ᠤᠨᠭᠨᠢᠭᠤᠳ ᠬᠤᠰᠢᠭᠤ᠄ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠤ ᠦᠢᠯᠡᠴᠢᠯᠡᠭᠡᠨ᠎ᠦ ᠲᠦᠪᠰᠢᠨ ᠵᠢᠡᠨ ᠳᠡᠭᠡᠭᠱᠢᠯᠡᠭᠦᠯᠦᠨ᠎ᠠ
2022-01-02 20:56:03
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠣᠩᠨᠢᠭᠤᠳ ᠬᠣᠰᠢᠭᠤ《ᠲᠠᠯᠪᠢᠬᠤ ᠬᠠᠮᠢᠶᠠᠷᠬᠤ ᠦᠢᠯᠡᠴᠢᠯᠡᠬᠦ᠌》ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠌᠎ᠳᠦ ᠠᠩᠬᠠᠷᠤᠯ ᠵᠢᠡᠨ ᠲᠥᠪᠯᠡᠷᠡᠭᠦᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠴᠢᠨᠠᠬᠰᠢᠳᠡ ᠰᠢᠯᠢᠳᠡᠭᠵᠢᠭᠦᠯᠵᠤ᠂ ᠠᠰᠠᠭᠤᠳᠠᠯ ᠵᠢᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠠ ᠢᠨᠵᠸᠨ᠋ᠸᠷᠢᠩ᠎ᠤᠨ ᠪᠦᠲᠦᠭᠡᠨ ᠪᠠᠢᠭᠤᠯᠤᠯᠲᠠ᠎ᠵᠢᠨ ᠬᠢᠨᠠᠨ ᠵᠦᠪᠱᠢᠶᠡᠷᠡᠬᠦ᠌ ᠳᠦᠷᠢᠮ᠎ᠳᠦ ᠪᠦᠬᠦ᠌ ᠶᠠᠪᠤᠴᠠ ᠵᠢᠨ᠂ ᠨᠡᠢᠳᠡᠮ᠎ᠤᠨ ᠴᠢᠨᠠᠷᠳᠠᠢ ᠦᠭᠡᠷᠡᠴᠢᠯᠡᠯᠲᠡ ᠬᠢᠭᠰᠡᠨ ᠵᠢᠡᠷ᠂ ᠪᠦᠬᠦ᠌ ᠬᠣᠲᠠ᠎ᠶᠢᠨ ᠬᠡᠪᠴᠢᠶᠡᠨ᠎ᠳᠦ ᠲᠣᠬᠲᠠᠮᠠᠯ ᠬᠥᠷᠥᠩᠭᠡ᠎ᠶᠢ ᠭᠦᠢᠴᠡᠳᠭᠡᠬᠦ᠌ ᠬᠤᠷᠳᠤᠴᠠ ᠪᠡᠷ ᠬᠠᠮᠤᠭ᠎ᠤᠨ ᠲᠦᠷᠭᠡᠨ᠂  ᠬᠢᠨᠠᠨ ᠵᠥᠪᠰᠢᠶᠡᠷᠡᠬᠦ᠌᠎ᠳᠦ ᠬᠡᠷᠡᠭᠰᠡᠬᠦ᠌ ᠴᠠᠭ ᠬᠠᠮᠤᠭ᠎ᠤᠨ ᠣᠬᠣᠷ᠂ ᠰᠠᠯᠠᠭ᠎ᠠ ᠮᠥᠴᠢᠷ᠎ᠦᠨ ᠭᠦᠢᠴᠡᠳᠭᠡᠬᠦ᠌ ᠲᠤᠬᠠᠢ᠍ᠢᠯᠠᠬᠰᠠᠨ ᠠᠵᠢᠯ ᠬᠠᠮᠤᠭ ᠎ᠤᠨ ᠲᠥᠪᠯᠡᠷᠡᠭᠰᠡᠨ᠂ ᠥᠢᠯᠡᠴᠢᠯᠡᠭᠡᠨ᠎ᠤ ᠲᠢᠩᠬᠢᠮ᠎ᠤᠨ ᠲᠣᠬᠢᠷᠠᠭᠤᠯᠤᠯᠲᠠ ᠬᠠᠮᠤᠭ᠎ᠤᠨ ᠲᠦᠳᠡ᠂ ᠥᠢᠯᠡᠴᠢᠯᠡᠭᠡᠨ᠎ᠤ ᠴᠢᠳᠠᠪᠤᠷᠢ᠎ᠶᠢᠨ ᠲᠣᠬᠢᠷᠠᠭᠤᠯᠤᠯᠲᠠ ᠬᠠᠮᠤᠭ᠎ᠤᠨ ᠪᠦᠷᠢᠨ᠂  ᠶᠡᠷᠦᠩᠬᠡᠢᠯᠡᠭᠰᠡᠨ ᠥᠢᠯᠡᠴᠢᠯᠡᠭᠡᠨ᠎ᠤ ᠴᠣᠩᠬᠣᠪᠴᠢ ᠵᠢᠨ ᠨᠡᠢᠳᠭᠡᠯ᠎ᠤᠨ ᠬᠡᠮᠵᠢᠶ᠎ᠡ ᠬᠠᠮᠤᠭ ᠎ᠤᠨ ᠥᠨᠳᠥᠷ᠂ ᠬᠠᠮᠤᠭ᠎ᠤᠨ ᠲᠦᠷᠦᠭᠦᠨ᠎ᠳᠦ ᠭᠤᠷᠪᠠᠳᠤᠭᠠᠷ ᠡᠲᠡᠭᠡᠳ᠎ᠤᠨ ᠦᠢᠯᠡᠴᠢᠯᠡᠭᠡᠨ᠎ᠦ ᠺᠣᠮᠫᠠᠨᠢ ᠤᠷᠢᠨ ᠬᠡᠷᠡᠭᠯᠡᠭᠰᠡᠨ ᠵᠡᠷᠭᠡ ᠭᠢᠯᠠᠷᠠᠭᠤᠯᠤᠭᠰᠠᠨ ᠦᠷ᠎ᠡ ᠪᠦᠲᠦᠮᠵᠢ ᠤᠯᠵᠠᠢ᠃

ᠣᠢᠷ᠎ᠠ᠎ᠶᠢᠨ ᠬᠤᠭᠤᠴᠠᠭᠠᠨ᠎ᠳᠤ ᠂ ᠣᠩᠨᠢᠭᠤᠳ ᠬᠣᠰᠢᠭᠤ 45 ᠡᠳᠦᠷ᠎ᠦᠨ ᠬᠤᠭᠤᠴᠠᠭ᠎ᠠ ᠬᠡᠷᠡᠭᠰᠡᠵᠦ᠍᠂ ᠲᠤᠬᠠᠢᠯᠠᠬᠰᠠᠨ ᠠᠵᠢᠯ ᠵᠢᠡᠨ ᠵᠣᠭᠰᠣᠭᠠᠬᠤ ᠥᠬᠡᠶ ᠪᠡᠷ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠢᠩᠬᠢᠮ ᠵᠢᠡᠨ ᠥᠭᠡᠷᠡᠴᠢᠯᠡᠨ ᠪᠠᠢᠭᠤᠯᠵᠤ ᠨᠡᠭᠦᠯᠭᠡᠬᠦ᠌ ᠠᠵᠢᠯ᠎ᠢ ᠪᠡᠶᠡᠯᠡᠭᠦᠯᠦᠭᠰᠡᠨ ᠪᠥᠭᠡᠳ ᠠᠰᠢᠭᠯᠠᠯᠲᠠ᠎ᠳᠤ ᠣᠷᠣᠭᠤᠯᠪᠠ᠃ ᠤᠤᠯ᠎ᠤᠨ ᠳᠥᠷᠪᠡᠳᠦᠭᠡᠷ ᠳᠠᠪᠬᠤᠷᠭ᠎ᠠ᠎ᠳ᠋ᠦ᠍ ᠪᠠᠢᠬᠰᠠᠨ ᠬᠡᠷᠡᠭ ᠭᠦᠢᠴᠡᠳᠭᠡᠬᠦ᠌ ᠲᠢᠩᠬᠢᠮ᠎ᠢ ᠨᠢᠭᠡᠳᠦᠭᠡᠷ ᠳᠠᠪᠬᠤᠷᠭ᠎ᠠ᠎ᠳ᠋ᠦ᠍ ᠨᠡᠭᠦᠯᠭᠡᠵᠤ᠂ ᠦᠢᠯᠡᠴᠢᠯᠡᠭᠡᠨ᠎ᠦ ᠲᠠᠯᠠᠪᠠᠢ ᠵᠢ ᠤᠤᠯ᠎ᠤᠨ 1500 ᠲᠡᠭᠰᠢ ᠳᠥᠷᠪᠡᠯᠵᠢᠨ ᠮᠧᠲ᠋ᠷ ᠪᠠᠢᠭᠰᠠᠨ᠎ᠠᠴᠠ 3500 ᠲᠡᠭᠰᠢ ᠳᠥᠷᠪᠡᠯᠵᠢᠨ ᠮᠧᠲ᠋ᠷ ᠪᠣᠯᠭᠠᠨ ᠥᠷᠭᠡᠳᠭᠡᠪᠡ; ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ᠌ ᠡᠬᠦᠷᠭᠡ ᠴᠢᠳᠠᠪᠬᠢᠳᠦ ᠰᠠᠯᠠᠭ᠎ᠠ ᠮᠥᠴᠢᠷ 19 ᠪᠠᠢᠬᠰᠠᠨ ᠡᠴᠡ 31 ᠪᠤᠯᠵᠤ ᠨᠡᠮᠡᠭᠳᠡᠵᠦ᠍᠂ ᠤᠷᠤᠭᠤᠯᠪᠠᠰᠤ ᠵᠣᠬᠢᠬᠤ᠎ᠶᠢ ᠨᠢ ᠪᠦᠬᠦᠨ᠎ᠢ ᠤᠷᠤᠭᠤᠯᠵᠤ ᠠᠪᠴᠢᠷᠠᠪᠠ; ᠬᠢᠨᠠᠨ ᠵᠥᠪᠰᠢᠶᠡᠷᠡᠬᠦ᠌ ᠲᠥᠷᠦᠯ ᠵᠦᠢᠯ᠎ᠢ 680 ᠪᠠᠢᠬᠰᠠᠨ᠎ᠡᠴᠡ 1018 ᠪᠣᠯᠭᠠᠨ ᠨᠡᠮᠡᠭᠳᠡᠭᠦᠯᠵᠤ᠂ ᠤᠰᠤ ᠴᠠᠬᠢᠯᠭᠠᠨ ᠢᠯᠴᠢ ᠰᠢᠳᠠᠮᠠᠬᠠᠢ ᠬᠡᠢ ᠰᠦᠯᠵᠢᠶ᠎ᠡ ᠵᠡᠷᠭᠡ ᠨᠡᠢᠭᠡᠮ᠎ᠦᠨ ᠲᠥᠷᠥᠯ᠎ᠦᠨ ᠦᠢᠯᠡᠴᠢᠯᠡᠭᠡᠨ᠎ᠦ ᠰᠠᠯᠠᠭ᠎ᠠ ᠮᠥᠴᠢᠷ᠎ᠢ ᠪᠥᠬᠦᠨ᠎ᠢ ᠤᠷᠤᠭᠤᠯᠤᠭᠰᠠᠨ ᠪᠠᠢᠨ᠎ᠠ; 6700 ᠲᠡᠭᠰᠢ ᠳᠥᠷᠪᠡᠯᠵᠢᠨ ᠮᠧᠲ᠋ᠷ᠎ᠦᠨ ᠭᠠᠵᠠᠷ ᠳᠡᠭᠡᠷᠡᠬᠢ ᠲᠡᠷᠭᠡᠨ ᠵᠣᠬᠰᠣᠭᠠᠯ᠎ᠢ ᠪᠠᠢᠭᠤᠯᠵᠤ᠂ 3300 ᠲᠡᠭᠰᠢ ᠳᠥᠷᠪᠡᠯᠵᠢᠨ ᠮᠧᠲ᠋ᠷ᠎ᠦᠨ ᠭᠠᠵᠠᠷ ᠳᠣᠣᠷᠠᠬᠢ ᠲᠡᠷᠭᠡᠨ ᠵᠣᠬᠰᠣᠭᠠᠯ᠎ᠢ ᠥᠭᠡᠷᠡᠴᠢᠯᠡᠨ ᠪᠠᠢᠭᠤᠯᠤᠬᠰᠠᠨ ᠪᠠᠢᠨ᠎ᠠ᠃

ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠌ ᠲᠠᠯ᠎ᠠ᠎ᠪᠠᠷ ᠪᠠᠭᠤᠷᠠᠶ᠂ ᠠᠵᠤ ᠠᠬᠤᠢ᠍ᠢᠯᠠᠯ ᠤᠴᠢᠷ ᠶᠠᠪᠤᠳᠠᠯ ᠭᠦᠢᠴᠡᠳᠭᠡᠬᠦ᠌᠎ᠳᠦ ᠴᠤᠩᠬᠤᠪᠴᠢ ᠳᠠᠮᠵᠢᠬᠤ᠂ ᠲᠡᠷᠡᠴᠢᠯᠡᠨ ᠰᠠᠯᠠᠭ᠎ᠠ ᠮᠦᠴᠢᠷ ᠳᠠᠮᠵᠢᠵᠤ ᠪᠠᠢᠬᠰᠠᠨ ᠠᠰᠠᠭᠤᠳᠠᠯ᠎ᠳᠦ ᠴᠢᠭᠯᠡᠭᠦᠯᠵᠦ᠍᠂ ᠲᠤᠰ ᠲᠦᠪ ᠨᠢ ᠪᠥᠬᠥ᠌ ᠬᠣᠲᠠ᠎ᠶᠢᠨ ᠬᠡᠪᠴᠢᠶᠡᠨ᠎ᠳᠦ《ᠶᠡᠷᠦᠨᠭᠬᠡᠢᠯᠡᠭᠰᠡᠨ ᠴᠤᠩᠬᠤᠪᠴᠢ ᠵᠢᠨ ᠥᠭᠡᠷᠡᠴᠢᠯᠡᠯᠲᠡ》ᠵᠢ ᠲᠦᠷᠦᠭᠦᠯᠡᠨ ᠬᠡᠷᠡᠭᠵᠢᠭᠦᠯᠵᠦ᠍᠂ ᠶᠡᠷᠦᠨᠭᠬᠡᠢ᠍ᠢᠯᠡᠭᠰᠡᠨ ᠴᠣᠩᠬᠣᠪᠴᠢ ᠵᠢ 52 ᠭᠠᠷᠭᠠᠵᠤ᠂ 31 ᠰᠠᠯᠠᠭ᠎ᠠ ᠮᠥᠴᠢᠷ᠎ᠦᠨ 1018 ᠵᠦᠢᠯᠡᠰ ᠎ᠢ ᠪᠦᠬᠦᠨ᠎ᠢ ᠭᠦᠢᠴᠡᠳᠭᠡᠬᠦ᠌ ᠪᠤᠯᠵᠠᠢ᠃ ᠨᠡᠢᠭᠡᠮᠴᠢᠯᠡᠭᠰᠡᠨ ᠦᠢᠯᠡᠴᠢᠯᠡᠭᠡᠨ᠎ᠦ ᠺᠣᠮᠫᠠᠨᠢ᠎ᠶᠢᠨ 36 ᠠᠵᠢᠯᠲᠠᠨ᠎ᠢ ᠤᠷᠢᠨ ᠠᠪᠴᠢᠷᠠᠵᠤ ᠶᠡᠷᠦᠩᠬᠡᠢᠯᠡᠭᠰᠡᠨ ᠴᠤᠩᠬᠤᠪᠴᠢ ᠵᠢᠨ ᠦᠢᠯᠡᠴᠢᠯᠡᠭᠡᠨ᠎ᠦ ᠲᠤᠬᠠᠢᠯᠠᠭᠰᠠᠨ ᠠᠵᠢᠯ᠎ᠢ ᠬᠠᠷᠢᠭᠤᠴᠠᠭᠤᠯᠵᠤ᠂ ᠨᠢᠭᠡ ᠯᠡ ᠴᠤᠩᠬᠤᠪᠴᠢ ᠪᠠᠷ ᠭᠥᠯᠢᠶᠡᠨ ᠠᠪᠴᠤ᠌ ᠭᠦᠢᠴᠡᠳᠭᠡᠬᠦ᠌᠎ᠶᠢ ᠪᠡᠶᠡᠯᠡᠭᠦᠯᠵᠦ᠍᠂ ᠠᠵᠢᠯ ᠶᠠᠪᠤᠳᠠᠯ ᠭᠦᠢᠴᠡᠳᠭᠡᠬᠦ᠌ ᠣᠯᠠᠨ ᠲᠦᠮᠡᠨ᠎ᠳᠦ ᠲᠥᠬᠥᠮ ᠦᠵᠡᠭᠦᠯᠦᠨ᠂ ᠠᠵᠢᠯ ᠶᠠᠪᠤᠳᠠᠯ ᠭᠦᠢᠴᠡᠳᠭᠡᠬᠦ᠌ ᠦᠷ᠎ᠡ ᠪᠦᠲᠦᠮᠵᠢ᠎ᠶᠢ ᠳᠡᠭᠡᠭᠱᠢᠯᠡᠭᠦᠯᠵᠠᠢ᠃ ᠡᠭᠦᠨ᠎ᠦ ᠬᠠᠮᠲᠤ᠌᠂ ᠥᠪᠡᠷᠲᠡᠭᠡᠨ ᠵᠠᠰᠠᠬᠤ ᠣᠷᠣᠨ᠎ᠤ ᠨᠢᠭᠡ ᠴᠣᠠᠠᠴᠠᠵᠢᠭᠤᠯᠥᠠᠠᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠎ᠯᠤᠭ᠎ᠠ ᠪᠦᠲᠦᠮᠵᠢᠲᠡᠶ ᠵᠣᠯᠭᠠᠭᠤᠯᠵᠤ᠂ ᠠᠵᠢᠯ ᠶᠠᠪᠤᠳᠠᠯ ᠭᠦᠢᠴᠡᠳᠭᠡᠬᠦ᠌ ᠣᠯᠠᠨ ᠲᠦᠮᠡᠨ ᠡᠴᠠ ᠠᠵᠢᠯ ᠶᠠᠪᠤᠳᠠᠯ ᠭᠦᠢᠴᠡᠳᠭᠡᠬᠦ᠌ ᠶᠠᠪᠤᠴᠠ᠂ ᠦᠷ᠎ᠡ ᠳ᠋ᠦᠩ᠎ᠳᠦ ᠲᠤᠬᠠᠶ᠎ᠶᠢᠨ ᠲᠠᠯᠠᠪᠠᠶ᠎ᠡᠴᠨ ᠦᠨᠡᠯᠡᠯᠲᠡ ᠬᠢᠵᠦ᠍ ᠳᠡᠢ᠍ᠢᠯᠬᠦ᠌ ᠪᠤᠯᠤᠬᠰᠠᠨ ᠪᠠᠢᠨ᠎ᠠ᠃

ᠢᠨᠵᠸᠨ᠋ᠸᠷᠢᠩ᠎ᠤᠨ ᠪᠥᠲᠥᠭᠡᠨ ᠪᠠᠢᠭᠤᠯᠤᠯᠲᠠ᠎ᠶᠢᠨ ᠬᠦᠷᠢᠶᠡᠨ ᠳ᠋ᠡᠬᠢ ᠥᠭᠡᠷᠡᠴᠢᠯᠡᠯᠲᠡ᠎ᠶᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌᠎ᠶᠢᠨ ᠭᠠᠷᠳᠠᠴᠠ ᠪᠣᠯᠭᠠᠵᠤ᠂ ᠢᠨᠵᠸᠨ᠋ᠸᠷᠢᠩ᠎ᠤᠨ ᠪᠥᠲᠥᠭᠡᠨ ᠪᠠᠢᠭᠤᠯᠤᠯᠲᠠ᠎ᠶᠢᠨ ᠬᠦᠷᠢᠶᠡᠨ᠎ᠤ ᠲᠥᠷᠥᠯ ᠵᠦᠢᠯ᠎ᠢ ᠬᠢᠨᠠᠨ ᠵᠦᠪᠰᠢᠶᠡᠷᠡᠬᠦ᠌ ᠥᠭᠡᠷᠡᠴᠢᠯᠡᠯᠲᠡ᠎ᠶᠢᠨ ᠡᠷᠴᠢᠮ᠎ᠢ  ᠴᠢᠩᠭᠠᠷᠠᠭᠤᠯᠤᠬᠰᠠᠨ ᠪᠠᠢᠨ᠎ᠠ᠃ ᠬᠢᠨᠠᠨ ᠵᠦᠪᠰᠢᠶᠡᠷᠡᠬᠦ᠌ ᠴᠠᠭ᠎ᠤᠨ ᠬᠢᠵᠠᠭᠠᠷ᠎ᠢ ᠪᠤᠭᠤᠨᠢᠰᠭᠠᠬᠤ ᠵᠢᠨ ᠬᠠᠮᠲᠤ ᠲᠥᠷᠥᠯ ᠵᠦᠢᠯ ᠨᠦᠭᠡᠴᠡᠯᠡᠬᠦ᠌ ᠵᠢ ᠲᠦᠷᠭᠡᠳᠭᠡᠵᠤ᠂ ᠣᠳᠣᠬᠠᠨ ᠪᠣᠯᠲᠠᠯ᠎ᠠ᠂ ᠲᠥᠷᠥᠯ ᠵᠦᠢᠯ᠎ᠦᠨ ᠨᠥᠭᠡᠴᠡ ᠬᠥᠮᠥᠷᠭᠡ᠎ᠳ᠋ᠦ᠍ 58 ᠲᠥᠷᠥᠯ ᠵᠦᠢᠯ᠎ᠢ ᠤᠷᠤᠭᠤᠯᠪᠠ᠃

ᠠᠯᠢ ᠣᠯᠠᠨ ᠥᠭᠡᠷᠡᠴᠢᠯᠡᠯᠲᠡ᠎ᠪᠡᠷ ᠳᠡᠮᠵᠢᠨ᠂ ᠲᠤᠬᠠᠢᠯᠠᠭᠰᠠᠨ ᠠᠵᠢᠯ᠎ᠤᠨ ᠬᠡᠮᠵᠢᠶ᠎ᠡ ᠨᠡᠮᠡᠭᠳᠡᠵᠦ᠍᠂ ᠡᠳᠦᠷ ᠪᠦᠷᠢ 2300 ᠭᠠᠷᠤᠶ ᠬᠥᠮᠦᠨ᠎ᠢ ᠭᠥᠯᠢᠶᠡᠨ ᠠᠪᠴᠤ᠌᠂ 1100 ᠭᠠᠷᠤᠶ ᠬᠢᠨᠠᠨ ᠵᠦᠪᠰᠢᠶᠡᠷᠡᠭᠦᠯᠬᠦ᠌ ᠵᠦᠢᠯ᠎ᠢ ᠭᠦᠢᠴᠡᠳᠭᠡᠵᠦ᠍ ᠪᠠᠢᠨ᠎ᠠ᠃ ᠡᠯ᠎ᠡ ᠵᠦᠢᠯ᠎ᠦᠨ ᠦᠢᠯᠡᠴᠢᠯᠡᠭᠡᠨ᠎ᠦ ᠦᠷ᠎ᠡ ᠠᠰᠢᠭ ᠪᠠ ᠶᠠᠰᠤ ᠴᠢᠨᠠᠷ ᠴᠥᠮ ᠲᠠᠰᠤᠷᠠᠯᠲᠠ ᠥᠬᠡᠶ ᠳᠡᠭᠡᠭᠱᠢᠯᠡᠵᠦ᠍᠂ ᠥᠯᠥ᠍ ᠬᠥᠳᠡᠯᠬᠦ᠌ ᠬᠥᠷᠥᠩᠭᠡ᠎ᠶᠢᠨ ᠦᠨᠡᠮᠯᠡᠯ ᠭᠦᠢᠴᠡᠳᠭᠡᠬᠦ᠌ ᠵᠢ ᠵᠢᠷᠬᠢᠶ᠎ᠡ ᠪᠡᠷ ᠪᠠᠢᠴᠠᠭᠠᠨ ᠯᠠᠪᠯᠠᠬᠤ᠂ ᠪᠣᠯᠵᠣᠬᠤ᠂ ᠰᠢᠤᠳᠠᠨ᠎ᠵᠢᠡᠷ ᠢᠯᠡᠭᠡᠬᠦ᠌ ᠵᠡᠷᠭᠡ ᠦᠢᠯᠡᠴᠢᠯᠡᠭᠡ ᠬᠠᠩᠭᠠᠬᠤ᠎ᠶᠢ ᠪᠡᠶᠡᠯᠡᠭᠦᠯᠪᠡ; ᠬᠢᠨᠠᠨ ᠵᠥᠪᠰᠢᠶᠡᠷᠡᠬᠦ᠌ ᠵᠦᠢᠯᠡᠰ᠎ᠢ ᠪᠠᠢᠴᠠᠭᠠᠨ ᠯᠠᠪᠯᠠᠬᠤ᠂ ᠨᠡᠢᠭᠡᠮ᠎ᠦᠨ ᠳᠠᠭᠠᠳᠭᠠᠯ᠎ᠤᠨ ᠰᠦᠢᠳᠭᠡᠯ᠎ᠢ ᠪᠠᠢᠴᠠᠭᠠᠨ ᠯᠠᠪᠯᠠᠬᠤ᠂ ᠪᠡᠶ᠎ᠡ᠎ᠶᠢᠨ ᠦᠨᠡᠮᠯᠡᠯ ᠭᠦᠢᠴᠡᠳᠭᠡᠬᠦ᠂ ᠵᠢᠯᠣᠭᠣᠴᠢ᠎ᠶᠢᠨ ᠪᠡᠶ᠎ᠡ᠎ᠶᠢᠨ ᠪᠠᠢᠴᠠᠭᠠᠯᠲᠠ ᠬᠢᠬᠦ᠌ ᠵᠡᠷᠭᠡ ᠲᠥᠷᠥᠯ ᠵᠦᠢᠯ᠎ᠢ 24 ᠴᠠᠭ᠎ᠲᠤ ᠥᠪᠡᠰᠦᠪᠡᠨ ᠭᠦᠢᠴᠡᠳᠭᠡᠬᠦ᠌᠎ᠶᠢ ᠪᠡᠶᠡᠯᠡᠭᠦᠯᠪᠡ; ᠣᠯᠠᠨ ᠲᠦᠮᠡᠨ ᠡᠵᠡᠩᠨᠡᠯᠲᠡ᠎ᠶᠢᠨ ᠦᠨᠡᠮᠯᠡᠯ᠂ ᠡᠷᠦᠬᠡ ᠠᠮᠠ᠎ᠶᠢᠨ ᠳᠡᠪᠲᠡᠷ᠂ ᠪᠡᠶ᠎ᠡ᠎ᠶᠢᠨ ᠦᠨᠡᠮᠯᠡᠯ ᠭᠦᠢᠴᠡᠳᠭᠡᠬᠦ᠂ ᠨᠡᠢᠭᠡᠮ᠎ᠦᠨ ᠳᠠᠭᠠᠳᠭᠠᠯ᠎ᠤᠨ ᠰᠦᠢᠳᠭᠡᠯ ᠲᠤᠰᠢᠶᠠᠬᠤ ᠵᠡᠷᠭᠡ ᠲᠤᠬᠠᠢᠯᠠᠭᠰᠠᠨ ᠠᠵᠢᠯ᠎ᠢ ᠮᠤᠵᠢ ᠠᠯᠤᠰᠯᠠᠨ ᠭᠦᠢᠴᠡᠳᠭᠡᠬᠦ᠌ ᠵᠢ ᠪᠡᠶᠡᠯᠡᠭᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号