ᠳᠡᠦᠬᠡ ᠵᠢ ᠳᠡᠮᠳᠡᠭᠯᠡᠭᠰᠡᠨ ᠪᠤᠯᠤᠳ ᠪᠢᠷ
2022-01-19 16:17:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠫᠢᠩ ᠵᠢᠨ᠎ᠦ ᠳᠠᠢᠯᠠᠯᠳᠤᠭᠠᠨ(ᠪᠡᠭᠡᠵᠢᠩ ᠲᠢᠶᠠᠨᠵᠢᠨ᠎ᠤ ᠳᠠᠢᠯᠠᠯᠳᠤᠭᠠᠨ) ᠎ᠤ᠋ ᠳᠤᠷᠠᠰᠬᠠᠯ᠎ᠤᠨ ᠣᠷᠳᠣᠨ᠎ᠤ ᠦᠵᠡᠭᠦᠯᠭᠡ᠎ᠶᠢᠨ ᠲᠢᠩᠬᠢᠮ᠎ᠳᠡᠬᠢ ᠫᠠᠢ ᠺᠸ ᠳᠡᠮᠳᠡᠭᠳᠦ ᠪᠤᠯᠤᠳ ᠪᠢᠷ ᠬᠥᠮᠦᠰ᠎ᠦᠨ ᠠᠩᠬᠠᠷᠤᠯ᠎ᠢ ᠳᠠᠳᠠᠭᠰᠠᠨ ᠪᠠᠢᠳᠠᠭ᠃ ᠡᠨᠡ ᠪᠤᠯᠤᠳ ᠪᠢᠷ ᠪᠣᠯ ᠤᠯᠤᠰ᠎ᠤᠨ ᠨᠢᠭᠡᠳᠦᠭᠡᠷ ᠳᠡᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ ᠪᠤᠯᠤᠨ᠎ᠠ᠃ ᠲᠡᠭᠦᠨ᠎ᠦ ᠡᠵᠡᠨ ᠨᠢ ᠤᠤᠯ᠎ᠤᠨ ᠵᠡᠭᠦᠨ ᠬᠣᠢᠲᠤ᠎ᠶᠢᠨ ᠬᠡᠭᠡᠷᠡᠯᠡᠨ ᠪᠠᠢᠯᠳᠤᠬᠤ ᠴᠡᠷᠢᠭ ᠠᠩᠬᠢ᠎ᠶᠢᠨ ᠱᠲ᠋ᠠᠪ ᠎ᠤ᠋ᠨ ᠭᠠᠵᠠᠷ᠎ᠤᠨ ᠳᠠᠷᠤᠭ᠎ᠠ ᠰᠸ᠋ ᠵᠢᠩ ᠨᠥᠬᠥᠷ ᠪᠣᠯᠤᠨ᠎ᠠ᠃ ᠲᠤᠬᠠᠢ᠎ᠶᠢᠨ ᠵᠢᠯ᠎ᠳᠦ᠂ ᠰᠸ᠋ ᠵᠢᠩ ᠨᠥᠬᠥᠷ ᠶᠠᠭ ᠡᠨᠡ ᠪᠤᠯᠤᠳ ᠪᠢᠷ᠎ᠢᠶᠡᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠦᠨ ᠪᠡᠭᠡᠵᠢᠩ ᠲᠢᠶᠠᠨᠵᠢᠨ᠎ᠤ ᠡᠮᠦᠨ᠎ᠡ ᠹᠷᠣᠨᠲ᠎ᠤᠨ ᠰᠧᠯᠢᠩᠪᠦ᠋ ᠵᠢ ᠲᠥᠯᠥᠭᠡᠯᠡᠨ 《ᠪᠸᠢᠢᠫᠢᠡᠭ᠌᠎ᠤᠨ ᠠᠰᠠᠭᠤᠳᠠᠯ᠎ᠢ ᠨᠠᠢᠷᠠᠮᠳᠠᠯ᠎ᠢᠶᠠᠷ ᠰᠢᠢᠳᠪᠦᠷᠢᠯᠡᠬᠦ ᠲᠤᠬᠠᠢ ᠬᠡᠯᠡᠯᠴᠡᠭᠡᠷ》 ᠲᠦ᠍ ᠭᠠᠷ᠎ᠤᠨ ᠦᠰᠦᠭ᠌ ᠵᠢᠷᠤᠭᠰᠠᠨ ᠶᠤᠮ᠃


QQ图片20220119161655.png


1946 ᠣᠨ᠎ᠳᠤ᠂ ᠳᠥᠷᠪᠡᠳᠦᠭᠡᠷ ᠬᠡᠭᠡᠷᠡᠯᠡᠨ ᠪᠠᠢᠯᠳᠤᠬᠤ ᠴᠡᠷᠢᠭ᠎ᠦᠨ ᠠᠷᠤ ᠲᠠᠯ᠎ᠠ᠎ᠶᠢᠨ ᠬᠡᠯᠲᠡᠰ ᠨᠢ ᠬᠠᠷᠪᠢᠨ ᠡᠴᠡ 10 ᠫᠠᠢ ᠺᠸ ᠳᠡᠮᠳᠡᠭᠳᠦ ᠪᠤᠯᠤᠳ ᠪᠢᠷ ᠬᠤᠳᠠᠯᠳᠤᠨ ᠠᠪᠴᠤ᠂ ᠨᠢᠭᠡ ᠵᠢ ᠨᠢ ᠰᠸ᠋ ᠵᠢᠩ᠎ᠳᠦ ᠬᠦᠷᠭᠡᠪᠡ᠃

1949 ᠣᠨ᠎ᠤ 1 ᠰᠠᠷ᠎ᠠ᠎ᠶᠢᠨ 14 ᠎ᠤ᠋ ᠡᠳᠦᠷ᠂ ᠵᠡᠭᠦᠨ ᠬᠣᠢᠲᠤ᠎ᠶᠢᠨ ᠬᠡᠭᠡᠷᠡᠯᠡᠨ ᠪᠠᠢᠯᠳᠤᠬᠤ ᠴᠡᠷᠢᠭ᠎ᠦᠨ ᠨᠢᠭᠡᠳᠦᠭᠡᠷ ᠴᠤᠪᠤᠭ᠎ᠠ ᠠᠩᠬᠢ ᠭᠣᠮᠢᠨᠳᠠᠩ᠎ᠤᠨ ᠴᠡᠷᠢᠭ᠎ᠦᠨ ᠲᠢᠶᠠᠨᠵᠢᠨ᠎ᠤ ᠰᠡᠷᠭᠡᠢᠯᠡᠯᠲᠡ᠎ᠶᠢᠨ ᠰᠧᠯᠢᠩᠪᠦ᠋᠎ᠶᠢ ᠳᠠᠭᠠᠷᠢᠨ ᠡᠵᠡᠯᠡᠪᠡ᠃ 1 ᠰᠠᠷ᠎ᠠ᠎ᠶᠢᠨ 15 ᠎ᠤ᠋ ᠡᠳᠦᠷ᠂ 29 ᠴᠠᠭ᠎ᠤᠨ ᠬᠤᠷᠴᠠ ᠰᠢᠷᠦᠭᠦᠨ ᠪᠠᠢᠯᠳᠤᠭᠠᠨ᠎ᠢ ᠥᠩᠭᠡᠷᠡᠭᠡᠭᠡᠳ᠂ ᠲᠢᠶᠠᠨᠵᠢᠨ᠎ᠤ ᠪᠡᠬᠢᠯᠡᠯᠳᠡ ᠡᠪᠳᠡᠬᠦ ᠪᠠᠢᠯᠳᠤᠭᠠᠨ ᠢᠯᠠᠯᠲᠠ᠎ᠲᠠᠶ᠎ᠪᠠᠷ ᠳᠠᠭᠤᠰᠴᠤ᠂ ᠮᠠᠨ᠎ᠤ ᠴᠡᠷᠢᠭ ᠭᠣᠮᠢᠨᠳᠠᠩ᠎ᠤᠨ ᠰᠠᠬᠢᠭᠤᠯ ᠳᠠᠢᠰᠤᠨ᠎ᠢ 13 ᠲᠦᠮᠡ ᠭᠠᠷᠤᠢ ᠰᠥᠨᠥᠭᠡᠵᠡᠢ᠃ ᠡᠢᠨ᠎ᠬᠦ᠂ ᠲᠢᠶᠠᠨᠵᠢᠨ ᠴᠢᠯᠥᠭᠡᠯᠡᠭᠳᠡᠵᠦ ᠪᠡᠭᠡᠵᠢᠩ᠎ᠢ ᠰᠠᠬᠢᠵᠤ ᠪᠠᠢᠭᠰᠠᠨ ᠳᠠᠢᠰᠤᠨ ᠮᠤᠬᠤᠷᠳᠠᠯ᠎ᠳᠤ ᠣᠷᠣᠪᠠ᠃ ᠹᠦ᠋ ᠽᠦᠸᠧ ᠢ ᠴᠸ᠋ ᠭᠡᠢ ᠭᠤᠷᠢᠳᠠᠯ᠎ᠢᠶᠠᠨ ᠲᠠᠶᠠᠭᠳᠠᠵᠤ᠂ ᠮᠠᠨ᠎ᠤ ᠴᠡᠷᠢᠭ᠎ᠦᠨ ᠲᠥᠯᠥᠭᠡᠯᠡᠭᠴᠢ᠎ᠶᠢ ᠤᠷᠢᠵᠤ ᠬᠤᠳᠠ᠎ᠳᠤ ᠣᠷᠣᠭᠤᠯᠤᠨ ᠨᠠᠢᠷᠠᠮᠳᠠᠯ᠎ᠤᠨ ᠬᠡᠯᠡᠯᠴᠡᠭᠡᠷ ᠬᠢᠪᠡ᠃ ᠲᠤᠬᠠᠢ᠎ᠶᠢᠨ ᠦᠶ᠎ᠡ᠎ᠳᠦ ᠵᠡᠭᠦᠨ ᠬᠣᠢᠲᠤ᠎ᠶᠢᠨ ᠬᠡᠭᠡᠷᠡᠯᠡᠨ ᠪᠠᠢᠯᠳᠤᠬᠤ ᠴᠡᠷᠢᠭ᠎ᠦᠨ ᠱᠲ᠋ᠠᠪ᠎ᠤᠨ ᠱᠲ᠋ᠠᠪ᠎ᠤᠨ ᠭᠠᠵᠠᠷ᠎ᠤᠨ ᠳᠠᠷᠤᠭ᠎ᠠ ᠪᠠᠢᠭᠰᠠᠨ ᠰᠸ᠋ ᠵᠢᠩ ᠨᠦᠬᠦᠷ ᠲᠥᠯᠥᠭᠡᠯᠡᠭᠴᠢ᠎ᠶᠢᠨ ᠬᠤᠪᠢ ᠪᠡᠷ ᠪᠸᠢᠢᠫᠢᠩ ᠳ᠋ᠦ ᠣᠴᠢᠪᠠ᠃ ᠬᠤᠳ᠋ᠠ᠎ᠳᠤ ᠤᠷᠤᠭᠰᠠᠨ᠎ᠤ ᠲᠠᠷᠠᠭ᠎ᠠ᠂ ᠬᠣᠶᠠᠷ ᠡᠲᠡᠭᠡᠳ᠎ᠢᠶᠡᠷ᠎ᠢᠶᠡᠨ 《ᠪᠸᠢᠢᠫᠢᠡᠭ᠌᠎ᠤᠨ ᠠᠰᠠᠭᠤᠳᠠᠯ᠎ᠢ ᠨᠠᠢᠷᠠᠮᠳᠠᠯ᠎ᠢᠶᠠᠷ ᠰᠢᠢᠳᠪᠦᠷᠢᠯᠡᠬᠦ ᠲᠤᠬᠠᠢ ᠬᠡᠯᠡᠯᠴᠡᠭᠡᠷ》 ᠎ᠢ᠋ ᠲᠤᠭᠤᠷᠪᠢᠨ ᠪᠢᠴᠢᠵᠡᠢ᠃ ᠨᠠᠢᠷᠠᠮᠳᠠᠯ᠎ᠤᠨ ᠬᠡᠯᠡᠯᠴᠡᠭᠡᠷ ᠬᠢᠵᠦ ᠪᠠᠢᠭᠰᠠᠨ ᠬᠤᠭᠤᠴᠠᠭᠠᠨ᠎ᠳᠤ᠂ ᠰᠸ᠋ ᠵᠢᠩ ᠬᠡᠯᠡᠯᠴᠡᠭᠡᠷ᠎ᠤᠨ ᠲᠡᠮᠳᠡᠭᠯᠡᠯ ᠬᠢᠵᠦ ᠬᠡᠯᠡᠯᠴᠡᠭᠡᠷ᠎ᠤᠨ ᠲᠣᠪᠴᠢ ᠲᠡᠮᠳᠡᠭᠯᠡᠯ᠎ᠢᠶᠡᠨ ᠡᠮᠬᠢᠳᠬᠡᠨ ᠲᠢᠭᠯᠡᠬᠦ ᠶᠠᠪᠤᠴᠠ᠎ᠳᠦ ᠳᠤᠰ ᠪᠤᠯᠤᠳ ᠪᠢᠷ᠎ᠢᠶᠡᠨ ᠶᠡᠷᠦ ᠨᠢ ᠭᠠᠷ ᠡᠴᠡ ᠪᠠᠨ ᠰᠠᠯᠭᠠᠯ ᠦᠭᠡᠢ ᠠᠪᠴᠤ ᠶᠠᠪᠤᠳᠠᠭ ᠪᠠᠢᠯ᠎ᠠ᠃


QQ图片20220119161700.png


1949 ᠣᠨ᠎ᠤ 1 ᠰᠠᠷ᠎ᠠ᠎ᠶᠢᠨ 21᠎ᠤ᠋ ᠡᠳᠦᠷ᠂ ᠰᠸ᠋ ᠵᠢᠩ ᠴᠢᠯᠥᠭᠡᠯᠡᠬᠦ ᠴᠡᠷᠢᠭ᠎ᠦᠨ ᠲᠠᠯ᠎ᠠ᠎ᠶᠢᠨ ᠲᠥᠯᠥᠭᠡᠯᠡᠭᠴᠢ᠎ᠶᠢᠨ ᠬᠤᠪᠢ᠎ᠪᠠᠷ 《ᠪᠸᠢᠢᠫᠢᠡᠭ᠎ᠤᠨ ᠠᠰᠠᠭᠤᠳᠠᠯ᠎ᠢ ᠨᠠᠢᠷᠠᠮᠳᠠᠯ᠎ᠢᠶᠠᠷ ᠰᠢᠢᠳᠪᠦᠷᠢᠯᠡᠬᠦ ᠲᠤᠬᠠᠶ ᠬᠡᠯᠡᠯᠴᠡᠭᠡᠷ》ᠳᠡᠭᠡᠷ᠎ᠡ ᠭᠠᠷ᠎ᠤᠨ ᠦᠰᠦᠭ ᠵᠢᠷᠤᠬᠤ᠎ᠳᠤ ᠪᠠᠨ ᠶᠠᠭ ᠡᠨᠡ᠎ᠬᠦ ᠪᠤᠯᠤᠳ ᠪᠢᠷ᠎ᠢ ᠬᠡᠷᠡᠭᠯᠡᠭᠰᠡᠨ ᠶᠤᠮ᠃ 1949 ᠣᠨ᠎ᠤ 1 ᠰᠠᠷ᠎ᠠ᠎ᠶᠢᠨ 31᠎ᠤ᠋ ᠡᠳᠦᠷ᠂ ᠠᠷᠠᠳ᠎ᠤᠨ ᠴᠢᠯᠥᠭᠡᠯᠡᠬᠦ ᠴᠡᠷᠢᠭ ᠪᠸᠢᠢᠫᠢᠡᠭ ᠬᠤᠳᠠ᠎ᠳᠤ ᠣᠷᠣᠵᠤ ᠰᠠᠭᠤᠭᠠᠳ ᠪᠸᠢᠢᠫᠢᠩ᠎ᠢ ᠨᠠᠢᠷᠠᠮᠳᠠᠯ᠎ᠢᠶᠠᠷ ᠴᠢᠯᠥᠭᠡᠯᠡᠭᠰᠡᠨ᠎ᠢ ᠲᠤᠩᠬᠠᠭᠯᠠᠪᠠ᠃ ᠡᠢᠨ᠎ᠬᠦ 64 ᠡᠳᠦᠷ ᠦᠷᠭᠦᠯᠵᠢᠯᠡᠭᠰᠡᠨ ᠫᠢᠩ ᠵᠢᠨ᠎ᠦ ᠳᠠᠢᠯᠠᠯᠳᠤᠭᠠᠨ ᠢᠯᠠᠯᠲᠠ᠎ᠲᠠᠶ᠎ᠪᠠᠷ ᠲᠡᠭᠦᠰᠪᠡ᠃

ᠫᠢᠩ ᠵᠢᠨ᠎ᠦ ᠳᠠᠢᠯᠠᠯᠳᠤᠭᠠᠨ᠎ᠳᠤ᠂ ᠴᠢᠯᠥᠭᠡᠯᠡᠬᠦ ᠴᠡᠷᠢᠭ 3.9 ᠲᠦᠮᠡᠨ ᠬᠥᠮᠦᠨ ᠥᠭᠦᠵᠦ ᠰᠢᠷᠬᠠᠲᠤᠭᠰᠠᠨ ᠦᠷᠡᠭᠳᠡᠯ᠎ᠢᠶᠡᠷ ᠭᠣᠮᠢᠨᠳᠠᠩ᠎ᠤᠨ ᠴᠡᠷᠢᠭ᠎ᠢ 52 ᠲᠦᠮᠡ ᠭᠠᠷᠤᠶ ᠰᠥᠨᠥᠭᠡᠭᠰᠡᠨ ᠪᠤᠶᠤ ᠥᠭᠡᠷᠡᠴᠢᠯᠡᠨ ᠪᠠᠢᠭᠤᠯᠵᠤ᠂ ᠤᠮᠠᠷᠠᠲᠤ ᠣᠷᠣᠨ᠎ᠤ ᠶᠡᠬᠡᠩᠬᠢ ᠭᠠᠵᠠᠷ ᠣᠷᠣᠨ᠎ᠢ ᠴᠢᠯᠥᠭᠡᠯᠡᠵᠡᠶ᠃ ᠫᠢᠩ ᠵᠢᠨ᠎ᠦ ᠳᠠᠢᠯᠠᠯᠳᠤᠭᠠᠨ᠎ᠤ ᠢᠯᠠᠯᠲᠠ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠪᠠᠢᠭᠤᠯᠭ᠎ᠠ᠂ ᠠᠷᠠᠳ᠎ᠤᠨ ᠴᠢᠯᠥᠭᠡᠯᠡᠬᠦ ᠴᠡᠷᠢᠭ᠎ᠦᠨ ᠶᠡᠷᠦᠩᠬᠡᠶ ᠵᠠᠬᠢᠷᠭ᠎ᠠ᠎ᠶᠢᠨ ᠪᠸᠢᠢᠫᠢᠡᠭ᠎ᠳᠤ ᠣᠷᠣᠵᠤ ᠰᠠᠭᠤᠬᠤ᠎ᠳᠤ ᠨᠥᠬᠥᠴᠡᠯ ᠪᠦᠷᠢᠯᠳᠦᠭᠦᠯᠦᠨ ᠥᠭᠴᠦ᠂ ᠰᠢᠨ᠎ᠡ ᠳᠤᠮᠳᠠᠳᠤ ᠤᠯᠤᠰ᠎ᠤᠨ ᠨᠡᠢᠰᠯᠡᠯ ᠪᠠᠢᠭᠤᠯᠬᠤ᠎ᠳᠦ ᠪᠠᠳᠤ ᠪᠡᠬᠢ ᠰᠠᠭᠤᠷᠢ ᠲᠠᠯᠪᠢᠵᠤ ᠦᠭᠴᠡᠢ᠃

1952 ᠣᠨ᠎ᠳᠤ᠂ ᠰᠸ᠋ ᠵᠢᠩ ᠶᠡᠷᠦᠩᠬᠡᠶ ᠱᠲ᠋ᠠᠪ᠎ᠤᠨ ᠲᠤᠰᠢᠶᠠᠯ᠎ᠳᠤ ᠰᠢᠯᠵᠢᠵᠡᠢ᠃ ᠡᠭᠦᠨ᠎ᠡᠴᠡ ᠡᠮᠦᠨᠡᠬᠢ ᠬᠤᠭᠤᠴᠠᠭᠠᠨ᠎ᠳᠦ ᠳᠡᠷᠡ ᠡᠨᠡ ᠬᠦ᠌ ᠪᠣᠯᠣᠳ ᠪᠢᠷ᠎ᠢᠶᠡᠨ ᠬᠡᠷᠡᠭᠯᠡᠭᠰᠡᠭᠡᠷ ᠪᠠᠢᠪᠠ᠃ 1995 ᠣᠨ᠎ᠤ 11 ᠰᠠᠷ᠎ᠠ᠎ᠶᠢᠨ 9 ᠎ᠤ᠋ ᠡᠳᠦᠷ᠂ ᠳᠤᠰ ᠪᠤᠯᠤᠳ ᠪᠢᠷ᠎ᠢᠶᠡᠨ ᠰᠸ᠋ ᠵᠢᠩ ᠵᠠᠩᠵᠤᠨ ᠶᠠᠭ ᠰᠠᠶᠢᠬᠠᠨ ᠪᠡᠯᠡᠳᠬᠡᠨ ᠪᠠᠢᠭᠤᠯᠬᠤ ᠱᠠᠳᠤᠨ᠎ᠳᠦ ᠪᠠᠨ ᠪᠠᠢᠭᠰᠠᠨ 《ᠫᠢᠩ ᠵᠢᠨ᠎ᠦ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ》 ᠎ᠳ᠋ᠦ ᠬᠠᠨᠳᠢᠪᠯᠠᠪᠠ᠃

70 ᠭᠠᠷᠤᠢ ᠵᠢᠯ᠎ᠤᠨ ᠳᠤᠷᠰᠢ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠤᠯ᠎ᠠ᠃ ᠡᠨᠡ᠎ᠬᠦ ᠤᠨ ᠵᠢᠯ᠎ᠤᠨ ᠬᠤᠪᠢᠷᠠᠯ ᠬᠦᠭᠵᠢᠯᠳᠡ᠂ ᠤᠯᠤᠰ ᠭᠡᠷ᠎ᠤᠨ ᠦᠭᠡᠳᠡᠯᠡᠨ ᠳᠠᠪᠰᠢᠯᠳᠠ᠎ᠢ᠋ᠢᠨ ᠭᠡᠷᠡᠴᠢ ᠪᠤᠯᠤᠭᠰᠠᠨ ᠪᠣᠯᠣᠳ ᠪᠢᠷ ᠨᠢ ᠳᠤᠷᠠᠰᠬᠠᠯ᠎ᠤᠨ ᠣᠷᠳᠣᠨ᠎ᠳᠤ  ᠨᠠᠮᠤᠭᠤᠬᠠᠨ ᠳᠡᠯᠭᠡᠭᠳᠡᠨ᠎ᠡ᠃ ᠳᠡᠷᠡ ᠨᠢ ᠲᠠ ᠪᠢᠳᠡᠨ᠎ᠳᠦ ᠭᠠᠢᠬᠠᠮᠰᠢᠭᠲᠤ ᠤᠨ ᠰᠠᠷ᠎ᠠ᠎ᠶᠢᠨ ᠦᠯᠢᠭᠡᠷ ᠤᠴᠠᠷᠠᠯ᠎ᠢ ᠦᠭᠦᠯᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠮᠡᠳᠡᠷᠡᠭᠦᠯᠵᠦ ᠪᠠᠢᠳᠠᠭ ᠪᠢᠯᠡ᠃

( ᠠᠷᠠᠳ᠎ᠤᠨ ᠰᠦᠯᠵᠢᠶ᠎ᠡ ᠡᠴᠡ ᠨᠠᠢᠷᠠᠭᠤᠯᠤᠨ ᠠᠪᠤᠪᠠ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号