ᠬᠣᠷᠴᠢᠨ ᠲᠣᠭᠣᠷᠢᠭ 《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ ᠪᠠᠢᠨ᠎ᠠ
2022-01-02 20:53:53
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠴᠢᠩ ᠾᠧ ᠪᠠᠯᠭᠠᠰᠤᠨ᠎ᠤ ᠨᠠᠮ᠎ᠤᠨ ᠭᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠤᠨ ᠬᠢᠨ ᠬᠣᠷᠴᠢᠨ ᠲᠣᠭᠣᠷᠢᠭ᠎ᠤᠨ ᠵᠡᠮᠳᠡᠭ᠌ᠴᠦᠳ᠎ᠦᠨ ᠬᠣᠯᠪᠣᠭ᠎ᠠ ᠲᠠᠢ ᠬᠠᠮᠳᠤᠷᠠᠨ ᠪᠥᠬᠥ᠌ ᠪᠠᠯᠭᠠᠰᠤᠨ᠎ᠤ 107 ᠵᠡᠮᠳᠡᠭ᠌ᠴᠦᠳ᠎ᠲᠦ ᠬᠦᠷᠳᠦᠲᠦ ᠰᠠᠨᠳᠠᠯᠢ᠂ ᠲᠠᠶᠠᠭ᠂ ᠰᠣᠨᠣᠰᠤᠭᠤᠷ ᠵᠡᠷᠭᠡ ᠲᠤᠰᠠᠯᠠᠬᠤ ᠬᠡᠷᠡᠭ᠌ᠰᠡᠯ᠎ᠢ ᠦᠨ᠎ᠡ ᠲᠥᠯᠥᠪᠦᠷᠢ ᠥᠬᠡᠶ᠎ᠪᠡᠷ ᠲᠠᠷᠬᠠᠭᠠᠬᠰᠠᠠ ᠪᠥᠭᠡᠳ ᠦᠨ᠎ᠡ ᠲᠥᠯᠥᠪᠦᠷᠢ ᠥᠬᠡᠶ᠎ᠪᠡᠷ ᠪᠡᠶ᠎ᠡ᠎ᠶ᠋ᠢᠨ ᠪᠠᠢᠴᠠᠭᠠᠯᠲᠠ ᠬᠢᠵᠦ ᠦᠭᠭᠦᠨ᠂ ᠳᠡᠳᠡᠨᠡᠷ᠎ᠲᠦ ᠨᠠᠮ ᠵᠠᠰᠠᠭ᠎ᠤᠨ ᠬᠠᠢᠷ᠎ᠠ ᠬᠠᠯᠠᠮᠵᠢ᠎ᠶ᠋ᠢ ᠬᠦᠷᠭᠡᠭᠰᠡᠨ ᠪᠠᠢᠨ᠎ᠠ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠦᠭ᠌ᠰᠡᠨ᠎ᠡᠴᠡ ᠨᠠᠭᠠᠰᠢ᠂ ᠬᠣᠷᠴᠢᠨ ᠲᠣᠭᠣᠷᠢᠭ《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ᠂ ᠢᠳᠡᠪᠬᠢᠲᠠᠢ ᠲᠤᠷᠰᠢᠨ ᠰᠦᠪᠡᠭ᠌ᠴᠢᠯᠡᠵᠦ᠍ ᠱᠢᠨ᠎ᠡ᠎ᠶ᠋ᠢ ᠡᠭᠦᠳᠥᠨ᠂ ᠠᠷᠠᠳ᠎ᠤᠨ ᠪᠠᠢᠳᠠᠯ ᠠᠷᠠᠳ᠎ᠤᠨ ᠰᠠᠨᠠᠯ ᠰᠠᠨᠠᠭᠤᠯᠭ᠎ᠠ᠎ᠶ᠋ᠢ ᠴᠤᠭ᠍ᠯᠠᠭᠤᠯᠬᠤ᠂ ᠦᠨᠡᠯᠡᠬᠦ᠌᠂ ᠬᠠᠷᠢᠭᠤ ᠲᠤᠰᠭᠠᠬᠤ ᠵᠡᠷᠭᠡ ᠶᠠᠪᠤᠴᠠ᠎ᠶ᠋ᠢ ᠨᠢᠭᠡᠨ ᠲᠥᠭᠥᠷ ᠬᠡᠯᠬᠢᠶᠡᠳᠥ ᠦᠢᠯᠡᠴᠢᠯᠡᠭᠡᠨ᠎ᠦ ᠲᠣᠭ᠍ᠲᠠᠴᠠ — 《3117》ᠠᠵᠢᠯ᠎ᠤᠨ ᠵᠠᠭ᠍ᠪᠤᠷ ᠪᠣᠯᠭᠠᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢ ᠳᠡᠭᠥᠯᠳᠡᠷᠵᠢᠭᠥᠯᠥᠨ᠂ ᠬᠤᠳᠠ᠎ᠶ᠋ᠢᠨ ᠲᠤᠭᠤᠷᠢᠬ᠎ᠤᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠱᠢᠨ᠎ᠡ ᠨᠢᠭᠡᠨ ᠳᠡᠭ᠌ᠲᠡᠷ᠎ᠲᠦ ᠭᠠᠷᠭᠠᠬᠰᠠᠨ ᠪᠠᠢᠨ᠎ᠠ᠃

3 ᠴᠠᠭ᠎ᠲᠤ ᠠᠰᠠᠭᠤᠳᠠᠯ᠎ᠢ ᠢᠯᠡᠷᠡᠭᠦᠯᠵᠦ᠍᠂ 《ᠬᠠᠮᠢᠶᠠᠷᠤᠯᠲᠠ᠎ᠶ᠋ᠢᠨ ᠬᠡᠯᠪᠡᠷᠢ》ᠶ᠋ᠢ《ᠦᠶ᠋ᠯᠡᠴᠢᠯᠡᠭᠡᠨ᠎ᠦ ᠬᠡᠯᠪᠡᠷᠢ》 ᠪᠣᠯᠭᠠᠨ ᠬᠤᠪᠢᠷᠠᠭᠤᠯᠪᠠ᠃ ᠬᠡᠷᠡᠭ᠌ᠴᠡᠭᠡ ᠱᠠᠭᠠᠷᠳᠠᠯᠭ᠎ᠠ᠎ᠶ᠋ᠢ ᠠᠷᠠᠳ᠎ᠡᠴᠡ ᠠᠰᠠᠭᠤᠬᠤ᠎ᠶ᠋ᠢ ᠪᠠᠷᠢᠮᠲᠠᠯᠠᠵᠤ᠂ ᠲᠤᠤᠷᠴᠢᠯᠠᠭ᠍ᠰᠠᠨ ᠨᠠᠷᠢᠯᠢᠬ ᠬᠠᠮᠢᠶᠠᠷᠤᠯᠲᠠ᠎ᠶ᠋ᠢ ᠴᠢᠩᠭᠠᠳᠭᠠᠨ ᠂ ᠲᠤᠤᠷᠵᠢᠭᠤᠯᠥᠯᠲᠠ ᠵᠢᠨ ᠭᠡᠰᠢᠭᠥᠨ᠎ᠤ《ᠤᠬᠠᠭᠤᠯᠭ᠎ᠠ᠎ᠶ᠋ᠢᠨ ᠪᠦᠷᠬᠦᠴᠡ ᠥᠷᠭᠡᠨ᠂ ᠮᠡᠳᠡᠭᠡ ᠵᠠᠩᠭᠢ ᠎ᠶ᠋ᠢᠨ ᠡᠵᠡᠮᠰᠢᠯᠲᠠ ᠲᠦᠷᠭᠡᠨ》ᠳᠠᠪᠠᠭᠤᠯᠢᠭ᠎ᠢ ᠭᠦᠢᠴᠡᠳ ᠪᠠᠳᠠᠷᠠᠭᠤᠯᠵᠤ᠂《ᠲᠤᠤᠷᠵᠢᠭᠤᠯᠤᠯᠲᠠ᠎ᠳᠤ ᠣᠷᠣᠬᠤ᠂ ᠠᠷᠠᠳ᠎ᠤᠨ ᠪᠠᠢᠳᠠᠯ᠎ᠢ ᠣᠢᠯᠠᠭᠠᠬᠤ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠌᠂ ᠪᠣᠳᠠᠲᠠᠢ ᠶᠠᠪᠤᠳᠠᠯ ᠬᠢᠬᠦ᠌》 ᠪᠡᠷ ᠭᠣᠣᠯ ᠠᠭᠤᠯᠭ᠎ᠠ ᠪᠣᠯᠭᠠᠨ᠂ ᠲᠤᠤᠷᠵᠢᠭᠤᠯᠤᠯᠲᠠ ᠵᠢᠨ ᠭᠡᠰᠢᠭᠥᠨ᠎ᠢ ᠡᠳᠦᠷ ᠪᠦᠷᠢ 3 ᠴᠠᠭ ᠰᠦᠯᠵᠢᠶ᠎ᠠ ᠪᠠᠷ ᠰᠤᠷᠪᠤᠯᠵᠢᠯᠠᠭ᠎ᠠ ᠬᠢᠬᠦ ᠵᠢ ᠱᠠᠭᠠᠷᠳᠠᠵᠤ᠂ ᠤᠯᠠᠨ ᠲᠦᠮᠡᠨ᠎ᠦ《ᠡᠷᠢᠵᠦ᠍ ᠣᠴᠢᠬᠤ》 ᠶᠠᠪᠤᠳᠠᠯ᠎ᠢ ᠲᠤᠤᠷᠵᠢᠭᠤᠯᠤᠯᠲᠠ ᠵᠢᠨ ᠭᠡᠰᠢᠭᠥᠨ《ᠳᠣᠷᠣᠭ᠍ᠰᠢ ᠪᠠᠭᠤᠵᠤ》 ᠦᠢᠯᠡᠴᠢᠯᠡᠬᠦ᠌ ᠪᠣᠯᠭᠠᠨ᠂ ᠤᠯᠠᠨ ᠲᠦᠮᠡᠨ᠎ᠢ ᠬᠠᠪᠰᠤᠷᠤᠨ ᠪᠤᠳᠠᠳᠠᠢ ᠬᠥᠴᠢᠷᠳᠡᠯ᠎ᠢ ᠢᠳᠡᠪᠬᠢᠲᠡᠢ᠎ᠪᠡᠷ ᠰᠢᠢᠳᠪᠥᠷᠢᠯᠡᠵᠤ ᠪᠠᠢᠨ᠎ᠠ᠃

1 ᠡᠳᠦᠷ᠎ᠦᠨ ᠳᠣᠲᠣᠷ᠎ᠠ ᠠᠰᠠᠭᠤᠳᠠᠯ᠎ᠢ ᠡᠮᠬᠢᠯᠡᠨ ᠳᠢᠭ᠌ᠯᠡᠵᠦ᠍᠂《ᠤᠳᠠᠭᠠᠨ ᠡᠳᠥᠷ ᠤᠷᠤᠰᠢᠵᠤ 》 ᠪᠠᠢᠭ᠍ᠰᠠᠨ᠎ᠠᠰᠠᠭᠤᠳᠠᠯ ᠎ᠢ《ᠥᠷ᠎ᠡ ᠪᠦᠲᠦᠮᠵᠢᠲᠡᠶ ᠭᠥᠢᠴᠡᠳᠭᠡᠬᠥ》 ᠪᠤᠯᠭᠠᠨ ᠬᠤᠪᠢᠷᠠᠭᠤᠯᠪᠠ᠃ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠡᠴᠡ ᠲᠤᠤᠷᠵᠢᠭᠤᠯᠤᠯᠲᠠ ᠵᠢᠨ ᠭᠡᠰᠢᠭᠥᠨ᠎ᠤ ᠡᠷᠦᠬᠡ᠎ᠳᠦ ᠣᠷᠣᠵᠤ ᠰᠤᠷᠪᠤᠯᠵᠢᠯᠠᠨ ᠴᠤᠭ᠍ᠯᠠᠭᠤᠯᠤᠭ᠍ᠰᠠᠨ ᠠᠰᠠᠭᠤᠳᠠᠯ᠎ᠢ ᠡᠮᠬᠢᠯᠡᠨ ᠬᠤᠷᠢᠶᠠᠩᠭᠤᠢᠯᠠᠬᠤ᠎ᠶ᠋ᠢᠨ ᠬᠠᠮᠲᠤ 1 ᠡᠳᠦᠷ᠎ᠦᠨ ᠳᠣᠲᠣᠷ᠎ᠠ ᠠᠰᠠᠭᠤᠳᠠᠯ᠎ᠤᠨ ᠨᠠᠷᠢᠨ ᠲᠠᠩᠰᠠ᠎ᠶ᠋ᠢ ᠪᠥᠷᠢᠯᠳᠥᠭᠥᠯᠵᠤ᠂ ᠪᠠᠷᠢᠨ ᠭᠦᠶ᠋ᠴᠡᠳᠭᠡᠬᠦ᠌᠂ ᠲᠤᠱᠢᠶᠠᠨ ᠱᠢᠶ᠋ᠳᠪᠦᠷᠢᠯᠡᠭᠦᠯᠬᠦ᠌ ᠵᠢᠴᠢ ᠬᠠᠮᠵᠢᠯᠴᠠᠨ ᠭᠦᠶ᠋ᠴᠡᠳᠭᠡᠬᠦ᠌ 《ᠭᠤᠷᠪᠠ᠎ᠶ᠋ᠢ ᠭᠦᠶ᠋ᠴᠡᠳᠭᠡᠬᠦ᠌》 ᠠᠰᠠᠭᠤᠳᠠᠯ᠎ᠢ ᠱᠢᠶ᠋ᠳᠪᠦᠷᠢᠯᠡᠬᠦ᠌ ᠠᠵᠢᠯ᠎ᠤᠨ ᠠᠷᠭ᠎ᠠ᠎ᠶ᠋ᠢ ᠬᠡᠷᠡᠭ᠌ᠵᠢᠭᠦᠯᠥᠨ᠂ ᠪᠠᠭ᠎ᠠ ᠠᠰᠠᠭᠤᠳᠠᠯ᠎ᠢ ᠰᠦᠯᠵᠢᠶ᠎ᠠ ᠪᠠᠷ ᠳᠠᠷᠤᠢᠬᠠᠨ ᠱᠢᠶ᠋ᠳᠪᠦᠷᠢᠯᠡᠨ᠂ ᠶᠡᠬᠡ ᠠᠰᠠᠭᠤᠳᠠᠯ᠎ᠢ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ ᠲᠤ᠌ ᠲᠤᠱᠢᠶᠠᠨ ᠱᠢᠶ᠋ᠳᠪᠦᠷᠢᠯᠡᠭᠦᠯᠵᠦ᠍᠂ ᠪᠤᠳᠤᠯᠢᠶᠠᠨᠲᠠᠶ ᠠᠰᠠᠭᠤᠳᠠᠯ᠎ᠢ ᠬᠠᠷᠢᠶ᠎ᠠ ᠣᠷᠣᠨ᠎ᠤ ᠨᠢᠭᠡᠴᠢ ᠵᠢᠴᠢ ᠬᠠᠮᠢᠶ᠎ᠠ ᠪᠥᠬᠥᠶ ᠡᠭᠦᠷᠭᠡ ᠴᠢᠳᠠᠪᠤᠷᠢᠲᠤ ᠨᠢᠭᠡᠴᠢ ᠲᠠᠢ  ᠬᠠᠮᠲᠤ ᠪᠠᠷ ᠱᠢᠶ᠋ᠳᠪᠦᠷᠢᠯᠡᠨ᠂《ᠪᠠᠭ᠎ᠠ ᠶᠠᠪᠤᠳᠠᠯ᠎ᠢ ᠰᠦᠯᠵᠢᠶ᠎ᠠ ᠪᠠᠷ ᠰᠢᠢᠳᠪᠤᠷᠢᠯᠡᠡ᠂ ᠶᠡᠬᠡ ᠶᠠᠪᠤᠳᠠᠯ᠎ᠢ ᠵᠡᠭᠡᠯᠢ ᠭᠤᠳᠤᠮᠵᠢ᠎ᠠᠴᠠ ᠭᠠᠷᠭᠠᠬᠤ ᠥᠬᠡᠶ》 ᠪᠠᠢᠬᠤ᠎ᠶ᠋ᠢ ᠪᠡᠶᠡᠯᠡᠭᠦᠯᠵᠤ ᠪᠤᠢ᠃

1 ᠡᠳᠦᠷ᠎ᠦᠨ ᠳᠣᠲᠣᠷ᠎ᠠ ᠡᠭᠦᠷᠭᠡ ᠳᠠᠭᠠᠭᠠᠯᠭᠠᠵᠤ᠂ 《 ᠨᠠᠳᠠ᠎ᠪᠠᠷ ᠬᠢᠯᠭᠡᠵᠤ 》 ᠪᠠᠢᠬᠰᠠᠨ᠎ᠢ 《ᠪᠢ ᠵᠣᠬᠢᠴᠠᠭᠤᠯᠤᠨ ᠭᠥᠢᠴᠡᠳᠭᠡᠬᠥ》 ᠪᠣᠯᠭᠠᠪᠠ᠃ ᠨᠡᠢᠭᠡᠮ ᠲᠣᠭᠣᠷᠢᠭ᠎ᠤᠨ ᠨᠠᠮ᠎ᠤᠨ ᠡᠭᠦᠷ ᠨᠡᠢᠭᠡᠮ ᠲᠣᠭᠣᠷᠢᠭ᠎ᠤᠨ ᠱᠢᠶ᠋ᠳᠪᠦᠷᠢᠯᠡᠵᠦ᠍ ᠳᠡᠢᠯᠬᠦ᠌ ᠦᠭᠡᠢ ᠠᠰᠠᠭᠤᠳᠠᠯ᠎ᠢ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯᠯᠠᠬᠤ ᠬᠣᠷᠢᠶ᠎ᠠ᠎ᠳᠤ ᠮᠡᠳᠡᠭᠦᠯᠦᠨ᠂ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯᠯᠠᠬᠤ ᠬᠣᠷᠢᠶ᠎ᠠ 1 ᠡᠳᠦᠷ ᠎ᠦᠨ ᠳᠣᠲᠣᠷ᠎ᠠ ᠪᠠᠴᠢᠮ ᠬᠡᠷᠡᠭ ᠶᠠᠪᠤᠳᠠᠯ᠂ ᠭᠡᠨᠡᠳᠲᠡ᠎ᠶ᠋ᠢᠨ ᠬᠡᠷᠡᠭ᠂ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠦᠯᠲᠡ ᠪᠠ ᠠᠷᠠᠳ᠎ᠤᠨ ᠠᠮᠢᠳᠤᠷᠠᠯ᠎ᠤᠨ ᠠᠵᠢᠯ ᠵᠡᠷᠭᠡ 4 ᠵᠦᠶ᠋ᠯ᠎ᠦᠨ ᠠᠭᠤᠯᠭ᠎ᠠ ᠵᠢᠨ ᠠᠯᠢᠨ ᠳ᠋ᠤᠨᠢ ᠪᠠᠬᠳᠠᠬᠤ ᠵᠢ ᠥᠨᠳᠥᠰᠥᠯᠡᠵᠤ ᠪᠠᠢᠭᠠᠳ ᠡᠭᠦᠷᠭᠡ᠎ᠶ᠋ᠢᠨ ᠨᠠᠷᠢᠨ ᠲᠠᠩᠰᠠ ᠪᠠᠭᠤᠯᠭᠠᠵᠤ᠂ ᠬᠠᠷᠢᠶ᠎ᠠ ᠣᠷᠣᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠤᠨ ᠬᠣᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠤᠨ᠂ 《 ᠨᠢᠭᠡ ᠨᠣᠮᠧᠷ ᠵᠢᠨᠷ ᠨᠡᠢᠳᠡᠮ ᠭᠦᠶ᠋ᠴᠡᠳᠭᠡᠵᠤ᠂ ᠪᠠᠯᠭᠠᠰᠤ ᠵᠡᠭᠡᠯᠢ ᠭᠤᠳᠤᠮᠵᠢ ᠨᠢᠭᠡᠳᠥᠯᠲᠠᠢ ᠬᠥᠢᠴᠡᠳᠭᠡᠬᠥ》᠂ ᠵᠣᠯ ᠵᠢᠷᠭᠠᠯᠲᠤ ᠨᠠᠮ᠎ᠤᠨ ᠪᠠᠢᠭᠤᠯᠤᠯᠲᠠ᠎ᠶ᠋ᠢᠨ ᠬᠣᠯᠪᠣᠭ᠎ᠠ ᠵᠡᠷᠭᠡ ᠲᠠᠪᠴᠠᠩ᠎ᠤᠨ ᠡᠬᠢ ᠪᠠᠶᠠᠯᠢᠭ᠎ᠲᠦ ᠲᠥᠰᠢᠭᠯᠡᠵᠤ᠂ ᠰᠠᠭᠤᠭᠠᠯᠢ ᠠᠷᠠᠳ᠎ᠤᠨ ᠦᠶ᠋ᠯᠡᠳᠪᠦᠷᠢᠯᠡᠯ ᠠᠮᠢᠳᠤᠷᠠᠯ᠎ᠤᠨ ᠳᠤᠮᠳᠠ ᠲᠤᠯᠭᠠᠷᠠᠭ᠍ᠰᠠᠨ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠢ ᠪᠥᠬᠥ᠌ ᠬᠦᠴᠦᠨ᠎ᠢᠶᠡᠷ ᠱᠢᠶ᠋ᠳᠪᠦᠷᠢᠯᠡᠨ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠳᠠᠭᠠᠵᠤ᠂ ᠵᠥᠷᠢᠴᠡᠯ ᠵᠢᠭᠤᠷᠠᠯᠳᠤᠭᠠᠨ᠎ᠢ ᠠᠷᠢᠯᠭᠠᠨ᠂ ᠪᠥᠬᠥ ᠲᠠᠯ᠎ᠠ ᠪᠡᠷ  ᠭᠥᠯᠢᠶᠡᠨ ᠠᠪᠴᠤ᠌ ᠪᠥᠷᠢᠮᠥᠰᠥᠨ ᠱᠢᠶ᠋ᠳᠪᠦᠷᠢᠯᠡᠬᠦ᠌ ᠠᠵᠢᠯ᠎ᠤᠨ ᠱᠢᠰᠲ᠋ᠧᠮ᠎ᠢ ᠪᠥᠷᠢᠯᠳᠥᠭᠥᠯᠥᠭᠰᠡᠨ ᠪᠠᠢᠨ᠎ᠠ᠃

7 ᠡᠳᠦᠷ᠎ᠤᠨ ᠬᠢᠵᠠᠭᠠᠷ ᠲᠤᠬᠳᠠᠭᠠᠵᠤ᠂ 《ᠣᠯᠠᠨ ᠲᠦᠮᠡᠨ ᠡᠷᠢᠵᠦ᠍ 》 ᠪᠠᠢᠭ᠍ᠰᠠᠨ᠎ᠢ 《ᠣᠯᠠᠨ ᠲᠦᠮᠡᠨ ᠦᠨᠡᠯᠡᠬᠥ 》 ᠪᠣᠯᠭᠠᠨ ᠬᠤᠪᠢᠷᠠᠭᠤᠯᠬᠤ᠎ᠶ᠋ᠢ ᠪᠡᠶᠡᠯᠡᠭᠦᠯᠪᠡ᠃ ᠵᠡᠭᠡᠯᠢ ᠭᠤᠳᠤᠮᠵᠢ᠎ᠶ᠋ᠢᠨ ᠨᠠᠮ ᠵᠠᠰᠠᠭ᠎ᠤᠨ ᠤᠳᠤᠷᠢᠳᠤᠯᠭ᠎ᠠ ᠪᠠᠶᠠᠴᠢᠯᠡᠨ ᠤᠷᠤᠯᠴᠠᠭᠰᠠᠠ ᠬᠦᠴᠢᠷ ᠲᠦᠪᠡᠭ᠌ᠲᠡᠶ ᠠᠰᠠᠭᠤᠳᠠᠯ᠎ᠢ ᠵᠥᠪᠳᠡᠯᠴᠡᠬᠦ᠌ ᠭᠠᠷᠠᠭ᠎ᠤᠨ ᠵᠤᠷᠱᠢᠯᠳᠦ ᠬᠤᠷᠠᠯ᠎ᠤᠨ ᠲᠣᠭ᠍ᠲᠠᠴᠠ ᠪᠠᠢᠭᠤᠯᠵᠤ᠂ ᠭᠠᠷᠠᠭ ᠪᠦᠷᠢ ᠬᠥᠯᠢᠶᠠᠨ ᠠᠪᠤᠬᠰᠠᠨ ᠪᠠ ᠰᠤᠷᠪᠤᠯᠵᠢᠯᠠᠵᠤ ᠴᠤᠭ᠍ᠯᠠᠭᠤᠯᠤᠭ᠍ᠰᠠᠨ ᠠᠰᠠᠭᠤᠳᠠᠯ᠎ᠢ ᠱᠢᠶ᠋ᠳᠪᠦᠷᠢᠯᠡᠭ᠌ᠰᠡᠨ ᠪᠠᠢᠳᠠᠯ᠎ᠢᠶᠠᠨ ᠬᠥᠳᠡᠯᠦᠩᠭᠦᠶ᠎ᠪᠡᠷ ᠬᠠᠷᠢᠭᠤ ᠲᠤᠰᠭᠠᠨ᠂ ᠡᠯ᠎ᠡ ᠬᠠᠮᠢᠶ᠎ᠠ ᠪᠥᠬᠥᠶ ᠨᠢᠭᠡᠴᠢ᠎ᠶ᠋ᠢᠨ ᠱᠢᠶ᠋ᠳᠪᠦᠷᠢᠯᠡᠭ᠌ᠰᠡᠨ ᠪᠠᠢᠳᠠᠯ᠎ᠢ ᠴᠠᠭ ᠲᠤᠬᠠᠶ᠎ᠳᠤᠨᠢ ᠡᠵᠡᠮᠰᠢᠵᠤ᠂ ᠠᠰᠠᠭᠤᠳᠠᠯ᠎ᠢ 7 ᠡᠳᠦᠷ᠎ᠦᠨ ᠳᠣᠲᠣᠷ᠎ᠠ ᠱᠢᠶ᠋ᠳᠪᠦᠷᠢᠯᠡᠵᠦ᠍ ᠳᠠᠭᠤᠰᠭᠠᠬᠤ᠎ᠶ᠋ᠢ ᠦᠨᠡᠨ ᠬᠦ᠌ ᠪᠠᠲᠤᠯᠠᠵᠠᠢ᠃ ᠠᠰᠠᠭᠤᠳᠠᠯ᠎ᠢ ᠱᠢᠶ᠋ᠳᠪᠦᠷᠢᠯᠡᠵᠦ᠍ ᠳᠠᠭᠤᠰᠤᠭ᠍ᠰᠠᠨ ᠎ᠤ ᠳᠠᠷᠠᠭ᠎ᠠ᠂ ᠲᠤᠬᠠᠶ᠎ᠶ᠋ᠢᠨ ᠲᠠᠯᠠᠪᠠᠢ ᠳ᠋ᠤ ᠣᠯᠠᠨ ᠲᠦᠮᠡᠨ᠎ᠢ ᠤᠷᠢᠵᠤ ᠦᠶ᠋ᠯᠡᠴᠢᠯᠡᠭᠡᠨ᠎ᠦ ᠦᠷ᠎ᠡ ᠪᠦᠲᠦᠮᠵᠢ ᠂ ᠬᠡᠷᠡᠭᠰᠡᠭᠰᠡᠨ ᠴᠠᠭ ᠪᠠ ᠣᠪᠣᠷ᠎ᠲᠤ ᠦᠨᠡᠯᠡᠯᠲᠡ ᠬᠢᠵᠦ᠍ ᠬᠤᠪᠢ ᠤᠯᠭᠤᠵᠤ᠂ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯᠯᠠᠬᠤ ᠬᠣᠷᠢᠶ᠎ᠠ ᠬᠠᠷᠢᠭᠤ ᠲᠤᠰᠭᠠᠭ᠍ᠰᠠᠨ ᠦᠷ᠎ᠡ ᠳ᠋ᠦᠩ᠎ᠢ ᠦᠨᠳᠦᠰᠦᠯᠡᠨ᠂ ᠦᠶ᠋ᠯᠡᠴᠢᠯᠡᠭᠡᠨ ᠎ᠦ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠦᠶ᠋ᠯᠡᠴᠢᠯᠡᠭᠡ᠎ᠪᠡᠷ ᠣᠯᠠᠨ ᠲᠦᠮᠡᠨ᠎ᠦ ᠬᠠᠨᠤᠮᠵᠢᠲᠠᠶ ᠦᠨᠡᠯᠡᠯᠲᠡ᠎ᠶ᠋ᠢ ᠤᠯᠵᠤ᠂ ᠣᠯᠠᠨ ᠲᠦᠮᠡᠨ᠎ᠳᠦ ᠦᠨᠡᠨ ᠬᠦ᠌ ᠪᠣᠳᠠᠲᠤ ᠶᠠᠪᠤᠳᠠᠯ᠂ ᠰᠠᠢᠨ ᠶᠠᠪᠤᠳᠠᠯ ᠬᠢᠵᠦ᠍ ᠥᠭ᠌ᠴᠥ ᠪᠠᠢᠨ᠎ᠠ᠃

ᠣᠢᠯᠠᠭᠠᠭ᠍ᠰᠠᠨ᠎ᠢᠶᠠᠷ᠂ ᠤᠳᠤᠬᠠᠨ ᠪᠤᠯᠳᠠᠯ᠎ᠠ᠂ ᠬᠣᠷᠴᠢᠨ ᠲᠣᠭᠣᠷᠢᠭ ᠨᠢᠭᠡᠨᠲᠡ ᠲᠤᠤᠷᠵᠢᠭᠤᠯᠤᠯᠲᠠ ᠪᠡᠷ ᠳᠠᠮᠵᠢᠨ 1 ᠲᠥᠮᠡ 3696  ᠬᠥᠮᠦᠨ ᠳ᠋ᠤ ᠰᠤᠷᠪᠤᠯᠵᠢᠯᠠᠭ᠎ᠠ ᠬᠢᠵᠤ᠂ 260 ᠭᠠᠷᠤᠶ ᠤᠴᠢᠷ ᠶᠠᠪᠤᠳᠠᠯ᠎ᠢ ᠳᠡᠭᠡᠭ᠌ᠰᠢ ᠲᠤᠱᠢᠶᠠᠵᠤ ᠱᠢᠶ᠋ᠳᠪᠦᠷᠢᠯᠡᠭᠦᠯᠥᠨ᠂ 80 ᠭᠠᠷᠤᠶ ᠲᠠᠯᠠᠪᠠᠶ ᠤᠳᠠᠭ᠎ᠠ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ 8725 ᠬᠤᠪᠢ ᠬᠥᠯᠢᠶᠠᠨ ᠠᠪᠴᠥ᠂ ᠣᠯᠠᠨ ᠲᠦᠮᠡᠨ᠎ᠦ ᠪᠣᠳᠠᠲᠠᠶ ᠬᠦᠴᠢᠷᠳᠡᠯ᠎ᠢ 8431 ᠬᠤᠪᠢ ᠨᠢᠭᠤᠷᠳᠠᠨ ᠱᠢᠶ᠋ᠳᠪᠦᠷᠢᠯᠡᠵᠦ᠍᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ 96.63%᠎ᠳ᠋ᠤ ᠬᠦᠷᠥᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号