ᠮᠣᠳᠣᠨ᠎ᠤ ᠵᠢᠯ᠎ᠦᠨ ᠴᠠᠭᠠᠷᠢᠭ᠎ᠤᠨ ᠨᠢᠭᠤᠴᠠ
2022-01-21 16:26:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠮᠡᠳᠡᠭᠡᠵᠢ ᠪᠡᠷ᠂ ᠮᠤᠳᠤᠨ᠎ᠤ ᠵᠢᠯ᠎ᠦᠨ ᠴᠠᠭᠠᠷᠢᠭ᠎ᠢᠶᠡᠷ ᠮᠣᠳᠣᠨ᠎ᠤ ᠨᠠᠰᠤ᠎ᠶ᠋ᠢ ᠲᠠᠭᠠᠵᠤ ᠮᠡᠳᠡᠳᠡᠭ᠂ ᠨᠢᠭᠡ ᠴᠠᠭᠠᠷᠢᠭ ᠨᠢ ᠨᠢᠭᠡ ᠨᠠᠰᠤ᠎ᠶᠢ ᠲᠦᠯᠦᠭᠡᠯᠡᠨ᠎ᠡ᠃ ᠲᠡᠭᠡᠪᠡᠯ ᠵᠢᠯ᠎ᠤᠨ ᠴᠠᠭᠠᠷᠢᠭ᠎ᠬᠡᠷᠬᠢᠨ ᠪᠦᠷᠢᠯᠳᠦᠭ᠌ᠰᠡᠨ ᠪᠤᠢ ?ᠵᠢᠯ᠎ᠤᠨ ᠴᠠᠭᠠᠷᠢᠭ ᠨᠢ ᠮᠤᠳᠤᠨ᠎ᠤ ᠨᠠᠰᠤ ᠵᠢᠯ ᠡᠴᠡ ᠭᠠᠳᠠᠨ᠎ᠠ ᠪᠠᠰᠠ ᠪᠢᠳᠡᠨ᠎ᠳᠤ ᠶᠠᠮᠠᠷ ᠮᠡᠳᠡᠭᠡ ᠲᠠᠮᠵᠢᠭᠤᠯᠳᠠᠭ ᠪᠤᠯ ?


QQ图片20220121162100.png


ᠮᠣᠳᠣᠨ᠎ᠤ ᠵᠢᠯ᠎ᠤᠨ ᠴᠠᠭᠠᠷᠢᠭ ᠪᠤᠯᠤᠨ ᠠᠭᠤᠷ ᠠᠮᠢᠰᠭᠤᠯ

ᠵᠢᠯ᠎ᠦᠨ ᠴᠠᠭᠠᠷᠢᠭ᠎ᠤᠨ ᠬᠤᠭᠤᠷᠤᠨᠳᠤᠬᠢ ᠥᠷᠭᠡᠨ ᠨᠠᠷᠢᠨ ᠡᠴᠡ ᠮᠣᠳᠣᠨ᠎ᠤ ᠦᠰᠦᠯᠳᠡ ᠵᠢᠴᠢ ᠮᠤᠳᠤ ᠪᠤᠯᠤᠨ ᠲᠤᠬᠠᠶ᠎ᠶ᠋ᠢᠨ ᠭᠠᠵᠠᠷ᠎ᠤᠨ ᠠᠭᠤᠷ ᠠᠮᠢᠰᠭᠤᠯ᠎ᠤᠨ ᠬᠤᠭᠤᠷᠤᠨᠳᠤᠬᠢ ᠬᠠᠷᠢᠴᠠᠭ᠎ᠠ᠎ᠶ᠋ᠢ ᠣᠢᠯᠠᠭᠠᠵᠤ ᠪᠤᠯᠤᠨ᠎ᠠ᠃ ᠡᠬᠦᠨ᠎ᠳᠤ᠂ ᠠᠭᠤᠷ ᠠᠮᠢᠰᠭᠤᠯ ᠲᠤᠬᠢᠷᠠᠮᠵᠢᠲᠠᠢ ᠦᠶᠡᠰ ᠮᠣᠳᠣᠨ᠎ᠤ ᠤᠷᠭᠤᠴᠠ ᠰᠠᠢ᠌ᠨ᠂ ᠵᠢᠯ᠎ᠦᠨ ᠴᠠᠭᠠᠷᠢᠭ ᠨᠢ ᠴᠦ᠍ ᠨᠡᠯᠢᠶᠡᠳ ᠥᠷᠭᠡᠨ ᠪᠠᠢᠳᠠᠭ᠂ ᠡᠬᠦᠨ᠎ᠤ ᠡᠰᠡᠷᠭᠦ᠎ᠪᠡᠷ᠂ ᠠᠭᠤᠷ ᠠᠮᠢᠰᠬᠤᠯ ᠲᠤᠬᠢᠷᠠᠮᠵᠢ ᠦᠭᠡᠢ ᠪᠤᠯ ᠮᠤᠳᠤᠨ᠎ᠤ ᠵᠢᠯ᠎ᠦᠨ ᠴᠠᠭᠠᠷᠢᠭ ᠨᠢ᠎ᠴᠤ ᠨᠠᠷᠢᠬᠠᠨ ᠪᠤᠯᠤᠨ᠎ᠠ᠃ ᠵᠢᠱ᠌ᠢᠶᠡᠯᠡᠪᠡᠯ᠂ ᠨᠢᠭᠡ ᠰᠠᠭᠤᠷᠢ ᠮᠣᠳᠣᠨ ᠳ᠋ᠤ ᠮᠠᠰᠢ ᠣᠯᠠᠨ ᠨᠠᠷᠢᠨ ᠵᠢᠯ᠎ᠦᠨ ᠴᠠᠭᠠᠷᠢᠭ ᠢᠯᠡᠷᠡᠭ᠌ᠰᠡᠨ᠎ᠦ ᠳᠠᠷᠠᠭ᠎ᠠ ᠭᠡᠨᠡᠳᠲᠡ ᠨᠡᠯᠢᠶᠡᠳ ᠥᠷᠭᠡᠨ ᠵᠢᠯ᠎ᠦᠨ ᠴᠠᠭᠠᠷᠢᠭ ᠢᠯᠡᠷᠡᠭ᠌ᠰᠡᠨ ᠪᠤᠯ ᠲᠤᠬᠠᠶ᠎ᠶ᠋ᠢᠨ ᠦᠶ᠎ᠡ᠎ᠶ᠋ᠢᠨ ᠠᠭᠤᠷ ᠠᠮᠢᠰᠭᠤᠯ᠎ᠤᠨ ᠨᠥᠬᠥᠴᠡᠯ ᠠᠨᠠᠶ ᠪᠠᠢᠬᠰᠠᠨ ᠡᠴᠡ ᠲᠣᠬᠢᠷᠠᠮᠵᠢᠲᠠᠢ ᠪᠣᠯᠤᠭ᠍ᠰᠠᠨ᠎ᠢ ᠬᠠᠷᠠᠭᠤᠯᠵᠤ ᠪᠠᠢᠨ᠎ᠠ᠃ ᠬᠡᠷᠪᠡ ᠠᠭᠠᠷ᠎ᠤᠨ ᠳᠤᠯᠠᠭᠠᠨ ᠭᠡᠨᠡᠳᠲᠡ ᠳᠣᠷᠣᠭ᠍ᠰᠢᠯᠠᠵᠤ᠂ ᠳᠠᠷᠠᠭ᠎ᠠ ᠨᠢ ᠪᠠᠰᠠ ᠳᠤᠯᠠᠭᠠᠨ ᠪᠣᠯᠤᠭᠰᠠᠨ ᠪᠤᠯ ᠮᠤᠳᠤ ᠨᠢᠭᠡ ᠵᠢᠯ᠎ᠳᠤ ᠬᠤᠶᠠᠷ ᠵᠢᠯ᠎ᠤᠨ ᠴᠠᠭᠠᠷᠢᠭ ᠪᠤᠢ ᠪᠤᠯᠬᠤ ᠪᠤᠯᠤᠮᠵᠢ ᠲᠠᠢ᠃


QQ图片20220121162107.png


ᠮᠣᠳᠣᠨ᠎ᠤ ᠵᠢᠯ᠎ᠦᠨ ᠴᠠᠭᠠᠷᠢᠭ ᠪᠤᠯᠤᠨ ᠲᠡᠦᠬᠡ

ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨᠲᠠᠳ ᠡᠷᠲᠡᠨ᠎ᠦ ᠮᠣᠳᠣᠨ᠎ᠤ ᠵᠢᠯ᠎ᠦᠨ ᠴᠠᠭᠠᠷᠢᠭ᠎ᠤᠨ ᠲᠤᠬᠠᠶ ᠰᠤᠳᠤᠯᠭᠠᠨ᠎ᠢᠶᠠᠷ ᠳᠡᠮᠵᠢᠨ ᠢᠯᠡᠷᠡᠭᠦᠯᠦᠭ᠌ᠰᠡᠨ ᠨᠢ᠂ 2200 ᠭᠠᠷᠤᠶ ᠵᠢᠯ᠎ᠦᠨ ᠡᠮᠦᠨᠡᠬᠢ ᠴᠢᠨ ᠤᠯᠤᠰ᠎ᠤᠨ ᠡᠬᠢᠨ᠎ᠦ ᠦᠶ᠎ᠡ᠎ᠳᠦ᠂ ᠮᠣᠳᠣᠨ᠎ᠤ ᠤᠷᠭᠤᠴᠠ ᠨᠡᠯᠢᠶᠡᠳ ᠰᠠᠢᠨ ᠪᠠᠢᠭ᠍ᠰᠠᠨ ᠪᠣᠯᠪᠠᠴᠤ᠌ ᠴᠢᠨ ᠤᠯᠤᠰ᠎ᠤᠨ ᠰᠡᠭᠦᠯᠴᠢ᠎ᠶ᠋ᠢᠨ ᠦᠶ᠎ᠡ ᠪᠣᠯᠬᠤ᠎ᠳᠤ᠂ ᠮᠣᠳᠣᠨ᠎ᠤ ᠤᠷᠭᠤᠴᠠ ᠮᠠᠭᠤᠳᠠᠵᠠᠶ᠃ ᠡᠨᠡ ᠨᠢ ᠲᠤᠬᠠᠶ᠎ᠶ᠋ᠢᠨ ᠦᠶ᠎ᠡ᠎ᠶ᠋ᠢᠨ ᠠᠭᠤᠷ ᠠᠮᠢᠰᠭᠤᠯ ᠨᠢ ᠤᠷᠭᠤᠮᠠᠯ᠎ᠤᠨ ᠥᠰᠥᠯᠲᠡ᠎ᠳᠦ ᠳᠣᠭᠢᠷᠠᠬᠤ ᠥᠬᠡᠶ ᠪᠣᠯᠤᠭ᠍ᠰᠠᠨ᠎ᠢ ᠬᠠᠷᠠᠭᠤᠯᠵᠤ ᠪᠠᠢᠨ᠎ᠠ᠃ ᠮᠦᠨ ᠴᠸ᠋ ᠡᠨᠡ ᠦᠶ᠎ᠡ᠎ᠳᠤ᠂ ᠠᠮᠤ ᠪᠤᠳᠠᠭᠠᠨ᠎ᠤ ᠤᠨᠠᠯᠲᠠ ᠶᠡᠬᠡ ᠬᠡᠮᠵᠢᠶ᠎ᠡ ᠪᠡᠷ ᠬᠠᠰᠤᠬᠳᠠᠵᠤ᠂ ᠡᠨᠡ ᠨᠢ  ᠴᠢᠨ ᠤᠯᠤᠰ ᠮᠥᠬᠥᠭᠰᠡᠨ᠎ᠤ ᠪᠠᠰᠠ ᠨᠢᠭᠡᠨ ᠴᠢᠬᠤᠯᠠ ᠱᠢᠯᠲᠠᠭᠠᠨ ᠪᠠᠢᠵᠤ ᠮᠡᠳᠡᠨ᠎ᠡ ᠭᠡᠵᠡᠢ᠃ ᠮᠠᠯᠲᠠᠵᠤ ᠭᠠᠷᠭᠠᠭ᠍ᠰᠠᠨ ᠮᠠᠰᠢ ᠣᠯᠠᠨ ᠡᠷᠲᠡᠨ᠎ᠦ ᠣᠩᠭᠣᠨ ᠳᠣᠲᠣᠷ᠎ᠠ ᠪᠦᠷ ᠮᠣᠳᠣᠨ ᠮᠠᠲ᠋ᠧᠷᠢᠶᠠᠯ᠎ᠤᠨ ᠪᠦᠲᠦᠭᠡᠭ᠌ᠳᠡᠬᠦᠨ ᠪᠠᠢᠳᠠᠭ᠃ ᠡᠢᠮᠦ ᠡᠴᠡ ᠱᠢᠨᠵᠢᠯᠡᠬᠦ᠌ ᠤᠬᠠᠭᠠᠨᠲᠠᠳ ᠮᠤᠳᠤᠨ᠎ᠤ ᠵᠢᠯ᠎ᠦᠨ ᠴᠠᠭᠠᠷᠢᠭ᠎ᠤᠨ ᠬᠠᠷᠢᠴᠠᠭᠤᠯᠤᠯ᠎ᠢᠶᠠᠷ ᠳᠠᠮᠵᠢᠨ ᠪᠠᠰᠠ ᠣᠩᠭᠣᠨ᠎ᠤ ᠤᠨ ᠵᠢᠯ᠎ᠢ ᠲᠠᠭᠠᠳᠠᠭ᠃


QQ图片20220121162812.png


ᠮᠣᠳᠣᠨ᠎ᠤ ᠵᠢᠯ᠎ᠦᠨ ᠴᠠᠭᠠᠷᠢᠭ ᠪᠤᠯᠤᠨ ᠡᠯᠧᠮᠧᠨ᠋ᠲ

ᠮᠣᠳᠣᠨ᠎ᠤ ᠡᠯ᠎ᠡ ᠴᠠᠭ ᠬᠤᠭᠤᠴᠠᠭᠠᠨ᠎ᠳᠤ ᠠᠭᠤᠯᠤᠭ᠍ᠳᠠᠬᠤ ᠡᠯᠧᠮᠧᠨ᠋ᠲ᠎ᠦᠨ ᠪᠦᠷᠢᠯᠳᠦᠬᠦᠨ᠎ᠢ ᠰᠤᠳᠤᠯᠬᠤ᠎ᠪᠠᠷ ᠳᠠᠮᠵᠢᠨ᠂ ᠲᠤᠬᠠᠶ᠎ᠶ᠋ᠢᠨ ᠣᠷᠴᠢᠨ ᠲᠣᠭᠣᠷᠢᠨ᠎ᠳᠠᠬᠢ ᠡᠯᠧᠮᠧᠨ᠋ᠲ᠎ᠦᠨ ᠠᠭᠤᠯᠤᠭ᠍ᠳᠠᠴᠠ᠎ᠶ᠋ᠢ ᠮᠡᠳᠡᠵᠦ᠍ ᠪᠣᠯᠤᠨ᠎ᠠ᠃ ᠬᠡᠷᠪᠡ ᠮᠣᠳᠣᠨ ᠳᠣᠲᠣᠷ᠎ᠠ ᠶᠠᠮᠠᠷ ᠨᠢᠭᠡᠨ ᠡᠯᠧᠮᠧᠨ᠋ᠲ ᠶᠡᠷᠦ᠍᠎ᠨᠢ ᠳᠤᠲᠠᠭ᠍ᠳᠠᠵᠤ ᠪᠠᠢᠪᠠᠯ᠂ ᠲᠤᠬᠠᠶ᠎ᠶ᠋ᠢᠨ ᠣᠷᠴᠢᠨ ᠲᠣᠭᠣᠷᠢᠨ ᠳ᠋ᠤ ᠡᠢᠮᠦ᠍ᠷᠬᠦ ᠡᠯᠧᠮᠧᠨ᠋ᠲ ᠳᠤᠲᠠᠭ᠍ᠳᠠᠵᠤ ᠪᠠᠢᠬᠤ᠎ᠶ᠋ᠢ ᠬᠠᠷᠠᠭᠤᠯᠤᠨ᠎ᠠ᠃

ᠮᠤᠳᠤᠨ᠎ᠤ ᠵᠢᠯ᠎ᠦᠨ ᠴᠠᠭᠠᠷᠢᠭ᠎ᠠᠴᠠ ᠪᠢᠳᠡ ᠪᠠᠰᠠ ᠲᠤᠬᠠᠢ᠎ᠶᠢᠨ ᠦᠶ᠎ᠡ᠎ᠳᠤ ᠡᠬᠦᠰᠦᠭᠰᠡᠨ ᠬᠣᠷᠣᠬᠠᠶ᠎ᠶ᠋ᠢᠨ ᠭᠠᠮᠰᠢᠭ᠂ ᠭᠠᠯ᠎ᠤᠨ ᠠᠶᠤᠯ᠂ ᠭᠠᠯᠲᠤ ᠠᠭᠤᠯᠠᠨ ᠲᠡᠯᠪᠡᠷᠡᠯᠳᠡ ᠵᠡᠷᠭᠡ ᠪᠠᠢᠳᠠᠯ᠎ᠢ ᠮᠡᠳᠡᠵᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号