1 ᠰᠠᠷ᠎ᠠ᠎ᠶ᠋ᠢᠨ 18 ᠤ ᠡᠳᠦᠷ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠲᠢᠩᠬᠢᠮ 2022 ᠣᠨ᠎ᠤ ᠪᠥᠬᠥ᠌ ᠣᠷᠣᠨ᠎ᠤ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠯᠲᠠ᠎ᠶ᠋ᠢᠨ ᠰᠣᠷᠣᠭ᠍ᠴᠢ ᠡᠯᠰᠡᠬᠦ᠌ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠵᠤ᠂ 2022 ᠣᠨ᠎ᠤ ᠪᠥᠬᠥ᠌ ᠣᠷᠣᠨ᠎ᠤ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠯᠲᠠ᠎ᠶ᠋ᠢᠨ ᠰᠣᠷᠣᠭ᠍ᠴᠢ ᠡᠯᠰᠡᠬᠦ᠌ ᠠᠵᠢᠯ᠎ᠢ ᠪᠥᠬᠥ᠌ ᠲᠠᠯ᠎ᠠ᠎ᠪᠠᠷ ᠪᠠᠢᠷᠢᠯᠠᠭᠤᠯᠪᠠ᠃
ᠣᠢᠯᠠᠭᠠᠭ᠍ᠰᠠᠨ᠎ᠢᠶᠠᠷ《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠦᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠯᠲᠠ᠎ᠶ᠋ᠢᠨ ᠰᠣᠷᠣᠭ᠍ᠴᠢ ᠡᠯᠰᠡᠬᠦ᠌ ᠠᠵᠢᠯ᠎ᠤᠨ ᠲᠥᠰᠦᠯ》᠎ᠢ ᠨᠢᠭᠡᠨᠲᠡ ᠳᠠᠷᠤᠮᠠᠯᠯᠠᠨ ᠲᠠᠷᠬᠠᠭᠠᠪᠠ᠂ ᠪᠠᠢᠷᠢᠯᠠᠭᠤᠯᠤᠯᠲᠠ᠎ᠶ᠋ᠢ ᠦᠨᠳᠦᠰᠦᠯᠡᠪᠡᠯ᠂ ᠡᠨᠡ ᠵᠢᠯ ᠮᠠᠨ᠎ᠤ ᠤᠷᠤᠨ᠎ᠤ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠯᠲᠠ᠎ᠶ᠋ᠢᠨ ᠰᠣᠷᠣᠭ᠍ᠴᠢ ᠡᠯᠰᠡᠬᠦ᠌ ᠠᠵᠢᠯ᠎ᠳᠤ ᠬᠣᠶᠠᠷ ᠴᠢᠬᠤᠯᠠ ᠬᠤᠪᠢᠷᠠᠯᠲᠠ᠎ᠲᠠᠶ᠄
· ᠠᠩᠬ᠎ᠠ ᠤᠳᠠᠭ᠎ᠠ ᠨᠢᠭᠡᠳᠦᠯᠲᠡᠶ ᠱᠢᠯᠭᠠᠯᠲᠠ ᠬᠢᠬᠦ ᠰᠣᠷᠣᠭ᠍ᠴᠢ ᠡᠯᠰᠡᠬᠦ᠌ ᠠᠷᠭ᠎ᠠ ᠮᠠᠶᠢᠭ᠎ᠢᠶᠠᠷ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠷᠠᠭᠤᠯᠤᠯᠲᠠ᠎ᠶ᠋ᠢ ᠵᠣᠬᠢᠶᠠᠨ ᠪᠠᠢᠭᠤᠯᠤᠨ᠎ᠠ︔
· ᠴᠡᠷᠢᠭ ᠠᠴᠠ ᠬᠠᠯᠠᠭᠳᠠᠭᠰᠠᠠ ᠣᠶᠤᠲᠠᠨ ᠪᠠᠢᠯᠳᠤᠭ᠍ᠴᠢ ᠶ᠋ᠢ ᠱᠢᠯᠭᠠᠬᠤ ᠥᠬᠡᠶ᠎ᠪᠡᠷ ᠡᠯᠰᠡᠬᠦ᠌ ᠲᠥᠷᠥ᠎ᠶ᠋ᠢᠨ ᠪᠣᠳᠣᠯᠭ᠎ᠠ᠎ᠶ᠋ᠢ ᠠᠩᠬ᠎ᠠ ᠤᠳᠠᠭ᠎ᠠ ᠬᠡᠷᠡᠭ᠌ᠵᠢᠭᠦᠯᠦᠨ᠎ᠠ᠃
ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ ( ᠲᠤᠰᠭᠠᠶ ᠮᠡᠷᠭᠡᠵᠢᠯ ) ᠡᠴᠡ ᠲᠡᠭᠦᠰᠦᠭ᠌ᠰᠡᠨ ᠰᠣᠷᠣᠭ᠍ᠴᠢ ᠵᠢᠴᠢ ᠰᠤᠷᠭᠠᠭᠤᠯᠢ᠎ᠳᠤ ᠪᠠᠢᠭ᠎ᠠ ᠰᠣᠷᠣᠭ᠍ᠴᠢ (ᠳᠡᠭᠡᠳᠦ ᠰᠤᠷᠭᠠᠭᠤᠯᠢ᠎ᠶ᠋ᠢᠨ ᠱᠢᠨ᠎ᠡ ᠰᠣᠷᠣᠭ᠍ᠴᠢ ᠵᠢ ᠪᠠᠭ᠍ᠲᠠᠭᠠᠨ᠎ᠠ) ᠴᠡᠷᠢᠭ᠎ᠲᠦ ᠡᠯᠰᠡᠭ᠌ᠳᠡᠨ ᠣᠷᠣᠵᠤ᠂ ᠴᠡᠷᠢᠭ᠎ᠠᠴᠠ ᠬᠠᠯᠠᠭᠳᠠᠭᠰᠠᠠ ᠤ ᠳᠠᠷᠠᠭ᠎ᠠ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ (ᠲᠤᠰᠭᠠᠶ ᠮᠡᠷᠭᠡᠵᠢᠯ) ᠤᠨ ᠰᠤᠷᠤᠯᠭ᠎ᠠ ᠪᠠᠨ ᠲᠡᠭᠦᠰᠪᠡᠯ ᠬᠣᠯᠪᠣᠭ᠍ᠳᠠᠯ ᠪᠥᠬᠥᠶ ᠳᠡᠭᠡᠳᠦ ᠰᠤᠷᠭᠠᠭᠤᠯᠢ ᠳ᠋ᠦ ᠴᠡᠷᠢᠭ᠎ᠠᠴᠠ ᠬᠠᠯᠠᠭᠳᠠᠭᠰᠠᠠ ᠣᠶᠤᠲᠠᠨ ᠪᠠᠢᠯᠳᠤᠭ᠍ᠴᠢ᠎ᠶ᠋ᠢ ᠱᠢᠯᠭᠠᠬᠤ ᠥᠬᠡᠶ᠎ᠪᠡᠷ ᠲᠤᠰᠭᠠᠶ ᠮᠡᠷᠭᠡᠵᠢᠯ᠎ᠤᠨ ᠠᠡᠭᠭᠢ᠎ᠡᠴᠡ ᠵᠢᠩᠬᠢᠨᠢ ᠠᠩᠭᠢ᠎ᠳᠤ ᠲᠡᠪᠱᠢᠭᠦᠯᠭᠦ ᠳ᠋ᠦ ᠤᠷᠤᠯᠴᠬᠤ ᠪᠡᠷ ᠭᠤᠶᠤᠴᠢᠯᠠᠵᠤ ᠪᠤᠯᠤᠨ᠎ᠠ᠃ ᠵᠠᠷᠴᠢᠮ ᠳᠡᠭᠡᠷ᠎ᠡ᠎ᠪᠡᠨ ᠰᠣᠷᠣᠭ᠍ᠴᠢ ᠡᠯᠰᠡᠬᠦ᠌ ᠨᠥᠬᠥᠴᠡᠯ᠎ᠳᠦ ᠨᠡᠢᠴᠡᠵᠦ᠍᠂ ᠥᠪᠥᠷ ᠮᠣᠩᠭᠣᠯ᠎ᠳᠤ ᠴᠡᠷᠢᠭ᠎ᠲᠦ ᠡᠯᠰᠡᠭ᠌ᠳᠡᠭᠰᠡᠨ ᠴᠡᠷᠢᠭᠡᠴᠠ ᠬᠠᠯᠠᠭᠳᠠᠭᠰᠠᠠ ᠣᠶᠤᠲᠠᠨ ᠪᠠᠢᠯᠳᠤᠭ᠍ᠴᠢ 2022 ᠣᠨ᠎ᠤ ᠪᠥᠬᠥ᠌ ᠣᠷᠣᠨ᠎ᠤ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠯᠲᠠ ᠳ᠋ᠦ ᠰᠢᠯᠭᠠᠬᠤ ᠥᠬᠡᠶ᠎ᠪᠡᠷ ᠰᠣᠷᠣᠭ᠍ᠴᠢ ᠡᠯᠰᠡᠬᠦ᠌᠎ᠳᠦ ᠣᠷᠣᠯᠴᠠᠬᠤ᠎ᠪᠠᠷ ᠭᠤᠶᠤᠴᠢᠯᠠᠵᠤ ᠪᠣᠯᠤᠨ᠎ᠠ᠃ ᠮᠠᠨ᠎ᠤ ᠤᠷᠤᠨ᠎ᠤ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠰᠣᠷᠣᠭ᠍ᠴᠢ ᠡᠯᠰᠡᠬᠦ᠌ ᠲᠦᠷᠢᠮ᠎ᠦᠨ ᠨᠢᠭᠡ ᠤᠳᠠᠭᠠᠨ᠎ᠤ ᠴᠢᠬᠤᠯᠠ ᠥᠭᠡᠷᠡᠴᠢᠯᠡᠯᠲᠡ ᠪᠣᠯᠤᠭ᠍ᠰᠠᠨ᠎ᠤ ᠬᠤᠪᠢ᠎ᠳᠤ᠂ ᠡᠲᠡᠭᠡᠷ ᠬᠤᠪᠢᠷᠠᠯᠲᠠ ᠨᠢ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ ᠶ᠋ᠢᠨ ᠰᠤᠷᠤᠭ᠍ᠴᠢᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠳᠤ ᠬᠣᠯᠪᠣᠭ᠍ᠳᠠᠵᠤ᠂ ᠬᠥᠮᠦᠰ᠎ᠦᠨ ᠠᠩᠬᠠᠷᠤᠯ᠎ᠢ ᠶᠡᠬᠡᠳᠡ ᠲᠠᠲᠠᠭᠰᠠᠨ ᠪᠠᠢᠨ᠎ᠠ᠃
ᠣᠢᠷ᠎ᠠ ᠶ᠋ᠢᠨ ᠵᠢᠯ ᠦᠳ ᠲᠦ ᠤᠯᠤᠰ ᠠᠴᠠ ᠲᠤᠰᠭᠠᠶ ᠮᠡᠷᠭᠡᠵᠢᠯ ᠦᠨ ᠠᠩᠭᠢ ᠠᠴᠠ ᠵᠢᠩᠬᠢᠨᠢ ᠠᠩᠭᠢ᠎ᠳᠤ ᠳᠡᠪᠱᠢᠬᠦ᠌ ᠰᠣᠷᠣᠭ᠍ᠴᠢ ᠡᠯᠰᠡᠬᠦ᠌ ᠬᠡᠪᠴᠢᠶ᠎ᠡ᠎ᠶ᠋ᠢ ᠵᠠᠯᠭᠠᠭ᠎ᠠ᠎ᠪᠠᠷ ᠥᠷᠭᠡᠳᠭᠡᠭᠰᠡᠨ ᠨᠢ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠠᠴᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠰᠠᠭᠤᠷᠢᠯᠠᠨ ᠭᠠᠷᠭᠠᠭ᠍ᠰᠠᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠮᠥᠨ᠂ ᠪᠠᠰᠠ ᠴᠤ᠌ ᠰᠤᠷᠭᠠᠨ ᠬᠥᠮᠦᠵᠢᠯ᠎ᠦᠨ ᠲᠥᠪ ᠭᠤᠤᠯᠴᠢ ᠪᠠ ᠨᠡᠢᠭᠡᠮ᠎ᠦᠨ ᠲᠥᠪ ᠭᠤᠤᠯᠴᠢ᠎ᠶ᠋ᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠱᠠᠭᠠᠷᠳᠠᠭ᠍ᠰᠠᠨ ᠨᠢ᠂ ᠪᠥᠬᠥ᠌ ᠣᠷᠣᠨ᠎ᠤ ᠡᠯ᠎ᠡ ᠭᠠᠵᠠᠷ᠎ᠤᠨ ᠳᠡᠭᠡᠳᠦ ᠰᠤᠷᠭᠠᠭᠤᠯᠢ ᠨᠤᠭᠤᠳ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠯᠲᠠ ᠶ᠋ᠢᠨ ᠰᠣᠷᠣᠭ᠍ᠴᠢ ᠡᠯᠰᠡᠬᠦ᠌ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠴᠢᠨᠠᠷ᠎ᠢ ᠭᠦᠶ᠋ᠴᠡᠳ ᠲᠠᠨᠢᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠦᠨ᠂ ᠤᠯᠤᠰ ᠲᠥᠷᠥ ᠶ᠋ᠢᠨ ᠤᠬᠠᠮᠰᠠᠷ ᠢᠶᠠᠨ ᠬᠦᠴᠦᠯᠡᠨ ᠴᠢᠩᠭᠠᠳᠭᠠᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠬᠦᠴᠦᠲᠡᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠯᠲᠠ᠎ᠶ᠋ᠢᠨ ᠰᠣᠷᠣᠭ᠍ᠴᠢ ᠡᠯᠰᠡᠬᠦ᠌ ᠠᠵᠢᠯ᠎ᠤᠨ ᠤᠷᠤᠭ᠍ᠰᠢᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠬᠡᠵᠡᠢ᠃
2022 ᠣᠨ᠎ᠳᠤ ᠮᠠᠨ᠎ᠤ ᠤᠷᠤᠨ᠎ᠤ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠯᠲᠠ᠎ᠶ᠋ᠢᠨ ᠰᠣᠷᠣᠭ᠍ᠴᠢ ᠡᠯᠰᠡᠬᠦ᠌ ᠠᠵᠢᠯ᠎ᠢ 3 ᠰᠠᠷ᠎ᠠ᠎ᠠᠴᠠ 6 ᠰᠠᠷ᠎ᠠ ᠪᠣᠯᠲᠠᠯ᠎ᠠ ᠶᠠᠪᠤᠭᠳᠠᠵᠤ᠂ ᠬᠢᠷᠢ ᠬᠡᠮ᠎ᠢ ᠬᠢᠨᠠᠨ ᠬᠠᠷᠭᠤᠭᠤᠯᠬᠤ᠂ ᠨᠡᠷ᠎ᠡ ᠮᠡᠳᠡᠭᠦᠯᠬᠦ᠌᠂ ᠡᠷᠡᠮᠡᠯᠵᠡᠯ ᠲᠠᠭ᠍ᠯᠠᠬᠤ᠂ ᠪᠥᠬᠥ᠌ ᠣᠷᠣᠨ᠎ᠤ ᠨᠢᠭᠡᠳᠦᠯᠲᠡᠶ ᠱᠢᠯᠭᠠᠯᠲᠠ ᠬᠢᠬᠦ᠌᠂ ᠰᠣᠷᠣᠭ᠍ᠴᠢ ᠡᠯᠰᠡᠬᠦ᠌ ᠵᠡᠷᠭᠡ ᠬᠡᠷᠡᠭ᠌ᠵᠢᠭᠦᠯᠬᠦ᠌ ᠨᠠᠷᠢᠨ ᠲᠦᠷᠢᠮ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠲᠥᠪ ᠡᠴᠡ ᠲᠣᠭ᠍ᠲᠠᠭᠠᠬᠤ ᠶ᠋ᠢᠨ ᠬᠠᠮᠲᠤ ᠴᠠᠭ ᠲᠤᠨᠢ ᠳᠣᠭᠢᠷᠠᠭᠤᠯᠤᠨ ᠨᠡᠢᠲᠡᠯᠡᠨ᠎ᠡ᠃
ᠢᠷᠡᠯᠳᠡ᠄ ᠦᠪᠦᠷ ᠮᠤᠡᠭᠭᠤᠯ᠎ᠤᠨ ᠡᠳᠦᠷ᠎ᠤᠨ ᠰᠤᠨᠢᠨ