《ᠨᠠᠢᠷᠠᠮᠳᠠᠭᠤ ᠬᠤᠳᠳᠤᠭ》 ᠪᠤᠶᠤ 《 ᠪᠦᠯᠬᠦᠮᠳᠡᠯ ᠵᠠᠮ 》
2022-01-21 03:35:56
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠣᠱᠢᠭᠤᠨ᠎ᠤ ᠮᠠᠨᠳᠠᠯᠲᠤ ᠪᠠᠯᠭᠠᠰᠤᠨ᠎ᠤ ᠨᠠᠢᠷᠠᠮᠳᠠᠯ ᠭᠠᠴᠠᠭᠠᠨ ᠳ᠋ᠤ ᠪᠠᠢᠷᠢᠯᠠᠭ᠎ᠠ 《ᠨᠠᠢᠷᠠᠮᠳᠠᠭᠤ ᠬᠤᠳᠳᠤᠭ》ᠪᠤᠯᠤᠨ ᠲᠡᠭᠦᠨ ᠡᠴᠡ ᠤᠯᠠᠭᠠᠨᠭᠡᠷᠡᠯ ᠭᠠᠴᠠᠭ᠎ᠠ ᠬᠦᠷᠬᠦ 《ᠪᠦᠯᠬᠦᠮᠳᠡᠯ ᠵᠠᠮ》᠎ᠢ᠋ ᠬᠦᠮᠦᠰ ᠪᠦᠷ ᠰᠠᠢᠨ ᠮᠡᠳᠡᠨ᠎ᠡ᠃ ᠲᠡᠷᠡ ᠨᠢ ᠤᠯᠠᠭᠠᠨᠭᠡᠷᠡᠯ ᠭᠠᠴᠠᠭᠠᠨ᠎ᠤ ᠠᠷᠠᠳ ᠤᠯᠠᠨ᠎ᠤ ᠤᠳᠠᠭᠠᠨ ᠵᠢᠯ᠎ᠤᠨ ᠲᠤᠷᠰᠢ ᠤᠰᠤ ᠬᠡᠷᠡᠭᠯᠡᠬᠦ ᠳ᠋ᠤ ᠬᠦᠴᠢᠷᠲᠡᠢ ᠪᠠᠢᠭᠰᠠᠨ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠬᠦ ᠵᠢᠨ ᠤᠯᠠᠮ ᠵᠢᠡᠷ ᠤᠢᠷ᠎ᠠ ᠬᠠᠪᠢ ᠵᠢᠨ ᠪᠤᠰᠤᠳ ᠰᠤᠮᠤ ᠪᠠᠯᠭᠠᠰᠤ᠂ ᠭᠠᠴᠠᠭ᠎ᠠ ᠲᠤᠰᠬᠤᠨ ᠯᠤᠭ᠎ᠠ ᠵᠢᠨ ᠵᠠᠮ ᠬᠠᠷᠢᠯᠴᠠᠭ᠎ᠠ ᠵᠢ ᠨᠡᠪᠲᠡᠷᠡᠭᠦᠯᠵᠦ᠂ ᠦᠷᠭᠡᠨ ᠤᠯᠠᠨ ᠮᠠᠯᠴᠢᠨ ᠲᠦᠮᠡᠨ᠎ᠤ ᠶᠠᠪᠤᠯᠴᠠᠭ᠎ᠠ ᠰᠤᠯᠢᠯᠴᠠᠭ᠎ᠠ ᠵᠢ ᠴᠢᠨᠠᠭᠰᠢᠳᠠ ᠠᠬᠢᠭᠤᠯᠤᠨ᠂ ᠡᠬᠡ ᠤᠯᠤᠰ᠎ᠤᠨ ᠤᠮᠠᠷᠠᠲᠤ ᠬᠢᠯᠢ ᠵᠢᠨ ᠠᠷᠠᠳ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠤᠭᠰᠠᠨ ᠢᠷᠠᠭᠤ ᠠᠢᠵᠠᠮ᠎ᠢ ᠴᠢᠪᠬᠠᠳᠠᠵᠤ ᠪᠠᠢᠳᠠᠭ ᠰᠠᠨ᠃

ᠤᠯᠠᠭᠠᠨᠭᠡᠷᠡᠯ ᠭᠠᠴᠠᠭᠠᠨ᠎ᠤ ᠨᠠᠮ᠎ᠤᠨ ᠡᠭᠦᠷ᠎ᠤᠨ ᠱᠦᠵᠢ᠂ ᠭᠠᠴᠠᠭᠠᠨ ᠳᠠᠷᠤᠭ᠎ᠠ ᠴᠢᠯᠠᠭᠤᠨᠪᠠᠭᠠᠲᠤᠷ᠎ᠤᠨ ᠲᠠᠨᠢᠯᠴᠠᠭᠤᠯᠤᠭᠰᠠᠨ ᠵᠢᠡᠷ᠂ ᠲᠤᠰ ᠭᠠᠴᠠᠭ᠎ᠠ ᠨᠢ ᠬᠤᠰᠢᠭᠤᠨ ᠲᠦᠪ ᠮᠠᠨᠳᠠᠯᠲᠤ ᠪᠠᠯᠭᠠᠰᠤ ᠡᠴᠡ ᠡᠮᠦᠨᠡᠰᠢ 45 ᠺᠢᠯᠤᠮᠧᠲᠷ ᠵᠠᠢᠲᠠᠢ ᠭᠠᠵᠠᠷ ᠪᠠᠢᠷᠢᠯᠠᠵᠤ᠂ ᠭᠠᠵᠠᠷ ᠳᠤᠤᠷᠠᠬᠢ ᠤᠰᠤᠨ ᠲᠦᠪᠱᠢᠨ ᠳᠤᠤᠷ᠎ᠠ᠂ ᠤᠰᠤᠨ᠎ᠤ ᠴᠢᠨᠠᠷ ᠨᠡᠯᠢᠶᠡᠳ ᠠᠨᠠᠢ ᠪᠠᠢᠵᠤ ᠬᠦᠨᠳᠦ ᠨᠣᠴᠢᠲᠠᠶ ᠤᠰᠤ ᠳᠤᠲᠠᠭ᠍ᠳᠠᠵᠤ ᠪᠠᠢᠵᠠᠢ᠃ ᠣᠯᠠᠨ ᠵᠢᠯ᠎ᠦᠨ ᠲᠤᠷᠰᠢ᠂ ᠤᠯᠠᠩᠬᠢ ᠮᠠᠯᠴᠢᠨ ᠡᠷᠦᠬᠡ ᠴᠥᠮ ᠬᠣᠱᠢᠭᠤᠨ᠎ᠳᠤ ᠣᠴᠢᠬᠤ ᠪᠤᠶᠤ ᠵᠡᠷᠭᠡᠯᠡᠳᠡᠭᠡ ᠭᠠᠴᠠᠭ᠎ᠠ ᠡᠴᠡ ᠤᠰᠤ ᠲᠡᠭᠡᠭᠡᠵᠦ᠂ ᠤᠰᠤ ᠬᠡᠷᠡᠭ᠌ᠯᠡᠬᠦ᠌ ᠠᠰᠠᠭᠤᠳᠠᠯ᠎ᠢ ᠱᠢᠶ᠋ᠳᠪᠦᠷᠢᠯᠡᠬᠦ᠌ ᠨᠢ ᠭᠠᠴᠠᠭᠠᠨ᠎ᠤ ᠦᠨᠳᠦᠰᠦᠲᠡᠨ ᠨᠦᠭᠦᠳ᠎ᠦᠨ ᠮᠠᠯᠴᠢᠨ ᠲᠦᠮᠡᠨ᠎ᠦ ᠬᠦᠰᠡᠭ᠌ᠰᠡᠭᠡᠷ ᠢᠷᠡᠭ᠌ᠰᠡᠨ ᠶᠡᠬᠡ ᠶᠠᠪᠤᠳᠠᠯ ᠪᠠᠢᠯ᠎ᠠ᠃ ᠡᠨᠡ ᠬᠦ᠌ ᠲᠦᠪᠡᠭ᠌ᠲᠡᠶ ᠠᠰᠠᠭᠤᠳᠠᠯ᠎ᠳᠤ ᠴᠢᠭ᠌ᠯᠡᠭᠦᠯᠦᠨ᠂ ᠲᠤᠬᠠᠶ᠎ᠶ᠋ᠢᠨ ᠭᠠᠵᠠᠷ᠎ᠤᠨ ᠺᠠᠳ᠋ᠷᠴᠤᠳ ᠣᠯᠠᠨ ᠤᠳᠠᠭ᠎ᠠ ᠲᠤᠬᠠᠶ᠎ᠶ᠋ᠢᠨ ᠭᠠᠵᠠᠷ᠎ᠲᠦ ᠬᠦᠷᠴᠦ  ᠪᠠᠢᠴᠠᠭᠠᠨ ᠰᠤᠳᠤᠯᠤᠯᠲᠠ ᠬᠢᠭᠰᠡᠨ ᠰᠠᠭᠤᠷᠢᠨ ᠲᠡᠭᠡᠷ᠎ᠡ᠂ ᠨᠠᠢᠷᠠᠮᠳᠡᠯ ᠭᠠᠴᠠᠭᠠᠨ᠎ᠳ᠋ᠤ ᠪᠠᠢᠷᠢᠯᠠᠭ᠎ᠠ ᠬᠤᠳᠳᠤᠭ ᠡᠴᠡ  ᠤᠯᠠᠭᠠᠨᠭᠡᠷᠡᠯ ᠭᠠᠴᠠᠭ᠎ᠠ᠎ᠳᠤ ᠬᠥᠷᠬᠥ᠌ ᠬᠠᠢᠷ ᠴᠢᠯᠠᠭᠤᠨ ᠵᠠᠮ᠎ᠢ ᠨᠡᠪᠲᠡᠷᠡᠭᠦᠯᠬᠦ ᠪᠡᠷ ᠳᠠᠮᠵᠢᠨ ᠮᠠᠯᠴᠢᠳ᠎ᠤᠨ ᠤᠰᠤ ᠲᠡᠭᠡᠭᠡᠬᠦ ᠥᠪᠡᠷ᠎ᠦᠨ ᠥᠷᠲᠡᠭ᠎ᠢ  ᠪᠠᠭᠤᠷᠠᠭᠤᠯᠵᠤ᠂ ᠤᠰᠤ ᠬᠡᠷᠡᠭ᠌ᠯᠡᠬᠦ᠌ ᠎ᠳᠦ ᠬᠦᠴᠢᠷᠲᠡᠶ ᠠᠰᠠᠭᠤᠳᠠᠯ᠎ᠢ ᠰᠢᠢᠳᠪᠦᠷᠢᠯᠡᠬᠦ ᠪᠡᠷ ᠲᠤᠭᠲᠠᠭᠰᠠᠨ ᠪᠠᠢᠯ᠎ᠠ᠃ ᠲᠡᠭᠡᠭᠡᠳ 2020 ᠣᠨ᠎ᠤ ᠨᠠᠮᠤᠷ 128 ᠲᠦᠮᠡᠨ ᠲᠥᠭᠥᠷᠢᠭ᠎ᠤᠨ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠭᠦᠯᠦᠯᠲᠡ᠎ᠶ᠋ᠢᠨ ᠪᠠᠯᠠ ᠮᠥᠩᠭᠥ ᠤᠷᠤᠭᠤᠯᠤᠨ ᠲᠤᠰ ᠲᠥᠷᠥᠯ ᠵᠦᠶ᠋ᠯ᠎ᠢ ᠡᠬᠢᠯᠡᠭᠦᠯᠵᠦ᠂ 2021 ᠤᠨ᠎ᠤ 5 ᠰᠠᠷ᠎ᠠ ᠳ᠋ᠤ ᠵᠢᠩᠭᠢᠨᠢ ᠪᠡᠷ ᠠᠰᠢᠭᠯᠠᠯᠲᠠ ᠳ᠋ᠤ ᠤᠷᠤᠭᠤᠯᠤᠭᠰᠠᠨ ᠵᠢᠡᠷ ᠮᠠᠯᠴᠢᠳ᠎ᠤᠨ ᠤᠰᠤ ᠲᠡᠭᠡᠭᠡᠪᠦᠷᠢᠯᠡᠬᠦ ᠴᠠᠭ᠎ᠢ ᠪᠤᠭᠤᠨᠢᠰᠬᠠᠨ᠂ ᠤᠰᠤ ᠬᠡᠷᠡᠭᠯᠡᠬᠦ ᠦᠪᠡᠷ᠎ᠤᠨ ᠦᠷᠳᠡᠭ᠎ᠢ ᠪᠦᠲᠦᠮᠵᠢᠲᠡᠢ ᠪᠠᠭᠠᠰᠬᠠᠭᠰᠠᠨ ᠪᠠᠢᠨ᠎ᠠ᠃

ᠬᠠᠢᠷ ᠴᠢᠯᠠᠭᠤᠨ ᠵᠠᠮ ᠎ᠢ᠋ ᠨᠡᠪᠲᠡᠷᠡᠭᠦᠯᠦᠭᠰᠡᠨ ᠨᠢ ᠮᠦᠨ ᠴᠸ᠋  ᠬᠥᠷᠰᠢ ᠵᠡᠷᠭᠡᠯᠡᠳᠡᠭᠡ ᠭᠠᠴᠠᠭᠠᠨ᠎ᠤ ᠬᠣᠭᠣᠷᠣᠨᠳᠣᠬᠢ ᠶᠠᠪᠤᠯᠴᠠᠭ᠎ᠠ ᠰᠤᠯᠢᠯᠴᠠᠭ᠎ᠠ᠎ᠳᠤ ᠨᠡᠩ ᠶᠡᠬᠡ ᠳᠥᠭᠥᠮ ᠦᠵᠡᠭᠦᠯᠦᠭᠰᠡᠨ ᠵᠢᠡᠷ ᠲᠤᠰ ᠬᠤᠳᠳᠤᠭ ᠪᠠ ᠬᠠᠢᠷ ᠴᠢᠯᠠᠭᠤᠨ ᠵᠠᠮ᠎ᠨᠢ ᠨᠤᠲᠤᠭ᠎ᠤᠨ ᠤᠯᠠᠨ ᠳ᠋ᠤ《ᠨᠠᠢᠷᠠᠮᠳᠠᠭᠤ ᠬᠤᠳᠳᠤᠭ》ᠪᠠ《ᠪᠦᠯᠬᠦᠮᠳᠡᠯ ᠵᠠᠮ》ᠬᠡᠮᠡᠨ ᠨᠡᠷᠡᠯᠡᠭᠳᠡᠭᠰᠡᠨ ᠪᠠᠢᠨ᠎ᠠ᠃ ᠤᠰᠤ  ᠵᠢ  ᠨᠢ ᠤᠤᠭᠤᠪᠠᠯ ᠡᠬᠢ ᠵᠢ ᠨᠢ ᠪᠤᠳᠤᠵᠤ᠂ ᠨᠠᠮ᠎ᠤᠨ ᠵᠢᠡᠨ ᠠᠴᠢ ᠳ᠋ᠤ ᠲᠠᠯᠠᠷᠬᠠᠬᠤ ᠵᠢ ᠰᠠᠨᠠᠭᠠᠴᠢᠯᠠᠭᠰᠠᠨ《ᠨᠠᠢᠷᠠᠮᠳᠠᠭᠤ ᠬᠤᠳᠳᠤᠭ》 ᠪᠠ ᠦᠨᠳᠦᠰᠦᠲᠡᠨ᠎ᠤ ᠪᠦᠯᠬᠦᠮᠳᠡᠯ᠎ᠤᠨ ᠵᠤᠯ ᠵᠢᠷᠭᠠᠯ᠎ᠤᠨ ᠵᠠᠮ ᠭᠡᠬᠦ ᠭᠦᠨᠵᠡᠭᠡᠢ ᠠᠭᠤᠯᠤᠭᠳᠠᠬᠤᠨ᠎ᠢ ᠠᠭᠤᠯᠤᠭᠰᠠᠨ《ᠪᠦᠯᠬᠦᠮᠳᠡᠯ ᠵᠠᠮ》 ᠎ᠤ᠋ᠨ ᠬᠦᠰᠢᠶ᠎ᠡ ᠲᠡᠮᠲᠡᠭ᠎ᠢ ᠬᠠᠷᠠᠭᠠᠳ ᠦᠷᠭᠡᠨ ᠤᠯᠠᠨ ᠮᠠᠯᠴᠢᠨ ᠲᠦᠮᠡᠨ ᠨᠠᠮ᠎ᠤᠨ ᠬᠢᠯᠢ ᠬᠢᠵᠠᠭᠠᠷ᠎ᠢ ᠬᠦᠭᠵᠢᠭᠦᠯᠵᠦ᠂ ᠠᠷᠠᠳ᠎ᠢ ᠪᠠᠶᠠᠵᠢᠭᠤᠯᠬᠤ ᠲᠦᠷᠦ ᠵᠢᠨ ᠪᠤᠳᠤᠯᠭ᠎ᠠ ᠳ᠋ᠤ ᠴᠢᠩ ᠰᠡᠳᠬᠢᠯ ᠡᠴᠡ ᠪᠠᠨ ᠲᠠᠯᠠᠷᠬᠠᠵᠤ᠂ ᠳᠤᠮᠳᠠᠳᠤ ᠵᠢᠨ ᠦᠨᠳᠦᠰᠦᠲᠡᠨ᠎ᠤ  ᠬᠠᠮᠲᠤ ᠵᠢᠨ ᠴᠤᠭᠴᠠ ᠵᠢᠨ ᠤᠬᠠᠮᠰᠠᠷ ᠰᠡᠳᠬᠢᠯ ᠵᠢᠷᠦᠬᠡᠨ ᠳ᠋ᠤ ᠨᠢ ᠭᠦᠨ ᠬᠠᠳᠠᠩᠰᠢᠨ᠎ᠠ᠃ 《ᠪᠦᠯᠬᠦᠮᠳᠡᠯ ᠵᠠᠮ》᠎ᠢ᠋ ᠵᠠᠰᠠᠵᠤ ᠨᠡᠪᠲᠡᠷᠡᠭᠦᠯᠬᠦ ᠵᠢᠨ ᠲᠦᠯᠦᠭᠡ ᠤᠯᠠᠭᠠᠨᠭᠡᠷᠡᠯ ᠭᠠᠴᠠᠭᠠᠨ᠎ᠤ ᠦᠨᠳᠦᠰᠦᠳᠡᠨ ᠨᠤᠬᠦᠳ᠎ᠤᠨ 7 ᠮᠠᠯᠴᠢᠨ ᠡᠷᠦᠬᠡ ᠳᠤᠷᠠᠲᠠᠶ᠎ᠠ ᠦᠪᠡᠷ᠎ᠤᠨ ᠪᠡᠯᠴᠢᠭᠡᠷ ᠵᠢᠡᠨ ᠰᠤᠯᠠᠯᠠᠨ ᠦᠭᠴᠦ ᠵᠠᠮ ᠵᠠᠰᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠴᠡᠴᠡᠭᠯᠡᠯ ᠬᠦᠭᠵᠢᠯᠳᠡ ᠵᠢ ᠠᠬᠢᠭᠤᠯᠤᠯ᠎ᠠ᠃ ᠭᠠᠴᠠᠭᠠᠨ᠎ᠤ ᠬᠤᠶᠠᠷ ᠵᠦᠪᠯᠡᠯ᠎ᠤᠨ ᠬᠢᠨ ᠲᠤᠰ ᠬᠡᠳᠦᠨ ᠡᠷᠦᠬᠡ ᠵᠢ《ᠭᠠᠴᠠᠭᠠᠨ᠎ᠤ ᠬᠠᠮᠲᠤ ᠵᠢᠨ ᠦᠢᠯᠡᠰ᠎ᠢ ᠳᠡᠮᠵᠢᠭᠰᠡᠨ ᠵᠢᠱ᠌ᠢᠶᠡᠴᠢ ᠡᠷᠦᠬᠡ》ᠪᠡᠷ ᠦᠨᠡᠯᠡᠵᠦ᠂ ᠲᠡᠷᠢᠭᠦᠨ᠎ᠤ ᠦᠢᠯᠡ ᠠᠵᠢᠯᠯᠠᠭ᠎ᠠ ᠵᠢ ᠨᠢ ᠬᠦᠬᠢᠭᠦᠯᠦᠨ ᠰᠠᠢᠰᠢᠶᠠᠵᠤ᠂ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷᠴᠤᠳ ᠪᠤᠯᠤᠨ ᠤᠯᠠᠨ ᠲᠦᠮᠡᠨ ᠰᠡᠳᠬᠢᠯ ᠵᠢᠡᠨ ᠨᠢᠭᠡᠳᠬᠡᠨ ᠬᠦᠴᠦ ᠪᠠᠨ ᠬᠠᠮᠲᠤᠳᠬᠠᠵᠤ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠰᠠᠢᠨ ᠰᠠᠢᠬᠠᠨ ᠬᠡᠪ ᠰᠤᠷᠲᠠᠯ᠎ᠢ ᠪᠤᠢ ᠪᠤᠯᠭᠠᠭᠰᠠᠨ ᠠᠵᠢ᠃

ᠣᠢᠷ᠎ᠠ᠎ᠶ᠋ᠢᠨ ᠵᠢᠯ ᠳ᠋ᠤ᠂ ᠤᠯᠠᠭᠠᠨᠭᠡᠷᠡᠯ ᠭᠠᠴᠠᠭ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠨᠠᠮ᠎ᠤᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠵᠤ᠂ ᠨᠠᠮ᠎ᠤᠨ ᠪᠠᠢᠭᠤᠯᠤᠯᠲᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ᠎ᠶ᠋ᠢ ᠬᠥᠲᠥᠯᠥᠨ ᠳᠠᠭᠠᠭᠤᠯᠬᠤ᠂ ᠨᠠᠮ᠎ᠤᠨ ᠪᠠᠢᠭᠤᠯᠤᠯᠲᠠ᠎ᠪᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠲᠥᠯᠥᠨ ᠳᠠᠭᠠᠭᠤᠯᠬᠤ᠂ ᠨᠠᠮ᠎ᠤᠨ ᠪᠠᠢᠭᠤᠯᠤᠯᠲᠠ᠎ᠪᠠᠷ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠬᠥᠲᠥᠯᠥᠨ ᠳᠠᠭᠠᠭᠤᠯᠬᠤ ᠰᠠᠢᠨ ᠰᠠᠢᠬᠠᠨ ᠠᠵᠢᠯ᠎ᠤᠨ ᠪᠠᠢᠳᠠᠯ᠎ᠢ ᠪᠦᠷᠢᠯᠳᠦᠭᠦᠯᠪᠡ᠃ ᠭᠠᠴᠠᠭᠠᠨ᠎ᠤ ᠬᠠᠮᠲᠤ ᠵᠢᠨ ᠠᠵᠤ ᠠᠬᠤᠢ ᠵᠢ ᠴᠢᠷᠮᠠᠢᠨ ᠬᠦᠭᠵᠢᠭᠦᠯᠵᠦ᠂ ᠤᠷᠤᠯᠭ᠎ᠠ ᠪᠠᠨ ᠨᠡᠮᠡᠭᠳᠡᠭᠦᠯᠦᠨ᠂ ᠵᠢᠯ ᠪᠦᠷᠢ 44 ᠲᠦᠮᠡᠨ ᠲᠦᠭᠦᠷᠢᠭ᠎ᠤᠨ ᠲᠤᠭᠲᠠᠮᠠᠯ ᠤᠷᠤᠯᠭ᠎ᠠ ᠲᠠᠢ ᠪᠤᠯᠤᠭᠰᠠᠨ ᠪᠠᠢᠨ᠎ᠠ᠃ ᠤᠯᠤᠰ ᠪᠠ ᠦᠪᠡᠷᠲᠡᠭᠡᠨ ᠵᠠᠰᠠᠬᠤ ᠤᠷᠤᠨ᠎ᠤ ᠲᠡᠳᠬᠦᠨ ᠳᠡᠮᠵᠢᠬᠦ᠌ ᠲᠥᠷᠥᠯ ᠵᠦᠶ᠋ᠯ᠎ᠢ ᠢᠳᠡᠪᠬᠢᠲᠡᠢ ᠡᠷᠡᠮᠡᠯᠵᠡᠯᠡᠨ ᠤᠯᠵᠤ᠂ ᠮᠠᠯᠴᠢᠳ᠎ᠲᠤ ᠬᠠᠱᠢᠶ᠎ᠠ ᠰᠠᠷᠠᠪᠴᠢ ᠵᠡᠷᠭᠡ ᠰᠠᠭᠤᠷᠢ ᠲᠥᠬᠥᠭᠡᠷᠦᠮᠵᠢ᠎ᠶ᠋ᠢ ᠰᠠᠢᠵᠢᠷᠠᠭᠤᠯᠤᠨ ᠥᠭ᠌ᠴᠦ᠂ ᠠᠵᠤ ᠦᠢᠯᠡᠰᠵᠢᠭ᠌ᠰᠡᠨ ᠮᠠᠱᠢᠨ ᠲᠥᠬᠥᠭᠡᠷᠦᠮᠵᠢ᠂ ᠣᠶᠤᠨᠴᠢ ᠮᠠᠯ ᠠᠵᠤ ᠠᠬᠤᠶ ᠵᠢᠨ ᠲᠥᠬᠥᠭᠡᠷᠦᠮᠵᠢ ᠵᠡᠷᠭᠡ ᠵᠢ ᠲᠥᠬᠥᠷᠵᠢᠭᠦᠯᠦᠨ ᠦᠭᠴᠦ᠂ ᠮᠠᠯ ᠠᠵᠤ ᠠᠬᠤᠢ ᠵᠢᠨ ᠠᠵᠤ ᠦᠢᠯᠡᠰᠵᠢᠨ ᠬᠦᠭᠵᠢᠬᠦ ᠵᠢ ᠲᠠᠰᠤᠷᠠᠯᠲᠠ ᠦᠭᠡᠢ ᠠᠬᠢᠭᠤᠯᠪᠠ᠃ ᠡᠭᠦᠨ᠎ᠡᠴᠡ ᠭᠠᠳᠠᠨ᠎ᠠ᠂ ᠲᠤᠰ ᠭᠠᠴᠠᠭ᠎ᠠ ᠪᠠᠰᠠ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠥᠷᠭᠡᠨ᠎ᠢᠶᠡᠷ ᠤᠬᠠᠭᠤᠯᠵᠤ᠂ ᠮᠠᠯᠴᠢᠨ ᠲᠦᠮᠡᠨ ᠳ᠋ᠤ ᠦᠨᠳᠦᠰᠦᠲᠡᠨ᠎ᠦ ᠪᠦᠯᠬᠦᠮᠳᠡᠯ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠤᠬᠠᠢ ᠠᠭᠤᠯᠭ᠎ᠠ ᠵᠢ ᠤᠬᠠᠭᠤᠯᠤᠭᠰᠠᠨ ᠪᠦᠭᠡᠳ ᠡᠯᠪᠡᠭ ᠪᠠᠶᠠᠯᠢᠭ ᠤᠳᠭ᠎ᠠ ᠤᠷᠠᠯᠢᠭ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠦᠷᠨᠢᠭᠦᠯᠵᠦ᠂ ᠮᠠᠯᠴᠢᠨ ᠲᠦᠮᠡᠨ᠎ᠦ ᠣᠶᠤᠨ᠎ᠤ ᠠᠮᠢᠳᠤᠷᠠᠯ᠎ᠢ ᠪᠠᠶᠠᠯᠢᠭ᠍ᠵᠢᠭᠤᠯᠤᠭᠰᠠᠨ ᠪᠠᠢᠨ᠎ᠠ᠃

ᠤᠯᠠᠭᠠᠨᠭᠡᠷᠡᠯ ᠭᠠᠴᠠᠭ᠎ᠠ ᠬᠢᠯᠢ ᠬᠢᠵᠠᠭᠠᠷ᠎ᠢ ᠪᠡᠬᠢᠵᠢᠭᠦᠯᠦᠨ ᠬᠢᠯᠢ ᠬᠢᠵᠠᠭᠠᠷ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠢᠨᠵᠧᠨᠧᠷᠢᠩ ᠵᠢᠡᠷ ᠭᠠᠴᠠᠭᠠᠨ᠎ᠤ ᠠᠵᠤ ᠠᠬᠤᠶ᠎ᠶ᠋ᠢᠨ ᠬᠥᠭ᠌ᠵᠢᠯᠲᠡ ᠪᠠ ᠨᠡᠢᠭᠡᠮ᠎ᠦᠨ ᠳᠠᠪᠱᠢᠯᠲᠠ᠎ᠶ᠋ᠢ ᠠᠬᠢᠭᠤᠯᠬᠤ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠬᠠᠨ ᠨᠡᠢᠭᠡᠮ᠎ᠦᠨ ᠲᠣᠭ᠍ᠲᠠᠭᠤᠨ᠎ᠢ ᠪᠠᠲᠤᠯᠠᠬᠤ ᠴᠢᠬᠤᠯᠠ ᠶᠡᠬᠡ ᠠᠷᠭ᠎ᠠ ᠬᠡᠮᠵᠢᠶ᠎ᠡ ᠪᠣᠯᠭᠠᠵᠤ᠂ ᠨᠠᠷᠢᠨ ᠨᠢᠮᠪᠠᠶ ᠪᠠᠢᠷᠢᠯᠠᠭᠤᠯᠤᠨ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠴᠥᠬᠥᠷᠡᠰᠢ ᠥᠬᠡᠶ ᠴᠢᠷᠮᠠᠢᠭᠰᠠᠨ ᠵᠢᠡᠷ ᠮᠠᠯᠴᠢᠳ᠎ᠤᠨ ᠠᠮᠢᠳᠤᠷᠠᠯ ᠡᠳᠦᠷ ᠢᠷᠡᠬᠦᠶ᠎ᠡ ᠰᠠᠢᠵᠢᠷᠠᠵᠤ᠂ ᠪᠦᠬᠦ ᠭᠠᠴᠠᠭ᠎ᠠ ᠴᠤ᠌ ᠴᠣ᠋ ᠱᠢᠨ᠎ᠡ ᠳᠦᠷᠰᠦ ᠪᠠᠢᠳᠠᠯ᠎ᠲᠠᠶ ᠪᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号