ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠠᠢ᠌ᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ᠋ ᠡᠷᠬᠢᠮ ᠳᠡᠭᠡᠳᠦ ᠢᠷᠠᠭᠤ ᠠᠯᠳᠠᠷᠲᠠᠶ ᠶᠤᠮ᠃ ᠣᠷᠳᠣ ᠬᠤᠭᠤᠴᠠᠭᠠᠨ᠎ᠤ ᠲᠤᠷᠰᠢ᠂ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠲᠤᠶᠠᠭᠠᠯᠠᠯ ᠳᠤᠤᠷ᠎ᠠ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠡᠳᠭᠢᠯ ᠰᠠᠨᠠᠭ᠎ᠠ᠎ᠪᠠᠨ ᠨᠢᠭᠡᠳᠭᠡᠨ ᠬᠤᠪᠢ ᠵᠠᠶᠠᠭ᠎ᠠ ᠪᠠᠨ ᠬᠠᠮᠲᠤᠳᠭᠠᠵᠤ᠂ ᠡᠶ᠎ᠡ ᠨᠠᠢᠷᠲᠠᠶ᠎ᠪᠠᠷ ᠬᠠᠮᠲᠤ ᠣᠷᠣᠱᠢᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠨᠢᠭᠡᠳᠴᠦ᠍ ᠬᠥᠭ᠌ᠵᠢᠯᠲᠡ᠎ᠶ᠋ᠢ ᠡᠷᠢᠯᠬᠢᠯᠡᠨ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠥᠲᠥᠭᠡᠨ ᠪᠠᠢᠭᠤᠯᠤᠯᠲᠠ ᠬᠢᠵᠦ᠍᠂ ᠬᠥᠮᠦᠰ᠎ᠦᠨ ᠠᠩᠬᠠᠷᠤᠯ᠎ᠢ ᠲᠠᠲᠠᠭ᠍ᠰᠠᠨ ᠬᠡᠷᠡᠯ ᠰᠠᠴᠤᠷᠠᠩᠭᠤᠶ ᠠᠮᠵᠢᠯᠲᠠ᠎ᠶ᠋ᠢ ᠡᠭᠦᠳᠪᠡ᠃
ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠰᠠᠢᠲᠤᠷ ᠣᠢᠯᠠᠭᠠᠬᠤ ᠪᠣᠯ ᠱᠢᠨ᠎ᠡ ᠴᠠᠭ ᠦᠶ᠎ᠡ᠎ᠶ᠋ᠢᠨ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠤᠷᠢᠲᠠᠯ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠳᠤ ᠠᠵᠢᠯᠯᠠᠵᠤ ᠪᠠᠢᠭ᠎ᠠ ᠨᠠᠮ᠎ᠤᠨ ᠭᠡᠱᠢᠭᠦᠨ ᠤᠳᠤᠷᠢᠳᠭᠤ ᠺᠠᠳ᠋ᠷ ᠨᠢᠭᠡ ᠪᠦᠷᠢ᠎ᠶ᠋ᠢᠨ ᠡᠷᠬᠡᠪᠰᠢ ᠪᠦᠷᠢᠯᠳᠦᠭᠦᠯᠬᠦ᠌ ᠦᠨᠳᠦᠰᠦᠨ ᠴᠢᠳᠠᠪᠦᠷᠢ ᠪᠤᠯᠤᠨ᠎ᠠ᠃ ᠦᠨᠳᠦᠰᠦᠲᠡᠨ᠎ᠦ ᠠᠵᠢᠯ ᠪᠣᠯ ᠤᠯᠤᠰ ᠲᠦᠷᠦ᠍ ᠵᠢᠨ ᠴᠢᠨᠠᠷ᠂ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷ᠎ᠢᠶᠠᠷ ᠮᠠᠰᠢ ᠴᠢᠩᠭ᠎ᠠ ᠠᠵᠢᠯ ᠮᠥᠨ᠂ ᠪᠢᠳᠡ ᠭᠠᠭ᠍ᠴᠠ ᠬᠦ᠌ ᠲᠡᠦᠬᠡ ᠪᠠ ᠪᠣᠳᠠᠲᠤ ᠪᠠᠢᠳᠠᠯ᠎ᠢ ᠨᠡᠪᠳᠡ ᠤᠢ᠍ᠢᠯᠠᠭᠠᠵᠤ᠂ ᠤᠨᠤᠯ ᠪᠠ ᠦᠢᠯᠡᠳᠦᠯᠭᠡ᠎ᠶ᠋ᠢ ᠤᠶᠠᠯᠳᠤᠭᠤᠯᠬᠤ ᠡᠭᠦᠳᠡᠨ᠎ᠡᠴᠡ ᠡᠨᠡ ᠬᠦ᠌ ᠴᠢᠬᠤᠯᠠ ᠦᠵᠡᠯ ᠰᠠᠨᠠᠭᠠᠨ᠎ᠤ ᠤᠨᠤᠯ᠎ᠤᠨ ᠬᠤᠪᠢ ᠨᠡᠮᠡᠷᠢ᠂ ᠴᠠᠭ ᠦᠶ᠎ᠡ᠎ᠶ᠋ᠢᠨ ᠠᠴᠢ ᠬᠣᠯᠪᠣᠭ᠍ᠳᠠᠯ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠲᠠᠨᠢᠨ ᠡᠵᠡᠮᠱᠢᠵᠦ᠍᠂ ᠦᠵᠡᠯ ᠰᠠᠨᠠᠭᠠᠨ᠎ᠤ ᠲᠠᠯ᠎ᠠ᠎ᠪᠠᠷ ᠬᠢ《ᠶᠡᠷᠦᠩᠬᠡᠢ ᠨᠡᠭᠡᠭᠡᠯᠭᠡ》᠎ᠪᠡᠨ ᠴᠢᠩᠭᠠᠳᠭᠠᠪᠡᠯ ᠰᠠᠶᠢ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠂ ᠦᠢᠯᠡᠳᠦᠯᠭᠡ᠎ᠪᠡᠨ ᠵᠢᠯᠤᠭᠤᠳᠤᠭᠤᠯᠬᠤ᠂ ᠠᠵᠢᠯ᠎ᠢᠶᠠᠨ ᠠᠬᠢᠭᠤᠯᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠡᠷᠡᠰ ᠪᠠᠲᠤ ᠴᠢᠨᠠᠷ᠎ᠢᠶᠠᠨ ᠦᠨᠡᠨ ᠬᠦ᠌ ᠴᠢᠩᠭᠠᠳᠭᠠᠵᠤ ᠴᠢᠳᠠᠨ᠎ᠠ᠃
ᠱᠢᠨ᠎ᠡ ᠴᠠᠭ ᠦᠶ᠎ᠡ᠎ᠶ᠋ᠢᠨ ᠮᠠᠨ᠎ᠤ ᠣᠷᠣᠨ᠎ᠤ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠬᠠᠮᠤᠭ᠎ᠤᠨ ᠴᠢᠬᠤᠯᠠ ᠬᠠᠮᠤᠭ᠎ᠤᠨ ᠦᠨᠳᠦᠰᠦᠨ ᠵᠦᠢᠯ ᠪᠣᠯ ᠳᠠᠷᠤᠢ ᠳᠤᠮᠳᠠᠳᠤ ᠤᠯᠤᠰ᠎ᠤᠨ ᠣᠨᠴᠠᠯᠢᠭ᠎ᠲᠠᠶ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠭᠤᠢᠪᠢᠰᠢ ᠦᠭᠡᠢ ᠰᠠᠢᠲᠤᠷ ᠵᠠᠮᠨᠠᠬᠤ ᠶᠠᠪᠤᠳᠠᠯ ᠪᠣᠯᠤᠨ᠎ᠠ᠃ ᠳᠤᠮᠳᠠᠳᠤ ᠤᠯᠤᠰ᠎ᠤᠨ ᠣᠨᠴᠠᠯᠢᠭ ᠲᠠᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ ᠪᠣᠯ ᠲᠡᠦᠬᠡ᠎ᠶ᠋ᠢ ᠬᠦᠨᠳᠦᠳᠭᠡᠭ᠌ᠰᠡᠨ᠂ ᠤᠯᠤᠰ ᠤᠨ ᠪᠠᠢᠳᠠᠯ᠎ᠳᠤ ᠨᠡᠢᠴᠡᠭ᠌ᠰᠡᠨ᠂ ᠬᠥᠮᠦᠰ᠎ᠦᠨ ᠰᠡᠳᠭᠢᠯ᠎ᠳᠦ ᠨᠡᠢᠴᠡᠭ᠌ᠰᠡᠨ ᠵᠥᠪ ᠰᠣᠩᠭᠣᠯᠲᠠ ᠮᠥᠨ᠂ ᠬᠡᠳᠦᠨ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠮᠠᠨ᠎ᠤ ᠤᠯᠤᠰ᠎ᠤᠨ ᠦᠨᠳᠦᠰᠦᠲᠡᠨ᠎ᠦ ᠠᠰᠠᠭᠤᠳᠠᠯ ᠢ ᠱᠢᠢᠳᠪᠦᠷᠢᠯᠡᠬᠦ᠌ ᠦᠢᠯᠡᠳᠦᠯᠭᠡ᠎ᠶ᠋ᠢᠨ ᠳᠤᠮᠳᠠ ᠬᠠᠢᠨ ᠰᠦᠪᠡᠭ᠌ᠴᠢᠯᠡᠵᠦ᠍ ᠣᠯᠤᠭ᠍ᠰᠠᠨ ᠠᠭᠤᠤ ᠶᠡᠬᠡ ᠦᠷ᠎ᠡ ᠪᠦᠲᠦᠭᠡᠯ ᠮᠥᠨ᠂ ᠯᠤᠲᠤ ᠶᠡᠬᠡ ᠳᠠᠪᠠᠭᠤᠯᠢᠭ ᠴᠢᠨᠠᠷ ᠪᠠ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠲᠡᠶ ᠶᠤᠮ ᠭᠡᠳᠡᠭ᠎ᠢ ᠲᠡᠦᠬᠡ ᠪᠠ ᠪᠣᠳᠠᠲᠤ ᠪᠠᠢᠳᠠᠯ ᠪᠢᠳᠡᠨ᠎ᠳᠦ ᠬᠠᠷᠠᠭᠤᠯᠤᠭ᠍ᠰᠠᠨ ᠪᠠᠢᠨ᠎ᠠ᠃ ᠡᠨᠡ ᠬᠦ᠌ ᠵᠥᠪ ᠵᠠᠮ᠎ᠢᠶᠠᠷ ᠭᠤᠢᠪᠢᠰᠢ ᠦᠭᠡᠢ ᠡᠷᠡᠮᠡᠬᠡᠢ᠌ᠯᠡᠨ ᠤᠷᠤᠭ᠍ᠰᠢᠯᠠᠵᠤ᠂ ᠨᠠᠮ᠎ᠤᠨ ᠦᠨᠳᠦᠰᠦᠲᠡᠨ᠎ᠦ ᠤᠨᠤᠯ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠲᠤᠭᠤᠱᠢᠯᠠᠭᠤᠯᠪᠠᠯ᠂ ᠪᠢᠳᠡ ᠯᠠᠪᠲᠠᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠶᠤᠨ ᠤᠬᠠᠭᠠᠨ ᠪᠠ ᠬᠦᠴᠦᠨ ᠴᠢᠳᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠨᠢᠭ᠍ᠲᠠᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠡᠭᠦᠷᠢᠳᠡ ᠪᠠᠳᠠᠷᠠᠭᠤᠯᠤᠨ ᠲᠡᠯᠭᠡᠷᠡᠭᠦᠯᠵᠦ᠍᠂ ᠬᠢᠯᠢ ᠬᠢᠵᠠᠭᠠᠷ᠎ᠤᠨ ᠠᠮᠤᠷ ᠲᠤᠭ᠍ᠲᠠᠭᠤᠨᠢᠡᠭᠦᠷᠢᠳᠡ ᠪᠠᠲᠤᠯᠠᠵᠤ ᠴᠢᠳᠠᠨ᠎ᠠ᠃
《ᠳᠤᠮᠳᠠᠳᠤ᠎ᠶ᠋ᠢᠨ ᠦᠨᠳᠦᠰᠦᠲᠡᠨ ᠪᠣᠯ ᠨᠢᠭᠡᠨ ᠲᠤᠢᠯ᠎ᠤᠨ ᠨᠠᠷᠢᠨ ᠪᠤᠳᠤᠯᠢᠶᠠᠨᠲᠠᠢ ᠪᠥᠭᠡᠳ ᠲᠤᠢᠯ᠎ᠤᠨ ᠪᠠᠲᠤ ᠪᠡᠬᠢ ᠦᠨᠳᠦᠰᠦᠲᠡᠨ ᠮᠥᠨ; ᠡᠨᠡ ᠬᠦ᠌ ᠪᠤᠳᠤᠯᠢᠶᠠᠨᠲᠠᠢ ᠪᠡᠬᠢᠵᠢᠭ᠌ᠰᠡᠨ ᠦᠨᠳᠦᠰᠦᠲᠡᠨ ᠪᠣᠯ ᠲᠤᠢᠯ᠎ᠤᠨ ᠶᠡᠬᠡ ᠦᠷᠡᠭ᠌ᠳᠡᠯᠵᠢᠡᠷ ᠲᠠᠮᠵᠢᠨ ᠪᠦᠷᠢᠯᠳᠦᠭ᠌ᠰᠡᠨ ᠶᠤᠮ;ᠡᠨᠡ ᠦᠨᠳᠦᠰᠦᠲᠡᠨ ᠢᠷᠡᠭᠡᠳᠦᠢ᠎ᠳᠦ ᠶᠠᠭᠠᠬᠢᠭ᠍ᠰᠠᠨ ᠴᠤ᠌ ᠲᠤᠷᠤᠢ᠌ᠳᠠᠬᠤ ᠦᠭᠡᠢ ᠮᠥᠷᠲᠡᠭᠡᠨ ᠨᠡᠩ ᠶᠡᠬᠡ ᠬᠦᠭ᠌ᠵᠢᠯᠲᠡ ᠲᠠᠢ ᠪᠤᠯᠬᠤ ᠪᠣᠯᠤᠯᠴᠠᠭ᠎ᠠ ᠲᠠᠶ ᠶᠤᠮ》 ᠭᠡᠵᠦ᠍ ᠯᠢᠶᠠᠩ ᠴᠢ ᠴᠤᠤ 《ᠳᠤᠮᠳᠠᠳᠤ ᠵᠢᠨ ᠲᠡᠦᠬᠡᠨ ᠳ᠋ᠡᠬᠢ ᠦᠨᠳᠦᠰᠦᠲᠡᠨ᠎ᠦ ᠲᠤᠬᠠᠶ ᠰᠤᠳᠤᠯᠤᠯ》 ᠳ᠋ᠠᠭᠠᠨ ᠡᠷᠡᠰ ᠪᠠᠲᠤ ᠶᠠᠷᠢᠭ᠍ᠰᠠᠨ ᠪᠠᠢᠳᠠᠭ᠃ ᠲᠤᠮᠳᠠᠳᠤ ᠤᠯᠤᠰ᠎ᠤᠨ ᠡᠪ ᠬᠠᠮᠳᠤ ᠨᠠᠮ ᠲᠤᠮᠳᠠᠳᠤ ᠵᠢᠨ ᠦᠨᠳᠦᠰᠦᠳᠡᠨ ᠨᠤᠬᠦᠳᠢ ᠪᠦᠯᠬᠦᠮᠳᠡᠬᠦᠯᠦᠨ ᠲᠠᠢᠴᠢᠯᠠᠵᠤ᠂ ᠵᠠᠭᠤᠨ ᠵᠢᠯ ᠬᠦᠰᠡᠯ ᠵᠡᠭᠦᠳᠦ᠍᠎ᠪᠡᠨ ᠬᠥᠭᠡᠭᠡᠴᠡᠯᠳᠦᠵᠦ᠍᠂ ᠵᠠᠭᠤᠨ ᠵᠢᠯ ᠤᠭ ᠰᠠᠨᠠᠭ᠎ᠠ᠎ᠪᠠᠨ ᠬᠤᠪᠢᠷᠠᠭᠤᠯᠬᠤ ᠦᠭᠡᠢ᠂ ᠵᠠᠭᠤᠨ ᠵᠢᠯ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠪᠠ᠃ ᠳᠤᠮᠳᠠᠳᠤ᠎ᠶ᠋ᠢᠨ ᠦᠨᠳᠦᠰᠦᠲᠡᠨ ᠬᠦᠴᠦᠷᠬᠡᠭ᠌ᠵᠢᠨ ᠴᠢᠨᠡᠭᠡᠯᠢᠭᠵᠢᠭᠰᠡᠨ ᠦᠨᠦᠳᠦᠷ᠂ ᠪᠢᠳᠡ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠭᠤᠢᠪᠢᠰᠢ ᠦᠭᠡᠢ ᠰᠠᠢᠲᠤᠷ ᠵᠠᠮᠨᠠᠵᠤ᠂ ᠵᠠᠮ ᠨᠡᠭᠡᠭᠡᠨ ᠤᠷᠤᠭ᠍ᠰᠢᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠪᠠᠯ᠂ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠴᠦ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠬᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠬᠦᠴᠦᠷᠬᠡᠭ ᠶᠡᠬᠡ ᠬᠦᠴᠦᠨ ᠴᠢᠳᠠᠯ᠎ᠢ ᠨᠢᠭ᠍ᠲᠠᠷᠠᠭᠤᠯᠵᠤ᠂ ᠲᠠᠬᠢᠨ ᠱᠢᠨᠡᠭᠡᠷᠡᠯ ᠰᠠᠴᠤᠷᠠᠩᠭᠤᠢ ᠠᠮᠵᠢᠯᠲᠠ᠎ᠶ᠋ᠢ ᠡᠬᠦᠳᠴᠦ ᠴᠢᠳᠠᠬᠤ ᠨᠢ ᠯᠠᠪᠳᠠᠢ ᠶᠤᠮ᠃