ᠤᠯᠠᠮᠵᠢᠯᠠᠯᠲᠤ ᠪᠠᠶᠠᠷ᠎ᠤᠨ ᠡᠳᠦᠷ᠎ᠢ ᠬᠥᠭ᠌ᠵᠢᠶᠠᠨ ᠲᠡᠶ ᠪᠣᠯᠭᠠᠨ᠎ᠠ
2022-01-19 09:51:26
ᠵᠣᠬᠢᠶᠠᠭ᠍ᠴᠢ᠄
ᠹᠠᠩ ᠰᠢᠶᠤᠤ
ᠣᠩᠱᠢᠭ᠍ᠰᠠᠨ ᠣᠳᠠᠭ᠎ᠠ᠄
★★★☆☆

ᠴᠠᠭ ᠮᠥᠴᠡ ᠡᠬᠡᠯᠵᠢᠯᠡᠵᠤ᠂ ᠣᠨ ᠵᠢᠯ ᠤᠷᠴᠢᠬᠰᠠᠭᠠᠷ᠃ ᠦᠨᠦ ᠪᠢᠳᠠᠨ᠎ᠤ ᠠᠮᠢᠳᠤᠷᠠᠯ᠎ᠤᠨ ᠠᠷᠭ᠎ᠠ ᠮᠠᠶᠢᠭ᠎ᠲᠤ ᠲᠩᠷᠢ ᠭᠠᠵᠠᠷ᠎ᠢ ᠳᠣᠩᠰᠣᠯᠭᠠᠮ᠎ᠠ ᠶᠡᠬᠡ ᠬᠤᠪᠢᠷᠠᠯᠲᠠ ᠭᠠᠷᠴᠤ᠌᠂ ᠢᠯᠠᠩᠭᠤᠶ᠎ᠠ ᠤᠯᠠᠮᠵᠢᠯᠠᠯᠲᠤ ᠪᠠᠶᠠᠷ ᠳᠤᠷᠠᠰᠭᠠᠯ᠎ᠤᠨ ᠡᠳᠦᠷ᠎ᠢ ᠪᠡᠯᠭᠡᠯᠡᠬᠦ᠌ ᠠᠷᠭ᠎ᠠ ᠮᠠᠶᠢᠭ ᠪᠠ ᠵᠠᠷᠢᠮ ᠪᠠᠶᠠᠷ ᠳᠤᠷᠠᠰᠭᠠᠯ᠎ᠤᠨ ᠡᠳᠦᠷ᠎ᠦᠨ ᠵᠠᠩ ᠵᠠᠩᠰᠢᠯ ᠳ᠋ᠤ ᠴᠤ᠌ ᠯᠤᠲᠤ ᠶᠡᠬᠡ ᠬᠤᠪᠢᠷᠠᠯᠲᠠ ᠭᠠᠷᠴᠠᠶ᠃

ᠯᠠ ᠰᠠᠷ᠎ᠠ᠎ᠶ᠋ᠢᠨ ᠨᠠᠢ᠍ᠮᠠᠨ᠎ᠤ ᠪᠠᠶᠠᠷ ᠨᠢ ᠮᠠᠨ᠎ᠤ ᠤᠯᠤᠰ᠎ᠤᠨ ᠤᠯᠠᠮᠵᠢᠯᠠᠯᠲᠤ ᠪᠠᠶᠠᠷ᠎ᠤᠨ ᠡᠳᠦᠷ᠎ᠦᠨ ᠨᠢᠭᠡ ᠪᠣᠯᠤᠭ᠍ᠰᠠᠨ᠎ᠤ ᠬᠤᠪᠢ᠎ᠳᠤ᠂ ᠥᠨᠢ ᠤᠳᠠᠭᠠᠨ ᠲᠡᠦᠬᠡ᠎ᠲᠡᠶ ᠪᠥᠭᠡᠳ ᠤᠳᠤ ᠪᠤᠯᠳᠠᠯ᠎ᠠ ᠤᠯᠠᠮᠵᠢᠯᠠᠭ᠍ᠳᠠᠬᠰᠠᠭᠠᠷ ᠢᠷᠡᠭ᠌ᠰᠡᠨ ᠶᠤᠮ᠃ ᠤᠯᠠᠮᠵᠢᠯᠠᠯᠲᠤ ᠪᠠᠶᠠᠷ ᠳᠤᠷᠠᠰᠭᠠᠯ᠎ᠤᠨ ᠡᠳᠦᠷ ᠨᠢ ᠪᠢᠳᠡᠨ᠎ᠦ ᠦᠶ᠎ᠡ ᠤᠯᠠᠷᠢᠨ ᠣᠷᠣᠱᠢᠨ ᠲᠣᠭ᠍ᠲᠠᠨᠢᠵᠤ ᠪᠠᠢᠭ᠎ᠠ ᠳᠤᠮᠳᠠᠳᠤ᠎ᠶ᠋ᠢᠨ ᠪᠣᠯᠪᠠᠰᠤᠨ᠂ ᠳᠤᠮᠳᠠᠳᠤ᠎ᠶ᠋ᠢᠨ ᠰᠣᠶᠣᠯ᠎ᠢ ᠡᠷᠬᠢᠨ ᠬᠠᠷᠠᠬᠤ ᠵᠢ ᠠᠬᠢᠭᠤᠯᠵᠤ᠂ ᠮᠠᠨ᠎ᠤ ᠤᠯᠠᠮᠵᠢᠯᠠᠯᠲᠤ ᠰᠣᠶᠣᠯ ᠵᠢᠠᠨ ᠬᠡᠷᠬᠢᠨ ᠨᠡᠩ ᠰᠠᠢᠳᠤᠷ ᠬᠠᠮᠠᠭᠠᠯᠠᠨ ᠬᠠᠳᠠᠭᠠᠯᠠᠵᠤ ᠤᠯᠠᠮᠵᠢᠯᠠᠨ ᠵᠠᠯᠭᠠᠮᠵᠢᠯᠠᠬᠤ᠎ᠶ᠋ᠢ ᠠᠬᠢᠭᠤᠯᠵᠤ ᠪᠠᠢᠭ᠎ᠠ ᠶᠤᠮ᠃

ᠪᠢᠳᠡ᠎ᠤᠯᠠᠮᠵᠢᠯᠠᠯᠲᠤ᠎ᠪᠠᠶᠠᠷ ᠳᠤᠷᠠᠰᠬᠠᠯ᠎ᠤᠨ ᠡᠳᠦᠷ᠎ᠢ ᠪᠡᠯᠭᠡᠯᠡᠬᠦ᠌ ᠪᠦᠷᠢ ᠤᠯᠠᠮᠵᠢᠯᠠᠯᠲᠤ ᠵᠠᠩ ᠵᠠᠩᠰᠢᠯ᠎ᠳᠤ ᠱᠢᠨ᠎ᠡ ᠠᠭᠤᠯᠬᠤᠨ᠎ᠢ ᠨᠡᠮᠡᠷᠢᠯᠡᠵᠤ᠂ ᠤᠯᠠᠮᠵᠢᠯᠠᠯᠲᠤ ᠰᠣᠶᠣᠯ᠎ᠳᠤ ᠱᠢᠨ᠎ᠡ ᠠᠮᠢ ᠨᠠᠰᠤ ᠵᠢ ᠣᠯᠭᠣᠳᠠᠭ᠃ ᠤᠯᠠᠮᠵᠢᠯᠠᠯᠲᠤ ᠪᠠᠶᠠᠷ᠎ᠤᠨ ᠡᠳᠦᠷ᠎ᠢ ᠪᠡᠯᠭᠡᠯᠡᠬᠦ᠌᠎ᠳᠦ ᠥᠷᠭᠡᠨ᠎ᠢᠶᠡᠷ ᠣᠷᠣᠯᠴᠠᠵᠤ᠂ ᠎ᠬᠥᠮᠦᠨ ᠪᠣᠯᠭᠠᠨ᠎ᠳᠤ ᠤᠯᠠᠮᠵᠢᠯᠠᠯᠲᠤ ᠪᠠᠶᠠᠷ᠎ᠤᠨ ᠡᠳᠦᠷ᠎ᠦᠨ ᠱᠢᠳᠢ᠎ᠶ᠋ᠢ ᠮᠡᠳᠡᠷᠡᠭᠦᠯᠬᠦ᠌᠎ᠶ᠋ᠢᠨ ᠬᠠᠮᠲᠤ ᠤᠯᠠᠮᠵᠢᠯᠠᠯᠲᠤ ᠰᠣᠶᠣᠯ᠎ᠤᠨ ᠲᠤᠬᠠᠶ ᠭᠦᠨ ᠰᠡᠳᠭᠢᠭ᠌ᠳᠡᠯ᠎ᠲᠡᠶ ᠪᠣᠯᠭᠠᠬᠤ ᠬᠡᠷᠡᠭ᠌ᠲᠡᠶ᠃ ᠡᠭᠦᠨ᠎ᠡᠴᠡ ᠭᠠᠳᠠᠨ᠎ᠠ ᠪᠠᠰᠠ ᠤᠯᠠᠮᠵᠢᠯᠠᠯᠲᠤ ᠪᠠᠶᠠᠷ᠎ᠤᠨ ᠡᠳᠦᠷ᠎ᠦᠨ ᠢᠯᠡᠳᠭᠡᠬᠦ᠌ ᠠᠷᠭ᠎ᠠ ᠮᠠᠶᠢᠭ᠂ ᠤᠯᠠᠮᠵᠢᠯᠠᠬᠤ ᠠᠷᠭ᠎ᠠ ᠵᠠᠮ᠎ᠤᠨ ᠲᠠᠯ᠎ᠠ᠎ᠪᠠᠷ᠂ ᠱᠢᠨ᠎ᠡ᠎ᠶ᠋ᠢ ᠡᠭᠦᠳᠬᠦ᠌ ᠲᠠᠯ᠎ᠠ᠎ᠪᠠᠷ ᠬᠦᠴᠦᠯᠡᠵᠦ᠍᠂ ᠤᠯᠠᠮᠵᠢᠯᠠᠯᠲᠤ ᠰᠣᠶᠣᠯ᠎ᠤᠨ ᠡᠬᠢ ᠪᠠᠶᠠᠯᠢᠭ᠎ᠤᠨ ᠣᠳᠣ ᠦᠶ᠎ᠡ᠎ᠶ᠋ᠢᠨ ᠠᠵᠤ ᠠᠬᠤᠶ᠎ᠶ᠋ᠢᠨ ᠦᠨ᠎ᠡ ᠥᠷᠲᠡᠭ᠎ᠢ ᠭᠦᠢᠴᠡᠳ ᠠᠭᠤᠳᠠᠯᠵᠤ᠂ ᠤᠯᠠᠮᠵᠢᠯᠠᠯᠲᠤ ᠰᠣᠶᠣᠯ᠎ᠢ ᠤᠯᠠᠮ《ᠠᠮᠢᠳᠤᠯᠢᠭ ᠪᠤᠯᠭᠠᠵᠤ》᠂ ᠴᠠᠭᠠᠰᠢᠳᠠ《ᠬᠥᠭ᠌ᠵᠢᠭᠡᠨ ᠪᠠᠳᠠᠷᠠᠭᠠᠬᠤ》 ᠶ᠋ᠢ ᠠᠬᠢᠭᠤᠯᠬᠤ ᠬᠡᠷᠡᠭ᠌ᠲᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号