— ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠹᠸᠩ ᠵᠢᠶᠠ ᠵᠢᠤᠢ ᠵᠢ ᠰᠤᠷᠪᠤᠯᠵᠢᠯᠠᠭ᠍ᠰᠠᠨ ᠨᠢ
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠵᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢᠹᠸᠩ ᠵᠢᠶᠠ ᠵᠢᠤᠢ ᠲᠣᠰ ᠰᠣᠨᠢᠨ᠎ᠤ ᠰᠤᠷᠪᠤᠯᠵᠢᠯᠠᠭ᠍ᠴᠢ᠎ᠶ᠋ᠢᠨ ᠲᠤᠰᠭᠠᠶ ᠰᠤᠷᠪᠤᠯᠵᠢᠯᠠᠭ᠎ᠠ᠎ᠶ᠋ᠢ ᠬᠦᠯᠢᠶᠡᠪᠡ᠃
ᠹᠸᠡᠭ ᠵᠢᠶᠠ ᠵᠢᠤᠢ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠨᠠᠮ᠎ᠤᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ 《ᠬᠤᠤᠰ ᠵᠠᠭᠤᠨ ᠵᠢᠯ》᠎ᠤ᠋ᠨ ᠲᠡᠮᠡᠴᠡᠬᠦ᠌ ᠬᠠᠷᠠᠯᠲᠠ᠎ᠶ᠋ᠢᠨ ᠠᠭᠤᠯᠵᠠᠷ᠎ᠤᠨ ᠵᠠᠩᠭᠢᠯᠠᠭ᠎ᠠ᠎ᠶ᠋ᠢᠨ ᠴᠡᠭ᠎ᠲᠦ ᠬᠤᠷᠠᠯᠳᠤᠭᠤᠯᠤᠭ᠍ᠰᠠᠨ ᠨᠢᠭᠡ ᠤᠳᠠᠭᠠᠨ᠎ᠤ ᠮᠠᠰᠢ ᠴᠢᠬᠤᠯᠠ ᠬᠤᠷᠠᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠱᠢᠨ᠎ᠡ ᠲᠡᠦᠬᠡᠨ ᠭᠠᠷᠤᠭ᠎ᠠ ᠳᠡᠭᠡᠷ᠎ᠡ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠦᠷᠭᠦᠯᠵᠢᠯᠡᠨ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠭᠦᠨᠵᠡᠭᠡᠢ ᠨᠠᠢᠳᠠᠪᠤᠷᠢᠵᠢᠭᠤᠯᠤᠨ᠂ ᠨᠡᠩ ᠶᠡᠬᠡ ᠱᠢᠨ᠎ᠡ ᠬᠥᠭ᠌ᠵᠢᠯᠲᠡ ᠵᠢ ᠪᠡᠶᠡᠯᠡᠭᠦᠯᠬᠦ᠌᠎ᠶ᠋ᠢ ᠠᠬᠢᠭᠤᠯᠬᠤ᠎ᠳᠤ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠵᠢ ᠰᠡᠩᠭᠡᠷᠡᠭᠦᠯᠬᠦ᠂ ᠤᠷᠢᠳᠤᠬᠢ ᠵᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠴᠢᠬᠤᠯᠠ ᠠᠴᠢ ᠬᠣᠯᠪᠣᠭ᠍ᠳᠠᠯ ᠲᠠᠢ ᠶᠤᠮ᠃ ᠪᠥᠬᠥ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠰᠲ᠋ᠧᠮ᠎ᠦᠨ᠎ᠬᠢᠨ 《ᠬᠣᠶᠠᠷ᠎ᠢ ᠬᠠᠮᠠᠭᠠᠯᠠᠬᠤ》 ᠵᠢ ᠡᠷᠡᠰ ᠦᠶ᠋ᠯᠡᠳᠦᠯᠭᠡᠵᠢᠭᠦᠯᠵᠦ᠍᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠳᠤᠷᠠᠳᠤᠭ᠍ᠰᠠᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠦᠵᠡᠯ ᠰᠠᠨᠠᠭ᠎ᠠ ᠦᠶ᠋ᠯᠡ ᠠᠵᠢᠯᠯᠠᠭ᠎ᠠ ᠪᠠᠨ ᠦᠨᠡᠨ ᠬᠦ᠌ ᠨᠢᠭᠡᠳᠭᠡᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠪᠡᠷ ᠶᠡᠷᠦᠩᠬᠡᠢᠯᠡᠨ ᠵᠢᠯᠣᠭᠣᠳᠣᠭᠤᠯᠵᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠲᠡᠶ ᠨᠢᠭ᠍ᠲᠠ ᠤᠶᠠᠯᠳᠤᠭᠤᠯᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ ᠵᠢ ᠲᠤᠯᠭᠠᠭᠤᠷᠢᠯᠠᠵᠤ ᠂ ᠤᠯᠤᠰ ᠲᠥᠷᠥ᠎ᠶ᠋ᠢᠨ ᠲᠠᠯ᠎ᠠ᠎ᠪᠠᠷ ᠪᠠᠲᠤ ᠪᠠᠢᠬᠤ ᠪᠠ ᠡᠷᠡᠰ ᠴᠢᠩᠭ᠎ᠠ ᠪᠠᠢᠬᠤ᠎ᠪᠠᠷ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠰ᠎ᠦᠨ ᠤᠷᠤᠭ᠍ᠰᠢᠲᠠᠶ ᠠᠭᠢᠵᠤ ᠡᠷᠡᠭᠦᠯ᠎ᠢᠶᠡᠷ ᠬᠥᠭ᠌ᠵᠢᠬᠦ᠌᠎ᠶ᠋ᠢ ᠪᠠᠲᠤᠯᠠᠨ᠎ᠠ ᠭᠡᠪᠡ᠃
ᠹᠧᠩ ᠵᠢᠶᠠ ᠵᠢᠤᠢ᠂ ᠦᠪᠡᠷᠲᠡᠭᠡᠨ ᠵᠠᠰᠠᠬᠤ ᠤᠷᠤᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ ᠵᠢᠡᠨ ᠮᠠᠨᠳᠤᠭᠤᠯᠬᠤ》ᠠᠵᠢᠯᠯᠠᠭ᠎ᠠ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ 30 ᠵᠤᠷᠪᠤᠰ》᠂《ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠪᠣᠭᠣᠮᠲᠠ ᠱᠢᠪᠲᠤᠯᠬᠤ ᠠᠵᠢᠯᠯᠠᠭ᠎ᠠ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠤᠷᠢᠳ ᠬᠣᠵᠢᠳ ᠨᠡᠢᠲᠡᠯᠡᠵᠦ᠍᠂《ᠭᠤᠷᠪᠠᠨ ᠣᠷᠣᠨ ᠬᠣᠶᠠᠷ ᠲᠥᠪ》᠎ᠤ᠋ᠨ ᠳᠡᠭᠡᠳᠦ ᠲᠠᠰ ᠳᠠᠪᠬᠤᠷᠭ᠎ᠠ᠎ᠶ᠋ᠢᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ ᠱᠢᠨ᠎ᠡ ᠠᠬᠢᠴᠠ᠎ᠲᠠᠶ ᠪᠣᠯᠵᠣ᠂ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ ᠲᠠᠰᠤᠷᠠᠯᠲᠠ ᠥᠬᠡᠶ ᠴᠣᠯᠭᠣᠷᠠᠨ ᠭᠠᠷᠴᠤ᠌᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠬᠤᠷᠠᠮᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ᠎ᠢ ᠲᠦᠷᠭᠡᠳᠭᠡᠨ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠨ᠎ᠡ ᠠᠬᠢᠴᠠ᠎ᠲᠠᠶ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠣᠷᠣᠨ᠎ᠤ ᠪᠣᠳᠠᠲᠤ ᠪᠠᠢᠳᠠᠯ᠎ᠢ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠱᠠᠭᠠᠷᠳᠠᠯᠭ᠎ᠠ ᠵᠢᠨ ᠦᠵᠡᠯ ᠰᠠᠨᠠᠭ᠎ᠠ ᠣᠢᠯᠠᠭᠠᠭ᠍ᠳᠠᠬᠤᠨ᠂ ᠦᠶ᠋ᠯᠡ ᠠᠵᠢᠯᠯᠠᠭ᠎ᠠ᠎ᠶ᠋ᠢᠨ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠵᠠᠭ᠍ᠪᠤᠷ ᠲᠠᠢ ᠤᠶᠠᠯᠳᠤᠭᠤᠯᠤᠨ᠂ ᠠᠩᠬᠠᠷᠤᠯ ᠢᠶᠠᠨ ᠲᠥᠪᠯᠡᠷᠡᠭᠦᠯᠦᠨ ᠭᠤᠤᠯᠳᠠᠯᠭ᠎ᠠ᠎ᠶ᠋ᠢ ᠠᠳᠭᠤᠵᠤ᠂ ᠣᠨᠢᠨ ᠳᠡᠭᠡᠷ᠎ᠡ᠎ᠨᠢ ᠬᠦᠴᠦᠯᠡᠨ ᠬᠦᠴᠢᠷ ᠠᠰᠠᠭᠤᠳᠠᠯ᠎ᠢ ᠱᠢᠶ᠋ᠳᠪᠦᠷᠢᠯᠡᠨ᠎ᠡ ᠭᠡᠵᠦ ᠢᠯᠡᠳᠬᠡᠪᠡ᠃
ᠨᠢᠭᠡ᠎ᠳᠦ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠬᠤ ᠪᠠ《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠶᠬᠡᠷᠡᠭ᠌ᠵᠢᠭᠦᠯᠬᠦ᠌ᠪᠡᠷᠭᠠᠷᠳᠠᠴᠠᠪᠣᠯᠭᠠᠵᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠠᠭᠤᠰᠤᠯᠴᠠᠯ᠎ᠢ ᠠᠬᠢᠭᠤᠯᠤᠨ᠎ᠠ᠃ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ ᠪᠣᠯᠤᠨ ᠲᠤᠪᠤᠢ᠌ᠮ᠎ᠠ ᠳᠤᠲᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠦ᠎ᠶ᠋ᠢᠨ ᠦᠢᠯᠡᠰ᠂ ᠬᠣᠪᠣᠷ ᠱᠢᠷᠣᠢ᠎ᠶ᠋ᠢᠨ ᠱᠢᠨ᠎ᠡ ᠮᠠᠲᠧᠷᠢᠶᠠᠯ᠂ ᠨᠡᠭᠦᠷᠡᠰᠦᠲᠥ᠋ᠷᠥᠭ᠌ᠴᠢᠳᠦ ᠱᠢᠨ᠎ᠡ ᠮᠠᠲᠧᠷᠢᠶᠠᠯ᠂ ᠱᠢᠨ᠎ᠡ ᠡᠨᠧᠷᠭᠢ᠂ ᠦᠷ᠎ᠡ᠎ᠶ᠋ᠢᠨ ᠦᠢᠯᠡᠰ ᠵᠡᠷᠭᠡ ᠭᠣᠣᠯᠳᠠᠯᠭ᠎ᠠ᠎ᠲᠠᠶ ᠠᠵᠤ ᠦᠢᠯᠡᠰ ᠪᠣᠯᠤᠨ ᠬᠦᠷᠢᠶ᠎ᠡ ᠴᠠᠷᠠᠭ᠎ᠠ᠎ᠶᠢᠨ ᠱᠢᠨ᠎ᠡ᠎ᠶ᠋ᠢ ᠡᠭᠦᠳᠬᠦ᠌ ᠬᠡᠷᠡᠭ᠌ᠴᠡᠭᠡ᠎ᠳᠦ ᠴᠢᠭ᠌ᠯᠡᠭᠦᠯᠦᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠰᠭᠠᠢ ᠲᠦᠷᠦᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍ ᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠬᠦᠴᠢᠷ ᠠᠰᠠᠭᠤᠳᠠᠯ᠎ᠢ ᠬᠦᠴᠦᠯᠡᠨ ᠱᠢᠪᠲᠤᠯᠵᠤ᠂ ᠠᠵᠤ ᠦᠢᠯᠡᠰ᠎ᠦᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠭᠡᠢ ᠬᠦᠭᠵᠢᠯᠲᠡ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠷᠳᠡᠭ᠎ᠢ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠪᠠ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠬᠤᠪᠢᠷᠠᠭᠤᠯᠬᠤ ᠳᠡᠭᠡᠷ᠎ᠡ ᠢᠯᠡᠷᠡᠭᠦᠯᠦᠨ᠎ᠡ᠃
ᠬᠣᠶᠠᠷ᠎ᠲᠤ᠂ ᠡᠯ᠎ᠡ ᠲᠥᠷᠥᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠥᠨᠳᠥᠷ ᠲᠦᠪᠱᠢᠨ ᠪᠥᠬᠥᠶ ᠱᠢᠨ᠎ᠡ᠎ᠶ᠋ᠢ ᠡᠭᠦᠳᠬᠦ᠌ ᠲᠠᠪᠴᠠᠩ᠎ᠤᠨ ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠤᠨ᠎ᠠ᠃ ᠮᠠᠨ᠎ᠤ ᠣᠷᠣᠨ᠎ᠤ ᠭᠣᠣᠯᠯᠠᠬᠤ ᠠᠵᠤ ᠦᠢᠯᠡᠰ ᠵᠢᠴᠢ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠱᠢᠨ᠎ᠡ᠎ᠶ᠋ᠢ ᠡᠭᠦᠳᠬᠦ᠌ ᠲᠠᠪᠴᠠᠩ᠎ᠢ ᠱᠢᠯᠭᠠᠨ ᠬᠢᠨᠠᠬᠤ᠂ ᠠᠳᠠᠯᠢᠳᠭᠠᠨ ᠱᠢᠯᠭᠠᠷᠠᠭᠤᠯᠬᠤ᠂ ᠱᠠᠩᠨᠠᠨ ᠬᠥᠬᠢᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠬᠥᠳᠡᠯᠦᠩᠭᠦᠶᠲᠤᠬᠢᠷᠠᠭᠤᠯᠤᠯᠲᠠ ᠪᠦᠬᠦᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠠᠭᠤᠷᠢᠨ᠎ᠤ ᠪᠦᠲᠦᠭᠡᠨ ᠪᠠᠢᠭᠤᠯᠤᠯᠲᠠ ᠬᠥᠭ᠌ᠵᠢᠯᠲᠡ᠎ᠶ᠋ᠢᠨ ᠱᠢᠰᠲ᠋ᠧᠮ᠎ᠢ ᠪᠠᠢᠭᠤᠯᠤᠨ᠎ᠠ᠃ ᠤᠯᠤᠰ᠎ᠤᠨ ᠲᠠᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭᠤᠳᠢ ᠢᠳᠡᠪᠬᠢᠲᠡᠶ᠎ᠪᠡᠷ ᠡᠭᠦᠳᠦᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠢ ᠲᠦᠷᠭᠡᠳᠭᠡᠨ ᠪᠠᠢᠭᠤᠯᠵᠤ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠪᠠᠢᠭᠤᠯᠤᠯᠲᠠ᠎ᠶ᠋ᠢ ᠠᠬᠢᠭᠤᠯᠵᠤ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠥᠭ᠌ᠵᠢᠯᠲᠡ᠎ᠳᠦ ᠮᠡᠷᠭᠡᠵᠢᠯ ᠬᠠᠩᠭᠠᠨ᠎ᠠ᠃ 《ᠭᠤᠷᠪᠠᠨ ᠣᠷᠣᠨ ᠬᠣᠶᠠᠷ ᠲᠥᠪ》᠎ᠤ᠋ᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠂ ᠣᠷᠳᠣᠰ᠎ᠤᠨ ᠤᠯᠤᠰ᠎ᠤᠨ ᠦᠷᠭᠦᠯᠵᠢᠯᠡᠬᠦ ᠬᠦᠭᠵᠢᠯᠲᠡ ᠵᠢᠨ ᠵᠥᠪᠯᠡᠬᠦ᠌ ᠵᠦᠶ᠋ᠯ᠎ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠲᠣᠭᠣᠷᠢᠭ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠴᠣᠬᠣᠯᠠᠪᠤᠷᠢ᠎ᠶ᠋ᠢ ᠠᠯᠢ ᠲᠦᠷᠭᠡᠨ ᠵᠢᠡᠷ ᠤᠯᠬᠤ ᠪᠡᠷ ᠴᠢᠷᠮᠠᠢᠵᠤ᠂ ᠬᠦᠴᠦᠨ᠎ᠢᠶᠡᠨ ᠲᠥᠪᠯᠡᠷᠡᠭᠦᠯᠦᠨ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠢ ᠭᠤᠶᠤᠴᠢᠯᠠᠨ ᠪᠠᠢᠭᠤᠯᠤᠨ᠎ᠠ᠃
ᠭᠤᠷᠪᠠ᠎ᠳᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠳᠣᠪᠣᠢᠯᠭᠠᠵᠤ᠂ ᠡᠯ᠎ᠡ ᠲᠥᠷᠥᠯ᠎ᠦᠨ ᠱᠢᠨ᠎ᠡ᠎ᠶ᠋ᠢ ᠡᠭᠦᠳᠬᠦ᠌ ᠬᠦᠴᠦᠨ ᠵᠦᠶ᠋ᠯ᠎ᠢ ᠬᠥᠲᠥᠯᠥᠨ ᠵᠢᠯᠣᠭᠣᠳᠴᠤ᠌ ᠪᠠᠢᠭᠠᠳ ᠠᠵᠤ ᠠᠬᠤᠢᠯᠠᠯᠵᠦᠭ ᠲᠥᠪᠯᠡᠷᠡᠭᠦᠯᠦᠨ᠎ᠡ᠃ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠣᠯᠵᠠᠪᠤᠷᠢ᠎ᠶ᠋ᠢᠨ ᠭᠠᠢᠯᠢ᠎ᠶ᠋ᠢ ᠬᠠᠰᠤᠵᠤ ᠬᠡᠯᠲᠦᠷᠢᠭᠦᠯᠬᠦ᠌ ᠪᠠ ᠰᠤᠳᠤᠯᠤᠨ ᠨᠡᠭᠡᠭᠡᠬᠦ᠌ ᠵᠠᠷᠤᠳᠠᠯ᠎ᠢ ᠨᠡᠮᠡᠨ ᠪᠣᠳᠣᠵᠤ ᠰᠠᠭᠤᠯᠭᠠᠨ ᠠᠪᠬᠤ ᠵᠡᠷᠭᠡ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠵᠢᠨ ᠲᠠᠷᠠᠭᠠᠬᠢ ᠨᠥᠬᠥᠪᠥᠷᠢ ᠥᠭ᠌ᠬᠦ ᠡᠷᠴᠢᠮ᠎ᠢᠶᠡᠨ ᠴᠢᠩᠭᠠᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨᠳᠤᠬᠡᠪᠴᠢᠶᠡᠵᠢᠯᠡᠴᠡᠳᠡᠭᠡᠭ᠌ᠰᠢᠬᠢᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠠᠵᠢᠯᠯᠠᠭ᠎ᠠ᠎ᠶ᠋ᠢ ᠪᠦᠬᠦᠨ᠎ᠢ ᠦᠷᠨᠢᠭᠦᠯᠬᠦ ᠪᠡᠷ ᠴᠢᠷᠮᠠᠢᠨ᠎ᠠ᠃ ᠳᠠᠭᠠᠭᠤᠯᠤᠭ᠍ᠴᠢ ᠠᠵᠤ ᠠᠬᠤᠢᠯᠠᠯ ᠪᠠ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠪᠣᠢᠵᠢᠭᠤᠯᠬᠤ᠎ᠪᠠᠷ ᠰᠠᠭᠤᠷᠢ ᠪᠣᠯᠭᠠᠨ᠂ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ — ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ — ᠥᠨᠳᠥᠷ ᠥᠰᠥᠯᠲᠡ᠎ᠲᠡᠶ ᠠᠵᠤ ᠠᠬᠤᠢᠯᠠᠯ — ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠠᠭᠠᠭᠤᠯᠤᠭ᠍ᠴᠢ ᠠᠵᠤ ᠠᠬᠤᠢᠯᠠᠯ》᠎ᠤ᠋ᠨ ᠱᠠᠲᠤᠯᠢᠭ ᠪᠤᠢᠵᠢᠭᠤᠯᠬᠤ ᠱᠢᠰᠲ᠋ᠧᠮ᠎ᠢ ᠠᠯᠬᠤᠮ ᠠᠯᠬᠤᠮ᠎ᠢᠶᠠᠷ ᠪᠦᠷᠢᠯᠳᠦᠭᠦᠯᠦᠨ᠎ᠡ᠃ ᠠᠵᠤ ᠠᠬᠤᠢᠯᠠᠯ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠢ ᠪᠥᠲᠥᠭᠡᠨ ᠪᠠᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠢ ᠥᠨᠳᠥᠷ ᠲᠦᠪᠱᠢᠨ᠎ᠢᠶᠡᠷ ᠪᠥᠲᠥᠭᠡᠨ ᠪᠠᠢᠭᠤᠯᠬᠤ᠎ᠶ᠋ᠢ ᠳᠡᠮᠵᠢᠨ ᠵᠣᠷᠢᠭ᠍ᠵᠢᠭᠤᠯᠤᠨ᠎ᠠ᠃
ᠲᠦᠷᠪᠡ᠎ᠳᠦ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠭᠦᠳᠬᠦ᠌ ᠰᠠᠢ᠌ᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠨ᠎ᠠ᠃ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠲᠥᠷᠥᠯ ᠵᠦᠢᠯ᠎ᠦᠨ ᠵᠠᠷᠤᠳᠠᠯ᠎ᠤᠨ ᠳᠠᠭᠠᠭᠠᠴᠢᠯᠠᠯᠲᠠ᠎ᠶ᠋ᠢᠨ ᠳᠦᠷᠢᠮ᠎ᠢ ᠬᠡᠷᠡᠭ᠌ᠵᠢᠭᠦᠯᠬᠦ᠌ ᠬᠡᠪᠴᠢᠶ᠎ᠡ᠎ᠶ᠋ᠢ ᠠᠯᠬᠤᠮ ᠠᠯᠬᠤᠮ᠎ᠢᠶᠠᠷ ᠥᠷᠭᠡᠳᠭᠡᠵᠦ᠍᠂ ᠲᠥᠷᠥᠯ ᠵᠦᠢᠯ᠎ᠦᠨ ᠵᠠᠷᠤᠳᠠᠯ᠎ᠢ ᠱᠢᠭᠤᠳ ᠰᠠᠯᠭᠠᠨ ᠥᠭ᠌ᠬᠦ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠯᠠᠭ᠎ᠠ᠎ᠶ᠋ᠢᠨ ᠵᠢᠮ᠎ᠡ ᠶᠣᠰᠣᠨ᠎ᠳᠤ ᠵᠣᠬᠢᠴᠠᠭ᠍ᠰᠠᠨ ᠲᠥᠷᠥᠯ ᠵᠦᠢᠯ᠎ᠦᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ 《4 + 8 + N》 ᠣᠷᠳᠣ ᠬᠤᠭᠤᠴᠠᠭᠠᠨ᠎ᠤ ᠪᠦᠲᠦᠮᠵᠢᠲᠡᠶ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠡᠬᠢᠵᠢᠭᠦᠯᠦᠨ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠲᠣᠭ᠍ᠲᠠᠴᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠪᠥᠷ ᠮᠣᠩᠭᠣᠯ᠎ᠤᠨ ᠣᠨᠴᠠᠯᠢᠭ᠎ᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠲᠤᠯᠭᠠᠭᠤᠷᠢᠯᠠᠯ᠎ᠤᠨ ᠱᠢᠰᠲ᠋ᠧᠮ᠎ᠢ ᠪᠦᠷᠢᠨᠱᠢᠭᠦᠯᠦᠨ᠎ᠡ᠃
ᠹᠧᠩ ᠵᠢᠶᠠ ᠵᠢᠤᠢ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠰᠢ ᠵᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠢᠮᠠᠭ᠍ᠲᠠ ᠡᠷᠡᠰ ᠪᠠᠲᠤ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠰ᠎ᠢ ᠠᠬᠢᠭᠤᠯᠬᠤ᠎ᠪᠠᠷ 《ᠳᠥᠷᠪᠡᠨ ᠤᠬᠠᠮᠰᠠᠷ》 ᠵᠢᠡᠨ ᠴᠢᠩᠭᠠᠳᠭᠠᠬᠤ᠂ 《ᠳᠥᠷᠪᠡᠨ ᠢᠲᠡᠭᠡᠯ》 ᠵᠢᠡᠨ ᠪᠠᠲᠤᠳᠭᠠᠬᠤ᠂ 《 ᠬᠣᠶᠠᠷ᠎ᠢ ᠬᠠᠮᠠᠭᠠᠯᠠᠬᠤ》ᠵᠢ ᠪᠡᠶᠡᠯᠡᠭᠦᠯᠬᠦ᠌᠎ᠶ᠋ᠢᠨ ᠬᠠᠮᠤᠭ᠎ᠤᠨ ᠴᠢᠬᠤᠯᠠ ᠦᠶ᠋ᠯᠡᠳᠦᠯᠭᠡ᠎ᠶ᠋ᠢᠨ ᠠᠷᠭ᠎ᠠ ᠵᠠᠮ ᠪᠤᠯᠭᠠᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠦᠨ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠂ ᠪᠣᠬᠢᠷᠲᠤᠯ ᠦᠭᠡᠢ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠭᠤᠢᠪᠢᠰᠢ ᠦᠭᠡᠢ ᠵᠠᠮᠨᠠᠵᠤ ᠂ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠬᠤ》 ᠲᠡᠮᠡᠴᠡᠬᠦ᠌ ᠬᠠᠷᠠᠯᠲᠠ ᠵᠢ ᠤᠨᠢᠯᠠᠵᠤ᠂ ᠱᠢᠷᠭᠠᠭᠤ ᠠᠵᠢᠯᠯᠠᠨ ᠦᠨᠡᠨ ᠬᠦ᠌ ᠠᠳᠭᠤᠵᠤ ᠳᠡᠭᠡᠳᠦ ᠬᠡᠮᠵᠢᠶᠡᠨ᠎ᠦ ᠡᠭᠦᠷᠭᠡᠲᠦ ᠰᠡᠳᠭᠢᠯᠭᠡ ᠪᠠ ᠬᠠᠷᠢᠭᠤᠴᠠᠯᠭᠠᠲᠤ ᠰᠡᠳᠭᠢᠯᠭᠡ᠎ᠪᠡᠷ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨᠡᠶ᠋ᠢᠡᠭᠦᠳᠬᠦ᠌ᠦᠢᠯᠡᠰᠦᠨᠲᠦᠷᠭᠡᠨ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ ᠢᠯᠡᠷᠭᠡᠢᠯᠡᠪᠡ᠃