ᠱᠢᠨ᠎ᠡ ᠠᠶᠠᠨ᠎ᠳᠠᠭᠠᠨ ᠱᠢᠨ᠎ᠡ ᠠᠮᠵᠢᠯᠲᠠ ᠭᠠᠷᠭᠠᠶ᠎ᠠ
2022-01-21 03:16:16
ᠵᠣᠬᠢᠶᠠᠭ᠍ᠴᠢ᠄
ᠯᠢ ᠬᠤᠢ ᠶᠦᠩ
ᠣᠩᠱᠢᠭ᠍ᠰᠠᠨ ᠣᠳᠠᠭ᠎ᠠ᠄
★★★☆☆

2021 ᠣᠨ᠎ᠳᠤ  ᠥᠪᠥᠷ ᠮᠣᠩᠭᠣᠯ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠠᠯᠬᠤᠮ᠎ᠢ ᠠᠯᠬᠤᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠨ ᠱᠢᠨ᠎ᠡ ᠳᠦᠷᠰᠦ ᠪᠠᠢᠳᠠᠯ ᠎ᠢ ᠪᠤᠢ ᠪᠣᠯᠭᠠᠵᠦ᠂ ᠥᠭᠡᠷᠡᠴᠢᠯᠡᠯᠲᠡ ᠨᠡᠭᠡᠭᠡᠯᠲᠡ ᠵᠢᠨ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠵᠦ᠍᠂ ᠠᠷᠠᠳ᠎ᠤᠨ ᠠᠮᠢᠳᠤᠷᠠᠯ᠎ᠳᠤ ᠪᠣᠶᠠᠨ ᠵᠢᠷᠭᠠᠯ ᠨᠡᠮᠡᠵᠦ᠂ ᠠᠮᠢ ᠠᠬᠤᠶ᠎ᠶ᠋ᠢᠨ ᠪᠣᠯᠪᠠᠰᠤᠨ᠎ᠤ ᠱᠢᠨ᠎ᠡ ᠪᠠᠢᠳᠠᠯ᠎ᠢ ᠪᠣᠢ ᠪᠣᠯᠭᠠᠵᠦ᠂ ᠪᠦᠳᠦᠮᠵᠢ ᠰᠠᠢᠨ ᠴᠠᠭ ᠦᠶ᠎ᠡ ᠵᠢᠨ ᠰᠢᠯᠭᠠᠯᠳᠠ ᠵᠢᠨ ᠬᠠᠭᠣᠳᠠᠰᠣ ᠲᠣᠰᠢᠶᠠᠯ᠎ᠠ᠃ ᠡᠨᠡ ᠪᠣᠯ ᠮᠠᠨ᠎ᠤ ᠥᠷᠢᠰᠥᠯᠳᠦᠭᠡᠨ᠎ᠳᠦ ᠬᠠᠨᠳᠤᠬᠤ ᠲᠣᠭ᠍ᠲᠠᠯ ᠬᠦᠴᠦᠨ ᠪᠠ ᠢᠳᠡᠭᠡᠯ ᠬᠦᠴᠦᠨ ᠮᠥᠨ᠂ ᠪᠠᠰᠠ ᠴᠤ᠌ ᠪᠢᠳᠡᠨ᠎ᠦ ᠢᠷᠡᠭᠡᠳᠦᠢ᠎ᠳᠦ ᠬᠠᠨᠳᠤᠬᠤ ᠡᠷᠴᠢ ᠵᠣᠷᠢᠭ ᠪᠠ ᠢᠲᠡᠭᠡᠯ ᠵᠣᠷᠢᠭ ᠮᠥᠨ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠤᠢᠪᠢᠰᠢ ᠦᠭᠡᠢ ᠲᠤᠭᠤᠱᠢᠯᠠᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ ᠪᠣᠯ ᠱᠢᠨ᠎ᠡ ᠴᠠᠭ ᠦᠶ᠎ᠡ᠂ ᠱᠢᠨ᠎ᠡ ᠱᠠᠳᠤ ᠦᠶ᠎ᠡ᠎ᠶ᠋ᠢᠨ ᠨᠢᠭᠡ ᠤᠳᠠᠭ᠎ᠠ᠎ᠶ᠋ᠢᠨ ᠬᠠᠲᠠᠭᠤ ᠳᠠᠢᠯᠠᠯᠳᠤᠭᠠᠨ ᠂ ᠶᠡᠬᠡ ᠱᠢᠯᠭᠠᠯᠲᠠ ᠮᠦᠨ᠃ ᠶᠠᠰᠤ ᠴᠢᠨᠠᠷ ᠰᠠᠢᠳᠠᠢ ᠂ ᠦᠷ᠎ᠡ ᠠᠱᠢᠭ ᠰᠠᠢᠳᠠᠢ ᠂ ᠪᠦᠲᠦᠴᠡ ᠲᠣᠬᠢᠷᠠᠮᠵᠢᠳᠠᠢ᠂ ᠪᠣᠬᠢᠷᠲᠤᠯ ᠦᠭᠡᠢ ᠬᠦᠭᠵᠢᠬᠦᠯᠬᠦ᠎ᠳᠤ 《ᠲᠡᠮᠡᠴᠡᠵᠦ》᠂ ᠡᠷᠴᠢ ᠵᠣᠷᠢᠭ᠎ᠢᠶᠠᠨ ᠬᠥᠪᠴᠢᠯᠡᠵᠦ᠍ ᠂ ᠦᠷᠭᠦᠯᠵᠢᠯᠡᠨ ᠬᠦᠴᠦᠯᠡᠵᠦ᠍ ᠂ 《 ᠬᠦᠴᠢᠷ ᠠᠰᠠᠭᠤᠳᠠᠯ》 ᠢ᠋ ᠣᠨᠢᠯᠠᠨ ᠨᠢᠭᠡ ᠨᠢᠭᠡ᠎ᠪᠡᠷ ᠱᠢᠢᠳᠪᠦᠷᠢᠯᠡᠬᠦ᠌ ᠴᠢᠬᠤᠯᠠᠲᠠᠢ ᠪᠥᠭᠡᠳ ᠪᠠᠰᠠ ᠴᠢᠳᠠᠮᠠᠭᠠᠢ᠎ᠪᠠᠷ 《ᠱᠢᠨ᠎ᠡ᠎ᠶ᠋ᠢ ᠡᠭᠦᠳᠴᠦ᠍》 ᠂ ᠲᠠᠰᠤᠷᠠᠯᠳᠠ ᠦᠭᠡᠢ ᠱᠢᠨ᠎ᠡ ᠰᠡᠳᠭᠢᠴᠡ ᠱᠢᠨ᠎ᠡ ᠠᠷᠭ᠎ᠠ᠎ᠪᠠᠷ ᠱᠢᠨ᠎ᠡ ᠠᠰᠠᠭᠤᠳᠠᠯ ᠱᠢᠨ᠎ᠡ ᠥᠷᠢᠰᠥᠯᠳᠦᠭᠡᠨ᠎ᠢ ᠠᠷᠭᠠᠴᠠᠭᠠᠬᠤ ᠬᠡᠷᠡᠭ᠌ᠲᠡᠢ᠃ ᠭᠠᠭ᠍ᠴᠠ ᠬᠦ᠌ ᠰᠡᠳᠭᠢᠬᠦᠶ᠎ᠶ᠋ᠢᠨ ᠲᠣᠭ᠍ᠲᠠᠮᠠᠯ ᠬᠠᠨᠳᠤᠰᠢ᠎ᠶ᠋ᠢ ᠱᠢᠪᠲᠤᠯᠵᠤ᠂ ᠨᠠᠩ ᠶᠡᠬᠡ ᠰᠥᠰᠥ᠍ ᠵᠣᠷᠢᠭ ᠪᠠ ᠡᠷᠴᠢᠮ᠎ᠢᠶᠡᠷ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠳᠤᠮᠳᠠᠬᠢ ᠬᠦᠴᠢᠷ ᠠᠰᠠᠭᠤᠳᠠᠯ᠎ᠢ ᠱᠢᠶ᠋ᠳᠪᠦᠷᠢᠯᠡᠪᠡᠯ ᠪᠢᠳᠡ ᠰᠠᠶᠢ ᠴᠢᠨᠠᠷ ᠰᠠᠢᠲᠠᠶ ᠬᠥᠭ᠌ᠵᠢᠯᠲᠡ᠎ᠶ᠋ᠢᠨ ᠰᠢᠯᠭᠠᠯᠳᠠ᠎ᠶ᠋ᠢᠨ ᠬᠠᠭᠤᠳᠠᠰᠤ ᠶ᠋ᠢ ᠰᠠᠢᠨ ᠬᠠᠷᠢᠭᠤᠯᠵᠤ ᠴᠢᠳᠠᠨ᠎ᠠ᠃

ᠨᠠᠮ᠎ᠤᠨ ᠭᠡᠱᠢᠭᠦᠨ ᠺᠠᠳ᠋ᠷᠴᠤᠳ ᠱᠢᠨ᠎ᠡ ᠴᠠᠭ ᠦᠶ᠎ᠡ᠎ᠳᠦ ᠥᠷᠭᠡᠨ ᠣᠯᠠᠨ ᠲᠦᠮᠡᠨ᠎ᠢ ᠳᠠᠭᠠᠭᠤᠯᠤᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠶ᠋ᠢᠨ ᠳᠠᠭᠠᠭᠤᠯᠤᠭ᠍ᠴᠢ ᠪᠣᠯᠤᠭ᠍ᠰᠠᠨ᠎ᠤ ᠬᠤᠪᠢ ᠎ᠳᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠬᠤ ᠬᠡᠷᠡᠭ᠌ᠲᠡᠢ᠃ ᠠᠷᠠᠳ ᠲᠦᠮᠡᠨ ᠳ᠋ᠤ ᠨᠢᠭᠳᠠ ᠲᠦᠱᠢᠭ᠌ᠯᠡᠵᠦ᠂ ᠠᠷᠠᠳ ᠲᠦᠮᠡᠨ᠎ᠳᠦ ᠲᠠᠰᠤᠷᠠᠯᠲᠠ ᠦᠭᠡᠢ ᠪᠤᠶᠠᠨ ᠦᠶ᠋ᠯᠡᠳᠴᠤ᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠵᠦ᠂ ᠵᠣᠷᠢᠭ ᠱᠢᠭᠤᠳᠤᠨ ᠦᠷᠭᠦᠯᠵᠢᠯᠡᠨ ᠲᠡᠮᠡᠴᠡᠵᠦ᠂ ᠨᠢᠭᠡ ᠴᠠᠭ᠎ᠤᠨ ᠭᠠᠪᠢᠶ᠎ᠠ᠎ᠳᠤ ᠱᠢᠨᠤᠬᠤ ᠦᠭᠡᠢ᠂  ᠪᠤᠤᠬᠢᠶ᠎ᠠ ᠳᠠᠮᠵᠢᠭᠤᠯᠵᠦ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠦᠨᠡᠨ ᠪᠣᠳᠠᠲᠠᠶ ᠠᠷᠭ᠎ᠠ ᠬᠡᠮᠵᠢᠶ᠎ᠡ᠂ ᠦᠢᠯᠡ ᠠᠵᠢᠯᠯᠠᠭ᠎ᠠ᠂ ᠦᠷ᠎ᠡ ᠪᠦᠳᠦᠮᠵᠢ ᠪᠡᠷ ᠠᠷᠠᠳ ᠲᠦᠮᠡᠡ᠎ᠦ ᠵᠣᠪᠠᠨᠢᠯ᠎ᠢ ᠠᠷᠢᠯᠭᠠᠵᠦ᠂ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠳᠣ ᠲᠦᠷᠦᠭᠳᠡᠯ᠂ ᠠᠮᠤᠷ ᠲᠦᠪᠰᠢᠨ᠎ᠦ ᠲᠦᠷᠦᠭᠳᠡᠯ᠎ᠢ ᠲᠠᠰᠤᠷᠠᠯᠲᠠ ᠦᠭᠡᠢ ᠨᠡᠮᠡᠭ᠌ᠳᠡᠭᠦᠯᠬᠦ ᠬᠡᠷᠡᠭᠳᠡᠢ᠃

ᠰᠤᠷᠤᠯᠴᠠᠬᠤ ᠦᠭᠡᠢ ᠪᠣᠯ ᠠᠵᠢᠯ ᠵᠢᠡᠨ ᠰᠠᠢᠨ ᠬᠢᠵᠦ ᠴᠢᠳᠠᠬᠣ ᠦᠬᠡᠢ᠂ ᠣᠷᠣᠰᠬᠠᠯ᠎ᠢ ᠲᠠᠭᠠᠵᠦ ᠠᠮᠵᠢᠬᠣ ᠦᠬᠡᠢ᠂ ᠴᠠᠭ ᠦᠶ᠎ᠡ᠎ᠡᠴᠡ ᠬᠣᠴᠣᠷᠬᠤ ᠪᠣᠯᠤᠨ᠎ᠠ᠃ ᠬᠥᠮᠦᠨ᠎ᠦ ᠠᠮᠢᠳᠤᠷᠠᠯ ᠪᠣᠯ ᠶᠠᠬ ᠨᠢᠭᠡᠨ ᠨᠣᠮ ᠰᠢᠬ᠂ ᠬᠦᠮᠦᠨ ᠡᠳᠦᠷ ᠪᠣᠯᠭᠠᠨ ᠡᠨᠡᠬᠦ ᠨᠣᠮ ᠵᠢᠡᠨ ᠪᠢᠴᠢᠳᠡᠭ᠃  ᠶᠠᠭᠣ ᠪᠢᠴᠢᠬᠦ ᠨᠢ ᠦᠪᠡᠷ ᠡᠴᠡ ᠴᠢᠨᠢ ᠲᠣᠭᠳᠠᠭᠠᠭᠳᠠᠨ᠎ᠠ᠃ ᠬᠡᠪᠡᠴᠤ ᠬᠦᠮᠦᠨ᠎ᠦ ᠠᠮᠢᠳᠣᠷᠠᠯ᠎ᠦᠨ ᠡᠨᠡ ᠨᠣᠮ᠎ᠢ ᠪᠢᠴᠢᠬᠦ᠎ᠳᠦ ᠰᠣᠷᠣᠯᠴᠠᠬᠣ ᠡᠴᠡ ᠨᠢᠬᠡᠭᠡᠨ ᠮᠦᠴᠡ ᠴᠸ᠋ ᠰᠠᠯᠵᠦ ᠪᠣᠯᠬᠣ ᠦᠬᠡᠢ᠃ ᠰᠠᠢᠨ ᠰᠤᠷᠤᠯᠴᠠᠪᠠᠯ ᠬᠥᠮᠦᠨ᠎ᠦ ᠠᠮᠢᠳᠤᠷᠠᠯ᠎ᠤᠨ ᠨᠣᠮ ᠵᠢᠡᠨ ᠰᠠᠶᠢ ᠰᠠᠢᠬᠠᠨ ᠪᠢᠴᠢᠵᠦ᠍ ᠴᠢᠳᠠᠨ᠎ᠠ᠃ ᠨᠠᠮ᠎ᠤᠨ ᠭᠡᠱᠢᠭᠦᠨ ᠺᠠᠳ᠋ᠷ᠎ᠲᠤ ᠠᠪᠴᠤ᠌ ᠬᠡᠯᠡᠪᠡᠯ᠂ ᠰᠠᠢᠲᠤᠷ ᠰᠤᠷᠤᠯᠴᠠᠵᠣ᠂ ᠤᠬᠠᠮᠰᠠᠷ᠎ᠠᠴᠠ᠎ᠪᠠᠨ ᠦᠵᠡᠯ ᠰᠠᠨᠠᠭᠠᠨ᠎ᠤ ᠪᠣᠯᠪᠠᠰᠤᠷᠠᠯ᠂ ᠤᠯᠤᠰ ᠲᠦᠷᠦ᠍᠎ᠶ᠋ᠢᠨ ᠪᠣᠯᠪᠠᠰᠤᠷᠠᠯ ᠂ ᠦᠢᠯᠡᠳᠦᠯᠭᠡ᠎ᠶ᠋ᠢᠨ ᠪᠣᠯᠪᠠᠰᠤᠷᠠᠯ᠂ ᠲᠤᠰᠭᠠᠢ ᠮᠡᠷᠭᠡᠵᠢᠯ᠎ᠦᠨ ᠪᠣᠯᠪᠠᠰᠤᠷᠠᠯ ᠬᠢᠵᠦ᠍᠂ ᠰᠠᠨᠠᠭᠠᠴᠢᠯᠠᠭ᠎ᠠ᠎ᠠᠴᠠ᠎ᠪᠠᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠣᠷᠣᠯᠴᠠᠵᠤ᠂ ᠤᠯᠤᠰ᠎ᠤᠨ ᠪᠠᠢᠳᠠᠯ᠎ᠢ ᠣᠢᠯᠠᠭᠠᠵᠤ᠂ ᠤᠯᠠᠨ ᠲᠦᠮᠡᠨ᠎ᠦ ᠳᠤᠮᠳᠠ ᠭᠦᠨᠵᠡᠭᠡᠢᠷᠡᠵᠦ᠍᠂ ᠳᠠᠪᠲᠠᠭ᠍ᠳᠠᠨ ᠪᠣᠯᠪᠠᠰᠤᠷᠠᠵᠤ᠂ ᠬᠦᠴᠢᠷ ᠠᠰᠠᠭᠤᠳᠠᠯ᠎ᠢ ᠱᠢᠢᠳᠪᠦᠷᠢᠯᠡᠵᠦ᠍ ᠂ ᠰᠠᠯᠬᠢ ᠪᠣᠷᠣᠭᠠᠨ᠎ᠳᠤ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠵᠦ᠍᠂ ᠠᠷᠠᠳ ᠲᠦᠮᠡᠨ᠎ᠳᠦ ᠦᠢᠯᠡᠴᠢᠯᠡᠬᠦ᠌ ᠳᠤᠮᠳᠠ ᠤᠭ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ᠃

ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ᠎ᠳᠤ᠂ ᠬᠠᠷᠠᠯᠲᠠ᠎ᠪᠠᠨ ᠵᠥᠪ ᠲᠠᠨᠢᠵᠤ ᠂ ᠡᠷᠡᠮᠡᠬᠡᠢᠯᠡᠨ ᠤᠷᠤᠭ᠍ᠰᠢᠯᠠᠬᠤ᠎ᠠᠴᠠ ᠰᠠᠯᠵᠤ ᠴᠢᠳᠠᠬᠤ ᠦᠭᠡᠢ᠂ ᠨᠡᠩ ᠢᠯᠡᠬᠦᠦ ᠱᠢᠷᠭᠠᠭᠤ ᠬᠠᠲᠠᠭᠤᠵᠢᠯᠲᠠᠢ ᠠᠵᠢᠯᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠬᠡᠷᠡᠭ᠌ᠲᠡᠢ᠃ ᠠᠯᠢᠪᠠ ᠬᠦᠴᠢᠷ ᠠᠰᠠᠭᠤᠳᠠᠯ᠎ᠢ ᠭᠠᠭ᠍ᠴᠠ ᠬᠦ᠌ ᠪᠣᠳᠠᠲᠠᠢ ᠠᠵᠢᠯᠯᠠᠪᠠᠯ ᠰᠠᠶᠢ ᠱᠢᠢᠳᠪᠦᠷᠢᠯᠡᠵᠦ᠍ ᠴᠢᠳᠠᠨ᠎ᠠ; ᠠᠯᠢᠪᠠ ᠠᠵᠠ ᠲᠣᠬᠢᠶᠠᠯ᠎ᠢ ᠪᠣᠳᠠᠲᠠᠢ ᠠᠵᠢᠯᠯᠠᠪᠠᠯ ᠰᠠᠶᠢ ᠡᠵᠡᠮᠳᠡᠵᠦ᠍ ᠴᠢᠳᠠᠨ᠎ᠠ; ᠠᠯᠢᠪᠠ ᠬᠦᠰᠡᠯ ᠡᠷᠡᠮᠡᠯᠵᠡᠯ᠎ᠢ ᠪᠣᠳᠠᠳᠠᠢ ᠠᠵᠢᠯᠯᠠᠪᠠᠯ ᠰᠠᠶᠢ ᠪᠡᠶᠡᠯᠡᠬᠦᠯᠵᠦ ᠴᠢᠳᠠᠨ᠎ᠠ᠃ ᠬᠡᠳᠦᠢ ᠪᠡᠷᠭᠡ ᠬᠠᠳᠠᠭᠣᠵᠢᠯᠳᠠᠢ ᠪᠣᠯᠬᠣ ᠲᠤᠳᠤᠮ ᠬᠦᠴᠢᠷ᠎ᠢ ᠰᠦᠷᠦᠨ ᠤᠷᠤᠭ᠍ᠰᠢᠯᠠᠬᠤ ᠰᠥᠰᠥ᠍ ᠵᠣᠷᠢᠭ᠂ ᠠᠶᠤᠯ ᠲᠦᠭ᠌ᠰᠢᠭᠦᠷᠢ᠎ᠡᠴᠡ ᠠᠶᠤᠬᠤ ᠦᠭᠡᠢ ᠰᠥᠰᠥ᠍ ᠵᠣᠷᠢᠭ᠎ᠢ ᠴᠢᠨᠢ ᠲᠡᠳᠦᠢ ᠰᠢᠯᠭᠠᠳᠠᠭ᠃ ᠠᠭᠤᠤ ᠶᠡᠬᠡ ᠲᠡᠮᠡᠴᠡᠯ᠎ᠳᠦ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠍ ᠂ ᠤᠰᠤ ᠳᠠᠭᠠᠷᠠᠪᠠᠯ ᠬᠥᠭᠥᠷᠭᠡ ᠲᠠᠯᠪᠢᠵᠤ᠂ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠵᠣᠷᠢᠭ ᠱᠢᠭᠤᠳᠤᠨ ᠤᠷᠤᠭ᠍ᠰᠢᠯᠠᠵᠤ ᠂ ᠥᠷᠢᠰᠥᠯᠳᠦᠭᠡᠨ᠎ᠳᠦ ᠨᠢᠭᠤᠷᠳᠠᠨ ᠣᠷᠣᠯᠴᠠᠪᠠᠯ ᠯᠠᠪᠲᠠᠢ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ ᠴᠢᠳᠠᠨ᠎ᠠ᠃

ᠱᠢᠨ᠎ᠡ ᠵᠢᠯ ᠎ᠳᠦ ᠱᠢᠨ᠎ᠡ ᠳᠦᠷᠰᠦ ᠪᠠᠢᠳᠠᠯ᠎ᠢ ᠪᠤᠢ ᠪᠤᠯᠭᠠᠵᠦ᠂ ᠱᠢᠨ᠎ᠡ ᠠᠶᠠᠨ ᠎ᠳᠦ ᠱᠢᠨ᠎ᠡ ᠠᠮᠵᠢᠯᠳᠠ ᠭᠠᠷᠭᠠᠶ᠎ᠠ᠃ ᠡᠭᠦᠷᠭᠡᠯᠡᠵᠦ᠍ ᠪᠠᠢᠭ᠎ᠠ ᠬᠦᠨᠳᠦ ᠴᠢᠬᠤᠯᠠ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠦᠨᠡᠨ ᠬᠦ᠌ ᠰᠠᠢᠲᠤᠷ ᠭᠦᠢᠴᠡᠳᠭᠡᠵᠦ᠍ ᠂ ᠡᠭᠦᠷᠢᠳᠡ ᠴᠠᠯᠠᠭᠠᠢᠷᠠᠬᠤ ᠦᠭᠡᠢ᠂ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢᠶᠠᠷ ᠰᠠᠯᠬᠢ ᠳᠠᠪᠠᠯᠭᠠᠨ᠎ᠢ ᠰᠦᠷᠦᠨ ᠵᠦᠰᠦᠵᠤ ᠡᠷᠡᠮᠡᠬᠡᠢᠯᠡᠨ ᠤᠷᠤᠭ᠍ᠰᠢᠯᠠᠳᠠᠭ ᠯᠠ ᠶᠤᠮ ᠪᠣᠯ ᠳᠠᠷᠤᠢ ᠪᠦᠬᠦ᠌ ᠲᠠᠯ᠎ᠠ᠎ᠶ᠋ᠢᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠠᠮᠤᠭ᠎ᠤᠨ ᠬᠦᠴᠦᠷᠬᠡᠭ ᠬᠥᠳᠡᠯᠭᠡᠬᠦ᠌ ᠬᠦᠴᠦᠨ ᠬᠠᠩᠭᠠᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号