ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤᠨ᠎ᠳᠤ ᠡᠢᠮᠦ᠍ ᠨᠢᠭᠡᠨ ᠣᠨᠴᠠᠭᠠᠶ ᠮᠤᠩᠭᠤᠯ ᠬᠡᠷ ᠪᠤᠢ᠂ ᠲᠡᠷᠡ ᠨᠢ ᠨᠠᠮ ᠪᠠ ᠤᠯᠤᠰ᠎ᠠᠴᠠ ᠳᠠᠭᠠᠭᠠᠯᠭᠠᠭ᠍ᠰᠠᠨ ᠬᠤᠪᠢᠰᠭᠠᠯᠲᠤ ᠤᠬᠠᠭᠤᠯᠭ᠎ᠠ ᠬᠦᠮᠦᠵᠢᠯ᠎ᠤᠨ ᠡᠭᠦᠷᠭᠡ᠎ᠶ᠋ᠢ ᠡᠭᠦᠷᠭᠡᠯᠡᠨ᠂ ᠨᠠᠮ ᠵᠠᠰᠠᠭ᠎ᠤᠨ ᠺᠠᠳ᠋ᠷ᠂ ᠦᠨᠳᠦᠰᠦᠨ ᠱᠠᠲᠤᠨ᠎ᠤ ᠨᠠᠮ᠎ᠤᠨ ᠭᠡᠱᠢᠭᠦᠨ᠂ ᠴᠡᠷᠢᠭ ᠴᠠᠭᠳᠠᠭ᠎ᠠ ᠪᠣᠯᠤᠨ ᠬᠢᠯᠢ᠎ᠬᠢᠵᠠᠭᠠᠷ᠎ᠤᠨ ᠥᠷᠭᠡᠨ ᠣᠯᠠᠨ ᠮᠠᠯᠴᠢᠨ ᠲᠠᠷᠢᠶᠠᠴᠢᠨ᠎ᠦ ᠳᠤᠮᠳᠠ ᠬᠥᠭᠥᠷᠭᠡ ᠬᠣᠯᠪᠣᠭᠠᠰᠤ ᠪᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠦᠨ ᠡᠴᠦᠰ᠎ᠦᠨ ᠨᠢᠭᠡ ᠺᠢᠯᠣᠮᠧᠲ᠋ᠷ᠎ᠢ ᠨᠡᠪᠲᠡᠷᠡᠭᠦᠯᠦᠨ᠂ ᠨᠠᠮ᠎ᠤᠨ ᠭᠡᠱᠢᠭᠦᠨ᠎ᠦ ᠭᠣᠣᠯᠳᠠᠯᠭᠠᠲᠤ ᠡᠷᠦᠬᠡ᠂ ᠬᠢᠯᠢ ᠬᠢᠵᠠᠭᠠᠷ᠎ᠤᠨ ᠪᠡᠬᠢᠯᠡᠯᠲᠡ᠎ᠶ᠋ᠢᠨ ᠡᠷᠦᠬᠡ᠂ ᠬᠢᠯᠢ ᠬᠢᠵᠠᠭᠠᠷ᠎ᠤᠨ ᠰᠤᠮᠤ ᠪᠠᠯᠭᠠᠰᠤ᠂ ᠬᠢᠯᠢ ᠵᠢᠨ ᠬᠠᠮᠠᠭᠠᠯᠠᠯᠳᠠ ᠵᠢᠨ ᠲᠣᠮᠢᠯᠠᠭ᠍ᠰᠠᠨ ᠰᠠᠯᠪᠤᠷᠢ᠎ᠲᠠᠶ ᠬᠠᠮᠲᠤ᠎ᠪᠠᠷ ᠦᠨᠳᠦᠰᠦᠲᠡᠨ᠎ᠦ ᠪᠦᠯᠬᠦᠮᠳᠡᠯ᠎ᠦᠨ ᠬᠠᠮᠤᠭ᠎ᠤᠨ ᠬᠦᠴᠦᠷᠬᠡᠭ ᠤᠷᠢᠶ᠎ᠠ ᠵᠢ ᠴᠤᠤᠷᠢᠶᠠᠲᠤᠭᠤᠯᠵᠤ᠂ ᠤᠯᠤᠰ ᠣᠷᠣᠨ᠎ᠤ ᠨᠢᠭᠡᠳᠦᠯ᠎ᠢ ᠬᠠᠮᠠᠭᠠᠯᠠᠬᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ ᠵᠢ ᠠᠬᠢᠭᠤᠯᠬᠤ ᠪᠠᠲᠤ ᠪᠡᠬᠢ ᠦᠵᠡᠯ ᠰᠠᠨᠠᠭᠠᠨ᠎ᠤ ᠤᠷᠲᠤ ᠴᠠᠭᠠᠨ ᠬᠡᠷᠡᠮ᠎ᠢ ᠴᠤᠭᠴᠠᠯᠠᠵᠤ ᠪᠠᠢᠳᠠᠭ᠃ ᠲᠡᠷᠡ ᠪᠤᠯ ᠳᠠᠷᠤᠢ ᠡᠬᠡ ᠤᠯᠤᠰ᠎ᠤᠨ ᠤᠮᠠᠷᠠᠲᠤ ᠬᠢᠯᠢ ᠳ᠋ᠡᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠠᠷᠬᠠᠨ ᠦᠯᠦᠭᠡᠢ ᠪᠤᠯᠤᠭᠰᠠᠨ ᠬᠤᠪᠢᠰᠬᠠᠯᠲᠤ ᠤᠬᠠᠭᠤᠯᠭ᠎ᠠ ᠬᠦᠮᠦᠵᠢᠯ᠎ᠤᠨ ᠮᠤᠩᠭᠤᠯ ᠭᠡᠷ ᠪᠤᠯᠤᠨ᠎ᠠ᠃

ᠪᠤᠭᠤᠲᠤ ᠬᠤᠲᠠ ᠵᠢᠨ ᠳᠠᠷᠬᠠᠨ ᠮᠤᠤᠮᠢᠡᠭᠭᠠᠨ ᠬᠤᠯᠪᠤᠭᠠᠲᠤ ᠬᠤᠰᠢᠭᠤ ᠪᠤᠯ ᠮᠠᠨ᠎ᠤ ᠤᠷᠤᠨ᠎ᠤ ᠬᠢᠯᠢ ᠬᠢᠵᠠᠭᠠᠷ᠎ᠤᠨ ᠬᠤᠲᠠ ᠬᠤᠰᠢᠭᠤ ᠵᠢᠨ ᠨᠢᠭᠡ ᠪᠠᠢᠵᠤ᠂ 88.6 ᠺᠢᠯᠤᠮᠧᠲᠷ᠎ᠤᠨ ᠬᠢᠯᠢ ᠵᠢᠨ ᠱᠤᠭᠤᠮ ᠲᠠᠢ᠃ ᠨᠠᠮ ᠪᠠ ᠤᠯᠤᠰ᠎ᠤᠨ ᠲᠦᠷᠦ ᠵᠢᠨ ᠪᠤᠳᠤᠯᠭ᠎ᠠ ᠵᠢ ᠴᠠᠭ ᠲᠤᠬᠠᠢ ᠳ᠋ᠤᠨᠢ ᠬᠢᠯᠢ ᠬᠢᠵᠠᠭᠠᠷ ᠤᠷᠤᠨ᠎ᠤ ᠮᠠᠯᠴᠢᠨ ᠲᠠᠷᠢᠶᠠᠴᠢᠨ ᠳ᠋ᠤ ᠳᠠᠮᠵᠢᠭᠤᠯᠤᠨ ᠤᠬᠠᠭᠤᠯᠬᠤ ᠵᠢᠨ ᠲᠦᠯᠦᠭᠡ᠂ ᠬᠤᠰᠢᠭᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ ᠨᠠᠮ᠎ᠤᠨ ᠭᠡᠰᠢᠭᠦᠨ᠎ᠤ ᠭᠤᠤᠯᠳᠠᠯᠭᠠᠲᠤ ᠡᠷᠦᠬᠡ ᠵᠢᠨ ᠠᠵᠢᠯ᠎ᠤᠨ ᠲᠤᠭᠲᠠᠴᠠ ᠵᠢ ᠰᠦᠪᠡᠭᠴᠢᠯᠡᠨ ᠬᠡᠷᠡᠭᠵᠢᠭᠦᠯᠵᠦ᠂ ᠬᠤᠰᠢᠭᠤᠨ ᠳᠡᠰ᠎ᠤᠨ《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠭᠠᠴᠠᠭ᠎ᠠ》᠎ᠳ᠋ᠤ ᠨᠠᠮ᠎ᠤᠨ ᠭᠡᠰᠢᠭᠦᠨ᠎ᠤ ᠰᠤᠯᠢᠯᠴᠠᠭ᠎ᠠ ᠦᠷᠨᠢᠭᠦᠯᠬᠦ᠂ ᠠᠷᠠᠳᠴᠢᠯᠠᠯ ᠵᠢᠡᠷ ᠰᠢᠢᠳᠪᠦᠷᠢᠲᠦ ᠪᠤᠳᠤᠯᠭ᠎ᠠ ᠲᠤᠭᠲᠠᠭᠠᠬᠤ᠂ ᠺᠠᠳ᠋ᠷ ᠤᠯᠠᠨ ᠲᠦᠮᠡᠨ᠎ᠤ ᠬᠠᠷᠢᠯᠴᠠᠨ ᠨᠡᠪᠲᠡᠷᠡᠯᠴᠡᠬᠦ ᠲᠠᠪᠴᠠᠩ᠎ᠢ ᠪᠠᠢᠭᠤᠯᠬᠤ ᠵᠢ ᠢᠳᠡᠪᠬᠢᠲᠡᠢ ᠰᠦᠪᠡᠭᠴᠢᠯᠡᠭᠰᠡᠨ ᠪᠠᠢᠨ᠎ᠠ᠃
ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠠᠵᠢᠯᠲᠠᠨ ᠮᠤᠯᠤᠷ᠎ᠤᠨ ᠲᠠᠨᠢᠯᠴᠠᠭᠤᠯᠤᠭᠰᠠᠨ ᠵᠢᠡᠷ᠂ 2016 ᠣᠨ᠎ᠳᠤ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠣᠲᠠ᠎ᠶ᠋ᠢᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠳᠡᠮᠵᠢᠯᠭᠡ ᠪᠠ ᠬᠠᠪᠰᠤᠷᠤᠯᠭ᠎ᠠ ᠪᠡᠷ᠂ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ 90 ᠲᠦᠮᠡᠨ ᠲᠥᠭᠥᠷᠢᠭ᠎ᠦᠨ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠬᠦᠯᠦᠯᠳᠡᠶ᠋ᠢᠨ ᠪᠠᠯᠠ ᠮᠥᠩᠭᠥ᠌ ᠣᠷᠣᠭᠤᠯᠵᠤ᠂ ᠮᠠᠨᠳᠤᠯ᠎ᠠ ᠪᠠᠯᠭᠠᠰᠤ᠂ ᠪᠠᠶᠠᠨᠬᠤᠸᠠ ᠪᠠᠯᠭᠠᠰᠤ᠂ ᠴᠠᠭᠠᠨᠬᠠᠳᠠ ᠰᠤᠮᠤ᠂ ᠪᠠᠶᠠᠬᠣᠪᠣᠭᠠ ᠰᠤᠮᠤ ᠵᠡᠷᠭᠡ 7 ᠰᠤᠮᠤ ᠱᠢᠶᠠᠩ ᠪᠠᠯᠭᠠᠰᠤᠨ ᠡᠴᠡ ᠵᠢᠱ᠌ᠢᠶ᠎ᠡ ᠦᠵᠡᠭᠦᠯᠦᠨ ᠳᠠᠢᠴᠢᠯᠠᠬᠤ ᠦᠢᠯᠡᠳᠦᠯ ᠪᠥᠬᠥᠶ ᠨᠠᠮ᠎ᠤᠨ ᠭᠡᠱᠢᠭᠦᠨ᠎ᠤ ᠭᠤᠤᠯᠳᠠᠯᠭᠠᠲᠦ ᠡᠷᠦᠬᠡ᠎ᠶ᠋ᠢ ᠰᠣᠩᠭᠣᠵᠤ᠂ ᠨᠠᠮ᠎ᠤᠨ ᠪᠠᠢᠭᠤᠯᠤᠯᠲᠠ ᠪᠠ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠥᠮᠦᠵᠢᠯ᠎ᠦᠨ ᠰᠠᠭᠤᠷᠢᠨ ᠪᠤᠯᠤᠭᠰᠠᠨ 30 ᠬᠤᠪᠢᠰᠭᠠᠯᠲᠤ ᠤᠬᠠᠭᠤᠯᠭ᠎ᠠ ᠬᠦᠮᠦᠵᠢᠯ᠎ᠤᠨ ᠮᠣᠩᠭᠣᠯ ᠬᠡᠷ᠎ᠢ ᠪᠠᠢᠭᠤᠯᠵᠤ᠂ ᠮᠠᠯᠴᠢᠨ ᠲᠠᠷᠢᠶᠠᠴᠢᠨ ᠳ᠋ᠤ ᠨᠠᠮ᠎ᠤᠨ ᠳᠦᠷᠢᠮ ᠳᠤᠭᠲᠠᠭᠠᠯ ᠪᠠ ᠠᠯᠢ ᠤᠯᠠᠨ ᠲᠦᠷᠦ ᠵᠢᠨ ᠪᠤᠳᠤᠯᠭ᠎ᠠ ᠵᠢ ᠤᠬᠠᠭᠤᠯᠤᠨ ᠲᠠᠢᠯᠪᠤᠷᠢᠯᠠᠭᠰᠠᠨ ᠪᠠᠢᠨ᠎ᠠ᠃ ᠬᠢᠯᠢ ᠬᠢᠵᠠᠭᠠᠷ᠎ᠤᠨ ᠦᠨᠳᠦᠰᠦᠲᠡᠨ ᠨᠤᠬᠦᠳ᠎ᠦᠨ ᠣᠯᠠᠨ ᠲᠦᠮᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ᠎ᠶ᠋ᠢ ᠬᠥᠲᠥᠯᠥᠨ ᠵᠢᠯᠤᠭᠤᠳᠴᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠤᠢ᠍ᠬᠦᠵᠦ᠍ ᠰᠡᠭᠡᠬᠦ᠌᠎ᠪᠡᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠳᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠵᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠤᠢ ᠪᠤᠯᠭᠠᠬᠤ ᠵᠢᠨ ᠲᠦᠯᠦᠭᠡ᠂ 2021 ᠣᠨ ᠳ᠋ᠤ ᠲᠤᠰ ᠬᠣᠱᠢᠭᠤ ᠪᠠᠰᠠ 50 ᠲᠦᠮᠡᠨ ᠲᠥᠭᠥᠷᠢᠭ᠎ᠦᠨ ᠪᠡᠯᠡ ᠤᠷᠤᠭᠤᠯᠤᠨ᠂ ᠪᠠᠶᠠᠬᠣᠪᠣᠭᠠ ᠰᠤᠮᠤ᠂ ᠪᠠᠶᠠᠨᠬᠤᠸᠠ ᠪᠠᠯᠭᠠᠰᠤ᠂ ᠮᠠᠨᠳᠤᠯ᠎ᠠ ᠪᠠᠯᠭᠠᠰᠤ᠂ ᠳᠠᠷᠬᠠᠨ ᠰᠤᠮᠤ ᠵᠢᠴᠢ ᠴᠠᠭᠠᠨᠬᠠᠳᠠ ᠬᠢᠯᠢ᠎ᠶ᠋ᠢᠨ ᠬᠠᠮᠠᠭᠠᠯᠠᠯᠳᠠ ᠵᠢᠨ ᠲᠣᠮᠢᠯᠠᠭ᠍ᠰᠠᠨ ᠰᠠᠯᠪᠤᠷᠢ ᠵᠡᠷᠭᠡ ᠳ᠋ᠤ 5 ᠬᠤᠪᠢᠰᠬᠠᠯᠲᠤ ᠤᠬᠠᠭᠤᠯᠭ᠎ᠠ ᠬᠦᠮᠦᠵᠢᠯ᠎ᠤᠨ ᠮᠤᠩᠭᠤᠯ ᠭᠡᠷ᠎ᠢ ᠪᠠᠢᠭᠤᠯᠤᠭᠰᠠᠨ ᠪᠦᠭᠡᠳ ᠠᠯᠤᠰ ᠰᠤᠷᠭᠠᠨ ᠬᠥᠮᠦᠵᠢᠯ᠎ᠦᠨ ᠲᠥᠬᠥᠭᠡᠷᠦᠮᠵᠢ᠂ ᠨᠠᠮ᠎ᠤᠨ ᠰᠣᠨᠢᠨ ᠰᠡᠳᠬᠦᠯ᠂ ᠦᠨᠳᠦᠰᠦᠲᠡᠨ᠎ᠦ ᠲᠥᠷᠥ ᠵᠢᠨ ᠪᠣᠳᠣᠯᠭ᠎ᠠ᠎ᠶ᠋ᠢᠨ ᠤᠬᠠᠭᠤᠯᠭ᠎ᠠ ᠵᠢᠨ ᠨᠣᠮ ᠪᠢᠴᠢᠭ ᠵᠡᠷᠭᠡ ᠵᠢ ᠲᠤᠬᠢᠷᠠᠭᠤᠯᠵᠤ᠂ ᠮᠠᠯᠴᠢᠨ ᠲᠠᠷᠢᠶᠠᠴᠢᠨ ᠤ᠋ ᠣᠶᠤᠨ ᠰᠠᠨᠠᠭ᠎ᠠ ᠰᠣᠶᠣᠯ ᠪᠣᠯᠤᠨ ᠮᠡᠳᠡᠭᠡ ᠵᠠᠩᠭᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠦᠲᠦᠮᠵᠢᠲᠡᠢ ᠬᠠᠩᠭᠠᠬᠤ ᠵᠢᠨ ᠬᠠᠮᠲᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠬᠦ᠂ ᠤᠯᠠᠨ ᠲᠦᠮᠡᠨ᠎ᠤ ᠵᠥᠷᠢᠴᠡᠯ ᠢ ᠰᠢᠢᠳᠪᠦᠷᠢᠯᠡᠬᠦ᠂ ᠠᠷᠠᠳ᠎ᠲᠤ ᠳᠥᠭᠥᠮ ᠦᠵᠡᠭᠦᠯᠬᠦ᠌ ᠦᠶ᠋ᠯᠡᠴᠢᠯᠡᠭᠡ ᠬᠠᠩᠭᠠᠬᠤ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠵᠠᠢ᠃ ᠤᠳᠤ ᠪᠤᠯᠬᠤ ᠳ᠋ᠤ᠂ ᠬᠤᠪᠢᠰᠭᠠᠯᠲᠤ ᠤᠬᠠᠭᠤᠯᠭ᠎ᠠ ᠬᠦᠮᠦᠵᠢᠯ᠎ᠤᠨ ᠮᠣᠩᠭᠣᠯ ᠬᠡᠷ ᠨᠢ ᠨᠢᠭᠡᠨᠲᠡ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ᠂ ᠬᠢᠯᠢ᠎ᠶ᠋ᠢᠨ ᠬᠠᠮᠠᠭᠠᠯᠠᠯᠲᠠ᠎ᠶ᠋ᠢᠨ ᠳᠠᠷᠤᠭ᠎ᠠ ᠪᠠᠢᠯᠳᠤᠭ᠍ᠴᠢ ᠪᠣᠯᠤᠨ ᠬᠢᠯᠢ ᠬᠢᠵᠠᠭᠠᠷ᠎ᠤᠨ ᠥᠷᠭᠡᠨ ᠣᠯᠠᠨ ᠮᠠᠯᠴᠢᠨ ᠲᠠᠷᠢᠶᠠᠴᠢᠨ᠎ᠤ ᠳᠤᠮᠳᠠ ᠬᠥᠭᠥᠷᠭᠡ ᠬᠣᠯᠪᠣᠭᠠᠰᠤ ᠪᠣᠯᠵᠣ᠂ ᠬᠢᠯᠢ ᠬᠢᠵᠠᠭᠠᠷ᠎ᠤᠨ ᠦᠨᠳᠦᠰᠦᠲᠡᠨ ᠨᠤᠭᠦᠳ᠎ᠦᠨ ᠣᠯᠠᠨ ᠲᠦᠮᠡᠨ᠎ᠦ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠎ᠶ᠋ᠢ ᠪᠦᠲᠦᠮᠵᠢᠲᠡᠶ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠷᠡᠰ ᠭᠤᠢᠪᠢᠰᠢ ᠥᠬᠡᠶ᠎ᠪᠡᠷ ᠨᠠᠮ᠎ᠤᠨ ᠦᠭᠡ᠎ᠶ᠋ᠢ ᠰᠣᠨᠣᠰᠬᠤ᠂ ᠨᠠᠮ ᠳ᠋ᠠᠭᠠᠨ ᠲᠠᠯᠠᠷᠬᠠᠬᠤ᠂ ᠨᠠᠮ᠎ᠢᠶᠠᠨ ᠳᠠᠭᠠᠬᠤ ᠢᠲᠡᠭᠡᠯ ᠵᠣᠷᠢᠭ᠎ᠢ ᠨᠡᠩ ᠢᠯᠡᠭᠦᠦ ᠴᠢᠩᠭᠠᠷᠠᠭᠤᠯᠬᠤ ᠬᠠᠯᠠᠭᠤᠨ ᠦᠯᠦᠭᠡᠢ ᠪᠤᠯᠤᠭᠰᠠᠨ ᠪᠠᠢᠨ᠎ᠠ᠃

ᠨᠠᠮ᠎ᠤᠨ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ᠎ᠶ᠋ᠢ ᠡᠨᠳᠡ ᠰᠤᠷᠤᠯᠴᠠᠨ ᠤᠬᠠᠭᠤᠯᠤᠨ᠎ᠠ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠬᠤᠷᠠᠯᠳᠤᠭ᠍ᠰᠠᠨᠤ ᠳᠠᠷᠠᠭ᠎ᠠ᠂ ᠪᠠᠶᠠᠬᠣᠪᠣᠭᠠ ᠰᠤᠮᠤ ᠵᠢᠨ ᠬᠢᠨ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠵᠢᠴᠢ ᠮᠠᠯᠴᠢᠨ ᠨᠠᠮ᠎ᠤᠨ ᠭᠡᠱᠢᠭᠦᠳ᠎ᠢ ᠦᠳᠲᠡᠷ ᠲᠦᠷᠭᠡᠨ ᠵᠣᠬᠢᠶᠠᠨ ᠪᠠᠢᠭᠤᠯᠵᠤ ᠪᠠᠶᠠᠨᠪᠤᠯᠠᠭ ᠭᠠᠴᠠᠭᠠᠨ᠎ᠤ ᠬᠤᠪᠢᠰᠬᠠᠯᠲᠤ ᠤᠬᠠᠭᠤᠯᠭ᠎ᠠ ᠬᠦᠮᠦᠵᠢᠯ᠎ᠤᠨ ᠮᠤᠩᠭᠤᠯ ᠭᠡᠷ ᠲᠦ᠍ ᠲᠥᠪᠯᠡᠷᠡᠭᠦᠯᠦᠨ ᠰᠤᠷᠤᠯᠴᠠᠬᠤ ᠬᠤᠷᠠᠯ ᠬᠢᠪᠠ᠃ 71 ᠨᠠᠰᠤᠲᠠᠶ ᠠᠬᠠᠮᠠᠳ ᠨᠠᠮ᠎ᠤᠨ ᠡᠭᠦᠷ᠎ᠦᠨ ᠱᠦᠵᠢ ᠬᠠᠨ ᠪᠦᠦ ᠵᠠᠯᠠᠭᠤ ᠨᠠᠮ᠎ᠤᠨ ᠭᠡᠱᠢᠭᠦᠳ ᠯᠤᠭᠡ ᠣᠯᠤᠯᠲᠠ ᠲᠥᠷᠥᠭ᠌ᠳᠡᠯ ᠢᠶᠡᠨ ᠬᠤᠪᠢᠶᠠᠯᠴᠠᠵᠤ᠂ ᠵᠠᠯᠠᠭᠤ ᠺᠠᠳ᠋ᠷᠴᠤᠳ᠎ᠢ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠶ ᠠᠵᠢᠯ᠎ᠤᠨ ᠳᠤᠮᠳᠠ᠎ᠪᠠᠨ ᠨᠠᠢᠳᠠᠪᠤᠷᠢᠵᠢᠭᠤᠯᠵᠤ᠂ ᠵᠠᠭᠤᠨ ᠵᠢᠯ᠎ᠦᠨ ᠨᠠᠮ᠎ᠤᠨ ᠲᠡᠦᠬᠡ᠎ᠡᠴᠡ ᠴᠥᠬᠥᠷᠡᠰᠢ ᠥᠬᠡᠶ ᠲᠡᠮᠡᠴᠡᠬᠦ᠌ ᠬᠦᠴᠦᠨ ᠴᠢᠳᠠᠯ ᠣᠯᠵᠤ᠂ ᠨᠠᠩ ᠴᠣᠭ ᠪᠠᠳᠠᠷᠠᠩᠭᠤᠶ ᠳᠦᠷᠰᠦ ᠪᠠᠢᠳᠠᠯ᠎ᠢᠶᠠᠷ ᠱᠢᠨ᠎ᠡ ᠠᠶᠠᠨ᠎ᠳᠠᠭᠠᠨ ᠱᠢᠨ᠎ᠡ ᠬᠤᠪᠢ ᠨᠡᠮᠡᠷᠢ ᠦᠵᠡᠭᠦᠯᠬᠦ ᠵᠢ ᠵᠤᠷᠢᠭᠵᠢᠭᠤᠯᠪᠠ᠃ ᠰᠤᠮᠤᠨ᠎ᠤ ᠨᠠᠮ᠎ᠤᠨ ᠭᠡᠱᠢᠭᠦᠨ ᠺᠠᠳ᠋ᠷ ᠱᠢᠨᠡᠰᠣᠶᠣᠯ᠂ ᠨᠠᠮ᠎ᠤᠨ ᠠᠭᠤᠤ ᠶᠡᠬᠡ ᠲᠡᠮᠡᠴᠡᠯ᠎ᠤᠨ ᠳᠤᠮᠳᠠᠬᠢ 《ᠠᠷᠪᠠ᠎ᠶ᠋ᠢ ᠪᠠᠷᠢᠮᠲᠠᠯᠠᠬᠤ》ᠡᠷᠬᠢᠮ ᠨᠠᠨᠳᠢᠨ ᠲᠡᠦᠬᠡᠨ ᠲᠤᠷᠱᠢᠯᠭ᠎ᠠ᠎ᠲᠠᠶ ᠤᠶᠠᠯᠳᠤᠭᠤᠯᠤᠨ ᠦᠯᠢᠭᠡᠷ ᠬᠤᠯᠪᠤᠭ᠎ᠠ ᠨᠠᠢᠷᠠᠭᠤᠯᠤᠨ ᠵᠤᠬᠢᠶᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠢ ᠬᠡᠯᠪᠡᠷᠢ᠎ᠪᠡᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠯ᠎ᠠ᠃
ᠬᠠᠤᠯᠢᠵᠢᠯ᠎ᠤᠨ ᠤᠬᠠᠭᠤᠯᠭ᠎ᠠ ᠬᠦᠮᠦᠵᠢᠯ ᠡᠨᠳᠡ ᠢᠳᠡ ᠬᠦᠭ ᠲᠠᠢ ᠶᠠᠪᠤᠭᠳᠠᠨ᠎ᠠ᠃ ᠨᠢᠳᠤᠨᠤᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ᠎ᠶ᠋ᠢᠨ ᠬᠤᠭᠤᠴᠠᠭᠠᠨ᠎ᠳᠤ᠂ ᠪᠠᠶᠠᠨᠬᠤᠸᠠ ᠪᠠᠯᠭᠠᠰᠤᠨ᠎ᠤ ᠵᠢᠪᠬᠤᠯᠠᠩᠲᠤ ᠭᠠᠴᠠᠭᠠᠨ᠎ᠤ ᠬᠤᠪᠢᠰᠬᠠᠯᠲᠤ ᠤᠬᠠᠭᠤᠯᠭ᠎ᠠ ᠬᠦᠮᠦᠵᠢᠯ᠎ᠤᠨ ᠮᠤᠩᠭᠤᠯ ᠭᠡᠷ ᠲᠦ᠍᠂ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤᠨ᠎ᠤ ᠬᠠᠤᠯᠢ ᠴᠠᠭᠠᠵᠠ᠎ᠶ᠋ᠢᠨ ᠲᠣᠪᠴᠢᠶ᠎ᠠ᠎ᠲᠠᠶ ᠬᠠᠮᠲᠤᠷᠠᠨ ᠬᠠᠤᠯᠢᠵᠢᠯ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ ᠣᠯᠠᠨ᠎ᠢᠶᠠᠷ᠎ᠢᠶᠠᠨ ᠶᠡᠷᠦᠩᠬᠡᠶ ᠱᠦᠵᠢ ᠰᠢ ᠵᠢᠨ ᠫᠢᠩ᠎ᠦᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠨᠠᠮ᠎ᠤᠨ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ᠂ ᠣᠨᠣᠪᠴᠢᠲᠠᠶ᠂ ᠪᠥᠬᠥ᠌ ᠲᠠᠯ᠎ᠠ᠎ᠪᠠᠷ ᠰᠤᠷᠤᠯᠴᠠᠭᠰᠠᠨ ᠪᠦᠭᠡᠳ ᠦᠷᠡᠨᠲᠤᠶᠠᠭ᠎ᠠ ᠬᠠᠤᠯᠢᠴᠢ ᠵᠢ ᠤᠷᠢᠵᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠠᠤᠯᠢ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》ᠵᠡᠷᠭᠡ ᠵᠢ ᠬᠤᠤᠰ ᠬᠡᠯᠡ ᠪᠡᠷ ᠲᠠᠢᠯᠪᠤᠷᠢᠯᠠᠭᠰᠠᠨ ᠪᠠᠢᠨ᠎ᠠ᠃ ᠬᠤᠪᠢᠰᠬᠠᠯᠲᠤ ᠤᠬᠠᠭᠤᠯᠭ᠎ᠠ ᠬᠦᠮᠦᠵᠢᠯ᠎ᠤᠨ ᠮᠤᠩᠭᠤᠯ ᠭᠡᠷ ᠲᠦ᠍ ᠬᠣᠱᠢᠭᠤ ᠪᠤᠯᠤᠨ ᠰᠢᠶᠠᠩ ᠪᠠᠯᠭᠠᠰᠤᠨ᠎ᠤ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠺᠠᠳ᠋ᠷ ᠪᠣᠯᠤᠨ ᠦᠨᠳᠦᠰᠦᠨ ᠱᠠᠲᠤᠨ᠎ᠤ ᠣᠯᠠᠨ ᠲᠦᠮᠡᠨ ᠰᠡᠳᠭᠢᠯ᠎ᠤᠨ ᠦᠭᠡ ᠪᠠᠨ ᠶᠠᠷᠢᠯᠴᠠᠨ᠂ ᠠᠷᠠᠳ ᠤᠯᠠᠨ᠎ᠤ ᠮᠠᠲᠠᠭ ᠲᠠᠢ ᠵᠦᠢᠯ᠎ᠢ ᠳᠡᠢᠯᠪᠤᠷᠢᠯᠠᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠯᠠᠭᠤᠨ ᠬᠦᠷᠢᠶᠡᠯᠡᠯ᠎ᠢ ᠤᠯᠤᠭᠰᠠᠨ ᠪᠠᠢᠨ᠎ᠠ᠃
ᠬᠢᠯᠢ᠎ᠶ᠋ᠢᠨ ᠬᠠᠮᠠᠭᠠᠯᠠᠯᠳᠠ ᠵᠢᠨ ᠲᠣᠮᠢᠯᠠᠭ᠍ᠰᠠᠨ ᠰᠠᠯᠪᠤᠷᠢ᠎ᠶ᠋ᠢᠨ ᠨᠠᠮ᠎ᠤᠨ ᠡᠭᠦᠷ᠎ᠦᠨ ᠱᠦᠵᠢ ᠡᠨᠳᠡ ᠨᠠᠮ᠎ᠤᠨ ᠬᠢᠴᠢᠶᠡᠯ ᠤᠷᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ ᠵᠠᠭᠤᠨ ᠵᠢᠯ᠎ᠤᠨ ᠤᠢ ᠵᠢᠨ ᠲᠠᠰᠢᠷᠠᠮ ᠵᠢᠡᠷ᠂ ᠪᠤᠭᠤᠲᠤ᠎ᠶ᠋ᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠴᠠᠭᠠᠨᠬᠠᠳᠠ ᠬᠢᠯᠢ᠎ᠶ᠋ᠢᠨ ᠬᠠᠮᠠᠭᠠᠯᠠᠯᠳᠠ ᠵᠢᠨ ᠲᠣᠮᠢᠯᠠᠭ᠍ᠰᠠᠨ ᠰᠠᠯᠪᠤᠷᠢ᠎ᠶ᠋ᠢᠨ ᠨᠠᠮ᠎ᠤᠨ ᠡᠭᠦᠷ ᠬᠤᠪᠢᠰᠭᠠᠯᠲᠤ ᠤᠬᠠᠭᠤᠯᠭ᠎ᠠ ᠬᠦᠮᠦᠵᠢᠯ᠎ᠤᠨ ᠮᠣᠩᠭᠣᠯ ᠬᠡᠷ ᠲᠦ᠍《ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠠᠬᠢᠭᠤᠯᠬᠤ ᠨᠠᠮ᠎ᠤᠨ ᠡᠭᠦᠷ᠎ᠦᠨ ᠱᠦᠵᠢ ᠨᠠᠮ᠎ᠤᠨ ᠬᠢᠴᠢᠶᠡᠯ ᠣᠷᠣᠬᠤ》ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠵᠢ ᠲᠤᠭᠲᠠᠭᠰᠠᠨ ᠬᠤᠭᠤᠴᠠᠭ᠎ᠠ ᠲᠠᠢ ᠥᠷᠨᠢᠭᠦᠯᠬᠦ ᠪᠡᠷ ᠳᠠᠮᠵᠢᠨ ᠵᠠᠯᠠᠭᠤ ᠨᠠᠮ᠎ᠤᠨ ᠭᠡᠱᠢᠭᠦᠨ ᠺᠠᠳ᠋ᠷᠴᠤᠳ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠤᠬᠠᠮᠰᠠᠷ᠎ᠢ ᠳᠡᠭᠡᠭ᠌ᠰᠢᠯᠡᠭᠦᠯᠵᠦ᠍᠂《ᠲᠡᠦᠬᠡ ᠵᠢ ᠰᠤᠷᠤᠯᠴᠠᠨ ᠶᠣᠰᠣ ᠤᠴᠢᠷ᠎ᠢ ᠤᠢᠯᠠᠭᠠᠬᠤ᠂ ᠲᠡᠦᠬᠡ ᠵᠢ ᠰᠤᠷᠤᠯᠴᠠᠨ ᠢᠲᠡᠭᠡᠯ ᠵᠤᠷᠢᠭ ᠵᠢᠡᠨ ᠨᠡᠮᠡᠭᠳᠡᠭᠦᠯᠬᠦ᠂ ᠲᠡᠦᠬᠡ ᠵᠢ ᠰᠤᠷᠤᠯᠴᠠᠨ ᠶᠣᠰᠣ ᠰᠤᠷᠲᠠᠬᠤᠨ᠎ᠢ ᠡᠷᠬᠢᠮᠯᠡᠬᠦ᠌᠂ ᠲᠡᠦᠬᠡ ᠵᠢ ᠰᠤᠷᠤᠯᠴᠠᠨ ᠬᠦᠴᠦᠯᠡᠨ ᠦᠢᠯᠡᠳᠦᠯᠭᠡᠵᠢᠭᠦᠯᠬᠦ》ᠵᠢ ᠦᠨᠡᠨᠬᠦ ᠠᠬᠢᠭᠤᠯᠪᠠ᠃
ᠠᠷᠠᠳ᠎ᠲᠤ ᠠᠰᠢᠭ ᠬᠦᠷᠲᠡᠭᠡᠬᠦ ᠦᠢᠯᠡᠴᠢᠯᠡᠭᠡ ᠡᠨᠳᠡ ᠦᠨᠡᠨ ᠪᠤᠳᠠᠳᠠᠢ ᠶᠠᠪᠤᠭᠳᠠᠨ᠎ᠠ᠃ ᠤᠢᠷ᠎ᠠ ᠳ᠋ᠤ᠂ ᠪᠤᠭᠤᠲᠤ ᠬᠣᠲᠠ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠡᠴᠡ ᠭᠤᠤᠯᠯᠠᠨ ᠡᠷᠭᠢᠯᠡᠵᠦ᠍᠂ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠡᠴᠡ ᠳᠠᠭᠠᠭᠠᠴᠢᠯᠠᠨ ᠡᠷᠭᠢᠯᠡᠭ᠌ᠰᠡᠨ《ᠪᠠᠶᠠᠷ ᠪᠠᠶᠠᠰᠤᠯ ᠪᠠ ᠪᠣᠯᠪᠠᠰᠤᠨᠢ᠋ ᠬᠦᠷᠭᠡᠬᠦ᠌》 ᠦᠨᠳᠦᠰᠦᠨ ᠱᠠᠲᠤᠨ᠎ᠤ ᠦᠶ᠋ᠯᠡᠴᠢᠯᠡᠭᠡᠨ᠎ᠦ ᠠᠵᠢᠯᠯᠠᠭ᠎ᠠ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤᠨ᠎ᠤ ᠪᠠᠶᠠᠬᠣᠪᠣᠭᠠ ᠰᠤᠮᠤ᠎ᠶ᠋ᠢᠨ ᠬᠤᠪᠢᠰᠬᠠᠯᠲᠤ ᠤᠬᠠᠭᠤᠯᠭ᠎ᠠ ᠬᠦᠮᠦᠵᠢᠯ᠎ᠤᠨ ᠮᠤᠩᠭᠤᠯ ᠭᠡᠷ ᠲᠦ᠍ ᠶᠠᠪᠤᠭ᠍ᠳᠠᠵᠤ᠂ ᠤᠯᠠᠨ ᠲᠦᠮᠡᠨ᠎ᠤ ᠦᠵᠡᠵᠦ᠍ ᠰᠣᠨᠢᠷᠬᠠᠬᠤ ᠳᠤᠷᠠᠲᠠᠶ ᠳᠠᠭᠤᠤ ᠬᠥᠭ᠌ᠵᠢᠮ᠂ ᠪᠥᠵᠢᠭ᠂ ᠱᠢᠯᠦᠭ ᠤᠶᠠᠩᠭᠠᠯᠠᠯ ᠵᠡᠷᠭᠡ ᠲᠣᠭ᠍ᠯᠠᠯᠲᠠ᠎ᠪᠠᠷ ᠳᠠᠮᠵᠢᠨ ᠤᠯᠠᠨ ᠲᠦᠮᠡᠨ ᠳ᠋ᠤ ᠲᠦᠷᠦ ᠵᠢᠨ ᠪᠤᠳᠤᠯᠭ᠎ᠠ ᠪᠠ ᠪᠣᠯᠪᠠᠰᠤᠨ ᠰᠤᠷᠲᠠᠯ᠎ᠢ ᠤᠬᠠᠭᠤᠯᠪᠠ᠂ ᠲᠤᠭᠯᠠᠯᠲᠠ ᠨᠢ ᠬᠦᠷᠦᠯᠴᠡᠨ ᠢᠷᠡᠭᠰᠡᠨ ᠮᠠᠯᠴᠢᠨ ᠲᠠᠷᠢᠶᠠᠴᠢᠨ᠎ᠤ ᠬᠠᠯᠠᠭᠤᠨ ᠠᠯᠠᠭ᠎ᠠ ᠲᠠᠰᠢᠯᠲᠠ ᠵᠢ ᠤᠯᠵᠤ᠂ ᠠᠬᠤᠢ ᠲᠠᠯᠠᠪᠠᠢ ᠳ᠋ᠤ ᠪᠠᠰᠠ ᠠᠯᠪᠠᠨ ᠵᠢᠷᠤᠮ᠎ᠤᠨ ᠡᠮᠴᠢᠯᠡᠭᠡᠨ᠎ᠤ ᠠᠵᠢᠯᠯᠠᠭ᠎ᠠ ᠦᠷᠨᠢᠭᠦᠯᠵᠦ᠂ ᠪᠤᠭᠤᠲᠤ ᠬᠤᠲᠠ ᠵᠢᠨ ᠬᠢᠲᠠᠳ ᠮᠤᠩᠭᠤᠯ ᠡᠮᠨᠡᠯᠭᠡ ᠵᠢᠨ ᠬᠤᠷᠢᠶ᠎ᠠ ᠵᠢᠨ ᠡᠮᠴᠢ ᠨᠠᠷ ᠮᠠᠯᠴᠢᠳ ᠲᠦ᠍ ᠡᠷᠡᠭᠦᠯ ᠮᠡᠨᠳᠦ ᠵᠢᠨ ᠪᠠᠢᠴᠠᠭᠠᠯᠲᠠ ᠬᠢᠵᠦ ᠦᠭᠭᠦᠨ ᠮᠤᠩᠭᠤᠯ ᠭᠡᠷ ᠲᠦ᠍ ᠬᠦᠷ ᠬᠦᠭᠵᠢᠶᠡᠨ ᠵᠢᠡᠷ ᠪᠢᠯᠬᠠᠵᠤ ᠪᠠᠢᠯ᠎ᠠ᠃
ᠡᠬᠡ ᠤᠯᠤᠰ᠎ᠤᠨ ᠤᠮᠠᠷᠠᠲᠤ ᠬᠢᠯᠢ ᠳ᠋ᠤ ᠨᠠᠮ ᠪᠠ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠣᠯᠠᠨ ᠲᠦᠮᠡᠨ ᠳ᠋ᠤ ᠵᠦᠪᠯᠡᠯᠭᠡ ᠬᠠᠩᠭᠠᠬᠤ᠂ ᠦᠨᠳᠦᠰᠦᠨ ᠱᠠᠲᠤᠨ᠎ᠤ ᠵᠥᠷᠢᠴᠡᠯ᠎ᠢ ᠨᠠᠮᠳᠠᠭᠤᠯᠤᠨ ᠰᠢᠢᠳᠪᠦᠷᠢᠯᠡᠬᠦ ᠪᠠ ᠪᠠᠢᠳᠠᠯ᠎ᠢ ᠣᠢᠯᠠᠭᠠᠬᠤ ᠵᠢᠭ᠍ᠰᠠᠭᠠᠨ ᠪᠠᠢᠴᠠᠭᠠᠯᠳᠠ ᠬᠢᠬᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠬᠦᠲᠦᠯᠦᠨ ᠳᠠᠭᠠᠭᠤᠯᠬᠤ ᠵᠡᠷᠭᠡ ᠦᠢᠯᠡᠳᠦᠯ᠎ᠢ ᠨᠢᠭᠡ ᠴᠣᠭ᠍ᠴᠠᠵᠢᠭᠤᠯᠤᠭ᠍ᠰᠠᠨ ᠬᠤᠪᠢᠰᠬᠠᠯᠲᠤ ᠤᠬᠠᠭᠤᠯᠭ᠎ᠠ ᠬᠦᠮᠦᠵᠢᠯ᠎ᠤᠨ ᠮᠤᠩᠭᠤᠯ ᠭᠡᠷ ᠪᠤᠢ ᠪᠤᠯᠤᠭᠰᠠᠨ ᠡᠴᠡ ᠨᠠᠭᠠᠰᠢ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌ ᠶᠠᠪᠤᠴᠠ ᠵᠢ ᠦᠩᠭᠡᠷᠡᠭᠡᠨ᠂ ᠦᠶ᠋ᠯᠡᠴᠢᠯᠡᠭᠡᠨ᠎ᠦ ᠡᠬᠢ ᠪᠠᠶᠠᠯᠢᠭ ᠵᠢᠡᠨ ᠦᠷᠭᠡᠳᠬᠡᠵᠦ᠂ ᠠᠷᠠᠳ ᠤᠯᠠᠨ ᠳ᠋ᠤ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠬᠦ᠌᠂ ᠪᠠᠶᠠᠵᠢᠨ ᠴᠢᠨᠡᠭᠡᠯᠢᠭᠵᠢᠬᠦ᠎ᠶ᠋ᠢ ᠬᠥᠲᠥᠯᠥᠨ ᠳᠠᠭᠠᠭᠤᠯᠬᠤ᠂ ᠣᠷᠣᠯᠠᠨ ᠭᠦᠶ᠋ᠴᠡᠳᠭᠡᠬᠦ ᠦᠶ᠋ᠯᠡᠴᠢᠯᠡᠭᠡ ᠬᠠᠩᠭᠠᠬᠤ᠂ ᠵᠥᠷᠢᠴᠡᠯ ᠵᠢᠭᠤᠷᠠᠯᠳᠤᠭᠠᠨ᠎ᠢ ᠨᠠᠮᠳᠠᠭᠤᠯᠤᠨ ᠰᠢᠢᠳᠪᠦᠷᠢᠯᠡᠬᠦ᠂ ᠠᠮᠤᠷ᠎ᠢ ᠬᠠᠮᠠᠭᠠᠯᠠᠨ ᠬᠠᠮᠢᠶᠠᠷᠤᠨ ᠡᠵᠡᠮᠳᠡᠬᠦ ᠵᠡᠷᠭᠡ ᠦᠢᠯᠡᠴᠢᠯᠡᠭᠡᠨ᠎ᠤ ᠴᠢᠳᠠᠪᠤᠷᠢ᠎ᠪᠠᠨ ᠲᠠᠰᠤᠷᠠᠯᠲᠠ ᠥᠬᠡᠶ ᠴᠢᠩᠭᠠᠳᠬᠠᠵᠤ᠂ ᠨᠠᠮ ᠬᠢᠭᠡᠳ ᠠᠷᠠᠳ ᠲᠦᠮᠡᠨ᠂ ᠵᠤᠬᠢᠶᠠᠨ ᠪᠠᠢᠭᠤᠯᠤᠯᠲᠠ ᠬᠢᠭᠡᠳ ᠤᠯᠠᠨ ᠲᠦᠮᠡᠨ᠎ᠤ ᠬᠤᠭᠤᠷᠤᠨᠳᠤᠬᠢ ᠴᠢᠬᠤᠯᠠ ᠬᠦᠬᠦᠷᠬᠡ ᠬᠤᠯᠪᠤᠭᠠᠰᠤ ᠪᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠬᠤ᠂ ᠬᠢᠯᠢ ᠬᠢᠵᠠᠭᠠᠷ ᠤᠷᠤᠨ᠎ᠤ ᠠᠮᠤᠷ ᠲᠦᠪᠰᠢᠨ᠎ᠢ ᠬᠠᠮᠠᠭᠠᠯᠠᠬᠤ ᠳ᠋ᠤ ᠦᠪᠡᠷᠮᠢᠴᠡ ᠴᠢᠬᠤᠯᠠ ᠦᠢᠯᠡᠳᠦᠯ ᠵᠢᠨᠨ ᠦᠵᠡᠬᠦᠯᠦᠭᠰᠡᠭᠡᠷ᠃

ᠨᠠᠮ ᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠤᠬᠠᠭᠤᠯᠤᠨ ᠰᠤᠷᠤᠯᠴᠠᠵᠤ ᠪᠠᠢᠭ᠎ᠠ ᠨᠢ
(ᠬᠡᠷᠡᠯ ᠵᠢᠷᠤᠭ ᠤ᠋ᠤᠨᠢ ᠤᠶᠠᠬᠠᠨ ᠬᠠᠨᠭᠭᠠᠪᠠ)