ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ ᠲᠠᠮᠵᠢᠭᠤᠯᠬᠤ ᠪᠠᠢᠷᠢ᠎ᠶ᠋ᠢ ᠲᠤᠭᠳᠠᠭᠠᠪᠡ
2022-01-21 22:08:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠡᠷᠬᠢᠯᠡᠭ᠌ᠰᠡᠨ ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ ᠲᠠᠮᠵᠢᠭᠤᠯᠬᠤ ᠪᠠᠢᠳᠠᠯ ᠎ᠢ ᠮᠡᠳᠡᠭᠳᠡᠭᠦ ᠬᠤᠷᠠᠯ ᠡᠴᠡ ᠣᠢᠯᠠᠭᠠᠭ᠍ᠰᠠᠨ᠎ᠢᠶᠠᠷ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ ᠳᠠᠮᠵᠢᠭᠤᠯᠬᠤ ᠠᠵᠢᠯᠯᠠᠭ᠎ᠠ 2 ᠰᠠᠷ᠎ᠠ᠎ᠶ᠋ᠢᠨ 2 ᠎ᠤᠨ ᠡᠳᠦᠷ᠎ᠡᠴᠡ 4 ᠎ᠦ ᠡᠳᠦᠷ ᠪᠣᠯᠲᠠᠯ᠎ᠠ᠂ ᠪᠡᠭᠡᠵᠢᠩ ᠶᠠᠨ ᠴᠢᠩ᠂ ᠴᠢᠭᠤᠯᠤᠯᠲᠤ ᠬᠠᠭᠠᠯᠭ᠎ᠠ ᠭᠤᠷᠪᠠᠨ ᠤᠷᠤᠯᠳᠤᠭᠠᠨ᠎ᠤ ᠲᠣᠭᠣᠷᠢᠭ᠎ᠲᠤ ᠶᠠᠪᠤᠭ᠍ᠳᠠᠨ᠎ᠠ᠂ ᠡᠭᠦᠨ᠎ᠳᠦ 11 ᠪᠢᠲᠡᠭᠦᠮᠵᠢᠯᠡᠭ᠌ᠰᠡᠨ ᠴᠠᠭᠠᠷᠢᠭ᠎ᠤᠨ ᠭᠠᠳᠠᠨᠠᠬᠢ ᠪᠢᠲᠡᠭᠦᠮᠵᠢᠯᠡᠭ᠌ᠰᠡᠨ ᠣᠷᠣᠨ ᠪᠦᠰᠡ᠂ 1 ᠪᠢᠲᠡᠭᠦᠮᠵᠢᠯᠡᠭ᠌ᠰᠡᠨ ᠴᠠᠭᠠᠷᠢᠭ ᠳᠣᠲᠣᠷᠠᠬᠢ ᠲᠤᠰᠠᠭᠠᠷ ᠳᠠᠮᠵᠢᠭᠤᠯᠬᠤ ᠣᠷᠣᠨ ᠪᠦᠰᠡ ᠪᠠᠭ᠍ᠲᠠᠨ᠎ᠠ᠃

ᠡᠭᠦᠨ᠎ᠳᠦ᠂ ᠪᠡᠭᠡᠵᠢᠩ᠎ᠦᠨ ᠤᠷᠤᠯᠳᠤᠭᠠᠨ᠎ᠤ ᠲᠣᠭᠣᠷᠢᠭ᠎ᠲᠤ ᠨᠡᠢᠲᠡ 4 ᠳᠠᠮᠵᠢᠭᠤᠯᠬᠤ ᠣᠷᠣᠨ ᠭᠠᠷᠭᠠᠵᠤ᠂ ᠶᠠᠨᠴᠢᠩ᠎ᠤᠨ ᠤᠷᠤᠯᠳᠤᠭᠠᠨ᠎ᠤ ᠲᠣᠭᠣᠷᠢᠭ᠎ᠲᠤ ᠨᠡᠢᠲᠡ 2 ᠳᠠᠮᠵᠢᠭᠤᠯᠬᠤ ᠣᠷᠣᠨ ᠭᠠᠷᠭᠠᠵᠤ᠂ ᠴᠢᠭᠤᠯᠤᠯᠲᠤ ᠬᠠᠭᠠᠯᠭ᠎ᠠ᠎ᠶ᠋ᠢᠨ ᠤᠷᠤᠯᠳᠤᠭᠠᠨ᠎ᠤ ᠲᠣᠭᠣᠷᠢᠭ᠎ᠲᠤ ᠨᠡᠢᠲᠡ 5 ᠳᠠᠮᠵᠢᠭᠤᠯᠬᠤ ᠣᠷᠣᠨ ᠭᠠᠷᠭᠠᠪᠠ᠃ ᠪᠣᠳᠠᠲᠠᠶ ᠪᠠᠭ᠍ᠲᠠᠭᠠᠬᠤ ᠨᠢ᠄

2 ᠰᠠᠷ᠎ᠠ᠎ᠶ᠋ᠢᠨ 2᠎ᠤᠨ ᠡᠳᠦᠷ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ᠎ᠲᠠᠮᠵᠢᠭᠤᠯᠬᠤ ᠡᠬᠢᠯᠡᠯᠲᠡ᠎ᠶ᠋ᠢᠨ ᠶᠣᠰᠣᠯᠠᠯ ᠶᠠᠪᠤᠭ᠍ᠳᠠᠬᠤ ᠪᠣᠯᠤᠨ᠎ᠠ᠃ ᠳᠠᠷᠠᠭ᠎ᠠ ᠨᠢ᠂ ᠭᠠᠯ ᠪᠠᠮᠪᠠᠷ᠎ᠢ ᠪᠡᠭᠡᠵᠢᠩ᠎ᠦᠨ ᠣᠯᠢᠮᠫᠢᠺ᠎ᠤᠨ ᠣᠶ ᠱᠢᠭᠤᠶ᠎ᠶ᠋ᠢᠨ ᠴᠡᠴᠡᠷᠯᠢᠭ᠂ ᠪᠡᠭᠡᠵᠢᠩ᠎ᠦᠨ ᠡᠪᠦᠯ᠎ᠦᠨ ᠣᠯᠢᠮᠫᠢᠺ᠎ᠤᠨ ᠴᠡᠴᠡᠷᠯᠢᠭ᠎ᠲᠦ ᠳᠠᠮᠵᠢᠭᠤᠯᠤᠨ᠎ᠠ;2 ᠰᠠᠷ᠎ᠠ᠎ᠶ᠋ᠢᠨ 3᠎ᠤ ᠦᠳᠡ᠎ᠶ᠋ᠢᠨ ᠡᠮᠦᠨ᠎ᠡ ᠂ ᠶᠠᠨᠴᠢᠩ᠎ᠤᠨ ᠪᠠ ᠳ᠋ᠠ ᠯᠢᠩ ᠳᠠᠪᠠᠭ᠎ᠠ᠎ᠶ᠋ᠢᠨ ᠣᠷᠳᠣ ᠴᠠᠭᠠᠨ ᠬᠡᠷᠡᠮ ᠪᠣᠯᠤᠨ ᠳᠡᠯᠡᠬᠡᠶ᠎ᠶ᠋ᠢᠨ ᠦᠵᠦᠮ᠎ᠦᠨ ᠦᠵᠡᠰᠭᠦᠯᠡᠩ᠎ᠦᠨ ᠬᠦᠷᠢᠶᠡᠯᠡᠩ᠎ᠳᠦ ᠳᠠᠮᠵᠢᠭᠤᠯᠤᠨ᠎ᠠ; ᠦᠳᠡ᠎ᠶ᠋ᠢᠨ ᠬᠣᠢᠨ᠎ᠠ ᠴᠢᠭᠤᠯᠤᠯᠲᠤ ᠬᠠᠭᠠᠯᠭ᠎ᠠ᠎ᠶ᠋ᠢᠨ ᠶᠠᠩ ᠶᠤᠸᠠᠨ ᠨᠢ ᠾᠧ ᠸᠠᠨ᠎ᠤ ᠪᠠᠭᠤᠷᠢ᠎ᠶ᠋ᠢᠨ ᠴᠡᠴᠡᠷᠯᠢᠭ᠂ ᠴᠢᠭᠤᠯᠤᠯᠲᠤ ᠬᠠᠭᠠᠯᠭ᠎ᠠ᠎ᠶ᠋ᠢᠨ ᠬᠤᠢᠳᠤ ᠭᠡᠰᠡᠭ ᠎ᠤᠨ ᠳ᠋ᠧ ᠱᠧᠩ ᠲᠣᠰᠭᠣᠨ᠂ ᠴᠢᠭᠤᠯᠤᠯᠲᠤ ᠬᠠᠭᠠᠯᠭ᠎ᠠ᠎ᠶ᠋ᠢᠨ ᠠᠵᠤ ᠦᠶ᠋ᠯᠡᠳᠪᠦᠷᠢ ᠰᠣᠶᠣᠯ᠎ᠤᠨ ᠭᠤᠤᠯ ᠰᠡᠳᠦᠪᠲᠦ ᠴᠡᠴᠡᠷᠯᠢᠭ᠂ ᠴᠥᠩ ᠯᠢ᠎ᠶ᠋ᠢᠨ ᠹᠦ᠋ ᠯᠦᠩ ᠴᠠᠰᠤ ᠭᠤᠯᠭᠤᠬᠤ ᠲᠠᠯᠠᠪᠤᠷ᠂ ᠴᠢᠭᠤᠯᠤᠯᠲᠤ ᠬᠠᠭᠠᠯᠭ᠎ᠠ᠎ᠶ᠋ᠢᠨ ᠶᠡᠬᠡ ᠬᠢᠯᠢ᠎ᠶ᠋ᠢᠨ ᠡᠭᠦᠳᠡᠨ᠎ᠦ ᠪᠠᠭᠤᠷᠢ᠎ᠳᠤ ᠲᠠᠮᠵᠢᠭᠤᠯᠤᠨ᠎ᠠ;

2 ᠰᠠᠷ᠎ᠠ᠎ᠶ᠋ᠢᠨ 4 ᠎ᠦ ᠡᠳᠦᠷ᠂ ᠢ ᠾᠧ ᠶᠤᠸᠠᠨ ᠴᠡᠴᠡᠷᠯᠢᠭ᠂ ᠪᠡᠭᠡᠵᠢᠩ᠎ᠦᠨ ᠣᠯᠢᠮᠫᠢᠺ᠎ᠤᠨ ᠣᠶ ᠱᠢᠭᠤᠶ᠎ᠶ᠋ᠢᠨ ᠴᠡᠴᠡᠷᠯᠢᠭ ᠪᠣᠯᠤᠨ ᠶᠡᠬᠡ ᠲᠠᠲᠠᠮᠠᠯ ᠭᠤᠤᠯ᠎ᠤᠨ ᠣᠶ ᠱᠢᠭᠤᠶ᠎ᠶ᠋ᠢᠨ ᠴᠡᠴᠡᠷᠯᠢᠭ᠎ᠲᠦ ᠳᠠᠮᠵᠢᠭᠤᠯᠤᠨ᠎ᠠ᠃ ᠲᠣᠳᠣᠷᠬᠠᠢᠯᠠᠭᠤᠱᠢᠲᠠᠶ ᠨᠢ ᠂ 2 ᠰᠠᠷ᠎ᠠ᠎ᠶ᠋ᠢᠨ 4 ᠎ᠦ ᠡᠳᠦᠷ ᠣᠯᠢᠮᠫᠢᠺ᠎ᠤᠨ ᠣᠶ ᠱᠢᠭᠤᠶ᠎ᠶ᠋ᠢᠨ ᠴᠡᠴᠡᠷᠯᠢᠭ᠎ᠦᠨ ᠡᠨᠡ ᠬᠦ᠌ ᠳᠠᠮᠵᠢᠭᠤᠯᠭ᠎ᠠ ᠨᠢ ᠪᠢᠲᠡᠭᠦᠦ ᠴᠠᠭᠠᠷᠢᠭ ᠳᠣᠲᠣᠷ᠎ᠠ ᠳᠠᠮᠵᠢᠭ᠍ᠳᠠᠵᠤ᠂ ᠣᠯᠢᠮᠫᠢᠺ᠎ᠤᠨ ᠶᠡᠬᠡ ᠭᠡᠷ ᠪᠦᠯᠢ᠎ᠶ᠋ᠢᠨ 50 ᠱᠢᠬᠠᠮ ᠭᠠᠯ ᠪᠠᠮᠪᠠᠷᠴᠢᠨ ᠡᠨᠳᠡ ᠥᠪᠡᠷ᠎ᠦᠨ ᠡᠭᠦᠷᠭᠡ᠎ᠪᠡᠨ ᠪᠡᠶᠡᠯᠡᠭᠦᠯᠬᠦ᠌ ᠪᠣᠯᠤᠨ᠎ᠠ᠃

2 ᠰᠠᠷ᠎ᠠ᠎ᠶ᠋ᠢᠨ 2 ᠎ᠤᠨ ᠡᠳᠦᠷ ᠪᠣᠯᠤᠨ 2 ᠰᠠᠷ᠎ᠠ᠎ᠶ᠋ᠢᠨ 3 ᠎ᠤ ᠡᠳᠦᠷ᠎ᠦᠨ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠳᠠᠭᠤᠰᠤᠭ᠍ᠰᠠᠨ᠎ᠤ ᠳᠠᠷᠠᠭ᠎ᠠ᠂ ᠪᠠᠰᠠ ᠪᠡᠭᠡᠵᠢᠩ ᠪᠣᠯᠤᠨ ᠴᠢᠭᠤᠯᠤᠯᠲᠤ ᠬᠠᠭᠠᠯᠭ᠎ᠠ ᠬᠣᠲᠠ᠎ᠶ᠋ᠢᠨ ᠣᠷᠣᠶ᠎ᠶ᠋ᠢᠨ ᠦᠵᠡᠭᠦᠯᠭᠡ᠎ᠶ᠋ᠢᠨ ᠠᠵᠢᠯᠯᠠᠭ᠎ᠠ ᠥᠷᠨᠢᠭᠦᠯᠤᠨ᠎ᠠ᠃

 ᠪᠡᠭᠡᠵᠢᠩ᠎ᠤᠨ ᠡᠪᠦᠯ ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷᠴᠢᠨ ᠨᠡᠢ᠌ᠳᠡ 1200 ᠣᠷᠴᠢᠮ ᠪᠠᠢᠵᠤ᠂ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷᠴᠢᠨ ᠨᠡᠢ᠌ᠳᠡ 600 ᠣᠷᠴᠢᠮ ᠪᠤᠢ᠃ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷᠴᠢᠨ ᠪᠣᠯ ᠡᠯ᠎ᠡ ᠠᠵᠢᠯ ᠲᠥᠷᠥᠯ᠎ᠡᠴᠡ ᠢᠷᠡᠭ᠌ᠰᠡᠨ ᠶᠤᠮ ᠂ ᠣᠯᠠᠩᠬᠢ᠎ᠨᠢ ᠲᠣᠰ ᠱᠢᠰᠲ᠋ᠧᠮ᠂ ᠲᠣᠰ ᠬᠦᠷᠢᠶᠡᠨ᠎ᠳᠦ ᠭᠠᠷᠮᠠᠭᠠᠶ ᠠᠮᠵᠢᠯᠲᠠ ᠣᠯᠤᠭ᠍ᠰᠠᠨ ᠪᠤᠶᠤ ᠲᠣᠪᠣᠢᠮ᠎ᠠ ᠬᠤᠪᠢ ᠨᠡᠮᠡᠷᠢ ᠦᠵᠡᠭᠦᠯᠵᠦ᠍ ᠂ ᠨᠡᠯᠢᠶᠡᠳ ᠲᠥᠯᠥᠭᠡᠯᠡᠬᠦ᠌ ᠴᠢᠨᠠᠷ ᠪᠠ ᠲᠡᠷᠢᠭᠦᠨ᠎ᠦ ᠴᠢᠨᠠᠷ᠎ᠲᠠᠶ ᠬᠦᠮᠦᠰ ᠪᠠᠢᠳᠠᠭ᠃ ᠡᠭᠦᠨ᠎ᠳᠦ ᠬᠠᠮᠤᠭ ᠠᠬᠠᠮᠠᠳ ᠨᠢ 86 ᠨᠠᠰᠤᠲᠠᠶ ᠂ ᠬᠠᠮᠤᠭ ᠪᠠᠭ᠎ᠠ ᠨᠢ 14 ᠨᠠᠰᠤᠲᠠᠶ᠃

ᠡᠭᠦᠨ᠎ᠡᠴᠡ ᠭᠠᠳᠠᠨ᠎ᠠ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ  ᠲᠠᠮᠵᠢᠭᠤᠯᠬᠤ ᠨᠢ  ᠮᠠᠱᠢᠨ ᠬᠥᠮᠦᠨ ᠪᠣᠯᠤᠨ ᠠᠦ᠋ᠲ᠋ᠣ᠋ ᠵᠢᠯᠣᠭᠣᠳᠭᠤ ᠵᠡᠷᠭᠡ ᠵᠢ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠎ᠳᠦ ᠨᠡᠢᠴᠡᠬᠦ᠌ ᠮᠡᠷᠭᠡᠵᠢᠯ᠎ᠢ ᠭᠠᠯ ᠪᠠᠮᠪᠠᠷ ᠳᠠᠮᠵᠢᠭᠤᠯᠬᠤ ᠠᠬᠤᠢ ᠲᠠᠯᠠᠪᠠᠢ᠎ᠳᠤ ᠠᠭᠤᠰᠤᠯᠴᠠᠭᠤᠯᠪᠠ᠃

 

ᠢᠷᠡᠯᠳᠡ᠄ ᠲᠦᠪ ᠲᠸᠯᠸᠢᠰ᠎ᠤᠨ ᠰᠤᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号