠭᠠᠨ ᠳᠠᠬᠢᠨ ᠡᠬᠦᠰᠬᠦ ᠵᠢ ᠰᠡᠷᠭᠡᠢᠯᠡᠬᠦ᠌》ᠬᠢᠵᠢᠭ᠎ᠦᠨ ᠪᠠᠢᠳᠠᠯ᠎ᠤᠨ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠵᠤ᠂ ᠸᠠᠺᠼᠢᠨ᠎ᠤ ᠲᠠᠷᠢᠯᠭ᠎ᠠ ᠂ ᠬᠤᠪᠢ ᠬᠥᠮᠦᠨ᠎ᠦ ᠬᠠᠮᠠᠭᠠᠯᠠᠯᠲᠠ᠂ ᠣᠯᠠᠨ ᠨᠡᠢᠲᠡ᠎ᠶ᠋ᠢᠨ ᠲᠠᠯᠠᠪᠤᠷ᠂ ᠭᠣᠸ᠋ᠯᠳᠠᠯᠭ᠎ᠠ᠎ᠲᠠᠶ ᠬᠥᠮᠦᠰ᠎ᠦᠨ 《ᠳᠥᠷᠪᠡᠨ ᠬᠠᠯᠬᠠᠪᠴᠢ》 ᠶ᠋ᠢᠨ ᠪᠠᠲᠤᠯᠠᠭ᠎ᠠ᠎ᠶ᠋ᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠪᠡᠬᠢᠵᠢᠭᠦᠯᠪᠠ; ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠪᠠᠢᠭᠤᠯᠵᠤ᠂ ᠠᠵᠢᠯ ᠤᠯᠬᠤ᠎ᠳᠤ ᠬᠦᠴᠢᠷᠲᠡᠶ ᠬᠥᠮᠦᠰ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ ᠦᠨᠳᠦᠰᠦ᠎ᠶᠢ ᠪᠠᠲᠤᠯᠠᠨ ᠲᠥᠪᠬᠢᠨᠡᠭᠦᠯᠬᠦ᠌ ᠠᠵᠢᠯ᠎ᠢ ᠰᠠᠢᠲᠤᠷ ᠬᠢᠵᠦ᠍᠂ ᠬᠤᠳᠠ ᠪᠠᠯᠭᠠᠰᠤᠨ᠎ᠤ ᠳᠠᠩᠰᠠᠯᠠᠭᠤᠯᠤᠭ᠍ᠰᠠᠨ ᠠᠵᠢᠯ ᠠᠯᠳᠠᠯᠲᠠ᠎ᠶ᠋ᠢᠨ ᠨᠤᠷᠮ᠎ᠠ᠎ᠶ᠋ᠢ 4.18% ᠪᠡᠷ ᠬᠢᠵᠠᠭᠠᠷᠯᠠᠵᠤ᠂ ᠠᠵᠢᠯ ᠲᠠᠢ ᠬᠦᠮᠦᠨ ᠦᠭᠡᠢ ᠭᠡᠷ ᠪᠦᠯᠢ᠎ᠶ᠋ᠢ ᠬᠥᠳᠡᠯᠦᠩᠭᠦᠶ᠎ᠪᠡᠷ ᠠᠵᠢᠯ ᠤᠯᠭᠤᠬᠤ ᠵᠢ ᠪᠡᠶᠡᠯᠡᠭᠦᠯᠪᠡ; ᠲᠦᠬᠦᠮ ᠪᠦᠳᠦᠴᠡᠳᠦ ᠣᠷᠣᠨ ᠰᠠᠭᠤᠴᠠ᠎ᠶ᠋ᠢᠨ ᠲᠣᠭᠣᠷᠢᠭ᠎ᠤᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠦᠭ᠌ᠰᠡᠨ 7537 ᠡᠷᠦᠭᠡ᠂ 9009 ᠡᠷᠦᠭᠡ᠎ᠶ᠋ᠢᠨ ᠬᠠᠭᠤᠴᠢᠨ ᠵᠢᠵᠢᠭ ᠲᠣᠭᠣᠷᠢᠭ᠎ᠤᠨ ᠥᠭᠡᠷᠡᠴᠢᠯᠡᠯᠲᠡ᠎ᠶ᠋ᠢ ᠪᠦᠬᠦᠨ᠎ᠢᠶᠡᠷ ᠨᠢ ᠡᠬᠢᠯᠡᠭᠦᠯᠵᠦ᠍᠂ ᠬᠥᠳᠡᠭᠡ ᠲᠣᠰᠭᠣᠨ᠎ᠤ 1448 ᠡᠷᠦᠭᠡ᠎ᠶ᠋ᠢᠨ ᠨᠤᠷᠠᠬᠤ ᠠᠶᠤᠯᠲᠠᠶ ᠭᠡᠷ ᠪᠠᠢᠱᠢᠩ᠎ᠤᠨ ᠥᠭᠡᠷᠡᠴᠢᠯᠡᠯᠲᠡ᠎ᠶ᠋ᠢ ᠪᠦᠬᠦᠨ᠎ᠢᠶᠡᠷ ᠨᠢ ᠳᠠᠭᠤᠰᠭᠠᠵᠤ᠂ ᠭᠡᠷ ᠭᠠᠵᠠᠷ᠎ᠤᠨ ᠬᠦᠷᠦᠩᠭᠡ᠎ᠶ᠋ᠢᠨ ᠬᠦᠷᠢᠶᠡᠨ᠎ᠳᠡᠬᠢ ᠨᠢᠭᠡ ᠪᠦᠯᠦᠭ《ᠭᠤᠷᠪᠠᠨ ᠬᠦᠴᠢᠷᠳᠡᠯ》᠎ᠤ᠋ᠨ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃ 12345 ᠬᠠᠯᠠᠮᠰᠢᠯ ᠤᠲᠠᠰᠤ ᠵᠡᠷᠭᠡ ᠠᠷᠭ᠎ᠠ ᠵᠠᠮ᠎ᠢᠶᠠᠷ ᠬᠦᠯᠢᠶᠡᠨ ᠠᠪᠤᠭᠰᠠᠨ 10 ᠲᠦᠮᠡ ᠭᠠᠷᠤᠶ ᠵᠦᠢᠯ᠎ᠦᠨ ᠤᠴᠢᠷ ᠶᠠᠪᠤᠳᠠᠯ᠎ᠢ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ 99.9% ᠳ᠋ᠤ ᠬᠦᠷᠴᠡᠶ ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠲᠠᠰᠤᠷᠠᠯᠲᠠ ᠥᠬᠡᠶ ᠱᠢᠯᠢᠳᠡᠭ᠌ᠵᠢᠵᠦ᠍᠂ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠤ᠂ ᠪᠥᠬᠥ᠌ ᠬᠣᠲᠠ᠎ᠶ᠋ᠢᠨ ᠭᠣᠸ᠋ᠯᠳᠠᠯᠭ᠎ᠠ᠎ᠲᠠᠶ ᠲᠥᠷᠥᠯ ᠵᠦᠶ᠋ᠯ᠎ᠳᠦ ᠡᠮᠦᠨᠡᠬᠢ ᠬᠤᠭᠤᠴᠠᠭᠠᠨ᠎ᠤ ᠭᠠᠷ ᠭᠦᠶ᠋ᠴᠡᠳᠭᠡᠯ᠎ᠦᠨ 《ᠦᠷᠳᠡᠭᠡᠴᠢᠯᠡᠭᠰᠡᠨ ᠮᠠᠶᠢᠭ》᠎ᠤ᠋ᠨ ᠬᠢᠨᠠᠨ ᠵᠥᠪᠱᠢᠶᠡᠷᠡᠯ᠎ᠢ ᠬᠡᠷᠡᠭ᠌ᠵᠢᠭᠦᠯᠵᠦ᠍᠂ ᠬᠣᠲᠠ ᠱᠢᠶᠠᠨ᠎ᠤ ᠵᠠᠰᠠᠭ᠎ᠤᠨ ᠶᠠᠪᠤᠳᠠᠯ᠎ᠤᠨ ᠵᠦᠶ᠋ᠯᠡᠰ᠎ᠢ ᠰᠦᠯᠵᠢᠶᠡᠨ ᠳᠡᠭᠡᠷ᠎ᠡ ᠭᠦᠶ᠋ᠴᠡᠳᠭᠡᠵᠦ᠍ ᠪᠣᠯᠬᠤ ᠨᠣᠷᠮ᠎ᠠ 95.27% ᠳ᠋ᠤ ᠬᠦᠷᠴᠦ᠍᠂ 《ᠠᠯᠠᠭᠠᠨ ᠳᠡᠭᠡᠷ᠎ᠡ ᠭᠦᠶ᠋ᠴᠡᠳᠭᠡᠬᠦ᠌᠂ ᠲᠠᠨ᠎ᠢ ᠬᠠᠪᠰᠤᠷᠤᠨ ᠭᠦᠶ᠋ᠴᠡᠳᠭᠡᠬᠦ᠌》 ᠵᠡᠷᠭᠡ ᠠᠵᠢᠯ ᠪᠥᠬᠥ᠌ ᠣᠷᠣᠨ᠎ᠤ ᠡᠮᠦᠨ᠎ᠡ ᠡᠩᠨᠡᠭᠡᠨ᠎ᠳᠦ ᠣᠷᠣᠪᠠ; ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠶᠡᠬᠡ ᠱᠠᠯᠠᠪᠳᠠᠭᠤᠯᠤᠨ ᠪᠠᠢᠴᠠᠭᠠᠯᠲᠠ᠎ᠶ᠋ᠢᠨ ᠬᠠᠷᠢᠭᠤ ᠲᠤᠰᠭᠠᠭ᠍ᠰᠠᠨ ᠵᠢᠨᠢᠩ ᠲᠣᠭᠣᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠬᠤᠪᠢᠶᠠᠷᠢ ᠲᠣᠪᠴᠢᠶ᠎ᠠ᠎ᠶ᠋ᠢᠨ ᠲᠤᠬᠳᠠᠮᠠᠯ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠲᠥᠪ᠎ᠦᠨ ᠦᠨᠡᠮᠯᠡᠯ ᠠᠪᠬᠤ᠎ᠳᠤ ᠬᠦᠴᠢᠷᠲᠡᠶ ᠪᠠᠢᠬᠤ ᠠᠰᠠᠭᠤᠳᠠᠯ᠎ᠢ ᠡᠷᠡᠰ ᠱᠢᠶ᠋ᠳᠪᠦᠷᠢᠯᠡᠵᠦ᠍᠂ 《ᠲᠤᠳᠤᠨ᠎ᠠ ᠭᠠᠳᠠᠨ᠎ᠠ ᠰᠥᠯᠪᠡᠭᠡᠯᠳᠦᠨ》 ᠠᠷᠠᠳ ᠣᠯᠠᠨ᠎ᠤ ᠠᠱᠢᠭ ᠲᠤᠰᠠ᠎ᠶ᠋ᠢ ᠬᠣᠬᠢᠷᠠᠭᠤᠯᠤᠭ᠍ᠰᠠᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠪᠠ ᠃
2022 ᠣᠨ᠎ᠤ ᠵᠢᠷᠤᠭ ᠲᠥᠰᠦᠪ᠎ᠢ ᠨᠢᠭᠡᠨᠲᠡ ᠵᠢᠷᠤᠭ᠍ᠯᠠᠪᠠ᠂ ᠤᠯᠠᠭᠠᠨᠴᠠᠪ᠎ᠤᠨ ᠠᠷᠠᠳ ᠲᠦᠮᠡᠨ ᠬᠠᠷᠠᠯᠲᠠ ᠡᠭᠦᠷᠭᠡ᠎ᠪᠡᠨ ᠨᠢᠭᠳᠠ ᠠᠩᠬᠠᠷᠴᠤ᠌᠂ ᠴᠢᠷᠮᠠᠢᠨ ᠲᠡᠮᠡᠴᠡᠬᠦ᠌ ᠰᠤᠷᠲᠠᠯ᠎ᠢ ᠪᠠᠳᠠᠷᠠᠭᠤᠯᠵᠤ᠂ 《ᠲᠣᠭ᠍ᠲᠠᠭᠤᠨ》ᠪᠠᠢᠬᠤ ᠤᠷᠢᠲᠠᠯ ᠪᠠ ᠰᠠᠭᠤᠷᠢᠨ ᠳᠡᠭᠡᠷ᠎ᠡ 《ᠤᠷᠤᠭ᠍ᠰᠢᠯᠠᠬᠤ》 ᠪᠡᠷ ᠬᠦᠴᠦᠯᠡᠨ ᠴᠢᠷᠮᠠᠢᠵᠤ᠂ ᠡᠯ᠎ᠡ ᠵᠦᠢᠯ᠎ᠦᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ ᠪᠠᠢᠨ᠎ᠠ᠃