ᠮᠠᠨ ᠤ᠋ ᠤᠷᠤᠨ ᠳᠠᠬᠢᠨ ᠶᠠᠳᠠᠭᠤᠷᠠᠬᠤ ᠶ᠋ᠢ ᠰᠡᠷᠭᠡᠢᠯᠡᠬᠦ᠌ ᠬᠥᠳᠡᠯᠦᠩᠭᠦᠶ ᠬᠢᠨᠠᠨ ᠬᠡᠮᠵᠢᠯᠳᠡ ᠶ᠋ᠢᠨ ᠲᠤᠤᠷ᠎ᠢ ᠲᠡᠬᠦᠯᠳᠡᠷᠵᠢᠬᠦᠯᠵᠤ ᠪᠤᠢ
2022-01-02 20:37:36
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭ᠌ᠰᠡᠨ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠮᠠᠯᠴᠢᠨ ᠲᠠᠷᠢᠶᠠᠴᠢᠨ ᠤ᠋ ᠳᠠᠬᠢᠨ ᠶᠠᠳᠠᠭᠤᠷᠠᠬᠤ ᠶ᠋ᠢ ᠰᠡᠷᠭᠡᠢᠯᠡᠬᠦ᠌᠎ᠠᠵᠢᠯ ᠢ᠋ 《ᠪᠢ ᠣᠯᠠᠨ ᠲᠦᠮᠡᠨ ᠳ᠋ᠤ ᠪᠣᠳᠠᠲᠤ ᠶᠠᠪᠤᠳᠠᠯ ᠬᠢᠵᠦ᠍ ᠥᠭ᠌ᠬᠦ 》 ᠦᠶ᠋ᠯᠡᠳᠦᠯᠭᠡ ᠶ᠋ᠢᠨ ᠠᠵᠢᠯᠯᠠᠭ᠎ᠠ ᠶ᠋ᠢᠨ ᠲᠦᠷᠦᠯ ᠵᠦᠢᠯ ᠪᠤᠯᠭᠠᠨ᠂ 《ᠡᠷᠲᠡ ᠢᠯᠡᠷᠡᠭᠦᠯᠬᠦ᠌᠂ ᠡᠷᠲᠡ ᠰᠡᠷᠡᠮᠵᠢᠯᠡᠭᠦᠯᠬᠦ᠌᠂ ᠡᠷᠲᠡ ᠬᠠᠪᠰᠤᠷᠤᠨ ᠲᠡᠳᠬᠦᠬᠦ᠌ 》 ᠵᠡᠷᠭᠡ ᠭᠣᠭ᠍ᠴᠣᠭ᠎ᠠ᠎ᠵᠢ ᠭᠤᠤᠯᠳᠠᠯᠭ᠎ᠠ ᠲᠠᠢ ᠠᠨᠭᠬᠠᠷᠴᠤ ᠂ ᠳᠠᠬᠢᠨ ᠶᠠᠳᠠᠭᠤᠷᠠᠬᠤ ᠶ᠋ᠢ ᠰᠡᠷᠭᠡᠢᠯᠡᠬᠦ᠌ ᠬᠥᠳᠡᠯᠦᠩᠭᠦᠶ ᠬᠢᠨᠠᠨ ᠬᠡᠮᠵᠢᠯᠳᠡ ᠶ᠋ᠢᠨ ᠲᠤᠤᠷ᠎ᠢ ᠲᠡᠬᠦᠯᠳᠡᠷᠵᠢᠬᠦᠯᠵᠤ ᠂ ᠬᠡᠪᠴᠢᠶᠡᠵᠢᠯ ᠤ᠋ᠨ ᠴᠢᠨᠠᠷᠲᠠᠶ ᠳᠠᠬᠢᠨ ᠶᠠᠳᠠᠭᠤᠷᠠᠬᠤ ᠪᠠᠢᠳᠠᠯ ᠡᠭᠦᠰᠭᠦ ᠥᠬᠡᠶ ᠪᠠᠢᠬᠤ᠎ᠵᠢ ᠪᠠᠳᠤᠯᠠᠪᠠ ᠃

《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠠᠬᠢᠨ ᠶᠠᠳᠠᠭᠤᠷᠠᠬᠤ ᠶ᠋ᠢ ᠰᠡᠷᠭᠡᠢᠯᠡᠬᠦ᠌ ᠬᠢᠨᠠᠨ ᠬᠡᠮᠵᠢᠯᠳᠡ ᠪᠠ ᠬᠠᠪᠰᠤᠷᠤᠨ ᠲᠡᠳᠬᠦᠬᠦ᠌ ᠲᠣᠭ᠍ᠲᠠᠴᠠ ᠶ᠋ᠢ ᠲᠡᠬᠦᠯᠳᠡᠷᠵᠢᠬᠦᠯᠬᠦ ᠠᠵᠢᠯ ᠤ᠋ᠨ ᠲᠥᠰᠦᠯ》 ᠶᠣᠰᠣᠭᠠᠷ᠂ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠭᠤᠤᠯᠳᠠᠯᠭ᠎ᠠ᠎ᠲᠠᠶ ᠭᠠᠵᠠᠷ ᠣᠷᠣᠨ᠂ ᠭᠤᠤᠯᠳᠠᠯᠭ᠎ᠠ᠎ᠲᠠᠶ ᠬᠥᠮᠦᠰ ᠵᠡᠷᠭᠡ᠎ᠳᠤ ᠠᠡᠭᠬᠠᠷᠤᠯ᠎ᠵᠢᠡᠨ ᠲᠦᠪᠯᠡᠷᠡᠬᠦᠯᠵᠤ᠂ 《 ᠭᠡᠨᠡᠳᠲᠡ᠎ᠵᠢᠨ ᠰᠢᠯᠳᠠᠭᠠᠨ᠎ᠢᠶᠡᠷ ᠬᠦᠨᠳᠤ ᠨᠤᠴᠢᠳᠡᠢ ᠶᠠᠳᠠᠭᠤᠷᠠᠭᠰᠠᠨ ᠡᠷᠦᠬᠡ》  ᠶ᠋ᠢ ᠬᠢᠨᠠᠨ ᠬᠡᠮᠵᠢᠬᠦ ᠬᠡᠪᠴᠢᠶᠡᠨ ᠳ᠋ᠤ ᠣᠷᠣᠭᠤᠯᠵᠤ᠂  ᠬᠢᠨᠠᠨ ᠬᠡᠮᠵᠢᠬᠦ ᠡᠲᠡᠭᠡᠳ ᠢ᠋ ᠪᠦᠬᠦᠨ᠎ᠢ ᠬᠠᠮᠤᠷᠬᠤ᠎ᠵᠢ ᠦᠨᠡᠨ᠎ᠬᠦ ᠪᠠᠳᠤᠯᠠᠵᠡᠢ᠃  ᠪᠥᠬᠥ᠌ ᠣᠷᠣᠨ᠎ᠳᠤ ᠪᠥᠬᠥ᠌ ᠲᠠᠯ᠎ᠠ ᠶ᠋ᠢᠨ ᠪᠠᠢᠳᠠᠯ ᠢ᠋ ᠣᠢᠯᠠᠭᠠᠵᠤ ᠵᠢᠭ᠍ᠰᠠᠭᠠᠨ ᠪᠠᠢᠴᠠᠭᠠᠬᠤ ᠠᠵᠢᠯ ᠢ᠋ ᠥᠷᠨᠢᠭᠦᠯᠵᠦ᠍ ᠂ ᠨᠡᠢᠲᠡ 254.9ᠲᠦᠮᠡᠨ ᠮᠠᠯᠵᠢᠬᠤ ᠲᠠᠷᠢᠶᠠᠯᠠᠬᠤ ᠡᠷᠦᠬᠡ ᠶ᠋ᠢᠨ 664 .4 ᠲᠦᠮᠡᠨ ᠬᠥᠮᠦᠨ ᠢ᠋ ᠵᠢᠭ᠍ᠰᠠᠭᠠᠨ ᠪᠠᠢᠴᠠᠭᠠᠪᠡ᠂ ᠡᠨᠡ ᠨᠢ ᠪᠥᠬᠥ᠌ ᠣᠷᠣᠨ ᠤ᠋ ᠮᠠᠯᠵᠢᠬᠤ ᠲᠠᠷᠢᠶᠠᠯᠠᠬᠤ ᠣᠷᠣᠨ ᠤ᠋ ᠪᠠᠢᠩᠭᠤ ᠰᠠᠭᠤᠭ᠎ᠠ ᠡᠷᠦᠬᠡ ᠶ᠋ᠢᠨ 84.94 % ᠶ᠋ᠢ ᠡᠵᠡᠯᠡᠪᠡ ᠃ ᠮᠠᠯᠵᠢᠬᠤ ᠲᠠᠷᠢᠶᠠᠯᠠᠬᠤ ᠡᠷᠦᠬᠡ ᠶ᠋ᠢ ᠬᠥᠲᠥᠯᠥᠨ ᠵᠢᠯᠣᠭᠣᠳᠴᠤ᠌ 《 ᠳᠠᠬᠢᠨ ᠶᠠᠳᠠᠭᠤᠷᠠᠬᠤ ᠶ᠋ᠢ ᠰᠡᠷᠭᠡᠢᠯᠡᠬᠦ᠌ ᠬᠢᠨᠠᠨ ᠬᠡᠮᠵᠢᠯᠳᠡ ᠶ᠋ᠢᠨ ᠭᠠᠷ ᠤᠲᠠᠰᠤᠨ ᠤ᠋ APP 》 ᠶ᠋ᠢ ᠤᠭᠰᠠᠷᠠᠵᠤ᠂ 《 ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠰᠠᠭᠤᠨ ᠯᠠᠪᠯᠠᠬᠤ ᠲᠠᠪᠴᠠᠩ》 ᠎ᠳ᠋ᠤ ᠮᠠᠯᠵᠢᠬᠤ ᠲᠠᠷᠢᠶᠠᠯᠠᠬᠤ ᠡᠷᠦᠬᠡ ᠶ᠋ᠢᠨ ᠪᠡᠶ᠎ᠡ ᠪᠡᠨ ᠳᠠᠭᠠᠭᠠᠵᠤ ᠭᠤᠶᠤᠴᠢᠯᠠᠨ ᠮᠡᠳᠡᠭᠦᠯᠬᠦ᠌ ᠴᠢᠳᠠᠮᠵᠢ ᠶ᠋ᠢ ᠨᠡᠮᠡᠭᠳᠡᠬᠦᠯᠦᠨ᠂ ᠣᠯᠠᠨ ᠠᠷᠭ᠎ᠠ ᠵᠠᠮ ᠶ᠋ᠢᠡᠷ ᠪᠡᠶ᠎ᠡ ᠪᠡᠨ ᠳᠠᠭᠠᠭᠠᠵᠤ ᠭᠤᠶᠤᠴᠢᠯᠠᠨ ᠮᠡᠳᠡᠭᠦᠯᠬᠦ᠌ ᠵᠠᠭ᠍ᠪᠤᠷ ᠢ᠋ ᠪᠠᠢᠭᠤᠯᠤᠭᠰᠠᠨ ᠪᠠᠢᠨ᠎ᠠ ᠃

11 ᠰᠠᠷ᠎ᠠ ᠶ᠋ᠢᠨ ᠰᠡᠭᠦᠯᠴᠢ ᠪᠣᠯᠲᠠᠯ᠎ᠠ᠂ ᠲᠥᠪᠯᠡᠷᠡᠭᠦᠯᠦᠨ ᠵᠢᠭ᠍ᠰᠠᠭᠠᠨ ᠪᠠᠢᠴᠠᠭᠠᠬᠤ ᠪᠠ ᠬᠥᠳᠡᠯᠦᠩᠭᠦᠶ ᠬᠢᠨᠠᠨ ᠬᠡᠮᠵᠢᠯᠳᠡ᠎ᠵᠢ ᠥᠷᠨᠢᠭᠦᠯᠬᠦ᠌᠎ᠪᠡᠷ ᠲᠠᠮᠵᠢᠨ ᠂ ᠰᠠᠯᠠᠭ᠎ᠠ ᠮᠥᠴᠢᠷ ᠤ᠋ᠨ ᠬᠣᠭᠣᠷᠣᠨᠳᠣᠬᠢ ᠲᠣᠭ᠎ᠠ ᠪᠠᠷᠢᠮᠲᠠ ᠶ᠋ᠢ ᠬᠠᠷᠢᠴᠠᠭᠤᠯᠤᠨ ᠬᠠᠮᠲᠤ ᠪᠠᠷ ᠡᠳ᠋ᠯᠡᠬᠦ᠎ᠵᠢ ᠴᠢᠩᠭᠠᠳᠭᠠᠵᠤ ᠂ ᠪᠦᠬᠦ ᠣᠷᠣᠨ ᠤ᠋ 7.11 ᠲᠦᠮᠡᠨ ᠬᠥᠮᠦᠨ ᠢ᠋ ᠬᠢᠨᠠᠨ ᠬᠡᠮᠵᠢᠯᠳᠡ ᠶ᠋ᠢᠨ ᠬᠡᠪᠴᠢᠶᠡᠨ ᠳ᠋ᠤ ᠣᠷᠣᠭᠤᠯᠤᠨ᠂ ᠳᠠᠬᠢᠨ ᠶᠠᠳᠠᠭᠤᠷᠠᠬᠤ ᠲᠦᠭ᠌ᠰᠢᠭᠦᠷᠢ ᠶ᠋ᠢ 66.2 % ᠶ᠋ᠢᠡᠷ ᠠᠷᠢᠯᠭᠠᠪᠡ ᠃

ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠨᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠂ ᠠᠷᠠᠳ ᠤ᠋ᠨ ᠶᠠᠪᠤᠳᠠᠯ ᠵᠡᠷᠭᠡ 10 ᠠᠵᠢᠯ ᠲᠥᠷᠥᠯ ᠤ᠋ᠨ ᠰᠠᠯᠠᠭ᠎ᠠ ᠮᠥᠴᠢᠷ ᠲᠦ᠍ ᠬᠢᠨᠠᠨ ᠬᠡᠮᠵᠢᠯᠳᠡ ᠶ᠋ᠢᠨ ᠡᠲᠡᠭᠡᠳ ᠪᠠ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ ᠶ᠋ᠢᠨ ᠲᠣᠭ᠎ᠠ ᠪᠠᠷᠢᠮᠲᠠ ᠶ᠋ᠢ ᠬᠦᠷᠭᠡᠵᠦ᠍᠂ ᠠᠵᠢᠯ ᠲᠥᠷᠥᠯ ᠤ᠋ᠨ ᠰᠠᠯᠠᠭ᠎ᠠ ᠮᠥᠴᠢᠷ ᠤ᠋ᠨ ᠤᠷᠢᠳᠴᠢᠯᠠᠨ ᠰᠡᠷᠡᠮᠵᠢᠯᠡᠭᠦᠯᠬᠦ᠌ ᠶ᠋ᠢ ᠴᠢᠩᠭᠠᠳᠭᠠᠪᠠ᠃ ᠠᠷᠠᠳ ᠤ᠋ᠨ ᠶᠠᠪᠤᠳᠠᠯ ᠤ᠋ᠨ ᠲᠢᠩᠬᠢᠮ ᠤ᠋ᠨ ᠬᠡᠷ ᠪᠦᠯᠢ ᠶ᠋ᠢᠨ ᠠᠵᠤ ᠠᠬᠤᠶ ᠶ᠋ᠢᠨ ᠬᠠᠷᠭᠤᠭᠤᠯᠬᠤ ᠱᠢᠰᠲ᠋ᠧᠮ ᠶ᠋ᠢᠡᠷ ᠲᠠᠮᠵᠢᠨ ᠂ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠂ ᠠᠷᠠᠳ ᠤ᠋ᠨ ᠶᠠᠪᠤᠳᠠᠯ ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠡᠷᠭᠡ 8 ᠠᠵᠢᠯ ᠲᠥᠷᠥᠯ ᠤ᠋ᠨ ᠰᠠᠯᠠᠭ᠎ᠠ ᠮᠥᠴᠢᠷ᠎ᠯᠦᠭᠡ 2 ᠤᠳᠠᠭ᠎ᠠ ᠶᠠᠳᠠᠭᠤ᠎ᠡᠴᠡ ᠠᠩᠭᠢᠵᠢᠷᠠᠭ᠍ᠰᠠᠨ ᠡᠷᠦᠬᠡ ᠪᠠ ᠬᠢᠨᠠᠨ ᠬᠡᠮᠵᠢᠯᠳᠡ ᠶ᠋ᠢᠨ ᠡᠲᠡᠭᠡᠳ᠎ᠤᠨ ᠲᠣᠭ᠎ᠠ ᠪᠠᠷᠢᠮᠲᠠ᠎ᠵᠢᠨ ᠬᠠᠷᠢᠴᠠᠭᠤᠯᠤᠯ ᠬᠢᠵᠦ᠍ ᠂ 210 ᠲᠦᠮᠡᠨ ᠵᠤᠷᠪᠤᠰ(ᠤᠳᠠᠭ᠎ᠠ )ᠲᠣᠭ᠎ᠠ ᠪᠠᠷᠢᠮᠲᠠ ᠶ᠋ᠢ ᠬᠠᠷᠢᠴᠠᠭᠤᠯᠪᠠ ᠃

ᠡᠬᠦᠨ᠎ᠤ ᠬᠠᠮᠳᠤ ᠂ ᠡᠯ᠎ᠡ ᠭᠠᠵᠠᠷ ᠤ᠋ᠨ᠎ᠬᠢᠨ ᠢ᠋ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠵᠢ ᠤᠤᠯ ᠤ᠋ᠨ 5 ᠲᠥᠷᠥᠯ ᠡᠴᠡ ᠠᠵᠤ ᠦᠶ᠋ᠯᠡᠰ ᠂ ᠠᠵᠢᠯ ᠣᠯᠭᠣᠯᠲᠠ ᠂ ᠮᠥᠩᠭᠥᠨ ᠭᠦᠶ᠋ᠯᠭᠡᠭᠡ ᠂ ᠰᠤᠷᠭᠠᠨ ᠬᠥᠮᠦᠵᠢᠯ ᠂ ᠡᠷᠡᠭᠦᠯ ᠮᠡᠨᠳᠦ ᠂ ᠣᠷᠣᠨ ᠰᠠᠭᠤᠴᠠ ᠶ᠋ᠢᠨ ᠠᠮᠤᠷ ᠲᠦᠪᠱᠢᠨ᠎ᠦ ᠪᠠᠲᠤᠯᠠᠭ᠎ᠠ ᠂ ᠤᠤᠭᠤᠬᠤ ᠤᠰᠤᠨ ᠤ᠋ ᠠᠮᠤᠷ ᠲᠦᠪᠱᠢᠨ᠎ᠦ ᠪᠠᠳᠤᠯᠠᠭ᠎ᠠ ᠵᠡᠷᠭᠡ 10 ᠲᠠᠯ᠎ᠠ᠎ᠪᠡᠷ ᠨᠡᠮᠡᠭ᠌ᠳᠡᠭᠦᠯᠵᠦ᠍᠂ ᠬᠢᠨᠠᠨ ᠬᠡᠮᠵᠢᠬᠦ ᠡᠲᠡᠭᠡᠳ ᠢ᠋ ᠬᠠᠪᠰᠤᠷᠤᠨ ᠲᠡᠳᠬᠦᠬᠦ᠌ ᠶ᠋ᠢ ᠨᠠᠩ ᠬᠠᠨᠳᠤᠯᠭᠠᠲᠤ ᠴᠢᠨᠠᠷᠲᠠᠶ ᠪᠤᠯᠭᠠᠪᠠ᠃ ᠣᠳᠣᠬᠠᠨ ᠪᠣᠯᠲᠠᠯ᠎ᠠ᠂ ᠪᠥᠬᠥ᠌ ᠣᠷᠣᠨ᠎ᠤ ᠳᠠᠬᠢᠨ ᠶᠠᠳᠠᠭᠤᠷᠠᠬᠤ ᠪᠤᠯᠤᠮᠵᠢ᠎ᠲᠠᠢ 2.39 ᠲᠦᠮᠡᠨ ᠡᠷᠦᠬᠡ ᠳ᠋ᠤ ᠬᠠᠨᠳᠤᠯᠭᠠᠳᠤ ᠴᠢᠨᠠᠷᠲᠠᠶ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠵᠤ ᠂ ᠪᠥᠬᠥ᠌ ᠣᠷᠣᠨ ᠤ᠋ ᠲᠠᠬᠢᠨ ᠶᠠᠳᠠᠭᠤᠷᠠᠬᠤ ᠪᠤᠯᠤᠮᠵᠢ᠎ᠲᠠᠢ ᠡᠷᠦᠬᠡ ᠶ᠋ᠢᠨ ᠶᠡᠷᠦᠩᠬᠡᠶ ᠬᠡᠮᠵᠢᠶ᠎ᠡ ᠶ᠋ᠢᠨ 92.2 % ᠢ᠋ ᠡᠵᠡᠯᠡᠨ᠂ ᠶᠠᠳᠠᠭᠤᠷᠠᠬᠤ ᠪᠤᠯᠤᠮᠵᠢ᠎ᠲᠠᠢ ᠡᠷᠦᠬᠡ ᠶ᠋ᠢ ᠬᠠᠪᠰᠤᠷᠤᠨ ᠲᠡᠳᠬᠦᠬᠦ᠌ ᠶ᠋ᠢ ᠪᠡᠶᠡᠯᠡᠬᠦᠯᠦᠭᠰᠡᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号