ᠲᠦᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ
2022-01-21 03:38:59
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

■ ᠨᠠᠮ᠎ᠤᠨ ᠦᠨᠳᠦᠰᠦᠲᠡᠨ᠎ᠦ ᠠᠵᠢᠯ᠎ᠤᠨ ᠱᠢᠨ᠎ᠡ᠎ᠶ᠋ᠢ ᠡᠭᠦᠳᠦᠨ ᠬᠦᠭ᠌ᠵᠢᠭᠦᠯᠬᠦ᠌ ᠪᠣᠯ ᠵᠥᠪ ᠣᠨᠣᠪᠴᠢᠲᠠᠢ ᠵᠢ ᠨᠢ ᠪᠠᠷᠢᠮᠳᠠᠯᠠᠵᠤ᠂ ᠴᠠᠭ ᠡᠴᠡ ᠬᠣᠴᠣᠷᠤᠭ᠍ᠰᠠᠨ᠎ᠳᠦᠨᠢ ᠲᠤᠬᠢᠷᠠᠭᠤᠯᠤᠯᠳᠠ ᠬᠢᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠨᠡᠩ ᠰᠠᠢᠲᠤᠷ ᠪᠠᠲᠤᠯᠠᠬᠤ ᠶᠠᠪᠤᠳᠠᠯ ᠪᠣᠯᠤᠨ᠎ᠠ᠃

■ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠨᠡᠢᠲᠡᠯᠢᠭ ᠴᠢᠨᠠᠷ᠎ᠢ ᠨᠡᠮᠡᠭ᠌ᠳᠡᠭᠦᠯᠦᠨ᠂ ᠵᠥᠷᠢᠶᠡᠲᠦ ᠴᠢᠨᠠᠷ᠎ᠢ ᠬᠦᠨᠳᠦᠳᠭᠡᠨ ᠪᠠᠭ᠍ᠲᠠᠭᠠᠬᠤ ᠪᠣᠯ ᠦᠨᠳᠦᠰᠦᠲᠡᠨ᠎ᠦ ᠠᠵᠢᠯ᠎ᠤᠨ ᠴᠢᠬᠤᠯᠠ ᠵᠠᠷᠴᠢᠮ ᠮᠥᠨ᠃

■ ᠳᠤᠮᠳᠠᠳᠤ᠎ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ᠎ᠵᠢᠨ ᠤᠬᠠᠮᠰᠠᠷ ᠪᠠ ᠡᠯ᠎ᠡ ᠦᠨᠳᠦᠰᠦᠲᠡᠨ᠎ᠦ ᠤᠬᠠᠮᠰᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠦᠨᠳᠦᠰᠦᠲᠡᠨ ᠨᠦ᠍ᠭᠦᠳ ᠳᠤᠮᠳᠠᠳᠤ᠎ᠵᠢᠨ ᠦᠨᠳᠦᠰᠦᠲᠡᠨ᠎ᠦ ᠠᠱᠢᠭ ᠲᠤᠰᠠ᠎ᠶ᠋ᠢ ᠢᠮᠠᠭ᠍ᠲᠠ ᠲᠡᠷᠢᠭᠦᠨ ᠪᠠᠢᠷᠢᠨ ᠎ᠳᠤ ᠲᠠᠯᠪᠢᠬᠤ ᠵᠢ ᠬᠦᠳᠦᠯᠦᠨ ᠲᠠᠭᠠᠭᠤᠯᠵᠤ᠂ ᠲᠤᠰ ᠦᠨᠳᠦᠰᠦᠲᠡᠨ᠎ᠦ ᠤᠬᠠᠮᠰᠠᠷ ᠨᠢ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ᠎ᠵᠢᠨ ᠤᠬᠠᠮᠰᠠᠷ᠎ᠢ ᠳᠠᠭᠠᠬᠤ ᠪᠠ ᠲᠡᠭᠦᠨ᠎ᠳᠦ ᠦᠢᠯᠡᠴᠢᠯᠡᠬᠦ᠌᠎ᠵᠢᠨ ᠬᠠᠮᠲᠤ ᠳᠤᠮᠳᠠᠳᠤ᠎ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ᠎ᠵᠢᠨ ᠪᠦᠬᠦᠢ᠌ᠯᠡ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠠᠬᠢᠴᠠ ᠳᠤᠮᠳᠠ ᠡᠯ᠎ᠡ ᠦᠨᠳᠦᠰᠦᠲᠡᠨ᠎ᠦ ᠪᠣᠳᠠᠲᠠᠢ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ ᠬᠡᠷᠡᠭᠲᠠᠢ᠃

■ᠳᠤᠮᠳᠠᠳᠤ᠎ᠵᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠦᠨ ᠰᠣᠶᠣᠯ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ ᠬᠡᠷᠡᠭᠳᠡᠢ᠃ ᠦᠨᠳᠦᠰᠦᠲᠡᠨ᠎ᠨᠦᠭᠦᠳ᠎ᠦᠨ ᠱᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠵᠢᠨ ᠰᠣᠶᠣᠯ᠎ᠤᠨ ᠪᠦᠷᠢᠯᠳᠦᠬᠦᠨ ᠬᠡᠰᠡᠭ ᠮᠥᠨ᠂ ᠳᠤᠮᠳᠠᠳᠤ᠎ᠵᠢᠨ ᠰᠣᠶᠣᠯ ᠪᠣᠯ ᠭᠣᠣᠯ ᠡᠰᠢ ᠮᠥᠨ᠂ ᠦᠨᠳᠦᠰᠦᠲᠡᠨ ᠨᠤᠭᠦᠳ᠎ᠦᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠡᠰᠢ ᠨᠢ ᠪᠦᠳᠦᠭᠦᠨ ᠪᠠᠢ᠌ᠪᠠᠯ ᠰᠠᠶᠢ ᠰᠠᠯᠠᠭ᠎ᠠ ᠨᠠᠮᠠᠭ᠎ᠠ ᠨᠢ ᠢᠭ᠍ᠴᠤ ᠰᠠᠬᠤᠯᠢᠭ ᠤᠷᠭᠤᠵᠤ ᠴᠢᠳᠠᠨ᠎ᠠ᠃

■ᠪᠣᠳᠠᠰ ᠪᠣᠯᠤᠨ ᠤᠶᠤᠨ ᠰᠠᠨᠠᠭᠠᠨ᠎ᠤ  ᠬᠠᠷᠢᠴᠠᠭ᠎ᠠ᠎ᠶ᠋ᠢ  ᠵᠥᠪ ᠡᠵᠡᠮᠳᠡᠵᠦ᠍᠂ ᠪᠤᠢ ᠪᠦᠬᠦᠢ ᠥᠭᠡᠷᠡᠴᠢᠯᠡᠯᠲᠡ ᠬᠥᠭ᠌ᠵᠢᠬᠦᠯᠦᠯᠲᠡ᠎ᠳᠦ ᠳᠤᠮᠳᠠᠳᠤ᠎ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ᠎ᠵᠢᠨ ᠤᠬᠠᠮᠰᠠᠷ᠎ᠢ ᠢᠯᠡᠷᠡᠭᠦᠯᠬᠦ᠌ ᠠᠴᠢ ᠬᠣᠯᠪᠣᠭ᠍ᠳᠠᠯ᠂ ᠨᠢᠭᠡᠳᠦᠯ᠎ᠢ ᠬᠠᠮᠠᠭᠠᠯᠠᠵᠤ᠂ ᠬᠠᠭᠠᠴᠡᠭᠤᠯᠬᠤ᠎ᠶ᠋ᠢ ᠡᠰᠡᠷᠭᠦᠴᠡᠬᠦ᠌ ᠠᠴᠢ ᠬᠣᠯᠪᠣᠭ᠍ᠳᠠᠯ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠵᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ ᠠᠴᠢ ᠬᠣᠯᠪᠣᠭ᠍ᠳᠠᠯ ᠎ᠢ ᠢᠯᠡᠷᠡᠬᠦᠯᠵᠦ᠂ ᠳᠤᠮᠳᠠᠳᠤ᠎ᠵᠢᠨ ᠦᠨᠳᠦᠰᠦᠲᠡᠨ᠎ᠦ  ᠬᠠᠮᠲᠤ ᠵᠢᠨ ᠴᠣᠭ᠍ᠴᠠ᠎ᠶ᠋ᠢ ᠡᠪᠳᠡᠷᠡᠰᠢ ᠦᠭᠡᠢ ᠪᠠᠳᠤ ᠪᠡᠬᠢ  ᠴᠤᠭᠴᠠᠯᠠᠬᠤ  ᠬᠡᠷᠡᠭ᠌ᠳᠠᠢ᠃

 —  ᠶᠡᠷᠦᠩᠬᠡᠢ ᠱᠦᠵᠢ ᠰᠢ ᠵᠢᠨ ᠫᠢᠩ᠎ᠤᠨ ᠲᠦᠪ᠎ᠤᠨ ᠦᠨᠳᠦᠰᠦᠲᠡᠨ᠎ᠤ ᠠᠵᠢᠯ ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠡᠴᠡ ᠬᠡᠰᠡᠭᠯᠡᠪᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号