ᠰᠦᠨ ᠵᠢᠩ ᠺᠦᠨ ᠢᠷᠠᠭᠤ ᠠᠯᠳᠠᠷ᠎ᠤᠨ ᠲᠡᠮᠳᠡᠭ᠎ᠤᠳ᠎ᠢᠶᠡᠨ ᠬᠠᠨᠳᠢᠪᠯᠠᠯ᠎ᠠ
2022-01-21 09:28:47
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠠᠪᠤ᠎ᠶ᠋ᠢᠨ ᠮᠢᠨᠢ ᠡᠳᠡᠭᠡᠷ ᠢᠷᠠᠭᠤ ᠠᠯᠳᠠᠷ ᠨᠢ ᠨᠠᠮ ᠪᠠ ᠠᠷᠠᠳ ᠲᠦᠮᠡᠨ᠎ᠦ ᠬᠠᠢᠷ᠎ᠠ ᠬᠠᠯᠠᠮᠵᠢ᠎ᠠᠴᠠ ᠰᠠᠯᠵᠤ ᠴᠢᠳᠠᠬᠤ ᠦᠭᠡᠢ᠃ ᠡᠢᠮᠤ ᠡᠴᠡ ᠡᠳᠡᠭᠡᠷ ᠢᠷᠠᠭᠤ ᠠᠯᠳᠠᠷ᠎ᠤᠨ ᠲᠡᠮᠳᠡᠭ᠎ᠤᠳ᠎ᠢ ᠨᠠᠮ ᠪᠠ ᠠᠷᠠᠳ ᠲᠦᠮᠡᠨ᠎ᠳᠦ ᠪᠡᠨ ᠪᠤᠴᠠᠭᠠᠪᠠᠯ ᠵᠣᠬᠢᠨ᠎ᠠ》᠃12 ᠰᠠᠷ᠎ᠠ᠎ᠶ᠋ᠢᠨ 2᠎ᠤ᠋ᠨ ᠦᠳᠡ᠎ᠶ᠋ᠢᠨ ᠡᠮᠦᠨ᠎ᠡ᠂ ᠰᠦᠨ ᠵᠢᠩ ᠺᠦᠨ᠎ᠤ ᠦᠷ᠎ᠡ ᠬᠡᠦᠬᠡᠳ ᠨᠢ ᠠᠪᠤ᠎ᠶᠢᠨ᠎ᠢᠶᠡᠨ ᠨᠠᠢᠳᠠᠯᠭ᠎ᠠ᠎ᠪᠠᠷ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭ᠍ᠰᠠᠨ ᠳᠤᠷᠠᠰᠭᠠᠯ᠎ᠤᠨ ᠣᠷᠳᠣᠨ᠎ᠳᠤ ᠲᠡᠭᠦᠨ᠎ᠤ ᠢᠷᠠᠭᠤ ᠠᠯᠳᠠᠷ᠎ᠤᠨ ᠲᠡᠮᠳᠡᠭ᠎ᠤᠳ᠎ᠢ ᠬᠠᠨᠳᠢᠪᠯᠠᠪᠠ᠃


QQ截图20220121093240.jpg


ᠠᠬᠠᠮᠠᠳ ᠪᠠᠭᠠᠲᠤᠷ ᠰᠦᠨ ᠵᠢᠩ ᠺᠦᠨ᠎ᠤ ᠢᠷᠠᠭᠤ ᠠᠯᠳᠠᠷ᠎ᠤᠨ ᠲᠡᠮᠳᠡᠭ᠎ᠤᠳ

ᠲᠣᠰ ᠤᠳᠠᠭ᠎ᠠ ᠰᠦᠨ ᠵᠢᠩ ᠺᠦᠨ᠎ᠤ ᠬᠠᠨᠳᠢᠪᠯᠠᠭ᠍ᠰᠠᠨ ᠢᠷᠠᠭᠤ ᠠᠯᠳᠠᠷ᠎ᠤᠨ ᠲᠡᠮᠳᠡᠭ᠎ᠤᠳ᠎ᠲᠤ ᠵᠡᠭᠦᠨ ᠬᠣᠢᠲᠤ ᠣᠷᠣᠨ᠎ᠢ ᠴᠢᠯᠥᠭᠡᠯᠡᠭ᠌ᠰᠡᠨ ᠳᠤᠷᠠᠰᠭᠠᠯ᠎ᠤᠨ ᠲᠡᠮᠳᠡᠭ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭ᠍ᠰᠠᠨ ᠨᠢᠭᠡᠳᠦᠭᠡᠷ ᠳᠡᠰ᠎ᠤᠨ ᠭᠠᠪᠢᠶᠠᠨ ᠲᠡᠮᠳᠡᠭ ᠪᠠᠢᠬᠤ᠎ᠪᠠᠷ ᠪᠠᠷᠠᠬᠤ ᠥᠬᠡᠶ᠂ ᠪᠠᠰᠠ ᠴᠠᠭ ᠦᠶ᠎ᠡ᠎ᠶ᠋ᠢᠨ ᠵᠢᠱ᠌ᠢᠶᠡᠴᠢ᠎ᠶ᠋ᠢᠨ ᠱᠠᠩᠨᠠᠯ᠎ᠤᠨ ᠲᠡᠮᠳᠡᠭ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 70 ᠵᠢᠯ᠎ᠦᠨ ᠣᠶ᠎ᠶ᠋ᠢ ᠪᠡᠯᠭᠡᠯᠡᠬᠦ᠌》 ᠳᠤᠷᠠᠰᠭᠠᠯ᠎ᠤᠨ ᠲᠡᠮᠳᠡᠭ ᠵᠡᠷᠭᠡ 16 ᠢᠷᠠᠭᠤ ᠠᠯᠳᠠᠷ᠎ᠤᠨ ᠲᠡᠮᠳᠡᠭ ᠪᠠᠢᠪᠠ᠃

ᠰᠦᠨ ᠵᠢᠩ ᠺᠦᠨ ᠪᠣᠯ ᠯᠢᠶᠣᠤᠨᠢᠩ ᠮᠤᠵᠢ᠎ᠶ᠋ᠢᠨ ᠳ᠋ᠠᠨᠳᠦ᠋ᠩ ᠬᠤᠳᠠ᠎ᠶ᠋ᠢᠨ ᠶᠤᠸᠠᠨ ᠪᠦᠦ ᠲᠣᠭᠣᠷᠢᠭ᠎ᠤᠨ ᠵᠢᠨᠱᠠᠨ ᠪᠠᠯᠭᠠᠰᠤᠨ᠎ᠤ ᠱᠠᠨᠴᠸᠩ ᠲᠣᠰᠭᠣᠨ᠎ᠤ ᠤᠤᠯ᠎ᠤᠨ ᠨᠢᠭᠡᠳᠦᠭᠡᠷ ᠦᠢᠯᠡᠳᠪᠦᠷᠢᠯᠡᠯ᠎ᠦᠨ ᠪᠠᠷᠢᠭᠠᠳᠠ᠎ᠶ᠋ᠢᠨ ᠳᠠᠷᠤᠭ᠎ᠠ ᠪᠣᠯᠤᠨ᠎ᠠ᠃ ᠲᠡᠷᠡ ᠤᠷᠢᠳ ᠬᠣᠵᠢᠳ ᠰᠧ ᠫᠢᠩ᠎ᠦᠨ ᠳᠠᠢᠯᠠᠯᠳᠤᠭᠠᠨ᠂ ᠯᠢᠶᠣᠤ ᠱᠸᠨ᠎ᠤ ᠳᠠᠢᠯᠠᠯᠳᠤᠭᠠᠨ᠂ ᠫᠢᠩ ᠵᠢᠨ᠎ᠦ ᠳᠠᠢᠯᠠᠯᠳᠤᠭᠠᠨ ᠵᠡᠷᠭᠡ ᠤᠯᠠᠨ ᠳᠠᠢᠯᠠᠯᠳᠤᠭᠠᠨ᠎ᠳᠤ ᠣᠷᠣᠯᠴᠠᠵᠤ᠂ 1950 ᠣᠨ᠎ᠳᠤ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠲᠠᠢ᠌ᠨ ᠬᠢᠬᠦ᠌᠎ᠳᠦ ᠣᠷᠣᠯᠴᠠᠭ᠍ᠰᠠᠨ ᠪᠥᠭᠡᠳ ᠤᠯᠠᠨ ᠤᠳᠠᠭ᠎ᠠ ᠭᠠᠪᠢᠶ᠎ᠠ ᠪᠠᠢᠭᠤᠯᠵᠤ ᠱᠠᠩᠨᠠᠯ ᠬᠦᠷᠳᠡᠪᠡ᠃ ᠯᠢᠶᠣᠤ ᠱᠸᠨ᠎ᠤ ᠳᠠᠢᠯᠠᠯᠳᠤᠭᠠᠨ᠎ᠳᠤ ᠭᠤᠷᠪᠠᠳᠤᠭᠠᠷ ᠳᠡᠰ᠎ᠤᠨ ᠭᠠᠪᠢᠶ᠎ᠠ ᠪᠠᠢᠭᠤᠯᠵᠤ᠂ ᠫᠢᠩ ᠵᠢᠨ᠎ᠦ ᠳᠠᠢᠯᠠᠯᠳᠤᠭᠠᠨ᠎ᠳᠤ ᠬᠣᠶᠠᠳᠤᠭᠠᠷ ᠳᠡᠰ᠎ᠤᠨ ᠭᠠᠪᠢᠶ᠎ᠠ ᠪᠠᠢᠭᠤᠯᠵᠤ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭᠰᠠᠨ ᠲᠠᠢ᠌ᠨ᠎ᠳᠦ᠂ ᠨᠢᠭᠡᠳᠦᠭᠡᠷ ᠳᠡᠰ᠎ᠤᠨ ᠭᠠᠪᠢᠶ᠎ᠠ ᠨᠢᠭᠡ ᠤᠳᠠᠭ᠎ᠠ᠂ ᠭᠤᠷᠪᠠᠳᠤᠭᠠᠷ ᠳᠡᠰ᠎ᠤᠨ ᠭᠠᠪᠢᠶ᠎ᠠ ᠨᠢᠭᠡ ᠤᠳᠠᠭ᠎ᠠ ᠪᠠᠢᠭᠤᠯᠪᠠ᠃ ᠰᠦᠨ ᠵᠢᠩ ᠺᠦᠨ᠄ 《ᠪᠢ ᠪᠠᠭᠠᠲᠤᠷ ᠪᠢᠰᠢ ᠡ》 ᠬᠡᠵᠤ ᠲᠠᠷᠤᠤᠬᠠᠨ ᠶᠠᠷᠢᠳᠠᠭ᠃ ᠭᠡᠪᠡᠴᠦ᠍ ᠲᠡᠭᠦᠨ᠎ᠦ ᠬᠢᠭ᠌ᠰᠡᠨ ᠠᠯᠢᠪᠠ ᠪᠦᠬᠦᠨ ᠨᠢ ᠪᠦᠷ ᠪᠠᠭᠠᠲᠤᠷ ᠬᠦᠮᠦᠨ᠎ᠤ ᠮᠥᠨ ᠴᠢᠨᠠᠷ᠎ᠢ ᠢᠯᠡᠷᠡᠭᠦᠯᠵᠦ᠍ ᠪᠠᠢᠨ᠎ᠠ᠃ ᠬᠤᠪᠢᠰᠭᠠᠯᠲᠤ ᠲᠠᠢ᠌ᠨ᠎ᠦ ᠵᠢᠯ᠎ᠦᠳ᠎ᠲᠦ᠂ ᠲᠡᠷᠡ ᠪᠠᠢᠯᠳᠤᠭᠠᠨ᠎ᠤ ᠲᠠᠯᠠᠪᠤᠷ᠎ᠲᠤ ᠭᠠᠪᠱᠢᠭᠠᠢᠯᠠᠵᠤ᠂ ᠦᠬᠦᠵᠦ᠍ ᠰᠡᠬᠡᠬᠦ᠌᠎ᠪᠡᠨ ᠬᠠᠢᠬᠤᠷᠤᠯ ᠦᠭᠡᠢ ᠡᠷᠡᠯᠬᠡᠭ ᠪᠠᠭᠠᠲᠤᠷᠯᠢᠭ᠎ᠵᠢᠡᠷ ᠪᠠᠢᠯᠳᠤᠵᠤ᠂ ᠤᠳᠠᠭ᠎ᠠ ᠳᠠᠷᠠᠭᠠᠯᠠᠨ ᠪᠠᠢᠯᠳᠤᠭᠠᠨ᠎ᠤ ᠭᠠᠪᠢᠶ᠎ᠠ ᠪᠠᠢᠭᠤᠯᠤᠨ᠂ ᠠᠷᠢᠭᠤᠨ ᠬᠠᠯᠠᠭᠤᠨ ᠴᠢᠰᠤ ᠭᠠᠩᠭᠠᠩ ᠵᠠᠯᠠᠭᠤ ᠨᠠᠰᠤ᠎ᠪᠠᠷ᠎ᠢᠶᠠᠨ ᠬᠤᠪᠢᠰᠭᠠᠯᠲᠤ ᠪᠠᠢᠯᠳᠤᠭ᠍ᠴᠢ᠎ᠶ᠋ᠢᠨ ᠴᠢᠩ ᠦᠨᠡᠨᠴᠢ ᠰᠡᠳᠭᠢᠯ᠎ᠢ ᠬᠠᠷᠠᠭᠤᠯᠵᠠᠢ᠃ ᠡᠩᠬᠡ ᠲᠠᠢᠪᠤᠩ ᠪᠥᠲᠥᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠦ᠂ ᠲᠡᠷᠡ ᠨᠡᠷ᠎ᠡ ᠠᠯᠳᠠᠷ᠎ᠢᠶᠠᠨ ᠨᠢᠭᠤᠵᠤ ᠬᠡᠳᠦᠨ ᠠᠷᠪᠠᠨ ᠵᠢᠯ᠎ᠢ ᠨᠢᠭᠡ ᠯᠡ ᠡᠳᠦᠷ ᠮᠡᠲᠦ᠍᠎ᠪᠡᠷ ᠦᠩᠭᠡᠷᠡᠬᠦᠯᠵᠤ᠂ ᠱᠢᠨᠲᠠᠷᠠᠰᠢ ᠥᠬᠡᠶ ᠪᠠᠷᠢᠮᠲᠠᠯᠠᠯ ᠎ᠢᠶᠠᠷ ᠵᠢᠡᠨ ᠡᠪ ᠬᠠᠮᠲᠤ ᠨᠠᠮ᠎ᠤᠨ ᠭᠡᠱᠢᠭᠦᠨ᠎ᠦ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠦᠭᠰᠡᠨ ᠪᠠᠢᠨ᠎ᠠ᠃

2020 ᠣᠨ᠎ᠤ 10 ᠰᠠᠷ᠎ᠠ᠎ᠶ᠋ᠢᠨ 14᠎ᠤ᠋ ᠡᠳᠦᠷ᠂ ᠰᠦᠨ ᠵᠢᠩ ᠺᠦᠨ ᠪᠦᠬᠦ᠌ ᠤᠯᠤᠰ᠎ᠤᠨ 《ᠴᠠᠭ ᠦᠶ᠎ᠡ᠎ᠶ᠋ᠢᠨ ᠵᠢᠱ᠌ᠢᠶᠡᠴᠢ》 ᠵᠢᠨ ᠢᠷᠠᠭᠤ ᠠᠯᠳᠠᠷ᠎ᠤᠨ ᠴᠣᠯᠠ ᠬᠦᠷᠳᠡᠪᠡ᠃ 2021 ᠣᠨ᠎ᠤ  6 ᠰᠠᠷ᠎ᠠ᠎ᠶ᠋ᠢᠨ 29᠎ᠤ᠋ ᠡᠳᠦᠷ᠂ ᠰᠦᠨ ᠵᠢᠩ ᠺᠦᠨ 《7·1᠎ᠤ ᠭᠠᠪᠢᠶᠠᠨ ᠲᠡᠮᠳᠡᠭ》 ᠭᠥᠷᠳᠡᠪᠡ᠃ 2021 ᠣᠨ᠎ᠤ 11 ᠰᠠᠷ᠎ᠠ᠎ᠶ᠋ᠢᠨ 5᠎ᠤ᠋ ᠡᠳᠦᠷ᠂ ᠰᠦᠨ ᠵᠢᠩ ᠺᠦᠨ ᠨᠠᠶ᠋ᠮᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ(ᠠᠵᠢᠯ ᠦᠶ᠋ᠯᠡᠰ᠎ᠢᠶᠡᠨ ᠳᠡᠭᠡᠳᠦᠯᠡᠵᠦ᠍ ᠬᠤᠪᠢ ᠨᠡᠮᠡᠷᠢ ᠦᠵᠡᠭᠦᠯᠦᠭ᠌ᠰᠡᠨ ᠵᠢᠱ᠌ᠢᠶᠡᠴᠢ) ᠎ᠶ᠋ᠢᠨ ᠢᠷᠠᠭᠤ ᠠᠯᠳᠠᠷ᠎ᠤᠨ ᠴᠣᠯᠠ ᠭᠥᠷᠳᠡᠪᠡ᠃


QQ截图20220121093231.jpg


ᠠᠬᠠᠮᠠᠳ ᠪᠠᠭᠠᠲᠤᠷ ᠰᠦᠨ ᠵᠢᠩ ᠺᠦᠨ᠎ᠤ ᠬᠦᠰᠡᠯ ᠪᠡᠶᠡᠯᠡᠭ᠌ᠳᠡᠯ᠎ᠠ

ᠳ᠋ᠠᠨᠳᠦ᠋ᠩ ᠬᠤᠳᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶᠠᠨ᠎ᠤ ᠬᠠᠮᠢᠶ᠎ᠠ ᠪᠦᠬᠦᠢ ᠨᠥᠬᠥᠳ᠎ᠦᠨ ᠲᠠᠨᠢᠯᠴᠠᠭᠤᠯᠤᠭ᠍ᠰᠠᠨ᠎ᠢᠶᠠᠷ᠂ ᠡᠨᠡ ᠵᠢᠯ᠎ᠦᠨ 6 ᠰᠠᠷ᠎ᠠ᠎ᠳᠤ᠂ ᠰᠦᠨ ᠵᠢᠩ ᠺᠦᠨ ᠳᠡᠳᠡᠨ᠎ᠲᠡᠶ ᠬᠠᠷᠢᠯᠴᠠᠵᠤ᠂ ᠥᠪᠡᠷ᠎ᠦᠨ ᠢᠷᠠᠭᠤ ᠠᠯᠳᠠᠷ᠎ᠤᠨ ᠲᠡᠮᠳᠡᠭ᠎ᠤᠳ᠎ᠢᠶᠠᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭ᠍ᠰᠠᠨ ᠳᠤᠷᠠᠰᠭᠠᠯ᠎ᠤᠨ ᠣᠷᠳᠣᠨ᠎ᠳᠤ ᠬᠠᠨᠳᠢᠪᠯᠠᠵᠤ᠂ ᠨᠡᠩ ᠤᠯᠠᠨ ᠬᠥᠮᠦᠨ᠎ᠳᠦ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭ᠍ᠰᠠᠨ ᠲᠡᠦᠬᠡ᠎ᠶ᠋ᠢ ᠤᠢ᠍ᠢᠯᠠᠭᠠᠭᠤᠯᠵᠤ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭ᠍ᠰᠠᠨ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮᠵᠢᠯᠠᠵᠤ ᠮᠡᠳᠡᠬᠦᠯᠬᠦ ᠬᠦᠰᠡᠯ᠎ᠢᠶᠡᠨ ᠴᠤᠬᠤᠢᠯᠭᠠᠪᠠ᠃ ᠭᠡᠪᠡᠴᠦ ᠲᠡᠭᠦᠨ᠎ᠡᠴᠡ ᠰᠡᠭᠦᠯᠡᠷ᠂ ᠨᠠᠰᠤᠲᠠᠨ ᠡᠪᠡᠳᠴᠢᠯᠡᠭᠰᠡᠨ ᠡᠴᠡ ᠡᠨᠡ ᠬᠦ᠌ ᠶᠠᠪᠤᠳᠠᠯ ᠲᠦᠷ ᠬᠣᠢᠱᠢᠯᠠᠵᠠᠢ᠃

ᠲᠦᠷᠦᠭᠦᠬᠡᠨ᠂ ᠰᠦᠨ ᠵᠢᠩ ᠺᠦᠨ ᠡᠨᠡ ᠬᠦ᠌ ᠬᠦᠰᠡᠯ᠎ᠢᠶᠡᠨ ᠲᠠᠬᠢᠨᠳᠠ ᠢᠯᠡᠳᠭᠡᠪᠡ᠃ ᠳ᠋ᠠᠨᠳᠦ᠋ᠩ ᠬᠣᠲᠠ᠎ᠶ᠋ᠢᠨ ᠴᠡᠷᠢᠭ᠎ᠤᠨ ᠠᠯᠪᠠ ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭ᠍ᠰᠠᠨ ᠳᠤᠷᠠᠰᠭᠠᠯ᠎ᠤᠨ ᠣᠷᠳᠣᠨ᠎ᠲᠠᠶ ᠣᠯᠠᠨ ᠤᠳᠠᠭ᠎ᠠ ᠬᠠᠷᠢᠯᠴᠠᠵᠤ᠂ 12 ᠰᠠᠷ᠎ᠠ᠎ᠶ᠋ᠢᠨ 2 ᠎ᠤ᠋ᠨ ᠡᠳᠦᠷ᠂ ᠨᠠᠰᠤᠲᠠᠨ᠎ᠢ ᠬᠠᠪᠰᠤᠷᠤᠨ ᠲᠡᠬᠦᠨ ᠎ᠤ ᠬᠦᠰᠡᠯ᠎ᠢ ᠪᠡᠶᠡᠯᠡᠬᠦᠯᠪᠡ᠃ ᠪᠡᠶ᠎ᠠ ᠮᠠᠬᠠᠪᠤᠳ᠎ᠤᠨ ᠱᠢᠯᠲᠠᠭᠠᠨ᠎ᠠᠴᠠ ᠪᠣᠯᠵᠤ᠂ ᠰᠦᠨ ᠵᠢᠩ ᠺᠦᠨ ᠲᠤᠬᠠᠢ᠎ᠵᠢᠨ ᠲᠠᠯᠠᠪᠤᠷ᠎ᠲᠤ ᠦᠪᠡᠷ᠎ᠢᠶᠡᠨ ᠬᠦᠷᠴᠦ᠍ ᠲᠡᠢᠯᠬᠦ ᠦᠭᠡᠢ ᠪᠤᠯᠬᠤᠷ ᠭᠡᠷ᠎ᠦᠨ ᠬᠥᠮᠦᠰ᠎ᠲᠦ᠍᠎ᠪᠡᠨ ᠨᠠᠢᠳᠠᠵᠤ ᠲᠡᠳᠡᠭᠡᠷ ᠢᠷᠠᠭᠤ ᠠᠯᠳᠠᠷ᠎ᠤᠨ ᠲᠡᠮᠳᠡᠭ᠎ᠢ ᠪᠡᠯᠡᠭ᠌ᠯᠡᠨ ᠬᠦᠷᠭᠡᠬᠦ᠌ ᠶᠣᠰᠣᠯᠠᠯ᠎ᠳᠤ ᠣᠷᠣᠯᠴᠠᠭᠤᠯᠪᠠ᠃


QQ截图20220121093223.jpg


ᠡᠨᠡ ᠲᠤᠬᠠᠢ ᠰᠦᠨ ᠵᠢᠩ ᠺᠦᠨ᠎ᠤ ᠶᠡᠬᠡ ᠬᠦᠦ ᠰᠦᠨ ᠹᠦ᠋ ᠬᠦᠢ᠄ 《ᠡᠳᠡᠭᠡᠷ ᠢᠷᠠᠭᠤ ᠠᠯᠳᠠᠷ᠎ᠤᠨ ᠲᠡᠮᠳᠡᠭ᠎ᠢ ᠠᠪᠤ ᠮᠢᠨᠢ ᠬᠣᠪᠣᠷ ᠡᠷᠳᠡᠨᠢ ᠰᠢᠭ ᠠᠮᠢᠨᠴᠢᠷᠬᠠᠨ ᠰᠠᠨᠠᠵᠤ᠂ ᠨᠠᠷᠢᠨ ᠨᠢᠮᠪᠠᠢ ᠬᠠᠳᠠᠭᠠᠯᠠᠵᠤ᠂ ᠬᠠᠮᠢᠭ᠎ᠠ ᠣᠴᠢᠭ᠍ᠰᠠᠨ ᠴᠤ᠌ ᠪᠡᠶ᠎ᠡ ᠳ᠋ᠤ ᠪᠡᠨ ᠠᠪᠴᠤ᠌ ᠶᠠᠪᠤᠳᠠᠭ᠃ ᠡᠳᠡᠭᠡᠷ ᠢᠷᠠᠭᠤ ᠠᠯᠳᠠᠷ᠎ᠤᠨ ᠲᠡᠮᠳᠡᠭ ᠪᠤᠯ ᠲᠡᠭᠦᠨ᠎ᠲᠠᠢ ᠬᠡᠳᠦᠨ ᠠᠷᠪᠠᠨ ᠵᠢᠯ ᠬᠠᠨᠢᠯᠠᠭᠰᠠᠨ ᠰᠡᠳᠭᠢᠯ᠎ᠦᠨ ᠬᠢᠨᠢ ᠬᠠᠢᠷᠠᠲᠤ ᠪᠣᠳᠠᠰ ᠨᠢ ᠪᠣᠯᠤᠨ᠎ᠠ》ᠭᠡᠵᠦ᠍ ᠶᠠᠷᠢᠵᠤ ᠪᠠᠢᠯ᠎ᠠ᠃ ᠨᠠᠰᠤᠳᠠᠨ ᠢᠷᠠᠭᠤ ᠠᠯᠳᠠᠷ᠎ᠤᠨ ᠬᠦᠷᠢᠶᠡᠯᠡᠩ᠎ᠳᠦ ᠰᠠᠭᠤᠵᠤ ᠪᠠᠢᠬᠤ ᠦᠶᠡᠰ᠂ ᠡᠳᠡᠭᠡᠷ ᠢᠷᠠᠭᠤ ᠠᠯᠳᠠᠷ᠎ᠤᠨ ᠲᠡᠮᠳᠡᠭ᠎ᠢ ᠭᠠᠷ ᠬᠦᠷᠴᠦ᠍ ᠳᠡᠢᠯᠬᠦ᠌ ᠭᠠᠵᠠᠷ᠎ᠲᠤ ᠪᠠᠨ ᠲᠠᠯᠪᠢᠳᠠᠭ ᠪᠠᠢᠯ᠎ᠠ᠃ ᠡᠪᠡᠳᠴᠢᠯᠡᠭᠡᠳ ᠡᠮᠨᠡᠯᠭᠡ᠎ᠳᠦ ᠤᠷᠤᠭ᠍ᠰᠠᠨ ᠴᠤ᠌᠂ ᠲᠡᠷᠡ ᠬᠦ᠌ ᠳᠦᠭᠦᠷᠡᠩ ᠱᠠᠩᠨᠠᠯ᠎ᠤᠨ ᠲᠡᠮᠳᠡᠭ᠂ ᠳᠤᠷᠠᠰᠭᠠᠯ᠎ᠤᠨ ᠲᠡᠮᠳᠡᠭ᠎ᠲᠡᠶ ᠴᠡᠷᠢᠭ᠎ᠦᠨ ᠬᠤᠪᠴᠠᠰᠤ᠎ᠶ᠋ᠢ ᠨᠠᠰᠤᠳᠠᠨ᠎ᠤ ᠡᠪᠡᠳᠴᠢᠲᠡᠨ᠎ᠦ ᠣᠷᠣ᠎ᠶ᠋ᠢᠨ ᠬᠠᠵᠠᠭᠤ᠎ᠳᠤ ᠡᠯᠭᠦᠬᠡᠳ ᠪᠠᠢᠭᠰᠠᠨ᠃ ᠲᠡᠬᠦᠨ᠎ᠢ ᠨᠠᠰᠤᠳᠠᠨ ᠲᠡᠭᠡᠭᠰᠢ ᠬᠠᠷᠠᠮᠠᠭᠴᠠ ᠣᠯᠵᠤ ᠬᠠᠷᠠᠳᠠᠭ᠃ ᠡᠳᠦᠭᠡ᠂ ᠨᠠᠰᠤᠳᠠᠨ ᠭᠤᠸᠠᠢ ᠡᠳᠡᠭᠡᠷ 《ᠡᠷᠳᠡᠨᠢ》 ᠪᠡᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭᠰᠠᠨ ᠳᠤᠷᠠᠰᠭᠠᠯ᠎ᠤᠨ ᠣᠷᠳᠣᠨ᠎ᠳᠤ ᠬᠠᠨᠳᠢᠪᠯᠠᠵᠤ᠂ ᠬᠠᠮᠤᠭ᠎ᠤᠨ ᠶᠡᠬᠡ ᠬᠦᠰᠡᠯ ᠡᠷᠡᠮᠡᠯᠵᠡᠯ᠎ᠢᠶᠡᠨ ᠪᠡᠶᠡᠯᠡᠭᠦᠯᠪᠡ᠃ ᠬᠡᠤᠬᠡᠳ᠎ᠤᠳ ᠨᠢ《ᠰᠦᠨ ᠵᠢᠩ ᠺᠦᠨ᠎ᠤ ᠬᠡᠦᠬᠡᠳ ᠪᠣᠯᠤᠭ᠍ᠰᠠᠨ᠎ᠳᠤ ᠪᠠᠨ ᠪᠢᠳᠡ ᠬᠢᠵᠠᠭᠠᠯᠠᠰᠢ ᠦᠭᠡᠢ ᠣᠮᠣᠭ᠍ᠰᠢᠳᠠᠭ᠃ ᠪᠢᠳᠡ ᠯᠠᠪᠲᠠᠢ ᠠᠪᠤ ᠪᠡᠷ᠎ᠢᠶᠡᠨ ᠳᠠᠭᠤᠷᠢᠶᠠᠯ ᠪᠣᠯᠭᠠᠵᠤ᠂ ᠨᠣᠮᠣᠬᠠᠨ ᠱᠢᠳᠤᠷᠭᠤ ᠶᠠᠪᠤᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠨᠡ ᠬᠦ᠌ ᠡᠷᠭᠢᠮ ᠲᠡᠭᠡᠳᠦ ᠵᠣᠷᠢᠭ ᠰᠠᠨᠠᠭ᠎ᠠ ᠵᠢ ᠨᠢ ᠡᠭᠦᠷᠢᠳᠡ ᠤᠯᠠᠮᠵᠢᠯᠠᠨ ᠵᠠᠯᠭᠠᠮᠵᠢᠯᠠᠨ᠎ᠠ》 ᠭᠡᠵᠦ ᠪᠠᠢᠯ᠎ᠠ᠃  

        (ᠠᠷᠠᠳ᠎ᠤᠨ ᠰᠦᠯᠵᠢᠶ᠎ᠠ ᠡᠴᠡ ᠨᠠᠢᠷᠠᠭᠤᠯᠤᠨ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号