ᠣᠩᠨᠢᠭᠤᠳ ᠬᠣᠰᠢᠭᠤ《ᠲᠠᠯᠪᠢᠬᠤ ᠬᠠᠮᠢᠶᠠᠷᠬᠤ ᠦᠢᠯᠡᠴᠢᠯᠡᠬᠦ᠌》ᠥᠭᠡᠷᠡᠴᠢᠯᠡᠯᠲᠡ᠎ᠶᠢ
ᠭᠦᠨᠵᠡᠭᠡᠢᠷᠡᠭᠦᠯᠬᠦ᠌᠎ᠳᠦ ᠠᠩᠬᠠᠷᠤᠯ ᠵᠢᠡᠨ ᠲᠥᠪᠯᠡᠷᠡᠭᠦᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ
ᠴᠢᠨᠠᠬᠰᠢᠳᠡ ᠰᠢᠯᠢᠳᠡᠭᠵᠢᠭᠦᠯᠵᠤ᠂ ᠠᠰᠠᠭᠤᠳᠠᠯ ᠵᠢᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠬᠤᠳᠠᠯᠳᠤᠭ᠎ᠠ
ᠡᠷᠬᠢᠯᠡᠬᠦ ᠣᠷᠴᠢᠨ ᠨᠥᠬᠥᠴᠡᠯ ᠪᠠ ᠢᠨᠵᠸᠨ᠋ᠸᠷᠢᠩ᠎ᠤᠨ ᠪᠦᠲᠦᠭᠡᠨ ᠪᠠᠢᠭᠤᠯᠤᠯᠲᠠ᠎ᠵᠢᠨ ᠬᠢᠨᠠᠨ ᠵᠦᠪᠱᠢᠶᠡᠷᠡᠬᠦ᠌
ᠳᠦᠷᠢᠮ᠎ᠳᠦ ᠪᠦᠬᠦ᠌ ᠶᠠᠪᠤᠴᠠ ᠵᠢᠨ᠂ ᠨᠡᠢᠳᠡᠮ᠎ᠤᠨ ᠴᠢᠨᠠᠷᠳᠠᠢ ᠦᠭᠡᠷᠡᠴᠢᠯᠡᠯᠲᠡ ᠬᠢᠭᠰᠡᠨ ᠵᠢᠡᠷ᠂ ᠪᠦᠬᠦ᠌ ᠬᠣᠲᠠ᠎ᠶᠢᠨ
ᠬᠡᠪᠴᠢᠶᠡᠨ᠎ᠳᠦ ᠲᠣᠬᠲᠠᠮᠠᠯ ᠬᠥᠷᠥᠩᠭᠡ᠎ᠶᠢ ᠭᠦᠢᠴᠡᠳᠭᠡᠬᠦ᠌ ᠬᠤᠷᠳᠤᠴᠠ ᠪᠡᠷ ᠬᠠᠮᠤᠭ᠎ᠤᠨ ᠲᠦᠷᠭᠡᠨ᠂ ᠬᠢᠨᠠᠨ ᠵᠥᠪᠰᠢᠶᠡᠷᠡᠬᠦ᠌᠎ᠳᠦ ᠬᠡᠷᠡᠭᠰᠡᠬᠦ᠌ ᠴᠠᠭ ᠬᠠᠮᠤᠭ᠎ᠤᠨ
ᠣᠬᠣᠷ᠂ ᠰᠠᠯᠠᠭ᠎ᠠ ᠮᠥᠴᠢᠷ᠎ᠦᠨ ᠭᠦᠢᠴᠡᠳᠭᠡᠬᠦ᠌ ᠲᠤᠬᠠᠢ᠍ᠢᠯᠠᠬᠰᠠᠨ ᠠᠵᠢᠯ ᠬᠠᠮᠤᠭ ᠤᠨ ᠲᠥᠪᠯᠡᠷᠡᠭᠰᠡᠨ᠂ ᠥᠢᠯᠡᠴᠢᠯᠡᠭᠡᠨ᠎ᠤ
ᠲᠢᠩᠬᠢᠮ᠎ᠤᠨ ᠲᠣᠬᠢᠷᠠᠭᠤᠯᠤᠯᠲᠠ ᠬᠠᠮᠤᠭ᠎ᠤᠨ ᠲᠦᠳᠡ᠂ ᠥᠢᠯᠡᠴᠢᠯᠡᠭᠡᠨ᠎ᠤ ᠴᠢᠳᠠᠪᠤᠷᠢ᠎ᠶᠢᠨ ᠲᠣᠬᠢᠷᠠᠭᠤᠯᠤᠯᠲᠠ
ᠬᠠᠮᠤᠭ᠎ᠤᠨ ᠪᠦᠷᠢᠨ᠂ ᠶᠡᠷᠦᠩᠬᠡᠢᠯᠡᠭᠰᠡᠨ ᠥᠢᠯᠡᠴᠢᠯᠡᠭᠡᠨ᠎ᠤ
ᠴᠣᠩᠬᠣᠪᠴᠢ ᠵᠢᠨ ᠨᠡᠢᠳᠭᠡᠯᠤᠨ ᠬᠡᠮᠵᠢᠶ᠎ᠡ ᠬᠠᠮᠤᠭ ᠤᠨ ᠥᠨᠳᠥᠷ᠂ ᠬᠠᠮᠤᠭ᠎ᠤᠨ ᠲᠦᠷᠦᠭᠦᠨ᠎ᠳᠦ ᠭᠤᠷᠪᠠᠳᠤᠭᠠᠷ
ᠡᠲᠡᠭᠡᠳ᠎ᠤᠨ ᠦᠢᠯᠡᠴᠢᠯᠡᠭᠡᠨ᠎ᠦ ᠺᠣᠮᠫᠠᠨᠢ ᠤᠷᠢᠨ ᠬᠡᠷᠡᠭᠯᠡᠭᠰᠡᠨ ᠵᠡᠷᠭᠡ ᠭᠢᠯᠠᠷᠠᠭᠤᠯᠤᠭᠰᠠᠨ ᠦᠷ᠎ᠡ ᠪᠦᠲᠦᠮᠵᠢ
ᠤᠯᠵᠠᠢ᠃
ᠣᠢᠷ᠎ᠠ᠎ᠶᠢᠨ ᠬᠤᠭᠤᠴᠠᠭᠠᠨ᠎ᠳᠤ ᠂ ᠣᠩᠨᠢᠭᠤᠳ ᠬᠣᠰᠢᠭᠤ 45 ᠡᠳᠦᠷ᠎ᠦᠨ
ᠬᠤᠭᠤᠴᠠᠭ᠎ᠠ ᠬᠡᠷᠡᠭᠰᠡᠵᠦ᠍᠂ ᠲᠤᠬᠠᠢᠯᠠᠬᠰᠠᠨ ᠠᠵᠢᠯ ᠵᠢᠡᠨ ᠵᠣᠭᠰᠣᠭᠠᠬᠤ ᠥᠬᠡᠶ ᠪᠡᠷ ᠵᠠᠰᠠᠭ᠎ᠤᠨ ᠶᠠᠪᠤᠳᠠᠯ᠎ᠤᠨ
ᠦᠢᠯᠡᠴᠢᠯᠡᠭᠡᠨ᠎ᠦ ᠲᠢᠩᠬᠢᠮ ᠵᠢᠡᠨ ᠥᠭᠡᠷᠡᠴᠢᠯᠡᠨ ᠪᠠᠢᠭᠤᠯᠵᠤ ᠨᠡᠭᠦᠯᠭᠡᠬᠦ᠌ ᠠᠵᠢᠯ᠎ᠢ ᠪᠡᠶᠡᠯᠡᠭᠦᠯᠦᠭᠰᠡᠨ ᠪᠥᠭᠡᠳ
ᠠᠰᠢᠭᠯᠠᠯᠲᠠ᠎ᠳᠤ ᠣᠷᠣᠭᠤᠯᠪᠠ᠃ ᠤᠤᠯ᠎ᠤᠨ ᠳᠥᠷᠪᠡᠳᠦᠭᠡᠷ ᠳᠠᠪᠬᠤᠷᠭᠠᠳ᠋ᠦ᠍ ᠪᠠᠢᠬᠰᠠᠨ ᠬᠡᠷᠡᠭ ᠭᠦᠢᠴᠡᠳᠭᠡᠬᠦ᠌
ᠲᠢᠩᠬᠢᠮ᠎ᠢ ᠨᠢᠭᠡᠳᠦᠭᠡᠷ ᠳᠠᠪᠬᠤᠷᠭᠠᠳ᠋ᠦ᠍ ᠨᠡᠭᠦᠯᠭᠡᠵᠤ᠂ ᠦᠢᠯᠡᠴᠢᠯᠡᠭᠡᠨ᠎ᠦ ᠲᠠᠯᠠᠪᠠᠢ ᠵᠢ ᠤᠤᠯ᠎ᠤᠨ
1500 ᠲᠡᠭᠰᠢ ᠳᠥᠷᠪᠡᠯᠵᠢᠨ ᠮᠧᠲ᠋ᠷ ᠪᠠᠢᠭᠰᠠᠨ᠎ᠠᠴᠠ 3500 ᠲᠡᠭᠰᠢ ᠳᠥᠷᠪᠡᠯᠵᠢᠨ ᠮᠧᠲ᠋ᠷ ᠪᠣᠯᠭᠠᠨ ᠥᠷᠭᠡᠳᠭᠡᠪᠡ; ᠵᠠᠰᠠᠭ ᠵᠠᠬᠢᠷᠭᠠᠨ᠎ᠤ
ᠬᠢᠨᠠᠨ ᠵᠥᠪᠰᠢᠶᠡᠷᠡᠬᠦ᠌ ᠡᠬᠦᠷᠭᠡ ᠴᠢᠳᠠᠪᠬᠢᠳᠦ ᠰᠠᠯᠠᠭ᠎ᠠ ᠮᠥᠴᠢᠷ 19 ᠪᠠᠢᠬᠰᠠᠨ ᠡᠴᠡ 31 ᠪᠤᠯᠵᠤ ᠨᠡᠮᠡᠭᠳᠡᠵᠦ᠍᠂
ᠤᠷᠤᠭᠤᠯᠪᠠᠰᠤ ᠵᠣᠬᠢᠬᠤ᠎ᠶᠢ ᠨᠢ ᠪᠦᠬᠦᠨ᠎ᠢ ᠤᠷᠤᠭᠤᠯᠵᠤ ᠠᠪᠴᠢᠷᠠᠪᠠ; ᠬᠢᠨᠠᠨ ᠵᠥᠪᠰᠢᠶᠡᠷᠡᠬᠦ᠌
ᠲᠥᠷᠦᠯ ᠵᠦᠢᠯ᠎ᠢ 680 ᠪᠠᠢᠬᠰᠠᠨ᠎ᠡᠴᠡ 1018 ᠪᠣᠯᠭᠠᠨ ᠨᠡᠮᠡᠭᠳᠡᠭᠦᠯᠵᠤ᠂ ᠤᠰᠤ ᠴᠠᠬᠢᠯᠭᠠᠨ ᠢᠯᠴᠢ ᠰᠢᠳᠠᠮᠠᠬᠠᠢ
ᠬᠡᠢ ᠰᠦᠯᠵᠢᠶ᠎ᠡ ᠵᠡᠷᠭᠡ ᠨᠡᠢᠭᠡᠮ᠎ᠦᠨ ᠲᠥᠷᠥᠯ᠎ᠦᠨ ᠦᠢᠯᠡᠴᠢᠯᠡᠭᠡᠨ᠎ᠦ ᠰᠠᠯᠠᠭ᠎ᠠ ᠮᠥᠴᠢᠷ᠎ᠢ ᠪᠥᠬᠦᠨ᠎ᠢ ᠤᠷᠤᠭᠤᠯᠤᠭᠰᠠᠨ
ᠪᠠᠢᠨ᠎ᠠ; 6700 ᠲᠡᠭᠰᠢ
ᠳᠥᠷᠪᠡᠯᠵᠢᠨ ᠮᠧᠲ᠋ᠷ᠎ᠦᠨ ᠭᠠᠵᠠᠷ ᠳᠡᠭᠡᠷᠡᠬᠢ ᠲᠡᠷᠭᠡᠨ ᠵᠣᠬᠰᠣᠭᠠᠯᠢ ᠪᠠᠢᠭᠤᠯᠵᠤ᠂ 3300 ᠲᠡᠭᠰᠢ ᠳᠥᠷᠪᠡᠯᠵᠢᠨ
ᠮᠧᠲ᠋ᠷ᠎ᠦᠨ ᠭᠠᠵᠠᠷ ᠳᠣᠣᠷᠠᠬᠢ ᠲᠡᠷᠭᠡᠨ ᠵᠣᠬᠰᠣᠭᠠᠯᠢ ᠥᠭᠡᠷᠡᠴᠢᠯᠡᠨ ᠪᠠᠢᠭᠤᠯᠤᠬᠰᠠᠨ ᠪᠠᠢᠨ᠎ᠠ᠃
ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠌ ᠲᠠᠯ᠎ᠠ᠎ᠪᠠᠷ ᠪᠠᠭᠤᠷᠠᠶ᠂
ᠠᠵᠤ ᠠᠬᠤᠢ᠍ᠢᠯᠠᠯ ᠤᠴᠢᠷ ᠶᠠᠪᠤᠳᠠᠯ ᠭᠦᠢᠴᠡᠳᠭᠡᠬᠦ᠌᠎ᠳᠦ ᠴᠤᠩᠬᠤᠪᠴᠢ ᠳᠠᠮᠵᠢᠬᠤ᠂ ᠲᠡᠷᠡᠴᠢᠯᠡᠨ ᠰᠠᠯᠠᠭ᠎ᠠ ᠮᠦᠴᠢᠷ
ᠳᠠᠮᠵᠢᠵᠤ ᠪᠠᠢᠬᠰᠠᠨ ᠠᠰᠠᠭᠤᠳᠠᠯ᠎ᠳᠦ ᠴᠢᠭᠯᠡᠭᠦᠯᠵᠦ᠍᠂ ᠲᠤᠰ ᠲᠦᠪ ᠨᠢ ᠪᠥᠬᠥ᠌ ᠬᠣᠲᠠ᠎ᠶᠢᠨ ᠬᠡᠪᠴᠢᠶᠡᠨ᠎ᠳᠦ《ᠶᠡᠷᠦᠨᠭᠬᠡᠢᠯᠡᠭᠰᠡᠨ ᠴᠤᠩᠬᠤᠪᠴᠢ ᠵᠢᠨ ᠥᠭᠡᠷᠡᠴᠢᠯᠡᠯᠲᠡ》ᠵᠢ ᠲᠦᠷᠦᠭᠦᠯᠡᠨ ᠬᠡᠷᠡᠭᠵᠢᠭᠦᠯᠵᠦ᠍᠂ ᠶᠡᠷᠦᠨᠭᠬᠡᠢ᠍ᠢᠯᠡᠭᠰᠡᠨ ᠴᠣᠩᠬᠣᠪᠴᠢ ᠵᠢ 52 ᠭᠠᠷᠭᠠᠵᠤ᠂
31 ᠰᠠᠯᠠᠭ᠎ᠠ ᠮᠥᠴᠢᠷ᠎ᠦᠨ 1018 ᠵᠦᠢᠯᠡᠰ ᠢ ᠪᠦᠬᠦᠨ᠎ᠢ ᠭᠦᠢᠴᠡᠳᠭᠡᠬᠦ᠌ ᠪᠤᠯᠵᠠᠢ᠃ ᠨᠡᠢᠭᠡᠮᠴᠢᠯᠡᠭᠰᠡᠨ ᠦᠢᠯᠡᠴᠢᠯᠡᠭᠡᠨ᠎ᠦ
ᠺᠣᠮᠫᠠᠨᠢ᠎ᠶᠢᠨ 36 ᠠᠵᠢᠯᠲᠠᠨ᠎ᠢ ᠤᠷᠢᠨ ᠠᠪᠴᠢᠷᠠᠵᠤ ᠶᠡᠷᠦᠩᠬᠡᠢᠯᠡᠭᠰᠡᠨ ᠴᠤᠩᠬᠤᠪᠴᠢ ᠵᠢᠨ ᠦᠢᠯᠡᠴᠢᠯᠡᠭᠡᠨ᠎ᠦ
ᠲᠤᠬᠠᠢᠯᠠᠭᠰᠠᠨ ᠠᠵᠢᠯ᠎ᠢ ᠬᠠᠷᠢᠭᠤᠴᠠᠭᠤᠯᠵᠤ᠂ ᠨᠢᠭᠡ ᠯᠡ ᠴᠤᠩᠬᠤᠪᠴᠢ ᠪᠠᠷ ᠭᠥᠯᠢᠶᠡᠨ ᠠᠪᠴᠤ᠌ ᠭᠦᠢᠴᠡᠳᠭᠡᠬᠦ᠌᠎ᠶᠢ
ᠪᠡᠶᠡᠯᠡᠭᠦᠯᠵᠦ᠍᠂ ᠠᠵᠢᠯ ᠶᠠᠪᠤᠳᠠᠯ ᠭᠦᠢᠴᠡᠳᠭᠡᠬᠦ᠌ ᠣᠯᠠᠨ ᠲᠦᠮᠡᠨ᠎ᠳᠦ ᠲᠥᠬᠥᠮ ᠦᠵᠡᠭᠦᠯᠦᠨ᠂ ᠠᠵᠢᠯ ᠶᠠᠪᠤᠳᠠᠯ
ᠭᠦᠢᠴᠡᠳᠭᠡᠬᠦ᠌ ᠦᠷ᠎ᠡ ᠪᠦᠲᠦᠮᠵᠢ᠎ᠶᠢ ᠳᠡᠭᠡᠭᠱᠢᠯᠡᠭᠦᠯᠵᠠᠢ᠃ ᠡᠭᠦᠨ᠎ᠦ ᠬᠠᠮᠲᠤ᠌᠂ ᠥᠪᠡᠷᠲᠡᠭᠡᠨ ᠵᠠᠰᠠᠬᠤ ᠣᠷᠣᠨ᠎ᠤ
ᠨᠢᠭᠡ ᠴᠣᠠᠠᠴᠠᠵᠢᠭᠤᠯᠥᠠᠠᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠎ᠯᠤᠭ᠎ᠠ ᠪᠦᠲᠦᠮᠵᠢᠲᠡᠶ
ᠵᠣᠯᠭᠠᠭᠤᠯᠵᠤ᠂ ᠠᠵᠢᠯ ᠶᠠᠪᠤᠳᠠᠯ ᠭᠦᠢᠴᠡᠳᠭᠡᠬᠦ᠌ ᠣᠯᠠᠨ ᠲᠦᠮᠡᠨ ᠡᠴᠠ ᠠᠵᠢᠯ ᠶᠠᠪᠤᠳᠠᠯ ᠭᠦᠢᠴᠡᠳᠭᠡᠬᠦ᠌ ᠶᠠᠪᠤᠴᠠ᠂
ᠦᠷ᠎ᠡ ᠳ᠋ᠦᠩ᠎ᠳᠦ ᠲᠤᠬᠠᠶ᠎ᠶᠢᠨ ᠲᠠᠯᠠᠪᠠᠶᠡᠴᠨ ᠦᠨᠡᠯᠡᠯᠲᠡ ᠬᠢᠵᠦ᠍ ᠳᠡᠢ᠍ᠢᠯᠬᠦ᠌ ᠪᠤᠯᠤᠬᠰᠠᠨ ᠪᠠᠢᠨ᠎ᠠ᠃
ᠢᠨᠵᠸᠨ᠋ᠸᠷᠢᠩ᠎ᠤᠨ ᠪᠥᠲᠥᠭᠡᠨ ᠪᠠᠢᠭᠤᠯᠤᠯᠲᠠ᠎ᠶᠢᠨ ᠬᠦᠷᠢᠶᠡᠨ ᠳ᠋ᠡᠬᠢ
ᠥᠭᠡᠷᠡᠴᠢᠯᠡᠯᠲᠡ᠎ᠶᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌᠎ᠶᠢᠨ ᠭᠠᠷᠳᠠᠴᠠ
ᠪᠣᠯᠭᠠᠵᠤ᠂ ᠢᠨᠵᠸᠨ᠋ᠸᠷᠢᠩ᠎ᠤᠨ ᠪᠥᠲᠥᠭᠡᠨ ᠪᠠᠢᠭᠤᠯᠤᠯᠲᠠ᠎ᠶᠢᠨ ᠬᠦᠷᠢᠶᠡᠨ᠎ᠤ ᠲᠥᠷᠥᠯ ᠵᠦᠢᠯ᠎ᠢ ᠬᠢᠨᠠᠨ ᠵᠦᠪᠰᠢᠶᠡᠷᠡᠬᠦ᠌
ᠥᠭᠡᠷᠡᠴᠢᠯᠡᠯᠲᠡ᠎ᠶᠢᠨ ᠡᠷᠴᠢᠮ᠎ᠢ ᠴᠢᠩᠭᠠᠷᠠᠭᠤᠯᠤᠬᠰᠠᠨ
ᠪᠠᠢᠨ᠎ᠠ᠃ ᠬᠢᠨᠠᠨ ᠵᠦᠪᠰᠢᠶᠡᠷᠡᠬᠦ᠌ ᠴᠠᠭ᠎ᠤᠨ ᠬᠢᠵᠠᠭᠠᠷ᠎ᠢ ᠪᠤᠭᠤᠨᠢᠰᠭᠠᠬᠤ ᠵᠢᠨ ᠬᠠᠮᠲᠤ ᠲᠥᠷᠥᠯ ᠵᠦᠢᠯ ᠨᠦᠭᠡᠴᠡᠯᠡᠬᠦ᠌
ᠵᠢ ᠲᠦᠷᠭᠡᠳᠭᠡᠵᠤ᠂ ᠣᠳᠣᠬᠠᠨ ᠪᠣᠯᠲᠠᠯ᠎ᠠ᠂ ᠲᠥᠷᠥᠯ ᠵᠦᠢᠯ᠎ᠦᠨ ᠨᠥᠭᠡᠴᠡ ᠬᠥᠮᠥᠷᠭᠡᠳ᠋ᠦ᠍ 58 ᠲᠥᠷᠥᠯ ᠵᠦᠢᠯ᠎ᠢ
ᠤᠷᠤᠭᠤᠯᠪᠠ᠃
ᠠᠯᠢ ᠣᠯᠠᠨ ᠥᠭᠡᠷᠡᠴᠢᠯᠡᠯᠲᠡ᠎ᠪᠡᠷ ᠳᠡᠮᠵᠢᠨ᠂ ᠲᠤᠬᠠᠢᠯᠠᠭᠰᠠᠨ ᠠᠵᠢᠯ᠎ᠤᠨ
ᠬᠡᠮᠵᠢᠶ᠎ᠡ ᠨᠡᠮᠡᠭᠳᠡᠵᠦ᠍᠂ ᠡᠳᠦᠷ ᠪᠦᠷᠢ 2300 ᠭᠠᠷᠤᠶ ᠬᠥᠮᠦᠨ᠎ᠢ ᠭᠥᠯᠢᠶᠡᠨ ᠠᠪᠴᠤ᠌᠂ 1100 ᠭᠠᠷᠤᠶ ᠬᠢᠨᠠᠨ
ᠵᠦᠪᠰᠢᠶᠡᠷᠡᠭᠦᠯᠬᠦ᠌ ᠵᠦᠢᠯ᠎ᠢ ᠭᠦᠢᠴᠡᠳᠭᠡᠵᠦ᠍ ᠪᠠᠢᠨ᠎ᠠ᠃ ᠡᠯ᠎ᠡ ᠵᠦᠢᠯ᠎ᠦᠨ ᠦᠢᠯᠡᠴᠢᠯᠡᠭᠡᠨ᠎ᠦ ᠦᠷ᠎ᠡ ᠠᠰᠢᠭ
ᠪᠠ ᠶᠠᠰᠤ ᠴᠢᠨᠠᠷ ᠴᠥᠮ ᠲᠠᠰᠤᠷᠠᠯᠲᠠ ᠥᠬᠡᠶ ᠳᠡᠭᠡᠭᠱᠢᠯᠡᠵᠦ᠍᠂ ᠥᠯᠥ᠍ ᠬᠥᠳᠡᠯᠬᠦ᠌ ᠬᠥᠷᠥᠩᠭᠡ᠎ᠶᠢᠨ ᠦᠨᠡᠮᠯᠡᠯ
ᠭᠦᠢᠴᠡᠳᠭᠡᠬᠦ᠌ ᠵᠢ ᠵᠢᠷᠬᠢᠶ᠎ᠡ ᠪᠡᠷ ᠪᠠᠢᠴᠠᠭᠠᠨ ᠯᠠᠪᠯᠠᠬᠤ᠂ ᠪᠣᠯᠵᠣᠬᠤ᠂ ᠰᠢᠤᠳᠠᠨᠵᠢᠡᠷ ᠢᠯᠡᠭᠡᠬᠦ᠌ ᠵᠡᠷᠭᠡ
ᠦᠢᠯᠡᠴᠢᠯᠡᠭᠡ ᠬᠠᠩᠭᠠᠬᠤ᠎ᠶᠢ ᠪᠡᠶᠡᠯᠡᠭᠦᠯᠪᠡ; ᠬᠢᠨᠠᠨ ᠵᠥᠪᠰᠢᠶᠡᠷᠡᠬᠦ᠌
ᠵᠦᠢᠯᠡᠰ᠎ᠢ ᠪᠠᠢᠴᠠᠭᠠᠨ ᠯᠠᠪᠯᠠᠬᠤ᠂ ᠨᠡᠢᠭᠡᠮ᠎ᠦᠨ ᠳᠠᠭᠠᠳᠭᠠᠯ᠎ᠤᠨ ᠰᠦᠢᠳᠭᠡᠯ᠎ᠢ ᠪᠠᠢᠴᠠᠭᠠᠨ ᠯᠠᠪᠯᠠᠬᠤ᠂ ᠪᠡᠶ᠎ᠡ᠎ᠶᠢᠨ
ᠦᠨᠡᠮᠯᠡᠯ ᠭᠦᠢᠴᠡᠳᠭᠡᠬᠦ᠂ ᠵᠢᠯᠣᠭᠣᠴᠢ᠎ᠶᠢᠨ ᠪᠡᠶ᠎ᠡ᠎ᠶᠢᠨ ᠪᠠᠢᠴᠠᠭᠠᠯᠲᠠ ᠬᠢᠬᠦ᠌ ᠵᠡᠷᠭᠡ ᠲᠥᠷᠥᠯ ᠵᠦᠢᠯ᠎ᠢ
24 ᠴᠠᠭ᠎ᠲᠤ ᠥᠪᠡᠰᠦᠪᠡᠨ ᠭᠦᠢᠴᠡᠳᠭᠡᠬᠦ᠌᠎ᠶᠢ ᠪᠡᠶᠡᠯᠡᠭᠦᠯᠪᠡ; ᠣᠯᠠᠨ ᠲᠦᠮᠡᠨ
ᠡᠵᠡᠩᠨᠡᠯᠲᠡ᠎ᠶᠢᠨ ᠦᠨᠡᠮᠯᠡᠯ᠂ ᠡᠷᠦᠬᠡ ᠠᠮᠠ᠎ᠶᠢᠨ ᠳᠡᠪᠲᠡᠷ᠂ ᠪᠡᠶ᠎ᠡ᠎ᠶᠢᠨ ᠦᠨᠡᠮᠯᠡᠯ ᠭᠦᠢᠴᠡᠳᠭᠡᠬᠦ᠂ ᠨᠡᠢᠭᠡᠮ᠎ᠦᠨ
ᠳᠠᠭᠠᠳᠭᠠᠯ᠎ᠤᠨ ᠰᠦᠢᠳᠭᠡᠯ ᠲᠤᠰᠢᠶᠠᠬᠤ ᠵᠡᠷᠭᠡ ᠲᠤᠬᠠᠢᠯᠠᠭᠰᠠᠨ ᠠᠵᠢᠯ᠎ᠢ ᠮᠤᠵᠢ ᠠᠯᠤᠰᠯᠠᠨ ᠭᠦᠢᠴᠡᠳᠭᠡᠬᠦ᠌ ᠵᠢ
ᠪᠡᠶᠡᠯᠡᠭᠦᠯᠵᠡᠢ᠃