— ᠰᠢᠨ᠎ᠠ ᠵᠠᠮ ᠵᠢᠡᠷ ᠭᠤᠢᠪᠢᠰᠢ ᠦᠭᠡᠢ ᠰᠠᠢᠳᠤᠷ ᠵᠠᠮᠨᠠᠬᠤ ᠲᠤᠬᠠᠢ ᠦᠬᠦᠯᠡᠬᠦ ᠨᠢ ②
ᠨᠡᠭᠦᠷᠡᠰᠦᠨ ᠠᠭᠤᠷᠬᠠᠢ᠎ᠶ᠋ᠢᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠨᠡᠮᠡᠭ᠌ᠳᠡᠭᠦᠯᠵᠦ᠍᠂ ᠢᠯᠴᠢ ᠴᠠᠬᠢᠯᠭᠠᠨ᠎ᠤ ᠠᠷᠠᠯᠵᠢᠶᠠᠨ᠎ᠤ ᠴᠠᠬᠢᠯᠭᠠᠨ᠎ᠤ ᠦᠨ᠎ᠡ᠎ᠶ᠋ᠢ ᠥᠰᠭᠡᠵᠦ᠍᠂ ᠨᠡᠭᠦᠷᠡᠰᠦᠨ᠎ᠦ ᠪᠣᠷᠣᠯᠠᠭᠤᠯᠬᠤ ᠦᠨ᠎ᠡ᠎ᠶ᠋ᠢ ᠪᠠᠭᠤᠷᠠᠭᠤᠯᠵᠤ᠂ ᠨᠡᠭᠦᠷᠡᠰᠦᠨ ᠠᠭᠤᠷᠬᠠᠢ᠎ᠶ᠋ᠢᠨ ᠦᠢᠯᠡᠳᠪᠤᠷᠢᠯᠡᠬᠦ ᠶᠤᠰᠤᠳᠠᠢ ᠬᠡᠮᠵᠢᠶ᠎ᠠ ᠪᠠᠷ ᠨᠡᠬᠦᠷᠡᠰᠦ ᠵᠢ ᠭᠦᠢᠴᠡᠳ ᠦᠢᠯᠡᠳᠪᠤᠷᠢᠯᠡᠵᠦ᠂ ᠴᠠᠬᠢᠯᠭᠠᠨ᠎ᠦ ᠦᠢᠯᠡᠳᠪᠤᠷᠢ ᠵᠢᠨ ᠬᠠᠨᠭᠭᠠᠬᠤ ᠶᠤᠰᠤᠳᠠᠢ ᠬᠡᠮᠵᠢᠶ᠎ᠡ ᠪᠠᠷ ᠴᠠᠬᠢᠯᠭᠠᠨ ᠢ ᠬᠦᠢᠴᠡᠳ ᠬᠠᠨᠭᠭᠠᠬᠤ ᠶ᠋ᠢ ᠠᠬᠢᠭᠤᠯᠪᠠ᠁ 2021 ᠣᠨ᠎ᠢ ᠡᠷᠬᠢᠴᠡᠬᠦᠯᠪᠡᠯ᠂ ᠥᠪᠥᠷ ᠮᠣᠩᠭᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠍᠂ ᠪᠦᠬᠦ᠌ ᠤᠯᠤᠰ ᠵᠢᠴᠢ ᠪᠦᠬᠦ᠌ ᠣᠷᠣᠨ᠎ᠤ ᠡᠨᠧᠷᠭᠢ᠎ᠶ᠋ᠢᠨ ᠲᠣᠭ᠍ᠲᠠᠭᠤᠨ ᠬᠠᠩᠭᠠᠯᠭ᠎ᠠ᠎ᠶ᠋ᠢ ᠬᠦᠴᠦᠲᠡᠢ ᠪᠠᠲᠤᠯᠠᠪᠠ᠃
ᠬᠠᠷᠢᠭᠤᠴᠠᠯᠭ᠎ᠠ ᠪᠣᠯ ᠳᠠᠷᠤᠢ ᠶᠡᠬᠡ ᠲᠠᠯ᠎ᠠ ᠮᠥᠨ᠂ ᠡᠭᠦᠷᠭᠡ ᠪᠣᠯ ᠳᠠᠷᠤᠢ ᠬᠥᠳᠡᠯᠭᠡᠬᠦ᠌ ᠬᠦᠴᠦᠨ ᠮᠥᠨ᠃ ᠦᠨᠳᠦᠰᠦᠲᠡᠨ᠎ᠦ ᠬᠢᠯᠢ ᠬᠢᠵᠠᠭᠠᠷ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠨᠠᠮ ᠪᠣᠯᠤᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ᠎ᠳᠠᠬᠢ ᠥᠪᠥᠷ ᠮᠣᠩᠭᠣᠯ᠎ᠤᠨ ᠪᠠᠢᠷᠢ ᠰᠠᠭᠤᠷᠢ ᠲᠤᠢᠯ᠎ᠤᠨ ᠴᠢᠬᠤᠯᠠ ᠶᠤᠮ᠂ ᠡᠷᠬᠡᠪᠰᠢ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠵᠤ ᠦᠭᠭᠦᠭᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠱᠢᠨ᠎ᠡ ᠠᠶᠠᠨ᠎ᠳᠠᠭᠠᠨ ᠡᠷᠡᠮᠡᠬᠡᠢᠯᠡᠨ ᠤᠷᠤᠭ᠍ᠰᠢᠯᠠᠬᠤ᠎ᠳᠤ᠂ ᠪᠢᠳᠡ ᠨᠡᠩ ᠴᠤ᠌ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ᠂ ᠡᠷᠬᠢᠨ ᠲᠣᠭᠣᠷᠢᠨ᠎ᠤ ᠬᠦᠷᠰᠢ ᠤᠯᠤᠰ ᠪᠠ ᠭᠠᠳᠠᠭᠠᠳᠤ ᠨᠡᠬᠡᠬᠡᠯᠳᠡ᠎ᠶ᠋ᠢᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌᠂ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠂ ᠡᠭᠡ ᠤᠯᠤᠰ᠎ᠤᠨ ᠤᠮᠠᠷᠠᠲᠤ ᠬᠢᠯᠢ ᠬᠢᠵᠠᠭᠠᠷ ᠢ ᠰᠡᠬᠢᠨ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠭᠦᠢᠴᠡᠳᠭᠡᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ ᠰᠠᠢᠲᠤᠷ ᠵᠠᠮᠨᠠᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠳᠠ ᠦᠭᠡᠢ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃
ᠥᠪᠥᠷ ᠮᠣᠩᠭᠣᠯ᠎ᠳᠤ ᠠᠪᠴᠤ᠌ ᠬᠡᠯᠡᠪᠡᠯ ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠵᠡᠮᠳᠡᠵᠦ᠍᠂ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠶᠡᠬᠡ ᠲᠠᠯ᠎ᠠ᠎ᠶ᠋ᠢᠨ ᠤᠬᠠᠮᠰᠠᠷ᠎ᠢ ᠪᠤᠢ ᠪᠣᠯᠭᠠᠵᠤ᠂ ᠤᠬᠠᠮᠰᠠᠷ᠎ᠠᠴᠠ᠎ᠪᠠᠨ ᠶᠡᠬᠡ ᠲᠠᠯ᠎ᠠ᠎ᠶ᠋ᠢ ᠲᠠᠭᠠᠵᠤ ᠂ ᠶᠡᠬᠡ ᠲᠠᠯ᠎ᠠ᠎ᠶ᠋ᠢ ᠡᠷᠡᠰ ᠬᠠᠮᠠᠭᠠᠯᠠᠬᠤ ᠪᠣᠯ ᠳᠠᠷᠤᠢ 《ᠤᠯᠤᠰ᠎ᠤᠨ ᠶᠡᠬᠡ ᠲᠠᠯ᠎ᠠ》 ᠲᠠᠢ ᠰᠡᠳᠭᠢᠯ ᠵᠢᠷᠦᠬᠡ᠎ᠪᠡᠨ ᠬᠣᠯᠪᠣᠵᠤ᠂ ᠠᠵᠤ ᠠᠬᠤᠢ ᠨᠡᠢᠭᠡᠮ᠎ᠦᠨ ᠡᠯ᠎ᠡ ᠵᠦᠢᠯ᠎ᠦᠨ ᠠᠵᠢᠯ᠎ᠤᠨ ᠱᠢᠰᠲ᠋ᠧᠮᠲᠦ ᠴᠢᠨᠠᠷ ᠪᠣᠯᠤᠨ ᠪᠦᠬᠦᠯᠢ ᠴᠣᠭ᠍ᠴᠠᠲᠤ ᠴᠢᠨᠠᠷ᠎ᠢ ᠴᠢᠩᠭᠠᠳᠭᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠯᠬᠤᠭ᠎ᠠ᠎ᠶ᠋ᠢ ᠨᠠᠮ ᠪᠣᠯᠤᠨ ᠤᠯᠤᠰ᠎ᠤᠨ ᠪᠠᠢᠯᠳᠤᠬᠤ ᠪᠤᠳᠤᠯᠭ᠎ᠠ ᠶ᠋ᠢᠨ ᠶᠡᠬᠡ ᠲᠠᠯ᠎ᠠ᠎ᠯᠤᠭ᠎ᠠ ᠢᠵᠢᠯ ᠠᠯᠬᠤᠮ᠎ᠢᠶᠠᠷ ᠤᠷᠤᠭ᠍ᠰᠢᠯᠠᠭᠤᠯᠵᠤ ᠪᠠᠢᠭ᠎ᠠ ᠶᠠᠪᠤᠳᠠᠯ ᠪᠣᠯᠤᠨ᠎ᠠ᠃ ᠭᠠᠭ᠍ᠴᠠᠬᠦ᠌ ᠢᠩᠭᠢᠪᠡᠯ ᠰᠠᠶᠢ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠥᠪ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠪᠠᠲᠤᠯᠠᠵᠤ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠯᠠᠪᠳᠠᠭᠤᠨ ᠬᠤᠯᠠ ᠠᠶᠠᠯᠠᠬᠤ᠎ᠶ᠋ᠢ ᠪᠠᠲᠤᠯᠠᠵᠤ ᠴᠢᠳᠠᠨ᠎ᠠ᠃
ᠡᠭᠦᠷᠭᠡ ᠬᠠᠷᠢᠭᠤᠴᠠᠯᠭ᠎ᠠ᠎ᠪᠠᠨ ᠬᠦᠢᠴᠡᠳᠬᠡᠬᠦ ᠪᠣᠯ ᠤᠷᠢᠶ᠎ᠠ ᠪᠢᠰᠢ᠂ ᠬᠠᠷᠢᠨ ᠦᠢᠯᠡᠳᠦᠯᠭᠡ᠎ᠶ᠋ᠢᠨ ᠳᠤᠮᠳᠠ ᠵᠣᠷᠢᠭ᠍ᠲᠠᠢ᠎ᠪᠠᠷ ᠡᠭᠦᠷᠭᠡᠯᠡᠬᠦ᠌ ᠵᠣᠷᠢᠭ ᠰᠦᠰᠦ᠎ᠶ᠋ᠢ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠬᠤ᠎ᠳᠤ᠂ ᠪᠢᠳᠡᠡᠦ ᠶᠡᠬᠡ ᠲᠠᠯ᠎ᠠ᠎ᠶ᠋ᠢ ᠡᠷᠬᠢᠮᠯᠡᠬᠦ᠌᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠳᠤ ᠲᠤᠭᠤᠱᠢᠯᠠᠭᠤᠯᠵᠤ ᠂ ᠬᠠᠷᠢᠭᠤᠴᠠᠯᠭ᠎ᠠ ᠪᠣᠯᠤᠨ ᠡᠭᠦᠷᠭᠡ᠎ᠶ᠋ᠢ ᠦᠨᠡᠨ ᠪᠣᠳᠠᠲᠠᠢ ᠠᠵᠢᠯ᠎ᠤᠨ ᠠᠷᠭ᠎ᠠ ᠬᠡᠮᠵᠢᠢ᠎ᠡ ᠪᠣᠯᠭᠠᠨ ᠬᠤᠪᠢᠷᠠᠭᠤᠯᠬᠤ᠎ᠶ᠋ᠢ ᠱᠠᠭᠠᠷᠳᠠᠵᠤ ᠪᠠᠢᠨ᠎ᠠ᠃ ᠪᠢᠳᠡ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ᠎ᠶ᠋ᠢ ᠢᠮᠠᠭ᠍ᠲᠠ ᠳᠡᠢᠯᠦᠩᠭᠦᠢ ᠪᠠᠢᠷᠢᠨ᠎ᠳᠤ ᠲᠠᠯᠪᠢᠵᠤ᠂ ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠬᠤ ᠴᠢᠨᠠᠭ᠍ᠰᠢᠯᠠᠪᠠᠯ ᠡᠪᠳᠡᠬᠦ᠌ ᠬᠥᠭ᠌ᠵᠢᠯᠲᠡ᠎ᠶ᠋ᠢᠨ ᠵᠠᠭ᠍ᠪᠤᠷ᠎ᠢ ᠲᠠᠶᠠᠭ᠍ᠳᠠᠬᠤ ᠬᠡᠷᠡᠭ᠌ᠲᠡᠢ; ᠡᠬᠢ ᠪᠠᠶᠠᠯᠢᠭ᠎ᠤᠨ ᠤᠭ ᠰᠤᠷᠪᠤᠯᠵᠢ ᠂ ᠠᠵᠤ ᠦᠢᠯᠡᠰ᠎ᠦᠨ ᠰᠠᠭᠤᠷᠢ ᠵᠡᠷᠭᠡ ᠲᠠᠯ᠎ᠠ᠎ᠶ᠋ᠢᠨ ᠬᠠᠷᠢᠴᠠᠭᠤᠯᠤᠭ᠍ᠰᠠᠨ ᠳᠠᠪᠠᠭᠤᠯᠢᠭ᠎ᠢ ᠨᠡᠩ ᠰᠠᠢ᠌ᠨ ᠪᠠᠳᠠᠷᠠᠭᠤᠯᠵᠤ᠂ ᠰᠠᠢ᠌ᠨ᠎ᠲᠠᠶ ᠲᠠᠯ᠎ᠠ᠎ᠪᠠᠨ ᠪᠠᠳᠠᠷᠠᠭᠤᠯᠤᠨ ᠰᠠᠭᠠᠷᠠᠤ ᠲᠠᠯ᠎ᠠ᠎ᠪᠠᠨ ᠲᠡᠪᠴᠢᠵᠦ᠍᠂ ᠱᠢᠯᠢᠳᠡᠭ᠎ᠢ ᠪᠣᠢᠵᠢᠭᠤᠯᠵᠤ ᠦᠷ᠎ᠡ ᠠᠱᠢᠭ᠎ᠢ ᠨᠡᠮᠡᠭ᠌ᠳᠡᠭᠦᠯᠦᠨ ᠂ ᠤᠯᠤᠰ ᠣᠷᠣᠨ᠎ᠳᠤ ᠨᠡᠩ ᠲᠣᠭ᠍ᠲᠠᠭᠤᠨ᠂ ᠨᠡᠩ ᠠᠮᠤᠷ ᠲᠦᠪᠱᠢᠨ᠂ ᠨᠡᠩ ᠤᠯᠠᠨ ᠪᠣᠬᠢᠷᠲᠤᠯ ᠦᠭᠡᠢ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ ᠪᠠ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠬᠠᠩᠭᠠᠯᠭ᠎ᠠ ᠶ᠋ᠢ ᠬᠠᠩᠭᠠᠬᠤ ᠬᠡᠷᠡᠭᠳᠡᠢ; ᠭᠠᠳᠠᠭᠠᠳᠤ ᠨᠡᠬᠡᠬᠡᠯᠳᠡ᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠤ ᠵᠠᠬ᠎ᠠ ᠳᠡᠯᠭᠡᠭᠦᠷ᠎ᠲᠦ ᠭᠦᠨᠵᠡᠭᠡᠢ ᠠᠭᠤᠰᠤᠯᠴᠠᠵᠤ᠂ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠨᠡᠬᠡᠬᠡᠯᠳᠡ᠎ᠶ᠋ᠢᠨ ᠳᠠᠪᠠᠭᠤᠯᠢᠭ ᠪᠣᠯᠭᠠᠨ ᠨᠡᠩ ᠰᠠᠢᠲᠤᠷ ᠬᠤᠪᠢᠷᠠᠭᠤᠯᠬᠤ ᠬᠡᠷᠡᠭᠳᠡᠢ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠨ ᠨᠠᠮ᠎ᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠡᠭᠦᠷᠢᠳᠡ ᠳᠡᠯᠭᠡᠷᠡᠭᠦᠯᠬᠦ ᠭᠡᠷᠡᠭᠳᠡᠢ; ᠰᠠᠨᠠᠭᠠᠱᠢᠷᠠᠨ ᠵᠣᠪᠠᠨᠢᠬᠤ ᠤᠬᠠᠮᠰᠠᠷ ᠪᠠ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠴᠠᠭ ᠢᠮᠠᠭ᠍ᠲᠠ ᠪᠠᠷᠢᠮᠲᠠᠯᠠᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠢᠵᠠᠭᠠᠷ ᠱᠤᠭᠤᠮ᠎ᠢ ᠪᠠᠲᠤ ᠰᠠᠬᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠡᠩ ᠠᠮᠤᠷ ᠲᠠᠢᠪᠤᠩ ᠠᠵᠤ ᠲᠦᠷᠦᠭᠦ᠌᠂ ᠨᠡᠢᠭᠡᠮ᠎ᠦᠨ ᠶᠡᠬᠡ ᠲᠠᠯ᠎ᠠ᠎ᠶ᠋ᠢ ᠨᠡᠩ ᠠᠮᠤᠷ ᠲᠣᠭ᠍ᠲᠠᠭᠤᠨ ᠡᠮᠬᠢ ᠵᠢᠷᠤᠮ᠎ᠲᠠᠶ ᠪᠣᠯᠭᠠᠬᠣ ᠭᠡᠷᠡᠭᠳᠡᠢ᠃
ᠢᠷᠡᠭᠡᠳᠦᠢ᠎ᠶ᠋ᠢᠨ ᠤᠷᠳᠤ ᠤᠳᠠᠭᠠᠨ ᠠᠶᠠᠨ ᠵᠠᠮ᠎ᠳᠤ᠂ ᠠᠶᠤᠯ ᠲᠦᠭ᠌ᠰᠢᠭᠦᠷᠢ ᠥᠷᠢᠰᠥᠯᠳᠦᠭᠡᠨ ᠪᠠᠭ᠎ᠠ ᠪᠤᠰᠤ ᠂ ᠬᠥᠭ᠌ᠵᠢᠯᠲᠡ᠎ᠶ᠋ᠢᠨ ᠠᠵᠠ ᠲᠣᠬᠢᠶᠠᠯ ᠨᠡᠩ ᠤᠯᠠᠨ ᠪᠠᠢᠨ᠎ᠠ᠂ ᠪᠢᠳᠡ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠭᠡᠬᠦᠳᠡᠭ ᠴᠡᠭᠡᠵᠢᠨ᠎ᠳᠡᠭᠡᠨ ᠪᠦᠬᠦ᠌ ᠲᠠᠯ᠎ᠠ᠎ᠶ᠋ᠢ ᠪᠣᠳᠣᠯᠬᠢᠯᠠᠬᠤ᠎ᠪᠠᠷ ᠪᠠᠷᠠᠬᠤ ᠦᠬᠡᠢ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠮᠡᠬᠡᠢᠯᠡᠨ ᠲᠡᠮᠡᠴᠡᠵᠦ᠍ ᠵᠢᠳᠬᠦᠯ ᠴᠢᠷᠮᠠᠢᠯᠭ᠎ᠠ ᠭᠠᠷᠭᠠᠨ᠂ ᠦᠨᠡᠨ ᠬᠦ᠌ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠬᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠵᠢᠨ ᠵᠠᠮ ᠵᠢᠡᠷ ᠵᠠᠮᠨᠠᠵᠦ᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠬᠡᠷᠡᠯ ᠭᠢᠯᠪᠠᠭ᠎ᠠ ᠨᠡᠮᠡᠷᠢᠯᠡᠬᠦ᠌᠎ᠪᠡᠷ ᠪᠠᠷᠠᠬᠤ ᠦᠬᠡᠢ᠂ ᠪᠠᠰᠠ ᠪᠦᠬᠦ᠌ ᠤᠯᠤᠰ᠎ᠤᠨ ᠶᠡᠬᠡ ᠲᠠᠯ᠎ᠠ᠎ᠳᠤ ᠬᠡᠷᠡᠯ ᠭᠢᠯᠪᠠᠭ᠎ᠠ ᠨᠡᠮᠡᠷᠢᠯᠡᠬᠦ᠌ ᠬᠡᠷᠡᠭ᠌ᠲᠡᠢ᠃