ᠭᠣᠣᠯ ᠰᠠᠨᠠᠭᠤᠯᠤᠮᠵᠢ
ᠬᠠᠮᠲᠤ᠎ᠪᠠᠷ ᠪᠠᠶᠠᠵᠢᠬᠣ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠥᠪᠡᠷᠮᠢᠴᠡ ᠠᠷᠭ᠎ᠠ ᠵᠠᠮ᠎ᠢ ᠢᠯᠡᠷᠡᠭᠦᠯᠵᠦ᠍ ᠪᠠᠢᠳᠠᠭ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠢᠮᠠᠭ᠍ᠲᠠ ᠬᠤᠪᠢᠷᠠᠰᠢ ᠦᠭᠡᠢ ᠲᠡᠮᠡᠴᠡᠬᠦ ᠬᠠᠷᠠᠯᠲᠠ ᠮᠥᠨ᠂ ᠪᠠᠰᠠ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠤᠨ ᠭᠣᠣᠯ ᠴᠢᠬᠤᠯᠠ ᠠᠭᠤᠯᠭ᠎ᠠ ᠮᠦᠨ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠪᠣᠯ ᠳᠠᠷᠤᠢ ᠬᠠᠮᠲᠤ᠎ᠪᠠᠷ ᠪᠠᠶᠠᠵᠢᠬᠤ ᠶᠠᠪᠤᠳᠠᠯ ᠲᠠᠰᠤᠷᠠᠯᠲᠠ ᠦᠭᠡᠢ ᠮᠦᠨ ᠴᠢᠨᠠᠷ᠎ᠤᠨ ᠠᠬᠢᠴᠠ᠎ᠲᠠᠶ ᠪᠣᠯᠬᠤ ᠶᠠᠪᠤᠴᠠ ᠮᠥᠨ᠂ ᠬᠠᠮᠲᠤ᠎ᠪᠠᠷ ᠪᠠᠶᠠᠵᠢᠬᠤ ᠨᠢ ᠮᠥᠨ ᠴᠢᠨᠠᠷ᠎ᠤᠨ ᠠᠬᠢᠴᠠ᠎ᠲᠠᠶ ᠪᠣᠯᠬᠤ᠎ᠶ᠋ᠢᠨ ᠬᠠᠮᠲᠤ ᠪᠠᠰᠠ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠲᠠᠰᠤᠷᠠᠯᠲᠠ ᠦᠭᠡᠢ ᠲᠡᠭᠦᠯᠳᠡᠷᠵᠢᠬᠦ᠌᠎ᠶ᠋ᠢᠨ ᠤᠯᠠᠮ᠎ᠠᠴᠠ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠲᠠᠢ ᠵᠣᠬᠢᠴᠠᠬᠤ ᠶᠠᠪᠤᠴᠠ ᠮᠥᠨ᠃
ᠨᠡᠢᠭᠡᠮ ᠵᠢᠷᠤᠮ᠎ᠤᠨ ᠮᠥᠨ ᠴᠢᠨᠠᠷ᠎ᠤᠨ ᠲᠠᠨᠢᠯᠲᠠ ᠭᠡᠰᠡᠨ ᠦᠬᠡᠢ᠂ ᠨᠡᠢᠭᠡᠮ ᠵᠢᠷᠤᠮ᠎ᠤᠨ ᠮᠥᠨ ᠴᠢᠨᠠᠷ᠎ᠤᠨ ᠪᠡᠶᠡᠯᠡᠭ᠌ᠳᠡᠯ ᠴᠦ᠍ ᠭᠡᠰᠡᠨ ᠦᠬᠡᠢ ᠂ ᠴᠥᠮ ᠳᠤᠮᠳᠠᠳᠤ ᠤᠯᠤᠰ ᠡᠷᠬᠡᠪᠰᠢ ᠥᠷᠥᠨᠡᠳᠠᠬᠢᠨ᠎ᠠᠴᠠ ᠢᠯᠭᠠᠭ᠍ᠳᠠᠬᠤ ᠪᠥᠭᠡᠳ ᠥᠷᠥᠨᠡᠳᠠᠬᠢᠨ᠎ᠠᠴᠠ ᠳᠠᠪᠠᠬᠰᠠᠨ ᠵᠠᠮᠭᠠᠷᠭᠠᠨ ᠥᠷᠭᠡᠳᠭᠡᠬᠦ᠌ ᠬᠡᠷᠡᠭ᠌ᠲᠡᠢ ᠭᠡᠳᠡᠭ᠎ᠢ ᠲᠣᠭ᠍ᠲᠠᠭᠠᠭ᠍ᠰᠠᠨ ᠶᠤᠮ ᠂ ᠡᠨᠡ ᠵᠠᠮ ᠪᠣᠯ ᠶᠠᠭ ᠬᠠᠮᠲᠤ᠎ᠪᠠᠷ ᠪᠠᠶᠠᠵᠢᠬᠤ᠎ᠪᠠᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ ᠮᠥᠨ᠃
ᠪᠢᠳᠡ ᠡᠷᠬᠡᠪᠰᠢ ᠥᠩᠭᠡᠷᠡᠭ᠌ᠰᠡᠨ᠎ᠦ ᠱᠢᠯᠢᠳᠡᠭ ᠦᠷ᠎ᠡ ᠪᠦᠲᠦᠭᠡᠯ᠎ᠢᠶᠡᠨ ᠵᠠᠯᠭᠠᠮᠵᠢᠯᠠᠵᠤ ᠂ ᠦᠢᠯᠡᠳᠪᠦᠷᠢᠯᠡᠯ᠎ᠦᠨ ᠬᠦᠴᠦᠨ᠎ᠢ ᠶᠡᠬᠡᠪᠡᠷ ᠬᠥᠭ᠌ᠵᠢᠭᠦᠯᠬᠦ᠌᠎ᠶ᠋ᠢᠨ ᠬᠠᠮᠲᠤ ᠡᠭᠦᠨ᠎ᠲᠡᠶ ᠵᠣᠬᠢᠴᠠᠭ᠍ᠰᠠᠨ ᠪᠠᠢᠭᠤᠯᠤᠯ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠬᠠᠮᠲᠤ᠎ᠪᠠᠷ ᠪᠠᠶᠠᠵᠢᠬᠤ᠎ᠶ᠋ᠢ ᠨᠡᠩ ᠴᠢᠨᠠᠷ ᠰᠠᠢᠲᠠᠢ᠎ᠪᠠᠷ ᠪᠡᠶᠡᠯᠡᠭᠦᠯᠬᠦ᠌ ᠶᠠᠪᠤᠴᠠ᠎ᠳᠤ ᠳᠤᠮᠳᠠᠳᠤ ᠤᠯᠤᠰ᠎ᠤᠨ ᠲᠥᠰᠦᠯ᠎ᠦᠨ ᠣᠳᠣᠬᠢᠴᠢᠯᠠᠯᠲᠠ ᠵᠢᠨ ᠳᠠᠪᠠᠯᠳᠠ᠎ᠶ᠋ᠢ ᠪᠡᠶᠡᠯᠡᠭᠦᠯᠬᠦ᠌ ᠬᠡᠷᠡᠭ᠌ᠲᠡᠢ᠃
ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠪᠣᠯ ᠣᠷᠴᠢᠨ ᠦᠶ᠎ᠡ᠎ᠡᠴᠡ ᠨᠠᠭᠠᠱᠢᠬᠢ ᠳᠤᠮᠳᠠᠳᠤ ᠤᠯᠤᠰ᠎ᠤᠨ ᠠᠷᠠᠳ ᠲᠦᠮᠡᠨ᠎ᠦ ᠦᠨᠳᠦᠰᠦᠲᠡᠨᠵᠢᠡᠨ ᠰᠡᠷᠭᠦᠨ ᠮᠠᠨᠳᠤᠭᠤᠯᠬᠤ ᠲᠠᠮᠠᠴᠠᠯ᠎ᠤᠨ ᠶᠠᠪᠤᠴᠠ᠎ᠳᠠᠬᠢ ᠲᠤᠰ ᠪᠡᠶ᠎ᠡ᠎ᠶ᠋ᠢᠨ ᠬᠥᠭ᠌ᠵᠢᠯᠲᠡ᠎ᠶ᠋ᠢᠨ ᠬᠠᠷᠠᠯᠲᠠ᠎ᠶ᠋ᠢᠨ ᠰᠣᠩᠭᠣᠯᠲᠠ ᠮᠥᠨ᠂ ᠪᠠᠰᠠ ᠴᠤ᠌ ᠦᠶ᠎ᠡ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠠᠯᠠᠱᠢᠷᠠᠯ ᠦᠭᠡᠢ ᠪᠣᠳᠣᠯᠬᠢᠯᠠᠵᠤ ᠬᠠᠢᠨ ᠰᠦᠪᠡᠭ᠌ᠴᠢᠯᠡᠵᠦ ᠪᠠᠢᠭ᠎ᠠ ᠭᠣᠣᠯ ᠰᠡᠳᠦᠪ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ ᠪᠣᠯ ᠳᠡᠯᠡᠬᠡᠶ᠎ᠶ᠋ᠢᠨ ᠲᠡᠦᠬᠡ᠎ᠶ᠋ᠢᠨ ᠦᠨᠳᠦᠷᠴᠡ᠎ᠠᠴᠠ ᠳᠤᠮᠳᠠᠳᠤ ᠤᠯᠤᠰ᠎ᠤᠨ ᠣᠳᠣᠬᠢᠴᠢᠯᠠᠯᠲᠠ᠎ᠶ᠋ᠢᠨ ᠬᠥᠭ᠌ᠵᠢᠯᠲᠡ᠎ᠶ᠋ᠢᠨ ᠲᠤᠬᠠᠶ ᠭᠦᠨᠵᠡᠭᠡᠶ ᠪᠣᠳᠣᠯᠬᠢᠯᠠᠯ ᠮᠥᠨ᠃ ᠡᠨᠡ ᠨᠢ ᠳᠤᠮᠳᠠᠳᠤ ᠤᠯᠤᠰ᠎ᠤᠨ ᠣᠳᠣᠬᠢᠴᠢᠯᠠᠯᠲᠠ᠎ᠶ᠋ᠢᠨ ᠬᠥᠭ᠌ᠵᠢᠯᠲᠡ ᠤᠬᠠᠮᠰᠠᠷᠲᠤ᠂ ᠰᠠᠨᠠᠭᠠᠴᠢᠯᠠᠭᠠᠲᠤ ᠪᠠ ᠪᠦᠲᠦᠭᠡᠯᠴᠢ ᠴᠢᠨᠠᠷᠲᠠᠶ《ᠬᠠᠷᠢᠭᠤᠯᠲᠠ ᠥᠭ᠌ᠬᠦ》ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃ ᠬᠠᠮᠲᠤ᠎ᠪᠠᠷ ᠪᠠᠶᠠᠵᠢᠬᠣ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠷᠢᠯᠳᠦᠯ ᠬᠥᠭ᠌ᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭ᠍ᠳᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠥᠪᠡᠷᠮᠢᠴᠡ ᠠᠷᠭ᠎ᠠ ᠵᠠᠮ᠎ᠢ ᠢᠯᠡᠷᠡᠭᠦᠯᠵᠦ᠍ ᠪᠠᠢᠳᠠᠭ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠶ᠋ᠢᠨ ᠢᠮᠠᠭ᠍ᠲᠠ ᠬᠤᠪᠢᠷᠠᠰᠢ ᠦᠭᠡᠢ ᠲᠡᠮᠡᠴᠡᠬᠦ ᠬᠠᠷᠠᠯᠲᠠ ᠮᠥᠨ᠂ ᠪᠠᠰᠠ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠤᠨ ᠭᠣᠣᠯ ᠴᠢᠬᠤᠯᠠ ᠠᠭᠤᠯᠭ᠎ᠠ ᠮᠥᠨ᠃
ᠬᠠᠮᠲᠤ᠎ᠪᠠᠷ ᠪᠠᠶᠠᠵᠢᠬᠤ᠎ᠶ᠋ᠢᠨ ᠦᠨᠳᠦᠰᠦᠨ ᠠᠭᠤᠯᠤᠭ᠍ᠳᠠᠬᠤᠨ᠎ᠢ ᠭᠦᠨᠵᠡᠭᠡᠶ ᠣᠢᠯᠠᠭᠠᠬᠤ ᠬᠡᠷᠡᠭ᠌ᠲᠡᠶ
ᠬᠠᠮᠲᠤ᠎ᠪᠠᠷ ᠪᠠᠶᠠᠵᠢᠬᠣ ᠭᠡᠳᠡᠭ ᠪᠣᠯ ᠪᠦᠬᠦ᠌ ᠠᠷᠠᠳ ᠲᠦᠮᠡᠨ ᠱᠢᠷᠭᠠᠭᠤ ᠬᠥᠳᠡᠯᠮᠦᠷᠢ ᠪᠠ ᠬᠠᠷᠢᠯᠴᠠᠨ ᠬᠠᠪᠰᠤᠷᠤᠯᠴᠠᠬᠤ᠎ᠪᠠᠷ ᠳᠠᠮᠵᠢᠨ ᠠᠮᠢᠳᠤᠷᠠᠯ ᠪᠠᠶᠠᠨ ᠴᠢᠨᠡᠭᠡᠯᠢᠭ᠂ ᠣᠶᠣᠨ ᠰᠠᠨᠠᠭᠠᠨ᠎ᠦ ᠲᠠᠯ᠎ᠡ ᠪᠡᠷ ᠦᠪᠡᠷ᠎ᠦᠨ ᠪᠡᠶ᠎ᠡ ᠳᠡᠭᠡᠨ ᠢᠳᠡᠭᠡᠯ ᠲᠠᠢ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ᠂ ᠵᠣᠯ ᠵᠢᠷᠭᠠᠯᠲᠤ ᠰᠠᠢ᠌ᠨ ᠰᠠᠢᠬᠠᠨ ᠠᠮᠢᠳᠤᠷᠠᠯ᠎ᠢ ᠨᠡᠢᠳᠡᠮ ᠪᠡᠶᠡᠯᠡᠭᠦᠯᠦᠭᠰᠡᠨ ᠨᠢᠭᠡ ᠵᠦᠢᠯ᠎ᠦᠨ ᠨᠡᠢᠭᠡᠮ᠎ᠦᠨ ᠪᠠᠢᠳᠠᠯ᠎ᠢ ᠵᠢᠭᠠᠵᠤ ᠪᠠᠢᠨ᠎ᠠ᠃ ᠬᠠᠮᠲᠤ᠎ᠪᠠᠷ ᠪᠠᠶᠠᠵᠢᠬᠣ ᠪᠣᠯ ᠨᠢᠭᠡ ᠵᠦᠢᠯ᠎ᠦᠨ ᠨᠡᠢᠭᠡᠮ᠎ᠦᠨ ᠬᠦᠰᠡᠯᠡᠩ ᠮᠥᠨ᠂ ᠪᠠᠰᠠ ᠴᠤ᠌ ᠣᠳᠣᠬᠠᠨ᠎ᠳᠤ ᠪᠢᠳᠡᠨ᠎ᠦ ᠶᠠᠭ ᠦᠢᠯᠡᠳᠦᠯᠭᠡᠵᠢᠭᠦᠯᠵᠦ᠍ ᠪᠠᠢᠭ᠎ᠠ ᠰᠡᠳᠦᠪ ᠮᠥᠨ᠂ ᠨᠢᠭᠡ ᠵᠦᠢᠯ᠎ᠦᠨ ᠲᠣᠭ᠍ᠲᠠᠩᠭᠤᠢ ᠪᠠᠢᠳᠠᠯ᠎ᠤᠨ ᠱᠢᠰᠲ᠋ᠧᠮᠲᠦ ᠪᠦᠲᠦᠴᠡ ᠮᠥᠨ᠂ ᠪᠠᠰᠠ ᠴᠤ᠌ ᠨᠢᠭᠡ ᠵᠦᠢᠯ᠎ᠦᠨ ᠠᠯᠬᠤᠮ ᠲᠠᠷᠠᠭ᠎ᠠ ᠲᠠᠶ᠎ᠪᠠᠷ ᠤᠷᠤᠭ᠍ᠰᠢᠯᠠᠬᠤ᠂ ᠬᠥᠳᠡᠯᠦᠩᠭᠦᠢ᠎ᠪᠡᠷ ᠬᠥᠭ᠌ᠵᠢᠬᠦ᠌ ᠶᠠᠪᠤᠴᠠ ᠮᠥᠨ᠃ ᠡᠢᠮᠦ᠍᠎ᠡᠴᠡ ᠡᠨᠡ ᠪᠣᠯ ᠨᠢᠭᠡᠨ ᠨᠡᠢᠯᠡᠮᠡᠯ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠥᠳᠡᠯᠦᠩᠭᠦᠶ ᠴᠢᠨᠠᠷ᠎ᠤᠨ ᠤᠬᠠᠭ᠍ᠳᠠᠬᠤᠨ ᠮᠥᠨ᠂ ᠪᠣᠳᠠᠰᠴᠢ ᠲᠡᠦᠬᠡ᠎ᠶ᠋ᠢᠨ ᠦᠵᠡᠯᠲᠡ᠎ᠶ᠋ᠢᠨ ᠣᠯᠠᠨ ᠬᠠᠷᠠᠭᠠᠰᠤ ᠡᠴᠡ ᠱᠢᠨ᠎ᠡ ᠴᠠᠭ ᠦᠶ᠎ᠡ᠎ᠶ᠋ᠢᠨ ᠬᠠᠮᠲᠤ᠎ᠪᠠᠷ ᠪᠠᠶᠠᠵᠢᠬᠣ ᠶ᠋ᠢᠨ ᠦᠨᠳᠦᠰᠦᠨ ᠠᠭᠤᠯᠤᠭ᠍ᠳᠠᠬᠤᠨ᠎ᠢ ᠡᠵᠡᠮᠱᠢᠬᠦ᠌ ᠬᠡᠷᠡᠭ᠌ᠲᠡᠶ᠃
ᠭᠣᠣᠯ ᠴᠣᠭ᠍ᠴᠠ᠎ᠶ᠋ᠢᠨ ᠲᠠᠯ᠎ᠠ᠎ᠠᠴᠠ ᠠᠪᠴᠤ᠌ ᠦᠵᠡᠪᠡᠯ᠂ ᠬᠠᠮᠲᠤ᠎ᠪᠠᠷ ᠪᠠᠶᠠᠵᠢᠬᠤ ᠨᠢ ᠬᠡᠰᠡᠭ ᠬᠥᠮᠦᠰ ᠪᠠ ᠬᠡᠰᠡᠭ ᠭᠠᠵᠠᠷ ᠣᠷᠣᠨ᠎ᠢ ᠪᠠᠶᠠᠵᠢᠭᠤᠯᠬᠤ ᠶᠠᠪᠤᠳᠠᠯ ᠪᠢᠰᠢ᠂ ᠬᠠᠷᠢᠨ ᠪᠦᠬᠦ᠌ ᠠᠷᠠᠳ ᠬᠠᠮᠲᠤ᠎ᠪᠠᠷ ᠪᠠᠶᠠᠵᠢᠬᠤ ᠶᠠᠪᠤᠳᠠᠯ ᠪᠣᠯᠤᠨ᠎ᠠ᠂ ᠲᠡᠭᠦᠨ᠎ᠢ ᠪᠡᠶᠡᠯᠡᠭᠦᠯᠬᠦ᠌᠎ᠳᠦ ᠡᠴᠦᠰ᠎ᠲᠡᠬᠡᠨ ᠪᠦᠬᠦ᠌ ᠠᠷᠠᠳ ᠲᠦᠮᠡᠨ᠎ᠢ ᠲᠦᠱᠢᠭ᠌ᠯᠡᠬᠦ᠌ ᠴᠢᠬᠤᠯᠠᠲᠠᠢ ᠶᠤᠮ᠃ ᠮᠠᠷᠺᠰ ᠢᠷᠡᠭᠡᠳᠦᠢ᠎ᠶ᠋ᠢᠨ ᠨᠡᠢᠭᠡᠮ ᠵᠢᠷᠤᠮᠲᠤ ᠨᠡᠢᠭᠡᠮ᠎ᠳᠦ 《ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ ᠡᠢᠮᠦ᠍ ᠲᠦᠷᠭᠡᠨ ᠪᠣᠯᠤᠨ᠎ᠠ ᠁ ᠦᠢᠯᠡᠳᠪᠦᠷᠢᠯᠡᠯ ᠨᠢ ᠪᠦᠬᠦ ᠬᠥᠮᠦᠰ᠎ᠦᠨ ᠪᠠᠶᠠᠵᠢᠯ ᠴᠢᠨᠡᠭᠡᠯᠢᠭ᠌ᠵᠢᠯ᠎ᠢᠶᠡᠷ ᠵᠣᠷᠢᠯᠭ᠎ᠠ ᠪᠣᠯᠭᠠᠨ᠎ᠠ》ᠭᠡᠵᠦ ᠵᠢᠭᠠᠵᠦ ᠭᠠᠷᠭᠠᠪᠠ᠃ ᠡᠨᠡ ᠨᠢ ᠬᠠᠮᠲᠤ᠎ᠪᠠᠷ ᠪᠠᠶᠠᠵᠢᠬᠣ ᠵᠢᠨ ᠦᠵᠡᠯ ᠰᠠᠨᠠᠭᠠᠨ᠎ᠤ ᠭᠣᠣᠯ ᠠᠭᠤᠯᠤᠭ᠍ᠳᠠᠬᠤᠨ᠎ᠢ ᠭᠦᠢᠴᠡᠳ ᠢᠯᠡᠷᠡᠭᠦᠯᠪᠡ᠃ ᠦᠨᠡᠨ᠎ᠳᠡᠭᠡᠨ ᠪᠢᠳᠡᠨ᠎ᠦ ᠬᠥᠭᠡᠭᠡᠴᠡᠯᠳᠦᠵᠦ᠍ ᠪᠠᠢᠭ᠎ᠠ ᠬᠠᠮᠲᠤ᠎ᠪᠠᠷ ᠪᠠᠶᠠᠵᠢᠬᠣ ᠭᠡᠳᠡᠭ ᠨᠢ ᠨᠡᠢᠭᠡᠮ᠎ᠦᠨ ᠪᠦᠬᠦᠯᠢ ᠴᠣᠭ᠍ᠴᠠ᠎ᠶ᠋ᠢᠨ ᠤᠳᠭ᠎ᠠ ᠠᠭᠤᠯᠭ᠎ᠠ ᠳᠡᠭᠡᠷᠡᠬᠢ ᠬᠠᠮᠲᠤ᠎ᠪᠠᠷ ᠪᠠᠶᠠᠵᠢᠬᠣ ᠶᠠᠪᠤᠳᠠᠯ ᠪᠣᠯᠬᠤ᠎ᠪᠠᠷ ᠪᠠᠷᠠᠬᠤ ᠦᠭᠡᠢ᠂ ᠪᠠᠰᠠ ᠪᠣᠳᠠᠭᠠᠯᠢ ᠪᠡᠶ᠎ᠡ ᠨᠢᠭᠡᠪᠦᠷᠢ᠎ᠶ᠋ᠢᠨ ᠤᠳᠭ᠎ᠠ ᠠᠭᠤᠯᠭ᠎ᠠ ᠳᠡᠭᠡᠷᠡᠬᠢ ᠬᠠᠮᠲᠤ᠎ᠪᠠᠷ ᠪᠠᠶᠠᠵᠢᠬᠣ ᠶᠠᠪᠤᠳᠠᠯ ᠪᠣᠯᠤᠨ᠎ᠠ᠂ ᠲᠡᠷᠡ ᠨᠢ ᠪᠦᠬᠦᠯᠢ ᠴᠣᠭ᠍ᠴᠠ᠎ᠪᠠᠷ ᠪᠣᠳᠠᠭᠠᠯᠢ ᠪᠡᠶ᠎ᠡ᠎ᠶ᠋ᠢ ᠳᠠᠢᠴᠢᠯᠠᠬᠤ᠂ ᠪᠣᠳᠠᠭᠠᠯᠢ ᠪᠡᠶ᠎ᠡ ᠵᠢᠨ ᠪᠦᠬᠦᠯᠢ ᠴᠣᠭ᠍ᠴᠠ᠎ᠶ᠋ᠢ ᠬᠥᠭᠡᠭᠡᠵᠦ᠍ ᠭᠦᠢᠴᠡᠬᠦ᠌᠎ᠶ᠋ᠢ ᠴᠢᠬᠤᠯᠠᠴᠢᠯᠠᠵᠤ ᠂ ᠡᠭᠦᠨ᠎ᠦ ᠤᠯᠠᠮ᠎ᠠᠴᠠ ᠪᠣᠳᠠᠭᠠᠯᠢ ᠪᠡᠶ᠎ᠡ ᠨᠢᠭᠡᠪᠦᠷᠢ᠎ᠶ᠋ᠢ ᠴᠥᠮ ᠬᠦᠨᠳᠦᠳᠭᠡᠬᠦ᠌ ᠪᠠ ᠬᠥᠭ᠌ᠵᠢᠭᠦᠯᠬᠦ ᠶᠠᠪᠣᠳᠠᠯ ᠪᠤᠯᠤᠨ᠎ᠠ᠃ ᠠᠷᠠᠳ ᠨᠡᠢᠲᠡ᠎ᠪᠡᠷ᠎ᠢᠶᠡᠨ ᠬᠠᠮᠲᠤ᠎ᠪᠠᠷ ᠪᠠᠶᠠᠵᠢᠬᠣ ᠬᠠᠷᠠᠯᠲᠠ᠎ᠶ᠋ᠢ ᠪᠡᠶᠡᠯᠡᠭᠦᠯᠬᠦ᠌᠎ᠳᠦ ᠡᠷᠭᠡᠪᠰᠢ ᠠᠷᠠᠳ ᠨᠡᠢᠲᠡ᠎ᠶ᠋ᠢᠨ ᠬᠠᠮᠲᠤ᠎ᠶ᠋ᠢᠨ ᠣᠷᠣᠯᠴᠠᠯᠭ᠎ᠠ᠎ᠳᠤ ᠲᠦᠱᠢᠭ᠌ᠯᠡᠵᠦ᠍ ᠂ ᠪᠥᠬᠥ᠌ ᠠᠷᠠᠳ ᠲᠦᠮᠡᠨᠬᠠᠮᠲᠤᠪᠠᠷ ᠲᠡᠮᠡᠴᠡᠬᠦ᠌ ᠴᠢᠬᠤᠯᠠᠲᠠᠢ ᠶᠤᠮ᠃
ᠠᠭᠤᠯᠭ᠎ᠠ᠎ᠶ᠋ᠢᠨ ᠲᠠᠯ᠎ᠠ᠎ᠠᠴᠠ ᠠᠪᠴᠤ᠌ ᠦᠵᠡᠪᠡᠯ᠂ ᠬᠠᠮᠲᠤ᠎ᠪᠠᠷ ᠪᠠᠶᠠᠵᠢᠬᠤ ᠨᠢ ᠡᠳ᠋ ᠪᠣᠳᠠᠰ᠎ᠤᠨ ᠪᠠᠶᠠᠵᠢᠯ ᠪᠣᠯᠬᠤ᠎ᠪᠠᠷ ᠪᠠᠷᠠᠬᠤ ᠦᠭᠡᠢ᠂ ᠤᠶᠤᠨ ᠰᠠᠨᠠᠭᠠᠨ᠎ᠤ ᠪᠠᠶᠠᠵᠢᠯ ᠪᠣᠯᠤᠨ᠎ᠠ᠂ ᠡᠳ᠋ ᠪᠣᠳᠠᠰ᠎ᠢ ᠴᠢᠬᠤᠯᠠᠴᠢᠯᠠᠬᠤ ᠮᠥᠷᠲᠡᠭᠡᠨ ᠤᠶᠤᠨ ᠰᠠᠨᠠᠭᠠᠨ᠎ᠤ ᠪᠦᠬᠦ᠌ ᠲᠠᠯ᠎ᠠ᠎ᠶ᠋ᠢᠨ ᠪᠠᠶᠠᠵᠢᠯ᠎ᠢ ᠴᠢᠬᠤᠯᠠᠴᠢᠯᠠᠬᠤ ᠪᠣᠯᠤᠨ᠎ᠠ᠃ ᠬᠥᠮᠦᠨ᠎ᠦ ᠡᠷᠬᠡ ᠴᠢᠯᠥᠭᠡ ᠪᠦᠬᠦ᠌ ᠲᠠᠯ᠎ᠠ᠎ᠵᠢᠨ ᠬᠥᠭ᠌ᠵᠢᠯᠳᠠ ᠵᠢᠨ ᠲᠣᠬᠠᠢ ᠮᠠᠷᠺᠰ᠎ᠤᠨ ᠦᠵᠡᠯ ᠰᠠᠨᠠᠭ᠎ᠠ᠎ᠶ᠋ᠢ ᠦᠨᠳᠦᠰᠦᠯᠡᠪᠡᠯ ᠬᠠᠮᠲᠤ᠎ᠪᠠᠷ ᠪᠠᠶᠠᠵᠢᠬᠤ ᠨᠢ ᠵᠥᠪᠬᠡᠨ ᠠᠵᠤ ᠠᠬᠤᠢ᠎ᠶ᠋ᠢᠨ ᠤᠬᠠᠭᠠᠨ᠎ᠤ ᠤᠬᠠᠭ᠍ᠳᠠᠬᠤᠨ ᠲᠡᠳᠦᠢ ᠪᠢᠰᠢ᠂ ᠪᠠᠰᠠ ᠤᠯᠤᠰ ᠲᠦᠷᠦ᠍᠂ ᠰᠣᠶᠣᠯ ᠂ ᠨᠡᠢᠭᠡᠮ ᠵᠡᠷᠭᠡ ᠲᠠᠯ᠎ᠠ᠎ᠳᠤ ᠬᠣᠯᠪᠣᠭ᠍ᠳᠠᠬᠤ ᠶᠡᠷᠦᠩᠬᠡᠢᠯᠡᠭ᠌ᠰᠡᠨ ᠴᠢᠨᠠᠷᠲᠠᠢ ᠪᠦᠬᠦᠯᠢ ᠴᠣᠭ᠍ᠴᠠ᠎ᠶ᠋ᠢᠨ ᠤᠬᠠᠭ᠍ᠳᠠᠬᠤᠨ ᠮᠥᠨ᠃ ᠡᠭᠦᠨ᠎ᠦ ᠬᠠᠮᠲᠤ ᠠᠷᠠᠳ ᠤᠯᠠᠨ ᠪᠣᠯ ᠡᠳ᠋ ᠪᠣᠳᠠᠰ᠎ᠢ ᠬᠦᠰᠡᠭᠰᠡᠨ ᠠᠵᠦ ᠠᠬᠣᠢ ᠵᠢᠨ ᠬᠦᠮᠦᠨ ᠪᠢᠰᠢ᠃ ᠤᠴᠢᠷ ᠨᠢ ᠬᠥᠮᠦᠰ ᠪᠣᠳᠠᠰ᠎ᠤᠨ ᠬᠡᠷᠡᠭ᠌ᠴᠡᠭᠡ ᠡᠴᠡ ᠭᠠᠳᠠᠨ᠎ᠠ ᠪᠠᠰᠠ ᠠᠷᠠᠳᠴᠢᠯᠠᠯ᠂ ᠬᠠᠤᠯᠢ᠎ᠪᠠᠷ ᠵᠠᠰᠠᠬᠤ᠂ ᠲᠥᠪ ᠭᠣᠣᠯᠴᠢ᠂ ᠱᠢᠳᠤᠷᠭᠤ ᠶᠣᠰᠣ᠂ ᠠᠮᠤᠷ ᠲᠦᠪᠱᠢᠨ᠂ ᠣᠷᠴᠢᠨ ᠠᠬᠤᠢ ᠵᠡᠷᠭᠡ ᠲᠠᠯ᠎ᠠ᠎ᠶ᠋ᠢᠨ ᠨᠡᠩ ᠥᠨᠳᠥᠷ ᠬᠡᠷᠡᠭ᠌ᠴᠡᠭᠡ᠎ᠲᠡᠶ ᠪᠠᠢᠳᠠᠭ᠃ ᠡᠢᠮᠦ᠍᠎ᠡᠴᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠶ᠋ᠢᠨ ᠵᠠᠮ ᠳᠡᠭᠡᠷ᠎ᠡ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠳᠦ ᠵᠥᠪᠬᠡᠨ ᠠᠵᠤ ᠠᠬᠤᠢ᠎ᠶ᠋ᠢᠨ ᠡᠳ᠋ ᠪᠠᠶᠠᠯᠢᠭ᠎ᠤᠨ ᠨᠡᠮᠡᠭ᠌ᠳᠡᠯ ᠪᠠ ᠪᠣᠳᠠᠰ᠎ᠤᠨ ᠠᠮᠢᠳᠤᠷᠠᠯ᠎ᠤᠨ ᠲᠦᠪᠱᠢᠨ᠎ᠦ ᠳᠡᠭᠡᠭ᠌ᠰᠢᠯᠡᠯᠲᠡ᠎ᠶ᠋ᠢ ᠬᠥᠭᠡᠭᠡᠴᠡᠯᠳᠦᠭᠡᠳ ᠬᠥᠮᠦᠰ᠎ᠦᠨ ᠤᠶᠤᠨ᠎ᠤ ᠠᠮᠢᠳᠤᠷᠠᠯ᠎ᠤᠨ ᠲᠠᠯ᠎ᠠ᠎ᠪᠠᠷ ᠬᠢ ᠪᠠᠶᠠᠵᠢᠯ᠎ᠢ ᠣᠮᠲᠣᠭᠠᠢᠯᠠᠵᠤ ᠪᠣᠯᠬᠤ ᠦᠭᠡᠢ ᠂ ᠬᠠᠷᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠠᠷᠠᠳ ᠤᠯᠠᠨ᠎ᠤ ᠤᠯᠠᠨ ᠶᠠᠩᠵᠤ᠎ᠶ᠋ᠢᠨ᠂ ᠤᠯᠠᠨ ᠲᠡᠰ ᠳᠠᠪᠬᠤᠷᠭ᠎ᠠ᠎ᠶ᠋ᠢᠨ᠂ ᠤᠯᠠᠨ ᠲᠠᠯ᠎ᠠ᠎ᠶ᠋ᠢᠨ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠵᠤ᠂ ᠠᠷᠠᠳ ᠤᠯᠠᠨ᠎ᠢ ᠨᠡᠩ ᠤᠯᠠᠨ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠲᠡᠶ ᠪᠣᠯᠭᠠᠬᠤ ᠬᠡᠷᠡᠭ᠌ᠲᠡᠢ᠃
ᠶᠠᠪᠤᠴᠠ᠎ᠶ᠋ᠢᠨ ᠲᠠᠯ᠎ᠠ᠎ᠠᠴᠠ ᠠᠪᠴᠤ᠌ ᠦᠵᠡᠪᠡᠯ᠂ ᠬᠠᠮᠲᠤ᠎ᠪᠠᠷ ᠪᠠᠶᠠᠵᠢᠬᠤ ᠨᠢ ᠵᠡᠷᠭᠡ᠎ᠪᠡᠷ ᠪᠠᠶᠠᠵᠢᠬᠤ ᠪᠢᠰᠢ᠂ ᠠᠳᠠᠯᠢ ᠲᠡᠭ᠌ᠰᠢ᠎ᠪᠡᠷ ᠪᠠᠶᠠᠵᠢᠬᠤ ᠴᠤ᠌ ᠪᠢᠰᠢ᠂ ᠬᠠᠷᠢᠨ ᠦᠢᠯᠡᠳᠦᠯᠭᠡ᠎ᠶ᠋ᠢᠨ ᠶᠠᠪᠤᠴᠠ᠎ᠳᠤ ᠠᠯᠬᠤᠮ ᠠᠯᠬᠤᠮ᠎ᠢᠶᠠᠷ ᠬᠠᠮᠲᠤ᠎ᠪᠠᠷ ᠪᠠᠶᠠᠵᠢᠬᠤ ᠶᠠᠪᠤᠳᠠᠯ ᠪᠣᠯᠤᠨ᠎ᠠ᠃ ᠣᠳᠣᠬᠢᠴᠢᠯᠠᠯᠲᠠ᠎ᠶ᠋ᠢᠨ ᠲᠦᠷᠭᠡᠰᠭᠦ ᠬᠤᠭᠤᠴᠠᠭᠠᠨ᠎ᠳᠤ᠂ ᠨᠡᠢᠭᠡᠮ᠎ᠦᠨ ᠬᠡᠯᠪᠡᠷᠢ᠎ᠶ᠋ᠢᠨ ᠬᠤᠪᠢᠷᠠᠯᠲᠠ ᠨᠢ ᠮᠠᠰᠢ ᠤᠯᠠᠨ 《ᠬᠣᠭᠣᠰᠣᠨ ᠣᠷᠣᠨ》᠎ᠢ᠋ ᠪᠤᠢ ᠪᠣᠯᠭᠠᠵᠤ᠂ ᠣᠨᠴᠠ ᠵᠠᠷᠢᠮ ᠨᠡᠢᠭᠡᠮ᠎ᠦᠨ ᠪᠦᠷᠢᠯᠳᠦᠬᠦᠨ᠎ᠦ ᠪᠠᠶᠠᠵᠢᠯ ᠴᠢᠨᠡᠭᠡᠯᠢᠭ᠌ᠵᠢᠯ᠎ᠳᠦ ᠲᠦᠬᠦᠮ ᠨᠥᠬᠥᠴᠡᠯ ᠬᠠᠩᠭᠠᠬᠤ ᠪᠣᠯᠤᠨ᠎ᠠ᠂ ᠪᠠᠶᠠᠵᠢᠬᠣ ᠬᠥᠳᠡᠯᠭᠡᠭ᠌ᠴᠢ ᠬᠦᠴᠦᠨ᠎ᠦ ᠠᠬᠢᠭᠤᠯᠤᠯ ᠳᠣᠣᠷ᠎ᠠ᠂ ᠡᠳ᠋ ᠪᠠᠶᠠᠯᠢᠭ ᠴᠤ᠌ ᠴᠥᠭᠡᠨ ᠲᠣᠭᠠᠨ᠎ᠤ ᠬᠥᠮᠦᠨ᠎ᠳᠦ ᠲᠥᠪᠯᠡᠷᠡᠬᠦ᠌ ᠨᠢ ᠵᠠᠢᠯᠠᠰᠢ ᠦᠭᠡᠢ ᠶᠤᠮ᠃ ᠡᠢᠮᠦ᠍᠎ᠡᠴᠡ ᠵᠣᠬᠢᠬᠤ ᠲᠡᠦᠬᠡᠨ ᠴᠠᠭ ᠦᠶ᠎ᠡ᠎ᠳᠦ ᠣᠷᠣᠨ ᠪᠦᠰᠡ᠂ ᠬᠤᠳᠠ ᠬᠥᠳᠡᠭᠡ ᠵᠢᠴᠢ ᠪᠣᠳᠠᠭᠠᠯᠢ ᠪᠡᠶ᠎ᠡ᠎ᠶ᠋ᠢᠨ ᠬᠣᠭᠣᠷᠣᠨᠳᠣ ᠵᠣᠬᠢᠰᠲᠠᠢ ᠵᠥᠷᠢᠢ᠎ᠡ ᠣᠷᠣᠱᠢᠬᠤ ᠪᠣᠯ ᠬᠡᠪ᠎ᠦᠨ ᠶᠠᠪᠤᠳᠠᠯ ᠪᠣᠯᠤᠨ᠎ᠠ᠂ ᠠᠳᠠᠯᠢ ᠪᠤᠰᠤ ᠬᠥᠮᠦᠰ᠎ᠦᠨ ᠪᠠᠶᠠᠵᠢᠨ ᠴᠢᠨᠡᠭᠡᠯᠢᠭᠵᠢᠬᠦ ᠨᠢ ᠡᠮᠦᠨ᠎ᠡ ᠬᠣᠢᠨ᠎ᠠ ᠪᠠᠢᠵᠤ᠂ ᠬᠡᠮᠵᠢᠢ᠎ᠡ ᠨᠢ ᠴᠦ᠍ ᠠᠳᠠᠯᠢ ᠪᠣᠰᠣ ᠪᠠᠢᠳᠠᠭ᠃ ᠡᠢᠮᠦ᠍᠎ᠡᠴᠡ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌ ᠶᠠᠪᠤᠴᠠ᠎ᠳᠤ ᠬᠥᠭ᠌ᠵᠢᠯᠲᠡ ᠶ᠋ᠢ ᠠᠬᠢᠭᠣᠯᠵᠦ ᠲᠡᠩᠴᠡᠭᠦᠷᠢ ᠦᠭᠡᠢ ᠪᠠᠢᠭ᠍ᠰᠠᠨ᠎ᠠᠴᠠ ᠨᠢ ᠲᠡᠩᠴᠡᠭᠦᠷᠢᠲᠡᠢ ᠪᠣᠯᠭᠠᠬᠤ ᠡᠴᠡ ᠪᠢᠰᠢ᠂ ᠬᠠᠷᠢᠨ《ᠪᠠᠶᠠᠴᠤᠳᠢ ᠲᠤᠨᠤᠵᠤ ᠶᠠᠳᠠᠭᠤᠴᠤᠳᠢ ᠲᠡᠳᠬᠦᠬᠦ᠌》 ᠶᠠᠪᠤᠳᠠᠯ ᠤᠭ᠍ᠲᠤ ᠪᠢᠰᠢ᠂ ᠬᠠᠷᠢᠴᠠᠯᠠᠰᠢ ᠦᠭᠡᠢ ᠲᠡᠭ᠌ᠰᠢᠳᠭᠡᠬᠦ᠌ ᠦᠵᠡᠯ᠎ᠢ ᠬᠥᠭᠡᠭᠡᠴᠡᠯᠳᠦᠬᠦ᠌ ᠶᠠᠪᠤᠳᠠᠯ ᠴᠤ᠌ ᠤᠭ᠍ᠲᠤ ᠪᠢᠰᠢ᠂ ᠬᠠᠷᠢᠨ 《ᠬᠡᠰᠡᠭ ᠬᠥᠮᠦᠰ᠎ᠢ ᠤᠷᠢᠳᠠᠪᠠᠷ ᠪᠠᠶᠠᠵᠢᠭᠤᠯᠣᠬᠰᠠᠨ ᠰᠠᠭᠤᠷᠢᠨ ᠳᠡᠭᠡᠷ᠎ᠡ》᠂ ᠠᠭᠠᠵᠢᠮ᠎ᠢᠶᠠᠷ 《ᠨᠡᠩ ᠤᠯᠠᠨ ᠬᠥᠮᠦᠰ》᠎ᠢ᠋ ᠪᠠᠶᠠᠵᠢᠭᠤᠯᠬᠤ᠎ᠶ᠋ᠢᠨ ᠤᠯᠠᠮ᠎ᠠᠴᠠ ᠣᠳᠣᠬᠢᠴᠢᠯᠠᠯᠲᠠ᠎ᠶ᠋ᠢ ᠪᠦᠬᠦ᠌ ᠨᠡᠢᠭᠡᠮ᠎ᠦᠨ ᠪᠦᠷᠢᠯᠳᠦᠬᠦᠨ᠎ᠦ ᠬᠠᠮᠲᠤ᠎ᠪᠠᠷ ᠡᠳ᠋ᠯᠡᠬᠦ᠌ ᠣᠳᠣᠬᠢᠴᠢᠯᠠᠯᠲᠠ ᠪᠣᠯᠭᠠᠬᠤ ᠶᠠᠪᠤᠳᠠᠯ ᠪᠣᠯᠤᠨ᠎ᠠ᠃ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌ ᠪᠣᠯ ᠪᠤᠰᠤᠳᠴᠢ ᠶᠤᠮ᠂ ᠬᠥᠮᠦᠨ᠎ᠦ ᠵᠤᠷᠢᠭ ᠰᠠᠨᠠᠭ᠎ᠠ᠎ᠪᠠᠷ ᠬᠣᠪᠢᠷᠠᠬᠤ ᠪᠢᠰᠢ᠂ ᠠᠯᠬᠤᠮ ᠲᠠᠷᠠᠭᠠᠲᠠᠶᠪᠠᠷ ᠤᠷᠤᠭ᠍ᠰᠢᠯᠠᠬᠤ ᠬᠥᠳᠡᠯᠦᠩᠭᠦᠢ ᠬᠤᠪᠢᠰᠤᠯᠲᠠ᠎ᠶ᠋ᠢᠨ ᠳᠤᠮᠳᠠ ᠲᠠᠰᠤᠷᠠᠯᠳᠠ ᠦᠭᠡᠢ ᠤᠷᠤᠬ᠍ᠰᠢ ᠬᠥᠭ᠌ᠵᠢᠬᠦ᠌ ᠶᠠᠪᠤᠴᠠ ᠮᠥᠨ᠂ ᠡᠷᠬᠡᠪᠰᠢ ᠲᠡᠦᠬᠡ᠎ᠶ᠋ᠢᠨ ᠪᠣᠳᠠᠰᠴᠢ ᠦᠵᠡᠯ᠎ᠦᠨ ᠬᠠᠷᠠᠭᠠᠰᠤ ᠡᠴᠡ ᠡᠨᠡ ᠬᠦ᠌ ᠠᠬᠢᠴᠠ᠎ᠶ᠋ᠢ ᠵᠥᠪ᠎ᠢᠶᠡᠷ ᠲᠠᠨᠢᠵᠤ ᠲᠡᠭᠦᠨ᠎ᠳᠦ ᠵᠥᠪ᠎ᠢᠶᠡᠷ ᠬᠠᠨᠳᠤᠬᠤ ᠬᠡᠷᠡᠭ᠌ᠲᠡᠢ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠤᠨ ᠭᠤᠤᠯ ᠠᠭᠤᠯᠭ᠎ᠠ ᠶ᠋ᠢ ᠣᠨᠣᠪᠴᠢᠲᠠᠶ ᠡᠵᠡᠮᠱᠢᠬᠦ᠌ ᠬᠡᠷᠡᠭ᠌ᠲᠡᠶ
ᠣᠳᠣᠬᠢᠴᠢᠯᠠᠯᠲᠠ ᠪᠣᠯ ᠥᠷᠥᠨᠡᠳᠠᠬᠢᠨ᠎ᠤ ᠬᠥᠷᠥᠩᠭᠡᠲᠦ ᠤᠯᠤᠰ᠎ᠠᠴᠠ ᠡᠭᠦᠰᠴᠦ᠍᠂ ᠲᠠᠸᠠᠷ᠎ᠤᠨ ᠠᠵᠤ ᠠᠬᠤᠢ ᠪᠠᠷ ᠨᠠᠲ᠋ᠦ᠋ᠷᠠᠯ ᠠᠵᠤ ᠠᠬᠤᠢ᠎ᠶ᠋ᠢ ᠣᠷᠣᠯᠠᠵᠤ᠂ ᠲᠠᠷᠢᠶᠠᠯᠠᠩ᠎ᠤᠨ ᠪᠣᠯᠪᠠᠰᠤᠨ᠎ᠡᠴᠡ ᠠᠵᠤ ᠦᠢᠯᠡᠳᠪᠦᠷᠢ᠎ᠶ᠋ᠢᠨ ᠪᠣᠯᠪᠠᠰᠤᠨ ᠲᠠᠢᠰᠢ ᠬᠤᠪᠢᠷᠠᠬᠰᠠᠨ ᠶᠠᠪᠤᠴᠠ ᠮᠥᠨ ᠂ ᠬᠥᠮᠦᠨ ᠲᠥᠷᠥᠯᠬᠢᠲᠡᠨ᠎ᠦ ᠲᠦᠭᠡᠮᠡᠯ ᠪᠣᠯᠪᠠᠰᠤᠨ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ ᠪᠣᠯ ᠳᠤᠮᠳᠠᠳᠤ ᠤᠯᠤᠰ᠎ᠤᠨ ᠪᠣᠳᠠᠲᠤ ᠪᠠᠢᠳᠠᠯ᠎ᠠᠴᠠ ᠡᠭᠦᠰᠴᠦ᠍᠂ ᠨᠡᠢᠭᠡᠮ ᠵᠢᠷᠤᠮ᠎ᠤᠨ ᠠᠷᠭ᠎ᠠ ᠮᠠᠶᠢᠭ᠎ᠢᠶᠠᠷ ᠣᠳᠣᠬᠢᠴᠢᠯᠠᠯᠲᠠ᠎ᠶ᠋ᠢᠨ ᠡᠩ᠎ᠦᠨ ᠱᠠᠭᠠᠷᠳᠠᠯᠭ᠎ᠠ᠎ᠶ᠋ᠢᠨ 《ᠣᠳᠣᠬᠢᠴᠢᠯᠠᠯᠲᠠ》᠎ᠶ᠋ᠢ ᠪᠡᠶᠡᠯᠡᠭᠦᠯᠬᠦ ᠶᠠᠪᠣᠳᠠᠯ ᠪᠣᠯᠣᠨ᠎ᠠ᠃ ᠦᠷᠲᠡᠭ᠎ᠦᠨ ᠬᠠᠨᠳᠤᠰᠢ᠎ᠠᠴᠠ ᠠᠪᠴᠤ᠌ ᠬᠡᠯᠡᠪᠡᠯ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ ᠪᠣᠯᠤᠨ ᠥᠷᠥᠨᠡᠳᠠᠬᠢᠨ᠎ᠤ ᠣᠳᠣᠬᠢᠴᠢᠯᠠᠯᠲᠠ᠎ᠶ᠋ᠢᠨ ᠵᠠᠮ ᠨᠢ ᠬᠡᠳᠦᠢᠪᠡᠷ ᠴᠥᠮ ᠦᠢᠯᠡᠳᠪᠦᠷᠢᠯᠡᠯ᠎ᠦᠨ ᠬᠦᠴᠦᠨ᠎ᠦ ᠲᠤᠢᠯ᠎ᠤᠨ ᠶᠡᠬᠡ ᠬᠥᠭ᠌ᠵᠢᠯᠲᠡ᠎ᠶ᠋ᠢ ᠬᠥᠭᠡᠭᠡᠴᠡᠯᠳᠦᠵᠦ᠍ ᠪᠠᠢᠭ᠎ᠠ ᠪᠣᠯᠪᠠᠴᠤ᠌ ᠬᠣᠶᠠᠭᠤᠯᠠ ᠪᠠᠨ ᠮᠥᠨ ᠴᠢᠨᠠᠷ᠎ᠤᠨ ᠢᠯᠭᠠᠭ᠎ᠠ᠎ᠲᠠᠶ ᠪᠠᠢᠳᠠᠭ᠂ ᠡᠨᠡ ᠬᠦ᠌ ᠢᠯᠭᠠᠭ᠎ᠠ ᠨᠢ ᠬᠠᠮᠲᠤ᠎ᠪᠠᠷ ᠪᠠᠶᠠᠵᠢᠬᠣ ᠬᠠᠷᠠᠯᠲᠠ᠎ᠶ᠋ᠢ ᠪᠡᠶᠡᠯᠡᠭᠦᠯᠬᠦ᠌ ᠪᠠᠢᠷᠢ ᠲᠣᠭ᠍ᠲᠠᠭᠠᠯᠲᠠ ᠳᠡᠭᠡᠷ᠎ᠡ ᠢᠯᠡᠷᠡᠵᠦ᠍ ᠪᠠᠢᠳᠠᠭ᠃
ᠬᠥᠷᠥᠩᠭᠡ᠎ᠪᠡᠷ ᠦᠨᠳᠦᠰᠦ ᠪᠣᠯᠭᠠᠬᠤ ᠥᠷᠲᠡᠭ᠎ᠦᠨ ᠬᠠᠨᠳᠤᠰᠢ ᠪᠠ ᠬᠥᠷᠥᠩᠭᠡ᠎ᠶ᠋ᠢ ᠡᠷᠬᠢᠮ ᠳᠡᠭᠡᠳᠦ ᠪᠣᠯᠭᠠᠬᠤ ᠵᠠᠷᠴᠢᠮ᠎ᠢ ᠵᠢᠷᠤᠮᠯᠠᠳᠠᠭ ᠥᠷᠥᠨᠡᠳᠠᠬᠢᠨ᠎ᠤ ᠤᠯᠤᠰ᠎ᠲᠤ ᠠᠪᠴᠤ᠌ ᠬᠡᠯᠡᠪᠡᠯ ᠶᠠᠳᠠᠭᠤ ᠪᠠᠶᠠᠨ ᠬᠣᠶᠠᠷ ᠲᠠᠢᠰᠢ ᠲᠤᠢᠯᠰᠢᠷᠠᠬᠤ ᠨᠢ ᠢᠮᠠᠭ᠍ᠲᠠ ᠲᠡᠭᠦᠨ᠎ᠦ ᠣᠳᠣᠬᠢᠴᠢᠯᠠᠯᠲᠠ᠎ᠶ᠋ᠢᠨ ᠵᠠᠮ᠎ᠢ ᠳᠠᠭᠠᠵᠤ ᠪᠠᠢᠳᠠᠭ᠃ ᠤᠴᠢᠷ ᠨᠢ᠂ ᠦᠢᠯᠡᠳᠪᠦᠷᠢᠯᠡᠯ᠎ᠦᠨ ᠬᠡᠷᠡᠭ᠌ᠰᠡᠯ᠎ᠦᠨ ᠬᠤᠪᠢ᠎ᠶ᠋ᠢᠨ ᠥᠮᠴᠢᠯᠡᠯ ᠨᠢ ᠬᠥᠷᠥᠩᠭᠡᠲᠦ ᠶᠣᠰᠣᠨᠦ ᠨᠡᠮᠡᠭᠦᠦ ᠦᠷᠳᠡᠭ᠎ᠲᠦ ᠱᠢᠨᠤᠬᠠᠢᠷᠠᠬᠤ ᠬᠦᠷᠦᠨᠭ᠌ᠭᠡ᠎ᠶ᠋ᠢᠨ ᠱᠢᠨᠤᠯᠢ ᠬᠤᠪᠢᠷᠠᠭᠤᠯᠵᠤ ᠴᠢᠳᠠᠬᠤ ᠦᠭᠡᠢ ᠪᠥᠭᠡᠳ ᠬᠥᠷᠥᠩᠭᠡᠲᠦ ᠶᠣᠰᠣᠨ᠎ᠤ ᠦᠢᠯᠡᠳᠪᠦᠷᠢᠯᠡᠯ᠎ᠦᠨ ᠠᠷᠭ᠎ᠠ᠎ᠶ᠋ᠢᠨ ᠳᠣᠲᠣᠭᠠᠳᠤ ᠵᠥᠷᠢᠴᠡᠯ ᠪᠠ ᠲᠡᠭᠦᠨ᠎ᠡᠴᠡ ᠪᠣᠯᠤᠭ᠍ᠰᠠᠨ ᠠᠵᠤ ᠠᠬᠤᠢ᠎ᠶ᠋ᠢᠨ ᠬᠢᠮᠤᠷᠠᠯ᠎ᠢ ᠴᠤ᠌ ᠠᠷᠢᠯᠭᠠᠵᠤ ᠴᠢᠳᠠᠬᠤ ᠦᠭᠡᠢ ᠶᠤᠮ ᠂ ᠡᠢᠮᠦ᠍᠎ᠡᠴᠡ ᠦᠭᠡᠭᠦᠦ ᠠᠩᠭᠢ ᠵᠥᠪᠬᠡᠨ ᠲᠡᠭᠦᠨ᠎ᠦ ᠣᠳᠣᠬᠢᠴᠢᠯᠠᠯᠲᠠ᠎ᠶ᠋ᠢᠨ ᠵᠠᠮ ᠳᠡᠭᠡᠷᠡᠬᠢ ᠬᠢᠰᠬᠢᠬᠦᠷ ᠴᠢᠯᠠᠭᠤ ᠪᠣᠯᠬᠤ ᠲᠠᠳᠦᠢ ᠶᠤᠮ᠃ ᠦᠨᠡᠨ᠎ᠳᠡᠭᠡᠨ ᠥᠷᠥᠨᠡᠳᠠᠬᠢᠨ᠎ᠤ ᠬᠥᠷᠥᠩᠭᠡᠲᠦ ᠤᠯᠤᠰ᠎ᠤᠨ ᠣᠳᠣᠬᠢᠴᠢᠯᠠᠯᠲᠠ᠎ᠶ᠋ᠢᠨ ᠠᠬᠢᠴᠠ ᠪᠣᠯ 《ᠬᠥᠮᠦᠨ᠎ᠦ ᠣᠨᠳᠣᠣᠱᠢᠯ》᠎ᠤ᠋ᠨ ᠶᠠᠪᠤᠴᠠ ᠮᠥᠨ᠃ ᠭᠡᠪᠡᠴᠦ᠍ ᠦᠢᠯᠡᠳᠪᠦᠷᠢᠯᠡᠯ᠎ᠦᠨ ᠬᠡᠷᠡᠭ᠌ᠰᠡᠯ᠎ᠦᠨ ᠨᠡᠢᠲᠡ᠎ᠶ᠋ᠢᠨ ᠥᠮᠴᠢᠯᠡᠯ᠎ᠦᠨ ᠰᠠᠭᠤᠷᠢᠨ ᠳᠡᠭᠡᠷ᠎ᠡ ᠪᠠᠢᠭᠤᠯᠤᠭ᠍ᠳᠠᠭ᠍ᠰᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠳᠤ ᠠᠪᠴᠤ᠌ ᠬᠡᠯᠡᠪᠡᠯ᠂ ᠲᠡᠭᠦᠨ᠎ᠦ ᠬᠠᠷᠠᠯᠲᠠ᠎ᠶ᠋ᠢᠨ ᠪᠠᠢᠷᠢ ᠲᠣᠭ᠍ᠲᠠᠭᠠᠯᠲᠠ ᠨᠢ ᠦᠢᠯᠡᠳᠪᠦᠷᠢᠯᠡᠯ᠎ᠦᠨ ᠬᠦᠴᠦᠨ᠎ᠦ ᠶᠡᠬᠡ ᠬᠥᠭ᠌ᠵᠢᠯᠲᠡ᠎ᠪᠡᠷ ᠲᠠᠮᠵᠢᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠮᠥᠷᠲᠡᠭᠡᠨ ᠪᠠᠰᠠ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ᠎ᠶ᠋ᠢ ᠢᠯᠡᠷᠡᠭᠦᠯᠵᠦ ᠪᠠᠢᠳᠠᠭ᠂ ᠲᠠᠷᠣᠢ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠂ ᠡᠢᠮᠦ᠍᠎ᠡᠴᠡ ᠳᠤᠮᠳᠠᠳᠤ ᠤᠯᠤᠰ᠎ᠤᠨ ᠪᠡᠶᠡᠯᠡᠭᠦᠯᠬᠦ᠌ ᠣᠳᠣᠬᠢᠴᠢᠯᠠᠯᠲᠠ ᠪᠣᠯ ᠬᠥᠮᠦᠨ᠎ᠦ ᠣᠳᠣᠬᠢᠴᠢᠯᠠᠯᠲᠠ ᠮᠥᠨ᠃
ᠪᠣᠳᠠᠲᠠᠢ᠎ᠪᠠᠷ ᠬᠡᠯᠡᠪᠡᠯ᠂ ᠮᠠᠷᠺᠰ ᠡᠩᠭᠧᠯᠰ᠎ᠦᠨ ᠡᠭᠦᠳᠦᠭ᠌ᠰᠡᠨ ᠱᠢᠨᠵᠢᠯᠡᠬᠦ᠌ ᠤᠬᠠᠭᠠᠨᠴᠢ ᠨᠡᠢᠭᠡᠮ ᠵᠢᠷᠤᠮ᠎ᠤᠨ ᠤᠨᠦᠯ᠎ᠤᠨ ᠮᠥᠨ ᠴᠢᠨᠠᠷ ᠪᠣᠯ ᠳᠠᠷᠤᠢ ᠠᠡᠭ᠌ᠬᠢ᠎ᠶ᠋ᠢᠨ ᠳᠠᠷᠤᠯᠠᠯ ᠮᠥᠯᠵᠢᠯᠢ ᠤᠰᠠᠳᠭᠠᠵᠤ᠂ ᠶᠠᠳᠠᠭᠤ ᠬᠣᠭᠣᠰᠣᠨ ᠪᠠ ᠬᠣᠶᠠᠷ ᠲᠤᠢᠯᠰᠢᠷᠠᠬᠤ ᠶᠠᠪᠤᠳᠠᠯ᠎ᠢ ᠠᠷᠢᠯᠭᠠᠵᠤ᠂ ᠡᠴᠦᠰ᠎ᠲᠡᠬᠡᠨ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃ ᠡᠢᠮᠦ᠍᠎ᠡᠴᠡ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠡᠨᠡ ᠨᠢ ᠨᠡᠢᠭᠡᠮ ᠵᠢᠷᠤᠮᠲᠤ ᠤᠯᠤᠰ ᠲᠸ᠋ ᠬᠠᠮᠲᠤ᠎ᠪᠠᠷ ᠪᠠᠶᠠᠵᠢᠬᠣ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢᠶᠠᠷ ᠵᠠᠮᠨᠠᠬᠤ ᠲᠡᠦᠬᠡ᠎ᠶ᠋ᠢᠨ ᠵᠠᠢᠯᠠᠰᠢ ᠦᠭᠡᠢ ᠴᠢᠨᠠᠷ ᠪᠠᠢᠬᠤ᠎ᠶ᠋ᠢ ᠲᠣᠭ᠍ᠲᠠᠭᠠᠭ᠍ᠰᠠᠨ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ᠎ᠠᠴᠠ ᠨᠠᠭᠠᠰᠢ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠪᠠᠷᠢᠮᠲᠠᠯᠠᠵᠤ᠂ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠦᠨ ᠤᠯᠠᠨ ᠨᠡᠢᠲᠡᠴᠢ ᠴᠢᠨᠠᠷ ᠪᠠ ᠬᠠᠮᠲᠤ᠎ᠪᠠᠷ ᠡᠳ᠋ᠯᠡᠬᠦ᠌ ᠴᠢᠨᠠᠷ᠎ᠢ ᠪᠠᠲᠤᠯᠠᠭ᠍ᠰᠠᠭᠠᠷ ᠢᠷᠡᠵᠠᠢ᠂ ᠡᠨᠡ ᠨᠢ ᠪᠢᠳᠡᠨ᠎ᠳᠦ ᠬᠠᠮᠲᠤ᠎ᠪᠠᠷ ᠪᠠᠶᠠᠵᠢᠬᠣ᠎ᠶ᠋ᠢ ᠪᠡᠶᠡᠯᠡᠭᠦᠯᠬᠦ᠌ ᠣᠳᠣᠬᠢᠴᠢᠯᠠᠯᠲᠠ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠬᠤ ᠠᠬᠤᠢᠴᠢ ᠪᠣᠯᠣᠯᠴᠠᠭᠠᠲᠤ ᠴᠢᠨᠠᠷᠲᠠᠶ ᠪᠠᠢᠬᠤ᠎ᠶ᠋ᠢ ᠲᠣᠭ᠍ᠲᠠᠭᠠᠪᠠ᠃ ᠬᠠᠮᠲᠤ᠎ᠪᠠᠷ ᠪᠠᠶᠠᠵᠢᠬᠣ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠪᠠ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠪᠣᠯ ᠬᠠᠷᠢᠯᠴᠠᠨ ᠨᠥᠬᠥᠴᠡᠯᠳᠦᠵᠦ᠍ ᠬᠠᠷᠢᠯᠴᠠᠨ ᠠᠬᠢᠭᠤᠯᠵᠤ ᠪᠠᠢᠳᠠᠭ᠃ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌ ᠪᠣᠯ ᠳᠠᠷᠤᠢ ᠬᠥᠮᠦᠨ᠎ᠦ ᠡᠷᠬᠡ ᠴᠢᠯᠥᠭᠡ ᠪᠦᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌ ᠶᠠᠪᠤᠳᠠᠯ ᠮᠥᠨ᠂ ᠭᠠᠭ᠍ᠴᠠ ᠬᠦ᠌ ᠬᠥᠮᠦᠨ᠎ᠦ ᠡᠷᠬᠡ ᠴᠢᠯᠥᠭᠡ ᠪᠦᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠲᠠᠰᠤᠷᠠᠯᠳᠠ ᠦᠭᠡᠢ ᠠᠬᠢᠭᠤᠯᠪᠠᠯ ᠦᠢᠯᠡᠳᠪᠦᠷᠢᠯᠡᠯ᠎ᠦᠨ ᠬᠡᠷᠡᠭ᠌ᠰᠡᠯ ᠰᠠᠶᠢ ᠬᠥᠳᠡᠯᠮᠦᠷᠢᠴᠢᠳ᠎ᠦᠨ ᠭᠠᠷ᠎ᠲᠤ ᠦᠨᠡᠨ ᠬᠦ᠌ ᠲᠥᠪᠯᠡᠷᠡᠵᠦ᠍᠂ ᠬᠠᠮᠲᠤ᠎ᠶ᠋ᠢᠨ ᠡᠳ᠋ ᠪᠠᠶᠠᠯᠢᠭ᠎ᠤᠨ ᠡᠬᠢ ᠪᠤᠯᠠᠭ ᠰᠠᠶᠢ ᠭᠦᠢᠴᠡᠳ ᠤᠨᠳᠤᠷᠴᠤ᠌ ᠂ ᠣᠳᠣᠬᠢᠴᠢᠯᠠᠯᠲᠠᠰᠠᠶᠢ ᠦᠨᠡᠨ ᠬᠦ᠌ ᠠᠬᠢᠴᠠ ᠲᠠᠢ ᠪᠤᠯᠵᠤ᠂ ᠬᠠᠮᠲᠤ᠎ᠪᠠᠷ ᠪᠠᠶᠠᠵᠢᠬᠤ ᠶᠠᠪᠤᠳᠠᠯ ᠰᠠᠶᠢ ᠡᠴᠦᠰ᠎ᠲᠡᠬᠡᠨ ᠪᠡᠶᠡᠯᠡᠭ᠌ᠳᠡᠵᠦ᠍ ᠴᠢᠳᠠᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠪᠣᠯ ᠳᠠᠷᠤᠢ ᠬᠠᠮᠲᠤ᠎ᠪᠠᠷ ᠪᠠᠶᠠᠵᠢᠬᠣ ᠶᠠᠪᠤᠳᠠᠯ ᠲᠠᠰᠤᠷᠠᠯᠲᠠ ᠦᠭᠡᠢ ᠮᠥᠨ ᠴᠢᠨᠠᠷ᠎ᠤᠨ ᠠᠬᠢᠴᠠ᠎ᠲᠠᠶ ᠪᠣᠯᠬᠤ ᠶᠠᠪᠤᠴᠠ ᠮᠥᠨ᠂ ᠬᠠᠮᠲᠤ᠎ᠪᠠᠷ ᠪᠠᠶᠠᠵᠢᠬᠣ ᠶᠠᠪᠤᠳᠠᠯ ᠮᠥᠨ ᠴᠢᠨᠠᠷ᠎ᠤᠨ ᠠᠬᠢᠴᠠ᠎ᠲᠠᠶ ᠪᠣᠯᠬᠤ᠎ᠶ᠋ᠢᠨ ᠬᠠᠮᠲᠤ ᠪᠠᠰᠠ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠲᠠᠰᠤᠷᠠᠯᠲᠠ ᠦᠭᠡᠢ ᠲᠡᠭᠦᠯᠳᠡᠷᠵᠢᠬᠦ᠌᠎ᠶ᠋ᠢᠨ ᠤᠯᠠᠮ᠎ᠠᠴᠠ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠲᠠᠢ ᠵᠣᠬᠢᠴᠠᠬᠤ ᠶᠠᠪᠤᠴᠠ ᠮᠥᠨ ᠭᠡᠵᠦ᠍ ᠬᠡᠯᠡᠵᠦ᠍ ᠪᠣᠯᠤᠨ᠎ᠠ᠂ ᠡᠨᠡ ᠨᠢ ᠬᠠᠮᠲᠤ᠎ᠪᠠᠷ ᠪᠠᠶᠠᠵᠢᠬᠣ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢᠶᠠᠷ ᠵᠠᠮᠨᠠᠬᠤ᠎ᠶ᠋ᠢᠨ ᠴᠢᠬᠤᠯᠠ ᠴᠢᠨᠠᠷ᠎ᠢ ᠲᠣᠭ᠍ᠲᠠᠭᠠᠭ᠍ᠰᠠᠨ ᠶᠤᠮ᠃
ᠳᠡᠭᠡᠷ᠎ᠡ ᠳᠤᠷᠠᠳᠤᠭ᠍ᠰᠠᠨᠢ ᠬᠤᠷᠢᠶᠠᠩᠭᠤᠢᠯᠠᠪᠠᠯ᠂ ᠨᠡᠢᠭᠡᠮ ᠵᠢᠷᠤᠮ᠎ᠤᠨ ᠮᠥᠨ ᠴᠢᠨᠠᠷ᠎ᠤᠨ ᠲᠤᠬᠠᠢ ᠲᠠᠨᠢᠯᠲᠠ ᠭᠡᠰᠡᠨ ᠦᠬᠡᠢ᠂ ᠨᠡᠢᠭᠡᠮ ᠵᠢᠷᠤᠮ᠎ᠤᠨ ᠮᠥᠨ ᠴᠢᠨᠠᠷ᠎ᠤᠨ ᠪᠡᠶᠡᠯᠡᠭ᠌ᠳᠡᠯ ᠴᠦ᠍ ᠭᠡᠰᠡᠨ ᠦᠬᠡᠢ ᠂ ᠴᠥᠮ ᠳᠤᠮᠳᠠᠳᠤ ᠤᠯᠤᠰ ᠡᠷᠬᠡᠪᠰᠢ ᠥᠷᠥᠨᠡᠳᠠᠬᠢᠨ᠎ᠠᠴᠠ ᠢᠯᠭᠠᠭ᠍ᠳᠠᠬᠤ ᠪᠥᠭᠡᠳ ᠥᠷᠥᠨᠡᠳᠠᠬᠢᠨ᠎ᠠᠴᠠ ᠳᠠᠪᠠᠬᠰᠠᠨ ᠵᠠᠮ ᠭᠠᠷᠭᠠᠨ ᠥᠷᠭᠡᠳᠭᠡᠬᠦ᠌ ᠬᠡᠷᠡᠭ᠌ᠲᠡᠢ ᠭᠡᠳᠡᠭ᠎ᠢ ᠲᠣᠭ᠍ᠲᠠᠭᠠᠭ᠍ᠰᠠᠨ ᠶᠤᠮ ᠂ ᠡᠨᠡ ᠵᠠᠮ ᠪᠣᠯ ᠶᠠᠭ ᠬᠠᠮᠲᠤ᠎ᠪᠠᠷ ᠪᠠᠶᠠᠵᠢᠬᠣ ᠪᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ ᠮᠥᠨ᠃
ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠳᠤᠮᠳᠠᠳᠤ ᠤᠯᠤᠰ᠎ᠤᠨ ᠲᠥᠰᠦᠯ᠎ᠦᠨ ᠣᠳᠣᠬᠢᠴᠢᠯᠠᠯᠲᠠ᠎ᠶ᠋ᠢᠨ ᠲᠠᠪᠠᠯᠳᠠ ᠵᠢ ᠪᠡᠶᠡᠯᠡᠭᠦᠯᠬᠦ ᠬᠡᠷᠡᠭᠳᠡᠢ
ᠬᠠᠮᠲᠤ᠎ᠪᠠᠷ ᠪᠠᠶᠠᠵᠢᠬᠣ ᠶ᠋ᠢ ᠬᠥᠭᠡᠭᠡᠴᠡᠯᠳᠦᠭ᠌ᠰᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ ᠪᠣᠯ ᠥᠩᠭᠡᠷᠡᠭ᠌ᠰᠡᠨ᠎ᠦ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢᠨ ᠲᠤᠷᠱᠢᠯᠭ᠎ᠠ᠎ᠶ᠋ᠢᠨ ᠳ᠋ᠦᠩᠨᠡᠯᠲᠡ ᠪᠣᠯᠬᠤ ᠮᠥᠷᠲᠡᠭᠡᠨ ᠪᠠᠰᠠ ᠴᠤ᠌ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠲᠥᠰᠦᠪᠯᠡᠯ ᠪᠣᠯᠬᠤ ᠶᠤᠮ᠃ ᠡᠨᠡ ᠬᠦ᠌ ᠵᠠᠮ ᠳᠡᠭᠡᠷ᠎ᠡ ᠪᠢᠳᠡ ᠡᠷᠬᠡᠪᠰᠢ ᠥᠩᠭᠡᠷᠡᠭ᠌ᠰᠡᠨ᠎ᠦ ᠱᠢᠯᠢᠳᠡᠭ ᠦᠷ᠎ᠡ ᠪᠦᠲᠦᠭᠡᠯ᠎ᠢᠶᠡᠨ ᠵᠠᠯᠭᠠᠮᠵᠢᠯᠠᠵᠤ᠂ ᠦᠢᠯᠡᠳᠪᠦᠷᠢᠯᠡᠯ᠎ᠦᠨ ᠬᠦᠴᠦᠨ᠎ᠢ ᠶᠡᠬᠡᠪᠡᠷ ᠬᠥᠭ᠌ᠵᠢᠭᠦᠯᠬᠦ᠌᠎ᠶ᠋ᠢᠨ ᠬᠠᠮᠲᠤ ᠡᠭᠦᠨ᠎ᠲᠡᠶ ᠵᠣᠬᠢᠴᠠᠭ᠍ᠰᠠᠨ ᠪᠠᠢᠭᠤᠯᠤᠯ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠬᠠᠮᠲᠤ᠎ᠪᠠᠷ ᠪᠠᠶᠠᠵᠢᠬᠣ ᠶ᠋ᠢ ᠨᠡᠩ ᠴᠢᠨᠠᠷ ᠰᠠᠢᠲᠠᠢ ᠪᠡᠶᠡᠯᠡᠭᠦᠯᠬᠦ᠌ ᠶᠠᠪᠤᠴᠠ᠎ᠳᠤ ᠳᠤᠮᠳᠠᠳᠤ ᠤᠯᠤᠰ᠎ᠤᠨ ᠲᠥᠰᠦᠯ᠎ᠦᠨ ᠣᠳᠣᠬᠢᠴᠢᠯᠠᠯᠲᠠ᠎ᠶ᠋ᠢᠨ ᠳᠠᠪᠠᠯᠲᠠ᠎ᠶ᠋ᠢ ᠪᠡᠶᠡᠯᠡᠭᠦᠯᠬᠦ᠌ ᠬᠡᠷᠡᠭ᠌ᠲᠡᠢ᠃
ᠠᠵᠤ ᠠᠬᠤᠢ᠎ᠶ᠋ᠢᠨ ᠲᠠᠯ᠎ᠠ᠎ᠠᠴᠠ ᠠᠪᠴᠤ᠌ ᠬᠡᠯᠡᠪᠡᠯ᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠳᠦ ᠦᠢᠯᠡᠳᠪᠦᠷᠢᠯᠡᠯ᠎ᠦᠨ ᠬᠦᠴᠦᠨ᠎ᠢ ᠶᠡᠬᠡᠪᠡᠷ ᠬᠥᠭ᠌ᠵᠢᠭᠦᠯᠵᠦ᠍ ᠂ ᠦᠢᠯᠡᠳᠪᠦᠷᠢᠯᠡᠯ᠎ᠦᠨ ᠬᠦᠴᠦᠨ᠎ᠦ ᠯᠤᠲᠤ ᠶᠡᠬᠡ ᠨᠡᠮᠡᠭ᠌ᠳᠡᠯ ᠪᠠ ᠬᠥᠭ᠌ᠵᠢᠯᠲᠡ᠎ᠶ᠋ᠢ ᠪᠡᠶᠡᠯᠡᠭᠦᠯᠬᠦ᠌ ᠬᠡᠷᠡᠭ᠌ᠲᠡᠢ᠃ ᠮᠠᠷᠺᠰ ᠡᠩᠭᠧᠯᠰ᠎ᠦᠨ ᠦᠵᠡᠬᠦ᠌᠎ᠪᠡᠷ᠂ ᠦᠢᠯᠡᠳᠪᠦᠷᠢᠯᠡᠯ᠎ᠦᠨ ᠬᠦᠴᠦᠨ᠎ᠦ ᠯᠤᠲᠤ ᠶᠡᠬᠡ ᠨᠡᠮᠡᠭ᠌ᠳᠡᠯ ᠪᠠ ᠬᠥᠭ᠌ᠵᠢᠯᠲᠡ ᠪᠣᠯ ᠢᠮᠠᠭ᠍ᠲᠠ ᠨᠡᠢᠭᠡᠮ ᠵᠢᠷᠤᠮᠲᠤ ᠨᠡᠢᠭᠡᠮ᠎ᠦᠨ《ᠬᠠᠷᠢᠴᠠᠯᠠᠰᠢᠬᠦᠢ ᠬᠡᠷᠡᠭ᠌ᠴᠡᠭᠡ》 ᠶ᠋ᠢᠨ ᠪᠣᠳᠠᠲᠤ ᠤᠷᠢᠲᠠᠯ ᠮᠥᠨ᠂ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ ᠪᠣᠯ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢᠨ ᠤᠷᠢᠲᠠᠯ ᠮᠥᠨ᠂ ᠦᠢᠯᠡᠳᠪᠦᠷᠢᠯᠡᠯ᠎ᠦᠨ ᠬᠦᠴᠦᠨ᠎ᠢ ᠴᠢᠯᠥᠭᠡᠯᠡᠨ ᠬᠥᠭ᠌ᠵᠢᠭᠦᠯᠬᠦ᠌ ᠪᠣᠯ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢᠨ ᠪᠣᠳᠠᠰ᠎ᠤᠨ ᠰᠠᠭᠤᠷᠢ ᠮᠥᠨ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠭᠠᠷᠤᠢ ᠵᠢᠯ᠎ᠦᠨ ᠲᠤᠷᠰᠢ ᠮᠠᠨ᠎ᠤ ᠤᠯᠤᠰ ᠤᠨ ᠦᠢᠯᠡᠳᠪᠦᠷᠢᠯᠡᠯ᠎ᠦᠨ ᠬᠦᠴᠦᠨ᠎ᠦ ᠲᠦᠪᠱᠢᠨ ᠲᠡᠦᠬᠡᠲᠦ ᠴᠢᠨᠠᠷᠲᠠᠢ ᠳᠠᠪᠠᠯᠲᠠ᠎ᠶ᠋ᠢ ᠪᠡᠶᠡᠯᠡᠭᠦᠯᠵᠦ᠍᠂ ᠨᠢᠭᠡᠨᠲᠡ ᠬᠠᠷᠢᠴᠠᠩᠭᠤᠢ ᠪᠦᠷᠢᠨ ᠪᠦᠲᠦᠨ ᠠᠵᠤ ᠦᠢᠯᠡᠳᠪᠦᠷᠢ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠤᠭ᠍ᠰᠠᠨ ᠪᠥᠭᠡᠳ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠷᠢᠴᠠᠯᠠᠱᠢᠭᠦᠢ ᠶᠠᠳᠠᠭᠤ ᠬᠦᠴᠢᠷᠳᠡᠯ᠎ᠦᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠭ᠌ᠰᠡᠨ ᠪᠠᠢᠨ᠎ᠠ᠃ ᠣᠳᠣᠬᠠᠨ᠎ᠳᠤ᠂ ᠮᠠᠨ᠎ᠤ ᠤᠯᠤᠰ ᠶᠠᠭ ᠱᠢᠨ᠎ᠡ ᠬᠠᠭᠤᠴᠢᠨ ᠵᠥᠷᠢᠴᠡᠯ ᠳᠠᠪᠬᠤᠴᠠᠵᠦ ᠬᠡᠯᠪᠡᠷᠢ᠎ᠪᠡᠨ ᠬᠤᠪᠢᠷᠠᠭᠤᠯᠬᠤ ᠬᠤᠭᠤᠴᠠᠭᠠᠨ᠎ᠳᠤ ᠣᠷᠣᠱᠢᠵᠤ᠂ ᠲᠡᠩᠴᠡᠭᠦᠷᠢ ᠦᠭᠡᠢ ᠭᠦᠢᠴᠡᠳ ᠦᠭᠡᠢ ᠬᠥᠭ᠌ᠵᠢᠯᠲᠡ᠎ᠶ᠋ᠢ ᠱᠢᠢᠳᠪᠦᠷᠢᠯᠡᠬᠦ᠌᠎ᠳᠦ ᠴᠦ᠍ ᠮᠠᠰᠢ ᠤᠯᠠᠨ ᠱᠢᠯᠭᠠᠯᠲᠠ᠎ᠳᠤ ᠲᠤᠯᠭᠠᠷᠠᠵᠤ ᠪᠠᠢᠨ᠎ᠠ᠂ ᠪᠤᠰᠤᠳᠴᠢ ᠣᠷᠴᠢᠨ ᠨᠥᠬᠥᠴᠡᠯ ᠪᠠ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠠᠴᠠ ᠠᠪᠴᠤ᠌ ᠦᠵᠡᠪᠡᠯ᠂ ᠬᠥᠭ᠌ᠵᠢᠭᠦᠯᠬᠦ᠌ ᠪᠣᠯ ᠲᠡᠷᠢᠭᠦᠨ ᠴᠢᠬᠤᠯᠠ ᠡᠭᠦᠷᠭᠡ ᠮᠦᠨ ᠬᠡᠰᠡᠨ ᠦᠨᠳᠦᠰᠦᠨ ᠣᠢᠯᠠᠭᠠᠭ᠍ᠳᠠᠬᠤᠨ᠎ᠢ ᠮᠥᠨ ᠯᠡ ᠪᠠᠷᠢᠮᠲᠠᠯᠠᠬᠤ ᠬᠡᠷᠡᠭ᠌ᠲᠡᠢ᠃ ᠡᠨᠡ ᠨᠢ ᠪᠢᠳᠡᠨ᠎ᠢ ᠲᠡᠦᠬᠡᠨ ᠲᠤᠷᠱᠢᠯᠭ᠎ᠠ᠎ᠪᠠᠨ ᠳ᠋ᠦᠩᠨᠡᠭ᠌ᠰᠡᠨ ᠰᠠᠭᠤᠷᠢᠨ ᠳᠡᠭᠡᠷ᠎ᠡ᠂ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢᠨ ᠬᠤᠪᠢᠷᠠᠯᠲᠠ᠎ᠲᠠᠢ ᠵᠣᠬᠢᠴᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠪᠣᠬᠢᠷᠲᠤᠯ ᠦᠭᠡᠢ ᠬᠥᠭ᠌ᠵᠢᠯᠲᠡ ᠵᠡᠷᠭᠡ ᠲᠠᠯ᠎ᠠ᠎ᠪᠠᠷ ᠱᠢᠪᠲᠤᠯᠤᠯᠲᠠ ᠭᠠᠷᠭᠠᠬᠤ᠎ᠶ᠋ᠢ ᠡᠷᠢᠯᠬᠢᠯᠡᠵᠦ᠍᠂ ᠠᠵᠤ ᠦᠢᠯᠡᠰ᠎ᠦᠨ ᠪᠦᠬᠦ᠌ ᠲᠠᠯ᠎ᠠ᠎ᠪᠠᠷ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌᠎ᠳᠦ ᠪᠠᠲᠤ ᠪᠡᠬᠢ ᠪᠣᠳᠠᠰ᠎ᠤᠨ ᠰᠠᠭᠤᠷᠢ ᠲᠠᠯᠪᠢᠬᠤ᠎ᠶ᠋ᠢ ᠱᠠᠭᠠᠷᠳᠠᠵᠤ ᠪᠠᠢᠨ᠎ᠠ᠃
ᠲᠦᠷᠢᠮ᠎ᠦᠨ ᠲᠠᠯ᠎ᠠ᠎ᠠᠴᠠ ᠠᠪᠴᠤ᠌ ᠬᠡᠯᠡᠪᠡᠯ᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠳᠦ ᠲᠦᠭᠡᠮᠡᠯ ᠬᠠᠷᠠᠭᠠᠯᠵᠠᠯ ᠦᠵᠡᠭᠦᠯᠬᠦ᠌ ᠮᠥᠷᠲᠡᠭᠡᠨ ᠳᠠᠪᠬᠤᠷᠭ᠎ᠠ ᠬᠤᠪᠢᠶᠠᠬᠤ ᠲᠦᠷᠢᠮ᠎ᠦᠨ ᠵᠢᠷᠤᠭ ᠲᠥᠯᠥᠪᠯᠡᠭᠡ᠎ᠶ᠋ᠢ ᠠᠪᠴᠤ᠌᠂ 《ᠬᠠᠮᠲᠤ》᠎ᠳ᠋ᠸ᠋ ᠪᠠᠲᠤᠯᠠᠭ᠎ᠠ ᠬᠠᠩᠭᠠᠬᠤ ᠬᠡᠷᠡᠭ᠌ᠲᠡᠢ᠃ ᠦᠢᠯᠡᠳᠪᠦᠷᠢᠯᠡᠯ᠎ᠦᠨ ᠬᠦᠴᠦᠨ ᠪᠠ ᠦᠢᠯᠡᠳᠪᠦᠷᠢᠯᠡᠯ᠎ᠦᠨ ᠬᠠᠷᠢᠴᠠᠭᠠᠨ᠎ᠤ ᠬᠤᠪᠢᠰᠤᠩᠭᠤᠢ ᠬᠠᠷᠢᠴᠠᠭ᠎ᠠ᠎ᠠᠴᠠ ᠡᠭᠦᠰᠴᠦ᠍᠂ 《ᠪᠠᠶᠠᠵᠢᠬᠣ》 ᠨᠢ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠲᠦᠪᠱᠢᠨ᠎ᠢ ᠲᠥᠯᠥᠭᠡᠯᠡᠵᠦ᠍᠂ 《ᠬᠠᠮᠲᠤ》 ᠨᠢ ᠨᠡᠢᠭᠡᠮ᠎ᠦᠨ ᠬᠠᠷᠢᠴᠠᠭᠠᠨ᠎ᠤ ᠱᠢᠨᠵᠢ ᠴᠢᠨᠠᠷ᠎ᠢ ᠲᠥᠯᠥᠭᠡᠯᠡᠵᠦ᠍᠂ ᠬᠣᠶᠠᠭᠤᠯᠠ᠎ᠪᠠᠨ ᠲᠤᠰ ᠲᠤᠰ ᠨᠡᠢᠭᠡᠮ᠎ᠦᠨ ᠪᠦᠷᠢᠯᠳᠦᠬᠦᠨ᠎ᠦ ᠡᠳ᠋ ᠪᠠᠶᠠᠯᠢᠭ᠎ᠢ ᠡᠵᠡᠮᠱᠢᠵᠦ᠍ ᠪᠠᠢᠭ᠎ᠠ ᠪᠠᠢᠳᠠᠯ᠎ᠢ ᠲᠤᠰᠭᠠᠵᠠᠢ᠃ ᠥᠭᠡᠷ᠎ᠡ᠎ᠪᠡᠷ ᠬᠡᠯᠡᠪᠡᠯ᠂ ᠬᠠᠮᠲᠤ᠎ᠪᠠᠷ ᠪᠠᠶᠠᠵᠢᠬᠣ ᠨᠢ ᠦᠨᠡᠨ᠎ᠳᠡᠭᠡᠨ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠱᠠᠭᠠᠷᠳᠠᠭ᠍ᠳᠠᠬᠤ ᠠᠵᠤ ᠠᠬᠤᠢ᠎ᠶ᠋ᠢᠨ ᠰᠠᠭᠤᠷᠢ ᠪᠠ ᠲᠦᠷᠢᠮ᠎ᠦᠨ ᠪᠠᠲᠤᠯᠠᠭ᠎ᠠ᠎ᠶ᠋ᠢ ᠲᠣᠭ᠍ᠲᠠᠭᠠᠭ᠍ᠰᠠᠨ ᠶᠤᠮ᠃ ᠦᠢᠯᠡᠳᠪᠦᠷᠢᠯᠡᠯ᠎ᠦᠨ ᠬᠠᠷᠢᠴᠠᠭᠠᠨ᠎ᠳᠠᠬᠢ ᠬᠥᠮᠦᠨ ᠬᠥᠮᠦᠨ᠎ᠦ ᠬᠣᠭᠣᠷᠣᠨᠳᠣᠬᠢ ᠠᠱᠢᠭ ᠲᠤᠰᠠ᠎ᠶ᠋ᠢᠨ ᠬᠠᠷᠢᠴᠠᠭ᠎ᠠ᠎ᠶ᠋ᠢ ᠬᠠᠮᠤᠭ᠎ᠠᠴᠠ ᠱᠢᠭᠤᠳ ᠲᠤᠰᠭᠠᠬᠤ ᠬᠤᠪᠢᠶᠠᠷᠢᠯᠠᠯᠲᠠ᠎ᠶ᠋ᠢᠨ ᠲᠦᠷᠢᠮ ᠨᠢ ᠠᠷᠠᠳ ᠲᠦᠮᠡᠨ᠎ᠦ ᠪᠣᠳᠠᠰ᠎ᠤᠨ ᠡᠳ᠋ ᠪᠠᠶᠠᠯᠢᠭ᠎ᠢ ᠤᠯᠬᠤ ᠬᠠᠷᠢᠴᠠᠯ ᠪᠠ ᠪᠣᠳᠠᠰ᠎ᠤᠨ ᠡᠳ᠋ ᠪᠠᠶᠠᠯᠢᠭ᠎ᠢ ᠡᠷᠭᠡ ᠲᠡᠭᠰᠢ᠎ᠪᠠᠷ ᠡᠳ᠋ᠯᠡᠬᠦ᠌ ᠬᠡᠮᠵᠢᠢ᠎ᠡ᠎ᠶ᠋ᠢ ᠱᠢᠭᠤᠳ ᠲᠣᠭ᠍ᠲᠠᠭᠠᠵᠤ ᠪᠠᠢᠳᠠᠭ᠃ ᠵᠠᠭᠤᠨ ᠵᠢᠯ᠎ᠦᠨ ᠲᠤᠷᠰᠢ ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢᠶᠡᠷ ᠭᠣᠣᠯ ᠪᠣᠯᠭᠠᠬᠤ ᠂ ᠬᠠᠮᠲᠤ᠎ᠪᠠᠷ ᠪᠠᠶᠠᠵᠢᠬᠣ ᠪᠡᠷ ᠬᠠᠷᠠᠯᠲᠠ ᠪᠣᠯᠭᠠᠭ᠍ᠰᠠᠨ ᠬᠤᠪᠢᠶᠠᠷᠢᠯᠠᠯᠲᠠ᠎ᠶ᠋ᠢᠨ ᠲᠦᠷᠢᠮ᠎ᠢ ᠪᠠᠢᠭᠤᠯᠬᠤ᠎ᠪᠠᠷ ᠴᠢᠷᠮᠠᠢᠭ᠍ᠰᠠᠨ ᠪᠥᠭᠡᠳ ᠬᠥᠳᠡᠯᠮᠦᠷᠢᠯᠡᠭ᠌ᠰᠡᠨ᠎ᠦ ᠬᠢᠨᠢ ᠬᠢᠷᠢ᠎ᠪᠡᠷ ᠬᠤᠪᠢᠶᠠᠷᠢᠯᠠᠬᠤ᠎ᠪᠠᠷ ᠭᠣᠣᠯ ᠴᠣᠭ᠍ᠴᠠ ᠪᠣᠯᠭᠠᠵᠤ ᠤᠯᠠᠨ ᠵᠦᠢᠯ᠎ᠦᠨ ᠬᠤᠪᠢᠶᠠᠷᠢᠯᠠᠯᠲᠠ᠎ᠶ᠋ᠢᠨ ᠠᠷᠭ᠎ᠠ ᠬᠡᠯᠪᠡᠷᠢ ᠵᠡᠷᠭᠡ᠎ᠪᠡᠷ ᠣᠷᠣᠱᠢᠭ᠍ᠰᠠᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠤᠪᠢᠶᠠᠷᠢᠯᠠᠯᠲᠠ᠎ᠶ᠋ᠢᠨ ᠲᠦᠷᠢᠮ᠎ᠢ ᠪᠦᠷᠢᠯᠳᠦᠭᠦᠯᠵᠦ᠍ ᠂ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌᠎ᠳᠦ ᠲᠦᠷᠢᠮ᠎ᠦᠨ ᠪᠠᠲᠤᠯᠠᠭ᠎ᠠ ᠬᠠᠩᠭᠠᠵᠠᠢ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠭ᠍ᠰᠠᠨ᠎ᠤ ᠲᠠᠷᠠᠭ᠎ᠠ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌᠎ᠳᠦ ᠪᠠᠰᠠ ᠠᠩᠬᠠᠨ᠎ᠤ ᠬᠤᠪᠢᠶᠠᠷᠢᠯᠠᠯᠲᠠ᠎ᠶ᠋ᠢᠨ ᠲᠦᠷᠢᠮ ᠪᠠ ᠲᠠᠬᠢᠨ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠦᠭ᠌ᠰᠡᠨ ᠰᠠᠭᠤᠷᠢᠨ ᠳᠡᠭᠡᠷ᠎ᠡ᠂ ᠶᠣᠰᠣ ᠰᠤᠷᠲᠠᠬᠤᠨ᠎ᠤ ᠵᠠᠷᠴᠢᠮ᠂ ᠤᠶᠤᠨ ᠰᠠᠨᠠᠭᠠᠨ᠎ᠤ ᠬᠦᠴᠦᠨ᠎ᠦ ᠦᠢᠯᠡᠳᠦᠯᠳᠦ ᠲᠦᠱᠢᠭ᠌ᠯᠡᠨ᠂ ᠰᠠᠢ᠌ᠨ ᠳᠤᠷ᠎ᠠ᠎ᠶ᠋ᠢᠨ ᠰᠠᠭᠤᠷᠢᠨ ᠳᠡᠭᠡᠷ᠎ᠡ ᠂ ᠴᠤᠭ᠍ᠯᠠᠭᠤᠯᠬᠤ᠂ ᠬᠠᠨᠳᠢᠪᠯᠠᠬᠤ ᠪᠠ ᠲᠤᠰᠠᠯᠠᠬᠤ ᠵᠡᠷᠭᠡ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠢ᠎ᠶ᠋ᠢᠨ ᠠᠷᠭ᠎ᠠ ᠮᠠᠶᠢᠭ᠎ᠢᠶᠠᠷ ᠭᠤᠷᠪᠠᠳᠤᠭᠠᠷ ᠤᠳᠠᠭᠠᠨ᠎ᠤ ᠬᠤᠪᠢᠶᠠᠷᠢᠯᠠᠯᠲᠠ ᠬᠢᠵᠦ᠍᠂ ᠡᠭᠦᠨ᠎ᠦ ᠤᠯᠠᠮ᠎ᠠᠴᠠ ᠢᠳᠡᠪᠬᠢᠲᠡᠢ᠂ ᠰᠠᠨᠠᠭᠠᠴᠢᠯᠠᠭ᠎ᠠ᠎ᠲᠠᠶ᠂ ᠡᠶ᠎ᠡ ᠵᠣᠬᠢᠴᠠᠯ᠎ᠲᠠᠶ ᠬᠠᠪᠰᠤᠷᠤᠯᠴᠠᠬᠤ ᠮᠠᠶᠢᠭ᠎ᠤᠨ ᠲᠠᠬᠢᠨ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠪᠤᠢ ᠪᠣᠯᠭᠠᠬᠤ ᠬᠡᠷᠡᠭ᠌ᠲᠡᠢ᠃
ᠨᠡᠢᠭᠡᠮ᠎ᠦᠨ ᠲᠠᠯ᠎ᠠ᠎ᠠᠴᠠ ᠠᠪᠴᠤ᠌ ᠬᠡᠯᠡᠪᠡᠯ᠂ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌᠎ᠳᠦ ᠡᠷᠬᠡᠪᠰᠢ ᠠᠵᠤ ᠠᠬᠤᠢ᠎ᠶ᠋ᠢᠨ ᠠᠰᠠᠭᠤᠳᠠᠯ᠎ᠢ ᠨᠡᠢᠭᠡᠮ᠎ᠡᠴᠡ ᠱᠢᠢᠳᠪᠦᠷᠢᠯᠡᠬᠦ᠌ ᠦᠢᠯᠡᠳᠦᠯ᠎ᠢ ᠴᠢᠩᠭᠠᠳᠭᠠᠬᠤ ᠬᠡᠷᠡᠭ᠌ᠲᠡᠢ᠃ ᠣᠷᠣᠯᠭ᠎ᠠ᠎ᠶ᠋ᠢᠨ ᠲᠡᠭ᠌ᠰᠢ ᠪᠤᠰᠤ ᠪᠠᠢᠳᠠᠯ᠎ᠤᠨ ᠠᠷᠤ᠎ᠳᠤ ᠬᠥᠮᠦᠰ᠎ᠦᠨ ᠬᠥᠭ᠌ᠵᠢᠯᠲᠡ᠎ᠶ᠋ᠢᠨ ᠲᠣᠬᠢᠶᠠᠯ᠂ ᠡᠷᠬᠡ᠎ᠶ᠋ᠢᠨ ᠲᠡᠭ᠌ᠰᠢ ᠪᠤᠰᠤ ᠠᠰᠠᠭᠤᠳᠠᠯ ᠨᠢᠭᠤᠭ᠍ᠳᠠᠵᠤ ᠪᠠᠢᠳᠠᠭ᠂ ᠡᠢᠮᠦ᠍᠎ᠡᠴᠡ ᠶᠠᠳᠠᠭᠤ ᠪᠠᠶᠠᠨ᠎ᠤ ᠵᠥᠷᠢᠢ᠎ᠡ᠎ᠶ᠋ᠢ ᠱᠢᠢᠳᠪᠦᠷᠢᠯᠡᠬᠦ᠌ ᠨᠢ ᠡᠳ᠋ ᠪᠠᠶᠠᠯᠢᠭ᠎ᠤᠨ ᠲᠠᠬᠢᠨ ᠬᠤᠪᠢᠶᠠᠷᠢᠯᠠᠯᠲᠠ᠎ᠶ᠋ᠢᠨ ᠠᠰᠠᠭᠤᠳᠠᠯ ᠲᠡᠳᠦᠢ ᠪᠢᠰᠢ ᠂ ᠪᠠᠰᠠ ᠠᠯᠢ ᠤᠯᠠᠨ ᠡᠷᠬᠡ ᠪᠠ ᠠᠱᠢᠭ ᠲᠤᠰᠠ᠎ᠶ᠋ᠢᠨ ᠲᠤᠬᠢᠷᠠᠭᠤᠯᠤᠯᠳᠠ᠎ᠲᠠᠶ ᠬᠣᠯᠪᠣᠭ᠍ᠳᠠᠵᠤ ᠪᠠᠢᠳᠠᠭ ᠂ ᠭᠡᠲᠡᠯ᠎ᠡ ᠡᠷᠬᠡ ᠪᠠ ᠠᠱᠢᠭ ᠲᠤᠰᠠ᠎ᠶ᠋ᠢᠨ ᠲᠤᠬᠢᠷᠠᠭᠤᠯᠤᠯᠳᠠ ᠨᠢ ᠵᠠᠢᠯᠠᠰᠢ ᠦᠭᠡᠢ ᠤᠯᠠᠨ ᠲᠠᠯ᠎ᠠ ᠂ ᠤᠯᠠᠨ ᠬᠦᠷᠢᠶᠡᠨ᠎ᠳᠦ ᠬᠣᠯᠪᠣᠭ᠍ᠳᠠᠬᠤ ᠶᠤᠮ᠃ ᠡᠢᠮᠦ᠍᠎ᠡᠴᠡ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌ ᠶᠠᠪᠤᠴᠠ᠎ᠳᠤ ᠨᠡᠢᠭᠡᠮ᠎ᠦᠨ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠦᠨᠳᠦᠰᠦᠨ ᠨᠡᠢᠭᠡᠮ᠎ᠦᠨ ᠪᠠᠲᠤᠯᠠᠭ᠎ᠠ ᠬᠠᠩᠭᠠᠬᠤ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ ᠬᠠᠩᠭᠠᠬᠤ ᠵᠡᠷᠭᠡ ᠠᠷᠭ᠎ᠠ᠎ᠪᠠᠷ ᠳᠠᠮᠵᠢᠭᠤᠯᠤᠨ ᠵᠥᠪᠬᠡᠨ ᠠᠵᠤ ᠠᠬᠤᠢ᠎ᠶ᠋ᠢᠨ ᠠᠷᠭ᠎ᠠ ᠪᠠᠷᠢᠯ᠎ᠳᠤ ᠲᠦᠱᠢᠭ᠌ᠯᠡᠭᠡᠳ ᠱᠢᠢᠳᠪᠦᠷᠢᠯᠡᠵᠦ᠍ ᠳᠡᠢᠯᠬᠦ᠌ ᠦᠭᠡᠢ ᠲᠡᠳᠡᠭᠡᠷ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠᠲᠠᠢ ᠶᠤᠮ᠃ ᠡᠭᠦᠨ᠎ᠳᠦ᠂ ᠨᠢᠭᠡ᠎ᠳᠦ ᠨᠡᠢᠭᠡᠮ᠎ᠦᠨ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠤᠯᠠᠨ ᠨᠡᠢᠲᠡ᠎ᠶ᠋ᠢᠨ ᠦᠢᠯᠡᠳᠬᠦᠨ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠠᠬᠢᠭᠤᠯᠵᠤ᠂ ᠤᠯᠠᠨ ᠨᠡᠢᠲᠡ᠎ᠶ᠋ᠢᠨ ᠡᠬᠢ ᠪᠠᠶᠠᠯᠢᠭ ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠡᠳ᠋ᠯᠡᠬᠦ᠌ ᠠᠳᠠᠯᠢ ᠲᠡᠭ᠌ᠰᠢ ᠡᠷᠬᠡ᠎ᠶ᠋ᠢ ᠬᠠᠮᠤᠭ᠎ᠤᠨ ᠶᠡᠬᠡ ᠬᠡᠮᠵᠢᠢ᠎ᠡ᠎ᠪᠡᠷ ᠬᠠᠮᠠᠭᠠᠯᠠᠵᠤ᠂ ᠬᠥᠮᠦᠰ᠎ᠦᠨ ᠡᠷᠬᠡ ᠲᠡᠭ᠌ᠰᠢ᠂ ᠲᠣᠬᠢᠶᠠᠯ ᠠᠳᠠᠯᠢ ᠲᠡᠭᠰᠢ ᠪᠠᠢᠬᠤ᠎ᠶ᠋ᠢ ᠠᠯᠢ ᠴᠢᠳᠠᠬᠤ᠎ᠪᠠᠷ ᠪᠠᠲᠤᠯᠠᠬᠤ ᠬᠡᠷᠡᠭ᠌ᠲᠡᠢ᠃ ᠬᠣᠶᠠᠷ᠎ᠲᠤ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠰᠠᠢᠲᠤᠷ ᠪᠠᠢᠭᠤᠯᠬᠤ ᠬᠡᠷᠡᠭ᠌ᠲᠡᠢ᠂ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠨᠡᠢᠭᠡᠮ᠎ᠦᠨ ᠪᠠᠲᠤᠯᠠᠭ᠎ᠠ᠎ᠶ᠋ᠢᠨ ᠲᠦᠷᠢᠮ᠎ᠦᠨ ᠪᠠᠢᠭᠤᠯᠤᠯᠲᠠ᠎ᠶ᠋ᠢᠨ ᠲᠠᠯ᠎ᠠ᠎ᠪᠠᠷ ᠬᠦᠴᠦᠯᠡᠬᠦ᠌᠎ᠪᠡᠷ ᠪᠠᠷᠠᠬᠤ ᠦᠭᠡᠢ ᠪᠠᠰᠠ ᠨᠡᠢᠭᠡᠮ᠎ᠦᠨ ᠪᠠᠲᠤᠯᠠᠭ᠎ᠠ᠎ᠶ᠋ᠢᠨ ᠲᠡᠰ ᠳᠠᠪᠬᠤᠷᠭᠠᠲᠤ ᠴᠢᠨᠠᠷ ᠪᠠ ᠡᠯᠪᠡᠭ ᠪᠠᠶᠠᠯᠢᠭ᠎ᠦᠨ ᠬᠡᠮᠵᠢᠢ᠎ᠡ᠎ᠶ᠋ᠢ ᠲᠥᠰᠦᠪᠯᠡᠨ ᠠᠬᠢᠭᠤᠯᠵᠤ᠂ ᠠᠳᠠᠯᠢ ᠪᠤᠰᠤ ᠬᠠᠮᠳᠣ ᠨᠠᠢᠳᠠ ᠵᠢᠨ ᠤᠯᠠᠨ ᠶᠠᠩᠵᠤ ᠵᠢᠨ ᠪᠠᠲᠤᠯᠠᠭ᠎ᠠ᠎ᠶ᠋ᠢᠨ ᠬᠡᠷᠡᠭ᠌ᠴᠡᠭᠡ᠎ᠶ᠋ᠢ ᠬᠠᠩᠭᠠᠬᠤ ᠬᠡᠷᠡᠭ᠌ᠲᠡᠢ᠃ ᠭᠤᠷᠪᠠ᠎ᠳᠤ ᠠᠯᠤᠰ ᠬᠡᠳᠦ᠍᠎ᠶ᠋ᠢ ᠪᠣᠳᠣᠯᠬᠢᠯᠠᠨ ᠰᠤᠷᠭᠠᠨ ᠬᠥᠮᠦᠵᠢᠯ᠎ᠦᠨ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠪᠦᠬᠦ ᠬᠦᠮᠦᠰ ᠲᠸ᠋ ᠡᠷᠬᠡ ᠲᠡᠭ᠌ᠰᠢ ᠰᠤᠷᠭᠠᠨ ᠬᠥᠮᠦᠵᠢᠯ ᠬᠦᠷᠳᠡᠬᠦ᠌ ᠲᠣᠬᠢᠶᠠᠯ ᠬᠠᠩᠭᠠᠵᠤ᠂ ᠪᠦᠬᠦ᠌ ᠨᠡᠢᠭᠡᠮ᠎ᠦᠨ ᠬᠥᠮᠦᠨ᠎ᠦ ᠬᠦᠴᠦᠨ᠎ᠦ ᠬᠦᠷᠦᠩᠬᠡ ᠪᠠ ᠲᠤᠰᠭᠠᠢ ᠮᠡᠷᠭᠡᠵᠢᠯ᠎ᠦᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠥᠮᠦᠨ ᠪᠦᠬᠦᠨ ᠣᠷᠣᠯᠴᠠᠬᠤ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠢ ᠪᠤᠢ ᠪᠣᠯᠭᠠᠬᠤ᠎ᠶ᠋ᠢᠨ ᠤᠯᠠᠮ᠎ᠠᠴᠠ ᠬᠠᠮᠲᠤ᠎ᠪᠠᠷ ᠪᠠᠶᠠᠵᠢᠬᠣ ᠶ᠋ᠢ ᠪᠡᠶᠡᠯᠡᠭᠦᠯᠬᠦ᠌᠎ᠳᠦ ᠤᠳᠠᠭᠠᠨ ᠳᠠᠭᠠᠭᠠᠮᠠᠭᠠᠢ ᠬᠥᠳᠡᠯᠭᠡᠬᠦ᠌ ᠬᠦᠴᠦᠨ ᠬᠠᠩᠭᠠᠬᠤ ᠬᠡᠷᠡᠭ᠌ᠲᠡᠢ᠃
(ᠵᠣᠬᠢᠶᠠᠭ᠍ᠴᠢ ᠵᠢᠨ ᠬᠠᠶᠢᠬ᠄ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠦᠨ ᠰᠤᠳᠤᠯᠭᠠᠨ᠎ᠤ ᠲᠥᠪ)