1 ᠰᠠᠷ᠎ᠠ᠎ᠶ᠋ᠢᠨ 6 ᠤ᠋ ᠡᠳᠦᠷ ᠂ ᠬᠢᠩᠭᠠᠨ ᠠᠢᠮᠠᠭ᠎ᠤᠨ ᠬᠥᠬᠡ ᠠᠳᠤᠭᠤᠨ ᠲᠠᠯᠠᠪᠠᠶ᠎ᠶ᠋ᠢᠨ ᠵᠥᠩ ᠯᠢ ᠮᠠᠯ ᠠᠵᠤ ᠠᠬᠤᠢ᠎ᠶ᠋ᠢᠨ
2.5 ᠲᠦᠮᠡᠨ ᠱᠢᠯᠢᠳᠡᠭ ᠡᠭᠦᠯᠳᠡᠷ᠎ᠦᠨ ᠰᠠᠭᠠᠯᠢ᠎ᠶ᠋ᠢᠨ ᠦᠨᠢᠶ᠎ᠡ ᠲᠡᠵᠢᠭᠡᠨ
ᠦᠷᠡᠵᠢᠭᠦᠯᠬᠦ᠌ ᠮᠠᠯᠵᠢᠯ᠎ᠤᠨ ᠲᠠᠯᠠᠪᠠᠶ᠎ᠳᠤ ᠬᠦᠷᠬᠦ᠎ᠳᠤ᠂ ᠥᠨᠳᠥᠷ ᠪᠠᠷᠢᠮᠵᠢᠶᠠᠪᠦᠬᠦᠢ ᠰᠠᠯᠬᠢ ᠨᠡᠪᠲᠡᠷᠡᠭᠦᠯᠬᠦ᠌
᠂ ᠳᠤᠯᠠᠭᠠᠨ᠎ᠢ ᠬᠢᠵᠠᠭᠠᠷᠯᠠᠬᠤ᠂ ᠠᠷᠢᠭᠤᠳᠬᠠᠬᠤ ᠱᠢᠰᠲ᠋ᠧᠮ᠎ᠢ ᠤᠭᠰᠠᠷᠠᠭᠰᠠᠨ ᠪᠠᠷᠢᠮᠵᠢᠶᠠᠵᠢᠭ᠍ᠰᠠᠨ ᠦᠬᠡᠷ᠎ᠦᠨ
ᠬᠠᠱᠢᠶᠠᠵᠢᠭᠳᠡᠷᠡᠨ ᠪᠠᠢᠷᠢᠰᠢᠵᠤ ᠪᠠᠢᠯ᠎ᠠ᠃ ᠡᠨᠳᠡ ᠪᠣᠷᠳᠣᠭ᠎ᠠ ᠥᠭ᠌ᠬᠦ᠂ ᠰᠦ ᠰᠠᠭᠠᠬᠤ᠂ ᠰᠠᠭᠠᠯᠢ᠎ᠶ᠋ᠢᠨ
ᠦᠨᠢᠶ᠎ᠡ ᠶᠠᠪᠤᠬᠤ᠂ ᠦᠬᠡᠷ᠎ᠦᠨ ᠬᠠᠱᠢᠶ᠎ᠠ ᠴᠡᠪᠡᠷᠯᠡᠬᠦ᠌ ᠵᠡᠷᠭᠡ ᠠᠯᠬᠤᠮ ᠳᠠᠷᠠᠭ᠎ᠠ᠎ᠳᠤ ᠴᠥᠮ ᠵᠢᠷᠤᠮᠯᠠᠬᠤ
ᠲᠦᠷᠢᠮ᠎ᠲᠡᠶ ᠪᠠᠢᠳᠠᠭ᠃
ᠲᠡᠵᠢᠭᠡᠨ ᠦᠷᠡᠵᠢᠭᠦᠯᠬᠦ᠌ ᠮᠠᠯᠵᠢᠯ᠎ᠤᠨ ᠲᠠᠯᠠᠪᠠᠶ᠎ᠶ᠋ᠢᠨ ᠣᠳᠣᠬᠢᠴᠢᠯᠠᠭ᠍ᠰᠠᠨ
ᠰᠦ ᠰᠠᠭᠠᠬᠤ ᠲᠢᠩᠬᠢᠮ᠎ᠳᠦ᠂ ᠵᠠᠭᠤ ᠭᠠᠷᠤᠶ ᠰᠠᠭᠠᠯᠢ᠎ᠶ᠋ᠢᠨ ᠦᠨᠢᠶ᠎ᠡ ᠵᠢ ᠬᠠᠮᠲᠤ᠎ᠪᠠᠷ ᠰᠠᠭᠠᠬᠤ᠎ᠨᠢ ᠮᠠᠰᠢ
ᠰᠦᠷᠯᠢᠬᠦᠨ ᠬᠠᠷᠠᠭᠳᠠᠵᠦ ᠪᠠᠢᠯ᠎ᠠ᠃ ᠰᠦᠷᠦᠭ ᠰᠠᠭᠠᠯᠢ᠎ᠶ᠋ᠢᠨ ᠦᠨᠢᠶ᠎ᠡ ᠪᠦᠷᠢᠨ ᠠᠦ᠋ᠲ᠋ᠤᠴᠢᠯᠠᠭᠰᠠᠨ ᠰᠦ ᠰᠠᠭᠠᠬᠤ ᠮᠠᠱᠢᠨᠲᠡᠭᠡᠷᠡ ᠡᠮᠬᠢ
ᠵᠢᠷᠤᠮ᠎ᠲᠠᠶ᠎ᠪᠠᠷ ᠵᠤᠬᠰᠤᠵᠤ᠂ ᠠᠩᠬᠢᠯᠤᠮ᠎ᠠ ᠰᠦ ᠪᠢᠲᠡᠭᠦᠮᠵᠢᠯᠡᠭ᠌ᠰᠡᠨ
ᠬᠣᠭᠣᠯᠠᠶ᠎ᠪᠡᠷ ᠰᠦ ᠰᠠᠪᠠᠯᠠᠬᠤ ᠲᠠᠰᠤᠭ᠎ᠲᠤ ᠲᠠᠰᠤᠷᠠᠯᠲᠠ ᠥᠬᠡᠶ ᠬᠦᠷᠭᠡᠭ᠌ᠳᠡᠵᠦ᠍ ᠂ ᠬᠠᠳᠠᠭᠠᠯᠠᠵᠦ ᠬᠥᠷᠥᠭᠡᠭ᠌ᠰᠡᠨᠦ
ᠳᠠᠷᠠᠭ᠎ᠠ ᠰᠦ ᠰᠠᠪᠠᠯᠠᠬᠤ ᠲᠡᠷᠭᠡᠨ᠎ᠳᠦ ᠰᠠᠪᠠᠯᠠᠵᠤ᠂ ᠪᠥᠬᠥ᠌ ᠶᠠᠪᠤᠴᠠ᠎ᠳᠤ ᠪᠠᠺᠲ᠋ᠧᠷᠢ ᠥᠬᠡᠶ᠎ᠪᠡᠷ ᠪᠢᠲᠡᠭᠦᠮᠵᠢᠯᠡᠬᠦ᠌
ᠠᠵᠢᠯᠯᠠᠭ᠎ᠠ᠎ᠶ᠋ᠢ ᠪᠡᠶᠡᠯᠡᠭᠦᠯᠪᠡ᠃
ᠬᠢᠩᠭᠠᠨ ᠠᠢᠮᠠᠭ᠎ᠤᠨ ᠲᠦᠮᠡᠨ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌
ᠮᠠᠯᠵᠢᠯ᠎ᠤᠨ ᠲᠠᠯᠠᠪᠠᠶ᠎ᠶ᠋ᠢᠨ ᠣᠶᠤᠨᠴᠢ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠴᠢᠬᠤᠯᠠ ᠪᠦᠷᠢᠯᠳᠦᠬᠦᠨ
ᠬᠡᠰᠡᠭ ᠪᠣᠯᠤᠭ᠍ᠰᠠᠨ᠎ᠤ ᠬᠤᠪᠢ᠎ᠳᠤ᠂ ᠵᠥᠩ ᠯᠢ ᠮᠠᠯ ᠠᠵᠤ ᠠᠬᠤᠶ᠎ᠶ᠋ᠢᠨ 2.5 ᠲᠦᠮᠡᠨ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠵᠢᠱ᠌ᠢᠶ᠎ᠡ ᠦᠵᠡᠭᠦᠯᠬᠦ᠌ ᠮᠠᠯᠵᠢᠯ᠎ᠤᠨ
ᠲᠠᠯᠠᠪᠠᠶ ᠪᠣᠯ ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ ᠲᠠᠩ ᠴᠣᠭ᠍ᠴᠠᠲᠤ ᠬᠠᠮᠤᠭ᠎ᠤᠨ ᠲᠣᠮᠣ ᠪᠠᠷᠢᠮᠵᠢᠶᠠᠵᠢᠭ᠍ᠰᠠᠨ
ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠲᠥᠷᠥᠯ ᠵᠦᠶ᠋ᠯ ᠪᠣᠯᠤᠨ᠎ᠠ᠃《ᠮᠠᠨ᠎ᠤ ᠮᠠᠯᠵᠢᠯ᠎ᠤᠨ ᠲᠠᠯᠠᠪᠠᠶ᠎ᠶ᠋ᠢ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ᠂ ᠢᠯᠢ
ᠪᠦᠯᠦᠭ᠌ᠯᠡᠯ᠂ ᠵᠥᠩ ᠪᠥᠸᠧ ᠨᠦᠩ ᠺᠣᠮᠫᠠᠨᠢ ᠵᠡᠷᠭᠡ ᠭᠤᠷᠪᠠᠨ ᠲᠠᠯ᠎ᠠ᠎ᠵᠢᠨ ᠬᠢᠨ ᠬᠠᠮᠲᠤ᠎ᠪᠠᠷ ᠪᠥᠲᠥᠭᠡᠨ ᠪᠠᠢᠭᠤᠯᠵᠤ᠂ ᠲᠡᠵᠢᠭᠡᠨ ᠦᠷᠡᠵᠢᠭᠦᠯᠬᠦ᠌ ᠬᠡᠪᠴᠢᠶ᠎ᠡ᠎ᠶ᠋ᠢ 2.5 ᠲᠦᠮᠡᠨ ᠲᠣᠯᠣᠭᠠᠶ᠎ᠪᠠᠷ ᠲᠥᠯᠥᠪᠯᠡᠵᠦ᠂ ᠣᠳᠣᠬᠠᠨ᠎ᠳᠤ ᠰᠠᠭᠠᠯᠢ᠎ᠶ᠋ᠢᠨ ᠦᠨᠢᠶᠡᠨ᠎ᠦ ᠠᠮᠢᠳᠤ ᠮᠠᠯ᠎ᠤᠨ ᠲᠣᠭ᠎ᠠ ᠲᠣᠯᠣᠭᠠᠶ ᠨᠢᠭᠡᠨᠲᠡ 1.2 ᠲᠦᠮᠡ᠎ᠶ᠋ᠢ ᠳᠠᠪᠠᠵᠤ᠂ ᠡᠳᠦᠷ᠎ᠲᠦ 120 ᠲᠣᠨ ᠲᠦᠭᠦᠬᠡᠢ ᠰᠦ ᠦᠶ᠋ᠯᠡᠳᠪᠦᠷᠢᠯᠡᠵᠦ᠍ ᠪᠠᠢᠨ᠎ᠠ᠃ ᠲᠡᠵᠢᠭᠡᠬᠦ᠌᠎ᠶ᠋ᠢᠨ ᠲᠥᠯᠥᠭᠡ ᠳᠠᠷᠢᠬᠤ᠂ ᠳᠠᠷᠢᠵᠤ ᠲᠡᠵᠢᠭᠡᠬᠦ᠌᠎ᠶ᠋ᠢ
ᠤᠶᠠᠯᠳᠤᠭᠤᠯᠬᠤ᠂ ᠠᠮᠢ ᠠᠬᠤᠶ᠎ᠶ᠋ᠢᠨ ᠣᠷᠴᠢᠯ᠎ᠳᠤ ᠰᠠᠭᠤᠷᠢᠯᠠᠨ ᠂ ᠵᠥᠩ ᠯᠢ ᠮᠠᠯ ᠠᠵᠤ ᠠᠬᠤᠶ ᠨᠢ ᠡᠪᠡᠰᠦ ᠪᠣᠷᠳᠣᠭ᠎ᠠ
ᠳᠠᠷᠢᠬᠤ᠂ ᠡᠪᠡᠰᠦ ᠪᠣᠷᠳᠣᠭ᠎ᠠ ᠪᠣᠯᠪᠠᠰᠤᠷᠠᠭᠤᠯᠬᠤ᠂ ᠲᠦᠭᠦᠬᠡᠢ ᠰᠦ ᠲᠣᠬᠢᠷᠠᠭᠤᠯᠤᠨ ᠬᠦᠷᠭᠡᠬᠦ᠌᠎ᠡᠴᠡ ᠠᠮᠢᠳᠤ
ᠪᠣᠳᠠᠰ᠎ᠤᠨ ᠪᠣᠷᠲᠣᠭᠣᠷ᠎ᠢ ᠣᠷᠭᠠᠨᠢᠭ᠎ᠢᠶᠠᠷ ᠬᠤᠪᠢᠷᠠᠭᠤᠯᠬᠤ ᠬᠦᠷᠲᠡᠯᠡᠬᠢ ᠪᠣᠬᠢᠷᠲᠤᠯ ᠥᠬᠡᠶ ᠲᠠᠷᠢᠶᠠᠯᠠᠩ ᠮᠠᠯ
ᠠᠵᠤ ᠠᠬᠤᠶ᠎ᠶ᠋ᠢᠨ ᠣᠷᠴᠢᠯ ᠠᠵᠤ ᠦᠶ᠋ᠯᠡᠰ᠎ᠦᠨ ᠬᠡᠯᠬᠢᠶ᠎ᠡ᠎ᠶ᠋ᠢ ᠪᠣᠶ ᠪᠣᠯᠭᠠᠪᠠ᠃ ᠡᠨᠡ ᠬᠦ᠌ ᠲᠥᠷᠥᠯ ᠵᠦᠶ᠋ᠯ᠎ᠢ
ᠤᠷᠤᠭ᠍ᠰᠢᠲᠠᠶ ᠬᠡᠷᠡᠭ᠌ᠵᠢᠭᠦᠯᠦᠭ᠌ᠰᠡᠨ ᠨᠢ ᠬᠢᠩᠭᠠᠨ ᠠᠢᠮᠠᠭ᠎ᠤᠨ ᠪᠠᠷᠢᠮᠵᠢᠶᠠᠵᠢᠭᠰᠡᠨ ᠰᠠᠭᠠᠯᠢ᠎ᠶ᠋ᠢᠨ ᠦᠨᠢᠶ᠎ᠡ
ᠲᠡᠵᠢᠭᠡᠨ ᠦᠷᠡᠵᠢᠭᠦᠯᠬᠦ᠌ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠵᠢ 〈ᠲᠦᠷᠭᠡᠳᠭᠡᠭᠰᠡᠨ〉 ᠵᠢᠡᠷ ᠪᠠᠷᠠᠬᠤ
ᠥᠬᠡᠢ ᠬᠢᠩᠭᠠᠨ ᠠᠢᠮᠠᠭ᠎ᠤᠨ ᠰᠦ ᠰᠠᠭᠠᠯᠢ ᠶ᠋ᠢᠨ ᠦᠶ᠋ᠯᠡᠰ᠎ᠦᠨ
ᠬᠥᠭ᠌ᠵᠢᠯᠲᠡ᠎ᠶ᠋ᠢᠨ ᠠᠯᠬᠤᠴᠠ᠎ᠶ᠋ᠢ ᠴᠤ᠌ ᠠᠬᠢᠭᠤᠯᠤᠭ᠍ᠰᠠᠨ ᠪᠠᠢᠨ᠎ᠠ᠃ ᠣᠳᠣᠬᠠᠨ ᠪᠣᠯᠲᠠᠯ᠎ᠠ᠂ ᠬᠢᠩᠭᠠᠨ ᠠᠢᠮᠠᠭ᠎ᠤᠨ
ᠴᠢᠨᠠᠷ ᠰᠠᠢᠲᠠᠶ ᠰᠠᠭᠠᠯᠢ᠎ᠶ᠋ᠢᠨ ᠦᠨᠢᠶ᠎ᠡ ᠲᠡᠵᠢᠭᠡᠵᠦ ᠪᠠᠢᠭ᠎ᠠ ᠬᠡᠮᠵᠢᠶ᠎ᠡ 12 ᠲᠦᠮᠡ᠎ᠳᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 92% ᠵᠢᠡᠷ ᠨᠡᠮᠡᠭ᠌ᠳᠡᠪᠡ》 ᠭᠡᠵᠦ ᠮᠠᠯᠵᠢᠯ᠎ᠤᠨ
ᠲᠠᠯᠠᠪᠠᠶ᠎ᠶ᠋ᠢᠨ ᠳᠠᠷᠤᠭ᠎ᠠ ᠷᠤᠯᠮᠠᠮᠧᠳᠡᠭ ᠬᠡᠯᠡᠨ᠎ᠡ᠃
ᠡᠨᠡ ᠬᠡᠳᠦᠨ ᠡᠳᠦᠷ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ
ᠡᠮᠦᠨᠡᠲᠦ ᠬᠣᠱᠢᠭᠤᠨ᠎ᠤ ᠴᠠᠷᠠᠰᠤᠨ ᠪᠠᠯᠭᠠᠰᠤᠨ᠎ᠤ ᠪᠠᠶᠠᠨ ᠭᠠᠴᠠᠭᠠᠨ᠎ᠤ᠎ᠶ᠋ᠢᠨ ᠱᠦᠨ ᠮᠠᠯᠵᠢᠯ᠎ᠤᠨ ᠲᠠᠯᠠᠪᠠᠶ
ᠱᠢᠨ᠎ᠡ ᠽᠧᠯᠡᠨᠳ᠋᠎ᠦᠨ 《ᠵᠣᠴᠢᠨ》— 720 ᠡᠾᠧᠰᠲ᠋ᠠᠨ ᠰᠠᠭᠠᠯᠢ᠎ᠶ᠋ᠢᠨ ᠦᠨᠢᠶ᠎ᠡ᠎ᠪᠡᠨ ᠤᠭ᠍ᠲᠤᠪᠠ᠃ ᠲᠠᠳᠠ ᠴᠢᠩᠭ᠎ᠠ ᠠᠷᠢᠭᠤᠳᠭᠠᠯ ᠂ ᠲᠤᠰᠠᠭᠠᠷᠯᠠᠯ
ᠬᠢᠭᠡᠳ ᠬᠢᠵᠢᠭ᠎ᠤᠨ ᠪᠠᠢᠴᠠᠭᠠᠯᠲᠠ ᠵᠢ ᠦᠩᠭᠡᠷᠡᠭᠡᠵᠦ ᠡᠨᠳᠡᠬᠢ ᠱᠢᠨ᠎ᠡ ᠠᠮᠢᠳᠤᠷᠠᠯ᠎ᠢᠶᠠᠨ ᠡᠬᠢᠯᠡᠭᠦᠯᠵᠡᠶ᠃
ᠤᠮᠠᠷᠠᠲᠤ ᠥᠷᠭᠡᠷᠢᠭ᠎ᠦᠨ 46 ᠭᠷᠠᠳᠦ᠋ᠰ᠎ᠦᠨ ᠰᠦ ᠶ᠋ᠢᠨ ᠢᠷᠡᠯᠲᠡ᠎ᠶ᠋ᠢᠨ
ᠱᠢᠵᠢᠷ ᠠᠯᠲᠠᠨ ᠪᠦᠰᠡ᠎ᠳᠦ ᠪᠠᠢᠷᠢᠯᠠᠵᠤ ᠪᠠᠢᠭ᠎ᠠ ᠬᠢᠩᠭᠠᠨ ᠠᠢᠮᠠᠭ᠎ᠤᠨ ᠤᠰᠤᠨ᠎ᠤ ᠴᠢᠨᠠᠷ᠂ ᠬᠥᠷᠥᠰᠥ᠍ ᠱᠢᠷᠣᠶ᠂
ᠠᠭᠤᠷ ᠠᠮᠢᠰᠭᠤᠯ ᠱᠢᠯᠢᠳᠡᠭ ᠰᠠᠢᠨ᠂ ᠲᠡᠵᠢᠭᠡᠯ ᠡᠪᠡᠰᠦᠨ᠎ᠦ ᠡᠬᠢ ᠪᠠᠶᠠᠯᠢᠭ ᠡᠯᠪᠡᠭ ᠪᠠᠢᠵᠤ᠂ 1895 ᠲᠦᠮᠡᠨ ᠮᠥ᠍ ᠬᠠᠷ᠎ᠠ ᠬᠦᠷᠦᠰᠦ ᠂ 3918 ᠲᠦᠮᠡᠨ ᠮᠥ᠍ ᠴᠢᠨᠠᠷ ᠰᠠᠢᠲᠠᠶ ᠮᠠᠯᠵᠢᠯ᠎ᠤᠨ ᠲᠠᠯᠠᠪᠠᠶ ᠨᠢ ᠰᠠᠭᠠᠯᠢ᠎ᠶ᠋ᠢᠨ ᠦᠨᠢᠶ᠎ᠡ ᠲᠡᠵᠢᠭᠡᠨ
ᠦᠷᠡᠵᠢᠭᠦᠯᠬᠦ᠌ ᠦᠶ᠋ᠯᠡᠰ᠎ᠢ ᠬᠥᠭ᠌ᠵᠢᠭᠦᠯᠬᠦ᠌ ᠥᠪᠡᠷᠮᠢᠴᠡ ᠳᠠᠪᠠᠭᠤᠯᠢᠭ᠎ᠲᠠᠶ ᠶᠤᠮ᠃《ᠰᠦ ᠶ᠋ᠢᠨ ᠢᠷᠡᠯᠲᠡ᠎ᠶ᠋ᠢᠨ
ᠱᠢᠵᠢᠷ ᠠᠯᠲᠠᠨ ᠪᠦᠰᠡ》᠎ᠡᠴᠡ 《ᠠᠵᠤ ᠦᠶ᠋ᠯᠡᠰ᠎ᠦᠨ ᠱᠢᠵᠢᠷ ᠠᠯᠲᠠᠨ ᠪᠦᠰᠡ》 ᠬᠦᠷᠲᠡᠯ᠎ᠡ᠂《ᠱᠢᠵᠢᠷ ᠠᠯᠲᠠ》 ᠪᠣᠯ ᠡᠬᠡ ᠪᠠᠢᠭᠠᠯᠢ᠎ᠶ᠋ᠢᠨ
ᠬᠡᠰᠢᠭ ᠮᠥᠨ᠂ ᠨᠠᠩ ᠴᠤ᠌ ᠬᠢᠩᠭᠠᠨ ᠠᠢᠮᠠᠭ᠎ᠤᠨ ᠴᠢᠨᠠᠷᠯᠢᠭ
ᠰᠦ ᠶ᠋ᠢᠨ ᠢᠷᠡᠯᠲᠡ᠎ᠶ᠋ᠢᠨ ᠰᠠᠭᠤᠷᠢᠨ᠎ᠢ ᠪᠠᠢᠭᠤᠯᠬᠤ ᠢᠲᠡᠭᠡᠯ ᠵᠣᠷᠢᠭ ᠪᠠ ᠤᠮᠤᠭ ᠵᠣᠷᠢᠭ ᠪᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ᠂ ᠪᠣᠬᠢᠷᠲᠤᠯ ᠦᠭᠡᠢ ᠤᠨᠴᠠᠯᠢᠬ᠍ᠳᠤ ᠳᠠᠪᠠᠭᠤᠯᠢᠭ ᠤᠳᠤ
ᠦᠶ᠎ᠡ᠎ᠶ᠋ᠢᠨ ᠠᠵᠤ ᠦᠢᠯᠡᠰ᠎ᠦᠨ ᠱᠢᠰᠲᠸᠮ᠎ᠢ ᠲᠦᠷᠭᠡᠳᠭᠡᠨ ᠪᠠᠢᠭᠤᠯᠵᠤ᠂ ᠬᠡᠯᠬᠢᠶ᠎ᠠ᠎ᠶ᠋ᠢ ᠤᠷᠲᠤᠳᠭᠠᠨ ᠬᠡᠯᠬᠢᠶ᠎ᠠ᠎ᠶ᠋ᠢ
ᠨᠥᠬᠥᠪᠥᠷᠢᠯᠡᠵᠦ᠍ ᠬᠡᠯᠬᠢᠶ᠎ᠠ᠎ᠶ᠋ᠢ ᠴᠢᠩᠭᠠᠳᠭᠠᠬᠤ ᠠᠵᠢᠯᠯᠠᠭ᠎ᠠ ᠪᠣᠯᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌
ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠤᠯᠠᠮᠵᠢᠯᠠᠯᠲᠤ ᠠᠵᠤ ᠦᠢᠯᠡᠰ᠎ᠦᠨ ᠳᠡᠭᠡᠳᠦ ᠲᠦᠪᠱᠢᠨ ᠵᠢᠡᠷ
ᠤᠶᠤᠨᠴᠢᠯᠠᠨ ᠪᠣᠬᠢᠷᠲᠤᠯ ᠦᠭᠡᠢ ᠬᠥᠭ᠌ᠵᠢᠬᠦ ᠵᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠪᠠ᠃
ᠱᠢᠨ᠎ᠡ ᠭᠠᠷᠤᠭ᠎ᠠ᠎ᠳᠤ ᠵᠣᠭ᠍ᠰᠣᠵᠤ᠂ ᠬᠢᠩᠭᠠᠨ ᠠᠢᠮᠠᠭ ᠥᠪᠡᠷᠲᠡᠭᠡᠨ
ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ
ᠵᠣᠷᠢᠭ ᠰᠠᠨᠠᠭ᠎ᠠ᠎ᠶ᠋ᠢ ᠲᠡᠷᠡ ᠬᠡᠪ᠎ᠢᠶᠡᠷ᠎ᠨᠢ ᠨᠠᠢᠳᠠᠪᠤᠷᠢᠵᠢᠭᠤᠯᠵᠤ᠂ ᠰᠦ ᠰᠠᠭᠠᠯᠢ ᠵᠢᠨ ᠦᠶ᠋ᠯᠡᠰ᠎ᠢ ᠬᠥᠭ᠌ᠵᠢᠭᠦᠯᠦᠨ
ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠠᠷᠠᠯᠵᠢᠶᠠᠴᠢᠨ ᠤᠷᠢᠵᠤ ᠪᠠᠯᠠ
ᠣᠷᠣᠭᠤᠯᠤᠨ ᠠᠪᠴᠢᠷᠠᠬᠤ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠂ ᠵᠢᠭᠡᠯᠡᠯᠭᠡ᠎ᠶ᠋ᠢᠨ ᠲᠡᠮᠳᠡᠭ᠌ᠲᠦ᠍
ᠤᠯᠬᠤ᠂ ᠲᠥᠷᠥ᠎ᠶ᠋ᠢᠨ ᠪᠣᠳᠣᠯᠭ᠎ᠠ᠎ᠪᠠᠷ ᠲᠡᠳᠬᠦᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠦᠶ᠋ᠯᠡᠳᠪᠦᠷᠢᠯᠡᠯ᠎ᠦᠨ
ᠭᠣᠭ᠍ᠴᠣᠭ᠎ᠠ᠎ᠳᠤ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠵᠤ᠂ ᠡᠳ᠋ᠱᠢᠭᠦᠯᠬᠦ᠌ ᠭᠣᠭ᠍ᠴᠣᠭ᠎ᠠ᠎ᠳᠤ
ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠦᠶ᠋ᠯᠡᠴᠢᠯᠡᠭᠡᠨ᠎ᠦ ᠭᠣᠭ᠍ᠴᠣᠭ᠎ᠠ᠎ᠳᠤ ᠴᠢᠬᠤᠯᠠ ᠡᠯᠧᠮᠧᠨ᠋ᠲ᠎ᠦᠨ
ᠬᠡᠯᠬᠢᠶ᠎ᠡ᠎ᠶ᠋ᠢ ᠪᠠᠲᠤᠯᠠᠵᠤ᠂ ᠭᠠᠳᠠᠭ᠍ᠰᠢ ᠭᠠᠷᠭᠠᠬᠤ ᠭᠣᠭ᠍ᠴᠣᠭ᠎ᠠ᠎ᠳᠤ ᠪᠣᠷᠣᠯᠠᠭᠤᠯᠭ᠎ᠠ᠎ᠶ᠋ᠢᠨ ᠬᠡᠯᠬᠢᠶ᠎ᠡ᠎ᠶ᠋ᠢ
ᠥᠷᠭᠡᠳᠭᠡᠨ᠂ ᠰᠦ ᠰᠠᠭᠠᠯᠢ ᠵᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ
ᠬᠥᠳᠡᠯᠭᠡᠬᠦ᠌ ᠡᠨᠧᠷᠭᠢ᠎ᠶ᠋ᠢ ᠤᠯᠠᠮ ᠴᠢᠨᠠᠭᠰᠢᠳᠠ ᠬᠥᠭ᠌ᠵᠢᠭᠡᠬᠦᠵᠡᠷᠭᠡᠪᠡᠷᠲᠠᠮᠵᠢᠨ᠂ ᠪᠥᠬᠥ᠌ᠠᠢᠮᠠᠭᠤᠨ
ᠰᠦ ᠰᠠᠭᠠᠯᠢ ᠵᠢᠨ ᠦᠶ᠋ᠯᠡᠰ᠎ᠦᠨ ᠴᠢᠨᠠᠷ ᠰᠠᠢᠲᠠᠶᠬᠥᠭ᠌ᠵᠢᠯᠲᠡᠶ᠋ᠢ ᠠᠬᠢᠭᠤᠯᠪᠠ᠃
ᠰᠦ ᠰᠠᠭᠠᠯᠢ ᠵᠢᠨ ᠦᠶ᠋ᠯᠡᠰ᠎ᠦᠨ ᠠᠵᠤ ᠦᠶ᠋ᠯᠡᠰ᠎ᠦᠨ ᠬᠡᠯᠬᠢᠶ᠎ᠡ᠎ᠶ᠋ᠢ
ᠤᠷᠲᠤᠳᠭᠠᠵᠤ᠂ ᠰᠦ ᠰᠠᠭᠠᠯᠢ ᠶ᠋ᠢᠨ ᠦᠶ᠋ᠯᠡᠰ᠎ᠦᠨ ᠠᠵᠤ ᠦᠶ᠋ᠯᠡᠰ᠎ᠦᠨ
ᠪᠦᠯᠦᠭ᠌ᠵᠢᠯ᠎ᠢ ᠪᠣᠢᠵᠢᠭᠤᠯᠤᠨ᠂ ᠰᠦ ᠰᠠᠭᠠᠯᠢ ᠵᠢᠨ ᠠᠵᠤ
ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠪᠡ᠃ ᠬᠢᠩᠭᠠᠨ
ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠪᠦᠬᠦ ᠬᠦᠴᠦ ᠪᠡᠷ ᠠᠬᠢᠭᠤᠯᠤᠭᠰᠠᠨ ᠲᠡᠵᠢᠭᠡᠯ
ᠡᠪᠡᠰᠦ ᠳᠠᠷᠢᠬᠤ᠂ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌᠂ ᠴᠠᠭᠠᠨ ᠢᠳᠡᠭᠡᠨ ᠡᠳ᠋ᠱᠢᠭᠦᠯᠬᠦ᠌᠎ᠶ᠋ᠢ
ᠨᠢᠭᠡ ᠴᠣᠭ᠍ᠴᠠᠵᠢᠭᠤᠯᠤᠭ᠍ᠰᠠᠨ《ᠳᠠᠷᠢᠵᠤ ᠲᠡᠵᠢᠭᠡᠬᠦ᠌
ᠡᠳ᠋ᠱᠢᠭᠦᠯᠬᠦ᠌》 ᠪᠥᠬᠥ᠌ ᠠᠵᠤ
ᠦᠶ᠋ᠯᠡᠰ᠎ᠦᠨ ᠬᠡᠯᠬᠢᠶ᠎ᠡ᠎ᠶ᠋ᠢᠨ ᠴᠢᠨᠠᠷ ᠰᠠᠢᠲᠠᠶ ᠰᠠᠭᠠᠯᠢ᠎ᠶ᠋ᠢᠨ ᠦᠨᠢᠶᠡᠨ᠎ᠦ ᠠᠮᠢ ᠠᠬᠤᠶ᠎ᠶ᠋ᠢᠨ ᠡᠷᠭᠢᠯᠲᠡ᠎ᠶ᠋ᠢᠨ
ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠨᠢ ᠬᠢᠩᠭᠠᠨ ᠠᠢᠮᠠᠭ᠎ᠤᠨ ᠰᠦ ᠰᠠᠭᠠᠯᠢ ᠵᠢᠨ ᠦᠶ᠋ᠯᠡᠰ᠎ᠦᠨ
ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ ᠪᠣᠯᠵᠣ᠂ ᠳᠡᠭᠡᠳᠦ ᠲᠠᠰ᠎ᠤᠨ ᠰᠦ ᠰᠠᠭᠠᠯᠢ ᠵᠢᠨ ᠠᠵᠤ ᠦᠢᠯᠡᠰ ᠤᠨ
ᠰᠠᠭᠤᠷᠢᠨ ᠢ᠋ ᠪᠠᠢᠭᠤᠯᠬᠤ ᠰᠠᠭᠤᠷᠢ᠎ᠶ᠋ᠢ ᠪᠠᠲᠤᠳᠭᠠᠪᠠ᠃
ᠲᠠᠨᠢᠯᠴᠠᠭᠤᠯᠤᠭ᠍ᠰᠠᠨ᠎ᠢᠶᠠᠷ᠂ ᠲᠣᠰ ᠲᠥᠷᠥᠯ ᠵᠦᠶ᠋ᠯ᠎ᠦᠨ ᠶᠡᠷᠦᠩᠬᠡᠶ
ᠪᠠᠯᠠ ᠣᠷᠣᠭᠤᠯᠤᠯᠲᠠ᠎ᠨᠢ 22 ᠳ᠋ᠦᠩᠱᠢᠭᠤᠷ ᠲᠥᠭᠥᠷᠢᠭ᠎ᠲᠦ ᠬᠦᠷᠴᠦ᠍᠂ 4 ᠲᠦᠮᠡᠨ ᠲᠣᠯᠣᠭᠠᠶ᠎ᠡᠴᠡ ᠳᠡᠭᠡᠭ᠌ᠰᠢᠬᠢ ᠰᠠᠭᠠᠯᠢ ᠵᠢᠨ ᠦᠨᠢᠶ᠎ᠡ ᠪᠠᠭᠳᠠᠭᠠᠬᠤ ᠮᠠᠯᠵᠢᠯ᠎ᠤᠨ ᠲᠠᠯᠠᠪᠠᠶ᠎ᠶ᠋ᠢ ᠡᠬᠢᠯᠡᠨ ᠪᠥᠲᠥᠭᠡᠨ
ᠪᠠᠢᠭᠤᠯᠵᠤ᠂ ᠲᠥᠷᠥᠯ ᠵᠦᠶ᠋ᠯ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠮᠠᠯᠵᠢᠯ᠎ᠤᠨ ᠲᠠᠯᠠᠪᠠᠶ᠎ᠶ᠋ᠢᠨ
ᠵᠢᠯ᠎ᠦᠨ ᠦᠶ᠋ᠯᠡᠳᠬᠦᠨ᠎ᠦ ᠪᠥᠬᠥ᠌ ᠥᠷᠲᠡᠭ᠎ᠨᠢ 18 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ᠎ᠳᠦ ᠬᠦᠷᠦᠨ᠎ᠠ᠃ ᠲᠥᠷᠥᠯ ᠵᠦᠶ᠋ᠯ᠎ᠢ ᠡᠬᠢᠯᠡᠨ ᠬᠡᠷᠡᠭ᠌ᠵᠢᠭᠦᠯᠦᠭ᠌ᠰᠡᠨ᠎ᠡᠴᠡ
ᠨᠠᠭᠠᠰᠢ᠂ ᠵᠥᠩ ᠯᠢ ᠮᠠᠯᠵᠢᠯ᠎ᠤᠨ ᠲᠠᠯᠠᠪᠠᠶ᠎ᠨᠢ ᠬᠥᠬᠡ ᠠᠳᠤᠭᠤᠨ ᠲᠠᠯᠠᠪᠠᠶ᠎ᠶ᠋ᠢᠨ ᠲᠠᠷᠢᠶᠠᠴᠢᠳ᠎ᠲᠠᠶ 《 ᠪᠡᠯᠴᠢᠭᠡᠷ ᠮᠠᠯ
ᠰᠦ᠋ ᠲᠠᠷᠢᠶᠠᠴᠢᠨ》 ᠤ᠋ ᠠᠱᠢᠭ ᠲᠤᠰᠠ᠎ᠶ᠋ᠢ
ᠬᠣᠯᠪᠣᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠡᠴᠡ᠎ᠶ᠋ᠢ ᠪᠠᠢᠭᠤᠯᠬᠤ ᠪᠡᠷ ᠳᠠᠮᠵᠢᠨ᠂ ᠲᠠᠷᠢᠮᠠᠯ᠎ᠤᠨ
ᠡᠷᠦᠬᠡ ᠪᠠ ᠪᠤᠰᠤᠳ ᠲᠡᠵᠢᠭᠡᠨ ᠦᠷᠡᠵᠢᠭᠦᠯᠬᠦ᠌ ᠡᠷᠦᠬᠡ᠎ᠲᠡᠶ ᠲᠣᠭ᠍ᠲᠠᠭᠤᠨ ᠠᠱᠢᠭ ᠲᠤᠰᠠ᠎ᠶ᠋ᠢᠨ ᠬᠠᠮᠲᠤ᠎ᠶ᠋ᠢᠨ
ᠴᠣᠭ᠍ᠴᠠ᠎ᠶ᠋ᠢ ᠪᠦᠷᠢᠯᠳᠦᠭᠦᠯᠵᠡᠶ᠃ ᠮᠠᠯᠵᠢᠯ᠎ᠤᠨ ᠲᠠᠯᠠᠪᠠᠶ᠎ᠶ᠋ᠢᠨ ᠪᠠᠷᠢᠯᠭ᠎ᠠ᠎ᠶ᠋ᠢ ᠡᠬᠢᠯᠡᠭᠦᠯᠦᠭ᠌ᠰᠡᠨ᠎ᠡᠴᠡ
ᠡᠴᠡ ᠨᠠᠭᠠᠰᠢ᠂ ᠬᠢᠩᠭᠠᠨ ᠠᠢᠮᠠᠭ᠎ᠲᠤ 2000 ᠠᠵᠢᠯ᠎ᠤᠨ ᠪᠠᠢᠷᠢ
ᠱᠢᠨ᠎ᠡ᠎ᠪᠡᠷ ᠨᠡᠮᠡᠭᠳᠡᠭᠰᠡᠨ ᠵᠢᠡᠷ ᠪᠠᠷᠠᠬᠤ ᠦᠭᠡᠶ ᠪᠠᠰᠠ ᠲᠡᠵᠢᠭᠡᠯ ᠪᠣᠷᠳᠣᠭ᠎ᠠ ᠡᠳ᠋ᠱᠢᠭᠦᠯᠬᠦ᠌᠂ ᠲᠡᠭᠡᠭᠡᠪᠦᠷᠢᠯᠡᠬᠦ᠌᠂
ᠪᠣᠷᠣᠯᠠᠭᠤᠯᠬᠤ ᠵᠡᠷᠭᠡ ᠬᠠᠮᠢᠶ᠎ᠠ ᠪᠦᠬᠦᠢ ᠠᠵᠤ ᠦᠢᠯᠡᠰ᠎ᠦᠨ ᠬᠥᠭ᠌ᠵᠢᠯᠲᠡ᠎ᠶ᠋ᠢ ᠬᠦᠴᠦᠲᠡᠶ ᠳᠠᠢᠴᠢᠯᠠᠭ᠍ᠰᠠᠨ
ᠪᠠᠢᠨ᠎ᠠ᠃
ᠲᠡᠵᠢᠭᠡᠨ ᠦᠷᠡᠵᠢᠭᠦᠯᠬᠦ᠌ ᠰᠠᠭᠤᠷᠢᠨ᠂ ᠲᠡᠵᠢᠭᠡᠯ ᠡᠪᠡᠰᠦ ᠪᠣᠷᠳᠣᠭᠠᠨ᠎ᠤ
ᠰᠠᠭᠤᠷᠢᠨ ᠤ᠋ ᠪᠦᠳᠦᠭᠡᠨ ᠪᠠᠢᠭᠤᠯᠤᠯᠳᠠ ᠵᠢ ᠡᠮᠬᠢ ᠵᠢᠷᠤᠮᠲᠠᠶᠠᠬᠢᠭᠤᠯᠬᠤ ᠵᠢᠨ ᠬᠠᠮᠲᠤ᠂ ᠰᠦ ᠰᠠᠭᠠᠯᠢ ᠵᠢᠨ
ᠠᠵᠤ ᠦᠶ᠋ᠯᠡᠰ᠎ᠦᠨ ᠡᠳ᠋ᠰᠢᠭᠦᠯᠬᠦ ᠦᠶ᠋ᠯᠡᠳᠪᠦᠷᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠬᠢᠴᠠ ᠤᠷᠤᠭ᠍ᠰᠢᠲᠠᠶ
ᠪᠠᠢᠨ᠎ᠠ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ
ᠪᠠᠢᠷᠢᠯᠠᠵᠤ ᠪᠠᠢᠭ᠎ᠠ ᠥᠪᠥᠷ ᠮᠣᠩᠭᠣᠯ᠎ᠤᠨ ᠬᠢᠩᠭᠠᠨ ᠤ᠋ ᠢᠯᠢ ᠰᠦ ᠵᠢᠨ ᠦᠶ᠋ᠯᠡᠰ᠎ᠦᠨ ᠬᠢᠵᠠᠭᠠᠷᠲᠤ ᠬᠠᠷᠢᠭᠤᠴᠠᠯᠭᠠᠲᠤ
ᠺᠣᠮᠫᠠᠨᠢ᠎ᠶ᠋ᠢᠨ ᠱᠢᠩᠭᠡᠨ ᠲᠥ᠋ᠯᠥᠪ ᠤᠨ ᠰᠦ ᠵᠢᠨ ᠠᠵᠢᠯ ᠲᠥᠷᠥᠯ᠎ᠦᠨ 《5G ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶᠡᠨ᠎ᠦ ᠲᠠᠪᠴᠠᠩ》 ᠤ᠋ᠨ ᠣᠶᠤᠨᠴᠢ
ᠦᠶ᠋ᠯᠡᠳᠬᠦ᠌ ᠱᠢᠨ᠎ᠡ ᠮᠡᠷᠭᠡᠵᠢᠯ᠎ᠦᠨ ᠵᠢᠱ᠌ᠢᠶ᠎ᠡ ᠦᠵᠡᠭᠦᠯᠬᠦ᠌ ᠲᠣᠭᠣᠷᠢᠭ ᠳᠣᠲᠣᠷ᠎ᠠ᠂ ᠲᠥᠷᠥᠯ ᠵᠦᠶ᠋ᠯ᠎ᠦᠨ ᠪᠥᠲᠥᠭᠡᠨ
ᠪᠠᠢᠭᠤᠯᠤᠯᠲᠠ ᠶᠠᠭ ᠡᠮᠬᠢ ᠵᠢᠷᠤᠮ᠎ᠲᠠᠶ ᠶᠠᠪᠤᠭ᠍ᠳᠠᠵᠤ ᠪᠣᠶ᠃ ᠲᠣᠰ ᠲᠥᠷᠥᠯ ᠵᠦᠶ᠋ᠯ᠎ᠦᠨ ᠨᠢᠭᠡᠳᠦᠭᠡᠷ ᠬᠤᠭᠤᠴᠠᠭᠠᠨ᠎ᠤ
ᠪᠠᠯᠠ ᠣᠷᠣᠭᠤᠯᠤᠯᠲᠠ᠎ᠨᠢ 11.12 ᠳ᠋ᠦᠩᠱᠢᠭᠤᠷ ᠲᠥᠭᠥᠷᠢᠭ᠎ᠲᠦ ᠬᠦᠷᠴᠦ᠍᠂ 8 ᠦᠶ᠋ᠯᠡᠳᠪᠦᠷᠢᠯᠡᠯ᠎ᠦᠨ ᠱᠤᠭᠤᠮ᠎ᠢ ᠲᠥᠯᠥᠪᠵᠢᠭᠦᠯᠵᠦ᠍ ᠂ ᠠᠱᠢᠭ᠍ᠯᠠᠯᠲᠠ᠎ᠳᠤ
ᠣᠷᠣᠭᠤᠯᠤᠭ᠍ᠰᠠᠨ᠎ᠤ ᠳᠠᠷᠠᠭ᠎ᠠ ᠂ ᠡᠳᠦᠷ᠎ᠲᠦ 1500 ᠲᠣᠨ ᠱᠢᠩᠭᠡᠨ ᠲᠦᠯᠦᠪ᠎ᠤᠨ ᠰᠦ ᠦᠶ᠋ᠯᠡᠳᠪᠦᠷᠢᠯᠡᠵᠦ᠍᠂ ᠵᠢᠯ᠎ᠦᠨ ᠦᠶ᠋ᠯᠡᠳᠬᠦᠨ᠎ᠦ ᠥᠷᠲᠡᠭ
15 ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ᠎ᠳᠦ 2000 ᠲᠦᠮᠡᠨ ᠲᠥᠭᠥᠷᠢᠭ᠎ᠦᠨ ᠭᠠᠢᠯᠢ ᠲᠤᠱᠢᠶᠠᠵᠤ᠂ ᠲᠤᠬᠠᠶ᠎ᠶ᠋ᠢᠨ ᠭᠠᠵᠠᠷ᠎ᠤᠨ
500 ᠬᠥᠮᠦᠨ᠎ᠦ ᠠᠵᠢᠯ ᠣᠯᠭᠣᠯᠲᠠ᠎ᠶ᠋ᠢ ᠱᠢᠶ᠋ᠳᠪᠦᠷᠢᠯᠡᠬᠦ ᠪᠤᠯᠤᠨ᠎ᠠ᠃
ᠬᠢᠩᠭᠠᠨ ᠠᠢᠮᠠᠭ ᠪᠣᠯᠤᠨ ᠢᠯᠢ ᠪᠦᠯᠦᠭ᠌ᠯᠡᠯ ᠭᠠᠷ ᠬᠣᠯᠪᠣᠯᠴᠠᠭᠰᠠᠨ
ᠨᠢ ᠬᠠᠮᠲᠤᠷᠠᠯᠴᠠᠵᠤ ᠬᠠᠮᠲᠤ᠎ᠪᠠᠷ ᠠᠱᠢᠭ ᠭᠥᠷᠳᠡᠬᠦ᠌ ᠱᠢᠨ᠎ᠡ ᠬᠠᠭᠤᠳᠠᠰᠤ᠎ᠶ᠋ᠢ ᠨᠡᠭᠡᠭᠡᠵᠦ᠍᠂ ᠬᠢᠩᠭᠠᠨ ᠠᠢᠮᠠᠭ᠎ᠤᠨ
ᠳᠡᠭᠡᠳᠦ ᠲᠠᠰ᠎ᠤᠨ ᠰᠦ ᠰᠠᠭᠠᠯᠢ ᠵᠢᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠪᠡ᠃ ᠱᠢᠩᠭᠡᠨ
ᠲᠥ᠋ᠯᠥᠪᠤᠨ ᠰᠦ ᠵᠢᠨ ᠠᠵᠢᠯ ᠲᠥᠷᠥᠯ᠎ᠦᠨ 《5G ᠠᠵᠤ ᠦᠶ᠋ᠯᠡᠳᠪᠦᠷᠢ᠎ᠶ᠋ᠢᠨ
ᠢᠨᠲ᠋ᠧᠷ ᠰᠦᠯᠵᠢᠶᠡᠨ᠎ᠦ ᠲᠠᠪᠴᠠᠩ》᠎ᠤ᠋ᠨ ᠣᠶᠤᠨᠴᠢ
ᠦᠶ᠋ᠯᠡᠳᠬᠦ᠌ ᠱᠢᠨ᠎ᠡ ᠮᠡᠷᠭᠡᠵᠢᠯ᠎ᠦᠨ ᠵᠢᠱ᠌ᠢᠶ᠎ᠡ ᠦᠵᠡᠭᠦᠯᠬᠦ᠌ ᠲᠣᠭᠣᠷᠢᠭ᠎ᠢ ᠪᠠᠢᠭᠤᠯᠤᠭ᠍ᠰᠠᠨ᠎ᠤ ᠳᠠᠷᠠᠭ᠎ᠠ᠂
ᠲᠡᠵᠢᠭᠡᠨ ᠦᠷᠡᠵᠢᠭᠦᠯᠬᠦ᠌ ᠬᠦᠷᠢᠶᠡᠯᠡᠩ ᠲᠣᠭᠣᠷᠢᠭ᠎ᠯᠤᠭ᠎ᠠ ᠪᠢᠲᠡᠭᠦᠦ ᠭᠤᠭᠴᠤᠭ᠎ᠠ ᠵᠢ ᠪᠦᠷᠢᠯᠳᠦᠭᠦᠯᠵᠦ᠍᠂ ᠳᠡᠭᠡᠳᠦ
ᠲᠠᠰ᠎ᠤᠨ᠂ ᠴᠢᠨᠠᠷ ᠰᠠᠢᠲᠠᠶ᠂ ᠥᠨᠳᠥᠷ ᠪᠦᠲᠦᠮᠵᠢᠲᠡᠶ ᠰᠦ ᠵᠢᠨ ᠦᠶ᠋ᠯᠡᠰ᠎ᠦᠨ ᠠᠵᠤ ᠦᠶ᠋ᠯᠡᠰ᠎ᠦᠨ ᠬᠡᠯᠬᠢᠶ᠎ᠡ᠎ᠶ᠋ᠢ
ᠪᠦᠷᠢᠯᠳᠦᠭᠦᠯᠬᠦ ᠪᠤᠯᠤᠨ᠎ᠠ᠃
《ᠠᠵᠤ ᠦᠶ᠋ᠯᠡᠰ᠎ᠦᠨ ᠲᠦᠷᠭᠡᠨ ᠠᠭᠤᠰᠤᠯᠴᠠᠬᠤ᠎ᠶ᠋ᠢ ᠳᠠᠭᠠᠯᠳᠤᠨ᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ
ᠨᠢᠭᠡ ᠴᠤᠭ᠍ᠴᠠᠵᠢᠭᠤᠯᠬᠤ ᠪᠣᠯ ᠰᠠᠭᠠᠯᠢ᠎ᠶ᠋ᠢᠨ ᠦᠨᠢᠶᠡᠨ᠎ᠦ ᠠᠵᠤ ᠦᠶ᠋ᠯᠡᠰ᠎ᠦᠨ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌
ᠭᠤᠤᠯ ᠭᠣᠭ᠍ᠴᠣᠭ᠎ᠠ ᠪᠣᠯᠪᠠ》᠃ ᠬᠣᠷᠴᠢᠨ ᠪᠠᠷᠠᠭᠤᠨ
ᠭᠠᠷᠤᠨ ᠡᠮᠦᠨᠡᠲᠦ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣ᠌ ᠲᠤᠤ ᠂ ᠡᠨᠡ ᠬᠡᠳᠦᠨ ᠵᠢᠯ᠎ᠳᠦ ᠥᠪᠡᠷᠲᠡᠭᠡᠨ
ᠵᠠᠰᠠᠬᠤ ᠣᠷᠣᠨ ᠰᠦ ᠰᠠᠭᠠᠯᠢ ᠵᠢᠨ ᠦᠶ᠋ᠯᠡᠰ᠎ᠢ ᠬᠥᠭ᠌ᠵᠢᠭᠦᠯᠦᠨ
ᠮᠠᠨᠳᠤᠭᠤᠯᠬᠤ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ ᠪᠠ ᠬᠦᠴᠦᠲᠡᠶ ᠠᠷᠭ᠎ᠠ ᠬᠡᠮᠵᠢᠶ᠎ᠡ᠎ᠶ᠋ᠢ ᠬᠣᠢᠨ᠎ᠠ
ᠬᠣᠢᠨ᠎ᠠ᠎ᠠᠴᠠ᠎ᠪᠠᠨ ᠨᠡᠢᠲᠡᠯᠡᠪᠡ᠂ ᠪᠢᠳᠡ ᠥᠪᠡᠷᠲᠡᠭᠡᠨ ᠵᠠᠰᠠᠬᠤ ᠣᠷᠣᠨ᠎ᠤ ᠰᠦ᠍ᠶ᠋ᠨ ᠦᠶ᠋ᠯᠡᠰ᠎ᠢ ᠬᠥᠭ᠌ᠵᠢᠭᠦᠯᠦᠨ
ᠮᠠᠨᠳᠤᠭᠤᠯᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠠᠱᠢᠭ᠍ᠯᠠᠨ᠂ ᠰᠠᠭᠠᠯᠢ᠎ᠶ᠋ᠢᠨ ᠦᠨᠢᠶ᠎ᠡ ᠲᠡᠵᠢᠭᠡᠨ
ᠦᠷᠡᠵᠢᠭᠦᠯᠬᠦ᠌ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠵᠦ᠍ ᠂ ᠰᠢᠨᠭᠭᠡᠨ ᠰᠦ ᠪᠣᠯᠪᠠᠰᠤᠷᠠᠭᠤᠯᠬᠤ ᠦᠶ᠋ᠯᠡᠳᠪᠦᠷᠢ᠎ᠶ᠋ᠢᠨ
ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠂ ᠰᠦ᠍ᠶ᠋ᠨ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ
ᠭᠡᠵᠦ ᠢᠯᠡᠳᠭᠡᠪᠡ᠃
ᠲᠦᠮᠡᠨ ᠲᠤᠯᠤᠭᠠᠢ ᠰᠠᠭᠠᠯᠢ ᠵᠢᠨ ᠦᠨᠢᠶ᠎ᠡ ᠵᠢᠨ ᠮᠠᠯᠵᠢᠯ᠎ᠤᠨ ᠲᠠᠯᠠᠪᠠᠶ᠎ᠶ᠋ᠢᠨ
ᠡᠵᠡᠩᠨᠡᠯᠲᠡ᠎ᠶ᠋ᠢᠨ ᠠᠵᠤ ᠠᠬᠤᠢᠯᠠᠯ᠎ᠢ ᠱᠢᠨ᠎ᠡ᠎ᠪᠡᠷ ᠪᠠᠢᠭᠤᠯᠬᠤ᠎ᠳᠤ ᠬᠡᠷᠡᠭ᠌ᠯᠡᠬᠦ᠌ ᠭᠠᠵᠠᠷ ᠬᠠᠩᠭᠠᠵᠤ᠂ ᠠᠵᠤ
ᠠᠬᠤᠢᠯᠠᠯ᠎ᠳᠤ ᠰᠠᠭᠠᠯᠢ᠎ᠶ᠋ᠢᠨ ᠦᠨᠢᠶᠡᠨ᠎ᠦ ᠰᠠᠭᠤᠷᠢ ᠡᠬᠡ ᠮᠠᠯ᠎ᠢ ᠣᠷᠣᠭᠤᠯᠤᠨ ᠠᠪᠴᠢᠷᠠᠬᠤ ᠨᠥᠬᠥᠪᠥᠷᠢ ᠣᠯᠭᠣᠵᠤ᠂
ᠲᠦᠮᠡᠨ ᠲᠤᠯᠤᠭᠠᠢ ᠮᠠᠯᠵᠢᠯ᠎ᠤᠨ ᠲᠠᠯᠠᠪᠠᠶ᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠪᠡ
᠁ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠰᠦ ᠰᠠᠭᠠᠯᠢ ᠵᠢᠨ ᠦᠶ᠋ᠯᠡᠰ᠎ᠦᠨ
ᠲᠥᠷᠥᠯ ᠵᠦᠶ᠋ᠯ᠎ᠦᠨ ᠬᠡᠷᠡᠭ᠌ᠵᠢᠭᠦᠯᠦᠯᠲᠡ᠎ᠶ᠋ᠢ ᠲᠦᠷᠭᠡᠳᠭᠡᠬᠦ᠌᠎ᠶ᠋ᠢᠨ ᠲᠥᠯᠥᠭᠡ᠂ ᠬᠢᠩᠭᠠᠨ ᠠᠢᠮᠠᠭ《ᠠᠢᠮᠠᠭ ᠬᠣᠱᠢᠭᠤ ᠬᠣᠯᠪᠣᠭᠠᠯᠠᠨ ᠬᠥᠳᠡᠯᠦᠯᠴᠡᠵᠦ᠍᠂ ᠰᠠᠯᠠᠭ᠎ᠠ ᠮᠥᠴᠢᠷ ᠬᠠᠮᠵᠢᠯᠴᠠᠨ᠂ ᠬᠥᠨᠳᠡᠯᠡᠨ᠎ᠢᠶᠡᠷ
ᠬᠥᠪᠡᠭᠡ᠎ᠳᠤᠨᠢ ᠬᠦᠷᠴᠦ᠍᠂ ᠭᠤᠯᠳᠤ᠎ᠪᠠᠷ ᠢᠷᠤᠭᠠᠷᠲᠦᠨᠢ ᠬᠦᠷᠴᠦ᠂ ᠪᠥᠬᠥ᠌ ᠶᠠᠪᠤᠴᠠ᠎ᠳᠤ ᠬᠦᠴᠦᠯᠡᠬᠦ᠌》 ᠲᠥᠷᠥᠯ ᠵᠦᠶ᠋ᠯ᠎ᠢ
ᠠᠬᠢᠭᠤᠯᠬᠤ ᠱᠢᠰᠲ᠋ᠧᠮ᠎ᠢ ᠪᠠᠢᠭᠤᠯᠵᠤ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠬᠦᠴᠦᠲᠡᠶ
ᠪᠠᠲᠤᠯᠠᠪᠠ᠃
ᠴᠢᠨᠠᠷᠯᠢᠭ ᠰᠦ᠎ᠶ᠋ᠢᠨ ᠢᠷᠡᠯᠲᠡ᠎ᠶ᠋ᠢᠨ ᠰᠠᠭᠤᠷᠢᠨ᠎ᠢ ᠪᠠᠢᠭᠤᠯᠬᠤ᠎ᠳᠤ᠂
ᠳᠡᠭᠡᠳᠦ ᠲᠠᠰ᠎ᠤᠨ ᠴᠢᠨᠠᠷ ᠰᠠᠢᠲᠠᠶ ᠰᠠᠭᠠᠯᠢ᠎ᠶ᠋ᠢᠨ ᠦᠨᠢᠶᠡᠨ᠎ᠦ ᠡᠭᠦᠯᠳᠡᠷ ᠪᠣᠢᠵᠢᠭᠤᠯᠬᠤ᠂ ᠦᠷᠡᠵᠢᠭᠦᠯᠦᠨ ᠪᠣᠢᠵᠢᠭᠤᠯᠬᠤ
ᠠᠵᠢᠯ᠎ᠠᠴᠠ ᠰᠠᠯᠵᠤ ᠴᠢᠳᠠᠬᠤ ᠥᠬᠡᠶ ᠶᠤᠮ᠃ 2021 ᠣᠨ᠎ᠤ 12 ᠰᠠᠷ᠎ᠠ᠎ᠶ᠋ᠢᠨ 28 ᠤ᠋ ᠡᠳᠦᠷ᠂ ᠴᠢᠶᠠᠨ· ᠬᠠᠶ ᠱᠢᠨᠵᠢᠯᠡᠬᠦ᠌
ᠤᠬᠠᠭᠠᠨ ᠲᠸᠭᠨᠢᠭ ᠮᠡᠷᠭᠡᠵᠢᠯ᠎ᠦᠨ ᠵᠥᠩ ᠪᠥᠸᠧ ᠨᠦᠩ ᠬᠦᠪᠦᠷᠡᠯ ᠪᠤᠢᠵᠢᠭᠤᠯᠬᠤ ᠲᠤᠷᠱᠢᠯᠲᠠ᠎ᠶ᠋ᠢᠨ ᠲᠠᠰᠤᠭ ᠬᠢᠩᠭᠠᠨ
ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠳᠤ ᠫᠠᠢᠰᠠ ᠡᠯᠭᠦᠨ ᠪᠠᠢᠭᠤᠯᠤᠭᠳᠠᠵᠤ ᠂ ᠲᠤᠬᠠᠶ᠎ᠶ᠋ᠢᠨ
ᠭᠠᠵᠠᠷ᠎ᠤᠨ ᠰᠠᠭᠠᠯᠢ᠎ᠶ᠋ᠢᠨ ᠦᠨᠢᠶᠡᠨ᠎ᠦ ᠠᠵᠤ ᠦᠶ᠋ᠯᠡᠰ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ
ᠲᠤᠷᠱᠢᠯᠲᠠ᠎ᠶ᠋ᠢᠨ ᠰᠠᠭᠤᠷᠢᠨ᠎ᠤ ᠬᠣᠭᠣᠰᠣᠨ᠎ᠢ ᠨᠥᠬᠥᠪᠥᠷᠢᠯᠡᠵᠦ᠍᠂ ᠬᠢᠩᠭᠠᠨ ᠠᠢᠮᠠᠭ᠎ᠤᠨ ᠰᠦ᠎ᠵᠢᠨ ᠭᠠᠷᠤᠯᠲᠠ ᠥᠨᠳᠥᠷᠰᠠᠭᠠᠯᠢᠶ᠋ᠢᠨ ᠦᠨᠢᠶᠡᠨ᠎ᠦ ᠡᠭᠦᠯᠳᠡᠷ
ᠪᠣᠢᠵᠢᠭᠤᠯᠬᠤ᠂ ᠦᠷᠡᠵᠢᠭᠦᠯᠦᠨ ᠪᠣᠢᠵᠢᠭᠤᠯᠬᠤ᠂ ᠡᠭᠦᠯᠳᠡᠷ ᠰᠠᠢᠵᠢᠷᠠᠭᠤᠯᠵᠤ ᠬᠡᠯᠪᠡᠷᠢ᠎ᠪᠡᠨ ᠬᠤᠪᠢᠷᠠᠭᠤᠯᠤᠨ
ᠲᠠᠰ ᠳᠡᠪᠱᠢᠭᠦᠶ᠋ᠢ ᠬᠦᠴᠦᠲᠡᠶ ᠠᠬᠢᠭᠤᠯᠵᠤ᠂ ᠬᠢᠩᠭᠠᠨ ᠠᠢᠮᠠᠭ᠎ᠤᠨ ᠴᠢᠨᠠᠷᠯᠢᠭ ᠰᠦ ᠵᠢᠨ ᠢᠷᠡᠯᠲᠡ᠎ᠶ᠋ᠢᠨ ᠰᠠᠭᠤᠷᠢᠨ᠎ᠤ
ᠪᠥᠲᠥᠭᠡᠨ ᠪᠠᠢᠭᠤᠯᠤᠯᠲᠠ᠎ᠳᠤ ᠬᠦᠴᠦᠷᠬᠡᠭ ᠶᠡᠬᠡ ᠮᠡᠷᠭᠡᠵᠢᠯ᠎ᠦᠨ ᠲᠤᠯᠭᠠᠭᠤᠷᠢᠯᠠᠯ ᠪᠠ ᠠᠵᠤ ᠦᠶ᠋ᠯᠡᠰ᠎ᠦᠨ ᠲᠤᠯᠭᠠᠭᠤᠷᠢᠯᠠᠯ
ᠬᠠᠩᠭᠠᠬᠰᠠᠨ ᠪᠠᠢᠨ᠎ᠠ᠃
《ᠡᠨᠡ ᠬᠡᠳᠦᠨ ᠡᠳᠦᠷ ᠲᠤᠷᠱᠢᠯᠲᠠ᠎ᠶ᠋ᠢᠨ ᠲᠠᠰᠤᠭ᠎ᠤᠨ ᠠᠵᠢᠯᠲᠠᠳ ᠶᠠᠭ ᠮᠠᠯᠵᠢᠯ᠎ᠤᠨ ᠲᠠᠯᠠᠪᠠᠢ᠎ᠳᠤ
ᠶᠠᠭᠠᠷᠠᠤ ᠠᠵᠢᠯᠯᠠᠵᠤ ᠪᠠᠢᠨ᠎ᠠ᠃ ᠪᠢᠳᠡ ᠬᠦᠪᠦᠷᠡᠯ᠎ᠦᠨ ᠲᠤᠷᠱᠢᠯᠲᠠ᠎ᠶ᠋ᠢᠨ ᠲᠠᠰᠤᠭ ᠪᠠᠢᠭᠤᠯᠬᠤ᠎ᠪᠠᠷ ᠳᠡᠮᠵᠢᠨ᠂
ᠴᠢᠨᠠᠷ ᠰᠠᠢᠲᠠᠶ ᠰᠠᠭᠠᠯᠢ᠎ᠶ᠋ᠢᠨ ᠦᠨᠢᠶ᠎ᠡ᠎ᠶ᠋ᠢ ᠦᠷᠡᠵᠢᠭᠦᠯᠦᠨ ᠪᠣᠢᠵᠢᠭᠤᠯᠬᠤ ᠦᠷ᠎ᠡ ᠪᠦᠲᠦᠮᠵᠢ᠎ᠶ᠋ᠢ ᠲᠦᠷᠭᠡᠳᠭᠡᠵᠦ᠍᠂
ᠮᠠᠯᠵᠢᠯ᠎ᠤᠨ ᠲᠠᠯᠠᠪᠠᠶ᠎ᠶ᠋ᠢᠨ ᠪᠦᠬᠦᠯᠢ ᠴᠣᠭ᠍ᠴᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠲᠣᠭ᠎ᠠ ᠬᠡᠮᠵᠢᠶ᠎ᠡ᠎ᠪᠡᠷ
ᠭᠠᠷᠤᠯᠲᠠ ᠰᠣᠯᠢᠬᠤ ᠥᠩᠭᠡᠷᠡᠭ᠌ᠰᠡᠨ᠎ᠦ ᠵᠠᠭ᠍ᠪᠤᠷ᠎ᠠᠴᠠ ᠠᠶᠠᠷᠯᠠᠵᠤ᠂ ᠮᠠᠯᠵᠢᠯ᠎ᠤᠨ ᠲᠠᠯᠠᠪᠠᠶ᠎ᠵᠢ ᠨᠠᠩ ᠣᠬᠣᠷᠬᠠᠨ
ᠬᠤᠭᠤᠴᠠᠭᠠᠨ᠎ᠳᠤ ᠨᠠᠩ ᠣᠯᠠᠨ ᠴᠢᠨᠠᠷ ᠰᠠᠢᠲᠠᠶ ᠦᠬᠡᠷ᠎ᠦᠨ ᠰᠦᠷᠦᠭ᠎ᠲᠡᠶ ᠪᠤᠯᠭᠠᠨ᠎ᠠ》᠃ ᠪᠡᠭᠡᠵᠢᠩ ᠬᠣᠲᠠ᠎ᠶ᠋ᠢᠨ ᠬᠠᠶ ᠳ᠋ᠢᠶᠠᠨ ᠲᠣᠭᠣᠷᠢᠭ᠎ᠤᠨ ᠲᠤᠷᠱᠢᠯᠲᠠ᠎ᠶ᠋ᠢᠨ ᠲᠠᠰᠤᠭ᠎ᠤᠨ ᠲᠥᠷᠥᠯ
ᠵᠦᠶ᠋ᠯ᠎ᠦᠨ ᠬᠠᠷᠢᠭᠤᠴᠠᠯᠭᠠᠲᠠᠨ ᠭᠤᠸᠠᠨ ᠶᠠᠨ ᠬᠣ᠌᠂ ᠲᠤᠷᠱᠢᠯᠲᠠ᠎ᠶ᠋ᠢᠨ ᠲᠠᠰᠤᠭ᠎ᠤᠨ ᠲᠥᠷᠥᠯ ᠵᠦᠶ᠋ᠯ ᠠᠱᠢᠭ᠍ᠯᠠᠯᠲᠠ᠎ᠳᠤ
ᠤᠷᠤᠭ᠍ᠰᠠᠨ᠎ᠤ ᠳᠠᠷᠠᠭ᠎ᠠ᠂ ᠵᠢᠯ ᠪᠦᠷᠢ 5 ᠲᠦᠮᠡᠨ ᠱᠢᠷᠬᠡᠭ
ᠬᠦᠪᠦᠷᠡᠯ ᠦᠶ᠋ᠯᠡᠳᠪᠦᠷᠢᠯᠡᠵᠦ᠍ ᠳᠡᠢᠯᠬᠦ ᠪᠤᠯᠤᠨ᠎ᠠ᠃ ᠰᠦ᠎ᠵᠢᠨ
ᠭᠠᠷᠤᠯᠲᠠ ᠥᠨᠳᠥᠷ ᠰᠠᠭᠠᠯᠢ᠎ᠶ᠋ᠢᠨ ᠦᠨᠢᠶᠡᠨ᠎ᠦ ᠬᠦᠢᠰᠦ᠎ᠵᠢᠨ ᠡᠵᠡᠮᠱᠢᠯᠲᠦ ᠬᠦᠪᠦᠷᠡᠯ᠎ᠢ ᠳᠡᠯᠭᠡᠷᠡᠭᠦᠯᠦᠨ ᠬᠡᠷᠡᠭ᠌ᠯᠡᠬᠦ᠌᠎ᠪᠡᠷ
ᠳᠠᠮᠵᠢᠭᠤᠯᠵᠦ᠂ 3 ᠡᠴᠡ 5 ᠵᠢᠯ᠎ᠦᠨ ᠬᠤᠭᠤᠴᠠᠭᠠᠨ᠎ᠳᠤ ᠰᠠᠭᠠᠯᠢ᠎ᠶ᠋ᠢᠨ ᠦᠨᠢᠶ᠎ᠡ᠎ᠵᠢᠨ ᠡᠳᠦᠷ ᠪᠦᠷᠢ᠎ᠵᠢᠨ ᠰᠦ ᠵᠢᠨ
ᠭᠠᠷᠤᠯᠳᠠ ᠵᠢᠳᠤᠮᠳᠠᠴᠢ ᠪᠡᠷ 45 ᠺᠢᠯᠣᠭ᠌ᠷᠠᠮ᠎ᠠᠴᠠ
ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠵᠦ᠍ ᠂ ᠵᠢᠯ᠎ᠦᠨ ᠳᠤᠮᠳᠠᠴᠢ ᠰᠦ᠎ᠶ᠋ᠢᠨ ᠭᠠᠷᠤᠯᠲᠠ᠎ᠶ᠋ᠢ 13.5 ᠲᠣᠨ᠎ᠠᠴᠠ ᠳᠡᠭᠡᠭ᠌ᠰᠢ ᠳᠠᠪᠠᠭᠤᠯᠵᠤ ᠂ ᠨᠢᠭᠡ ᠺᠢᠯᠣᠭ᠌ᠷᠠᠮ ᠰᠦ᠎ᠵᠢᠨ
ᠥᠪᠡᠷ᠎ᠦᠨ ᠥᠷᠲᠡᠭ᠎ᠢ ᠶᠡᠬᠡ ᠪᠡᠷ ᠪᠠᠭᠤᠷᠠᠭᠤᠯᠵᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ᠎ᠶ᠋ᠢ ᠪᠠᠭ᠍ᠲᠠᠭᠠᠭ᠍ᠰᠠᠨ
ᠬᠢᠩᠭᠠᠨ ᠠᠢᠮᠠᠭ᠎ᠤᠨ ᠰᠦ᠎ᠵᠢᠨ ᠭᠠᠷᠤᠯᠲᠠᠥᠨᠳᠥᠷ ᠰᠠᠭᠠᠯᠢ᠎ᠶ᠋ᠢᠨ
ᠦᠨᠢᠶᠡᠨ᠎ᠦ ᠡᠭᠦᠯᠳᠡᠷ ᠪᠣᠢᠵᠢᠭᠤᠯᠬᠤ᠂ ᠦᠷᠡᠵᠢᠭᠦᠯᠬᠦ᠌᠂ ᠡᠭᠦᠯᠳᠡᠷ ᠰᠠᠢᠵᠢᠷᠠᠭᠤᠯᠬᠤ᠎ᠶ᠋ᠢ ᠬᠦᠴᠦᠲᠡᠶ ᠠᠬᠢᠭᠤᠯᠵᠤ᠂
ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂
ᠬᠢᠩᠭᠠᠨ ᠠᠢᠮᠠᠭ᠎ᠤᠨ ᠳᠡᠭᠡᠳᠦ ᠲᠠᠰ᠎ᠤᠨ ᠰᠦᠰᠠᠭᠠᠯᠢ ᠶ᠋ᠢᠨ ᠢᠷᠡᠯᠲᠡ᠎ᠶ᠋ᠢᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠳᠤ
ᠬᠦᠴᠦᠷᠬᠡᠭ ᠶᠡᠬᠡ ᠮᠡᠷᠭᠡᠵᠢᠯ᠎ᠦᠨ ᠲᠤᠯᠭᠠᠭᠤᠷᠢᠯᠠᠯ ᠪᠠ ᠠᠵᠤ ᠦᠢᠯᠡᠰ᠎ᠦᠨ ᠲᠤᠯᠭᠠᠭᠤᠷᠢᠯᠠᠯ ᠬᠠᠩᠭᠠᠵᠤ ᠪᠣᠯᠤᠨ᠎ᠠ
ᠭᠡᠪᠡ᠃